ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠨᠠᠨᠵᠢᠩ᠎ᠤᠨ ᠤᠰᠤᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠠᠮ᠎ᠤᠨ ᠬᠣᠷᠢᠶᠠᠨ᠎ᠤ ᠭᠤᠤᠯ ᠳᠤᠭᠤᠶ᠋ᠢᠯᠠᠩ ᠶᠡᠷᠦᠩᠬᠡᠶ ᠱᠦᠵᠢ ᠰᠢ ᠵᠢᠨ ᠫᠢᠩ᠎ᠤᠨ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠲᠤᠬᠠᠶ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠤᠰᠬᠠᠶ ᠰᠡᠳᠦᠪ ᠵᠶ᠋ᠠᠷ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ
ᠨᠡᠶ᠋ᠢᠲᠡᠯᠡᠭᠰᠡᠨ ᠴᠠᠭ᠄ 2021-05-25

      ᠲᠤᠰ ᠰᠦᠯᠵᠢᠶᠡᠨ᠎ᠤ ᠮᠡᠳᠡᠭᠡ 2021 ᠣᠨ᠎ᠤ 5 ᠰᠠᠷ᠎ᠠ ᠵᠢᠨ 19᠎ᠤ ᠡᠳᠦᠷ᠂ ᠨᠠᠨᠵᠢᠩ᠎ᠤᠨ ᠤᠰᠤᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠠᠮ᠎ᠤᠨ ᠬᠣᠷᠢᠶᠠᠨ᠎ᠤ ᠤᠨᠤᠯ ᠰᠤᠷᠤᠯᠴᠠᠬᠤ ᠭᠣᠣᠯ ᠳᠤᠭᠤᠶ᠋ᠢᠯᠠᠩ᠎ᠤᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠤᠰᠬᠠᠢ ᠰᠡᠳᠦᠪ ᠵᠶ᠋ᠠᠷ ᠤᠯᠠᠮᠵᠢᠯᠠᠨ ᠰᠤᠷᠤᠯᠴᠠᠪᠠ᠃ ᠬᠦᠷᠢᠶᠡᠯᠡᠩ᠎ᠤᠨ ᠤᠳᠤᠷᠢᠳᠤᠯᠭ᠎ᠠ ᠴᠧᠨ ᠱᠧᠩ ᠱᠦᠶ᠂ ᠯᠢ ᠶᠦᠨ᠂ ᠳ᠋ᠠᠶ ᠵᠢᠶ ᠴᠢᠶᠦ᠋ᠨ᠂ ᠵᠦ᠍ ᠱᠸᠦ   ᠹᠧᠩ᠂ ᠦ᠋ ᠱ᠌ᠢ ᠴᠢᠶᠠᠩ᠂ ᠰᠢᠤᠸᠠᠢ ᠶᠠ ᠶᠦᠨ᠂ ᠯᠢᠦ ᠵᠣᠣ ᠾᠧᠩ᠂ ᠵᠢᠶᠠᠩ ᠵᠣᠣ ᠬᠣᠩ᠂ ᠵᠢᠩ ᠮᠤᠤ ᠲᠤᠤ ᠨᠠᠷ ᠰᠤᠷᠤᠯᠴᠠᠯᠭ᠎ᠠ᠎ᠳᠤ ᠣᠷᠣᠯᠴᠠᠭᠰᠠᠨ ᠪᠥᠭᠡᠳ ᠦᠭᠡ ᠬᠡᠯᠡᠵᠡᠶ᠃ ᠳ᠋ᠤᠸᠠᠨ ᠬᠣᠩ ᠬᠤᠷᠠᠯ᠎ᠢ ᠡᠷᠬᠢᠯᠡᠪᠡ᠃
      ᠬᠤᠷᠠᠯ᠎ᠠᠴᠠ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠨᠠᠮ ᠪᠣᠯᠤᠨ ᠤᠯᠤᠰ᠎ᠤᠨ ᠠᠵᠢᠯ   ᠦᠢ᠍ᠯᠡᠰ᠎ᠤᠨ ᠪᠠᠶ᠋ᠢᠯᠳᠤᠬᠤ ᠪᠣᠳᠣᠯᠭ᠎ᠠ ᠵᠢᠨ ᠪᠥᠬᠥ ᠲᠠᠯ᠎ᠠ ᠵᠢᠨ ᠦᠨᠳᠦᠷᠴᠡ᠎ᠠᠴᠠ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢ᠍ᠴᠡᠳ ᠨᠤᠲᠠᠯᠠᠵᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠰᠢᠨ᠎ᠡ ᠡᠭᠦᠷᠭᠡ ᠵᠢ ᠭᠦᠨᠵᠡᠭᠡᠶ ᠵᠠᠳᠠᠯᠵᠤ᠂ ᠴᠢᠬᠤᠯᠠ ᠶᠡᠬᠡ ᠰᠠᠪᠠ ᠭᠠᠵᠠᠷ ᠠᠯᠤᠰᠯᠠᠭᠰᠠᠨ ᠤᠰᠤ ᠲᠠᠲᠠᠬᠤ ᠢᠨᠵᠧᠨᠧᠷᠢᠩ᠎ᠢ ᠬᠡᠷᠡᠭᠵᠢᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠵᠢ ᠭᠦᠨᠵᠡᠭᠡᠶ ᠳ᠋ᠦᠩᠨᠡᠵᠦ᠂ ᠤᠰᠤ ᠲᠠᠲᠠᠬᠤ ᠢᠨᠵᠧᠨᠧᠷᠢᠩ᠎ᠢ ᠤᠯᠠᠮ ᠨᠢᠭᠡ ᠠᠯᠬᠤᠮ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠤᠨ ᠬᠡᠷᠡᠭᠵᠢᠭᠦᠯᠬᠦ ᠠᠯᠢ ᠣᠯᠠᠨ ᠴᠢᠬᠤᠯᠠ ᠶᠡᠬᠡ ᠣᠨᠣᠯ ᠪᠠ   ᠦᠢ᠍ᠯᠡᠳᠦᠯᠬᠡ ᠵᠢᠨ ᠠᠰᠠᠭᠤᠳᠠᠯ᠎ᠳᠤ ᠲᠣᠳᠣᠷᠬᠠᠶ ᠱᠠᠭ᠋ᠠᠷᠳᠠᠯᠭ᠎ᠠ ᠳᠤᠷᠠᠳᠴᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠤᠨ ᠵᠠᠯᠭ᠋ᠠᠮᠵᠢ ᠢᠨᠵᠧᠨᠧᠷᠢᠩ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠴᠢᠭᠯᠡᠯ᠎ᠢ ᠲᠣᠳᠣᠷᠬᠠᠶ ᠵᠢᠭ᠋ᠠᠵᠤ᠂ ᠦᠨᠳᠦᠰᠦᠨ ᠵᠢᠷᠤᠮᠯᠠᠯ ᠬᠠᠩᠭ᠋ᠠᠵᠠᠶ   ᠭᠡᠵᠦ ᠦᠵᠡᠪᠡ᠃
      ᠬᠤᠷᠠᠯ᠎ᠠᠴᠠ᠂   ᠬᠦᠷᠢᠶᠡᠯᠡᠩ᠎ᠤᠨ ᠺᠠᠳ᠋ᠷ ᠠᠵᠢᠯᠳᠠᠨ ᠠᠵᠢᠯᠴᠢᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠠᠷᠢᠶᠠᠨ᠎ᠳᠤ ᠠᠭᠤᠯᠤᠭᠳᠠᠵᠤ ᠪᠠᠶ᠋ᠢᠭ᠎ᠠ ᠪᠠᠶ᠋ᠢᠯᠳᠤᠬᠤ ᠪᠤᠳᠤᠯᠭ᠎ᠠ ᠵᠢᠨ ᠰᠡᠳᠬᠢᠬᠦᠢ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠰᠢᠨᠵᠢᠯᠡᠬᠦ ᠤᠬᠠᠭ᠋ᠠᠨᠴᠢ ᠠᠷᠭ᠎ᠠ᠂ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠢ ᠣᠶ᠋ᠢᠯᠠᠭ᠋ᠠᠵᠤ᠂ ᠶᠠᠷᠢᠶᠠᠨ᠎ᠤ ᠪᠠᠶᠠᠯᠢᠭ ᠠᠭᠤᠯᠤᠭᠳᠠᠬᠤᠨ ᠪᠣᠯᠤᠨ ᠵᠣᠷᠢᠭ ᠰᠠᠨᠠᠭ᠋ᠠᠨ᠎ᠤ ᠮᠥᠨ ᠴᠢᠨᠠᠷ᠎ᠢ ᠭᠦᠨᠵᠡᠭᠡᠢ ᠰᠤᠷᠤᠯᠴᠠᠨ ᠨᠡᠪᠲᠡᠷᠬᠡᠢ ᠣᠶ᠋ᠢᠯᠠᠭ᠋ᠠᠵᠤ᠂ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠲᠠᠢ ᠦᠨᠡᠨ ᠬᠦ᠌ ᠨᠢᠭᠡᠳᠬᠡᠵᠦ᠂ ᠤᠶᠤᠨ ᠤᠬᠠᠭ᠋ᠠᠨ ᠪᠣᠯᠤᠨ ᠬᠦᠴᠦᠨ ᠴᠢᠳᠠᠯ ᠵᠶ᠋ᠠᠨ ᠶᠡᠷᠦᠩᠬᠡᠢ ᠱᠦᠵᠢ ᠰᠢ ᠵᠢᠨ ᠫᠢᠩ᠎ᠤᠨ ᠭᠠᠷᠭ᠋ᠠᠭᠰᠠᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠯᠠᠭᠤᠯᠤᠯᠲᠠ ᠳᠡᠭᠡᠷ᠎ᠡ ᠨᠢᠭᠲᠠᠷᠠᠭᠤᠯᠬᠤ ᠬᠡᠷᠡᠭᠲᠡᠢ᠃ ᠨᠢᠭᠡ᠎ᠳᠤ᠂ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠰᠠᠶ᠋ᠢᠲᠤᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠥᠭᠵᠢᠯᠲᠡ ᠪᠣᠯᠤᠨ ᠠᠮᠤᠷ ᠲᠦᠪᠰᠢᠨ᠎ᠢ ᠰᠠᠶ᠋ᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠶ ᠵᠢ ᠲᠡᠩᠴᠡᠭᠦᠷᠢᠲᠡᠶ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ》 ᠤᠰᠤ ᠵᠠᠰᠠᠬᠤ ᠰᠡᠳᠬᠢᠮᠵᠢ ᠵᠢ ᠪᠠᠷᠢᠮᠲᠠᠯᠠᠵᠤ᠂ 《ᠦᠨᠡᠨᠬᠦ ᠬᠡᠷᠡᠭᠴᠡᠭᠡ᠎ᠲᠠᠢ᠂ ᠠᠮᠢ ᠠᠬᠤᠶ ᠵᠢᠨ ᠠᠮᠤᠷ ᠲᠦᠪᠰᠢᠨ᠂ ᠦᠷᠭᠦᠯᠵᠢᠯᠡᠵᠦ ᠪᠣᠯᠬᠤ》 ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠨᠤᠲᠠᠯᠠᠬᠤ ᠵᠠᠷᠴᠢᠮ᠎ᠢ ᠪᠠᠷᠢᠮᠲᠠᠯᠠᠵᠤ᠂ ᠤᠰᠤᠨ ᠠᠰᠢᠭᠯᠠᠯᠲᠠ ᠵᠢᠨ ᠲᠥᠯᠥᠪᠵᠢᠭᠦᠯᠭᠡ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠴᠢᠬᠤᠯᠠ ᠶᠡᠬᠡ ᠮᠡᠷᠭᠡᠵᠢᠯ᠎ᠤᠨ ᠪᠣᠭᠣᠮᠲᠠ ᠰᠢᠪᠲᠤᠯᠤᠯᠲᠠ ᠵᠡᠷᠭᠡ ᠲᠠᠯ᠎ᠠ᠎ᠪᠠᠷ 《ᠰᠢᠨ᠎ᠡ   ᠣᠢ᠌ᠯᠠᠭ᠋ᠠᠭᠳᠠᠬᠤᠨ᠂ ᠰᠢᠨ᠎ᠡ ᠰᠡᠳᠬᠢᠮᠵᠢ᠂ ᠰᠢᠨ᠎ᠡ       ᠵᠠᠷᠴᠢᠮ》 ᠵᠶ᠋ᠠᠷ ᠦᠨᠳᠦᠰᠦᠨ ᠵᠢᠷᠤᠮᠯᠠᠯ ᠪᠣᠯᠭ᠋ᠠᠬᠤ ᠬᠡᠷᠡᠭᠲᠡᠶ᠃ ᠬᠣᠶᠠᠷ᠎ᠲᠤ ᠭᠣᠣᠯᠳᠠᠯᠭ᠎ᠠ᠎ᠲᠠᠢ ᠬᠦᠷᠢᠶᠡᠨ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯ᠎ᠢ ᠴᠢᠩᠭ᠋ᠠᠳᠬᠠᠬᠤ ᠬᠡᠷᠡᠭᠲᠡᠢ᠃ ᠤᠰᠤ ᠠᠷᠪᠢᠯᠠᠬᠤ ᠵᠢ ᠴᠢᠩᠭ᠋ᠠᠳᠬᠠᠬᠤ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠴᠢᠩᠭ᠋ᠠᠷᠠᠭᠤᠯᠬᠤ ᠬᠣᠯᠪᠣᠭᠳᠠᠯ ᠪᠥᠬᠥᠶ ᠱᠠᠭ᠋ᠠᠷᠳᠠᠯᠭ᠎ᠠ ᠶᠣᠰᠣᠭ᠋ᠠᠷ᠂ ᠤᠰᠤ ᠠᠷᠪᠢᠯᠠᠬᠤ ᠬᠠᠮᠢᠶ᠎ᠠ ᠪᠥᠬᠥᠶ ᠪᠠᠷᠢᠮᠵᠢᠶ᠎ᠠ᠂ ᠲᠣᠭᠲᠠᠭᠰᠠᠨ ᠨᠣᠷᠮ᠎ᠠ ᠵᠢᠨ ᠨᠠᠶ᠋ᠢᠷᠠᠭᠤᠯᠤᠨ ᠵᠣᠬᠢᠶᠠᠵᠤ ᠰᠤᠳᠤᠯᠬᠤ ᠵᠢ ᠴᠢᠩᠭ᠋ᠠᠳᠬᠠᠵᠤ᠂ ᠤᠰᠤ ᠠᠷᠪᠢᠯᠠᠬᠤ᠎ᠳᠤ ᠬᠣᠯᠪᠣᠭᠳᠠᠭᠰᠠᠨ ᠤᠰᠤ ᠲᠠᠲᠠᠬᠤ᠂ ᠤᠰᠤ ᠳᠠᠮᠵᠢᠭᠤᠯᠬᠤ᠂ ᠤᠰᠤ ᠬᠡᠷᠡᠭᠯᠡᠬᠦ ᠭᠣᠭᠴᠣᠭ᠎ᠠ ᠵᠢ ᠦᠨᠡᠯᠡᠨ ᠵᠢᠱ᠌ᠢᠬᠦ ᠮᠡᠷᠭᠡᠵᠢᠯ᠎ᠤᠨ ᠠᠷᠭ᠎ᠠ ᠵᠢᠨ ᠰᠤᠳᠤᠯᠭ᠋ᠠᠨ ᠪᠠ ᠬᠡᠷᠡᠭᠵᠢᠭᠦᠯᠦᠯᠲᠡ᠂ ᠤᠰᠤ ᠠᠷᠪᠢᠯᠠᠬᠤ ᠮᠡᠷᠭᠡᠵᠢᠯ ᠬᠢᠭᠡᠳ   ᠦᠢ᠍ᠯᠡᠳᠬᠦᠨ᠎ᠤ ᠰᠤᠳᠤᠯᠤᠨ ᠨᠡᠭᠡᠭᠡᠯᠲᠡ ᠵᠢ ᠴᠢᠩᠭ᠋ᠠᠳᠬᠠᠵᠤ᠂ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ》 ᠰᠢᠨᠵᠢᠯᠡᠬᠦ ᠤᠬᠠᠭ᠋ᠠᠨ ᠮᠡᠷᠭᠡᠵᠢᠯ᠎ᠢ ᠤᠷᠢᠳᠠᠪᠠᠷ ᠬᠡᠷᠡᠭᠵᠢᠭᠦᠯᠬᠦ ᠵᠢ ᠠᠬᠢᠭᠤᠯᠤᠨ᠎ᠠ᠃ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠤᠨ ᠠᠭᠤᠯᠤᠭᠳᠠᠬᠤᠨ᠂ ᠮᠡᠷᠭᠡᠵᠢᠯ᠎ᠤᠨ ᠭᠦᠢ᠍ᠴᠡᠳᠬᠡᠬᠦ ᠲᠣᠭ᠎ᠠ ᠪᠠ ᠪᠡᠶᠡᠯᠡᠭᠦᠯᠬᠦ ᠠᠷᠭ᠎ᠠ ᠵᠠᠮ᠎ᠤᠨ ᠰᠤᠳᠤᠯᠤᠯ᠎ᠢ ᠴᠢᠩᠭ᠋ᠠᠷᠠᠭᠤᠯᠵᠤ᠂ ᠤᠰᠤᠨ᠎ᠤ ᠡᠬᠢ ᠪᠠᠶᠠᠯᠢᠭ᠎ᠤᠨ ᠬᠡᠷᠡᠭᠴᠡᠭᠡ ᠱᠠᠭ᠋ᠠᠷᠳᠠᠯᠭ᠎ᠠ ᠪᠠ ᠬᠠᠩᠭ᠋ᠠᠯᠭ᠎ᠠ ᠬᠠᠮᠢᠶᠠᠷᠤᠯᠲᠠ ᠵᠢ ᠨᠢᠭᠡᠳᠦᠯᠲᠡᠶ ᠲᠥᠯᠥᠪᠯᠡᠨ ᠴᠢᠩᠭ᠋ᠠᠳᠬᠠᠬᠤ᠎ᠳᠤ ᠬᠦᠴᠦᠨ ᠲᠡᠭᠦᠯᠳᠡᠷ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃ ᠭᠤᠷᠪᠠ᠎ᠳᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠬᠦᠴᠦᠲᠡᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠶ᠃ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠰᠢᠨ᠎ᠡ ᠡᠭᠦᠷᠭᠡ ᠵᠢ ᠣᠨᠣᠪᠴᠢᠲᠠᠢ ᠡᠵᠡᠮᠳᠡᠵᠦ᠂ ᠰᠠᠪᠠ ᠭᠠᠵᠠᠷ ᠠᠯᠤᠰᠯᠠᠭᠰᠠᠨ ᠤᠰᠤ ᠲᠠᠲᠠᠬᠤ ᠴᠢᠬᠤᠯᠠ ᠶᠡᠬᠡ ᠢᠨᠵᠧᠨᠧᠷᠢᠩ᠎ᠢ ᠬᠡᠷᠡᠭᠵᠢᠭᠦᠯᠦᠭᠡᠳ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠵᠢ ᠪᠠᠷᠢᠮᠲᠠᠯᠠᠨ ᠰᠠᠶ᠋ᠢᠲᠤᠷ ᠬᠡᠷᠡᠭᠯᠡᠵᠦ᠂ ᠵᠠᠯᠭ᠋ᠠᠮᠵᠢ ᠢᠨᠵᠧᠨᠧᠷᠢᠩ᠎ᠤᠨ ᠲᠥᠯᠥᠪᠵᠢᠭᠦᠯᠭᠡ ᠪᠠ ᠪᠦᠳᠦᠭᠡᠨ ᠪᠠᠶ᠋ᠢᠭᠤᠯᠤᠯᠲᠠ ᠵᠢᠨ ᠲᠥᠰᠦᠯ᠎ᠢ ᠠᠳᠠᠯᠢᠳᠬᠠᠨ ᠰᠣᠩᠭᠣᠵᠤ ᠨᠤᠲᠠᠯᠠᠬᠤ ᠵᠢ ᠭᠦᠨᠵᠡᠭᠡᠶ᠋ᠢᠷᠡᠭᠦᠯᠬᠦ᠎ᠳᠤ ᠢᠳᠡᠪᠬᠢᠲᠡᠢ ᠣᠷᠣᠯᠴᠠᠵᠤ᠂ ᠬᠣᠯᠪᠣᠭᠳᠠᠯ ᠪᠦᠬᠦᠢ ᠰᠠᠭᠤᠷᠢ ᠰᠤᠳᠤᠯᠭ᠋ᠠᠨ ᠪᠠ ᠴᠢᠬᠤᠯᠠ ᠶᠡᠬᠡ ᠵᠠᠩᠭᠢᠯᠠᠭ᠎ᠠ ᠵᠢᠨ ᠠᠰᠠᠭᠤᠳᠠᠯ᠎ᠢ ᠡᠮᠬᠢᠯᠡᠨ ᠲᠢᠭᠯᠡᠬᠦ ᠪᠠ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯ᠎ᠢ ᠴᠢᠩᠭ᠋ᠠᠳᠬᠠᠵᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠤᠨ ᠳᠠᠷᠠᠭ᠋ᠠᠬᠢ ᠦᠨᠡᠯᠡᠨ ᠵᠢᠱ᠌ᠢᠬᠦ ᠰᠤᠳᠤᠯᠭ᠋ᠠᠨ᠂ ᠣᠷᠣᠨ ᠪᠦᠰᠡ ᠵᠢᠨ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ ᠵᠢᠨ ᠲᠤᠬᠠᠢ ᠰᠤᠳᠤᠯᠭ᠋ᠠᠨ ᠵᠡᠷᠭᠡ᠎ᠳᠤ ᠢᠳᠡᠪᠬᠢᠲᠡᠢ ᠣᠷᠣᠯᠴᠠᠵᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠤᠨ ᠵᠠᠯᠭ᠋ᠠᠮᠵᠢ ᠢᠨᠵᠧᠨᠧᠷᠢᠩ᠎ᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ᠃ ᠳᠥᠷᠪᠡ᠎ᠳᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠠᠮᠤᠷ ᠲᠦᠪᠰᠢᠨ᠎ᠤ ᠪᠠᠲᠤᠯᠠᠭ᠎ᠠ ᠵᠢᠨ ᠮᠡᠷᠭᠡᠵᠢᠯ᠎ᠤᠨ   ᠦᠢ᠍ᠯᠡᠴᠢᠯᠡᠬᠡ ᠵᠢ ᠢᠳᠡᠪᠬᠢᠲᠡᠶ ᠰᠠᠶ᠋ᠢᠲᠤᠷ ᠬᠢᠬᠦ ᠬᠡᠷᠡᠭᠲᠡᠶ᠃ ᠤᠯᠤᠰ ᠣᠷᠣᠨ ᠵᠶ᠋ᠠᠨ ᠪᠤᠲᠤᠬᠤ ᠶᠡᠬᠡ ᠲᠠᠯ᠎ᠠ ᠵᠢ ᠪᠤᠲᠤᠵᠤ᠂ ᠠᠮᠢ ᠨᠠᠰᠤᠨ᠎ᠤ ᠱᠤᠭᠤᠮ᠎ᠢ ᠰᠠᠬᠢᠨ ᠬᠠᠮᠠᠭ᠋ᠠᠯᠠᠬᠤ ᠤᠯᠤᠰ ᠲᠦᠷᠦ ᠵᠢᠨ ᠦᠨᠲᠦᠷᠴᠡ᠎ᠠᠴᠠ ᠵᠡᠭᠦᠨ᠂ ᠳᠤᠮᠳᠠ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ᠎ᠤᠨ ᠠᠮᠤᠷ ᠲᠦᠪᠰᠢᠨ᠎ᠤ ᠬᠠᠮᠢᠶᠠᠷᠤᠯᠲᠠ ᠪᠣᠯᠤᠨ ᠲᠤᠬᠢᠷᠠᠭᠤᠯᠤᠯᠲᠠ ᠬᠠᠮᠢᠶᠠᠷᠤᠯᠲᠠ ᠵᠢ ᠳᠡᠭᠡᠭᠰᠢᠯᠡᠭᠦᠯᠬᠦ ᠠᠵᠢᠯ᠎ᠳᠤ ᠢᠳᠡᠪᠬᠢᠲᠡᠢ ᠣᠷᠣᠯᠴᠠᠵᠤ᠂ ᠢᠨᠵᠧᠨᠧᠷᠢᠩ᠎ᠤᠨ ᠠᠮᠤᠷ ᠲᠦᠪᠰᠢᠨ᠂ ᠤᠰᠤ ᠬᠠᠩᠭ᠋ᠠᠬᠤ ᠠᠮᠤᠷ ᠲᠦᠪᠰᠢᠨ᠂ ᠤᠰᠤᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠬᠤ᠎ᠳᠤ ᠪᠠᠲᠤ ᠪᠡᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠲᠤᠯᠠᠭ᠎ᠠ ᠪᠣᠯᠤᠨ ᠲᠤᠯᠭ᠋ᠠᠭᠤᠷᠢᠯᠠᠯ᠎ᠤᠨ ᠦᠢ᠍ᠯᠡᠴᠢᠯᠡᠭᠡ ᠬᠠᠩᠭ᠋ᠠᠬᠤ ᠬᠡᠷᠡᠭᠲᠡᠢ   ᠭᠡᠵᠦ ᠴᠢᠬᠤᠯᠠᠴᠢᠯᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠶᠠᠮᠤᠨ ᠶᠠᠮᠤᠨ᠎ᠤ ᠶᠠᠪᠤᠳᠠᠯ᠎ᠤᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ ᠠᠵᠢᠯ᠎ᠤᠨ ᠬᠤᠪᠢᠶᠠᠷᠢᠯᠠᠯ᠎ᠤᠨ ᠲᠥᠰᠦᠯ᠎ᠢ ᠰᠤᠳᠤᠯᠤᠨ ᠨᠠᠶ᠋ᠢᠳᠠᠪᠤᠷᠢᠵᠢᠭᠤᠯᠪᠠ
ᠤᠰᠤᠨ ᠠᠰᠢᠭᠯᠠᠯᠲᠠ ᠵᠢᠨ ᠶᠠᠮᠤᠨ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠬᠥᠬᠡᠮᠥ᠋ᠷᠡᠨ᠎ᠤ ᠤᠰᠤᠨ ᠠᠰᠢᠭᠯᠠᠯᠲᠠ ᠵᠢᠨ ᠵᠥᠪᠯᠡᠯ ᠰᠢᠷᠦᠭᠦᠨ ᠪᠣᠷᠣᠭ᠋ᠠᠨ᠎ᠢ ᠰᠡᠷᠭᠡᠶ᠋ᠢᠯᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠶᠤᠯ᠎ᠠᠴᠠ ᠠᠪᠤᠷᠠᠬᠤ ᠮᠡᠷᠭᠡᠵᠢᠯ᠎ᠤᠨ ᠲᠤᠯᠭ᠋ᠠᠭᠤᠷᠢᠯᠠᠬᠤ ᠪᠡᠯᠡᠳᠬᠡᠯ ᠠᠵᠢᠯ᠎ᠢ ᠵᠥᠪᠳᠡᠯᠴᠡᠨ ᠪᠠᠶ᠋ᠢᠷᠢᠯᠠᠭᠤᠯᠪᠠ
ᠬᠥᠬᠡᠮᠥ᠋ᠷᠡᠨ᠎ᠤ ᠤᠰᠤᠨ ᠠᠰᠢᠭᠯᠠᠯᠲᠠ ᠵᠢᠨ ᠵᠥᠪᠯᠡᠯ ᠲᠠᠪᠤᠨ ᠵᠢᠯ ᠳᠠᠷᠠᠭ᠋ᠠᠯᠠᠨ ᠬᠤᠪᠸᠢ ᠮᠤᠵᠢ ᠵᠢᠨ 《ᠶᠠᠳᠠᠭᠤ ᠵᠢ ᠲᠡᠳᠬᠦᠬᠦ ᠠᠵᠢᠯ᠎ᠤᠨ ᠲᠣᠪᠣᠶ᠋ᠢᠮ᠎ᠠ ᠳᠡᠮᠵᠢᠯᠭᠡ ᠵᠢᠨ ᠨᠢᠭᠡᠴᠢ》 ᠵᠢᠨ ᠢᠷᠠᠭᠤ ᠠᠯᠳᠠᠷ᠎ᠢ ᠭᠥᠷᠳᠡᠪᠡ
ᠳᠤᠮᠳᠠᠳᠤ ᠤᠯᠤᠰ᠎ᠤᠨ ᠤᠰᠤᠨ ᠠᠰᠢᠭᠯᠠᠯᠲᠠ ᠵᠢᠨ ᠰᠣᠨᠢᠨ᠎ᠤ ᠬᠣᠷᠢᠶ᠎ᠠ 《ᠨᠡᠶ᠋ᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶ᠋ᠢᠭᠤᠯᠤᠯᠲᠠ ᠵᠢᠨ ᠴᠠᠭ ᠦᠶ᠎ᠡ ᠵᠢᠨ ᠲᠡᠦᠬᠡ》 ᠵᠢ ᠲᠤᠰᠬᠠᠶ ᠰᠡᠳᠦᠪ ᠵᠶ᠋ᠠᠷ ᠰᠤᠷᠤᠯᠴᠠᠵᠤ ᠰᠤᠳᠤᠯᠤᠨ ᠶᠠᠷᠢᠯᠴᠠᠪᠠ
 
            