ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠤᠰᠤᠨ ᠠᠰᠢᠭᠯᠠᠯᠲᠠ ᠵᠢᠨ ᠶᠠᠮᠤᠨ᠎ᠤ ᠤᠰᠤᠨ ᠠᠰᠢᠭᠯᠠᠯᠲᠠ ᠵᠢᠨ ᠠᠶᠤᠯᠬᠦᠢ ᠦᠢ᠍ᠯᠡᠳᠪᠦᠷᠢᠯᠡᠯ᠎ᠢ ᠪᠠᠷᠢᠮᠵᠢᠶᠠᠵᠢᠭᠤᠯᠤᠭᠰᠠᠨ ᠪᠠᠷᠢᠮᠵᠢᠶ᠎ᠠ᠎ᠳᠤ ᠬᠦᠷᠦᠭᠰᠡᠨ ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠬᠦ ᠰᠠᠨᠠᠯ
ᠨᠡᠶ᠋ᠢᠲᠡᠯᠡᠭᠰᠡᠨ ᠴᠠᠭ᠄ 2021-05-28


      ᠤᠰᠤ   ᠬᠢᠨᠠᠯᠳᠠ [2021] 143 ᠳ᠋ᠤᠭ᠋ᠠᠷ ᠲᠣᠭ᠋ᠠᠲᠤ
      ᠶᠠᠮᠤᠨ᠎ᠤ ᠪᠠᠢ᠌ᠭᠤᠯᠭ᠎ᠠ ᠵᠢᠨ ᠡᠯ᠎ᠡ ᠵᠤᠷᠭ᠋ᠠᠨ ᠲᠤᠪᠴᠢᠶ᠎ᠠ᠂ ᠶᠠᠮᠤᠨ᠎ᠤ ᠰᠢᠭᠤᠳ ᠬᠠᠷᠢᠶ᠎ᠠ ᠡᠯ᠎ᠡ ᠪᠠᠢ᠌ᠭᠤᠯᠭ᠎ᠠ ᠨᠢᠭᠡᠴᠢ᠂ ᠡᠯ᠎ᠡ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠤᠰᠤᠨ ᠠᠰᠢᠭᠯᠠᠯᠳᠠ (ᠤᠰᠤᠨ᠎ᠤ ᠶᠠᠪᠤᠳᠠᠯ) ᠵᠢᠨ ᠲᠢᠩᠬᠢᠮ (ᠲᠤᠪᠴᠢᠶ᠎ᠠ)᠂ ᠡᠯ᠎ᠡ ᠲᠦᠯᠦᠪᠯᠡᠭᠡᠲᠦ ᠲᠤᠰᠠᠭ᠋ᠠᠷ ᠵᠢᠭᠰᠠᠭ᠋ᠠᠭᠰᠠᠨ ᠬᠤᠳᠠ ᠵᠢᠨ ᠤᠰᠤᠨ ᠠᠰᠢᠭᠯᠠᠯᠳᠠ (ᠤᠰᠤᠨ᠎ᠤ ᠶᠠᠪᠤᠳᠠᠯ) ᠵᠢᠨ ᠲᠤᠪᠴᠢᠶ᠎ᠠ᠂ ᠰᠢᠨᠵᠢᠶᠠᠩ᠎ᠤᠨ ᠦᠢ᠍ᠯᠡᠳᠪᠤᠷᠢᠯᠡᠯ ᠪᠦᠳᠦᠭᠡᠨ ᠪᠠᠢ᠌ᠭᠤᠯᠤᠯᠳᠠ ᠵᠢᠨ ᠪᠢᠩᠲ᠋ᠤᠸᠠᠨ᠎ᠤ ᠤᠰᠤᠨ ᠠᠰᠢᠭᠯᠠᠯᠳᠠ ᠵᠢᠨ ᠲᠤᠪᠴᠢᠶ᠎ᠠ᠄
     《ᠠᠶᠤᠯᠭᠦᠢ ᠦᠢ᠍ᠯᠡᠳᠪᠦᠷᠢᠯᠡᠯ᠎ᠤᠨ ᠬᠦᠷᠢᠶᠡᠨ᠎ᠳᠠᠬᠢ ᠥᠭᠡᠷᠡᠴᠢᠯᠡᠯᠲᠡ ᠬᠥᠭᠵᠢᠯᠲᠡ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ       ᠰᠠᠨᠠᠯ》 《ᠣᠷᠣᠨ ᠨᠤᠲᠤᠭ᠎ᠤᠨ ᠨᠠᠮ ᠵᠠᠰᠠᠭ᠎ᠤᠨ ᠤᠳᠤᠷᠢᠳᠬᠤ ᠺᠠᠳ᠋ᠷ᠎ᠤᠨ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ᠎ᠤᠨ ᠲᠤᠭᠳᠠᠭ᠋ᠠᠯ》 ᠪᠠ 《ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠠᠶᠤᠯᠭᠦᠢ ᠦᠢ᠍ᠯᠡᠳᠪᠦᠷᠢᠯᠡᠯ᠎ᠢ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢ ᠭᠦᠨᠵᠡᠭᠡᠢ ᠥᠷᠨᠢᠭᠦᠯᠬᠦ ᠵᠢ ᠬᠡᠷᠡᠭᠵᠢᠭᠦᠯᠬᠦ ᠲᠥᠰᠦᠯ》 (ᠤᠰᠤᠨ ᠠᠶᠤᠯᠭᠦᠢ ᠬᠢᠨᠠᠯᠲᠠ [2021]346 ᠳ᠋ᠤᠭ᠋ᠠᠷ ᠲᠣᠭ᠋ᠠᠲᠤ)᠎ᠢ ᠬᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠤᠰᠤᠨ ᠠᠰᠢᠭᠯᠠᠯᠳᠠ ᠵᠢᠨ ᠦᠢ᠍ᠯᠡᠳᠪᠤᠷᠢᠯᠡᠯ ᠡᠵᠡᠩᠨᠡᠯᠳᠡ ᠵᠢᠨ ᠨᠢᠭᠡᠴᠢ ᠵᠢᠨ ᠠᠶᠤᠯᠬᠦᠢ ᠦᠢ᠍ᠯᠡᠳᠪᠤᠷᠢᠯᠡᠯ᠎ᠢ ᠪᠠᠷᠢᠮᠵᠢᠶᠠᠵᠢᠭᠤᠯᠤᠭᠰᠠᠨ ᠪᠠᠷᠢᠮᠵᠢᠶ᠎ᠠ᠎ᠳᠤ ᠬᠦᠷᠭᠡᠬᠦ ᠪᠠᠢ᠌ᠭᠤᠯᠤᠯᠳᠠ ᠵᠢ ᠤᠯᠠᠮ ᠨᠢᠭᠡ ᠠᠯᠬᠤᠮ ᠠᠬᠢᠭᠤᠯᠵᠤ᠂ ᠤᠰᠤᠨ ᠠᠰᠢᠭᠯᠠᠯᠳᠠ ᠵᠢᠨ ᠠᠶᠤᠯᠬᠦᠢ ᠦᠢ᠍ᠯᠡᠳᠪᠤᠷᠢᠯᠡᠯ᠎ᠢ ᠪᠠᠷᠢᠮᠵᠢᠶᠠᠵᠢᠭᠤᠯᠤᠭᠰᠠᠨ ᠪᠠᠷᠢᠮᠵᠢᠶ᠎ᠠ᠎ᠳᠤ   ᠬᠦᠷᠦᠭᠰᠡᠨ ᠨᠢᠭᠡᠴᠢ ᠵᠢᠨ ᠠᠵᠢᠯ ᠵᠶ᠋ᠡᠨ ᠦᠷᠬᠦᠯᠵᠢᠯᠡᠨ ᠰᠠᠢ᠌ᠵᠢᠷᠠᠭᠤᠯᠬᠤ ᠵᠢ ᠰᠢᠪᠠᠳᠠᠨ       ᠠᠬᠢᠭᠤᠯᠵᠤ᠂ ᠦᠢ᠍ᠯᠡᠳᠪᠤᠷᠢᠯᠡᠯ᠎ᠤᠨ ᠠᠮᠤᠷ ᠲᠦᠪᠰᠢᠨ᠎ᠤ ᠡᠨᠳᠡᠯ ᠡᠬᠦᠰᠬᠦ᠎ᠠᠴᠠ ᠰᠡᠷᠭᠡᠢ᠌ᠯᠡᠬᠦ ᠵᠢᠨ ᠲᠦᠯᠦᠭᠡ᠂ ᠤᠳᠤ ᠤᠰᠤᠨ ᠠᠰᠢᠭᠯᠠᠯᠳᠠ ᠵᠢᠨ ᠠᠶᠤᠯᠬᠦᠢ ᠦᠢ᠍ᠯᠡᠳᠪᠤᠷᠢᠯᠡᠯ᠎ᠢ   ᠪᠠᠷᠢᠮᠵᠢᠶᠠᠵᠢᠭᠤᠯᠤᠭᠰᠠᠨ ᠪᠠᠷᠢᠮᠵᠢᠶ᠎ᠠ᠎ᠳᠤ ᠬᠦᠷᠦᠬᠦᠯᠬᠦ ᠬᠦᠳᠡᠯᠦᠩᠬᠦᠢ ᠬᠠᠮᠢᠶᠠᠷᠤᠯᠳᠠ ᠵᠢᠨ ᠠᠵᠢᠯ᠎ᠢ ᠴᠢᠩᠭ᠋ᠠᠳᠬᠠᠬᠤ ᠲᠤᠬᠠᠢ ᠲᠤᠤᠷᠠᠬᠢ ᠮᠡᠲᠦ ᠬᠡᠷᠡᠭᠵᠢᠬᠦᠯᠬᠦ ᠰᠠᠨᠠᠯ ᠲᠤᠷᠠᠳᠤᠶ᠎ᠠ᠄
      ᠨᠢᠭᠡ᠂ ᠠᠵᠢᠯ᠎ᠤᠨ ᠬᠠᠷᠠᠯᠲᠠ
ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠠᠷᠠᠳ ᠲᠦᠮᠡᠨ ᠬᠠᠮᠤᠭ᠎ᠠᠴᠠ ᠡᠷᠬᠢᠮ ᠳᠡᠭᠡᠳᠦ᠂ ᠠᠮᠢ ᠨᠠᠰᠤ ᠬᠠᠮᠤᠭ᠎ᠠᠴᠠ ᠡᠷᠬᠢᠮ ᠳᠡᠭᠡᠳᠦ》 ᠪᠠᠶ᠋ᠢᠬᠤ ᠵᠢ ᠪᠠᠷᠢᠮᠲᠠᠯᠠᠵᠤ᠂ ᠠᠶᠤᠯᠭᠦᠢ ᠦᠢ᠍ᠯᠡᠳᠪᠦᠷᠢᠯᠡᠯ᠎ᠢ ᠪᠠᠷᠢᠮᠵᠢᠶᠠᠵᠢᠭᠤᠯᠬᠤ ᠬᠥᠳᠡᠯᠦᠩᠭᠦᠢ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠲᠡᠰ ᠬᠤᠪᠢᠶᠠᠨ ᠬᠢᠨᠠᠯᠲᠠ ᠲᠠᠯᠪᠢᠵᠤ᠂ ᠵᠥᠷᠢᠶᠡᠲᠦ ᠬᠠᠮᠢᠶᠠᠷᠤᠯᠲᠠ ᠵᠢ ᠬᠡᠷᠡᠭᠵᠢᠬᠦᠯᠦᠨ᠂ ᠬᠠᠮᠢᠶ᠎ᠠ ᠪᠦᠬᠦᠢ ᠬᠢᠨᠠᠯᠳᠠ ᠲᠠᠯᠪᠢᠵᠤ ᠬᠠᠤᠯᠢ ᠬᠡᠷᠡᠭᠵᠢᠭᠦᠯᠦᠯᠲᠡ ᠵᠢᠨ ᠦᠷ᠎ᠡ ᠪᠦᠲᠦᠭᠡᠯ ᠪᠠ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠂ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠢᠲᠡᠭᠡᠮᠵᠢ ᠵᠢᠨ ᠦᠨᠡᠯᠡᠯᠲᠡ ᠵᠢᠨ《ᠬᠠᠷ᠎ᠠ ᠲᠠᠩᠰᠠ》 ᠵᠡᠷᠭᠡ ᠬᠠᠮᠢᠶ᠎ᠠ ᠪᠦᠬᠦᠢ ᠮᠡᠳᠡᠭᠡ ᠵᠠᠩᠬᠢ ᠵᠢ ᠢᠳᠡᠪᠬᠢᠲᠡᠢ ᠬᠡᠷᠡᠭᠯᠡᠵᠦ᠂ ᠤᠰᠤᠨ ᠠᠰᠢᠭᠯᠠᠯᠳᠠ ᠵᠢᠨ ᠶᠠᠮᠤᠨ᠎ᠠᠴᠠ ᠲᠤᠩᠬᠠᠭᠯᠠᠭᠰᠠᠨ ᠪᠠᠷᠢᠮᠵᠢᠶ᠎ᠠ᠎ᠳᠤ ᠬᠦᠷᠦᠭᠰᠡᠨ ᠨᠢᠭᠡᠴᠢ᠎ᠳᠤ ᠪᠦᠬᠦ ᠲᠠᠯ᠎ᠠ ᠵᠢᠨ ᠬᠦᠳᠡᠯᠦᠩᠬᠦᠢ ᠬᠠᠮᠢᠶᠠᠷᠤᠯᠳᠠ ᠵᠢ ᠬᠡᠷᠡᠭᠵᠢᠬᠦᠯᠵᠦ᠂ ᠰᠡᠷᠡᠮᠵᠢᠯᠡᠬᠦᠯᠬᠦ ᠪᠠ ᠤᠬᠤᠷᠢᠨ ᠭᠠᠷᠬᠤ ᠲᠤᠭᠳᠠᠴᠠ ᠵᠢ ᠪᠠᠢ᠌ᠭᠤᠯᠤᠨ᠂ ᠪᠠᠷᠢᠮᠵᠢᠶ᠎ᠠ᠎ᠳᠤ ᠬᠦᠷᠦᠭᠰᠡᠨ ᠨᠢᠭᠡᠴᠢ ᠵᠢᠨ ᠠᠶᠤᠯᠬᠦᠢ ᠵᠢᠨ ᠬᠠᠮᠢᠶᠠᠷᠤᠯᠳᠠ ᠵᠢᠨ ᠲᠦᠪᠰᠢᠨ᠎ᠢ ᠪᠠᠳᠤᠳᠬᠠᠨ ᠲᠡᠭᠡᠭᠰᠢᠯᠡᠬᠦᠯᠵᠦ᠂ ᠤᠰᠤᠨ ᠠᠰᠢᠭᠯᠠᠯᠳᠠ ᠵᠢᠨ ᠦᠢ᠍ᠯᠡᠰ᠎ᠤᠨ ᠡᠷᠡᠬᠦᠯ ᠬᠦᠭᠵᠢᠯᠳᠡ᠎ᠳᠤ ᠬᠦᠴᠦᠨ ᠪᠦᠬᠦᠢ ᠠᠮᠤᠷ ᠲᠦᠪᠰᠢᠨ᠎ᠤ ᠪᠠᠳᠤᠯᠠᠭ᠎ᠠ ᠬᠠᠩᠭ᠋ᠠᠨ᠎ᠠ᠃
      ᠬᠣᠶᠠᠷ᠂ ᠬᠡᠷᠡᠭᠵᠢᠭᠦᠯᠬᠦ ᠠᠷᠭ᠎ᠠ
     (ᠨᠢᠭᠡ) 《ᠬᠡᠨ ᠬᠢᠨᠠᠨ ᠲᠣᠭᠲᠠᠭ᠋ᠠᠭᠰᠠᠨ ᠪᠣᠯ ᠲᠡᠷᠡ ᠬᠥᠳᠡᠯᠦᠩᠭᠦᠢ ᠬᠠᠮᠢᠶᠠᠷᠬᠤ》 ᠵᠠᠷᠴᠢᠮ ᠶᠣᠰᠣᠭ᠋ᠠᠷ᠂ ᠤᠰᠤᠨ ᠠᠰᠢᠭᠯᠠᠯᠲᠠ ᠵᠢᠨ ᠶᠠᠮᠤᠨ᠎ᠠᠴᠠ ᠪᠠᠷᠢᠮᠵᠢᠶᠠᠵᠢᠭᠤᠯᠵᠤ ᠨᠢᠭᠡᠳᠦᠭᠡᠷ ᠳᠡᠰ᠎ᠤᠨ ᠪᠠᠷᠢᠮᠵᠢᠶ᠎ᠠ᠎ᠳᠤ ᠬᠦᠷᠦᠭᠰᠡᠨ ᠨᠢᠭᠡᠴᠢ ᠪᠠ ᠶᠠᠮᠤᠨ᠎ᠤ ᠬᠠᠷᠢᠶ᠎ᠠ ᠪᠠᠷᠢᠮᠵᠢᠶ᠎ᠠ᠎ᠳᠤ ᠬᠦᠷᠦᠭᠰᠡᠨ ᠨᠢᠭᠡᠴᠢ᠎ᠳᠤ ᠬᠥᠳᠡᠯᠦᠩᠭᠦᠢ ᠬᠠᠮᠢᠶᠠᠷᠤᠯᠲᠠ ᠬᠢᠵᠦ᠂ ᠣᠷᠣᠨ ᠨᠤᠲᠤᠭ᠎ᠤᠨ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰ ᠬᠡᠷᠡᠭᠵᠢᠭᠦᠯᠬᠦ ᠰᠠᠨᠠᠯ ᠵᠶ᠋ᠠᠷ ᠯᠠᠪᠯᠠᠯᠲᠠ ᠪᠣᠯᠭ᠋ᠠᠨ ᠲᠡᠭᠦᠨ᠎ᠤ ᠬᠢᠨᠠᠨ ᠲᠣᠭᠲᠠᠭ᠋ᠠᠭᠰᠠᠨ ᠪᠠᠷᠢᠮᠵᠢᠶᠠᠵᠢᠭᠤᠯᠤᠭᠰᠠᠨ ᠪᠠᠷᠢᠮᠵᠢᠶ᠎ᠠ᠎ᠳᠤ ᠬᠦᠷᠦᠭᠰᠡᠨ ᠨᠢᠭᠡᠴᠢ᠎ᠳᠤ ᠬᠥᠳᠡᠯᠦᠩᠭᠦᠢ ᠬᠠᠮᠢᠶᠠᠷᠤᠯᠲᠠ ᠬᠢᠨ᠎ᠡ᠃
    (ᠬᠤᠶᠠᠷ) ᠤᠰᠤᠨ ᠠᠰᠢᠭᠯᠠᠯᠳᠠ ᠵᠢᠨ ᠦᠢ᠍ᠯᠡᠳᠪᠤᠷᠢᠯᠡᠯ   ᠡᠵᠡᠩᠨᠡᠯᠲᠡ ᠵᠢᠨ ᠨᠢᠭᠡᠴᠢ᠎ᠨᠢ ᠠᠶᠤᠯᠬᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠳᠡᠰ᠎ᠤᠨ ᠦᠨᠡᠮᠯᠡᠯ᠎ᠢ ᠣᠯᠤᠭᠰᠠᠨ᠎ᠤ ᠳᠠᠷᠠᠭ᠎ᠠ᠂ ᠳᠠᠷᠤᠢ ᠬᠥᠳᠡᠯᠦᠩᠭᠦᠢ ᠬᠠᠮᠢᠶᠠᠷᠤᠯᠲᠠ ᠵᠢᠨ ᠱᠠᠲᠤᠨ᠎ᠳᠤ ᠣᠷᠣᠨ᠎ᠠ᠃ ᠬᠥᠳᠡᠯᠦᠩᠭᠦᠢ ᠬᠠᠮᠢᠶᠠᠷᠤᠯᠲᠠ᠎ᠳᠤ ᠬᠤᠷᠠᠮᠳᠤᠭᠤᠯᠤᠨ ᠬᠤᠪᠢ ᠲᠡᠮᠳᠡᠭᠯᠡᠬᠦ ᠳᠦᠷᠢᠮ᠎ᠢ ᠬᠡᠷᠡᠭᠵᠢᠬᠦᠯᠵᠦ᠂ ᠬᠤᠪᠢ ᠲᠡᠮᠳᠡᠭᠯᠡᠬᠦ ᠦᠶᠡᠯᠡᠯ᠎ᠨᠢ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠲᠠᠢ ᠠᠳᠠᠯᠢ ᠪᠠᠢ᠌ᠵᠤ᠂ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠲᠠᠭᠤᠰᠤᠭᠰᠠᠨ᠎ᠤ ᠲᠠᠷᠠᠭ᠎ᠠ ᠬᠦᠳᠡᠯᠦᠩᠬᠦᠢ ᠬᠠᠮᠢᠶᠠᠷᠤᠯᠳᠠ ᠵᠢᠨ ᠲᠡᠮᠳᠡᠭᠯᠡᠭᠰᠡᠨ ᠬᠤᠪᠢ᠎ᠨᠢ ᠠᠶᠠᠨᠳᠠᠭ᠋ᠠᠨ ᠤᠰᠠᠳᠴᠤ ᠦᠭᠡᠢ ᠪᠤᠯᠤᠨ᠎ᠠ᠃
    (ᠭᠤᠷᠪᠠ) ᠬᠦᠳᠡᠯᠦᠩᠬᠦᠢ ᠬᠠᠮᠢᠶᠠᠷᠤᠯᠳᠠ ᠵᠢᠨ ᠬᠤᠪᠢ ᠲᠡᠮᠳᠡᠭᠯᠡᠬᠦ᠎ᠨᠢ ᠬᠠᠮᠢᠶ᠎ᠠ ᠪᠦᠬᠦᠢ ᠬᠢᠨᠠᠯᠳᠠ ᠲᠠᠯᠪᠢᠵᠤ ᠬᠠᠤᠯᠢ ᠬᠡᠷᠡᠭᠵᠢᠬᠦᠯᠦᠭᠰᠡᠨ ᠦᠷ᠎ᠡ ᠪᠦᠳᠦᠮᠵᠢ ᠵᠢᠴᠢ ᠤᠰᠤᠨ ᠠᠰᠢᠭᠯᠠᠯᠳᠠ ᠵᠢᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠂ ᠤᠰᠤᠨ ᠠᠰᠢᠭᠯᠠᠯᠳᠠ ᠵᠢᠨ ᠪᠦᠳᠦᠭᠡᠨ ᠪᠠᠢ᠌ᠭᠤᠯᠤᠯᠳᠠ ᠵᠢᠨ ᠵᠠᠬ᠎ᠠ ᠲᠡᠯᠭᠡᠬᠦᠷ᠎ᠤᠨ ᠢᠳᠡᠭᠡᠮᠵᠢ ᠵᠢᠨ ᠦᠨᠡᠯᠡᠯᠳᠡ ᠵᠢᠨ《ᠬᠠᠷ᠎ᠠ ᠲᠠᠩᠰᠠ》 ᠵᠡᠷᠭᠡ ᠡᠯ᠎ᠡ ᠲᠦᠷᠦᠯ᠎ᠤᠨ ᠬᠠᠮᠢᠶ᠎ᠠ ᠪᠦᠬᠦᠢ ᠮᠡᠳᠡᠭᠡ ᠵᠠᠩᠬᠢ ᠵᠢ ᠦᠨᠳᠦᠰᠦᠯᠡᠨ᠎ᠡ᠃ ᠬᠤᠪᠢ ᠲᠡᠮᠳᠡᠭᠯᠡᠬᠦ ᠪᠠᠷᠢᠮᠵᠢᠶ᠎ᠠ᠎ᠨᠢ ᠲᠤᠤᠷᠠᠬᠢ ᠮᠡᠲᠦ᠄
    1. ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠬᠢᠭᠡᠳ ᠠᠵᠢᠯᠯᠠᠭ᠋ᠠᠨ᠎ᠲᠠᠢ ᠬᠣᠯᠪᠣᠭᠳᠠᠭᠰᠠᠨ ᠠᠶᠤᠯᠬᠦᠢ ᠦᠢ᠍ᠯᠡᠳᠪᠦᠷᠢᠯᠡᠯ᠎ᠤᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ᠎ᠠᠴᠠ ᠪᠣᠯᠵᠤ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠤᠯᠤᠭᠰᠠᠨ ᠪᠠᠢ᠌ᠪᠠᠯ᠄ ᠲᠤᠩᠭᠤᠳᠬᠤ᠂ ᠵᠠᠷᠯᠠᠵᠤ ᠰᠢᠭᠦᠮᠵᠢᠯᠡᠭᠰᠡᠨ ᠪᠤᠯ ᠨᠢᠭᠡ ᠤᠳᠠᠭ᠎ᠠ 3 ᠬᠤᠪᠢ ᠲᠡᠮᠳᠡᠭᠯᠡᠨ᠎ᠡ; ᠵᠤᠭᠤᠰ ᠵᠶ᠋ᠡᠷ ᠲᠤᠷᠭ᠋ᠠᠭᠳᠠᠭᠰᠠᠨ ᠪᠤᠯ ᠨᠢᠭᠡ ᠤᠳᠠᠭ᠎ᠠ 4 ᠬᠤᠪᠢ ᠲᠡᠮᠳᠡᠭᠯᠡᠨ᠎ᠡ; ᠬᠠᠤᠯᠢ᠎ᠠᠴᠠ ᠵᠦᠷᠢᠴᠡᠨ ᠤᠯᠤᠭᠰᠠᠨ ᠪᠤᠶᠤ ᠬᠠᠤᠯᠢ ᠪᠤᠰᠤ ᠡᠳ᠋ ᠬᠦᠷᠦᠩᠭᠡ ᠵᠢ ᠬᠤᠷᠢᠶᠠᠨ ᠠᠪᠤᠭᠰᠠᠨ ᠪᠤᠯ ᠨᠢᠭᠡ ᠤᠳᠠᠭ᠎ᠠ 5 ᠬᠤᠪᠢ ᠲᠡᠮᠳᠡᠭᠯᠡᠨ᠎ᠡ; ᠦᠢ᠍ᠯᠡᠳᠪᠤᠷᠢᠯᠡᠯ ᠡᠵᠡᠩᠨᠡᠯᠳᠡ ᠵᠢᠨ ᠠᠵᠢᠯᠯᠠᠭ᠎ᠠ ᠦᠷᠨᠢᠬᠦᠯᠬᠦ ᠵᠢ᠎ᠨᠢ ᠬᠢᠵᠠᠭ᠋ᠠᠷᠯᠠᠭᠰᠠᠨ᠂ ᠦᠢ᠍ᠯᠡᠳᠪᠤᠷᠢᠯᠡᠯ ᠡᠵᠡᠩᠨᠡᠯᠳᠡ ᠵᠢ᠎ᠨᠢ ᠵᠠᠷᠯᠢᠭᠳᠠᠨ ᠵᠤᠭᠰᠤᠭ᠋ᠠᠭᠰᠠᠨ ᠪᠤᠯ ᠨᠢᠭᠡ ᠤᠳᠠᠭ᠎ᠠ 6 ᠬᠤᠪᠢ ᠲᠡᠮᠳᠡᠭᠯᠡᠨ᠎ᠡ; ᠵᠦᠪᠰᠢᠶᠡᠷᠡᠯ᠎ᠤᠨ ᠭᠡᠷᠡᠴᠢ ᠦᠨᠡᠮᠯᠡᠯ᠎ᠢ ᠲᠦᠷ ᠰᠠᠭ᠋ᠠᠳᠬᠠᠭᠰᠠᠨ ᠪᠤᠯ ᠨᠢᠭᠡ ᠤᠳᠠᠭ᠎ᠠ 8 ᠬᠤᠪᠢ ᠲᠡᠮᠳᠡᠭᠯᠡᠨ᠎ᠡ; ᠬᠢᠷᠢ ᠭᠡᠮ᠎ᠤᠨ ᠲᠡᠰ᠎ᠢ᠎ᠨᠢ ᠪᠠᠭᠤᠷᠠᠭᠤᠯᠤᠭᠰᠠᠨ ᠪᠤᠯ ᠨᠢᠭᠡ ᠤᠳᠠᠭ᠎ᠠ 10 ᠬᠤᠪᠢ ᠲᠡᠮᠳᠡᠭᠯᠡᠨ᠎ᠡ; ᠵᠥᠪᠰᠢᠶᠡᠷᠡᠯ᠎ᠤᠨ ᠦᠨᠡᠮᠯᠡᠬᠦ ᠵᠢ᠎ᠨᠢ ᠬᠣᠷᠢᠶᠠᠨ ᠠᠪᠴᠤ ᠬᠦᠴᠦᠨ ᠦᠭᠡᠢ ᠪᠤᠯᠭ᠋ᠠᠭᠰᠠᠨ᠂ ᠵᠠᠷᠯᠢᠭᠳᠠᠵᠤ ᠪᠠᠶ᠋ᠢᠭ᠋ᠠᠳ ᠡᠭᠦᠳᠡ ᠵᠢ᠎ᠨᠢ ᠬᠠᠭ᠋ᠠᠯᠭ᠋ᠠᠭᠰᠠᠨ᠂ ᠠᠵᠢᠯ ᠡᠷᠬᠢᠯᠡᠬᠦ ᠵᠢ᠎ᠨᠢ ᠬᠢᠵᠠᠭ᠋ᠠᠷᠯᠠᠭᠰᠠᠨ ᠪᠤᠯ ᠨᠢᠭᠡ ᠤᠳᠠᠭ᠎ᠠ 20 ᠬᠤᠪᠢ ᠲᠡᠮᠳᠡᠭᠯᠡᠨ᠎ᠡ᠃ ᠠᠳᠠᠯᠢ ᠨᠢᠭᠡ ᠠᠶᠤᠯᠬᠦᠢ ᠦᠢ᠍ᠯᠡᠳᠪᠤᠷᠢᠯᠡᠯ᠎ᠲᠠᠢ ᠬᠤᠯᠪᠤᠭᠳᠠᠭᠰᠠᠨ ᠬᠠᠤᠯᠢ ᠲᠤᠭᠳᠠᠭ᠋ᠠᠯ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ᠎ᠨᠢ ᠵᠡᠷᠭᠡ᠎ᠳᠤ᠎ᠨᠢ 2 ᠲᠦᠷᠦᠯ ᠪᠤᠶᠤ ᠲᠡᠬᠦᠨ᠎ᠠᠴᠠ ᠲᠡᠭᠡᠭᠰᠢ ᠵᠠᠰᠠᠭ ᠵᠠᠬᠢᠷᠭ᠋ᠠᠨ᠎ᠤ ᠰᠢᠢ᠍ᠳᠭᠡᠯ ᠤᠯᠤᠭᠰᠠᠨ ᠪᠠᠢ᠌ᠪᠠᠯ᠂ ᠨᠡᠯᠢᠶᠡᠳ ᠥᠨᠳᠥᠷ ᠬᠤᠪᠢ᠎ᠪᠠᠷ᠎ᠨᠢ ᠬᠡᠮᠵᠢᠶᠡᠵᠢᠭᠦᠯᠦᠨ ᠬᠤᠪᠢ ᠲᠡᠮᠳᠡᠭᠯᠡᠵᠦ᠂ ᠳᠠᠪᠬᠤᠷᠳᠠᠭᠤᠯᠤᠨ ᠬᠤᠪᠢ ᠲᠡᠮᠳᠡᠭᠯᠡᠬᠦ ᠦᠭᠡᠢ᠃
    2. ᠤᠰᠤᠨ ᠠᠰᠢᠭᠯᠠᠯᠲᠠ ᠵᠢᠨ ᠶᠠᠮᠤᠨ᠎ᠤ ᠵᠣᠬᠢᠶᠠᠨ ᠪᠠᠶ᠋ᠢᠭᠤᠯᠤᠭᠰᠠᠨ ᠠᠶᠤᠯᠬᠦᠢ ᠦᠢ᠍ᠯᠡᠳᠪᠦᠷᠢᠯᠡᠯ᠎ᠤᠨ ᠲᠣᠭᠣᠷᠢᠨ ᠪᠠᠶ᠋ᠢᠴᠠᠭ᠋ᠠᠯᠲᠠ᠂ ᠮᠥᠷᠳᠡᠨ ᠪᠠᠶ᠋ᠢᠴᠠᠭ᠋ᠠᠯᠲᠠ ᠪᠣᠯᠤᠨ ᠪᠤᠰᠤᠳ ᠬᠢᠨᠠᠯᠲᠠ ᠲᠠᠯᠪᠢᠵᠤ ᠪᠠᠢ᠌ᠴᠠᠭ᠋ᠠᠭᠰᠠᠨ (  ᠢᠯᠡᠴᠢᠯᠡᠨ ᠮᠡᠳᠡᠬᠦᠯᠦᠭᠰᠡᠨ᠎ᠢ ᠪᠠᠢ᠌ᠴᠠᠭ᠋ᠠᠭᠰᠠᠨ) ᠴᠡᠭᠴᠡᠯᠡᠨ ᠰᠠᠶ᠋ᠢᠵᠢᠷᠠᠭᠤᠯᠬᠤ ᠪᠢᠴᠢᠭ ᠮᠠᠲ᠋ᠧᠷᠢᠶᠠᠯ᠎ᠳᠤ᠂   ᠠᠶᠤᠯᠬᠦᠢ ᠦᠢ᠍ᠯᠡᠳᠪᠦᠷᠢᠯᠡᠯ᠎ᠤᠨ ᠠᠰᠠᠭᠤᠳᠠᠯ᠎ᠠᠴᠠ ᠪᠣᠯᠵᠤ ᠪᠣᠯᠵᠣᠨ ᠬᠡᠯᠡᠯᠴᠡᠬᠦ ᠪᠤᠶᠤ ᠵᠠᠷᠯᠢᠭᠳᠠᠨ ᠪᠣᠯᠵᠣᠨ ᠶᠠᠷᠢᠯᠴᠠᠭᠤᠯᠤᠭᠰᠠᠨ ᠪᠠᠢ᠌ᠪᠠᠯ ᠨᠢᠭᠡ ᠤᠳᠠᠭ᠎ᠠ 2 ᠬᠤᠪᠢ ᠲᠡᠮᠳᠡᠭᠯᠡᠨ᠎ᠡ᠃
    3. ᠣᠨ᠎ᠤ ᠥᠪᠡᠷ᠎ᠤᠨ ᠦᠨᠡᠯᠡᠯᠳᠡ ᠵᠢᠨ ᠮᠡᠳᠡᠭᠦᠯᠦᠯᠲᠡ᠎ᠪᠠᠨ ᠲᠤᠰᠢᠶᠠᠭᠰᠠᠨ ᠦᠭᠡᠢ ᠪᠠᠢ᠌ᠪᠠᠯ ᠨᠢᠭᠡ ᠤᠳᠠᠭ᠎ᠠ 3 ᠬᠤᠪᠢ ᠲᠡᠮᠳᠡᠭᠯᠡᠨ᠎ᠡ; ᠪᠠᠢ᠌ᠴᠠᠭ᠋ᠠᠯᠳᠠ᠎ᠪᠠᠷ ᠲᠠᠮᠵᠢᠨ ᠣᠨ᠎ᠤ ᠥᠪᠡᠷ᠎ᠤᠨ ᠦᠨᠡᠯᠡᠯᠳᠡ ᠵᠢᠨ ᠮᠡᠳᠡᠭᠦᠯᠦᠯᠲᠡ᠎ᠨᠢ ᠲᠣᠭᠲᠠᠭ᠋ᠠᠯ᠎ᠳᠤ ᠨᠡᠢ᠌ᠴᠡᠭᠰᠡᠨ ᠦᠭᠡᠢ ᠪᠠᠢ᠌ᠪᠠᠯ ᠨᠢᠭᠡ ᠤᠳᠠᠭ᠎ᠠ 2 ᠬᠤᠪᠢ ᠲᠡᠮᠳᠡᠭᠯᠡᠨ᠎ᠡ; ᠣᠨ᠎ᠤ ᠦᠪᠡᠷ᠎ᠤᠨ ᠦᠨᠡᠯᠡᠯᠳᠡ ᠵᠢᠨ ᠮᠡᠳᠡᠭᠦᠯᠦᠯᠲᠡ᠎ᠪᠠᠨ ᠬᠤᠢ᠌ᠰᠢᠯᠠᠭᠤᠯᠤᠨ ᠮᠡᠳᠡᠬᠦᠯᠦᠭᠰᠡᠨ ᠪᠠᠢ᠌ᠪᠠᠯ ᠨᠢᠭᠡ ᠤᠳᠠᠭ᠎ᠠ 1 ᠬᠤᠪᠢ ᠲᠡᠮᠳᠡᠭᠯᠡᠨ᠎ᠡ᠃
    4. ᠠᠶᠤᠯᠬᠦᠢ ᠦᠢ᠍ᠯᠡᠳᠪᠦᠷᠢᠯᠡᠯ᠎ᠤᠨ ᠠᠰᠠᠭᠤᠳᠠᠯ᠎ᠠᠴᠠ ᠪᠣᠯᠵᠤ ᠪᠦᠬᠦ ᠤᠯᠤᠰ᠎ᠤᠨ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ᠎ᠤᠨ 《ᠭᠣᠣᠯᠳᠠᠯᠭ᠎ᠠ᠎ᠲᠠᠢ ᠠᠩᠬᠠᠷᠬᠤ ᠨᠡᠷᠡᠰ》᠎ᠲᠤ ᠵᠢᠭᠰᠠᠭ᠋ᠠᠭᠳᠠᠭᠰᠠᠨ ᠪᠥᠭᠡᠳ ᠢᠯᠡ ᠪᠠᠢ᠌ᠯᠭ᠋ᠠᠬᠤ ᠬᠤᠭᠤᠴᠠᠭ᠋ᠠᠨ᠎ᠳᠤ ᠪᠠᠢ᠌ᠪᠠᠯ 10 ᠬᠤᠪᠢ ᠲᠡᠮᠳᠡᠭᠯᠡᠨ᠎ᠡ᠃ ᠪᠦᠬᠦ ᠤᠯᠤᠰ᠎ᠤᠨ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ᠎ᠤᠨ 《ᠬᠠᠷ᠎ᠠ ᠲᠠᠩᠰᠠ》᠎ᠳᠤ ᠵᠢᠭᠰᠠᠭ᠋ᠠᠭᠳᠠᠭᠰᠠᠨ ᠪᠦᠭᠡᠳ ᠢᠯᠡ ᠪᠠᠢ᠌ᠯᠭ᠋ᠠᠬᠤ ᠬᠤᠭᠤᠴᠠᠭ᠋ᠠᠨ ᠳᠣᠲᠣᠷ᠎ᠠ ᠪᠠᠢ᠌ᠪᠠᠯ 20 ᠬᠤᠪᠢ ᠲᠡᠮᠳᠡᠭᠯᠡᠨ᠎ᠡ᠃
    5. ᠳᠣᠣᠷᠠᠬᠢ ᠶᠠᠮᠠᠷᠪᠠ ᠨᠢᠭᠡ ᠵᠦᠢ᠍ᠯ᠎ᠤᠨ ᠪᠠᠶ᠋ᠢᠳᠠᠯ ᠣᠷᠣᠰᠢᠵᠤ ᠪᠠᠢ᠌ᠪᠠᠯ 15 ᠬᠤᠪᠢ ᠲᠡᠮᠳᠡᠭᠯᠡᠨ᠎ᠡ᠄ 1  (ᠲᠤᠰ ᠲᠤᠭ᠎ᠠ ᠵᠢ ᠪᠠᠭᠳᠠᠭ᠋ᠠᠨ᠎ᠠ)᠎ᠠᠴᠠ ᠲᠡᠭᠡᠭᠰᠢ ᠬᠥᠮᠦᠨ ᠡᠨᠳᠡᠭᠰᠡᠨ ᠪᠤᠶᠤ ᠡᠰᠡᠬᠦᠯ᠎ᠡ 3  (ᠲᠤᠰ ᠲᠤᠭ᠎ᠠ ᠵᠢ ᠪᠠᠭᠳᠠᠭ᠋ᠠᠨ᠎ᠠ)  ᠎ᠠᠴᠠ ᠲᠡᠭᠡᠭᠰᠢ ᠬᠥᠮᠦᠨ ᠬᠦᠨᠳᠦ ᠰᠢᠷᠬᠠᠳᠤᠭᠰᠠᠨ᠂ ᠡᠰᠡᠬᠦᠯ᠎ᠡ 100 ᠲᠦᠮᠡᠨ ᠲᠥᠭᠥᠷᠢᠭ᠎ᠠᠴᠠ ᠳᠡᠭᠡᠭᠰᠢ ᠰᠢᠭᠤᠳ ᠠᠵᠤ ᠠᠬᠤᠢ ᠵᠢᠨ ᠬᠣᠬᠢᠷᠠᠯ᠎ᠳᠤ ᠤᠴᠠᠷᠠᠭᠰᠠᠨ ᠡᠩ᠎ᠤᠨ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ᠎ᠤᠨ ᠠᠶᠤᠯᠭᠦᠢ ᠵᠢᠨ ᠠᠳᠠᠯ ᠡᠬᠦᠰᠦᠭᠰᠡᠨ ᠪᠦᠭᠡᠳ ᠬᠠᠷᠢᠭᠤᠴᠠᠯᠭ᠎ᠠ ᠪᠦᠬᠦᠢ ᠪᠠᠶ᠋ᠢᠳᠠᠯ; ᠬᠦᠨᠳᠦ ᠶᠡᠬᠡ ᠡᠨᠳᠡᠯ᠎ᠤᠨ ᠳᠠᠯᠳᠠ ᠭᠡᠮ ᠪᠤᠶᠤ ᠠᠮᠤᠷ ᠲᠦᠪᠰᠢᠨ᠎ᠤ ᠬᠠᠮᠢᠶᠠᠷᠤᠯᠲᠠ ᠵᠢᠨ ᠳᠣᠪᠣᠶ᠋ᠢᠮ᠎ᠠ ᠠᠰᠠᠭᠤᠳᠠᠯ ᠣᠷᠣᠰᠢᠵᠤ ᠪᠠᠶ᠋ᠢᠬᠤ ᠪᠠᠢ᠌ᠳᠠᠯ; ᠬᠠᠤᠯᠢ ᠪᠤᠰᠤ ᠪᠠ ᠬᠠᠤᠯᠢ᠎ᠠᠴᠠ ᠵᠥᠷᠢᠴᠡᠨ ᠦᠢ᠍ᠯᠡᠳᠪᠦᠷᠢᠯᠡᠵᠦ ᠡᠵᠡᠩᠨᠡᠬᠦ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠣᠷᠣᠰᠢᠵᠤ ᠪᠠᠶ᠋ᠢᠬᠤ ᠪᠠᠢ᠌ᠳᠠᠯ; ᠦᠢ᠍ᠯᠡᠳᠪᠦᠷᠢᠯᠡᠯ ᠡᠵᠡᠩᠨᠡᠯᠲᠡ ᠵᠢᠨ ᠪᠠᠶ᠋ᠢᠳᠠᠯ᠎ᠳᠤ ᠴᠢᠬᠤᠯᠠ ᠶᠡᠬᠡ ᠬᠤᠪᠢᠷᠠᠯᠲᠠ ᠭᠠᠷᠤᠭᠰᠠᠨ ᠪᠠᠢ᠌ᠳᠠᠯ; ᠤᠰᠤᠨ ᠠᠰᠢᠭᠯᠠᠯᠲᠠ ᠵᠢᠨ ᠠᠶᠤᠯᠬᠦᠢ ᠦᠢ᠍ᠯᠡᠳᠪᠦᠷᠢᠯᠡᠯ᠎ᠢ ᠪᠠᠷᠢᠮᠵᠢᠶᠠᠵᠢᠭᠤᠯᠬᠤ ᠬᠠᠮᠢᠶ᠎ᠠ ᠪᠦᠬᠦᠢ ᠬᠢᠨᠠᠨ ᠲᠣᠭᠲᠠᠭ᠋ᠠᠬᠤ ᠲᠣᠭᠲᠠᠭ᠋ᠠᠯ ᠪᠠ ᠪᠠᠷᠢᠮᠵᠢᠶ᠎ᠠ᠎ᠳᠤ ᠬᠦᠷᠬᠦ ᠥᠬᠡᠢ ᠪᠠᠢ᠌ᠳᠠᠯ᠃
   6. ᠳᠣᠣᠷᠠᠬᠢ ᠶᠠᠮᠠᠷᠪᠠ ᠨᠢᠭᠡ ᠵᠦᠢ᠍ᠯ᠎ᠤᠨ ᠪᠠᠶ᠋ᠢᠳᠠᠯ ᠣᠷᠣᠰᠢᠵᠤ ᠪᠠᠢ᠌ᠪᠠᠯ 20 ᠬᠤᠪᠢ ᠲᠡᠮᠳᠡᠭᠯᠡᠨ᠎ᠡ᠄ ᠬᠢᠨᠠᠨ ᠲᠤᠭᠳᠠᠭ᠋ᠠᠬᠤ ᠶᠠᠪᠤᠴᠠ᠎ᠳᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠭᠤᠶᠤᠴᠢᠯᠠᠬᠤ ᠮᠠᠲ᠋ᠧᠷᠢᠶᠠᠯ᠎ᠨᠢ ᠬᠠᠭᠤᠷᠮᠠᠭ ᠪᠠᠶ᠋ᠢᠬᠤ ᠵᠢ ᠤᠯᠵᠤ ᠮᠡᠳᠡᠭᠰᠡᠨ ᠪᠠᠢ᠌ᠳᠠᠯ; ᠪᠠᠶ᠋ᠢᠴᠠᠭ᠋ᠠᠯᠲᠠ ᠵᠢ ᠬᠦᠯᠢᠶᠡᠬᠦ ᠦᠭᠡᠢ ᠪᠠᠢ᠌ᠬᠤ ᠪᠠᠢ᠌ᠳᠠᠯ; ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠎ᠢ ᠤᠳᠠᠭ᠋ᠠᠰᠢᠷᠠᠭᠤᠯᠤᠨ ᠮᠡᠳᠡᠭᠦᠯᠦᠭᠰᠡᠨ᠂ ᠭᠡᠭᠡᠭᠳᠡᠬᠦᠯᠦᠨ ᠮᠡᠳᠡᠬᠦᠯᠦᠭᠰᠡᠨ᠂ ᠬᠤᠳᠠᠯ ᠵᠶ᠋ᠠᠷ ᠮᠡᠳᠡᠭᠦᠯᠦᠭᠰᠡᠨ ᠪᠤᠶᠤ ᠨᠢᠭᠤᠵᠤ ᠮᠡᠳᠡᠭᠦᠯᠦᠭᠰᠡᠨ ᠥᠬᠡᠢ ᠪᠠᠢ᠌ᠳᠠᠯ; ᠨᠡᠯᠢᠶᠡᠳ ᠶᠡᠬᠡ ᠵᠢᠴᠢ ᠲᠡᠭᠦᠨ᠎ᠠᠴᠠ ᠳᠡᠭᠡᠭᠰᠢᠬᠢ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ ᠭᠠᠷᠤᠭᠰᠠᠨ ᠪᠥᠭᠡᠳ ᠬᠠᠷᠢᠭᠤᠴᠠᠯᠭ᠎ᠠ ᠪᠦᠬᠦᠢ ᠪᠠᠢ᠌ᠳᠠᠯ᠃
  (ᠲᠦᠷᠪᠡ) ᠪᠠᠷᠢᠮᠵᠢᠶ᠎ᠠ᠎ᠳᠤ ᠬᠦᠷᠦᠭᠰᠡᠨ ᠨᠢᠭᠡᠴᠢ᠎ᠨᠢ ᠦᠨᠡᠮᠯᠡᠯ᠎ᠤᠨ ᠬᠦᠴᠦᠨ ᠪᠦᠬᠦᠢ ᠬᠤᠭᠤᠴᠠᠭ᠋ᠠᠨ᠎ᠳᠤ ᠨᠡᠶ᠋ᠢᠲᠡ 10 ᠬᠤᠪᠢ ᠲᠡᠮᠳᠡᠭᠯᠡᠭᠰᠡᠨ ᠪᠠᠢ᠌ᠪᠠᠯ   ᠰᠢᠷ᠎ᠠ ᠫᠠᠢ᠌ᠰᠠ ᠵᠢᠨ ᠰᠡᠷᠡᠮᠵᠢ ᠵᠢᠨ ᠳᠣᠬᠢᠶ᠎ᠠ ᠦᠭᠬᠦᠨ᠎ᠡ; ᠨᠡᠶ᠋ᠢᠲᠡ 15 ᠬᠤᠪᠢ ᠲᠡᠮᠳᠡᠭᠯᠡᠭᠰᠡᠨ ᠪᠠᠢ᠌ᠪᠠᠯ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠲᠠᠭᠤᠰᠤᠭᠰᠠᠨ᠎ᠤ ᠲᠠᠷᠠᠭ᠎ᠠ ᠬᠤᠭᠤᠴᠠᠭ᠎ᠠ ᠵᠢ᠎ᠨᠢ ᠤᠷᠳᠤᠳᠬᠠᠵᠤ ᠦᠭᠬᠦ ᠦᠭᠡᠢ; ᠨᠡᠶ᠋ᠢᠲᠡ 20 ᠬᠤᠪᠢ ᠲᠡᠮᠳᠡᠭᠯᠡᠭᠰᠡᠨ ᠪᠠᠢ᠌ᠪᠠᠯ ᠦᠨᠡᠮᠯᠡᠯ᠎ᠢ᠎ᠨᠢ ᠬᠦᠴᠦᠨ ᠦᠭᠡᠢ ᠪᠣᠯᠭ᠋ᠠᠨ᠎ᠠ᠃ ᠳᠡᠭᠡᠷᠡᠬᠢ ᠰᠢᠢ᠍ᠳᠪᠦᠷᠢᠯᠡᠭᠰᠡᠨ ᠦᠷ᠎ᠡ ᠳ᠋ᠦᠩ᠎ᠢ ᠴᠥᠮ ᠤᠰᠤᠨ ᠠᠰᠢᠭᠯᠠᠯᠲᠠ ᠵᠢᠨ ᠶᠠᠮᠤᠨ᠎ᠤ ᠰᠦᠯᠵᠢᠶᠡᠨ ᠳᠡᠭᠡᠷ᠎ᠡ ᠢᠯᠡ ᠨᠡᠶ᠋ᠢᠲᠡᠯᠡᠬᠦ ᠵᠢᠨ ᠬᠠᠮᠲᠤ ᠪᠠᠷᠢᠮᠵᠢᠶ᠎ᠠ᠎ᠳᠤ ᠬᠦᠷᠦᠭᠰᠡᠨ ᠨᠢᠭᠡᠴᠢ᠎ᠳᠤ ᠮᠡᠳᠡᠭᠳᠡᠬᠦ ᠬᠡᠷᠡᠭᠲᠡᠢ᠃
    ᠭᠤᠷᠪᠠ᠂ ᠠᠵᠢᠯ᠎ᠤᠨ ᠱᠠᠭ᠋ᠠᠷᠳᠠᠯᠭ᠎ᠠ
   (ᠨᠢᠭᠡ) ᠲᠠᠨᠢᠯᠲᠠ᠎ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ᠎ᠪᠠᠨ ᠴᠢᠩᠭ᠋ᠠᠳᠬᠠᠨ᠎ᠠ᠃ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠤᠭᠤᠳ ᠠᠶᠤᠯᠬᠦᠢ ᠦᠢ᠍ᠯᠡᠳᠪᠦᠷᠢᠯᠡᠯ᠎ᠢ ᠪᠠᠷᠢᠮᠵᠢᠶᠠᠵᠢᠭᠤᠯᠬᠤ ᠪᠠᠶ᠋ᠢᠭᠤᠯᠤᠯᠲᠠ ᠬᠢᠭᠡᠳ ᠬᠠᠮᠢᠶᠠᠷᠤᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠨ ᠪᠠᠷᠢᠮᠵᠢᠶ᠎ᠠ᠎ᠳᠤ ᠬᠦᠷᠦᠭᠦᠯᠬᠦ ᠪᠠ ᠵᠠᠯᠭ᠋ᠠᠮᠵᠢ ᠬᠠᠮᠢᠶᠠᠷᠤᠯᠲᠠ ᠵᠢ ᠲᠦᠯᠬᠢᠨ ᠠᠬᠢᠭᠤᠯᠬᠤ ᠵᠢ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠂ ᠮᠥᠨ ᠴᠢᠨᠠᠷ᠎ᠤᠨ ᠠᠶᠤᠯᠬᠦᠢ ᠵᠢ ᠪᠡᠶᠡᠯᠡᠭᠦᠯᠬᠦ ᠵᠢᠨ ᠴᠢᠬᠤᠯᠠ ᠭᠠᠷᠳᠠᠴᠠ ᠪᠣᠯᠭ᠋ᠠᠨ ᠰᠤᠯᠠᠷᠠᠭᠤᠯᠤᠯ ᠥᠬᠡᠢ ᠠᠳᠬᠤᠬᠤ ᠬᠡᠷᠡᠭᠲᠡᠢ᠃ ᠠᠶᠤᠯᠬᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠠᠵᠢᠯ᠎ᠢ ᠨᠢᠭᠡᠨᠲᠡ ᠥᠷᠨᠢᠭᠦᠯᠦᠭᠰᠡᠨ ᠮᠣᠵᠢ ᠵᠢᠨ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰ ᠰᠠᠨᠠᠯ ᠵᠶ᠋ᠡᠷ ᠯᠠᠪᠯᠠᠯᠳᠠ ᠪᠤᠯᠭ᠋ᠠᠵᠤ᠂ ᠪᠣᠳᠠᠲᠠᠢ᠎ᠲᠠᠢ᠎ᠪᠠᠨ ᠤᠶᠠᠯᠳᠤᠭᠤᠯᠤᠨ ᠬᠡᠷᠡᠭᠵᠢᠭᠦᠯᠬᠦ ᠲᠥᠰᠦᠯ ᠲᠣᠭᠲᠠᠭ᠋ᠠᠵᠤ ᠬᠥᠳᠡᠯᠦᠩᠭᠦᠢ ᠬᠠᠮᠢᠶᠠᠷᠤᠯᠲᠠ ᠵᠢᠨ ᠠᠵᠢᠯ᠎ᠢ ᠠᠬᠢᠭᠤᠯᠬᠤ ᠬᠡᠷᠡᠭᠲᠡᠢ᠃ ᠠᠶᠤᠯᠬᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠬᠠᠷᠠᠯᠲᠠ᠎ᠳᠤ ᠬᠦᠷᠦᠭᠦᠯᠬᠦ ᠵᠢ ᠬᠢᠨᠠᠨ ᠲᠣᠭᠲᠠᠭ᠋ᠠᠬᠤ ᠠᠵᠢᠯ᠎ᠢ ᠬᠠᠷᠠᠬᠠᠨ ᠥᠷᠨᠢᠭᠦᠯᠦᠭᠡᠳᠦᠢ ᠪᠤᠶᠤ ᠠᠬᠢᠭᠤᠯᠤᠭᠰᠠᠨ ᠵᠶ᠋ᠠᠷ ᠤᠳᠠᠭ᠋ᠠᠨ ᠪᠠᠶ᠋ᠢᠭ᠎ᠠ ᠭᠠᠵᠠᠷ ᠣᠷᠣᠨ᠎ᠨᠢ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠲᠦᠷᠭᠡᠳᠬᠡᠨ ᠠᠬᠢᠭᠤᠯᠬᠤ ᠬᠡᠷᠡᠭᠲᠡᠢ᠃ ᠤᠰᠤᠨ ᠠᠰᠢᠭᠯᠠᠯᠲᠠ ᠵᠢᠨ ᠶᠠᠮᠤᠨ ᠬᠢᠨᠠᠨ ᠬᠠᠮᠢᠶᠠᠷᠬᠤ ᠡᠷᠴᠢᠮ ᠵᠶ᠋ᠡᠨ ᠨᠡᠮᠡᠭᠳᠡᠬᠦᠯᠵᠦ᠂ ᠴᠢᠬᠤᠯᠠ᠎ᠲᠠᠢ ᠦᠶ᠎ᠡ᠎ᠳᠤ ᠰᠢᠷ᠎ᠠ ᠫᠠᠢ᠌ᠰᠠ᠎ᠪᠠᠷ ᠰᠡᠷᠡᠮᠵᠢᠭᠦᠯᠦᠭᠰᠡᠨ ᠪᠠᠷᠢᠮᠵᠢᠶ᠎ᠠ᠎ᠳᠤ ᠬᠦᠷᠦᠭᠰᠡᠨ ᠨᠢᠭᠡᠴᠢ᠎ᠳᠤ ᠲᠤᠬᠠᠢ ᠵᠢᠨ ᠲᠠᠯᠠᠪᠠᠢ ᠵᠢᠨ ᠬᠠᠷᠭᠤᠭᠤᠯᠤᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠬᠦ ᠪᠣᠯᠤᠨ᠎ᠠ᠃ ᠤᠰᠤᠨ ᠠᠰᠢᠭᠯᠠᠯᠲᠠ ᠵᠢᠨ ᠠᠶᠤᠯᠬᠦᠢ ᠦᠢ᠍ᠯᠡᠳᠪᠦᠷᠢᠯᠡᠯ᠎ᠢ ᠪᠠᠷᠢᠮᠵᠢᠶᠠᠵᠢᠭᠤᠯᠬᠤ ᠬᠠᠮᠢᠶ᠎ᠠ ᠪᠦᠬᠦᠢ ᠲᠣᠭᠲᠠᠭ᠋ᠠᠯ᠎ᠨᠢ ᠲᠤᠰ ᠬᠡᠷᠡᠭᠵᠢᠭᠦᠯᠬᠦ ᠰᠠᠨᠠᠯ᠎ᠯᠤᠭ᠎ᠠ ᠨᠢᠭᠡᠳᠦᠯ ᠥᠬᠡᠢ ᠪᠠᠶ᠋ᠢᠪᠠᠯ᠂ ᠲᠤᠰ ᠬᠡᠷᠡᠭᠵᠢᠭᠦᠯᠬᠦ ᠰᠠᠨᠠᠯ᠎ᠤᠨ ᠶᠣᠰᠣᠭ᠋ᠠᠷ ᠬᠡᠷᠡᠭᠵᠢᠭᠦᠯᠬᠦ ᠬᠡᠷᠡᠭᠲᠡᠢ᠃
   (ᠬᠣᠶᠠᠷ)   ᠠᠯᠬᠤᠮ ᠬᠤᠪᠢᠶᠠᠨ ᠬᠡᠷᠡᠭᠵᠢᠬᠦᠯᠵᠦ᠂ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠤᠨ᠎ᠠ᠃ 2022 ᠣᠨ᠎ᠤ ᠰᠡᠭᠦᠯᠴᠢ᠎ᠠᠴᠠ ᠡᠮᠦᠨ᠎ᠡ᠂ ᠤᠰᠤᠨ ᠠᠰᠢᠭᠯᠠᠯᠲᠠ ᠵᠢᠨ ᠶᠠᠮᠤᠨ᠎ᠨᠢ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠬᠢᠨᠠᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ ᠳᠤᠮᠳᠠ ᠠᠶᠤᠯᠭᠦᠢ ᠦᠢ᠍ᠯᠡᠳᠪᠦᠷᠢᠯᠡᠯ᠎ᠤᠨ ᠨᠢᠭᠡᠳᠦᠯᠲᠡᠢ ᠪᠠᠷᠢᠮᠵᠢᠶᠠᠵᠢᠭᠤᠯᠤᠭᠰᠠᠨ ᠬᠥᠳᠡᠯᠦᠩᠭᠦᠢ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠲᠠᠪᠴᠠᠩ᠎ᠢ ᠪᠠᠶ᠋ᠢᠭᠤᠯᠵᠤ᠂ ᠠᠶᠤᠯᠭᠦᠢ ᠦᠢ᠍ᠯᠡᠳᠪᠦᠷᠢᠯᠡᠯ᠎ᠤᠨ ᠬᠠᠮᠢᠶ᠎ᠠ ᠪᠥᠬᠥᠢ ᠮᠡᠳᠡᠭᠡ ᠵᠠᠩᠭᠢ ᠵᠢ ᠬᠠᠮᠲᠤᠪᠠᠷ ᠬᠤᠪᠢᠶᠠᠯᠴᠠᠬᠤ ᠵᠢ ᠪᠡᠶᠡᠯᠡᠭᠦᠯᠦᠨ᠎ᠡ᠃ ᠡᠭᠦᠨ᠎ᠠᠴᠠ ᠡᠮᠦᠨ᠎ᠡ᠂ ᠮᠣᠵᠢ ᠵᠢᠨ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠮᠣᠵᠢ ᠵᠢᠨ ᠱᠠᠳᠤᠨ᠎ᠤ ᠣᠷᠣᠨ ᠪᠦᠰᠡ ᠵᠢᠨ ᠲᠤᠲᠤᠷ᠎ᠠ᠎ᠪᠠᠨ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠪᠠᠷᠢᠮᠵᠢᠶ᠎ᠠ᠎ᠳᠤ ᠬᠦᠷᠦᠭᠰᠡᠨ ᠨᠢᠭᠡᠴᠢ ᠵᠢᠨ ᠪᠠᠶ᠋ᠢᠳᠠᠯ ᠪᠠ ᠨᠢᠭᠡᠳᠦᠭᠡᠷ ᠳᠡᠰ᠎ᠤᠨ ᠪᠠᠷᠢᠮᠵᠢᠶ᠎ᠠ᠎ᠳᠤ ᠬᠦᠷᠦᠭᠰᠡᠨ ᠨᠢᠭᠡᠴᠢ ᠵᠢᠨ ᠬᠢᠨᠠᠨ ᠪᠠᠶ᠋ᠢᠴᠠᠭ᠋ᠠᠭᠰᠠᠨ ᠪᠠᠶ᠋ᠢᠳᠠᠯ᠎ᠢ ᠤᠷᠢᠳᠠᠪᠡᠷ ᠡᠮᠬᠢᠯᠡᠵᠦ᠂ ᠪᠠᠷᠢᠮᠵᠢᠶ᠎ᠠ᠎ᠳᠤ ᠬᠦᠷᠦᠭᠰᠡᠨ ᠨᠢᠭᠡᠴᠢ ᠵᠢᠨ ᠠᠩᠬᠠᠨ᠎ᠤ ᠮᠡᠳᠡᠭᠡ ᠵᠠᠩᠭᠢ ᠵᠢ ᠲᠡᠮᠳᠡᠭᠯᠡᠬᠦ ᠵᠡᠷᠭᠡ ᠬᠣᠯᠪᠣᠭᠳᠠᠯ ᠪᠦᠬᠦᠢ ᠪᠡᠯᠡᠳᠬᠡᠯ ᠠᠵᠢᠯ᠎ᠢ ᠰᠠᠶ᠋ᠢᠲᠤᠷ ᠬᠢᠬᠦ ᠬᠡᠷᠡᠭᠲᠡᠢ᠃
   (ᠭᠤᠷᠪᠠ)   ᠤᠬᠠᠭᠤᠯᠭ᠎ᠠ ᠵᠢ ᠴᠢᠩᠭ᠋ᠠᠳᠬᠠᠨ᠂ ᠤᠷᠮᠠᠰᠢᠭᠤᠯᠤᠨ ᠲᠠᠢ᠌ᠴᠢᠯᠠᠨ᠎ᠠ᠃ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠪᠠ ᠠᠶᠤᠯᠭᠦᠢ ᠦᠢ᠍ᠯᠡᠳᠪᠦᠷᠢᠯᠡᠯ᠎ᠢ   ᠪᠠᠷᠢᠮᠵᠢᠶᠠᠵᠢᠭᠤᠯᠤᠭᠰᠠᠨ ᠪᠠᠷᠢᠮᠵᠢᠶ᠎ᠠ᠎ᠳᠤ ᠬᠦᠷᠦᠭᠰᠡᠨ ᠨᠢᠭᠡᠴᠢ᠎ᠨᠢ ᠬᠠᠮᠢᠶ᠎ᠠ ᠪᠦᠬᠦᠢ   ᠤᠷᠮᠠᠰᠢᠭᠤᠯᠤᠨ ᠬᠦᠬᠢᠬᠦᠯᠬᠦ ᠪᠠ ᠵᠠᠯᠬᠠᠭ᠋ᠠᠨ ᠴᠡᠭᠡᠷᠯᠡᠭᠦᠯᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠠᠶᠤᠯᠭᠦᠢ ᠦᠢ᠍ᠯᠡᠳᠪᠦᠷᠢᠯᠡᠯ᠎ᠢ ᠪᠠᠷᠢᠮᠵᠢᠶᠠᠵᠢᠭᠤᠯᠬᠤ ᠳᠡᠰ ᠵᠶ᠋ᠡᠷ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ᠂ ᠰᠢᠯᠢᠳᠡᠭ᠎ᠢ ᠰᠢᠯᠭ᠋ᠠᠷᠠᠭᠤᠯᠵᠤ ᠬᠥᠬᠢᠭᠦᠯᠦᠨ ᠰᠠᠶ᠋ᠢᠰᠢᠶᠠᠬᠤ᠂ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ᠂ ᠺᠠᠳ᠋ᠷ᠎ᠢ ᠰᠣᠩᠭᠣᠨ ᠲᠣᠮᠢᠯᠠᠬᠤ᠂ ᠢᠲᠡᠭᠡᠮᠵᠢ ᠵᠢ ᠦᠨᠡᠯᠡᠬᠦ ᠵᠡᠷᠭᠡ ᠬᠠᠮᠢᠶ᠎ᠠ ᠪᠦᠬᠦᠢ ᠠᠵᠢᠯ᠎ᠤᠨ ᠴᠢᠬᠤᠯᠠ ᠯᠠᠪᠯᠠᠬᠤ ᠦᠨᠳᠦᠰᠦᠯᠡᠯ ᠪᠤᠯᠭ᠋ᠠᠵᠤ᠂ ᠠᠶᠤᠯᠬᠦᠢ ᠦᠢ᠍ᠯᠡᠳᠪᠤᠷᠢᠯᠡᠯ᠎ᠢ ᠪᠠᠷᠢᠮᠵᠢᠶᠠᠵᠢᠭᠤᠯᠬᠤ ᠦᠷ᠎ᠡ ᠪᠦᠳᠦᠭᠡᠯ᠎ᠢ ᠬᠤᠪᠢᠷᠠᠭᠤᠯᠬᠤ ᠪᠠ ᠬᠡᠷᠡᠭᠯᠡᠬᠦ ᠵᠢ ᠢᠳᠡᠪᠬᠢᠳᠡᠢ ᠲᠦᠯᠬᠢᠨ ᠠᠬᠢᠭᠤᠯᠬᠤ ᠬᠡᠷᠡᠭᠲᠡᠢ᠃ ᠡᠯ᠎ᠡ ᠲᠦᠷᠦᠯ᠎ᠤᠨ ᠶᠠᠷᠢᠶ᠎ᠠ ᠬᠡᠯᠡᠯᠴᠡᠭᠡ ᠵᠠᠭᠤᠴᠢᠯᠠᠭᠤᠷ᠎ᠢ ᠬᠦᠢ᠍ᠴᠡᠳ ᠠᠰᠢᠭᠯᠠᠨ ᠠᠶᠤᠯᠬᠦᠢ ᠦᠢ᠍ᠯᠡᠳᠪᠤᠷᠢᠯᠡᠯ᠎ᠢ ᠪᠠᠷᠢᠮᠵᠢᠶᠠᠵᠢᠭᠤᠯᠤᠭᠰᠠᠨ ᠬᠦᠳᠡᠯᠦᠩᠬᠦᠢ ᠬᠠᠮᠢᠶᠠᠷᠤᠯᠳᠠ ᠵᠢᠨ ᠦᠷ᠎ᠡ ᠳ᠋ᠦᠩ᠎ᠢ ᠢᠳᠡᠪᠬᠢᠳᠡᠢ ᠤᠬᠠᠠᠭᠤᠯᠬᠤ ᠪᠠ ᠨᠡᠢ᠌ᠳᠡᠯᠡᠬᠦ ᠬᠡᠷᠡᠭᠲᠡᠢ᠃ ᠢᠯᠡᠴᠢᠯᠡᠨᠨ ᠵᠠᠭ᠋ᠠᠯᠳᠤᠬᠤ ᠠᠷᠭ᠎ᠠ ᠵᠠᠮ᠎ᠢ ᠢᠯᠭᠤᠮ ᠪᠠᠢ᠌ᠯᠭ᠋ᠠᠵᠤ᠂ ᠨᠡᠢ᠌ᠭᠡᠮ᠎ᠤᠨ ᠬᠢᠨᠠᠯᠳᠠ ᠵᠢ ᠬᠦᠯᠢᠶᠡᠨ ᠠᠪᠴᠤ᠂ ᠪᠠᠷᠢᠮᠵᠢᠶᠠᠵᠢᠭᠤᠯᠤᠭᠰᠠᠨ ᠬᠦᠳᠡᠯᠦᠩᠬᠦᠢ ᠬᠠᠮᠢᠶᠠᠷᠤᠯᠳᠠ ᠵᠢᠨ ᠭᠤᠤᠯᠴᠢ ᠪᠦᠭᠡᠳ ᠢᠯᠡ ᠪᠠᠢ᠌ᠬᠤ ᠵᠢ ᠪᠠᠳᠤᠯᠠᠬᠤ ᠬᠡᠷᠡᠭᠲᠡᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠤᠭᠴᠢᠳ᠎ᠤᠨ ᠳᠠᠰᠬᠠᠯ ᠳᠠᠭ᠋ᠠᠭ᠋ᠠᠯᠭ᠋ᠠᠪᠤᠷᠢ ᠵᠢᠨ ᠳᠠᠷᠤᠭ᠋ᠠᠰᠤ ᠪᠠ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠳᠠᠷᠤᠭ᠋ᠠᠰᠤ ᠵᠢ ᠴᠢᠨᠠᠭᠰᠢᠳᠠ ᠬ᠋ᠥᠩᠭᠡᠷᠡᠭᠦᠯᠬᠦ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠪᠠ
ᠫᠤᠷᠲ᠋ᠠᠯ ᠰᠠᠢ᠌ᠲ᠎ᠤᠨ ᠪᠤᠯᠤᠩ᠎ᠢ ᠬᠤᠪᠢᠷᠠᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠯᠪᠠᠨ ᠨᠡᠢ᠍ᠲᠡᠯᠡᠯ
ᠲᠥᠷᠥ ᠵᠢᠨ ᠶᠠᠪᠤᠳᠠᠯ᠎ᠤᠨ ᠬᠤᠷᠢᠶ᠎ᠠ 《ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ (2021 — 2025 ᠤᠨ)》 ᠵᠢ ᠳᠠᠷᠤᠮᠠᠯᠯᠠᠨ ᠲᠠᠷᠬᠠᠭ᠋ᠠᠪᠠ
ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠲᠥᠪ᠎ᠤᠨ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠬᠠᠮᠢᠶᠠᠷᠤᠯᠲᠠ ᠵᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠰᠠᠨᠠᠯ᠎ᠤᠳ》᠎ᠢ ᠳᠠᠷᠤᠮᠠᠯᠯᠠᠨ ᠲ᠋ᠠᠷᠬᠠᠭ᠋ᠠᠪᠠ
ᠠᠷᠠᠳ᠎ᠤᠨ ᠡᠳᠦᠷ᠎ᠤᠨ ᠰᠣᠨᠢᠨ᠎ᠤ ᠨᠡᠷ᠎ᠡ ᠬᠠᠳᠠᠭᠰᠠᠨ ᠵᠣᠬᠢᠶᠠᠯ᠄ ᠬᠦᠳᠡᠭᠡ ᠠᠵᠤ ᠠᠬᠤᠢ ᠬᠥᠳᠡᠭᠡ ᠲᠣᠰᠬᠤᠨ᠎ᠤ ᠥᠭᠡᠷᠡᠴᠢᠯᠡᠯᠲᠡ ᠬᠥᠭᠵᠢᠯᠲᠡ ᠵᠢᠨ ᠰᠢᠨ᠎ᠡ ᠢᠷᠠᠭᠤ ᠬᠠᠭᠤᠳᠠᠰᠤ ᠵᠢ ᠪᠢᠴᠢᠭᠯᠡᠨᠡᠮ
 
            