ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠤᠰᠤᠨ ᠠᠰᠢᠭᠯᠠᠯᠲᠠ ᠵᠢᠨ ᠶᠠᠮᠤᠨ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-05-25

      ᠲᠤᠰ ᠰᠦᠯᠵᠢᠶᠡᠨ᠎ᠤ ᠮᠡᠳᠡᠭᠡ 5 ᠰᠠᠷ᠎ᠠ ᠵᠢᠨ 20᠎ᠤ ᠡᠳᠦᠷ᠂ ᠤᠰᠤᠨ ᠠᠰᠢᠭᠯᠠᠯᠲᠠ ᠵᠢᠨ ᠶᠠᠮᠤᠨ   ᠰᠧᠴᠤᠸᠠᠨ᠎ᠤ ᠴᠧᠩᠳᠦ᠋᠎ᠳᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠤᠨ ᠤᠰᠤ ᠵᠢ ᠵᠠᠰᠠᠬᠤ ᠠᠵᠢᠯ᠎ᠤᠨ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠣᠶ᠋ᠢᠯᠠᠭ᠋ᠠᠵᠤ᠂ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ 《ᠭᠤᠷᠪᠠ ᠵᠢ ᠪᠠᠷᠢᠮᠵᠢᠶᠠᠯᠠᠵᠤ᠂ ᠨᠢᠭᠡ ᠵᠢ ᠲᠥᠯᠥᠪᠵᠢᠭᠦᠯᠬᠦ》 ᠲᠤᠰᠬᠠᠶ ᠠᠵᠢᠯᠯᠠᠭ᠎ᠠ ᠵᠢᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠣᠳᠣᠬᠠᠨ᠎ᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠠᠵᠢᠯ᠎ᠳᠤ ᠲᠤᠯᠭ᠋ᠠᠷᠠᠵᠤ ᠪᠠᠶ᠋ᠢᠭ᠎ᠠ ᠪᠠᠶ᠋ᠢᠳᠠᠯ᠎ᠢ ᠵᠠᠳᠠᠯᠵᠤ᠂ 《ᠠᠷᠪᠠᠨ ᠳᠥᠷᠪᠡᠳᠦᠭᠡᠷ ᠲᠠᠪᠤᠨ     ᠵᠢᠯ》 ᠪᠣᠯᠤᠨ 2021 ᠣᠨ᠎ᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ᠃ ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠶ᠋ᠢᠳ ᠸᠧᠢ ᠱᠠᠨ ᠵᠦᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃   ᠰᠧᠴᠤᠸᠠᠨ ᠮᠤᠵᠢ ᠵᠢᠨ ᠳᠡᠳ᠋ ᠳᠠᠷᠤᠭ᠎ᠠ ᠶᠣᠣ ᠰᠧ ᠳ᠋ᠠᠨ ᠪᠠᠶᠠᠷ᠎ᠤᠨ ᠦᠭᠡ   ᠬᠡᠯᠡᠪᠡ᠃ ᠤᠰᠤᠨ ᠠᠰᠢᠭᠯᠠᠯᠲᠠ ᠵᠢᠨ ᠶᠠᠮᠤᠨ᠎ᠤ ᠶᠡᠷᠦᠩᠬᠡᠶ ᠢᠨᠵᠧᠨᠧᠷ ᠯᠢᠦ ᠸᠧᠶ ᠫᠢᠩ ᠬᠤᠷᠠᠯ᠎ᠢ ᠡᠷᠭᠢᠯᠡᠪᠡ᠃
      ᠸᠧᠶ ᠱᠠᠨ ᠵᠥᠩ᠂ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠢᠯᠠᠩᠭᠤᠶ᠎ᠠ 2018 ᠣᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠬᠢᠭᠰᠡᠨ᠎ᠠᠴᠠ ᠨᠠᠭ᠋ᠠᠰᠢ᠂ ᠪᠦᠬᠦ ᠤᠯᠤᠰ᠎ᠤᠨ ᠡᠯ᠎ᠡ ᠱᠠᠲᠤᠨ᠎ᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠶᠡᠷᠦᠩᠬᠡᠢ ᠱᠦᠵᠢ ᠰᠢ ᠵᠢᠨ ᠫᠢᠩ᠎ᠤᠨ ᠤᠰᠤ ᠵᠢ ᠵᠠᠰᠠᠬᠤ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠪᠠ᠂ ᠤᠰᠤᠨ᠎ᠤ ᠡᠬᠢ ᠪᠠᠶᠠᠯᠢᠭ ᠳᠤᠲᠠᠭᠳᠠᠬᠤ ᠵᠢ ᠰᠢᠢ᠍ᠳᠪᠦᠷᠢᠯᠡᠬᠦ ᠵᠢᠨ ᠲᠥᠯᠥᠭᠡ᠂ ᠤᠰᠤᠨ᠎ᠤ ᠠᠮᠢ ᠠᠬᠤᠶ ᠵᠢᠨ   ᠡᠪᠳᠡᠭᠳᠡᠯ ᠵᠡᠷᠭᠡ ᠲᠣᠪᠣᠶ᠋ᠢᠮ᠎ᠠ ᠠᠰᠠᠭᠤᠳᠠᠯ ᠵᠶ᠋ᠠᠷ ᠤᠳᠤᠷᠢᠳᠤᠮᠵᠢ   ᠪᠤᠯᠭ᠋ᠠᠵᠤ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠬᠤ ᠦᠢ᠍ᠯᠡᠳᠦᠯ᠎ᠢ ᠴᠢᠩᠭ᠋ᠠᠳᠬᠠᠵᠤ᠂ ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠢ ᠵᠢᠨ ᠤᠷᠤᠰᠬᠠᠯ᠎ᠤᠨ ᠬᠡᠮᠵᠢᠶᠡᠨ᠎ᠤ ᠬᠠᠮᠢᠶᠠᠷᠤᠯᠲᠠ ᠰᠢᠪᠲᠤᠯᠤᠯᠲᠠ᠎ᠲᠠᠢ ᠪᠣᠯᠪᠠ᠂ ᠭᠣᠣᠯ ᠮᠥᠷᠡᠨ᠎ᠤ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠠᠯᠬᠤᠴᠠ ᠲᠦᠷᠬᠡᠳᠪᠡ᠂ ᠭᠠᠵᠠᠷ ᠳᠤᠤᠷᠠᠬᠢ ᠤᠰᠤ ᠵᠢ ᠬᠠᠮᠢᠶᠠᠷᠤᠨ ᠡᠵᠡᠮᠳᠡᠬᠦ ᠬᠦᠢ᠍ᠴᠡᠳᠬᠡᠯ ᠲᠣᠭ᠎ᠠ ᠵᠢ ᠲᠣᠭᠲᠠᠭ᠋ᠠᠵᠤ ᠪᠥᠬᠥ ᠲᠠᠯ᠎ᠠ᠎ᠪᠠᠷ ᠡᠬᠢᠯᠡᠭᠦᠯᠪᠡ᠂ ᠤᠰᠤ ᠠᠪᠴᠤ ᠬᠡᠷᠡᠭᠯᠡᠬᠦ ᠵᠢᠨ ᠬᠢᠨᠠᠯᠲᠠ ᠬᠠᠮᠢᠶᠠᠷᠤᠯᠲᠠ ᠵᠢ ᠦᠨᠡᠨᠬᠦ ᠴᠢᠩᠭ᠋ᠠᠳᠬᠠᠪᠠ᠂ ᠤᠰᠤᠨ᠎ᠤ ᠠᠮᠢ ᠠᠬᠤᠢ ᠵᠢᠨ ᠬᠠᠮᠠᠭ᠋ᠠᠯᠠᠯᠲᠠ ᠵᠠᠰᠠᠯᠲᠠ ᠯᠠᠪᠳᠠᠭᠤᠨ ᠪᠠᠲᠤᠲᠠᠢ ᠠᠯᠬᠤᠮ᠎ᠢ ᠠᠯᠬᠤᠪᠠ᠂ ᠡᠯ᠎ᠡ ᠵᠦᠢ᠍ᠯ᠎ᠤᠨ ᠠᠵᠢᠯ ᠢᠳᠡᠪᠬᠢᠲᠡᠢ ᠠᠬᠢᠴᠠ ᠪᠠ ᠦᠷ᠎ᠡ ᠪᠦᠲᠦᠮᠵᠢ ᠤᠯᠪᠠ   ᠬᠡᠵᠦ ᠵᠢᠭ᠋ᠠᠵᠤ ᠭᠠᠷᠭ᠋ᠠᠪᠠ᠃
      ᠸᠧᠢ ᠱᠠᠨ ᠵᠦᠩ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠠᠵᠢᠯ᠎ᠳᠤ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠴᠢᠨᠠᠷ ᠰᠠᠶ᠋ᠢᠲᠠᠶ ᠬᠥᠭᠵᠢᠯᠲᠡ ᠵᠢᠨ ᠱᠠᠭ᠋ᠠᠷᠳᠠᠯᠭ᠎ᠠ ᠶᠣᠰᠣᠭ᠋ᠠᠷ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠦᠯᠦᠪᠯᠡᠵᠦ᠂ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠶ ᠵᠢᠨ ᠲᠡᠩᠴᠡᠭᠦᠷᠢ᠂ ᠰᠢᠰᠲ᠋ᠧᠮᠲᠦ ᠵᠠᠰᠠᠯᠲᠠ᠂ ᠬᠣᠶᠠᠷ ᠲᠠᠯ᠎ᠠ᠎ᠪᠠᠷ ᠬᠦᠴᠦᠯᠡᠬᠦ》 ᠤᠰᠤ ᠵᠠᠰᠠᠬᠤ ᠰᠡᠳᠬᠢᠴᠡ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠤᠨ ᠳᠦᠷᠢᠮ᠎ᠢ ᠪᠠᠶ᠋ᠢᠭᠤᠯᠬᠤ᠎ᠪᠠᠷ ᠭᠣᠣᠯ ᠰᠢᠵᠢᠮ   ᠪᠤᠯᠭ᠋ᠠᠵᠤ᠂ ᠠᠮᠢ ᠠᠬᠤᠶ ᠵᠢᠨ ᠬᠡᠷᠡᠭᠯᠡᠬᠦ ᠤᠰᠤ ᠵᠢ ᠪᠠᠲᠤᠯᠠᠭᠰᠠᠨ ᠤᠷᠢᠲᠠᠯ ᠳᠤᠤᠷ᠎ᠠ᠂ ᠤᠰᠤ ᠬᠡᠷᠡᠭᠯᠡᠵᠦ ᠪᠣᠯᠬᠤ ᠬᠡᠮᠵᠢᠶ᠎ᠡ᠎ᠪᠠᠷ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠠᠶ᠋ᠢᠷᠢᠰᠢᠯ᠎ᠢ ᠲᠣᠭᠲᠠᠭ᠋ᠠᠬᠤ ᠵᠢ ᠠᠬᠢᠭᠤᠯᠵᠤ᠂ ᠪᠦᠲᠦᠴᠡ ᠪᠠ ᠬᠡᠪᠴᠢᠶ᠎ᠡ᠂ ᠤᠰᠤᠨ᠎ᠤ ᠡᠬᠢ ᠪᠠᠶᠠᠯᠢᠭ᠎ᠢ ᠡᠷᠴᠢᠮᠵᠢᠭᠦᠯᠦᠨ ᠠᠷᠪᠢᠯᠠᠨ ᠠᠰᠢᠭᠯᠠᠬᠤ ᠬᠢᠷᠢ ᠬᠡᠮᠵᠢᠶ᠎ᠡ ᠵᠢ ᠳᠡᠬᠡᠭᠰᠢᠯᠡᠬᠦᠯᠵᠦ᠂ ᠤᠰᠤᠨ᠎ᠤ ᠡᠬᠢ ᠪᠠᠶᠠᠯᠢᠭ᠎ᠤᠨ ᠬᠠᠮᠠᠭ᠋ᠠᠯᠠᠯᠲᠠ ᠵᠢ   ᠴᠢᠩᠭ᠋ᠠᠳᠬᠠᠵᠤ᠂ ᠤᠰᠤᠨ᠎ᠤ ᠡᠬᠢ ᠪᠠᠶᠠᠯᠢᠭ᠎ᠢ ᠬᠡᠲᠦᠷᠡᠲᠡᠯ᠎ᠡ ᠨᠡᠭᠡᠭᠡᠨ ᠠᠰᠢᠭᠯᠠᠬᠤ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠵᠤ᠂ ᠠᠵᠤ ᠠᠬᠤᠶ ᠵᠢᠨ ᠠᠵᠢᠯᠯᠠᠭ᠎ᠠ ᠵᠢ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠬᠤ ᠴᠢᠳᠠᠪᠤᠷᠢ ᠵᠢᠨ ᠬᠡᠪᠴᠢᠶᠡᠨ᠎ᠳᠤ ᠦᠨᠡᠨᠬᠦ   ᠬᠢᠵᠠᠭ᠋ᠠᠷᠯᠠᠵᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃ ᠨᠢᠭᠡ᠎ᠳᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠷᠠᠯᠲᠠ ᠵᠢ ᠨᠠᠷᠢᠯᠢᠭᠵᠢᠭᠤᠯᠤᠨ᠎ᠠ᠃ ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠶ ᠵᠢᠨ ᠤᠷᠤᠰᠬᠠᠯ᠎ᠤᠨ ᠬᠡᠮᠵᠢᠶ᠎ᠡ ᠵᠢᠨ ᠬᠠᠷᠠᠯᠲᠠ ᠵᠢ ᠲᠦᠷᠭᠡᠳᠬᠡᠨ ᠲᠣᠭᠲᠠᠭ᠋ᠠᠵᠤ᠂ ᠭᠣᠣᠯ ᠮᠥᠷᠡᠨ᠎ᠤ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠵᠢ ᠲᠦᠷᠭᠡᠳᠬᠡᠨ ᠠᠬᠢᠭᠤᠯᠵᠤ᠂ ᠭᠠᠵᠠᠷ ᠳᠣᠣᠷᠠᠬᠢ ᠤᠰᠤ ᠵᠢ ᠬᠠᠮᠢᠶᠠᠷᠤᠨ ᠡᠵᠡᠮᠳᠡᠬᠦ ᠭᠦᠢ᠍ᠴᠡᠳᠬᠡᠬᠦ ᠲᠣᠭ᠎ᠠ ᠵᠢ ᠲᠦᠷᠭᠡᠳᠬᠡᠨ ᠲᠣᠭᠲᠠᠭ᠋ᠠᠵᠤ᠂ ᠡᠯ᠎ᠡ ᠭᠠᠵᠠᠷ ᠣᠷᠣᠨ᠎ᠤ ᠬᠡᠷᠡᠭᠯᠡᠵᠦ ᠪᠣᠯᠬᠤ ᠤᠰᠤᠨ᠎ᠤ ᠡᠬᠢ ᠪᠠᠶᠠᠯᠢᠭ᠎ᠤᠨ ᠬᠡᠮᠵᠢᠶ᠎ᠡ ᠵᠢ ᠲᠣᠳᠣᠷᠬᠠᠶ᠋ᠢᠯᠠᠨ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠠᠲᠠᠭᠤ ᠬᠢᠵᠠᠭ᠋ᠠᠷᠯᠠᠯ ᠪᠣᠯᠭ᠋ᠠᠨ᠎ᠠ᠃ ᠬᠣᠶᠠᠷ᠎ᠲᠤ᠂ ᠤᠰᠤ ᠠᠪᠴᠤ ᠬᠡᠷᠡᠭᠯᠡᠬᠦ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠪᠣᠳᠠᠲᠠᠶ᠋ᠢᠵᠢᠭᠤᠯᠬᠤ ᠬᠡᠷᠡᠭᠲᠡᠶ᠃ ᠲᠣᠭᠲᠠᠭ᠋ᠠᠭᠰᠠᠨ ᠬᠠᠮᠢᠶᠠᠷᠤᠯᠲᠠ ᠵᠢᠨ ᠬᠠᠷᠠᠯᠲᠠ ᠶᠣᠰᠣᠭ᠋ᠠᠷ᠂ ᠤᠰᠤᠨ᠎ᠤ ᠡᠬᠢ ᠪᠠᠶᠠᠯᠢᠭ᠎ᠢ ᠨᠤᠲᠠᠯᠠᠬᠤ ᠪᠠ ᠤᠰᠤ ᠠᠪᠴᠤ ᠬᠡᠷᠡᠭᠯᠡᠬᠦ ᠵᠢᠨ ᠤᠴᠢᠷ ᠶᠠᠪᠤᠳᠠᠯ᠎ᠤᠨ ᠳᠤᠮᠳᠠᠬᠢ ᠪᠠ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠳᠠᠯᠠᠵᠤ᠂ ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠬᠦ   ᠰᠢᠰᠲ᠋ᠧᠮ ᠪᠠ ᠮᠡᠳᠡᠭᠡ ᠵᠠᠩᠬᠢᠵᠢᠯᠳᠠ ᠵᠢᠨ ᠪᠠᠶ᠋ᠢᠭᠤᠯᠤᠯᠲᠠ ᠵᠢ ᠴᠢᠩᠭ᠋ᠠᠷᠠᠭᠤᠯᠤᠨ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠣᠶᠤᠨᠴᠢᠯᠠᠭᠰᠠᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠤᠰᠤᠨ᠎ᠤ ᠡᠬᠢ ᠪᠠᠶᠠᠯᠢᠭ᠎ᠢ ᠡᠷᠴᠢᠮᠵᠢᠭᠦᠯᠦᠨ ᠠᠷᠪᠢᠯᠠᠨ ᠠᠰᠢᠭᠯᠠᠬᠤ ᠵᠢ ᠠᠬᠢᠭᠤᠯᠤᠨ᠎ᠠ᠃ ᠭᠤᠷᠪᠠ᠎ᠳᠤ᠂ ᠤᠰᠤᠨ᠎ᠤ ᠠᠮᠢ ᠠᠬᠤᠢ ᠵᠢᠨ ᠬᠠᠮᠠᠭ᠋ᠠᠯᠠᠯᠲᠠ ᠵᠠᠰᠠᠯᠲᠠ ᠵᠢ ᠴᠢᠩᠭ᠋ᠠᠳᠬᠠᠬᠤ ᠬᠡᠷᠡᠭᠲᠡᠢ᠃ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ ᠵᠢᠨ ᠴᠢᠳᠠᠪᠤᠷᠢ ᠵᠢᠨ ᠦᠨᠡᠯᠡᠯᠲᠡ ᠵᠢ ᠰᠠᠶ᠋ᠢᠲᠤᠷ ᠬᠢᠵᠦ᠂ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ᠎ᠠᠴᠠ ᠬᠡᠲᠦᠷᠡᠭᠰᠡᠨ ᠭᠠᠵᠠᠷ ᠣᠷᠣᠨ᠎ᠳᠤ ᠤᠰᠤ ᠠᠪᠬᠤ ᠵᠥᠪᠰᠢᠶᠡᠷᠡᠯ᠎ᠢ ᠰᠢᠨ᠎ᠡ᠎ᠪᠠᠷ ᠨᠡᠮᠡᠭᠳᠡᠭᠦᠯᠬᠦ ᠵᠢ ᠲᠦᠷ ᠵᠣᠭᠰᠣᠭ᠋ᠠᠵᠤ᠂ ᠳᠠᠭ᠋ᠠᠭ᠋ᠠᠴᠠ᠎ᠠᠴᠠ ᠬᠡᠲᠦᠷᠡᠭᠰᠡᠨ ᠠᠰᠠᠭᠤᠳᠠᠯ᠎ᠢ ᠵᠠᠰᠠᠬᠤ ᠵᠢ ᠲᠦᠷᠭᠡᠳᠬᠡᠨ᠎ᠡ᠃ ᠰᠢᠨ᠎ᠡ ᠨᠢᠭᠡ ᠡᠭᠡᠯᠵᠢ ᠵᠢᠨ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠢ ᠬᠤᠪᠢᠶᠠᠷᠢᠯᠠᠨ ᠲᠣᠭᠲᠠᠭ᠋ᠠᠬᠤ ᠵᠢ ᠥᠷᠨᠢᠭᠦᠯᠵᠦ᠂ ᠭᠠᠵᠠᠷ ᠳᠣᠣᠷᠠᠬᠢ ᠤᠰᠤᠨ ᠲᠦᠪᠰᠢᠨ᠎ᠤ ᠬᠤᠪᠢᠷᠠᠯᠲᠠ ᠵᠢ ᠮᠡᠳᠡᠭᠡᠯᠡᠬᠦ ᠲᠣᠭᠲᠠᠴᠠ ᠵᠢ ᠰᠠᠶ᠋ᠢᠲᠤᠷ ᠬᠡᠷᠡᠭᠯᠡᠵᠦ᠂ ᠭᠠᠵᠠᠷ ᠳᠣᠣᠷᠠᠬᠢ ᠤᠰᠤᠨ᠎ᠤ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠭᠣᠣᠯᠳᠠᠯᠭ᠎ᠠ᠎ᠲᠠᠢ ᠣᠷᠣᠨ ᠪᠦᠰᠡ ᠵᠢᠨ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠠᠰᠠᠭᠤᠳᠠᠯ᠎ᠢ ᠵᠠᠰᠠᠬᠤ ᠵᠢ ᠠᠬᠢᠭᠤᠯᠤᠨ᠎ᠠ᠃ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢᠨ ᠨᠠᠷᠢᠨ ᠲᠠᠩᠰᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢ ᠯᠠᠪᠳᠠᠭᠤᠨ ᠪᠠᠲᠤᠲᠠᠶ ᠰᠠᠶ᠋ᠢᠲᠤᠷ ᠬᠢᠨ᠎ᠠ᠃ ᠲᠦᠷᠪᠡ᠎ᠳᠤ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠬᠡᠷᠡᠭᠲᠡᠢ᠃ ᠵᠠᠰᠠᠭ᠎ᠤᠨ ᠣᠷᠳᠣᠨ ᠬᠢᠭᠡᠳ ᠵᠠᠬ᠎ᠠ ᠳᠡᠯᠭᠡᠭᠦᠷ᠎ᠤᠨ ᠬᠠᠷᠢᠴᠠᠭ᠎ᠠ ᠵᠢ ᠰᠠᠶ᠋ᠢᠲᠤᠷ   ᠰᠢᠢ᠍ᠳᠪᠦᠷᠢᠯᠡᠵᠦ᠂ ᠤᠰᠤ ᠬᠡᠷᠡᠭᠯᠡᠬᠦ ᠡᠷᠬᠡ ᠵᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ᠂ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ᠂ ᠤᠰᠤᠨ᠎ᠤ ᠡᠬᠢ ᠪᠠᠶᠠᠯᠢᠭ᠎ᠢ ᠨᠤᠲᠠᠯᠠᠬᠤ ᠣᠷᠣᠨ ᠪᠦᠰᠡ ᠵᠢᠨ ᠦᠨᠡᠯᠡᠨ ᠵᠢᠱ᠌ᠢᠯᠲᠡ᠂ ᠤᠰᠤ ᠠᠪᠬᠤ ᠵᠥᠪᠰᠢᠶᠡᠷᠡᠯ᠎ᠤᠨ ᠡᠯᠧᠺᠲᠷᠣᠨ ᠦᠨᠡᠮᠯᠡᠯ ᠵᠡᠷᠭᠡ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠠᠬᠢᠭᠤᠯᠤᠨ᠎ᠠ᠃ ᠲᠠᠪᠤ᠎ᠳᠤ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠢᠨᠠᠨ ᠰᠢᠯᠭ᠋ᠠᠯᠲᠠ ᠵᠢ ᠴᠢᠩᠳᠠᠯᠠᠬᠤ ᠬᠡᠷᠡᠭᠲᠡᠶ᠃ ᠰᠢᠨ᠎ᠡ ᠪᠠᠶ᠋ᠢᠳᠠᠯ ᠰᠢᠨ᠎ᠡ ᠱᠠᠭ᠋ᠠᠷᠳᠠᠯᠭ᠎ᠠ ᠵᠢ ᠦᠨᠳᠦᠰᠦᠯᠡᠨ ᠬᠢᠨᠠᠨ ᠰᠢᠯᠭ᠋ᠠᠬᠤ ᠠᠭᠤᠯᠭ᠎ᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠢᠨᠠᠨ ᠰᠢᠯᠭ᠋ᠠᠬᠤ ᠬᠦᠢ᠍ᠴᠡᠳᠬᠡᠯ ᠲᠣᠭ᠎ᠠ ᠵᠢ ᠰᠢᠯᠢᠳᠡᠭᠵᠢᠭᠦᠯᠦᠨ᠂ ᠬᠢᠨᠠᠨ ᠰᠢᠯᠭ᠋ᠠᠬᠤ ᠲᠣᠭᠲᠠᠴᠠ ᠵᠢ ᠰᠠᠶ᠋ᠢᠵᠢᠷᠠᠭᠤᠯᠵᠤ᠂ ᠬᠢᠨᠠᠨ ᠰᠢᠯᠭ᠋ᠠᠬᠤ ᠠᠵᠢᠯ᠎ᠢ ᠨᠠᠩ ᠪᠣᠳᠠᠲᠠᠶ ᠪᠥᠭᠡᠳ ᠣᠨᠣᠪᠴᠢᠲᠠᠶ ᠬᠡᠷᠡᠭᠴᠡᠭᠡ᠎ᠲᠠᠢ ᠪᠣᠯᠭ᠋ᠠᠵᠤ᠂ ᠤᠰᠤᠨ᠎ᠤ ᠡᠬᠢ ᠪᠠᠶᠠᠯᠢᠭ᠎ᠤᠨ ᠴᠢᠩᠭ᠎ᠠ ᠬᠢᠵᠠᠭ᠋ᠠᠷᠯᠠᠬᠤ ᠦᠢ᠍ᠯᠡᠳᠦᠯ᠎ᠢ ᠨᠠᠩ ᠶᠡᠬᠡ ᠬᠡᠮᠵᠢᠶ᠎ᠡ᠎ᠪᠠᠷ   ᠪᠠᠳᠠᠷᠠᠭᠤᠯᠬᠤ ᠬᠡᠷᠡᠭᠳᠡᠢ᠃ ᠤᠯᠤᠰ ᠲᠥᠷᠥ ᠵᠢᠨ ᠪᠠᠶ᠋ᠢᠭᠤᠯᠤᠯᠲᠠ᠂ ᠰᠠᠯᠠᠭ᠎ᠠ ᠮᠥᠴᠢᠷ᠎ᠤᠨ ᠬᠠᠮᠵᠢᠯᠴᠠᠭ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ᠂ ᠰᠤᠷᠲᠠᠯ᠎ᠤᠨ ᠪᠠᠶ᠋ᠢᠭᠤᠯᠤᠯᠲᠠ ᠵᠡᠷᠭᠡ ᠲᠠᠯ᠎ᠠ ᠵᠢᠨ ᠠᠵᠢᠯ᠎ᠤᠨ ᠪᠠᠲᠤᠯᠠᠭ᠎ᠠ ᠵᠢ ᠴᠢᠷᠮᠠᠶ᠋ᠢᠨ ᠴᠢᠩᠭ᠋ᠠᠳᠬᠠᠵᠤ᠂ ᠰᠢᠨ᠎ᠡ ᠬᠥᠭᠵᠢᠯᠲᠡ ᠵᠢᠨ ᠱᠠᠲᠤ ᠵᠢ ᠡᠵᠡᠮᠳᠡᠬᠦ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠤᠯᠤᠰ ᠲᠥᠷᠥ ᠵᠢᠨ ᠴᠢᠳᠠᠪᠤᠷᠢ᠂ ᠪᠠᠶ᠋ᠢᠯᠳᠤᠬᠤ ᠪᠣᠳᠣᠯᠭ᠎ᠠ ᠵᠢᠨ ᠬᠠᠷᠠᠴᠠ᠂ ᠲᠤᠰᠬᠠᠶ ᠮᠡᠷᠭᠡᠵᠢᠯ᠎ᠤᠨ ᠲᠦᠪᠰᠢᠨ ᠵᠶ᠋ᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ   ᠬᠡᠵᠦ ᠴᠢᠬᠤᠯᠠᠴᠢᠯᠠᠪᠠ᠃
      ᠸᠧᠢ ᠱᠠᠨ ᠵᠦᠩ᠂ 2020 ᠤᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠵᠢᠯ ᠪᠣᠯᠤᠨ᠎ᠠ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠬᠦ ᠵᠢᠨ ᠬᠠᠮᠲᠤ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠤᠨ ᠲᠦᠷᠢᠮ᠎ᠤᠨ ᠦᠵᠦ ᠲᠥᠯᠥᠪᠯᠡᠭᠡ᠂ ᠠᠮᠢ ᠠᠬᠤᠶ ᠵᠢᠨ ᠤᠷᠤᠰᠴᠠ ᠵᠢ ᠲᠣᠭᠲᠠᠭ᠋ᠠᠬᠤ ᠪᠠ ᠪᠠᠲᠤᠯᠠᠬᠤ᠂ ᠭᠣᠣᠯ ᠮᠥᠷᠡᠨ᠎ᠤ ᠰᠠᠪᠠ ᠭᠠᠵᠠᠷ᠎ᠤᠨ ᠤᠰᠤᠨ᠎ᠤ ᠬᠡᠮᠵᠢᠶᠡᠨ᠎ᠤ ᠬᠤᠪᠢᠶᠠᠷᠢᠯᠠᠯᠲᠠ᠂ ᠭᠠᠵᠠᠷ ᠳᠤᠤᠷᠠᠬᠢ ᠤᠰᠤ ᠵᠢ ᠬᠠᠮᠢᠶᠠᠷᠤᠨ ᠡᠵᠡᠮᠳᠡᠬᠦ ᠬᠦᠢ᠍ᠴᠡᠳᠬᠡᠯ ᠲᠣᠭ᠎ᠠ ᠵᠢ   ᠳᠤᠭᠳᠠᠭ᠋ᠠᠬᠤ᠂ ᠤᠰᠤ ᠠᠪᠴᠤ ᠬᠡᠷᠡᠭᠯᠡᠬᠦ ᠬᠠᠮᠢᠶᠠᠷᠤᠯᠲᠠ ᠵᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ᠂ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ᠎ᠠᠴᠠ ᠬᠡᠲᠦᠷᠡᠭᠰᠡᠨ ᠭᠠᠵᠠᠷ ᠣᠷᠣᠨ᠎ᠳᠤ ᠰᠢᠨ᠎ᠡ᠎ᠪᠠᠷ ᠨᠡᠮᠡᠭᠳᠡᠭᠦᠯᠬᠦ ᠤᠰᠤ ᠠᠪᠬᠤ ᠵᠥᠪᠰᠢᠶᠡᠷᠡᠯ᠎ᠢ ᠲᠦᠷ   ᠵᠤᠭᠰᠤᠭ᠋ᠠᠬᠤ᠂ ᠭᠠᠵᠠᠷ ᠳᠣᠣᠷᠠᠬᠢ ᠤᠰᠤᠨ᠎ᠤ ᠬᠤᠪᠢᠷᠠᠯᠲᠠ ᠵᠢᠨ ᠮᠡᠳᠡᠭᠡᠯᠡᠯ᠂ ᠭᠠᠵᠠᠷ ᠳᠤᠤᠷᠠᠬᠢ ᠤᠰᠤ ᠵᠢ ᠬᠡᠲᠦᠷᠡᠲᠡᠯ᠎ᠡ ᠠᠪᠬᠤ ᠵᠢ ᠶᠡᠷᠦᠩᠬᠡᠶ᠋ᠢᠯᠡᠨ ᠵᠠᠰᠠᠬᠤ ᠵᠡᠷᠭᠡ ᠭᠤᠤᠯᠳᠠᠯᠭ᠎ᠠ᠎ᠲᠠᠢ ᠠᠵᠢᠯ᠎ᠢ ᠨᠠᠷᠢᠨ ᠬᠢᠨᠠᠮᠠᠭ᠋ᠠᠶ ᠰᠠᠶ᠋ᠢᠲᠤᠷ ᠠᠳᠬᠤᠵᠤ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠰᠠᠭᠤᠷᠢ ᠵᠢ ᠤᠯᠠᠮ ᠨᠢᠭᠡ ᠠᠯᠬᠤᠮ ᠪᠡᠬᠢᠵᠢᠬᠦᠯᠵᠦ᠂ ᠤᠰᠤ ᠠᠪᠴᠤ ᠬᠡᠷᠡᠭᠯᠡᠬᠦ ᠵᠢ ᠬᠢᠨᠠᠨ ᠬᠠᠮᠢᠶᠠᠷᠬᠤ ᠴᠢᠳᠠᠪᠤᠷᠢ ᠵᠢ ᠳᠡᠬᠡᠭᠰᠢᠯᠡᠬᠦᠯᠵᠦ ᠤᠰᠤᠨ᠎ᠤ ᠠᠮᠢ ᠠᠬᠤᠢ ᠵᠢᠨ ᠬᠠᠮᠠᠭ᠋ᠠᠯᠠᠯᠲᠠ ᠪᠠ ᠲᠤᠪᠤᠢ᠍ᠢ᠍ᠮ᠎ᠠ ᠠᠰᠠᠭᠤᠳᠠᠯ᠎ᠤᠨ ᠵᠠᠰᠠᠯᠲᠠ ᠵᠢ ᠴᠢᠩᠭ᠋ᠠᠳᠬᠠᠵᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠠᠵᠢᠯ᠎ᠤᠨ ᠳᠠᠬᠢᠨ ᠰᠢᠨ᠎ᠡ ᠳᠡᠭᠲᠡᠷ᠎ᠲᠤ ᠭᠠᠷᠬᠤ ᠵᠢ   ᠠᠬᠢᠭᠤᠯᠬᠤ   ᠬᠡᠷᠡᠭᠳᠡᠢ   ᠬᠡᠵᠦ   ᠴᠢᠬᠤᠯᠠᠴᠢᠯᠠᠪᠠ᠃
      ᠬᠤᠷᠠᠯ ᠳᠡᠭᠡᠷ᠎ᠡ᠂ ᠪᠡᠭᠡᠵᠢᠩ ᠬᠤᠳᠠ ᠵᠢᠨ ᠤᠰᠤᠨ᠎ᠤ ᠶᠠᠪᠤᠳᠠᠯ᠎ᠤᠨ ᠲᠤᠪᠴᠢᠶ᠎ᠠ᠂ ᠬᠠᠷᠠᠮᠥ᠋ᠷᠡᠨ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ᠂ ᠠᠨᠾᠦ᠋ᠢ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ᠂   ᠰᠧᠴᠤᠸᠠᠨ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ᠂ ᠨᠢᠩᠰᠢᠶᠠ ᠵᠢᠨ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠂ ᠬᠥᠬᠡᠮᠥ᠋ᠷᠡᠨ᠎ᠤ ᠤᠰᠤᠨ ᠠᠰᠢᠭᠯᠠᠯᠲᠠ ᠵᠢᠨ ᠵᠥᠪᠯᠡᠯ᠂ ᠬᠠᠳᠤᠨ ᠭᠣᠣᠯ᠎ᠤᠨ ᠤᠰᠤᠨ ᠠᠰᠢᠭᠯᠠᠯᠲᠠ ᠵᠢᠨ ᠵᠥᠪᠯᠡᠯ᠂ ᠵᠦᠵᠢᠶᠠᠩ ᠮᠥᠷᠡᠨ᠎ᠤ ᠤᠰᠤᠨ ᠠᠰᠢᠭᠯᠠᠯᠲᠠ ᠵᠢᠨ ᠵᠥᠪᠯᠡᠯ ᠵᠡᠷᠭᠡ 8 ᠨᠢᠭᠡᠴᠢ ᠰᠠᠨᠠᠯ ᠵᠶ᠋ᠠᠨ ᠰᠤᠯᠢᠯᠴᠠᠵᠤ ᠦᠭᠡ ᠬᠡᠯᠡᠪᠡ᠃ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠰᠠᠨᠠᠯ ᠵᠶ᠋ᠠᠨ ᠰᠣᠯᠢᠯᠴᠠᠨ ᠶᠠᠷᠢᠯᠴᠠᠪᠠ᠃ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠵᠤᠷᠭ᠋ᠠᠨ᠎ᠤ ᠭᠤᠤᠯ ᠬᠠᠷᠢᠭᠤᠴᠠᠯᠭ᠋ᠠᠲᠠᠨ ᠨᠥᠬᠥᠳ ᠬᠤᠷᠠᠯ᠎ᠤᠨ ᠳ᠋ᠦᠩᠨᠡᠯᠲᠡ ᠬᠢᠵᠦ᠂ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠯᠠᠮᠵᠢᠯᠠᠬᠤ ᠠᠵᠢᠯ᠎ᠢ ᠰᠠᠶ᠋ᠢᠲᠤᠷ ᠬᠢᠵᠦ᠂ ᠠᠵᠢᠯ᠎ᠤᠨ ᠠᠷᠭ᠎ᠠ ᠬᠡᠮᠵᠢᠶ᠎ᠡ᠎ᠪᠠᠨ ᠤᠯᠠᠮ ᠨᠢᠭᠡ ᠠᠯᠬᠤᠮ ᠨᠠᠷᠢᠯᠢᠬ᠍ᠵᠢᠭᠤᠯᠤᠨ ᠪᠣᠳᠠᠲᠠᠶ᠋ᠢᠵᠢᠭᠤᠯᠵᠤ᠂ ᠡᠯ᠎ᠡ   ᠵᠦᠢ᠍ᠯ᠎ᠤᠨ ᠬᠠᠷᠠᠯᠲᠠ ᠡᠭᠦᠷᠭᠡ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠵᠤ᠂ ᠡᠨᠡ ᠵᠢᠯ ᠪᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠠᠵᠢᠯ᠎ᠤᠨ ᠬᠠᠷᠠᠯᠲᠠ ᠵᠢ ᠲᠡᠭᠦᠰ ᠠᠮᠵᠢᠯᠲᠠ᠎ᠲᠠᠢ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃
      ᠤᠰᠤᠨ ᠠᠰᠢᠭᠯᠠᠯᠲᠠ ᠵᠢᠨ ᠶᠠᠮᠤᠨ᠎ᠤ ᠬᠣᠯᠪᠣᠭᠳᠠᠯ ᠪᠦᠬᠦᠢ ᠵᠤᠷᠭ᠋ᠠᠨ ᠲᠤᠪᠴᠢᠶ᠎ᠠ᠂ ᠰᠢᠭᠤᠳ ᠬᠠᠷᠢᠶ᠎ᠠ ᠨᠢᠭᠡᠴᠢ ᠵᠢᠨ ᠬᠠᠷᠢᠭᠤᠴᠠᠯᠭ᠋ᠠᠲᠠᠨ ᠨᠥᠬᠥᠳ᠂ ᠡᠯ᠎ᠡ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠂ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ) ᠵᠢᠨ ᠤᠰᠤᠨ ᠠᠰᠢᠭᠯᠠᠯᠲᠠ ᠵᠢᠨ (ᠤᠰᠤᠨ᠎ᠤ ᠶᠠᠪᠤᠳᠠᠯ) ᠲᠢᠩᠬᠢᠮ (  ᠲᠤᠪᠴᠢᠶ᠎ᠠ) ᠵᠢᠴᠢ ᠲᠤᠰᠠᠭ᠋ᠠᠷ ᠲᠥᠯᠥᠪᠯᠡᠭᠡᠲᠦ ᠬᠤᠳᠠ ᠵᠢᠨ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠲᠤᠪᠴᠢᠶ᠎ᠠ᠂ ᠰᠢᠨᠵᠢᠶᠠᠩ᠎ᠤᠨ ᠦᠢ᠍ᠯᠡᠳᠪᠦᠷᠢᠯᠡᠯ᠎ᠤᠨ ᠪᠦᠳᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠤᠰᠤᠨ ᠠᠰᠢᠭᠯᠠᠯᠲᠠ ᠵᠢᠨ ᠲᠤᠪᠴᠢᠶ᠎ᠠ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ ᠪᠣᠯᠤᠨ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠬᠥᠬᠡᠮᠥ᠋ᠷᠡᠨ᠎ᠤ ᠤᠰᠤᠨ ᠠᠰᠢᠭᠯᠠᠯᠲᠠ ᠵᠢᠨ ᠵᠥᠪᠯᠡᠯ ᠰᠢᠷᠦᠭᠦᠨ ᠪᠣᠷᠣᠭ᠋ᠠᠨ᠎ᠢ ᠰᠡᠷᠭᠡᠶ᠋ᠢᠯᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠶᠤᠯ᠎ᠠᠴᠠ ᠠᠪᠤᠷᠠᠬᠤ ᠮᠡᠷᠭᠡᠵᠢᠯ᠎ᠤᠨ ᠲᠤᠯᠭ᠋ᠠᠭᠤᠷᠢᠯᠠᠬᠤ ᠪᠡᠯᠡᠳᠬᠡᠯ ᠠᠵᠢᠯ᠎ᠢ ᠵᠥᠪᠳᠡᠯᠴᠡᠨ ᠪᠠᠶ᠋ᠢᠷᠢᠯᠠᠭᠤᠯᠪᠠ
ᠬᠥᠬᠡᠮᠥ᠋ᠷᠡᠨ᠎ᠤ ᠤᠰᠤᠨ ᠠᠰᠢᠭᠯᠠᠯᠲᠠ ᠵᠢᠨ ᠵᠥᠪᠯᠡᠯ ᠲᠠᠪᠤᠨ ᠵᠢᠯ ᠳᠠᠷᠠᠭ᠋ᠠᠯᠠᠨ ᠬᠤᠪᠸᠢ ᠮᠤᠵᠢ ᠵᠢᠨ 《ᠶᠠᠳᠠᠭᠤ ᠵᠢ ᠲᠡᠳᠬᠦᠬᠦ ᠠᠵᠢᠯ᠎ᠤᠨ ᠲᠣᠪᠣᠶ᠋ᠢᠮ᠎ᠠ ᠳᠡᠮᠵᠢᠯᠭᠡ ᠵᠢᠨ ᠨᠢᠭᠡᠴᠢ》 ᠵᠢᠨ ᠢᠷᠠᠭᠤ ᠠᠯᠳᠠᠷ᠎ᠢ ᠭᠥᠷᠳᠡᠪᠡ
ᠳᠤᠮᠳᠠᠳᠤ ᠤᠯᠤᠰ᠎ᠤᠨ ᠤᠰᠤᠨ ᠠᠰᠢᠭᠯᠠᠯᠲᠠ ᠵᠢᠨ ᠰᠣᠨᠢᠨ᠎ᠤ ᠬᠣᠷᠢᠶ᠎ᠠ 《ᠨᠡᠶ᠋ᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶ᠋ᠢᠭᠤᠯᠤᠯᠲᠠ ᠵᠢᠨ ᠴᠠᠭ ᠦᠶ᠎ᠡ ᠵᠢᠨ ᠲᠡᠦᠬᠡ》 ᠵᠢ ᠲᠤᠰᠬᠠᠶ ᠰᠡᠳᠦᠪ ᠵᠶ᠋ᠠᠷ ᠰᠤᠷᠤᠯᠴᠠᠵᠤ ᠰᠤᠳᠤᠯᠤᠨ ᠶᠠᠷᠢᠯᠴᠠᠪᠠ
ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠢ᠍ᠢ᠍ᠯᠡᠵᠦ ᠬᠠᠮᠲᠤᠷᠠᠨ ᠡᠵᠡᠮᠳᠡᠬᠦ ᠲᠣᠭᠲᠠᠴᠠ ᠵᠢᠨ ᠰᠣᠨᠢᠨ ᠮᠡᠳᠡᠭᠡ ᠨᠡᠢ᠍ᠢ᠍ᠳᠡᠯᠡᠭᠦ ᠬᠤᠷᠠᠯ
ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠥᠷᠥᠰᠥ ᠰᠢᠷᠣᠢ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠤᠰᠤᠨ ᠠᠰᠢᠭᠯᠠᠯᠲᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ
 
            