ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠳᠤᠮᠳᠠᠳᠤ ᠤᠯᠤᠰ᠎ᠤᠨ ᠤᠰᠤᠨ ᠠᠰᠢᠭᠯᠠᠯᠲᠠ ᠵᠢᠨ ᠰᠣᠨᠢᠨ᠎ᠤ ᠬᠣᠷᠢᠶ᠎ᠠ 《ᠨᠡᠶ᠋ᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶ᠋ᠢᠭᠤᠯᠤᠯᠲᠠ ᠵᠢᠨ ᠴᠠᠭ ᠦᠶ᠎ᠡ ᠵᠢᠨ ᠲᠡᠦᠬᠡ》 ᠵᠢ ᠲᠤᠰᠬᠠᠶ ᠰᠡᠳᠦᠪ ᠵᠶ᠋ᠠᠷ ᠰᠤᠷᠤᠯᠴᠠᠵᠤ ᠰᠤᠳᠤᠯᠤᠨ ᠶᠠᠷᠢᠯᠴᠠᠪᠠ
ᠨᠡᠶ᠋ᠢᠲᠡᠯᠡᠭᠰᠡᠨ ᠴᠠᠭ᠄ 2021-05-26

      ᠲᠤᠰ ᠰᠦᠯᠵᠢᠶᠡᠨ᠎ᠤ ᠮᠡᠳᠡᠭᠡ 5 ᠰᠠᠷ᠎ᠠ ᠵᠢᠨ 21᠎ᠤ ᠡᠳᠦᠷ᠂ ᠳᠤᠮᠳᠠᠳᠤ ᠤᠯᠤᠰ᠎ᠤᠨ ᠤᠰᠤᠨ ᠠᠰᠢᠭᠯᠠᠯᠲᠠ ᠵᠢᠨ ᠰᠣᠨᠢᠨ᠎ᠤ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠶ᠋ᠢᠯᠠᠩ (ᠥᠷᠭᠡᠳᠬᠡᠭᠰᠡᠨ) ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠵᠤ᠂ 《ᠨᠡᠶ᠋ᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶ᠋ᠢᠭᠤᠯᠤᠯᠲᠠ ᠵᠢᠨ ᠴᠠᠭ ᠦᠶ᠎ᠡ ᠵᠢᠨ ᠲᠡᠦᠬᠡ》 ᠵᠢᠨ ᠲᠤᠬᠠᠶ ᠲᠤᠰᠬᠠᠶ ᠰᠡᠳᠦᠪ ᠵᠶ᠋ᠠᠷ ᠰᠤᠷᠤᠯᠴᠠᠵᠤ ᠰᠤᠳᠤᠯᠤᠨ ᠶᠠᠷᠢᠯᠴᠠᠪᠠ᠃ ᠬᠤᠷᠠᠯ ᠳᠡᠭᠡᠷ᠎ᠡ᠂ ᠨᠠᠮ᠎ᠤᠨ ᠭᠡᠰᠢᠭᠦᠨ ᠺᠠᠳ᠋ᠷᠴᠤᠳ ᠨᠡᠶ᠋ᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶ᠋ᠢᠭᠤᠯᠤᠯᠲᠠ ᠵᠢᠨ ᠴᠠᠭ ᠦᠶ᠎ᠡ ᠵᠢᠨ ᠲᠡᠦᠬᠡ ᠵᠢ ᠰᠤᠷᠤᠯᠴᠠᠬᠤ ᠵᠢᠨ ᠲᠣᠭᠣᠷᠢᠨ᠎ᠳᠤ ᠰᠠᠨᠠᠯ ᠵᠶ᠋ᠠᠨ ᠰᠣᠯᠢᠯᠴᠠᠵᠤ ᠰᠤᠷᠤᠯᠴᠠᠭᠰᠠᠨ ᠣᠶ᠋ᠢᠯᠠᠭ᠋ᠠᠯᠲᠠ᠎ᠪᠠᠨ ᠬᠤᠪᠢᠶᠠᠯᠴᠠᠪᠠ᠃
      ᠣᠯᠠᠨ ᠵᠶ᠋ᠠᠷ ᠵᠶ᠋ᠠᠨ 1949 ᠣᠨ᠎ᠤ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ ᠴᠠᠭ᠎ᠠᠴᠠ 1978 ᠣᠨ᠎ᠳᠤ ᠬᠤᠷᠠᠯᠳᠤᠭᠰᠠᠨ ᠨᠠᠮ᠎ᠤᠨ ᠠᠷᠪᠠᠨ ᠨᠢᠭᠡᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ ᠬᠤᠷᠠᠯᠳᠤᠬᠤ ᠴᠠᠭ ᠪᠣᠯᠲᠠᠯ᠎ᠠ᠂ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠲᠡᠰᠪᠦᠷᠢ ᠬᠠᠲᠠᠭᠤᠵᠢᠯᠲᠠᠶ᠎ᠪᠠᠷ ᠲᠡᠮᠡᠴᠡᠵᠦ᠂ ᠬᠦᠴᠦᠷᠬᠡᠭᠵᠢᠬᠦ᠎ᠪᠠᠷ ᠬᠦᠴᠦᠯᠡᠨ ᠴᠢᠷᠮᠠᠶ᠋ᠢᠵᠤ ᠢᠳᠡᠪᠬᠢᠲᠡᠶ ᠰᠦᠪᠡᠭᠴᠢᠯᠡᠨ᠂ ᠨᠡᠶ᠋ᠢᠭᠡᠮ ᠵᠢᠷᠤᠮ᠎ᠤᠨ ᠦᠨᠳᠦᠰᠦᠨ ᠪᠠᠶ᠋ᠢᠭᠤᠯᠤᠯ᠎ᠢ ᠲᠣᠭᠲᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠲᠡᠦᠬᠡᠨ ᠳᠡᠭᠡᠷᠡᠬᠢ ᠬᠠᠮᠤᠭ᠎ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠶ ᠨᠡᠶ᠋ᠢᠭᠡᠮ᠎ᠤᠨ ᠬᠤᠪᠢᠰᠤᠯᠲᠠ ᠵᠢ ᠪᠡᠶᠡᠯᠡᠭᠦᠯᠦᠭᠰᠡᠨ ᠴᠠᠭ ᠦᠶ᠎ᠡ ᠮᠥᠨ ᠭᠡᠵᠦ ᠰᠠᠨᠠᠯ ᠨᠢᠭᠡᠲᠡᠢ ᠪᠠᠢ᠌ᠪᠠ᠃
      ᠬᠤᠷᠠᠯ᠎ᠠᠴᠠ᠂ ᠨᠡᠶ᠋ᠢᠭᠡᠮ ᠵᠢᠷᠤᠮ᠎ᠤᠨ ᠪᠦᠳᠦᠭᠡᠨ ᠪᠠᠶ᠋ᠢᠭᠤᠯᠤᠯᠲᠠ ᠵᠢᠨ ᠦᠢ᠍ᠯᠡᠰ᠎ᠢ ᠠᠬᠢᠭᠤᠯᠬᠤ᠎ᠳᠤ ᠡᠷᠬᠡᠪᠰᠢ ᠦᠨᠡᠨ᠎ᠠᠴᠠ ᠵᠥᠪ᠎ᠢ ᠡᠷᠢᠬᠦ ᠵᠢ ᠪᠠᠷᠢᠮᠲᠠᠯᠠᠵᠤ᠂ ᠠᠯᠢᠪᠠ ᠪᠦᠬᠦᠨ ᠪᠣᠳᠠᠲᠠᠢ᠎ᠠᠴᠠ ᠡᠭᠦᠰᠴᠦ᠂ ᠤᠨᠤᠯ᠎ᠢ ᠪᠣᠳᠠᠲᠠᠢ᠎ᠲᠠᠢ ᠤᠶᠠᠯᠳᠤᠭᠤᠯᠵᠤ᠂ ᠦᠢ᠍ᠯᠡᠳᠦᠯᠭᠡ ᠵᠢᠨ ᠳᠤᠮᠳᠠ ᠦᠨᠡᠨ ᠶᠣᠰᠣ ᠵᠢ ᠰᠢᠯᠭ᠋ᠠᠨ ᠬᠥᠭᠵᠢᠭᠦᠯᠬᠦ ᠵᠢ ᠪᠠᠷᠢᠮᠲᠠᠯᠠᠬᠤ ᠬᠡᠷᠡᠭᠲᠡᠢ; ᠡᠷᠬᠡᠪᠰᠢ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠬᠦ᠂ ᠥᠪᠡᠷ᠎ᠤᠨ ᠬᠦᠴᠦ᠎ᠪᠠᠷ ᠵᠶ᠋ᠠᠨ ᠳᠡᠭᠵᠢᠷᠡᠬᠦ ᠵᠢ ᠪᠠᠷᠢᠮᠲᠠᠯᠠᠵᠤ᠂ ᠥᠪᠡᠷ᠎ᠤᠨ ᠵᠠᠮ ᠵᠶ᠋ᠠᠷ ᠵᠶ᠋ᠠᠨ ᠡᠷᠡᠰ ᠭᠤᠶ᠋ᠢᠪᠢᠰᠢ ᠦᠭᠡᠢ ᠵᠠᠮᠨᠠᠬᠤ ᠬᠡᠷᠡᠭᠲᠡᠢ᠃ ᠨᠡᠶ᠋ᠢᠭᠡᠮ ᠵᠢᠷᠤᠮ ᠬᠢᠯᠪᠠᠷ ᠪᠤᠰᠤ᠎ᠪᠠᠷ ᠢᠷᠡᠭᠰᠡᠨ᠂ ᠥᠨᠥᠳᠦᠷ᠎ᠤᠨ ᠵᠣᠯ ᠵᠢᠷᠭ᠋ᠠᠯᠲᠤ ᠠᠮᠢᠳᠤᠷᠠᠯ ᠬᠢᠯᠪᠠᠷ ᠪᠤᠰᠤ᠎ᠪᠠᠷ ᠢᠷᠡᠭᠰᠡᠨ ᠭᠡᠳᠡᠭ᠎ᠢ ᠭᠦᠨᠵᠡᠭᠡᠶ ᠲᠠᠨᠢᠵᠤ᠂ 《ᠳᠥᠷᠪᠡᠨ ᠤᠬᠠᠮᠰᠠᠷ》 ᠵᠶ᠋ᠠᠨ ᠴᠢᠨᠠᠭᠰᠢᠳᠠ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠣᠶ᠋ᠢᠯᠠᠭ᠋ᠠᠬᠤ ᠴᠢᠳᠠᠪᠤᠷᠢ᠂ ᠤᠯᠤᠰ ᠲᠥᠷᠥ ᠵᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ 《ᠤᠯᠤᠰ᠎ᠤᠨ ᠶᠡᠬᠡ ᠶᠠᠪᠤᠳᠠᠯ》᠎ᠢ ᠰᠡᠳᠬᠢᠯ᠎ᠳᠡᠭᠡᠨ ᠪᠤᠳᠤᠯᠬᠢᠯᠠᠵᠤ᠂ ᠤᠬᠠᠮᠰᠠᠷ᠎ᠠᠴᠠ᠎ᠪᠠᠨ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ ᠵᠢᠨ ᠦᠨᠳᠦᠷᠴᠡ᠎ᠠᠴᠠ ᠤᠰᠤᠨ ᠠᠰᠢᠭᠯᠠᠯᠲᠠ ᠵᠢᠨ ᠰᠣᠨᠢᠨ ᠮᠡᠳᠡᠭᠡ ᠤᠬᠠᠭᠤᠯᠭ᠎ᠠ ᠵᠢᠨ ᠠᠵᠢᠯ᠎ᠢ ᠲᠥᠯᠥᠪᠵᠢᠭᠦᠯᠦᠨ ᠠᠬᠢᠭᠤᠯᠬᠤ ᠬᠡᠷᠡᠭᠲᠡᠶ᠃ ᠨᠠᠮ᠎ᠤᠨ ᠲᠡᠦᠬᠡ ᠵᠢᠨ ᠰᠤᠷᠤᠯᠴᠠᠯᠭ᠎ᠠ᠎ᠠᠴᠠ ᠵᠥᠪ ᠪᠤᠷᠤᠭᠤ ᠬᠣᠶᠠᠷ ᠲᠠᠯ᠎ᠠ ᠵᠢᠨ ᠲᠡᠦᠬᠡᠨ ᠲᠤᠷᠰᠢᠯᠭ᠎ᠠ ᠵᠢ ᠰᠢᠩᠭᠡᠭᠡᠨ ᠠᠪᠴᠤ᠂ ᠲᠡᠦᠬᠡ ᠵᠢᠨ ᠦᠭᠡᠶ᠋ᠢᠰᠬᠡᠬᠦ ᠦᠵᠡᠯ᠎ᠢ ᠡᠷᠡᠰ ᠡᠰᠡᠷᠭᠦᠴᠡᠨ ᠬᠣᠷᠢᠭᠯᠠᠵᠤ᠂ ᠨᠠᠮ᠎ᠤᠨ ᠲᠡᠦᠬᠡᠨ ᠳᠡᠭᠡᠷᠡᠬᠢ ᠴᠢᠬᠤᠯᠠ ᠶᠡᠬᠡ ᠬᠡᠷᠡᠭ ᠶᠠᠪᠤᠳᠠᠯ᠂ ᠴᠢᠬᠤᠯᠠ ᠬᠤᠷᠠᠯ᠂ ᠴᠢᠬᠤᠯᠠ ᠬᠥᠮᠦᠰ᠎ᠢ ᠵᠥᠪ ᠵᠶ᠋ᠠᠷ ᠲᠠᠨᠢᠨ ᠰᠢᠨᠵᠢᠯᠡᠬᠦ ᠤᠬᠠᠭ᠋ᠠᠨᠴᠢ᠎ᠪᠠᠷ ᠦᠨᠡᠯᠡᠵᠦ᠂ ᠨᠠᠮ᠎ᠤᠨ ᠲᠡᠦᠬᠡ ᠵᠢᠨ ᠬᠥᠭᠵᠢᠯᠲᠡ ᠵᠢᠨ ᠭᠣᠣᠯ ᠰᠡᠳᠦᠪ ᠭᠣᠣᠯ ᠰᠢᠵᠢᠮ᠂ ᠭᠣᠣᠯ ᠤᠷᠤᠰᠬᠠᠯ᠎ᠤᠨ ᠮᠥᠨ ᠴᠢᠨᠠᠷ᠎ᠢ ᠣᠨᠣᠪᠴᠢᠲᠠᠢ ᠡᠵᠡᠮᠳᠡᠬᠦ ᠬᠡᠷᠡᠭᠲᠡᠢ᠃ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠦᠷᠭᠦᠯᠵᠢᠯᠡᠨ ᠴᠢᠨᠠᠷ ᠰᠠᠶ᠋ᠢᠲᠠᠶ ᠠᠬᠢᠭᠤᠯᠵᠤ᠂ 《ᠤᠶᠠᠯᠳᠤᠭᠤᠯᠬᠤ ᠠᠵᠢᠯ》᠎ᠢ ᠰᠠᠶ᠋ᠢᠲᠤᠷ ᠬᠢᠵᠦ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠰᠣᠨᠢᠨ᠎ᠤ ᠬᠣᠷᠢᠶ᠎ᠠ ᠵᠢᠨ ᠭᠤᠤᠯ ᠠᠵᠢᠯ᠎ᠲᠠᠢ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠤᠬᠠᠭᠤᠯᠭ᠎ᠠ ᠵᠢᠨ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠶ᠃

ᠢᠷᠡᠯᠲᠡ᠄
          
ᠬᠠᠮᠢᠶ᠎ᠡ ᠪᠦᠬᠦᠢ ᠰᠣᠨᠢᠨ
ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠢ᠍ᠢ᠍ᠯᠡᠵᠦ ᠬᠠᠮᠲᠤᠷᠠᠨ ᠡᠵᠡᠮᠳᠡᠬᠦ ᠲᠣᠭᠲᠠᠴᠠ ᠵᠢᠨ ᠰᠣᠨᠢᠨ ᠮᠡᠳᠡᠭᠡ ᠨᠡᠢ᠍ᠢ᠍ᠳᠡᠯᠡᠭᠦ ᠬᠤᠷᠠᠯ
ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠥᠷᠥᠰᠥ ᠰᠢᠷᠣᠢ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠤᠰᠤᠨ ᠠᠰᠢᠭᠯᠠᠯᠲᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ
ᠤᠰᠤᠨ ᠠᠰᠢᠭᠯᠠᠯᠲᠠ ᠵᠢᠨ ᠶᠠᠮᠤᠨ᠎ᠤ ᠤᠰᠤᠨ ᠠᠰᠢᠭᠯᠠᠯᠲᠠ ᠵᠢᠨ ᠠᠶᠤᠯᠬᠦᠢ ᠦᠢ᠍ᠯᠡᠳᠪᠦᠷᠢᠯᠡᠯ᠎ᠢ ᠪᠠᠷᠢᠮᠵᠢᠶᠠᠵᠢᠭᠤᠯᠤᠭᠰᠠᠨ ᠪᠠᠷᠢᠮᠵᠢᠶ᠎ᠠ᠎ᠳᠤ ᠬᠦᠷᠦᠭᠰᠡᠨ ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠬᠦ ᠰᠠᠨᠠᠯ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠤᠭᠴᠢᠳ᠎ᠤᠨ ᠳᠠᠰᠬᠠᠯ ᠳᠠᠭ᠋ᠠᠭ᠋ᠠᠯᠭ᠋ᠠᠪᠤᠷᠢ ᠵᠢᠨ ᠳᠠᠷᠤᠭ᠋ᠠᠰᠤ ᠪᠠ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠳᠠᠷᠤᠭ᠋ᠠᠰᠤ ᠵᠢ ᠴᠢᠨᠠᠭᠰᠢᠳᠠ ᠬ᠋ᠥᠩᠭᠡᠷᠡᠭᠦᠯᠬᠦ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠪᠠ
ᠫᠤᠷᠲ᠋ᠠᠯ ᠰᠠᠢ᠌ᠲ᠎ᠤᠨ ᠪᠤᠯᠤᠩ᠎ᠢ ᠬᠤᠪᠢᠷᠠᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠯᠪᠠᠨ ᠨᠡᠢ᠍ᠲᠡᠯᠡᠯ
 
            