ᠲᠤᠰ ᠰᠦᠯᠵᠢᠶᠡᠨ᠎ᠤ ᠮᠡᠳᠡᠭᠡ 5 ᠰᠠᠷ᠎ᠠ ᠵᠢᠨ 20᠎ᠤ ᠡᠳᠦᠷ᠂ ᠠᠯᠪᠠᠨ ᠪᠠᠶ᠋ᠢᠭᠤᠯᠤᠯᠭ᠎ᠠ ᠵᠢᠨ ᠦᠢ᠍ᠯᠡᠴᠢᠯᠡᠬᠡᠨ᠎ᠤ ᠲᠣᠪᠴᠢᠶᠠᠨ᠎ᠤ ᠨᠠᠮ᠎ᠤᠨ ᠬᠣᠷᠢᠶᠠᠨ᠎ᠤ ᠱᠦᠵᠢ ᠶᠠᠩ ᠵᠧᠨ ᠼᠦᠨ ᠲᠣᠪᠴᠢᠶᠠᠨ᠎ᠤ ᠨᠠᠮ᠎ᠤᠨ ᠬᠣᠷᠢᠶᠠᠨ᠎ᠤ ᠭᠣᠣᠯ ᠳᠤᠭᠤᠶ᠋ᠢᠯᠠᠩ᠎ᠤᠨ ᠰᠤᠷᠤᠯᠴᠠᠯᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ 《ᠥᠭᠡᠷᠡᠴᠢᠯᠡᠯᠲᠡ ᠵᠢᠨ ᠴᠠᠭ ᠦᠶ᠎ᠡ》 ᠵᠢᠨ ᠲᠤᠰᠬᠠᠶ ᠰᠡᠳᠦᠪᠲᠦ ᠰᠤᠷᠤᠯᠴᠠᠯᠭ᠎ᠠ ᠶᠠᠷᠢᠯᠴᠠᠭ᠎ᠠ ᠵᠢ ᠥᠷᠨᠢᠭᠦᠯᠪᠡ᠃ ᠲᠣᠪᠴᠢᠶᠠᠨ᠎ᠤ ᠨᠠᠮ᠎ᠤᠨ ᠬᠣᠷᠢᠶᠠᠨ᠎ᠤ ᠭᠡᠰᠢᠭᠦᠨ ᠯᠢᠦ ᠪᠢᠨ᠂ ᠯᠦ᠍ ᠭᠤᠸᠠᠩ ᠵᠢᠶᠧ᠂ ᠸᠠᠩ ᠰᠢᠨ ᠯᠢᠶᠠᠩ᠂ ᠵᠠᠩ ᠢᠦᠶ ᠰᠢᠨ᠂ ᠵᠠᠩ ᡁᠢ ᠫᠧᠩ ᠰᠤᠷᠤᠯᠴᠠᠯᠭ᠎ᠠ᠎ᠳᠤ ᠣᠷᠣᠯᠴᠠᠭᠰᠠᠨ ᠪᠥᠭᠡᠳ ᠰᠠᠨᠠᠯ ᠵᠶ᠋ᠠᠨ ᠰᠣᠯᠢᠯᠴᠠᠬᠤ ᠦᠭᠡ ᠬᠡᠯᠡᠵᠡᠶ᠃ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠭᠤᠷᠪᠠᠳᠤᠭ᠋ᠠᠷ ᠲᠣᠭᠣᠷᠢᠨ ᠵᠢᠯᠣᠭᠣᠳᠬᠤ ᠳᠤᠭᠤᠶ᠋ᠢᠯᠠᠩ᠎ᠤᠨ ᠳᠠᠷᠤᠭ᠎ᠠ ᠯᠢᠩ ᠰᠢᠶᠠᠨ ᠶᠢᠦ᠂ ᠳᠡᠳ᠋ ᠳᠤᠭᠤᠶ᠋ᠢᠯᠠᠩ᠎ᠤᠨ ᠳᠠᠷᠤᠭ᠎ᠠ ᠯᠢᠦ ᠵᠦᠩ ᠾᠧᠩ ᠨᠡᠷ ᠬᠤᠷᠠᠯ᠎ᠳᠤ ᠣᠷᠣᠯᠴᠠᠵᠤ ᠵᠢᠭ᠋ᠠᠨ ᠵᠢᠯᠣᠭᠣᠳᠪᠠ᠃
ᠶᠠᠩ ᠵᠧᠨ ᠼᠦᠨ ᠡᠩ ᠲᠡᠷᠢᠭᠦᠨ᠎ᠳᠤ ᠪᠠᠶ᠋ᠢᠭᠤᠯᠭ᠎ᠠ ᠵᠢᠨ ᠦᠢ᠍ᠯᠡᠴᠢᠯᠡᠬᠡᠨ᠎ᠤ ᠲᠣᠪᠴᠢᠶ᠎ᠠ ᠵᠢᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ ᠥᠷᠨᠢᠭᠦᠯᠦᠭᠰᠡᠨ ᠪᠠᠶ᠋ᠢᠳᠠᠯ᠎ᠢ ᠬᠠᠷᠢᠭᠤ ᠮᠡᠳᠡᠭᠦᠯᠪᠡ᠃ ᠲᠣᠪᠴᠢᠶᠠᠨ᠎ᠤ ᠨᠠᠮ᠎ᠤᠨ ᠬᠣᠷᠢᠶ᠎ᠠ ᠵᠢᠨ᠎ᠬᠢᠨ ᠭᠤᠤᠯ ᠰᠡᠳᠦᠪ᠎ᠤᠨ ᠲᠣᠭᠣᠷᠢᠨ᠎ᠳᠤ᠂ ᠲᠣᠰ ᠪᠡᠶ᠎ᠡ ᠵᠢᠨ ᠪᠣᠳᠠᠲᠤ ᠪᠠᠶ᠋ᠢᠳᠠᠯ ᠪᠠ ᠲᠥᠷᠥᠭᠳᠡᠯ᠎ᠲᠠᠢ᠎ᠪᠠᠨ ᠤᠶᠠᠯᠳᠤᠭᠤᠯᠤᠨ ᠲᠠᠨᠢᠯᠲᠠ᠎ᠪᠠᠨ ᠶᠠᠷᠢᠵᠤ ᠲᠥᠷᠥᠭᠳᠡᠯ ᠵᠶ᠋ᠠᠨ ᠬᠤᠪᠢᠶᠠᠯᠴᠠᠪᠠ᠃ ᠰᠤᠷᠤᠯᠴᠠᠯᠭ᠎ᠠ᠎ᠪᠠᠷ ᠳᠠᠮᠵᠢᠭᠤᠯᠤᠨ ᠤᠯᠠᠨ ᠵᠶ᠋ᠠᠷ ᠵᠶ᠋ᠠᠨ᠄ ᠥᠭᠡᠷᠡᠴᠢᠯᠡᠯᠲᠡ ᠨᠡᠭᠡᠭᠡᠯᠳᠡ ᠪᠣᠯ ᠨᠠᠮ ᠪᠠ ᠠᠷᠠᠳ ᠲᠦᠮᠡᠨ᠎ᠤ ᠲᠤᠮᠤ ᠠᠯᠬᠤᠮ ᠵᠶ᠋ᠠᠷ ᠴᠠᠭ ᠦᠶ᠎ᠡ ᠵᠢ ᠨᠡᠬᠡᠵᠦ ᠭᠦᠢ᠍ᠴᠡᠬᠦ ᠴᠢᠬᠤᠯᠠ ᠡᠷᠳᠡᠨᠢ ᠮᠥᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠵᠢᠨ ᠵᠠᠶ᠋ᠢᠯᠠᠰᠢ ᠦᠭᠡᠢ ᠶᠠᠪᠤᠬᠤ ᠵᠠᠮ ᠮᠥᠨ᠂ ᠤᠳᠤ ᠦᠶ᠎ᠡ ᠵᠢᠨ ᠳᠤᠮᠳᠠᠳᠤ ᠤᠯᠤᠰ᠎ᠤᠨ ᠬᠤᠪᠢ ᠵᠠᠶᠠᠭ᠎ᠠ ᠵᠢ ᠲᠣᠭᠲᠠᠭ᠋ᠠᠬᠤ ᠵᠠᠩᠭᠢᠯᠠᠭ᠎ᠠ ᠵᠢᠨ ᠠᠷᠭ᠎ᠠ ᠮᠥᠨ᠂ ᠪᠠᠰᠠ ᠴᠤ᠌ 《ᠬᠣᠣᠰ ᠵᠠᠭᠤᠨ ᠵᠢᠯ》᠎ᠤᠨ ᠲᠡᠮᠡᠴᠡᠯ᠎ᠤᠨ ᠬᠠᠷᠠᠯᠲᠠ ᠵᠢ ᠪᠡᠶᠡᠯᠡᠭᠦᠯᠬᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢ ᠲᠣᠭᠲᠠᠭ᠋ᠠᠬᠤ ᠵᠠᠩᠭᠢᠯᠠᠭ᠎ᠠ ᠵᠢᠨ ᠠᠷᠭ᠎ᠠ ᠮᠥᠨ ᠭᠡᠵᠦ ᠰᠠᠨᠠᠯ ᠨᠢᠭᠡᠲᠡᠢ ᠦᠵᠡᠪᠡ᠃ ᠠᠷᠪᠠᠨ ᠨᠢᠭᠡᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠠᠴᠠ ᠨᠠᠭ᠋ᠠᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠨᠡᠭᠡᠭᠡᠭᠰᠡᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠵᠠᠮ ᠪᠣᠯ ᠪᠦᠷᠢᠮᠦᠰᠦᠨ ᠵᠥᠪ ᠶᠤᠮ᠂ ᠨᠠᠮ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠪᠣᠯ ᠪᠦᠷᠢᠮᠦᠰᠦᠨ ᠵᠥᠪ ᠶᠤᠮ᠃ ᠥᠭᠡᠷᠡᠴᠢᠯᠡᠯᠲᠡ ᠨᠡᠬᠡᠬᠡᠯᠳᠡ᠎ᠨᠢ ᠳᠤᠮᠳᠠᠳᠤ ᠤᠯᠤᠰ᠎ᠤᠨ ᠳᠦᠷᠰᠦ ᠪᠠᠶ᠋ᠢᠳᠠᠯ᠎ᠢ ᠲᠤᠶ᠋ᠢᠯ᠎ᠤᠨ ᠶᠡᠬᠡ᠎ᠪᠠᠷ ᠬᠤᠪᠢᠷᠠᠭᠤᠯᠵᠤ᠂ ᠳᠤᠮᠳᠠᠳᠤ ᠵᠢᠨ ᠦᠨᠳᠦᠰᠦᠲᠡᠨ ᠪᠣᠰᠴᠤ ᠵᠣᠭᠰᠣᠭᠰᠠᠨ᠂ ᠪᠠᠶᠠᠵᠢᠭᠰᠠᠨ᠎ᠠᠴᠠ᠎ᠪᠠᠨ ᠬᠦᠴᠦᠷᠬᠡᠭᠵᠢᠭᠰᠡᠨ ᠠᠭᠤᠤ ᠶᠡᠬᠡ ᠦᠰᠦᠷᠦᠯᠲᠡ ᠵᠢ ᠤᠭᠲᠤᠨ ᠠᠪᠴᠢᠷᠠᠪᠠ᠃ ᠥᠭᠡᠷᠡᠴᠢᠯᠡᠯᠲᠡ ᠨᠡᠭᠡᠭᠡᠯᠳᠠ ᠵᠢᠨ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠪᠣᠯ ᠡᠷᠬᠢᠮ ᠨᠠᠨᠳᠢᠨ ᠤᠶᠤᠨ ᠰᠠᠨᠠᠭ᠋ᠠᠨ᠎ᠤ ᠥᠪ ᠬᠦᠷᠦᠨᠭᠭᠡ ᠮᠥᠨ᠂ ᠥᠭᠡᠷᠡᠴᠢᠯᠡᠯᠲᠡ ᠨᠡᠭᠡᠭᠡᠯᠳᠠ ᠵᠢᠨ ᠠᠭᠤᠤ ᠶᠡᠬᠡ ᠵᠣᠷᠢᠭ ᠰᠠᠨᠠᠭ᠎ᠠ ᠵᠢ ᠵᠠᠯᠭ᠋ᠠᠮᠵᠢᠯᠠᠨ ᠪᠠᠳᠠᠷᠠᠭᠤᠯᠵᠤ᠂ ᠠᠷᠤ ᠲᠠᠯ᠎ᠠ ᠵᠢᠨ ᠪᠠᠲᠤᠯᠠᠭ᠎ᠠ ᠵᠢᠨ ᠠᠵᠢᠯ᠎ᠤᠨ ᠪᠠᠶ᠋ᠢᠷᠢ᠎ᠳᠤ ᠰᠠᠭᠤᠷᠢᠯᠠᠨ᠂ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠦᠨᠡᠨ ᠬᠦ᠌ ᠰᠢᠨ᠎ᠡ ᠱᠠᠳᠤ ᠦᠶ᠎ᠡ ᠵᠢᠨ ᠤᠰᠤᠨ ᠠᠰᠢᠭᠯᠠᠯᠲᠠ ᠵᠢᠨ ᠪᠠᠶ᠋ᠢᠭᠤᠯᠭ᠎ᠠ ᠵᠢᠨ ᠠᠷᠤ ᠲᠠᠯ᠎ᠠ ᠵᠢᠨ ᠪᠠᠲᠤᠯᠠᠭ᠎ᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠠᠵᠢᠯ᠎ᠤᠨ ᠦᠷ᠎ᠡ ᠪᠦᠲᠦᠮᠵᠢ ᠪᠣᠯᠭ᠋ᠠᠨ ᠬᠤᠪᠢᠷᠠᠭᠤᠯᠬᠤ ᠬᠡᠷᠡᠭᠲᠡᠢ ᠬᠡᠵᠦ ᠬᠦᠮᠦᠰ ᠨᠢᠬᠡᠳᠦᠯᠳᠡᠢ ᠦᠵᠡᠵᠡᠬᠡᠪᠡ᠃
ᠯᠢᠩ ᠰᠢᠶᠠᠨ ᠶᠢᠦ ᠪᠠᠶ᠋ᠢᠭᠤᠯᠭ᠎ᠠ ᠵᠢᠨ ᠦᠢ᠍ᠯᠡᠴᠢᠯᠡᠭᠡᠨ᠎ᠤ ᠲᠣᠪᠴᠢᠶᠠᠨ᠎ᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠵᠣᠬᠢᠶᠠᠨ ᠪᠠᠶ᠋ᠢᠭᠤᠯᠵᠤ ᠥᠷᠨᠢᠭᠦᠯᠦᠭᠰᠡᠨ ᠪᠠᠶ᠋ᠢᠳᠠᠯ᠎ᠢ ᠭᠦᠢ᠍ᠴᠡᠳ ᠨᠤᠲᠠᠯᠠᠪᠠ᠂ ᠲᠡᠷᠡ᠂ ᠠᠯᠪᠠᠨ ᠪᠠᠶ᠋ᠢᠭᠤᠯᠤᠯᠭ᠎ᠠ ᠵᠢᠨ ᠦᠢ᠍ᠯᠡᠴᠢᠯᠡᠭᠡᠨ᠎ᠤ ᠲᠤᠪᠴᠢᠶ᠎ᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠳᠤ ᠨᠠᠷᠢᠨ ᠨᠢᠮᠪᠠᠢ ᠲᠥᠯᠥᠪᠵᠢᠭᠦᠯᠦᠨ ᠪᠠᠶ᠋ᠢᠷᠢᠯᠠᠭᠤᠯᠵᠤ᠂ ᠨᠠᠷᠢᠨ ᠨᠢᠮᠪᠠᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠰᠤᠷᠤᠯᠴᠠᠪᠠᠯ ᠰᠡᠳᠬᠢᠬᠦ᠂ ᠰᠤᠷᠤᠯᠴᠠᠪᠠᠯ ᠣᠶ᠋ᠢᠯᠠᠭ᠋ᠠᠬᠤ᠂ ᠰᠤᠷᠤᠯᠴᠠᠪᠠᠯ ᠤᠯᠬᠤ ᠣᠷᠣᠯᠭ᠎ᠠ᠎ᠲᠠᠢ ᠪᠠᠶ᠋ᠢᠬᠤ ᠵᠢ ᠪᠡᠶᠡᠯᠡᠭᠦᠯᠵᠡᠢ ᠬᠡᠵᠦ ᠵᠢᠭ᠋ᠠᠵᠤ ᠭᠠᠷᠭ᠋ᠠᠵᠤ᠂ ᠣᠯᠠᠨ᠎ᠲᠠᠢ 《ᠥᠭᠡᠷᠡᠴᠢᠯᠡᠯᠲᠡ ᠵᠢᠨ ᠴᠠᠭ ᠦᠶ᠎ᠡ》 ᠭᠡᠬᠦ ᠰᠤᠷᠤᠯᠴᠠᠯᠭ᠎ᠠ ᠵᠢᠨ ᠣᠯᠤᠯᠲᠠ ᠲᠥᠷᠥᠭᠳᠡᠯ ᠵᠶ᠋ᠠᠨ ᠰᠣᠯᠢᠯᠴᠠᠪᠠ᠃ ᠱᠤᠭᠤᠮ ᠴᠢᠭᠯᠡᠯᠲᠡ᠎ᠪᠠᠨ ᠲᠥᠪ ᠪᠤᠯᠭ᠋ᠠᠵᠤ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠢ ᠪᠦᠳᠦᠭᠡᠨ ᠪᠠᠶ᠋ᠢᠭᠤᠯᠬᠤ ᠴᠢᠬᠤᠯᠠ ᠶᠡᠬᠡ ᠰᠡᠳᠦᠪ᠎ᠢ ᠳᠤᠷᠠᠳᠤᠨ ᠭᠠᠷᠭ᠋ᠠᠭᠰᠠᠨ; 《ᠭᠤᠷᠪᠠᠨ ᠠᠯᠬᠤᠮ ᠵᠶ᠋ᠠᠷ ᠶᠠᠪᠤᠬᠤ》 ᠪᠠᠶ᠋ᠢᠯᠳᠤᠬᠤ ᠪᠣᠳᠣᠯᠭ᠎ᠠ ᠵᠢᠨ ᠠᠯᠬᠤᠮ ᠳᠠᠷᠠᠭ᠎ᠠ ᠵᠢ ᠵᠢᠷᠤᠭᠯᠠᠵᠤ᠂ ᠨᠡᠶ᠋ᠢᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢᠨ ᠴᠣᠤ ᠰᠢᠨ᠎ᠡ ᠪᠠᠶ᠋ᠢᠳᠠᠯ᠎ᠢ ᠪᠤᠢ ᠪᠣᠯᠭ᠋ᠠᠭᠰᠠᠨ; ᠪᠣᠰᠴᠤ ᠵᠣᠭᠰᠣᠭᠰᠠᠨ᠎ᠠᠴᠠ ᠪᠠᠶᠠᠵᠢᠭᠰᠠᠨ ᠠᠭᠤᠤ ᠶᠡᠬᠡ ᠦᠰᠦᠷᠦᠯᠲᠡ ᠵᠢ ᠪᠡᠶᠡᠯᠡᠭᠦᠯᠦᠭᠰᠡᠨ ᠳᠤᠬᠠᠢ ᠳᠡᠷᠡ ᠤᠢ᠍ᠢ᠍ᠯᠠᠭ᠋ᠠᠯᠳᠠ ᠬᠦᠨ ᠪᠠᠢ᠍ᠢ᠍ᠯ᠎ᠠ᠃ ᠯᠢᠩ ᠰᠢᠶᠠᠨ ᠶᠢᠦ ᠲᠠᠷᠠᠭ᠋ᠠᠴᠢ ᠵᠢᠨ ᠠᠯᠬᠤᠮ᠎ᠤᠨ ᠰᠤᠷᠤᠯᠴᠠᠯᠭ᠎ᠠ ᠬᠥᠮᠦᠵᠢᠯ᠎ᠳᠤ ᠲᠣᠳᠣᠷᠬᠠᠶ ᠱᠠᠭ᠋ᠠᠷᠳᠠᠯᠭ᠎ᠠ ᠳᠤᠷᠠᠳᠪᠠ᠄ ᠨᠢᠭᠡ᠎ᠳᠤ ᠭᠤᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠰᠤᠷᠤᠯᠴᠠᠯᠭ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠶ᠃ ᠲᠣᠪᠴᠢᠶᠠᠨ᠎ᠤ ᠨᠠᠮ᠎ᠤᠨ ᠬᠤᠷᠢᠶ᠎ᠠ ᠭᠣᠣᠯ ᠴᠣᠭᠴᠠ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠤᠳᠤᠷᠢᠳᠬᠤ ᠺᠠᠳ᠋ᠷ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠵᠦ᠂ ᠭᠦᠨᠵᠡᠭᠡᠢ ᠪᠣᠳᠣᠯᠬᠢᠯᠠᠵᠤ᠂ ᠪᠦᠬᠦ ᠨᠠᠮ᠎ᠤᠨ ᠭᠡᠰᠢᠭᠦᠨ᠎ᠢ ᠳᠠᠢ᠍ᠢ᠍ᠴᠢᠯᠠᠨ ᠨᠠᠮ᠎ᠤᠨ ᠰᠢᠨᠵᠢ ᠴᠢᠨᠠᠷ ᠪᠠ ᠭᠡᠷᠡᠯ ᠰᠠᠴᠤᠷᠠᠩᠭᠤᠢ ᠲᠡᠦᠬᠡ ᠵᠢᠨ ᠲᠤᠬᠠᠢ ᠲᠠᠨᠢᠯᠲᠠ ᠪᠠ ᠣᠶ᠋ᠢᠯᠠᠭ᠋ᠠᠯᠲᠠ᠎ᠪᠠᠨ ᠴᠢᠩᠭ᠋ᠠᠳᠬᠠᠵᠤ᠂ ᠥᠨᠳᠥᠷ ᠪᠠᠷᠢᠮᠵᠢᠶ᠎ᠠ᠂ ᠴᠢᠨᠠᠷ ᠰᠠᠶ᠋ᠢᠲᠠᠢ ᠰᠤᠷᠤᠯᠴᠠᠬᠤ ᠡᠭᠦᠷᠭᠡ᠎ᠪᠠᠨ ᠪᠡᠶᠡᠯᠡᠭᠦᠯᠬᠦ᠎ᠪᠠᠷ ᠴᠢᠷᠮᠠᠶ᠋ᠢᠬᠤ ᠬᠡᠷᠡᠭᠲᠡᠢ; ᠬᠣᠶᠠᠷ᠎ᠲᠤ᠂ ᠨᠠᠮ᠎ᠤᠨ ᠡᠭᠦᠷ᠎ᠤᠨ ᠦᠢ᠍ᠯᠡᠳᠦᠯ᠎ᠢ ᠪᠠᠳᠠᠷᠠᠭᠤᠯᠵᠤ᠂ ᠲᠠᠰᠤᠷᠠᠯᠲᠠ ᠦᠭᠡᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠬᠡᠷᠡᠭᠲᠡᠢ᠃ ᠲᠤᠪᠴᠢᠶ᠎ᠠ ᠵᠢᠨ ᠵᠢᠯᠣᠭᠣᠳᠬᠤ ᠳᠤᠭᠤᠶ᠋ᠢᠯᠠᠩ᠎ᠤᠨ ᠡᠭᠦᠷᠭᠡ ᠴᠢᠳᠠᠪᠬᠢ ᠵᠢᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠲᠤᠪᠴᠢᠶ᠎ᠠ ᠳᠤ ᠬᠠᠷᠢᠶᠠᠯᠠᠭᠳᠠᠬᠤ ᠡᠯ᠎ᠡ ᠨᠠᠮ᠎ᠤᠨ ᠡᠭᠦᠷ᠎ᠤᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠨᠢᠮᠪᠠᠢ ᠵᠣᠬᠢᠶᠠᠨ ᠪᠠᠶ᠋ᠢᠭᠤᠯᠵᠤ᠂ ᠨᠠᠮ᠎ᠤᠨ ᠡᠭᠦᠷ᠎ᠤᠨ ᠲᠠᠢ᠍ᠢ᠍ᠴᠢᠨ ᠪᠡᠬᠢᠯᠡᠯᠲᠡ ᠵᠢᠨ ᠦᠢ᠍ᠯᠡᠳᠦᠯ ᠪᠣᠯᠤᠨ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ; ᠭᠤᠷᠪᠠ᠎ᠳᠤ ᠤᠨᠤᠯ᠎ᠤᠨ ᠵᠠᠳᠠᠯᠤᠯᠲᠠ ᠵᠢ ᠴᠢᠩᠭ᠋ᠠᠳᠬᠠᠵᠤ᠂ ᠦᠨᠳᠦᠰᠦᠨ᠎ᠠᠴᠠ᠎ᠨᠢ ᠰᠢᠢ᠍ᠳᠪᠦᠷᠢᠯᠡᠬᠦ ᠬᠡᠷᠡᠭᠲᠡᠢ᠃ ᠨᠠᠮ᠎ᠤᠨ ᠲᠡᠦᠬᠡ ᠵᠢᠨ ᠵᠥᠪ ᠦᠵᠡᠯᠲᠡ ᠵᠢ ᠪᠤᠢ ᠪᠣᠯᠭ᠋ᠠᠬᠤ᠎ᠳᠤ ᠲᠡᠦᠬᠡ ᠵᠢᠨ ᠦᠵᠡᠯᠲᠡ᠂ ᠦᠢ᠍ᠯᠡᠳᠦᠯᠭᠡ ᠵᠢᠨ ᠦᠵᠡᠯᠲᠡ᠂ ᠬᠤᠪᠢᠰᠤᠩᠭᠤᠢ ᠦᠵᠡᠯᠲᠡ ᠵᠢ ᠪᠠᠷᠢᠮᠲᠠᠯᠠᠨ᠂ ᠥᠭᠡᠷᠡᠴᠢᠯᠡᠯᠲᠡ ᠨᠡᠭᠡᠭᠡᠯᠲᠡ ᠵᠢᠨ ᠡᠮᠦᠨ᠎ᠡ ᠬᠣᠶ᠋ᠢᠨᠠᠬᠢ ᠬᠣᠶᠠᠷ ᠲᠡᠦᠬᠡᠨ ᠴᠠᠭ ᠦᠶ᠎ᠡ᠎ᠳᠤ ᠦᠨᠡᠨ᠎ᠠᠴᠠ ᠵᠥᠪ᠎ᠢ ᠡᠷᠢᠬᠦ ᠣᠪᠣᠷ ᠵᠶ᠋ᠠᠷ ᠬᠠᠨᠳᠤᠵᠤ᠂ ᠨᠠᠮ᠎ᠤᠨ ᠭᠡᠰᠢᠭᠦᠨ᠎ᠤ ᠦᠵᠡᠯ ᠰᠠᠨᠠᠭ᠋ᠠᠨ᠎ᠤ ᠵᠢᠯᠤᠭᠤᠳᠤᠯᠭ᠎ᠠ ᠵᠢ ᠴᠢᠩᠭ᠋ᠠᠳᠬᠠᠨ᠂ ᠪᠠᠯᠠᠷᠬᠠᠢ ᠲᠠᠨᠢᠯᠲᠠ ᠵᠢ᠎ᠨᠢ ᠲᠣᠳᠣᠷᠬᠠᠢ ᠪᠣᠯᠭ᠋ᠠᠬᠤ ᠬᠡᠷᠡᠭᠲᠡᠢ; ᠳᠥᠷᠪᠡ᠎ᠳᠤ ᠨᠠᠮ᠎ᠤᠨ ᠵᠣᠷᠢᠯᠲᠠ ᠵᠢ ᠪᠠᠲᠤ ᠴᠡᠭᠡᠵᠢᠯᠡᠵᠦ᠂ ᠪᠣᠳᠠᠲᠤ ᠶᠠᠪᠤᠳᠠᠯ ᠬᠦᠴᠢᠷ ᠶᠠᠪᠤᠳᠠᠯ᠎ᠢ ᠢᠯᠡᠭᠦᠬᠡᠨ ᠬᠢᠬᠦ ᠬᠡᠷᠡᠭᠲᠡᠶ᠃ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠦᠢ᠍ᠯᠡᠳᠦᠯᠬᠡ ᠵᠢᠨ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠠᠯᠲᠠ ᠡᠭᠦᠷᠭᠡ᠎ᠪᠠᠨ ᠲᠣᠳᠣᠷᠬᠠᠶ᠋ᠢᠯᠠᠨ᠂ ᠨᠠᠷᠢᠨ ᠲᠠᠩᠰᠠ ᠵᠢᠨ ᠡᠬᠡ ᠲᠠᠩᠰᠠ ᠪᠠᠶ᠋ᠢᠭᠤᠯᠵᠤ᠂ ᠪᠣᠳᠠᠲᠤ ᠶᠠᠪᠤᠳᠠᠯ ᠬᠢᠬᠦ ᠵᠢ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠪᠥᠬᠥ ᠶᠠᠪᠤᠴᠠ᠎ᠳᠤ ᠲᠤᠭᠤᠰᠢᠯᠠᠭᠤᠯᠤᠨ᠂ ᠠᠷᠠᠳ ᠲᠦᠮᠡᠨ ᠬᠦᠰᠡᠯ ᠱᠠᠭ᠋ᠠᠷᠳᠠᠯᠭ᠎ᠠ᠎ᠲᠠᠢ ᠪᠣᠯ ᠪᠢ ᠬᠠᠷᠢᠭᠤ ᠲᠤᠰᠬᠠᠯ᠎ᠲᠠᠢ ᠪᠠᠶ᠋ᠢᠬᠤ ᠵᠢ ᠦᠨᠡᠨ ᠬᠦ᠌ ᠪᠡᠶᠡᠯᠡᠭᠦᠯᠵᠦ᠂ ᠠᠵᠢᠯᠲᠠᠨ ᠠᠵᠢᠯᠴᠢᠨ ᠲᠦᠮᠡᠨ᠎ᠳᠤ ᠦᠨᠡᠨ ᠬᠦ᠌ ᠪᠣᠳᠠᠲᠤ ᠶᠠᠪᠤᠳᠠᠯ ᠬᠢᠵᠦ ᠬᠦᠴᠢᠷ ᠠᠰᠠᠭᠤᠳᠠᠯ᠎ᠢ᠎ᠨᠢ ᠰᠢᠢ᠍ᠳᠪᠦᠷᠢᠯᠡᠵᠦ ᠥᠭᠭᠦ ᠬᠡᠷᠭᠳᠡᠢ; ᠲᠠᠪᠤ᠎ᠳᠤ᠂ ᠴᠠᠭ ᠦᠶ᠎ᠡ ᠵᠢᠨ ᠬᠡᠪ ᠳᠠᠭᠤᠷᠢᠶᠠᠯ᠎ᠢ ᠰᠤᠷᠤᠯᠴᠠᠵᠤ᠂ ᠰᠢᠯᠢᠳᠡᠭ ᠰᠤᠷᠲᠠᠯ᠎ᠢ ᠪᠠᠳᠠᠷᠠᠭᠤᠯᠬᠤ ᠬᠡᠷᠡᠭᠲᠡᠶ᠃ ᠳ᠋ᠦᠩ ᠵᠢᠶᠠᠩ᠎ᠠᠴᠠ ᠱᠧᠨ᠋ᠵᠧᠨ᠎ᠳᠤ ᠤᠰᠤ ᠬᠠᠩᠭ᠋ᠠᠬᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠭᠴᠢ ᠵᠢᠨ ᠲᠡᠷᠢᠭᠦᠨ᠎ᠤ ᠦᠢ᠍ᠯᠡ ᠠᠵᠢᠯᠯᠠᠭ᠎ᠠ ᠵᠢ ᠰᠤᠷᠤᠯᠴᠠᠬᠤ ᠵᠢ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠳᠤ ᠣᠷᠣᠭᠤᠯᠵᠤ᠂ ᠲᠡᠳᠡᠨ᠎ᠤ ᠡᠬᠡ ᠤᠯᠤᠰ᠎ᠲᠠᠭᠠᠨ ᠦᠨᠡᠨᠴᠢ ᠰᠢᠳᠤᠷᠭᠤ᠂ ᠠᠬ᠎ᠠ ᠳᠡᠭᠦᠦ ᠨᠡᠷ᠎ᠲᠠᠢ᠎ᠪᠠᠨ ᠰᠡᠳᠬᠢᠯ ᠵᠢᠷᠦᠬᠡ᠎ᠪᠠᠨ ᠬᠣᠯᠪᠣᠭᠰᠠᠨ ᠡᠬᠡ ᠣᠷᠣᠨᠴᠢ ᠬᠠᠶ᠋ᠢᠷ᠎ᠠ ᠰᠡᠳᠬᠢᠯᠭᠡ᠂ ᠬᠦᠨᠳᠦ ᠡᠭᠦᠷᠭᠡ ᠵᠢ ᠵᠣᠷᠢᠭᠲᠠᠶ ᠡᠭᠦᠷᠭᠡᠯᠡᠬᠦ᠂ ᠬᠦᠴᠢᠷ᠎ᠢ ᠳᠤᠭᠤᠯᠤᠨ ᠪᠡᠷᠬᠡ ᠵᠢ ᠳᠠᠪᠠᠬᠤ ᠬᠠᠷᠢᠭᠤᠴᠠᠯᠭ᠎ᠠ ᠡᠭᠦᠷᠭᠡᠯᠡᠯ᠂ ᠰᠢᠷᠭ᠋ᠠᠭᠤ ᠬᠠᠲᠠᠭᠤᠵᠢᠯᠲᠠᠶ ᠲᠡᠮᠡᠴᠡᠬᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠵᠢ ᠰᠤᠷᠤᠯᠴᠠᠵᠤ᠂ ᠰᠢᠯᠢᠳᠡᠭ ᠰᠠᠶ᠋ᠢᠨ ᠰᠤᠷᠲᠠᠯ ᠵᠶ᠋ᠠᠷ ᠠᠷᠤ ᠲᠠᠯ᠎ᠠ ᠵᠢᠨ ᠦᠢ᠍ᠯᠡᠴᠢᠯᠡᠭᠡᠨ᠎ᠤ ᠦᠶᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ᠃
ᠶᠠᠩ ᠵᠧᠨ ᠼᠦᠨ ᠲᠣᠪᠴᠢᠶᠠᠨ᠎ᠤ ᠨᠠᠮ᠎ᠤᠨ ᠬᠣᠷᠢᠶᠠᠨ᠎ᠤ ᠡᠮᠦᠨ᠎ᠡ᠎ᠠᠴᠠ ᠣᠪᠣᠷ ᠵᠶ᠋ᠠᠨ ᠢᠯᠡᠳᠬᠡᠬᠦ ᠦᠭᠡ ᠬᠡᠯᠡᠵᠡᠢ᠃ ᠲᠡᠷᠡ᠂ ᠪᠠᠶ᠋ᠢᠭᠤᠯᠭ᠎ᠠ ᠨᠢᠬᠡᠴᠢ ᠵᠢᠨ ᠦᠢ᠍ᠯᠡᠴᠢᠯᠡᠭᠡᠨ᠎ᠤ ᠲᠣᠪᠴᠢᠶᠠᠨ᠎ᠤ ᠨᠠᠮ᠎ᠤᠨ ᠬᠤᠷᠢᠶ᠎ᠠ ᠲᠥᠪ᠎ᠤᠨ ᠪᠠ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠨᠢᠭᠡᠳᠦᠯᠲᠡᠢ ᠪᠠᠶ᠋ᠢᠷᠢᠯᠠᠭᠤᠯᠤᠯᠲᠠ ᠶᠣᠰᠣᠭ᠋ᠠᠷ᠂ ᠭᠤᠷᠪᠠᠳᠤᠭ᠋ᠠᠷ ᠲᠣᠭᠣᠷᠢᠨ ᠵᠢᠯᠣᠭᠣᠳᠬᠤ ᠳᠤᠭᠤᠶ᠋ᠢᠯᠠᠩ᠎ᠤᠨ ᠨᠠᠷᠢᠨ ᠬᠢᠨᠠᠮᠠᠭ᠋ᠠᠢ ᠵᠢᠯᠤᠭᠤᠳᠤᠯᠭ᠎ᠠ ᠳᠣᠣᠷ᠎ᠠ᠂ ᠲᠣᠪᠴᠢᠶᠠᠨ᠎ᠤ ᠨᠠᠮ᠎ᠤᠨ ᠬᠣᠷᠢᠶᠠᠨ᠎ᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠲᠣᠪᠴᠢᠶᠠᠨ᠎ᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠤᠯᠠᠮ ᠴᠢᠨᠠᠭᠰᠢᠳᠠ ᠴᠢᠩᠭ᠋ᠠᠳᠬᠠᠵᠤ᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠴᠢᠷᠮᠠᠶ᠋ᠢᠨ ᠠᠬᠢᠭᠤᠯᠵᠤ᠂ 《ᠲᠣᠭᠲᠠᠭᠰᠠᠨ ᠠᠵᠢᠯ᠎ᠢ ᠲᠤᠭᠤᠰᠢᠲᠠᠢ ᠬᠢᠵᠦ᠂ ᠥᠪᠡᠰᠦᠪᠡᠨ ᠰᠣᠩᠭᠣᠬᠤ ᠠᠵᠢᠯᠯᠠᠭ᠎ᠠ ᠵᠢ ᠣᠨᠴᠠᠯᠢᠭ᠎ᠲᠠᠢ ᠪᠣᠯᠭ᠋ᠠᠬᠤ》 ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ 《ᠪᠢ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠪᠣᠳᠠᠲᠤ ᠶᠠᠪᠤᠳᠠᠯ᠎ᠢ ᠢᠯᠡᠭᠦᠬᠡᠨ ᠬᠢᠵᠦ᠂ ᠰᠠᠢ᠍ᠢ᠍ᠨ ᠶᠠᠪᠤᠳᠠᠯ ᠬᠢᠵᠦ᠂ ᠬᠦᠴᠢᠷ ᠶᠠᠪᠤᠳᠠᠯ᠎ᠢ᠎ᠨᠢ ᠰᠢᠢ᠍ᠳᠪᠦᠷᠢᠯᠡᠵᠦ᠂ ᠶᠠᠮᠤᠨ ᠪᠠᠶ᠋ᠢᠭᠤᠯᠭ᠎ᠠ ᠵᠢᠨ ᠺᠠᠳ᠋ᠷ ᠠᠵᠢᠯᠳᠠᠨ ᠠᠵᠢᠯᠴᠢᠨ᠎ᠤ ᠬᠦᠷᠲᠡᠮᠵᠢ ᠵᠢᠨ ᠲᠦᠷᠦᠭᠳᠡᠯ᠂ ᠵᠤᠯ ᠵᠢᠷᠭ᠋ᠠᠯᠲᠤ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠮᠵᠢ ᠵᠢ ᠤᠰᠤᠨ ᠠᠰᠢᠭᠯᠠᠯᠲᠠ ᠵᠢᠨ ᠪᠠᠶ᠋ᠢᠭᠤᠯᠭ᠎ᠠ ᠵᠢᠨ ᠠᠷᠤ ᠲᠠᠯ᠎ᠠ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠪᠣᠳᠠᠲᠤ ᠠᠵᠢᠯᠯᠠᠭ᠎ᠠ ᠪᠣᠯᠭ᠋ᠠᠨ ᠬᠦᠴᠦᠯᠡᠨ ᠬᠤᠪᠢᠷᠠᠭᠤᠯᠵᠤ᠂ ᠰᠢᠯᠢᠳᠡᠭ ᠬᠢᠷᠢ ᠪᠦᠲᠦᠮᠵᠢ᠎ᠪᠠᠷ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠤᠭᠳᠤᠨ᠎ᠠ ᠬᠡᠪᠡ᠃