ᠤᠰᠤ ᠬᠠᠮᠠᠭ᠋ᠠᠯᠠᠬᠤ ᠠᠯᠪᠠᠨ ᠭᠡᠷ[2021] 143 ᠳ᠋ᠤᠭ᠋ᠠᠷ ᠲᠣᠭ᠋ᠠᠲᠤ
ᠶᠠᠮᠤᠨ᠎ᠤ ᠪᠠᠢ᠌ᠭᠤᠯᠭ᠎ᠠ ᠵᠢᠨ ᠡᠯ᠎ᠡ ᠵᠤᠷᠭ᠋ᠠᠨ ᠲᠤᠪᠴᠢᠶ᠎ᠠ᠂ ᠶᠠᠮᠤᠨ᠎ᠤ ᠰᠢᠭᠤᠳ ᠬᠠᠷᠢᠶ᠎ᠠ ᠡᠯ᠎ᠡ ᠪᠠᠢ᠌ᠭᠤᠯᠭ᠎ᠠ ᠨᠢᠭᠡᠴᠢ᠂ ᠡᠯ᠎ᠡ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠤᠰᠤᠨ ᠠᠰᠢᠭᠯᠠᠯᠳᠠ (ᠤᠰᠤᠨ᠎ᠤ ᠶᠠᠪᠤᠳᠠᠯ) ᠵᠢᠨ ᠲᠢᠩᠬᠢᠮ (ᠲᠤᠪᠴᠢᠶ᠎ᠠ)᠂ ᠡᠯ᠎ᠡ ᠲᠦᠯᠦᠪᠯᠡᠭᠡᠲᠦ ᠲᠤᠰᠠᠭ᠋ᠠᠷ ᠵᠢᠭᠰᠠᠭ᠋ᠠᠭᠰᠠᠨ ᠬᠤᠳᠠ ᠵᠢᠨ ᠤᠰᠤᠨ ᠠᠰᠢᠭᠯᠠᠯᠳᠠ (ᠤᠰᠤᠨ᠎ᠤ ᠶᠠᠪᠤᠳᠠᠯ) ᠵᠢᠨ ᠲᠤᠪᠴᠢᠶ᠎ᠠ᠂ ᠰᠢᠨᠵᠢᠶᠠᠩ᠎ᠤᠨ ᠦᠢ᠍ᠯᠡᠳᠪᠤᠷᠢᠯᠡᠯ ᠪᠦᠳᠦᠭᠡᠨ ᠪᠠᠢ᠌ᠭᠤᠯᠤᠯᠳᠠ ᠵᠢᠨ ᠪᠢᠩᠲ᠋ᠤᠸᠠᠨ᠎ᠤ ᠤᠰᠤᠨ ᠠᠰᠢᠭᠯᠠᠯᠳᠠ ᠵᠢᠨ ᠲᠤᠪᠴᠢᠶ᠎ᠠ᠄
ᠬᠥᠷᠥᠰᠥ ᠰᠢᠷᠣᠢ ᠵᠢᠨ ᠬᠠᠮᠠᠭ᠋ᠠᠯᠠᠯᠲᠠ ᠵᠢ ᠰᠠᠶ᠋ᠢᠲᠤᠷ ᠬᠢᠵᠦ᠂ ᠬᠥᠷᠥᠰᠥ ᠰᠢᠷᠣᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠪᠤᠯ ᠤᠰᠤ ᠵᠢ ᠵᠠᠰᠠᠬᠤ ᠦᠢ᠍ᠯᠡᠰ᠎ᠤᠨ ᠨᠢᠭᠡᠨ ᠦᠨᠳᠦᠰᠦᠨ ᠴᠢᠨᠠᠷᠲᠠᠢ ᠠᠷᠭ᠎ᠠ ᠬᠡᠮᠵᠢᠶ᠎ᠡ ᠮᠦᠨ᠂ ᠮᠥᠨ ᠴᠦ᠍ ᠠᠮᠢ ᠠᠬᠤᠢ ᠣᠷᠴᠢᠨ ᠲᠤᠭᠤᠷᠢᠨ᠎ᠢ ᠰᠠᠶ᠋ᠢᠵᠢᠷᠠᠭᠤᠯᠤᠨ ᠬᠠᠮᠠᠭ᠋ᠠᠯᠠᠬᠤ ᠨᠢᠭᠡᠨ ᠪᠠᠴᠢᠮ ᠲᠤᠯᠭ᠋ᠠᠮ᠎ᠠ ᠪᠥᠭᠡᠳ ᠤᠷᠲᠤ ᠬᠤᠭᠤᠴᠠᠭ᠋ᠠᠨ᠎ᠤ ᠪᠠᠶ᠋ᠢᠯᠳᠤᠬᠤ ᠪᠣᠳᠣᠯᠭ᠎ᠠ ᠵᠢᠨ ᠡᠭᠦᠷᠭᠡ ᠪᠣᠯᠤᠨ᠎ᠠ᠃ ᠤᠰᠤᠨ ᠠᠰᠢᠭᠯᠠᠯᠲᠠ ᠪᠣᠯ ᠤᠯᠤᠰ ᠠᠷᠠᠳ᠎ᠤᠨ ᠠᠵᠤ ᠠᠬᠤᠢ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠴᠢᠬᠤᠯᠠ ᠰᠠᠭᠤᠷᠢ ᠪᠡᠯᠡᠳᠬᠡᠮᠵᠢ ᠪᠣᠯᠬᠤ ᠲᠤᠯᠠ᠂ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠥᠷᠥᠰᠥ ᠰᠢᠷᠣᠢ ᠵᠢ ᠬᠠᠮᠠᠭ᠋ᠠᠯᠠᠬᠤ ᠠᠵᠢᠯ᠎ᠢ ᠰᠠᠶ᠋ᠢᠲᠤᠷ ᠬᠢᠬᠦ᠎ᠨᠢ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠵᠤ᠂ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷ ᠰᠠᠢ᠌ᠳᠠᠢ ᠬᠦᠭᠵᠢᠯᠳᠡ ᠵᠢ ᠲᠦᠯᠬᠢᠨ ᠠᠬᠢᠭᠤᠯᠬᠤ ᠵᠢᠨ ᠵᠠᠶ᠋ᠢᠯᠠᠰᠢ ᠥᠬᠡᠢ ᠱᠠᠭ᠋ᠠᠷᠳᠠᠯᠭ᠎ᠠ ᠪᠣᠯᠤᠨ᠎ᠠ᠃ ᠣᠳᠣᠬᠠᠨ᠎ᠳᠤ᠂ ᠲᠥᠷᠥᠯ ᠵᠦᠢ᠍ᠯ᠎ᠢ ᠨᠠᠶ᠋ᠢᠳᠠᠪᠤᠷᠢᠵᠢᠭᠤᠯᠬᠤ ᠲᠤᠮᠳᠠ ᠬᠥᠷᠥᠰᠥ ᠰᠢᠷᠣᠢ ᠵᠢᠨ ᠬᠠᠮᠠᠭ᠋ᠠᠯᠠᠯᠲᠠ ᠵᠢ ᠴᠢᠬᠤᠯᠠᠴᠢᠯᠠᠬᠤ᠎ᠪᠠᠷ ᠬᠦᠷᠦᠯᠴᠡᠬᠦ ᠥᠬᠡᠢ᠂ ᠬᠥᠷᠥᠰᠥ ᠰᠢᠷᠣᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ᠎ᠨᠢ ᠪᠣᠳᠠᠲᠠᠢ ᠪᠢᠰᠢ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ᠎ᠨᠢ 《ᠠᠭᠤᠵᠢᠮ ᠰᠤᠯᠠ ᠵᠥᠭᠡᠯᠡᠨ》 ᠵᠡᠷᠭᠡ 《ᠳ᠋ᠧᠩ᠎ᠤᠨ ᠳᠣᠣᠷ᠎ᠠ ᠬᠠᠷᠠᠩᠭᠤᠢ》 ᠠᠰᠠᠭᠤᠳᠠᠯ᠎ᠤᠳ ᠣᠷᠣᠰᠢᠵᠤ ᠪᠣᠢ᠃ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠥᠷᠥᠰᠥ ᠰᠢᠷᠣᠢ ᠵᠢ ᠬᠠᠮᠠᠭ᠋ᠠᠯᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠥᠯᠥᠭᠡ᠂ ᠡᠳᠦᠭᠡ ᠬᠣᠯᠪᠣᠭᠳᠠᠯ ᠪᠦᠬᠦᠢ ᠵᠤᠢ᠌ᠯᠡᠰ᠎ᠢ ᠳᠣᠣᠷᠠᠬᠢ ᠮᠡᠲᠦ ᠮᠡᠳᠡᠭᠳᠡᠶ᠎ᠡ᠄
ᠨᠢᠭᠡ᠂ ᠲᠥᠷᠥᠯ ᠵᠦᠢ᠍ᠯ᠎ᠤᠨ ᠬᠥᠷᠥᠰᠥ ᠰᠢᠷᠣᠢ ᠵᠢ ᠬᠠᠮᠠᠭ᠋ᠠᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠤ ᠬᠡᠷᠡᠭᠲᠡᠢ
ᠲᠦᠷᠦᠯ ᠵᠤᠢ᠌ᠯ᠎ᠤᠨ ᠬᠠᠤᠯᠢ ᠵᠢᠨ ᠡᠷᠬᠡᠳᠡᠨ᠎ᠨᠢ ᠦᠪᠡᠷ ᠵᠶ᠋ᠡᠨ ᠲᠦᠷᠦᠬᠦᠯᠡᠨ ᠠᠮᠢ ᠠᠬᠤᠢ ᠵᠢ ᠲᠡᠷᠢᠬᠦᠨ᠎ᠳᠤ ᠲᠠᠯᠪᠢᠵᠤ᠂ ᠪᠤᠬᠢᠷᠳᠤᠯ ᠦᠭᠡᠢ ᠬᠦᠭᠵᠢᠯᠳᠡ ᠵᠢᠨ ᠦᠵᠡᠯ᠎ᠢ ᠦᠢ᠍ᠯᠡᠳᠦᠯᠭᠡᠵᠢᠬᠦᠯᠵᠦ᠂ ᠬᠥᠷᠥᠰᠥ ᠰᠢᠷᠣᠢ ᠵᠢ ᠬᠠᠮᠠᠭ᠋ᠠᠯᠠᠬᠤ ᠡᠯ᠎ᠡ ᠲᠥᠷᠥᠯ᠎ᠤᠨ ᠬᠠᠤᠯᠢ᠎ᠪᠠᠷ ᠲᠣᠭᠲᠠᠭ᠋ᠠᠭᠰᠠᠨ ᠡᠭᠦᠷᠭᠡ ᠵᠢ ᠲᠦᠷᠦᠭᠦᠯᠡᠨ ᠭᠦᠢ᠍ᠴᠡᠳᠬᠡᠵᠦ᠂ ᠦᠪᠡᠷ ᠵᠶ᠋ᠡᠨ ᠲᠦᠷᠦᠬᠦᠯᠡᠨ ᠬᠥᠷᠥᠰᠥ ᠰᠢᠷᠣᠢ ᠵᠢ ᠬᠠᠮᠠᠭ᠋ᠠᠯᠠᠬᠤ 《ᠭᠤᠷᠪᠠ ᠵᠢ ᠵᠡᠷᠭᠡ᠎ᠪᠠᠷ ᠪᠠᠶ᠋ᠢᠯᠭ᠋ᠠᠬᠤ》 ᠳᠦᠷᠢᠮ᠎ᠢ ᠴᠢᠩᠭ᠎ᠠ ᠬᠡᠷᠡᠭᠵᠢᠭᠦᠯᠦᠨ᠂ ᠬᠥᠷᠥᠰᠥ ᠰᠢᠷᠣᠢ ᠵᠢ ᠬᠠᠮᠠᠭ᠋ᠠᠯᠠᠬᠤ ᠱᠠᠭ᠋ᠠᠷᠳᠠᠯᠭ᠎ᠠ ᠵᠢ ᠪᠠᠷᠢᠯᠭ᠎ᠠ ᠵᠢᠨ ᠬᠠᠶᠢᠭ ᠪᠠ ᠱᠤᠭᠤᠮ᠎ᠢ ᠰᠤᠩᠭᠤᠬᠤ᠂ ᠲᠥᠯᠥᠪᠵᠢᠭᠦᠯᠦᠨ ᠵᠢᠷᠤᠵᠤ ᠲᠥᠯᠥᠪᠯᠡᠬᠦ᠂ ᠪᠦᠲᠦᠭᠡᠨ ᠪᠠᠶ᠋ᠢᠭᠤᠯᠬᠤ ᠪᠠᠷᠢᠯᠭ᠎ᠠ ᠬᠢᠬᠦ᠂ ᠪᠠᠷᠢᠯᠭ᠎ᠠ ᠵᠢ ᠰᠢᠯᠭ᠋ᠠᠨ ᠠᠪᠬᠤ᠂ ᠠᠵᠢᠯᠯᠠᠭ᠋ᠠᠨ᠎ᠤ ᠬᠠᠮᠢᠶᠠᠷᠤᠯᠲᠠ ᠵᠡᠷᠭᠡ ᠪᠦᠬᠦ ᠶᠠᠪᠤᠴᠠ᠎ᠳᠤ ᠲᠤᠭᠤᠰᠢᠯᠠᠭᠤᠯᠵᠤ᠂ ᠪᠡᠯᠡᠳᠭᠡᠯ ᠬᠤᠭᠤᠴᠠᠭ᠋ᠠᠨ᠎ᠤ ᠬᠦᠷᠦᠰᠦ ᠰᠢᠷᠤᠢ ᠵᠢ ᠬᠠᠮᠠᠭ᠋ᠠᠯᠠᠬᠤ ᠨᠤᠳᠠᠯᠠᠯᠳᠠ ᠵᠢ ᠴᠢᠨᠠᠭᠰᠢᠳᠠ ᠬᠦᠨᠵᠡᠭᠡᠢ᠌ᠷᠡᠬᠦᠯᠵᠦ᠂ ᠪᠠᠷᠢᠯᠭ᠎ᠠ ᠵᠢᠨ ᠠᠵᠢᠯ᠎ᠤᠨ ᠶᠠᠪᠤᠴᠠ᠎ᠳᠠᠬᠢ ᠬᠥᠷᠥᠰᠥ ᠰᠢᠷᠣᠢ ᠵᠢᠨ ᠢᠳᠡᠭᠳᠡᠯ᠎ᠢ ᠬᠠᠮᠠᠭ᠋ᠠᠯᠠᠬᠤ ᠬᠠᠮᠢᠶᠠᠷᠤᠯᠲᠠ ᠵᠢ ᠴᠢᠩᠭ᠋ᠠᠳᠬᠠᠵᠤ᠂ ᠤᠰᠤᠨ ᠰᠢᠷᠣᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢ ᠴᠠᠭ ᠲᠤᠬᠠᠢᠳᠤᠨᠢ ᠨᠠᠶ᠋ᠢᠳᠠᠪᠤᠷᠢᠵᠢᠭᠤᠯᠵᠤ᠂ ᠭᠠᠵᠠᠷ᠎ᠤᠨ ᠭᠠᠳᠠᠷᠭᠤ ᠵᠢᠨ ᠬᠦᠷᠦᠰᠦ ᠰᠢᠷᠤᠢ ᠡᠪᠳᠡᠭᠳᠡᠬᠦ᠂ ᠬᠠᠶᠠᠭᠳᠠᠮᠠᠯ ᠡᠯᠡᠰᠦ ᠰᠢᠭ᠋ᠠᠷᠤ ᠪᠠ ᠤᠷᠭᠤᠮᠠᠯ᠎ᠤᠨ ᠬᠤᠴᠢᠯᠭ᠎ᠠ ᠡᠪᠳᠡᠭᠳᠡᠬᠦ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠵᠤ᠂ ᠭᠠᠳᠠᠷᠭᠤ ᠵᠢᠨ ᠬᠦᠷᠦᠰᠦᠨ᠎ᠤ ᠬᠠᠮᠠᠭ᠋ᠠᠯᠠᠯᠳᠠ ᠪᠠ ᠰᠢᠷᠤᠢ ᠴᠢᠯᠠᠭᠤᠨ᠎ᠤ ᠶᠡᠷᠦᠩᠬᠡᠢ᠌ᠯᠡᠭᠰᠡᠨ ᠠᠰᠢᠭᠯᠠᠯᠳᠠ ᠵᠢ ᠰᠠᠶ᠋ᠢᠲᠤᠷ ᠬᠢᠵᠦ᠂ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠎ᠠᠴᠠ ᠪᠤᠯᠤᠭᠰᠠᠨ ᠬᠦᠷᠦᠰᠦ ᠰᠢᠷᠤᠢ ᠵᠢᠨ ᠢᠳᠡᠭᠳᠡᠯ᠎ᠢ ᠦᠨᠡᠨ ᠬᠦ᠌ ᠬᠢᠵᠠᠭ᠋ᠠᠷᠯᠠᠨ ᠡᠵᠡᠮᠰᠢᠬᠦ ᠪᠠ ᠰᠡᠷᠭᠡᠢ᠌ᠯᠡᠨᠨ ᠵᠠᠰᠠᠵᠤ᠂ ᠤᠰᠤᠨ ᠠᠰᠢᠭᠯᠠᠯᠳᠠ ᠵᠢᠨ ᠪᠦᠳᠦᠭᠡᠨ ᠪᠠᠢ᠌ᠭᠤᠯᠤᠯᠳᠠ ᠵᠢᠨ ᠲᠦᠷᠦᠯ ᠵᠤᠢ᠌ᠯ᠎ᠤᠨ ᠠᠮᠢ ᠠᠬᠤᠢ ᠵᠢ ᠬᠠᠮᠠᠭ᠋ᠠᠯᠠᠨ ᠰᠠᠢ᠌ᠵᠢᠷᠠᠭᠤᠯᠬᠤ ᠴᠢᠬᠤᠯᠠ ᠦᠢ᠍ᠯᠡᠳᠦᠯ᠎ᠢ ᠬᠦᠢ᠍ᠴᠡᠳ ᠪᠠᠳᠠᠷᠠᠭᠤᠯᠵᠤ᠂ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠳᠤᠯᠠᠵᠤ᠂ ᠠᠮᠢ ᠠᠬᠤᠢ ᠵᠢᠨ ᠬᠠᠮᠠᠭ᠋ᠠᠯᠠᠯᠳᠠ ᠪᠠ ᠴᠢᠨᠠᠷ ᠰᠠᠢ᠌ᠳᠠᠢ ᠬᠦᠭᠵᠢᠯᠳᠡ ᠵᠢ ᠠᠬᠢᠭᠤᠯᠬᠤ᠎ᠳᠤ ᠬᠦᠴᠦᠨ ᠪᠦᠬᠦᠢ ᠲᠡᠮᠵᠢᠯᠭᠡ ᠬᠠᠩᠭ᠋ᠠᠬᠤ ᠬᠡᠷᠡᠭᠲᠡᠢ᠃
ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠤ ᠬᠥᠷᠥᠰᠥ ᠰᠢᠷᠣᠢ ᠵᠢ ᠬᠠᠮᠠᠭ᠋ᠠᠯᠠᠬᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠬᠥᠮᠦᠵᠢᠯ᠎ᠤᠨ ᠡᠷᠴᠢᠮ ᠵᠶ᠋ᠡᠨ ᠨᠡᠮᠡᠭᠳᠡᠬᠦᠯᠵᠦ᠂ ᠲᠡᠬᠦᠨ᠎ᠤ ᠬᠥᠷᠥᠰᠥ ᠰᠢᠷᠣᠢ ᠵᠢ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠬᠦᠷᠦᠰᠦ ᠰᠢᠷᠤᠢ ᠵᠢᠨ ᠢᠳᠡᠭᠳᠡᠯ᠎ᠢ ᠰᠡᠷᠭᠡᠢ᠌ᠯᠡᠨ ᠵᠠᠰᠠᠬᠤ ᠡᠬᠦᠷᠭᠡ ᠵᠢ᠎ᠨᠢ ᠲᠤᠳᠤᠷᠬᠠᠢ᠌ᠯᠠᠬᠤ ᠬᠡᠷᠡᠭᠲᠡᠢ᠃ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠶᠠᠪᠤᠴᠠ᠎ᠳᠤ ᠬᠥᠷᠥᠰᠥ ᠰᠢᠷᠣᠢ ᠵᠢᠨ ᠬᠠᠮᠠᠭ᠋ᠠᠯᠠᠯᠲᠠ᠎ᠳᠤ ᠬᠢᠨᠠᠯᠲᠠ ᠲᠠᠯᠪᠢᠵᠤ ᠬᠠᠮᠢᠶᠠᠷᠬᠤ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠬᠠᠮᠵᠢᠯᠴᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠤᠨ ᠲᠡᠬᠦᠯᠳᠡᠷᠵᠢᠬᠦᠯᠵᠦ᠂ ᠬᠦᠴᠦᠨ ᠪᠦᠬᠦᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ 《ᠳ᠋ᠧᠩ᠎ᠤᠨ ᠳᠣᠣᠷ᠎ᠠ ᠬᠠᠷᠠᠩᠭᠤᠢ》 ᠠᠰᠠᠭᠤᠳᠠᠯ᠎ᠢ ᠬᠦᠴᠦᠯᠡᠨ ᠰᠢᠢ᠍ᠳᠪᠤᠷᠢᠯᠡᠵᠦ᠂ ᠲᠦᠷᠦᠯ ᠵᠤᠢ᠌ᠯ᠎ᠤᠨ ᠬᠠᠤᠯᠢ ᠵᠢᠨ ᠡᠷᠬᠡᠳᠡᠨ᠎ᠤ ᠬᠦᠷᠦᠰᠦ ᠰᠢᠷᠤᠢ ᠵᠢᠨ ᠢᠳᠡᠭᠳᠡᠯ᠎ᠢ ᠰᠡᠷᠭᠡᠢ᠌ᠯᠡᠨ ᠵᠠᠰᠠᠬᠤ ᠡᠯ᠎ᠡ ᠵᠤᠢ᠌ᠯ᠎ᠤᠨ ᠠᠵᠢᠯ ᠵᠶ᠋ᠡᠨ ᠰᠠᠢ᠌ᠳᠤᠷ ᠬᠢᠬᠦ ᠵᠢ ᠰᠢᠪᠠᠳᠠᠨ ᠱᠠᠭ᠋ᠠᠷᠳᠠᠵᠤ ᠵᠢᠯᠤᠭᠤᠳᠴᠤ᠂ ᠬᠦᠷᠦᠰᠦ ᠰᠢᠷᠤᠢ ᠵᠢ ᠬᠠᠮᠠᠭ᠋ᠠᠯᠠᠬᠤ ᠠᠵᠢᠯ᠎ᠤᠨ ᠬᠢᠷᠢ ᠲᠦᠪᠰᠢᠨ ᠵᠶ᠋ᠡᠨ ᠪᠦᠬᠦ ᠲᠠᠯ᠎ᠠ᠎ᠪᠠᠷ ᠲᠡᠭᠡᠭᠰᠢᠯᠡᠬᠦᠯᠬᠦ ᠬᠡᠷᠡᠭᠲᠡᠢ ᠃
ᠬᠣᠶᠠᠷ᠂ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠬᠥᠷᠥᠰᠥ ᠰᠢᠷᠣᠢ ᠵᠢ ᠬᠠᠮᠠᠭ᠋ᠠᠯᠠᠬᠤ ᠨᠤᠲᠠᠯᠠᠯ᠎ᠤᠨ ᠠᠵᠢᠯ᠎ᠢ ᠭᠦᠨᠵᠡᠭᠡᠶ᠋ᠢᠷᠡᠭᠦᠯᠦᠨ᠎ᠡ
(ᠨᠢᠭᠡ) ᠬᠦᠷᠦᠰᠦ ᠰᠢᠷᠣᠢ ᠵᠢ ᠬᠠᠮᠠᠭ᠋ᠠᠯᠠᠬᠤ ᠲᠥᠰᠦᠯ᠎ᠤᠨ ᠬᠢᠵᠠᠭ᠋ᠠᠷᠯᠠᠬᠤ ᠦᠢ᠍ᠯᠡᠳᠦᠯ᠎ᠢ ᠴᠢᠩᠭ᠋ᠠᠷᠠᠭᠤᠯᠬᠤ ᠬᠡᠷᠡᠭᠲᠡᠢ᠃ ᠲᠥᠷᠥᠯ ᠵᠦᠢ᠍ᠯ᠎ᠨᠢ ᠪᠠᠷᠢᠯᠭ᠎ᠠ ᠪᠠᠷᠢᠬᠤ ᠪᠡᠯᠡᠳᠬᠡᠯ ᠬᠢᠬᠦ᠎ᠠᠴᠠ ᠡᠮᠦᠨ᠎ᠡ ᠬᠥᠷᠥᠰᠥ ᠰᠢᠷᠣᠢ ᠵᠢ ᠬᠠᠮᠠᠭ᠋ᠠᠯᠠᠬᠤ ᠲᠥᠰᠦᠯ᠎ᠢ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠵᠣᠬᠢᠬᠤ ᠬᠢᠨᠠᠨ ᠵᠥᠪᠰᠢᠶᠡᠷᠡᠬᠦ ᠡᠷᠬᠡ ᠮᠠᠲᠠᠯ᠎ᠲᠠᠢ ᠬᠥᠷᠥᠰᠥ ᠰᠢᠷᠣᠢ ᠵᠢ ᠬᠠᠮᠠᠭ᠋ᠠᠯᠠᠬᠤ ᠲᠥᠰᠦᠯ᠎ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠲᠤ ᠮᠡᠳᠡᠬᠦᠯᠦᠨ ᠵᠦᠪᠰᠢᠶᠡᠷᠡᠬᠦᠯᠵᠦ᠂ 《ᠲᠠᠪᠤ ᠵᠢ ᠨᠡᠪᠲᠡᠷᠡᠭᠦᠯᠵᠦ ᠨᠢᠭᠡ ᠵᠢ ᠲᠡᠭᠰᠢᠯᠡᠬᠦ》 ᠵᠡᠷᠭᠡ ᠠᠵᠢᠯ᠎ᠳᠤ ᠠᠰᠢᠭᠲᠠᠢ ᠪᠠᠶ᠋ᠢᠯᠭ᠋ᠠᠬᠤ ᠬᠡᠷᠡᠭᠲᠡᠢ᠃ ᠬᠥᠷᠥᠰᠥ ᠰᠢᠷᠣᠢ ᠵᠢ ᠬᠠᠮᠠᠭ᠋ᠠᠯᠠᠬᠤ ᠲᠥᠰᠦᠯ᠎ᠨᠢ ᠬᠥᠷᠥᠰᠥ ᠰᠢᠷᠣᠢ ᠵᠢ ᠬᠠᠮᠠᠭ᠋ᠠᠯᠠᠬᠤ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠪᠠᠷᠢᠮᠵᠢᠶ᠎ᠠ ᠵᠢᠨ ᠵᠢᠷᠤᠮᠵᠢᠯ᠎ᠤᠨ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠬᠥᠷᠥᠰᠥ ᠰᠢᠷᠣᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠡᠪᠴᠢᠶ᠎ᠡ᠂ ᠬᠠᠷᠠᠯᠲᠠ᠂ ᠠᠷᠭ᠎ᠠ ᠬᠡᠮᠵᠢᠶ᠎ᠡ ᠪᠣᠯᠤᠨ ᠪᠡᠯᠡ ᠣᠷᠣᠭᠤᠯᠤᠯᠲᠠ ᠵᠢ ᠲᠣᠳᠣᠷᠬᠠᠶ᠋ᠢᠯᠠᠬᠤ ᠬᠡᠷᠡᠭᠲᠡᠢ᠃ ᠪᠣᠯᠤᠮᠵᠢᠲᠤ ᠰᠤᠳᠤᠯᠤᠯ᠎ᠤᠨ ᠮᠡᠳᠡᠭᠦᠯᠬᠦ ᠱᠠᠲᠤ ᠦᠶ᠎ᠡ᠎ᠳᠤ ᠪᠠᠷᠢᠯᠭ᠎ᠠ ᠵᠢᠨ ᠭᠠᠵᠠᠷ ᠪᠠ ᠱᠤᠭᠤᠮ ᠰᠣᠩᠭᠣᠬᠤ᠂ ᠪᠦᠲᠦᠭᠡᠨ ᠪᠠᠶ᠋ᠢᠭᠤᠯᠤᠯᠲᠠ ᠵᠢᠨ ᠪᠠᠶ᠋ᠢᠷᠢᠯᠠᠭᠤᠯᠤᠯᠲᠠ ᠵᠡᠷᠭᠡ ᠬᠥᠷᠥᠰᠥ ᠰᠢᠷᠣᠢ ᠵᠢ ᠬᠠᠮᠠᠭ᠋ᠠᠯᠠᠬᠤ ᠱᠠᠭ᠋ᠠᠷᠳᠠᠯᠭ᠎ᠠ ᠵᠢᠨ ᠶᠣᠰᠣᠭ᠋ᠠᠷ ᠠᠳᠠᠯᠢᠳᠬᠠᠨ ᠰᠣᠩᠭᠣᠵᠤ ᠨᠤᠲᠠᠯᠠᠬᠤ ᠪᠠ ᠰᠢᠯᠢᠳᠡᠭᠵᠢᠭᠦᠯᠬᠦ ᠵᠢᠨ ᠬᠠᠮᠲᠤ᠂ ᠬᠥᠷᠥᠰᠥ ᠰᠢᠷᠣᠢ ᠵᠢ ᠬᠠᠮᠠᠭ᠋ᠠᠯᠠᠬᠤ ᠪᠡᠯᠡ ᠣᠷᠣᠭᠤᠯᠤᠯᠲᠠ ᠵᠢ ᠭᠦᠢ᠍ᠴᠡᠳ ᠲᠣᠭ᠎ᠠ᠎ᠪᠠᠷ ᠪᠠᠷᠢᠯᠭ᠎ᠠ ᠵᠢᠨ ᠪᠡᠯᠡ ᠣᠷᠣᠭᠤᠯᠤᠯᠲᠠ ᠵᠢᠨ ᠲᠥᠰᠥᠪ᠎ᠲᠤ ᠣᠷᠣᠭᠤᠯᠬᠤ ᠬᠡᠷᠡᠭᠲᠡᠢ᠃
(ᠬᠤᠶᠠᠷ) ᠠᠩᠬᠠᠨ᠎ᠤ ᠵᠢᠷᠤᠭ ᠲᠥᠯᠦᠪᠯᠡᠭᠡᠨ᠎ᠤ ᠱᠠᠲᠤᠨ᠎ᠤ ᠬᠦᠷᠦᠰᠦ ᠰᠢᠷᠤᠢ ᠵᠢᠨ ᠬᠠᠮᠠᠭ᠋ᠠᠯᠠᠯᠲᠠ ᠵᠢᠨ ᠲᠥᠯᠥᠪᠯᠡᠭᠡ ᠵᠢ ᠴᠢᠩᠭ᠋ᠠᠳᠬᠠᠬᠤ ᠬᠡᠷᠡᠭᠲᠡᠢ᠃ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢᠨ ᠱᠠᠲᠤ ᠦᠶ᠎ᠡ᠎ᠳᠤ ᠬᠥᠷᠥᠰᠥ ᠰᠢᠷᠣᠢ ᠵᠢ ᠬᠠᠮᠠᠭ᠋ᠠᠯᠠᠬᠤ ᠲᠥᠰᠦᠯ ᠵᠢᠴᠢ ᠴᠤᠬᠤᠯᠠᠪᠤᠷᠢ ᠵᠢᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ ᠨᠠᠷᠢᠯᠢᠭᠵᠢᠭᠤᠯᠵᠤ᠂ ᠬᠥᠷᠥᠰᠥ ᠰᠢᠷᠣᠢ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠵᠢᠨ ᠵᠢᠷᠤᠭ ᠲᠥᠯᠥᠪᠯᠡᠭᠡ ᠵᠢ ᠭᠦᠨᠵᠡᠭᠡᠢ ᠦᠷᠨᠢᠬᠦᠯᠬᠦ ᠬᠡᠷᠡᠭᠲᠡᠢ᠃ ᠠᠩᠬ᠎ᠠ ᠠᠯᠬᠤᠮ᠎ᠤᠨ ᠵᠢᠷᠤᠭ ᠲᠥᠯᠦᠪᠯᠡᠭᠡᠨ᠎ᠤ ᠱᠠᠲᠤ ᠦᠶ᠎ᠡ ᠵᠢᠨ ᠬᠥᠷᠥᠰᠥ ᠰᠢᠷᠣᠢ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠪᠣᠯᠤᠨ ᠬᠠᠶᠠᠭᠳᠠᠮᠠᠯ ᠰᠢᠭ᠋ᠠᠷᠤ ᠵᠢᠨ ᠲᠠᠯᠠᠪᠠᠢ ᠵᠢᠨ ᠭᠠᠵᠠᠷ ᠰᠤᠩᠭᠤᠭᠰᠠᠨ᠎ᠨᠢ ᠪᠣᠯᠤᠮᠵᠢᠲᠤ ᠰᠤᠳᠤᠯᠤᠯ᠎ᠤᠨ ᠮᠡᠳᠡᠬᠦᠯᠦᠯᠳᠡ ᠵᠢᠨ ᠱᠠᠲᠤ ᠦᠶ᠎ᠡ᠎ᠳᠤ᠎ᠲᠠᠢ ᠬᠠᠷᠢᠴᠠᠭᠤᠯᠪᠠᠯ ᠬᠤᠪᠢᠷᠠᠯᠲᠠ ᠭᠠᠷᠤᠭᠰᠠᠨ ᠪᠠᠢ᠌ᠪᠠᠯ᠂ ᠬᠥᠷᠥᠰᠥ ᠰᠢᠷᠣᠢ ᠵᠢ ᠬᠠᠮᠠᠭ᠋ᠠᠯᠠᠬᠤ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢᠨ ᠮᠡᠳᠡᠭᠦᠯᠦᠯᠲᠡ᠎ᠳᠡᠭᠡᠨ ᠠᠰᠲᠤᠨᠢ ᠲᠤᠳᠤᠷᠬᠠᠢ᠌ᠯᠠᠯᠳᠠ ᠬᠢᠬᠦ ᠬᠡᠷᠡᠭᠲᠡᠢ᠃ ᠨᠢᠭᠡᠨᠲᠡ ᠵᠥᠪᠰᠢᠶᠡᠷᠡᠭᠦᠯᠦᠭᠰᠡᠨ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢᠨ ᠮᠡᠳᠡᠭᠦᠯᠦᠯᠲᠡ ᠵᠢᠨ ᠬᠥᠷᠥᠰᠥ ᠰᠢᠷᠣᠢ ᠵᠢ ᠬᠠᠮᠠᠭ᠋ᠠᠯᠠᠬᠤ ᠬᠠᠭᠤᠳᠠᠰᠤ ᠵᠢ ᠬᠥᠷᠥᠰᠥ ᠰᠢᠷᠣᠢ ᠵᠢ ᠬᠠᠮᠠᠭ᠋ᠠᠯᠠᠬᠤ ᠲᠥᠰᠦᠯ᠎ᠲᠠᠢ ᠬᠠᠮᠲᠤᠳᠤᠨᠢ ᠬᠥᠷᠥᠰᠥ ᠰᠢᠷᠣᠢ ᠵᠢ ᠬᠠᠮᠠᠭ᠋ᠠᠯᠠᠬᠤ ᠵᠠᠯᠭ᠋ᠠᠮᠵᠢ ᠠᠵᠢᠯ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠪᠠ ᠪᠡᠯᠡᠳᠬᠡᠮᠵᠢ ᠵᠢᠨ ᠰᠢᠯᠭ᠋ᠠᠨ ᠠᠪᠬᠤ ᠵᠢᠨ ᠦᠨᠳᠦᠰᠦᠯᠡᠯ ᠪᠣᠯᠭ᠋ᠠᠬᠤ ᠬᠡᠷᠡᠭᠲᠡᠢ᠃
ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠬᠤ ᠨᠢᠭᠡᠴᠢ᠎ᠨᠢ ᠬᠢᠨᠠᠨ ᠪᠠᠶ᠋ᠢᠴᠠᠭ᠋ᠠᠬᠤ ᠠᠵᠢᠯ ᠥᠷᠨᠢᠭᠦᠯᠬᠦ᠎ᠳᠡᠭᠡᠨ ᠬᠥᠷᠥᠰᠥ ᠰᠢᠷᠣᠢ ᠵᠢ ᠬᠠᠮᠠᠭ᠋ᠠᠯᠠᠬᠤ ᠬᠡᠰᠡᠭ᠎ᠤᠨ ᠠᠭᠤᠯᠭ᠎ᠠ ᠵᠢ ᠵᠡᠷᠭᠡ᠎ᠳᠤ᠎ᠨᠢ ᠬᠢᠨᠠᠨ ᠪᠠᠶ᠋ᠢᠴᠠᠭ᠋ᠠᠬᠤ ᠵᠢᠨ ᠬᠠᠮᠲᠤ ᠬᠢᠨᠠᠨ ᠪᠠᠶ᠋ᠢᠴᠠᠭ᠋ᠠᠭᠰᠠᠨ ᠰᠠᠨᠠᠯ᠎ᠳᠠᠭᠠᠨ ᠬᠥᠷᠥᠰᠥ ᠰᠢᠷᠣᠢ ᠵᠢ ᠬᠠᠮᠠᠭ᠋ᠠᠯᠠᠬᠤ ᠳ᠋ᠦᠩᠨᠡᠯᠳᠡ ᠵᠢᠨ ᠰᠠᠨᠠᠯ᠎ᠢ ᠲᠣᠳᠣᠷᠬᠠᠶ᠋ᠢᠯᠠᠬᠤ ᠬᠡᠷᠡᠭᠲᠡᠢ᠃ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠬᠤ᠎ᠳᠤ ᠬᠥᠷᠥᠰᠥ ᠰᠢᠷᠣᠢ ᠵᠢ ᠬᠠᠮᠠᠭ᠋ᠠᠯᠠᠬᠤ ᠲᠥᠰᠦᠯ᠎ᠢ ᠬᠢᠨᠠᠨ ᠪᠠᠶ᠋ᠢᠴᠠᠭ᠋ᠠᠬᠤ ᠪᠤᠶᠤ ᠬᠢᠨᠠᠨ ᠵᠥᠪᠰᠢᠶᠡᠷᠡᠬᠦ ᠨᠢᠭᠡᠴᠢ ᠵᠢ ᠤᠷᠢᠵᠤ ᠣᠷᠣᠯᠴᠠᠭᠤᠯᠤᠭᠰᠠᠨ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢᠨ ᠮᠡᠳᠡᠭᠦᠯᠦᠯᠲᠡ ᠵᠢᠴᠢ ᠬᠢᠨᠠᠨ ᠪᠠᠶ᠋ᠢᠴᠠᠭ᠋ᠠᠭᠰᠠᠨ ᠰᠠᠨᠠᠯ᠎ᠢ ᠬᠥᠷᠥᠰᠥ ᠰᠢᠷᠣᠢ ᠵᠢ ᠬᠠᠮᠠᠭ᠋ᠠᠯᠠᠬᠤ ᠲᠥᠰᠦᠯ᠎ᠢ ᠬᠢᠨᠠᠨ ᠵᠥᠪᠰᠢᠶᠡᠷᠡᠬᠦ ᠨᠢᠭᠡᠴᠢ᠎ᠳᠤ ᠬᠠᠭᠤᠯᠤᠨ ᠬᠦᠷᠭᠡᠬᠦ ᠬᠡᠷᠡᠭᠲᠡᠢ᠃
(ᠭᠤᠷᠪᠠ) ᠬᠦᠷᠦᠰᠦ ᠰᠢᠷᠤᠢ ᠵᠢᠨ ᠬᠠᠮᠠᠭ᠋ᠠᠯᠠᠯᠲᠠ ᠵᠢ ᠬᠢᠨᠠᠨ ᠪᠠᠶ᠋ᠢᠴᠠᠭ᠋ᠠᠵᠤ ᠬᠢᠨᠠᠨ ᠵᠥᠪᠰᠢᠶᠡᠷᠡᠬᠦ ᠵᠢ ᠴᠢᠩᠳᠠᠯᠠᠬᠤ ᠬᠡᠷᠡᠭᠲᠡᠢ᠃ ᠪᠣᠯᠤᠮᠵᠢᠲᠤ ᠰᠤᠳᠤᠯᠤᠯ᠎ᠤᠨ ᠮᠡᠳᠡᠭᠦᠯᠦᠯᠲᠡ ᠪᠠ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢᠨ ᠮᠡᠳᠡᠭᠦᠯᠦᠯᠲᠡ ᠵᠢ ᠬᠢᠨᠠᠨ ᠪᠠᠶ᠋ᠢᠴᠠᠭ᠋ᠠᠬᠤ ᠨᠢᠭᠡᠴᠢ᠎ᠨᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠪᠠᠷᠢᠮᠵᠢᠶ᠎ᠠ ᠵᠢᠨ ᠵᠢᠷᠤᠮᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠬᠥᠷᠥᠰᠥ ᠰᠢᠷᠣᠢ ᠵᠢ ᠬᠠᠮᠠᠭ᠋ᠠᠯᠠᠬᠤ ᠬᠠᠮᠢᠶ᠎ᠠ ᠪᠦᠬᠦᠢ ᠠᠭᠤᠯᠭ᠎ᠠ ᠵᠢ ᠬᠢᠨᠠᠨ ᠪᠠᠶ᠋ᠢᠴᠠᠭ᠋ᠠᠬᠤ ᠪᠣᠭᠣᠮᠲᠠ ᠵᠢ ᠰᠠᠶ᠋ᠢᠲᠤᠷ ᠠᠳᠬᠤᠬᠤ ᠬᠡᠷᠡᠭᠲᠡᠢ᠃ ᠬᠥᠷᠥᠰᠥ ᠰᠢᠷᠣᠢ ᠵᠢ ᠬᠠᠮᠠᠭ᠋ᠠᠯᠠᠬᠤ ᠲᠥᠰᠦᠯ᠎ᠢ ᠬᠢᠨᠠᠨ ᠪᠠᠶ᠋ᠢᠴᠠᠭ᠋ᠠᠬᠤ ᠨᠢᠭᠡᠴᠢ᠎ᠨᠢ ᠬᠥᠷᠥᠰᠥ ᠰᠢᠷᠣᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠠᠯᠲᠠ ᠵᠢᠴᠢ ᠬᠠᠷᠢᠭᠤᠴᠠᠯᠭ᠎ᠠ ᠵᠢᠨ ᠬᠡᠪᠴᠢᠶ᠎ᠡ᠂ ᠬᠥᠷᠥᠰᠥ ᠰᠢᠷᠣᠢ ᠵᠢ ᠬᠠᠮᠠᠭ᠋ᠠᠯᠠᠬᠤ ᠠᠷᠭ᠎ᠠ ᠬᠡᠮᠵᠢᠶ᠎ᠡ᠂ ᠬᠠᠶᠠᠭᠳᠠᠮᠠᠯ ᠰᠢᠭ᠋ᠠᠷᠤ ᠵᠢᠨ ᠲᠠᠯᠠᠪᠠᠢ ᠰᠣᠩᠭᠣᠬᠤ᠎ᠨᠢ ᠵᠦᠢ ᠵᠣᠬᠢᠰᠲᠠᠢ ᠡᠰᠡᠬᠦ ᠵᠡᠷᠭᠡ ᠵᠢᠨ ᠲᠣᠭᠣᠷᠢᠨ᠎ᠳᠤ ᠬᠢᠨᠠᠨ ᠪᠠᠶ᠋ᠢᠴᠠᠭ᠋ᠠᠬᠤ ᠰᠠᠨᠠᠯ ᠵᠶ᠋ᠠᠨ ᠭᠣᠣᠯᠳᠠᠯᠭ᠎ᠠ᠎ᠲᠠᠢ ᠳᠤᠷᠠᠳᠬᠤ ᠵᠢᠨ ᠬᠠᠮᠲᠤ᠂ ᠬᠢᠨᠠᠨ ᠪᠠᠶ᠋ᠢᠴᠠᠭ᠋ᠠᠬᠤ ᠰᠠᠨᠠᠯ᠎ᠳᠠᠭᠠᠨ ᠬᠠᠷᠢᠭᠤᠴᠠᠬᠤ ᠬᠡᠷᠡᠭᠲᠡᠢ᠃ ᠬᠥᠷᠥᠰᠥ ᠰᠢᠷᠣᠢ ᠵᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠪᠠᠷᠢᠮᠵᠢᠶ᠎ᠠ ᠵᠢᠨ ᠵᠢᠷᠤᠮᠵᠢᠯ᠎ᠤᠨ ᠱᠠᠭ᠋ᠠᠷᠳᠠᠯᠭ᠎ᠠ᠎ᠳᠤ ᠨᠡᠶ᠋ᠢᠴᠡᠬᠦ ᠥᠬᠡᠢ ᠬᠥᠷᠥᠰᠥ ᠰᠢᠷᠣᠢ ᠵᠢ ᠬᠠᠮᠠᠭ᠋ᠠᠯᠠᠬᠤ ᠲᠥᠰᠦᠯ᠎ᠢ ᠴᠥᠮ ᠬᠢᠨᠠᠨ ᠵᠥᠪᠰᠢᠶᠡᠷᠡᠵᠦ ᠪᠣᠯᠬᠤ ᠥᠬᠡᠢ᠃
ᠭᠤᠷᠪᠠ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠬᠥᠷᠥᠰᠥ ᠰᠢᠷᠣᠢ ᠵᠢ ᠬᠠᠮᠠᠭ᠋ᠠᠯᠠᠬᠤ ᠬᠠᠮᠢᠶᠠᠷᠤᠯᠲᠠ ᠵᠢ ᠴᠢᠩᠭ᠋ᠠᠷᠠᠭᠤᠯᠬᠤ ᠬᠡᠷᠡᠭᠲᠡᠢ᠃
(ᠨᠢᠭᠡ) ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠤ ᠬᠥᠷᠥᠰᠥ ᠰᠢᠷᠣᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠎ᠠ᠃ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ ᠪᠣᠯ ᠬᠥᠷᠥᠰᠥ ᠰᠢᠷᠣᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢᠨ ᠭᠣᠣᠯ ᠴᠣᠭᠴᠠ ᠪᠣᠯᠬᠤ ᠲᠤᠯᠠ ᠬᠥᠷᠥᠰᠥ ᠰᠢᠷᠣᠢ ᠵᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠬᠣᠯᠪᠣᠭᠳᠠᠯ ᠪᠦᠬᠦᠢ ᠳᠦᠷᠢᠮ᠎ᠤᠨ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠬᠦᠯᠵᠦ᠂ ᠬᠦᠷᠦᠰᠦ ᠰᠢᠷᠣᠢ ᠵᠢ ᠬᠠᠮᠠᠭ᠋ᠠᠯᠠᠬᠤ ᠶᠠᠪᠤᠳᠠᠯ᠎ᠢ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠰᠢᠰᠲ᠋ᠧᠮᠵᠢ᠎ᠳᠤ ᠣᠷᠣᠭᠤᠯᠤᠨ᠂ ᠬᠥᠷᠥᠰᠥ ᠰᠢᠷᠣᠢ ᠵᠢ ᠬᠠᠮᠠᠭ᠋ᠠᠯᠠᠬᠤ ᠪᠦᠬᠦ ᠶᠠᠪᠤᠴᠠ ᠵᠢᠨ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ ᠲᠡᠬᠦᠯᠳᠡᠷᠵᠢᠬᠦᠯᠵᠦ᠂ ᠬᠠᠷᠢᠭᠤᠴᠠᠯᠭ᠋ᠠᠳᠤ ᠰᠠᠯᠠᠭ᠎ᠠ ᠮᠥᠴᠢᠷ ᠵᠢᠴᠢ ᠪᠠᠷᠢᠯᠭ᠎ᠠ᠎ᠳᠤ ᠤᠷᠤᠯᠴᠠᠭᠰᠠᠨ ᠡᠯ᠎ᠡ ᠲᠠᠯ᠎ᠠ ᠵᠢᠨ ᠬᠥᠷᠥᠰᠥ ᠰᠢᠷᠣᠢ ᠵᠢ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ ᠵᠢᠨ ᠱᠠᠭ᠋ᠠᠷᠳᠠᠯᠭ᠎ᠠ ᠵᠢ ᠲᠤᠳᠤᠷᠬᠠᠢ᠌ᠯᠠᠵᠤ᠂ ᠪᠡᠯᠡ ᠮᠥᠩᠭᠥ ᠵᠢᠨ ᠣᠷᠣᠭᠤᠯᠤᠯᠲᠠ ᠵᠢ ᠪᠠᠳᠤᠯᠠᠵᠤ᠂ ᠬᠦᠬᠢᠬᠦᠯᠦᠨ ᠱᠠᠩᠨᠠᠵᠤ ᠵᠠᠯᠬᠠᠭ᠋ᠠᠨ ᠰᠢᠢ᠍ᠳᠭᠡᠬᠦ ᠲᠤᠭᠳᠠᠴᠠ ᠵᠢ ᠪᠠᠢ᠌ᠭᠤᠯᠤᠨ᠂ ᠬᠦᠷᠦᠰᠦ ᠰᠢᠷᠤᠢ ᠵᠢ ᠬᠠᠮᠠᠭ᠋ᠠᠯᠠᠬᠤ ᠠᠷᠭ᠎ᠠ ᠬᠡᠮᠵᠢᠶ᠎ᠠ ᠪᠤᠯᠤᠨ ᠭᠤᠤᠯ ᠴᠤᠭᠴᠠ ᠵᠢᠨ ᠪᠠᠷᠢᠯᠭ᠎ᠠ ᠵᠢ ᠬᠠᠮᠳᠤ᠎ᠳᠤᠨᠢ ᠲᠦᠯᠦᠪᠯᠡᠨ᠂ ᠵᠡᠷᠭᠡ᠎ᠪᠠᠷ ᠠᠵᠢᠯᠯᠠᠭᠤᠯᠵᠤ᠂ ᠬᠠᠮᠳᠤ᠎ᠳᠤᠨᠢ ᠠᠰᠢᠭᠯᠠᠯᠳᠠ᠎ᠳᠤ ᠤᠷᠤᠭᠤᠯᠬᠤ ᠬᠡᠷᠡᠭᠲᠡᠢ᠃
(ᠬᠣᠶᠠᠷ) ᠪᠦᠲᠦᠭᠡᠨ ᠪᠠᠶ᠋ᠢᠭᠤᠯᠤᠯᠲᠠ᠎ᠳᠤ ᠣᠷᠣᠯᠴᠠᠭᠰᠠᠨ ᠡᠯ᠎ᠡ ᠲᠠᠯ᠎ᠠ ᠵᠢᠨ᠎ᠬᠢᠨ᠎ᠤ ᠬᠥᠷᠥᠰᠥ ᠰᠢᠷᠣᠢ ᠵᠢ ᠬᠠᠮᠠᠭ᠋ᠠᠯᠠᠬᠤ ᠬᠠᠷᠢᠭᠤᠴᠠᠯᠭ᠎ᠠ ᠵᠢ ᠲᠤᠳᠤᠷᠬᠠᠢ ᠪᠤᠯᠭ᠋ᠠᠬᠤ ᠬᠡᠷᠡᠭᠲᠡᠢ᠃ ᠲᠥᠷᠥᠯ ᠵᠦᠢ᠍ᠯ᠎ᠤᠨ ᠪᠠᠷᠢᠯᠭ᠎ᠠ ᠪᠠᠷᠢᠬᠤ ᠨᠢᠭᠡᠴᠢ᠎ᠨᠢ ᠪᠣᠬᠢᠷᠲᠤᠯ ᠦᠭᠡᠢ ᠪᠣᠯᠪᠠᠰᠤᠨ ᠵᠶ᠋ᠠᠷ ᠪᠠᠷᠢᠯᠭ᠎ᠠ ᠪᠠᠷᠢᠬᠤ ᠵᠢ ᠬᠢᠵᠦ ᠲᠡᠢ᠌ᠯᠦᠨ᠂ ᠪᠠᠷᠢᠯᠭ᠎ᠠ ᠵᠢᠨ ᠠᠵᠢᠯ ᠦᠨᠡᠨ ᠬᠦ᠌ ᠵᠢᠷᠤᠮᠵᠢᠭᠤᠯᠵᠤ᠂ ᠪᠠᠷᠢᠯᠭ᠎ᠠ ᠪᠠᠷᠢᠬᠤ ᠤᠷ᠎ᠠ ᠮᠡᠷᠭᠡᠰᠢᠯ᠎ᠢ ᠰᠢᠯᠢᠳᠡᠭᠵᠢᠬᠦᠯᠦᠨ᠂ ᠭᠣᠣᠯ ᠴᠣᠭᠴᠠ ᠵᠢᠨ ᠪᠠᠷᠢᠯᠭ᠎ᠠ᠎ᠯᠤᠭ᠎ᠠ ᠵᠡᠷᠭᠡ᠎ᠳᠤ᠎ᠨᠢ ᠡᠯ᠎ᠡ ᠵᠦᠢ᠍ᠯ᠎ᠤᠨ ᠬᠥᠷᠥᠰᠥ ᠰᠢᠷᠣᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠪᠠᠷᠢᠯᠭ᠎ᠠ ᠪᠠᠷᠢᠬᠤ ᠦᠶ᠎ᠡ ᠵᠢᠨ ᠬᠦᠷᠦᠰᠦ ᠰᠢᠷᠤᠢ ᠵᠢᠨ ᠡᠪᠳᠡᠭᠳᠡᠯ᠎ᠤᠨ ᠬᠡᠪᠴᠢᠶ᠎ᠡ ᠵᠢ ᠴᠢᠩᠭ᠎ᠠ ᠬᠢᠵᠠᠭ᠋ᠠᠷᠯᠠᠨ᠂ ᠪᠠᠷᠢᠯᠭ᠎ᠠ ᠵᠢᠨ ᠲᠦᠷ ᠴᠠᠭ᠎ᠤᠨ ᠰᠡᠷᠭᠡᠶ᠋ᠢᠯᠡᠨ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠴᠢᠩᠭ᠋ᠠᠳᠬᠠᠵᠤ᠂ ᠳᠤᠷ᠎ᠠ᠎ᠪᠠᠷ ᠵᠶ᠋ᠠᠨ ᠮᠠᠯᠲᠠᠬᠤ ᠪᠠ ᠬᠦᠷᠢᠶ᠎ᠡ ᠬᠡᠪᠴᠢᠶ᠎ᠡ᠎ᠠᠴᠠ ᠬᠡᠲᠦᠷᠡᠭᠦᠯᠦᠨ ᠡᠪᠳᠡᠭᠳᠡᠬᠦᠯᠬᠦ ᠵᠡᠷᠭᠡ ᠵᠢ ᠡᠷᠡᠰ ᠬᠣᠷᠢᠭᠯᠠᠬᠤ ᠬᠡᠷᠡᠭᠲᠡᠢ᠃ ᠬᠥᠷᠥᠰᠥ ᠰᠢᠷᠣᠢ ᠵᠢ ᠬᠠᠮᠠᠭ᠋ᠠᠯᠠᠬᠤ ᠬᠢᠨᠠᠨ ᠬᠠᠮᠢᠶᠠᠷᠬᠤ ᠨᠢᠭᠡᠴᠢ ᠵᠢᠴᠢ ᠠᠵᠢᠯᠲᠠᠳ ᠲᠠᠯᠠᠪᠠᠢ᠎ᠳᠤ ᠰᠠᠭᠤᠨ ᠬᠢᠨᠠᠨ ᠬᠠᠮᠢᠶᠠᠷᠤᠯᠲᠠ᠎ᠪᠠᠨ ᠴᠢᠩᠭ᠋ᠠᠳᠬᠠᠬᠤ ᠪᠠ ᠭᠣᠣᠯ ᠴᠣᠭᠴᠠ ᠵᠢᠨ ᠪᠠᠷᠢᠯᠭ᠎ᠠ ᠵᠢᠨ ᠬᠢᠨᠠᠨ ᠬᠠᠮᠢᠶᠠᠷᠤᠯᠲᠠ᠎ᠯᠤᠭ᠎ᠠ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠪᠠᠷᠢᠯᠭ᠎ᠠ ᠪᠠᠷᠢᠬᠤ ᠨᠢᠭᠡᠴᠢ ᠵᠢᠨ ᠬᠥᠷᠥᠰᠥ ᠰᠢᠷᠣᠢ ᠵᠢ ᠬᠠᠮᠠᠭ᠋ᠠᠯᠠᠬᠤ ᠡᠯ᠎ᠡ ᠵᠦᠢ᠍ᠯ᠎ᠤᠨ ᠱᠠᠭ᠋ᠠᠷᠳᠠᠯᠭ᠎ᠠ ᠪᠠ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠵᠢ ᠰᠢᠮᠳᠠᠭᠤᠯᠤᠨ᠎ᠠ᠃ ᠬᠥᠷᠥᠰᠥ ᠰᠢᠷᠣᠢ ᠵᠢ ᠬᠠᠮᠠᠭ᠋ᠠᠯᠠᠬᠤ ᠬᠢᠨᠠᠨ ᠬᠡᠮᠵᠢᠬᠦ ᠨᠢᠭᠡᠴᠢ᠎ᠨᠢ ᠡᠷᠲᠡᠬᠡᠨ ᠲᠠᠯᠠᠪᠠᠢ᠎ᠳᠤ ᠤᠷᠤᠵᠤ ᠰᠠᠭᠤᠬᠤ ᠵᠢᠨ ᠬᠠᠮᠲᠤ ᠬᠥᠷᠥᠰᠥ ᠰᠢᠷᠣᠢ ᠵᠢᠨ ᠢᠳᠡᠭᠳᠡᠯ᠎ᠤᠨ 《ᠶᠠᠪᠤᠴᠠ ᠵᠢ ᠡᠵᠡᠮᠳᠡᠬᠦ》 ᠪᠠ 《ᠬᠡᠮᠵᠢᠶ᠎ᠡ ᠲᠣᠭᠲᠠᠭ᠋ᠠᠨ ᠵᠠᠳᠠᠯᠬᠤ》 ᠠᠵᠢᠯ᠎ᠤᠨ ᠲᠣᠭᠣᠷᠢᠨ᠎ᠳᠤ ᠠᠵᠢᠯ ᠵᠶ᠋ᠡᠨ ᠦᠷᠨᠢᠬᠦᠯᠵᠦ᠂ ᠬᠢᠨᠠᠨ ᠬᠡᠮᠵᠢᠬᠦ ᠭᠤᠷᠪᠠᠨ ᠥᠩᠭᠡ ᠵᠢᠨ ᠦᠨᠡᠯᠡᠯᠲᠡ ᠵᠢ ᠲᠣᠭᠲᠠᠭ᠋ᠠᠯ ᠶᠣᠰᠣᠭ᠋ᠠᠷ ᠥᠷᠨᠢᠭᠦᠯᠵᠦ᠂ ᠪᠦᠲᠦᠭᠡᠨ ᠪᠠᠶ᠋ᠢᠭᠤᠯᠬᠤ ᠨᠢᠭᠡᠴᠢ ᠵᠢᠨ ᠬᠥᠷᠥᠰᠥ ᠰᠢᠷᠣᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠪᠠ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠥᠷᠥᠰᠥ ᠰᠢᠷᠣᠢ ᠵᠢ ᠬᠠᠮᠠᠭ᠋ᠠᠯᠠᠬᠤ ᠬᠢᠨᠠᠯᠲᠠ ᠬᠠᠮᠢᠶᠠᠷᠤᠯᠲᠠ᠎ᠳᠤ ᠦᠨᠳᠦᠰᠦᠯᠡᠯ ᠪᠠ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃
(ᠭᠤᠷᠪᠠ) ᠬᠦᠷᠦᠰᠦ ᠰᠢᠷᠤᠢ ᠵᠢᠨ ᠬᠠᠮᠠᠭ᠋ᠠᠯᠠᠯᠳᠠ ᠵᠢᠨ ᠴᠢᠬᠤᠯᠠ ᠶᠡᠬᠡ ᠬᠤᠪᠢᠷᠠᠯᠳᠠ ᠭᠠᠷᠬᠤ ᠵᠢ ᠴᠢᠩᠭ᠎ᠠ ᠬᠢᠵᠠᠭ᠋ᠠᠷᠯᠠᠨ ᠡᠵᠡᠮᠳᠡᠬᠦ ᠬᠡᠷᠡᠭᠲᠡᠢ᠃ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠨᠢ ᠵᠥᠪᠰᠢᠶᠡᠷᠡᠭᠦᠯᠦᠭᠰᠡᠨ ᠬᠥᠷᠥᠰᠥ ᠰᠢᠷᠣᠢ ᠵᠢ ᠬᠠᠮᠠᠭ᠋ᠠᠯᠠᠬᠤ ᠲᠥᠰᠦᠯ ᠪᠣᠯᠤᠨ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢᠨ ᠮᠡᠳᠡᠭᠦᠯᠦᠯᠲᠡ ᠵᠢᠨ ᠬᠥᠷᠥᠰᠥ ᠰᠢᠷᠣᠢ ᠵᠢ ᠬᠠᠮᠠᠭ᠋ᠠᠯᠠᠬᠤ ᠠᠭᠤᠯᠭ᠎ᠠ᠎ᠪᠠᠨ ᠴᠢᠩᠭ᠎ᠠ ᠨᠠᠶ᠋ᠢᠳᠠᠪᠤᠷᠢᠵᠢᠭᠤᠯᠵᠤ᠂ ᠬᠥᠷᠥᠰᠥ ᠰᠢᠷᠣᠢ ᠵᠢ ᠬᠠᠮᠠᠭ᠋ᠠᠯᠠᠬᠤ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠴᠢᠬᠤᠯᠠ ᠶᠡᠬᠡ ᠬᠤᠪᠢᠷᠠᠯᠲᠠ ᠭᠠᠷᠬᠤ ᠵᠢ ᠴᠢᠩᠭ᠎ᠠ ᠬᠢᠵᠠᠭ᠋ᠠᠷᠯᠠᠬᠤ ᠬᠡᠷᠡᠭᠲᠡᠢ᠃ ᠤᠨᠴᠠᠭ᠋ᠠᠢ ᠪᠠᠶ᠋ᠢᠳᠠᠯ᠎ᠠᠴᠠ ᠪᠤᠯᠵᠤ ᠦᠨᠡᠨ ᠬᠦ᠌ ᠲᠣᠬᠢᠷᠠᠭᠤᠯᠤᠯᠲᠠ ᠬᠢᠬᠦ ᠴᠢᠬᠤᠯᠠᠲᠠᠢ ᠪᠣᠯ ᠬᠤᠪᠢᠷᠠᠭᠤᠯᠬᠤ ᠵᠢᠷᠤᠮ᠎ᠢ ᠴᠢᠩᠭ᠎ᠠ ᠭᠦᠢ᠍ᠴᠡᠳᠬᠡᠬᠦ ᠬᠡᠷᠡᠭᠲᠡᠢ᠃ ᠠᠩᠬ᠎ᠠ ᠠᠯᠬᠤᠮ᠎ᠤᠨ ᠵᠢᠷᠤᠭ ᠲᠥᠯᠦᠪᠯᠡᠭᠡᠨ᠎ᠤ ᠱᠠᠲᠤ ᠦᠶ᠎ᠡ᠎ᠲᠠᠢ ᠬᠠᠷᠢᠴᠠᠭᠤᠯᠪᠠᠯ ᠪᠦᠲᠦᠭᠡᠨ ᠪᠠᠶ᠋ᠢᠭᠤᠯᠤᠯᠲᠠ ᠵᠢᠨ ᠶᠠᠪᠤᠴᠠ᠎ᠳᠤ ᠬᠥᠷᠥᠰᠥ ᠰᠢᠷᠣᠢ ᠵᠢ ᠬᠠᠮᠠᠭ᠋ᠠᠯᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠤᠭᠰᠠᠨ ᠪᠤᠶᠤ ᠬᠠᠶᠠᠭᠳᠠᠮᠠᠯ ᠰᠢᠭ᠋ᠠᠷᠤ ᠵᠢᠨ ᠲᠠᠯᠠᠪᠠᠢ ᠰᠣᠩᠭᠣᠬᠤ᠎ᠳᠤ ᠬᠤᠪᠢᠷᠠᠯᠲᠠ ᠭᠠᠷᠤᠭᠰᠠᠨ ᠪᠣᠯ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠤᠪᠢᠷᠠᠭᠤᠯᠬᠤ᠎ᠠᠴᠠ᠎ᠪᠠᠨ ᠡᠮᠦᠨ᠎ᠡ ᠬᠦᠷᠦᠰᠦ ᠰᠢᠷᠤᠢ ᠵᠢ ᠬᠠᠮᠠᠠᠭ᠋ᠠᠯᠠᠬᠤ ᠲᠦᠰᠦᠯ ᠵᠶ᠋ᠡᠨ ᠬᠤᠪᠢᠷᠠᠭᠤᠯᠬᠤ ᠵᠦᠪᠰᠢᠶᠡᠷᠡᠯ᠎ᠤᠨ ᠭᠠᠷ ᠬᠦᠢ᠍ᠴᠡᠳᠭᠡᠯ ᠬᠢᠬᠦ ᠬᠡᠷᠡᠭᠲᠡᠢ᠃
ᠳᠥᠷᠪᠡ᠂ ᠲᠥᠷᠥᠯ ᠵᠦᠢ᠍ᠯ᠎ᠤᠨ ᠬᠥᠷᠥᠰᠥ ᠰᠢᠷᠣᠢ ᠵᠢ ᠬᠠᠮᠠᠭ᠋ᠠᠯᠠᠬᠤ ᠲᠤᠨᠤᠭ ᠲᠦᠬᠦᠭᠡᠷᠦᠮᠵᠢ ᠵᠢ ᠰᠢᠯᠭ᠋ᠠᠨ ᠠᠪᠬᠤ ᠵᠢ ᠴᠢᠩᠭ᠋ᠠᠳᠬᠠᠬᠤ ᠬᠡᠷᠡᠭᠲᠡᠢ᠃
(ᠨᠢᠭᠡ) ᠬᠦᠷᠦᠰᠦ ᠰᠢᠷᠣᠢ ᠵᠢ ᠬᠠᠮᠠᠭ᠋ᠠᠯᠠᠬᠤ ᠲᠣᠨᠣᠭ ᠲᠥᠬᠥᠭᠡᠷᠦᠮᠵᠢ ᠵᠢ ᠪᠡᠶ᠎ᠡ ᠳᠠᠭ᠋ᠠᠭ᠋ᠠᠵᠤ ᠰᠢᠯᠭ᠋ᠠᠨ ᠠᠪᠬᠤ ᠵᠢ ᠨᠠᠢ᠌ᠳᠠᠪᠤᠷᠢᠵᠢᠭᠤᠯᠬᠤ ᠬᠡᠷᠡᠭᠲᠡᠢ᠃ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠨᠢ ᠬᠥᠷᠥᠰᠥ ᠰᠢᠷᠣᠢ ᠵᠢ ᠬᠠᠮᠠᠭ᠋ᠠᠯᠠᠬᠤ ᠪᠠᠷᠢᠮᠵᠢᠶ᠎ᠠ ᠵᠢᠨ ᠵᠢᠷᠤᠮᠵᠢᠯ ᠵᠡᠷᠭᠡ᠎ᠳᠤ ᠲᠣᠭᠲᠠᠭ᠋ᠠᠭᠰᠠᠨ ᠰᠢᠯᠭ᠋ᠠᠨ ᠠᠪᠬᠤ ᠪᠠᠷᠢᠮᠵᠢᠶ᠎ᠠ ᠪᠣᠯᠤᠨ ᠨᠥᠬᠥᠴᠡᠯ᠎ᠤᠨ ᠶᠣᠰᠣᠭ᠋ᠠᠷ ᠬᠥᠷᠥᠰᠥ ᠰᠢᠷᠣᠢ ᠵᠢ ᠬᠠᠮᠠᠭ᠋ᠠᠯᠠᠬᠤ ᠲᠤᠨᠤᠭ ᠲᠦᠬᠦᠭᠡᠷᠦᠮᠵᠢ ᠵᠢ ᠪᠡᠶ᠎ᠡ᠎ᠪᠠᠨ ᠳᠠᠭ᠋ᠠᠭ᠋ᠠᠵᠤ ᠰᠢᠯᠭ᠋ᠠᠨ ᠠᠪᠬᠤ ᠵᠢ ᠵᠣᠬᠢᠶᠠᠨ ᠪᠠᠶ᠋ᠢᠭᠤᠯᠤᠨ ᠥᠷᠨᠢᠭᠦᠯᠬᠦ ᠵᠢᠨ ᠬᠠᠮᠲᠤ ᠭᠣᠣᠯ ᠴᠣᠭᠴᠠ ᠵᠢᠨ ᠪᠠᠷᠢᠯᠭ᠎ᠠ ᠵᠢᠨ ᠠᠵᠢᠯ ᠳᠠᠭᠤᠰᠴᠤ ᠰᠢᠯᠭ᠋ᠠᠨ ᠠᠪᠬᠤ᠎ᠠᠴᠠ ᠡᠮᠦᠨ᠎ᠡ ᠬᠥᠷᠥᠰᠥ ᠰᠢᠷᠣᠢ ᠵᠢ ᠬᠠᠮᠠᠭ᠋ᠠᠯᠠᠬᠤ ᠲᠤᠨᠤᠭ ᠲᠦᠬᠦᠭᠡᠷᠦᠮᠵᠢ ᠵᠢ ᠰᠢᠯᠭ᠋ᠠᠨ ᠠᠪᠴᠤ ᠮᠡᠳᠡᠬᠦᠯᠬᠦ ᠵᠢ ᠪᠡᠶᠡᠯᠡᠭᠦᠯᠬᠦ ᠬᠡᠷᠡᠭᠲᠡᠢ᠃ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠵᠠᠮᠴᠢᠯᠠᠬᠤ᠂ ᠳᠣᠣᠷᠠᠲᠤ ᠬᠠᠭ᠋ᠠᠯᠲᠠ᠎ᠳᠤ ᠤᠰᠤ ᠬᠠᠳᠠᠭ᠋ᠠᠯᠠᠬᠤ ᠵᠡᠷᠭᠡ ᠱᠠᠲᠤ ᠦᠶ᠎ᠡ ᠵᠢᠨ ᠰᠢᠯᠭ᠋ᠠᠨ ᠬᠤᠷᠢᠶᠠᠬᠤ ᠪᠠ ᠪᠠᠷᠢᠯᠭ᠎ᠠ ᠳᠠᠭᠤᠰᠴᠤ ᠰᠢᠯᠭ᠋ᠠᠨ ᠠᠪᠬᠤ ᠵᠢ ᠥᠷᠨᠢᠭᠦᠯᠬᠦ ᠴᠢᠬᠤᠯᠠᠲᠠᠢ ᠪᠣᠯ ᠵᠣᠬᠢᠴᠠᠩᠭᠤᠢ ᠱᠠᠲᠤ ᠦᠶ᠎ᠡ ᠵᠢᠨ ᠬᠥᠷᠥᠰᠥ ᠰᠢᠷᠣᠢ ᠵᠢ ᠬᠠᠮᠠᠭ᠋ᠠᠯᠠᠬᠤ ᠲᠤᠨᠤᠭ ᠲᠦᠬᠦᠭᠡᠷᠦᠮᠵᠢ ᠵᠢᠨ ᠲᠤᠰᠬᠠᠢ ᠵᠦᠢ᠍ᠯ᠎ᠤᠨ ᠰᠢᠯᠭ᠋ᠠᠨ ᠠᠪᠬᠤ ᠵᠢ ᠵᠡᠷᠭᠡ᠎ᠳᠤ᠎ᠨᠢ ᠬᠢᠬᠦ ᠬᠡᠷᠡᠭᠲᠡᠢ᠃
(ᠬᠣᠶᠠᠷ) ᠬᠥᠷᠥᠰᠥ ᠰᠢᠷᠣᠢ ᠵᠢ ᠬᠠᠮᠠᠭ᠋ᠠᠯᠠᠬᠤ ᠲᠤᠨᠤᠭ ᠲᠥᠬᠥᠭᠡᠷᠦᠮᠵᠢ ᠵᠢ ᠰᠢᠯᠭ᠋ᠠᠨ ᠠᠪᠬᠤ ᠬᠢᠨᠠᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠲᠥᠷᠥᠯ ᠵᠦᠢ᠍ᠯ᠎ᠤᠨ ᠬᠥᠷᠥᠰᠥ ᠰᠢᠷᠣᠢ ᠵᠢ ᠬᠠᠮᠠᠭ᠋ᠠᠯᠠᠬᠤ ᠲᠤᠨᠤᠭ ᠲᠦᠬᠦᠭᠡᠷᠦᠮᠵᠢ ᠵᠢ ᠰᠢᠯᠭ᠋ᠠᠨ ᠠᠪᠬᠤ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂《ᠰᠢᠯᠭ᠋ᠠᠨ ᠠᠪᠤᠪᠠᠯ ᠵᠣᠬᠢᠬᠤ ᠪᠠᠢ᠌ᠳᠠᠯ᠎ᠠ ᠰᠢᠯᠭ᠋ᠠᠨ ᠠᠪᠤᠭᠰᠠᠨ ᠦᠭᠡᠢ》 ᠲᠥᠷᠥᠯ ᠵᠦᠢ᠍ᠯ᠎ᠳᠤ ᠬᠥᠷᠥᠰᠥ ᠰᠢᠷᠣᠢ ᠵᠢ ᠬᠠᠮᠠᠭ᠋ᠠᠯᠠᠬᠤ ᠲᠤᠨᠤᠭ ᠲᠦᠬᠦᠭᠡᠷᠦᠮᠵᠢ ᠵᠢ ᠰᠢᠯᠭ᠋ᠠᠨ ᠠᠪᠬᠤ ᠠᠵᠢᠯ᠎ᠢ ᠳᠠᠷᠤᠶ᠋ᠢᠬᠠᠨ ᠥᠷᠨᠢᠭᠦᠯᠬᠦ ᠵᠢ ᠰᠢᠪᠠᠳᠠᠨ ᠱᠠᠭ᠋ᠠᠷᠳᠠᠵᠤ ᠵᠢᠯᠤᠭᠤᠳᠴᠤ᠂ ᠰᠢᠯᠭ᠋ᠠᠨ ᠠᠪᠤᠭᠰᠠᠨ᠎ᠤ ᠳᠠᠷᠠᠭ᠎ᠠ ᠬᠠᠷᠭᠤᠭᠤᠯᠤᠨ ᠪᠠᠶ᠋ᠢᠴᠠᠭ᠋ᠠᠬᠤ ᠡᠷᠴᠢᠮ᠎ᠢ ᠤᠯᠠᠮ ᠨᠢᠭᠡ ᠠᠯᠬᠤᠮ ᠨᠡᠮᠡᠭᠳᠡᠬᠦᠯᠵᠦ᠂ ᠬᠠᠷᠭᠤᠭᠤᠯᠤᠨ ᠪᠠᠶ᠋ᠢᠴᠠᠭ᠋ᠠᠬᠤ ᠶᠠᠪᠤᠴᠠ᠎ᠳᠤ ᠢᠯᠡᠷᠡᠭᠦᠯᠦᠭᠰᠡᠨ ᠬᠥᠷᠥᠰᠥ ᠰᠢᠷᠣᠢ ᠵᠢ ᠬᠠᠮᠠᠭ᠋ᠠᠯᠠᠬᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠢ᠃
ᠲᠠᠪᠤ᠂ ᠲᠥᠷᠥᠯ ᠵᠦᠢ᠍ᠯ᠎ᠤᠨ ᠨᠡᠭᠦᠳᠡᠯ ᠠᠷᠠᠳ᠎ᠢ ᠲᠦᠪᠬᠢᠨᠡᠬᠦᠯᠵᠦ᠂ ᠬᠥᠷᠥᠰᠥ ᠰᠢᠷᠣᠢ ᠵᠢ ᠬᠠᠮᠠᠭ᠋ᠠᠯᠠᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠬᠡᠷᠡᠭᠲᠡᠢ᠃
(ᠨᠢᠭᠡ) ᠨᠡᠭᠦᠳᠡᠯ ᠠᠷᠠᠳ᠎ᠢ ᠲᠥᠪᠬᠢᠨᠡᠭᠦᠯᠬᠦ ᠡᠮᠦᠨᠡᠬᠢ ᠬᠤᠭᠤᠴᠠᠭ᠋ᠠᠨ᠎ᠤ ᠠᠵᠢᠯ᠎ᠤᠨ ᠬᠥᠷᠥᠰᠥ ᠰᠢᠷᠣᠢ ᠵᠢ ᠬᠠᠮᠠᠭ᠋ᠠᠯᠠᠬᠤ ᠱᠠᠭ᠋ᠠᠷᠳᠠᠯᠭ᠎ᠠ ᠵᠢ ᠲᠣᠳᠣᠷᠬᠠᠶ᠋ᠢᠯᠠᠬᠤ ᠬᠡᠷᠡᠭᠲᠡᠢ᠃ ᠨᠡᠭᠦᠳᠡᠯ ᠠᠷᠠᠳ᠎ᠢ ᠲᠥᠪᠬᠢᠨᠡᠭᠦᠯᠬᠦ᠎ᠳᠤ ᠬᠣᠯᠪᠣᠭᠳᠠᠭᠰᠠᠨ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ᠂ ᠬᠥᠷᠥᠰᠥ ᠰᠢᠷᠣᠢ ᠵᠢ ᠬᠠᠮᠠᠭ᠋ᠠᠯᠠᠬᠤ ᠲᠥᠰᠦᠯ᠎ᠢ ᠨᠠᠶ᠋ᠢᠷᠠᠭᠤᠯᠤᠨ ᠵᠣᠬᠢᠶᠠᠬᠤ᠎ᠳᠠᠭᠠᠨ ᠨᠡᠭᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢ ᠦᠨᠳᠦᠰᠦᠯᠡᠨ ᠬᠥᠷᠥᠰᠥ ᠰᠢᠷᠣᠢ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠵᠢᠨ ᠨᠡᠶ᠋ᠢᠲᠡᠯᠢᠭ ᠵᠢᠱ᠌ᠢᠶ᠎ᠡ ᠪᠦᠬᠦᠢ ᠵᠢᠱ᠌ᠢᠯᠲᠡ ᠪᠠᠢ᠌ᠷᠢᠯᠠᠭᠤᠯᠵᠤ᠂ ᠪᠡᠯᠡ ᠤᠷᠤᠭᠤᠯᠤᠯᠳᠠ ᠵᠢ ᠪᠠᠷᠤᠭᠴᠠᠯᠠᠨ ᠪᠤᠳᠤᠬᠤ ᠵᠢᠨ ᠬᠠᠮᠲᠤ ᠬᠥᠷᠥᠰᠥ ᠰᠢᠷᠣᠢ ᠵᠢ ᠬᠠᠮᠠᠭ᠋ᠠᠯᠠᠬᠤ ᠱᠠᠭ᠋ᠠᠷᠳᠠᠯᠭ᠎ᠠ ᠳᠤᠷᠠᠳᠬᠤ ᠬᠡᠷᠡᠭᠲᠡᠢ᠃ ᠬᠥᠷᠥᠰᠥ ᠰᠢᠷᠣᠢ ᠵᠢ ᠬᠠᠮᠠᠭ᠋ᠠᠯᠠᠬᠤ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢᠨ ᠮᠡᠳᠡᠭᠦᠯᠦᠯᠲᠡ ᠵᠢᠨ ᠬᠠᠭᠤᠳᠠᠰᠤ᠎ᠨᠢ ᠨᠡᠭᠦᠳᠡᠯ ᠠᠷᠠᠳ᠎ᠢ ᠲᠥᠪᠬᠢᠨᠠᠭᠤᠯᠬᠤᠲᠠᠢ ᠤᠶᠠᠯᠳᠤᠭᠤᠯᠤᠨ ᠬᠥᠷᠥᠰᠥ ᠰᠢᠷᠣᠢ ᠵᠢ ᠬᠠᠮᠠᠭ᠋ᠠᠯᠠᠬᠤ ᠠᠭᠤᠯᠭ᠎ᠠ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ ᠬᠡᠷᠡᠭᠲᠡᠢ᠃ ᠬᠥᠳᠡᠭᠡ ᠲᠣᠰᠬᠣᠨ᠎ᠤ ᠨᠡᠭᠦᠳᠡᠯ ᠠᠷᠠᠳ᠎ᠢ ᠲᠥᠪᠬᠢᠨᠡᠭᠦᠯᠬᠦ᠂ ᠬᠣᠲᠠ ᠪᠠᠯᠭ᠋ᠠᠰᠤ ᠵᠢᠨ ᠨᠡᠭᠦᠯᠭᠡᠨ ᠪᠠᠶ᠋ᠢᠭᠤᠯᠬᠤ ᠪᠠᠷᠢᠯᠭ᠎ᠠ᠂ ᠦᠢ᠍ᠯᠡᠳᠪᠦᠷᠢ ᠠᠭᠤᠷᠬᠠᠢ ᠠᠵᠤ ᠠᠬᠤᠶ᠋ᠢᠯᠠᠯ᠎ᠢ ᠨᠡᠭᠦᠯᠭᠡᠨ ᠪᠠᠶ᠋ᠢᠭᠤᠯᠬᠤ᠂ ᠲᠤᠰᠬᠠᠢ ᠵᠦᠢ᠍ᠯ᠎ᠤᠨ ᠲᠤᠨᠤᠭ ᠲᠦᠬᠦᠭᠡᠷᠦᠮᠵᠢ ᠵᠢ ᠨᠡᠭᠦᠯᠭᠡᠨ ᠳᠠᠬᠢᠨ ᠪᠠᠶ᠋ᠢᠭᠤᠯᠬᠤ ᠵᠡᠷᠭᠡ ᠨᠡᠭᠦᠳᠡᠯ ᠠᠷᠠᠳ᠎ᠢ ᠲᠥᠪᠬᠢᠨᠡᠭᠦᠯᠬᠦ ᠢᠨᠵᠧᠨᠧᠷᠢᠩ᠎ᠨᠢ ᠲᠤᠰᠠᠭ᠋ᠠᠷ ᠲᠥᠷᠥᠯ ᠵᠦᠢ᠍ᠯ ᠵᠶ᠋ᠡᠷ᠎ᠨᠢ ᠲᠥᠪᠬᠢᠨᠡᠭᠦᠯᠬᠦ ᠬᠡᠷᠡᠭᠴᠡᠭᠡ᠎ᠳᠤ ᠬᠣᠯᠪᠣᠭᠳᠠᠭᠰᠠᠨ ᠪᠣᠯ ᠲᠥᠷᠥᠯ ᠵᠦᠢ᠍ᠯ ᠪᠠᠶ᠋ᠢᠭᠤᠯᠬᠤ ᠱᠠᠭ᠋ᠠᠷᠳᠠᠯᠭ᠎ᠠ ᠶᠣᠰᠣᠭ᠋ᠠᠷ ᠲᠤᠰᠠᠭ᠋ᠠᠷ ᠬᠥᠷᠥᠰᠥ ᠰᠢᠷᠣᠢ ᠵᠢ ᠬᠠᠮᠠᠭ᠋ᠠᠯᠠᠬᠤ ᠲᠥᠰᠦᠯ᠎ᠢ ᠨᠠᠶ᠋ᠢᠷᠠᠭᠤᠯᠤᠨ ᠮᠡᠳᠡᠭᠦᠯᠵᠦ ᠬᠢᠨᠠᠨ ᠵᠥᠪᠰᠢᠶᠡᠷᠡᠭᠦᠯᠬᠦ ᠭᠠᠷᠳᠠᠮ᠎ᠢ ᠭᠦᠢ᠍ᠴᠡᠳᠬᠡᠬᠦ ᠬᠡᠷᠡᠭᠲᠡᠢ; ᠲᠤᠰᠠᠭ᠋ᠠᠷ ᠲᠥᠷᠥᠯ ᠵᠦᠢ᠍ᠯ ᠭᠠᠷᠭ᠋ᠠᠬᠤ ᠴᠢᠬᠤᠯᠠ ᠥᠬᠡᠢ ᠪᠣᠯ ᠴᠠᠭ ᠲᠤᠬᠠᠢᠳᠤᠨᠢ ᠬᠥᠷᠥᠰᠥ ᠰᠢᠷᠣᠢ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠠᠪᠴᠤ᠂ ᠬᠥᠷᠥᠰᠥ ᠰᠢᠷᠣᠢ ᠵᠢᠨ ᠢᠳᠡᠭᠳᠡᠯ᠎ᠢ ᠪᠦᠲᠦᠮᠵᠢᠲᠡᠢ ᠰᠡᠷᠭᠡᠶ᠋ᠢᠯᠡᠨ ᠵᠠᠰᠠᠬᠤ ᠬᠡᠷᠡᠭᠲᠡᠢ᠃
(ᠬᠣᠶᠠᠷ) ᠠᠷᠠᠳ᠎ᠢ ᠨᠡᠭᠦᠯᠭᠡᠨ ᠲᠥᠪᠬᠢᠨᠡᠭᠦᠯᠬᠦ ᠢᠨᠵᠧᠨᠧᠷᠢᠩ᠎ᠤᠨ ᠬᠥᠷᠥᠰᠥ ᠰᠢᠷᠣᠢ ᠵᠢ ᠬᠠᠮᠠᠭ᠋ᠠᠯᠠᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ ᠬᠢᠭᠡᠳ ᠨᠡᠭᠦᠳᠡᠯ ᠠᠷᠠᠳ᠎ᠢ ᠲᠥᠪᠬᠢᠨᠡᠭᠦᠯᠬᠦ ᠢᠨᠵᠧᠨᠧᠷᠢᠩ᠎ᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠣᠭᠣᠷᠣᠨᠳᠣ᠎ᠪᠠᠨ ᠨᠡᠭᠦᠳᠡᠯ ᠠᠷᠠᠳ᠎ᠤᠨ ᠲᠥᠪᠬᠢᠨᠡᠭᠦᠯᠬᠦ ᠬᠥᠷᠥᠰᠥ ᠰᠢᠷᠣᠢ ᠵᠢ ᠬᠠᠮᠠᠭ᠋ᠠᠯᠠᠬᠤ ᠬᠠᠷᠢᠭᠤᠴᠠᠯᠭ᠎ᠠ ᠪᠣᠯᠤᠨ ᠱᠠᠭ᠋ᠠᠷᠳᠠᠯᠭ᠎ᠠ ᠵᠢ ᠲᠣᠳᠣᠷᠬᠠᠶ᠋ᠢᠯᠠᠬᠤ ᠬᠡᠷᠡᠭᠲᠡᠢ᠃ ᠠᠷᠠᠳ᠎ᠢ ᠨᠡᠭᠦᠯᠭᠡᠨ ᠲᠥᠪᠬᠢᠨᠡᠭᠦᠯᠬᠦ ᠢᠨᠵᠧᠨᠧᠷᠢᠩ᠎ᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠬᠥᠷᠥᠰᠥ ᠰᠢᠷᠣᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠢ ᠠᠷᠠᠳ᠎ᠢ ᠨᠡᠭᠦᠯᠭᠡᠨ ᠲᠥᠪᠬᠢᠨᠡᠭᠦᠯᠦᠭᠰᠡᠨ᠎ᠠᠴᠠ ᠪᠣᠯᠤᠭᠰᠠᠨ ᠬᠥᠷᠥᠰᠥ ᠰᠢᠷᠣᠢ ᠵᠢᠨ ᠢᠳᠡᠭᠳᠡᠯ᠎ᠢ ᠦᠨᠡᠨᠬᠦ ᠰᠡᠷᠭᠡᠶ᠋ᠢᠯᠡᠨ ᠵᠠᠰᠠᠬᠤ ᠬᠡᠷᠡᠭᠲᠡᠢ᠃ ᠲᠤᠰᠠᠭ᠋ᠠᠷ ᠲᠥᠷᠥᠯ ᠵᠦᠢ᠍ᠯ ᠵᠶ᠋ᠡᠷ᠎ᠨᠢ ᠶᠠᠪᠤᠭᠳᠠᠭᠤᠯᠬᠤ ᠴᠢᠬᠤᠯᠠᠲᠠᠢ ᠨᠡᠭᠦᠳᠡᠯ ᠠᠷᠠᠳ᠎ᠢ ᠲᠥᠪᠬᠢᠨᠡᠭᠦᠯᠬᠦ ᠢᠨᠵᠧᠨᠧᠷᠢᠩ᠎ᠨᠢ ᠲᠣᠭᠲᠠᠭ᠋ᠠᠯ ᠶᠣᠰᠣᠭ᠋ᠠᠷ ᠬᠥᠷᠥᠰᠥ ᠰᠢᠷᠣᠢ ᠵᠢ ᠬᠠᠮᠠᠭ᠋ᠠᠯᠠᠵᠤ ᠬᠢᠨᠠᠨ ᠬᠡᠮᠵᠢᠬᠦ᠂ ᠬᠢᠨᠠᠨ ᠬᠠᠮᠢᠶᠠᠷᠬᠤ ᠵᠢᠴᠢ ᠰᠢᠯᠭ᠋ᠠᠨ ᠠᠪᠬᠤ ᠠᠵᠢᠯ᠎ᠢ ᠥᠷᠨᠢᠭᠦᠯᠬᠦ ᠬᠡᠷᠡᠭᠲᠡᠢ᠃
(ᠭᠤᠷᠪᠠ) ᠨᠡᠭᠦᠳᠡᠯ ᠠᠷᠠᠳ᠎ᠢ ᠲᠦᠪᠬᠢᠨᠡᠬᠦᠯᠦᠨ ᠬᠦᠷᠦᠰᠦ ᠰᠢᠷᠣᠢ ᠵᠢ ᠬᠠᠮᠠᠭ᠋ᠠᠯᠠᠬᠤ ᠬᠢᠨᠠᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠨᠡᠭᠦᠳᠡᠯ ᠠᠷᠠᠳ᠎ᠢ ᠲᠦᠪᠬᠢᠨᠡᠬᠦᠯᠵᠦ ᠬᠥᠷᠥᠰᠥ ᠰᠢᠷᠣᠢ ᠵᠢ ᠬᠠᠮᠠᠭ᠋ᠠᠯᠠᠬᠤ ᠠᠵᠢᠯ᠎ᠤᠨ ᠪᠠᠶ᠋ᠢᠳᠠᠯ᠎ᠢ ᠬᠥᠷᠥᠰᠥ ᠰᠢᠷᠣᠢ ᠵᠢ ᠬᠠᠮᠠᠭ᠋ᠠᠯᠠᠬᠤ ᠬᠢᠨᠠᠯᠲᠠ ᠬᠠᠮᠢᠶᠠᠷᠤᠯᠲᠠ ᠵᠢᠨ ᠴᠢᠬᠤᠯᠠ ᠠᠭᠤᠯᠭ᠎ᠠ ᠪᠣᠯᠭ᠋ᠠᠵᠤ᠂ ᠬᠥᠷᠥᠰᠥ ᠰᠢᠷᠣᠢ ᠵᠢ ᠬᠠᠮᠠᠭ᠋ᠠᠯᠠᠬᠤ ᠲᠥᠰᠦᠯ᠎ᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠢ ᠮᠥᠷᠳᠡᠨ ᠪᠠᠶ᠋ᠢᠴᠠᠭ᠋ᠠᠬᠤ ᠦᠶ᠎ᠡ᠎ᠳᠤ ᠨᠡᠭᠦᠳᠡᠯ ᠠᠷᠠᠳ᠎ᠢ ᠲᠥᠪᠬᠢᠨᠡᠭᠦᠯᠬᠦ ᠢᠨᠵᠸᠨ᠋ᠸᠷᠢᠩ᠎ᠤᠨ ᠬᠥᠷᠥᠰᠥ ᠰᠢᠷᠣᠢ ᠵᠢ ᠬᠠᠮᠠᠭ᠋ᠠᠯᠠᠵᠤ ᠪᠠᠶ᠋ᠢᠭ᠎ᠠ ᠪᠠᠶ᠋ᠢᠳᠠᠯ᠎ᠢ ᠵᠡᠷᠭᠡ᠎ᠳᠤ᠎ᠨᠢ ᠰᠤᠭᠤᠴᠢᠨ ᠪᠠᠶ᠋ᠢᠴᠠᠭ᠋ᠠᠬᠤ ᠬᠡᠷᠡᠭᠲᠡᠢ᠃ ᠣᠷᠣᠨ ᠨᠤᠲᠤᠭ᠎ᠤᠨ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠨᠡᠭᠦᠳᠡᠯ ᠠᠷᠠᠳ᠎ᠢ ᠲᠥᠪᠬᠢᠨᠡᠭᠦᠯᠬᠦ ᠬᠠᠮᠢᠶᠠᠷᠤᠯᠲᠠ ᠵᠢᠨ ᠪᠠᠶ᠋ᠢᠭᠤᠯᠤᠮᠵᠢ᠎ᠲᠠᠢ ᠬᠠᠮᠲᠤᠷᠠᠨ ᠨᠡᠭᠦᠳᠡᠯ ᠠᠷᠠᠳ᠎ᠢ ᠲᠦᠪᠬᠢᠨᠡᠬᠦᠯᠵᠦ ᠬᠥᠷᠥᠰᠥ ᠰᠢᠷᠣᠢ ᠵᠢ ᠬᠠᠮᠠᠭ᠋ᠠᠯᠠᠬᠤ ᠡᠳᠦᠷ ᠳᠣᠳᠣᠮ᠎ᠤᠨ ᠬᠢᠨᠠᠯᠲᠠ ᠬᠠᠮᠢᠶᠠᠷᠤᠯᠲᠠ ᠪᠣᠯᠤᠨ ᠵᠢᠭ᠋ᠠᠨ ᠵᠢᠯᠣᠭᠣᠳᠤᠯᠭ᠎ᠠ ᠵᠢ ᠬᠠᠮᠲᠤ᠎ᠪᠠᠷ ᠰᠠᠶ᠋ᠢᠲᠤᠷ ᠬᠢᠬᠦ ᠬᠡᠷᠡᠭᠲᠡᠢ᠃
ᠡᠯ᠎ᠡ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠦᠵᠡᠯ ᠰᠠᠨᠠᠭ᠋ᠠᠨ᠎ᠤ ᠲᠠᠨᠢᠯᠲᠠ᠎ᠪᠠᠨ ᠤᠯᠠᠮ ᠨᠢᠭᠡ ᠠᠯᠬᠤᠮ ᠨᠢᠭᠡᠳᠬᠡᠵᠦ᠂ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠵᠦ᠂ ᠬᠥᠷᠥᠰᠥ ᠰᠢᠷᠣᠢ ᠵᠢ ᠬᠠᠮᠠᠭ᠋ᠠᠯᠠᠬᠤ ᠬᠢᠨᠠᠯᠲᠠ ᠬᠠᠮᠢᠶᠠᠷᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠨ᠂ ᠬᠥᠷᠥᠰᠥ ᠰᠢᠷᠣᠢ ᠵᠢ ᠬᠠᠮᠠᠭ᠋ᠠᠯᠠᠬᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠠᠴᠠ ᠬᠠᠷᠢᠭᠤᠴᠠᠯᠭ᠎ᠠ ᠨᠡᠬᠡᠮᠵᠢᠯᠡᠬᠦ᠂ ᠢᠲᠡᠭᠡᠮᠵᠢ ᠵᠢᠨ ᠵᠠᠯᠬᠠᠭ᠋ᠠᠨ ᠴᠡᠭᠡᠷᠯᠡᠭᠦᠯᠬᠦ ᠪᠠ ᠬᠠᠤᠯᠢ ᠬᠡᠷᠡᠭᠵᠢᠬᠦᠯᠦᠨ ᠪᠠᠶ᠋ᠢᠴᠠᠭ᠋ᠠᠨ ᠰᠢᠢ᠍ᠳᠪᠦᠷᠢᠯᠡᠬᠦ ᠵᠢ ᠴᠢᠩᠭ᠎ᠠ ᠬᠡᠡᠭᠵᠢᠬᠦᠯᠵᠦ᠂ ᠪᠦᠬᠦ ᠨᠡᠢ᠌ᠭᠡᠮ᠎ᠳᠤ ᠤᠰᠤᠨ ᠠᠰᠢᠭᠯᠠᠯᠳᠠ ᠵᠢᠨ ᠪᠦᠳᠦᠭᠡᠨ ᠪᠠᠢ᠌ᠭᠤᠯᠤᠯᠳᠠ ᠵᠢᠨ ᠲᠦᠷᠦᠯ ᠵᠤᠢ᠌ᠯ᠎ᠨᠢ ᠲᠦᠷᠦᠬᠦᠯᠡᠨ ᠬᠠᠤᠯᠢ ᠵᠢ ᠬᠦᠨᠳᠦᠳᠭᠡᠨ ᠬᠠᠤᠯᠢ ᠵᠢ ᠰᠠᠬᠢᠬᠤ᠂ ᠠᠮᠢ ᠠᠬᠤᠢ ᠵᠢ ᠬᠠᠮᠠᠭ᠋ᠠᠯᠠᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠦᠷᠢᠯᠳᠦᠬᠦᠯᠬᠦ ᠵᠢ ᠲᠦᠯᠬᠢᠨ ᠠᠬᠢᠭᠤᠯᠬᠤ ᠬᠡᠷᠡᠭᠲᠡᠢ᠃