ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠢ᠍ᠢ᠍ᠯᠡᠵᠦ ᠬᠠᠮᠲᠤᠷᠠᠨ ᠡᠵᠡᠮᠳᠡᠬᠦ ᠲᠣᠭᠲᠠᠴᠠ ᠵᠢᠨ ᠰᠣᠨᠢᠨ ᠮᠡᠳᠡᠭᠡ ᠨᠡᠢ᠍ᠢ᠍ᠳᠡᠯᠡᠭᠦ ᠬᠤᠷᠠᠯ
ᠨᠡᠶ᠋ᠢᠲᠡᠯᠡᠭᠰᠡᠨ ᠴᠠᠭ᠄ 2021-05-28

      ᠰᠤᠷᠪᠤᠯᠵᠢᠯᠠᠭᠰᠠᠨ ᠴᠠᠭ᠄ 2020 ᠣᠨ᠎ᠤ 3 ᠰᠠᠷ᠎ᠠ ᠵᠢᠨ 26᠎ᠤ ᠡᠳᠦᠷ᠎ᠤᠨ 15 ᠴᠠᠭ᠎ᠲᠤ
      ᠤᠷᠤᠯᠴᠠᠭᠴᠢ᠄ ᠠᠷᠠᠳ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠂ ᠡᠳ᠋᠎ᠤᠨ ᠵᠠᠰᠠᠭ ᠠᠵᠤ ᠠᠬᠤᠶ ᠵᠢᠨ ᠰᠤᠨᠢᠨ᠎ᠤ ᠰᠤᠷᠪᠤᠯᠵᠢᠯᠠᠭᠴᠢ᠂ ᠴᠧᠨ ᠮᠢᠩ ᠵᠦᠩ᠂ ᠫᠧᠩ ᠫᠠᠢ ᠰᠣᠨᠢᠨ ᠮᠡᠳᠡᠭᠡᠨ᠎ᠤ ᠰᠤᠷᠪᠤᠯᠵᠢᠯᠠᠭᠴᠢ᠂ ᠲᠥᠪ᠎ᠤᠨ ᠲᠧᠯᠸᠢᠰ᠎ᠤᠨ ᠬᠤᠷᠢᠶᠠᠨ᠎ᠤ ᠰᠤᠷᠪᠤᠯᠵᠢᠯᠠᠭᠴᠢ᠂ ᠸᠠᠩ ᠱᠧᠩ ᠸᠠᠨ᠂ ᠲᠦᠪ᠎ᠤᠨ ᠷᠠᠳᠢᠣ᠋ ᠨᠡᠪᠳᠡᠷᠡᠭᠦᠯᠭᠡ ᠵᠢᠨ ᠬᠤᠷᠢᠶᠠᠨ᠎ᠤ ᠰᠤᠷᠪᠤᠯᠵᠢᠯᠠᠭᠴᠢ᠂ ᠲᠢᠶᠠᠨ ᠢ ᠲᠠᠩ᠂ ᠤᠯᠠᠨ ᠤᠯᠤᠰ᠎ᠤᠨ ᠷᠠᠳᠢᠣ᠋ ᠨᠡᠪᠳᠡᠷᠡᠭᠦᠯᠭᠡ ᠵᠢᠨ ᠰᠤᠷᠪᠤᠯᠵᠢᠯᠠᠭᠴᠢ᠂ ᠱ᠌ᠢ ᠴᠦᠨ ᠰᠢᠶᠠᠨ᠂ ᠡᠳᠦᠷ ᠪᠦᠷᠢ ᠵᠢᠨ ᠠᠵᠤ ᠠᠬᠤᠶ ᠵᠢᠨ ᠰᠣᠨᠢᠨ ᠮᠡᠳᠡᠭᠡᠨ᠎ᠤ ᠰᠤᠷᠪᠤᠯᠵᠢᠯᠠᠭᠴᠢ᠂ ᠰᠢᠶᠠᠩᠭ᠋ᠠᠩ᠎ᠤᠨ ᠠᠵᠤ ᠠᠬᠤᠶ ᠵᠢᠨ ᠬᠥᠲᠥᠴᠢ ᠰᠣᠨᠢᠨ᠎ᠤ ᠰᠤᠷᠪᠤᠯᠵᠢᠯᠠᠭᠴᠢ᠂ ᠮᠢ ᠹᠧᠩ᠂ ᠡᠮᠦᠨᠡᠲᠦ ᠣᠷᠣᠨ᠎ᠤ ᠬᠤᠳᠠ ᠵᠢᠨ ᠰᠣᠨᠢᠨ᠎ᠤ ᠰᠤᠷᠪᠤᠯᠵᠢᠯᠠᠭᠴᠢ᠂ ᠹᠧᠩ ᠬᠤᠸᠠᠩ ᠤᠳᠤᠨ ᠲᠧᠯᠸᠢᠰ᠎ᠤᠨ ᠰᠤᠷᠪᠤᠯᠵᠢᠯᠠᠭᠴᠢ᠂ ᠷᠤᠸᠠᠨ ᠯᠢ ᠮᠢᠨ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ ᠵᠢᠨ ᠰᠣᠨᠢᠨ ᠮᠡᠳᠡᠭᠡᠨ᠎ᠤ ᠰᠢᠨ᠎ᠡ ᠵᠠᠭᠤᠴᠢᠯᠠᠭᠤᠷ᠎ᠤᠨ ᠲᠥᠪ᠎ᠤᠨ ᠰᠤᠷᠪᠤᠯᠵᠢᠯᠠᠭᠴᠢ᠂ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠰᠣᠨᠢᠨ᠎ᠤ ᠰᠤᠷᠪᠤᠯᠵᠢᠯᠠᠭᠴᠢ᠂ ᠰᠢᠶᠠᠩᠭ᠋ᠠᠩ᠎ᠤᠨ ᠳᠤᠮᠳᠠᠳᠤ ᠤᠯᠤᠰ᠎ᠤᠨ ᠰᠢᠭᠦᠮᠵᠢ ᠵᠢᠨ ᠮᠡᠳᠡᠭᠡᠯᠡᠯ᠎ᠤᠨ ᠬᠤᠷᠢᠶ᠎ᠠ ᠵᠢᠨ ᠰᠤᠷᠪᠤᠯᠵᠢᠯᠠᠭᠴᠢ
      ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠢ᠍ᠢ᠍ᠯᠡᠵᠦ ᠬᠠᠮᠲᠤᠷᠠᠨ ᠡᠵᠡᠮᠳᠡᠬᠦ ᠲᠣᠭᠲᠠᠴᠠ 3 ᠰᠠᠷ᠎ᠠ ᠵᠢᠨ 26᠎ᠤ ᠡᠳᠦᠷ᠎ᠤᠨ 15 ᠴᠠᠭ᠎ᠲᠤ ᠪᠡᠭᠡᠵᠢᠩ᠎ᠳᠤ ᠰᠣᠨᠢᠨ ᠮᠡᠳᠡᠭᠡ ᠨᠡᠢ᠍ᠢ᠍ᠲᠡᠯᠡᠬᠦ ᠬᠤᠷᠠᠯ ᠬᠢᠵᠦ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠵᠢᠨ ᠤᠰᠤᠨ ᠠᠰᠢᠬᠯᠠᠯᠲᠠ ᠵᠢᠨ ᠪᠠᠲᠤᠯᠠᠭ᠎ᠠ ᠪᠠ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠭᠰᠡᠨ ᠠᠵᠢᠯ᠎ᠤᠨ ᠪᠠᠢ᠍ᠢ᠍ᠳᠠᠯ᠎ᠢ ᠲᠠᠨᠢᠯᠴᠠᠭᠤᠯᠵᠤ᠂ ᠤᠰᠤᠨ ᠠᠰᠢᠬᠯᠠᠯᠲᠠ ᠵᠢᠨ ᠶᠠᠮᠤᠨ᠎ᠤ ᠲᠥᠯᠥᠪᠵᠢᠭᠦᠯᠭᠡ ᠲᠥᠯᠥᠪᠯᠡᠭᠡ ᠵᠢᠨ ᠵᠤᠷᠭ᠋ᠠᠨ᠎ᠤ ᠳᠠᠷᠤᠭ᠎ᠠ ᠱ᠌ᠢ ᠴᠦᠨ ᠰᠢᠶᠠᠨ᠂ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠪᠦᠳᠦᠭᠡᠨ ᠪᠠᠢ᠍ᠢ᠍ᠭᠤᠯᠤᠯᠲᠠ ᠵᠢᠨ ᠵᠤᠷᠭ᠋ᠠᠨ᠎ᠤ ᠳᠠᠷᠤᠭ᠎ᠠ ᠸᠠᠩ ᠱᠧᠩ ᠸᠠᠨ᠂ ᠠᠵᠢᠯᠯᠠᠭ᠋ᠠᠨ᠎ᠤ ᠬᠠᠮᠢᠶᠠᠷᠤᠯᠲᠠ ᠵᠢᠨ ᠵᠤᠷᠭ᠋ᠠᠨ᠎ᠤ ᠳᠠᠷᠤᠭ᠎ᠠ ᠷᠤᠸᠠᠨ ᠯᠢ ᠮᠢᠨ᠂ ᠬᠥᠳᠡᠭᠡ ᠲᠣᠰᠬᠣᠨ᠎ᠤ ᠤᠰᠤᠨ ᠠᠰᠢᠬᠯᠠᠯᠲᠠ ᠤᠰᠤᠨ ᠴᠠᠬᠢᠯᠭ᠋ᠠᠨ᠎ᠤ ᠵᠤᠷᠭ᠋ᠠᠨ᠎ᠤ ᠳᠠᠷᠤᠭ᠎ᠠ ᠴᠧᠨ ᠮᠢᠩ ᠵᠦᠩ᠂ ᠦᠶᠡᠷ ᠤᠰᠤᠳᠤᠯ ᠭᠠᠩ ᠬᠠᠭᠰᠠᠷᠠᠭ᠋ᠠᠨ᠎ᠤ ᠭᠠᠮᠰᠢᠭ᠎ᠢ ᠰᠡᠷᠭᠡᠢ᠍ᠢ᠍ᠯᠡᠬᠦ ᠵᠤᠷᠭ᠋ᠠᠨ᠎ᠤ ᠳᠠᠷᠤᠭ᠎ᠠ ᠲᠢᠶᠠᠨ ᠢ ᠲᠠᠩ ᠬᠤᠷᠠᠯ᠎ᠳᠤ ᠣᠷᠣᠯᠴᠠᠭᠰᠠᠨ ᠪᠥᠭᠡᠳ ᠵᠠᠭᠤᠴᠢᠯᠠᠭᠤᠷ᠎ᠤᠨ᠎ᠬᠢᠨ᠎ᠤ ᠠᠰᠠᠭᠤᠯᠲᠠ ᠵᠢ ᠬᠠᠷᠢᠭᠤᠯᠵᠠᠢ᠃

            ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ

      ᠮᠢ ᠹᠧᠩ 2020 — 03 — 26 15: 01: 34
      ᠵᠠᠭᠤᠴᠢᠯᠠᠭᠤᠷ᠎ᠤᠨ ᠨᠠᠢ᠍ᠢ᠍ᠵᠠ ᠨᠠᠷ ᠰᠠᠢ᠍ᠢ᠍ᠨ ᠪᠠᠢ᠍ᠢ᠍ᠵᠠᠭ᠋ᠠᠨ᠎ᠠ ᠤᠤ! ᠪᠢ ᠪᠣᠯ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠰᠣᠨᠢᠨ ᠮᠡᠳᠡᠭᠡᠨ᠎ᠤ ᠥᠭᠦᠯᠡᠭᠴᠢ᠂ ᠤᠬᠠᠭᠤᠯᠬᠤ ᠵᠤᠷᠭ᠋ᠠᠨ᠎ᠤ ᠳᠡᠳ᠋ ᠳᠠᠷᠤᠭ᠎ᠠ ᠮᠢ ᠹᠧᠩ ᠪᠣᠯᠤᠨ᠎ᠠ᠃ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠢ᠍ᠢ᠍ᠯᠡᠵᠦ ᠬᠠᠮᠲᠤᠷᠠᠨ ᠡᠵᠡᠮᠳᠡᠬᠦ ᠲᠣᠭᠲᠠᠴᠠ ᠵᠢᠨ ᠡᠷᠬᠢᠯᠡᠭᠰᠡᠨ ᠰᠣᠨᠢᠨ ᠮᠡᠳᠡᠭᠡ ᠨᠡᠢ᠍ᠢ᠍ᠲᠡᠯᠡᠬᠦ ᠬᠤᠷᠠᠯ᠎ᠳᠤ ᠣᠷᠣᠯᠴᠠᠬᠰᠠᠨ ᠳᠠ ᠨᠠᠷ᠎ᠢ ᠪᠠᠶᠠᠷᠯᠠᠨ ᠤᠭᠲᠤᠵᠤ ᠪᠠᠢ᠍ᠢ᠍ᠨ᠎ᠠ᠃ ᠥᠨᠥᠳᠦᠷ᠎ᠤᠨ ᠰᠣᠨᠢᠨ ᠮᠡᠳᠡᠭᠡ ᠨᠡᠢ᠍ᠢ᠍ᠲᠡᠯᠡᠬᠦ ᠬᠤᠷᠠᠯ᠎ᠤᠨ ᠭᠣᠣᠯ ᠰᠡᠳᠦᠪ ᠪᠣᠯ᠄ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠵᠢᠨ ᠤᠰᠤᠨ ᠠᠰᠢᠬᠯᠠᠯᠲᠠ ᠵᠢᠨ ᠪᠠᠲᠤᠯᠠᠭ᠎ᠠ ᠪᠠ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠪᠣᠯᠤᠨ᠎ᠠ᠃ ᠪᠢᠳᠡ ᠤᠰᠤᠨ ᠠᠰᠢᠬᠯᠠᠯᠲᠠ ᠵᠢᠨ ᠶᠠᠮᠤᠨ᠎ᠤ ᠲᠥᠯᠥᠪᠵᠢᠭᠦᠯᠭᠡ ᠲᠥᠯᠥᠪᠯᠡᠭᠡᠨ᠎ᠤ ᠵᠤᠷᠭ᠋ᠠᠨ᠎ᠤ ᠳᠠᠷᠤᠭ᠎ᠠ ᠱ᠌ᠢ ᠴᠦᠨ ᠰᠢᠶᠠᠨ ᠠᠪᠤᠭ᠋ᠠᠶ᠂ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠪᠦᠳᠦᠭᠡᠨ ᠪᠠᠢ᠍ᠢ᠍ᠭᠤᠯᠤᠯᠲᠠ ᠵᠢᠨ ᠵᠤᠷᠭ᠋ᠠᠨ᠎ᠤ ᠳᠠᠷᠤᠭ᠎ᠠ ᠸᠠᠩ ᠱᠧᠩ ᠸᠠᠨ ᠠᠪᠤᠭ᠋ᠠᠶ᠂ ᠠᠵᠢᠯᠯᠠᠭ᠋ᠠᠨ᠎ᠤ ᠬᠠᠮᠢᠶᠠᠷᠤᠯᠲᠠ ᠵᠢᠨ ᠵᠤᠷᠭ᠋ᠠᠨ᠎ᠤ ᠳᠠᠷᠤᠭ᠎ᠠ ᠷᠤᠸᠠᠨ ᠯᠢ ᠮᠢᠨ ᠠᠪᠤᠭ᠋ᠠᠶ᠂ ᠬᠥᠳᠡᠭᠡ ᠲᠣᠰᠬᠣᠨ᠎ᠤ ᠤᠰᠤᠨ ᠠᠰᠢᠬᠯᠠᠯᠲᠠ ᠤᠰᠤᠨ ᠴᠠᠬᠢᠯᠭ᠋ᠠᠨ᠎ᠤ ᠵᠤᠷᠭ᠋ᠠᠨ᠎ᠤ ᠳᠠᠷᠤᠭ᠎ᠠ ᠴᠧᠨ ᠮᠢᠩ ᠵᠦᠩ ᠠᠪᠤᠭ᠋ᠠᠶ᠂ ᠦᠶᠡᠷ ᠤᠰᠤᠳᠤᠯ ᠭᠠᠩ ᠬᠠᠭᠰᠠᠷᠠᠭ᠋ᠠᠨ᠎ᠤ ᠭᠠᠮᠰᠢᠭ᠎ᠢ ᠰᠡᠷᠭᠡᠢ᠍ᠢ᠍ᠯᠡᠭᠦ ᠵᠤᠷᠭ᠋ᠠᠨ᠎ᠤ ᠳᠠᠷᠤᠭ᠎ᠠ ᠲᠢᠶᠠᠨ ᠢ ᠲᠠᠩ ᠠᠪᠤᠭ᠋ᠠᠶ ᠵᠢ ᠤᠷᠢᠨ ᠵᠠᠯᠠᠪᠠ᠃ ᠲᠡᠳᠡᠨ ᠵᠶ᠋ᠠᠷ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠍ᠢ᠍ᠭᠤᠯᠤᠯᠲᠠ᠂ ᠦᠶᠡᠷ ᠤᠰᠤᠳᠤᠯ᠎ᠢ ᠰᠡᠷᠭᠡᠢ᠍ᠢ᠍ᠯᠡᠬᠦ ᠪᠠ ᠪᠡᠯᠡᠳᠬᠡᠬᠦ ᠠᠵᠢᠯ᠂ ᠬᠥᠳᠡᠭᠡ ᠲᠣᠰᠬᠣᠨ᠎ᠤ ᠤᠰᠤ ᠤᠮᠳᠠ ᠵᠢᠨ ᠠᠮᠤᠷ ᠲᠦᠪᠰᠢᠨ ᠵᠡᠷᠭᠡ ᠲᠠᠯ᠎ᠠ᠎ᠪᠠᠷ ᠵᠠᠭᠤᠴᠢᠯᠠᠭᠤᠷ᠎ᠤᠨ᠎ᠬᠢᠨ᠎ᠤ ᠠᠰᠠᠭᠤᠯᠲᠠ ᠵᠢ ᠬᠠᠷᠢᠭᠤᠯᠬᠤ ᠪᠣᠯᠤᠨ᠎ᠠ᠃ ᠡᠩ ᠲᠡᠷᠢᠭᠦᠨ᠎ᠳᠤ᠂ ᠬᠢᠵᠢᠭ᠎ᠤᠨ ᠪᠠᠢ᠍ᠢ᠍ᠳᠠᠯ᠎ᠢ ᠮᠡᠳᠡᠭᠳᠡᠶ᠎ᠡ᠃ 3 ᠰᠠᠷ᠎ᠠ ᠵᠢᠨ 25᠎ᠤ ᠡᠳᠦᠷ᠎ᠤᠨ 0 ᠴᠠᠭ᠎ᠠᠴᠠ 24 ᠴᠠᠭ ᠪᠣᠯᠲᠠᠯ᠎ᠠ᠂ ᠡᠯ᠎ᠡ ᠮᠤᠵᠢ (ᠣᠷᠣᠨ᠂ ᠬᠣᠲᠠ) ᠪᠣᠯᠤᠨ ᠰᠢᠨᠵᠢᠶᠠᠩ᠎ᠤᠨ ᠦᠢ᠍ᠯᠡᠳᠪᠦᠷᠢᠯᠡᠯ ᠪᠥᠲᠥᠭᠡᠨ ᠪᠠᠢ᠍ᠢ᠍ᠭᠤᠯᠤᠯᠲᠠ ᠵᠢᠨ ᠪᠢᠩᠲ᠋ᠤᠸᠠᠨ᠎ᠤ ᠮᠡᠳᠡᠭᠦᠯᠦᠯᠲᠡ᠎ᠳᠤ᠄ ᠣᠨᠣᠰᠢᠯᠠᠭᠰᠠᠨ ᠡᠪᠡᠳᠴᠢᠨ᠎ᠤ ᠵᠢᠱ᠌ᠢᠶ᠎ᠡ ᠰᠢᠨ᠎ᠡ᠎ᠪᠠᠷ 67 ᠨᠡᠮᠡᠭᠳᠡᠵᠦ᠂ ᠰᠡᠵᠢᠭᠯᠡᠯᠲᠡᠶ ᠡᠪᠡᠳᠴᠢᠨ᠎ᠤ ᠵᠢᠱ᠌ᠢᠶ᠎ᠡ ᠰᠢᠨ᠎ᠡ᠎ᠪᠠᠷ 58 ᠨᠡᠮᠡᠭᠳᠡᠵᠦ᠂ ᠴᠥᠮ ᠬᠢᠯᠢ ᠵᠢᠨ ᠭᠠᠳᠠᠨ᠎ᠠ᠎ᠠᠴᠠ ᠤᠷᠤᠵᠤ ᠢᠷᠡᠭᠰᠡᠨ ᠡᠪᠡᠳᠴᠢᠨ᠎ᠤ ᠵᠢᠱ᠌ᠢᠶ᠎ᠡ ᠪᠤᠯᠤᠨ᠎ᠠ; ᠡᠨᠳᠡᠭᠰᠡᠨ ᠡᠪᠡᠳᠴᠢᠨ᠎ᠤ ᠵᠢᠱ᠌ᠢᠶ᠎ᠡ ᠰᠢᠨ᠎ᠡ᠎ᠪᠠᠷ 6 ᠨᠡᠮᠡᠭᠳᠡᠵᠦ᠂ ᠴᠥᠮ ᠬᠤᠪᠸᠢ ᠮᠤᠵᠢ ᠵᠢᠨ ᠡᠪᠡᠳᠴᠢᠨ᠎ᠤ ᠵᠢᠱ᠌ᠢᠶ᠎ᠡ ᠪᠣᠯᠤᠨ᠎ᠠ; ᠲᠤᠬᠠᠶ ᠵᠢᠨ ᠡᠳᠦᠷ᠎ᠲᠤ ᠡᠮᠨᠡᠯᠭᠡ᠎ᠠᠴᠠ ᠭᠠᠷᠤᠭᠰᠠᠨ ᠡᠪᠡᠳᠴᠢᠨ᠎ᠤ ᠵᠢᠱ᠌ᠢᠶ᠎ᠡ ᠰᠢᠨ᠎ᠡ᠎ᠪᠠᠷ 401 ᠨᠡᠮᠡᠭᠳᠡᠵᠦ᠂ ᠠᠨᠠᠭ᠋ᠠᠬᠤ ᠤᠬᠠᠭ᠋ᠠᠨ᠎ᠤ ᠠᠵᠢᠬᠯᠠᠯᠲᠠ ᠵᠢ ᠬᠦᠴᠦᠨ ᠥᠬᠡᠶ ᠪᠣᠯᠭ᠋ᠠᠭᠰᠠᠨ᠎ᠨᠢ 721 ᠬᠥᠮᠦᠨ ᠪᠠᠢ᠍ᠢ᠍ᠵᠤ᠂ ᠬᠦᠨᠳᠦ ᠡᠪᠡᠳᠴᠢᠨ᠎ᠤ ᠵᠢᠱ᠌ᠢᠶ᠎ᠡ ᠵᠢ 164 ᠪᠠᠭ᠋ᠠᠰᠬᠠᠪᠠ᠃ 3 ᠰᠠᠷ᠎ᠠ ᠵᠢᠨ 25᠎ᠤ ᠡᠳᠦᠷ᠎ᠤᠨ 24 ᠴᠠᠭ ᠪᠣᠯᠲᠠᠯ᠎ᠠ᠂ ᠡᠯ᠎ᠡ ᠮᠤᠵᠢ (ᠣᠷᠣᠨ᠂ ᠬᠣᠲᠠ) ᠪᠣᠯᠤᠨ ᠰᠢᠨᠵᠢᠶᠠᠩ᠎ᠤᠨ ᠦᠢ᠍ᠯᠡᠳᠪᠦᠷᠢᠯᠡᠯ ᠪᠥᠲᠥᠭᠡᠨ ᠪᠠᠢ᠍ᠢ᠍ᠭᠤᠯᠤᠯᠲᠠ ᠵᠢᠨ ᠪᠢᠩᠲ᠋ᠤᠸᠠᠨ᠎ᠤ ᠮᠡᠳᠡᠭᠦᠯᠦᠯᠲᠡ ᠵᠢ ᠦᠨᠳᠦᠰᠦᠯᠡᠪᠡᠯ᠄ ᠣᠲᠣ ᠣᠨᠣᠰᠢᠯᠠᠭᠰᠠᠨ ᠡᠪᠡᠳᠴᠢᠨ᠎ᠤ ᠵᠢᠱ᠌ᠢᠶ᠎ᠡ 3947 ᠪᠠᠢ᠍ᠢ᠍ᠵᠤ᠂ ᠡᠭᠦᠨ᠎ᠳᠤ ᠬᠦᠨᠳᠦ ᠡᠪᠡᠳᠴᠢᠨ᠎ᠤ ᠵᠢᠱ᠌ᠢᠶ᠎ᠡ 1235 ᠪᠣᠶ; ᠡᠮᠨᠡᠯᠭᠡ᠎ᠠᠴᠠ ᠭᠠᠷᠤᠭᠰᠠᠨ ᠡᠪᠡᠳᠴᠢᠨ᠎ᠤ ᠵᠢᠱ᠌ᠢᠶ᠎ᠡ ᠨᠡᠢ᠍ᠢ᠍ᠲᠡ 74051 ᠪᠠᠢ᠍ᠢ᠍ᠵᠤ᠂ ᠥᠭᠦᠭᠰᠡᠨ ᠡᠪᠡᠳᠴᠢᠨ᠎ᠤ ᠵᠢᠱ᠌ᠢᠶ᠎ᠡ ᠨᠡᠢ᠍ᠢ᠍ᠲᠡ 3287 ᠪᠠᠢ᠍ᠢ᠍ᠵᠤ᠂ ᠣᠨᠣᠰᠢᠯᠠᠭᠰᠠᠨ ᠡᠪᠡᠳᠴᠢᠨ᠎ᠤ ᠵᠢᠱ᠌ᠢᠶ᠎ᠡ ᠨᠡᠢ᠍ᠢ᠍ᠲᠡ 81285 ᠪᠠᠢ᠍ᠢ᠍ᠵᠤ᠂ ᠣᠲᠣ 159 ᠰᠡᠵᠢᠭᠯᠡᠯᠲᠡᠶ ᠡᠪᠡᠳᠴᠢᠨ᠎ᠤ ᠵᠢᠱ᠌ᠢᠶ᠎ᠡ ᠪᠠᠢ᠍ᠢ᠍ᠨ᠎ᠠ᠃ ᠨᠢᠭᠲᠠ ᠣᠢ᠍ᠢ᠍ᠷᠠᠲᠤᠭᠰᠠᠳ ᠨᠡᠢ᠍ᠢ᠍ᠲᠡ 695305 ᠬᠥᠮᠦᠨ᠂ ᠠᠨᠠᠭ᠋ᠠᠬᠤ ᠤᠬᠠᠭ᠋ᠠᠨ᠎ᠤ ᠠᠵᠢᠬᠯᠠᠯᠲᠠ ᠬᠢᠵᠤ ᠪᠠᠢ᠍ᠢ᠍ᠭ᠎ᠠ ᠨᠢᠭᠲᠠ ᠣᠢ᠍ᠢ᠍ᠷᠠᠲᠤᠭᠰᠠᠳ 14714 ᠬᠥᠮᠦᠨ ᠪᠠᠢ᠍ᠢ᠍ᠨ᠎ᠠ᠃ ᠬᠤᠪᠸᠢ ᠮᠤᠵᠢ᠎ᠳᠤ ᠲᠤᠬᠠᠶ ᠵᠢᠨ ᠡᠳᠦᠷ ᠣᠨᠣᠰᠢᠯᠠᠭᠰᠠᠨ ᠡᠪᠡᠳᠴᠢᠨ᠎ᠤ ᠵᠢᠱ᠌ᠢᠶ᠎ᠡ ᠰᠢᠨ᠎ᠡ᠎ᠪᠠᠷ ᠨᠡᠮᠡᠭᠳᠡᠭᠰᠡᠨ ᠥᠬᠡᠶ᠂ ᠰᠡᠵᠢᠭᠯᠡᠯᠲᠡᠶ ᠡᠪᠡᠳᠴᠢᠨ᠎ᠤ ᠵᠢᠱ᠌ᠢᠶ᠎ᠡ ᠰᠢᠨ᠎ᠡ᠎ᠪᠠᠷ ᠨᠡᠮᠡᠭᠳᠡᠭᠰᠡᠨ ᠥᠬᠡᠶ᠂ ᠣᠲᠣ ᠪᠠᠢ᠍ᠢ᠍ᠭ᠎ᠠ ᠰᠡᠵᠢᠭᠯᠡᠯᠲᠡᠶ ᠡᠪᠡᠳᠴᠢᠨ᠎ᠤ ᠵᠢᠱ᠌ᠢᠶ᠎ᠡ ᠪᠠᠢ᠍ᠢ᠍ᠬᠤ ᠥᠬᠡᠶ᠃ ᠡᠮᠨᠡᠯᠭᠡ᠎ᠠᠴᠠ ᠭᠠᠷᠤᠭᠰᠠᠨ ᠡᠪᠡᠳᠴᠢᠨ᠎ᠤ ᠵᠢᠱ᠌ᠢᠶ᠎ᠡ ᠵᠢ ᠰᠢᠨ᠎ᠡ᠎ᠪᠠᠷ 391 ᠨᠡᠮᠡᠭᠳᠡᠪᠡ᠂ ᠡᠭᠦᠨ᠎ᠤ ᠳᠣᠲᠣᠷ᠎ᠠ ᠦᠬᠠᠨ᠎ᠳᠤ 382 ᠬᠥᠮᠦᠨ ᠪᠤᠢ; ᠡᠨᠳᠡᠭᠰᠡᠨ ᠡᠪᠡᠳᠴᠢᠨ᠎ᠤ ᠵᠢᠱ᠌ᠢᠶ᠎ᠡ 6 ᠨᠡᠮᠡᠭᠳᠡᠵᠦ᠂ ᠡᠭᠦᠨ᠎ᠤ ᠳᠣᠲᠣᠷ᠎ᠠ ᠦᠬᠠᠨ᠎ᠳᠤ 5 ᠪᠣᠶ; ᠣᠳᠣᠬᠠᠨ᠎ᠳᠤ ᠣᠨᠣᠰᠢᠯᠠᠭᠰᠠᠨ ᠡᠪᠡᠳᠴᠢᠨ᠎ᠤ ᠵᠢᠱ᠌ᠢᠶ᠎ᠡ 3431 ᠪᠠᠢ᠍ᠢ᠍ᠵᠤ᠂ ᠡᠭᠦᠨ᠎ᠤ ᠳᠣᠲᠣᠷ᠎ᠠ ᠦᠬᠠᠨ᠎ᠳᠤ 3407 ᠪᠠᠢ᠍ᠢ᠍ᠨ᠎ᠠ; ᠡᠨᠳᠡ ᠬᠦᠨᠳᠦ ᠡᠪᠡᠳᠴᠢᠨ᠎ᠤ ᠵᠢᠱ᠌ᠢᠶ᠎ᠡ 1201 ᠪᠠᠢ᠍ᠢ᠍ᠵᠤ᠂ ᠡᠭᠦᠨ᠎ᠤ ᠳᠣᠲᠣᠷ᠎ᠠ ᠦᠬᠠᠨ᠎ᠳᠤ 1195 ᠪᠠᠢ᠍ᠢ᠍ᠨ᠎ᠠ᠃ ᠡᠮᠨᠡᠯᠭᠡ᠎ᠠᠴᠠ ᠭᠠᠷᠤᠭᠰᠠᠨ ᠡᠪᠡᠳᠴᠢᠨ᠎ᠤ ᠵᠢᠱ᠌ᠢᠶ᠎ᠡ ᠨᠡᠢ᠍ᠢ᠍ᠲᠡ 61201 ᠪᠠᠢ᠍ᠢ᠍ᠵᠤ᠂ ᠡᠭᠦᠨ᠎ᠤ ᠳᠣᠲᠣᠷ᠎ᠠ ᠦᠬᠠᠨ᠎ᠳᠤ 44068 ᠪᠠᠢ᠍ᠢ᠍ᠨ᠎ᠠ; ᠨᠡᠢ᠍ᠢ᠍ᠲᠡ 3169 ᠬᠥᠮᠦᠨ ᠥᠭᠦᠵᠡᠶ᠂ ᠡᠭᠦᠨ᠎ᠤ ᠳᠣᠲᠣᠷ᠎ᠠ ᠦᠬᠠᠨ᠎ᠳᠤ 2531 ᠬᠥᠮᠦᠨ ᠪᠤᠢ; ᠣᠨᠣᠰᠢᠯᠠᠭᠰᠠᠨ ᠡᠪᠡᠳᠴᠢᠨ᠎ᠤ ᠵᠢᠱ᠌ᠢᠶ᠎ᠡ ᠨᠡᠢ᠍ᠢ᠍ᠲᠡ 67801 ᠪᠠᠢ᠍ᠢ᠍ᠵᠤ᠂ ᠡᠭᠦᠨ᠎ᠤ ᠳᠣᠲᠣᠷ᠎ᠠ ᠦᠬᠠᠨ᠎ᠳᠤ 50006 ᠪᠠᠢ᠍ᠢ᠍ᠨ᠎ᠠ᠃

      ᠮᠢ ᠹᠧᠩ 2020 — 03 — 26 15: 03: 23
     3 ᠰᠠᠷ᠎ᠠ ᠵᠢᠨ 25᠎ᠤ ᠡᠳᠦᠷ᠎ᠤᠨ 0 ᠴᠠᠭ᠎ᠠᠴᠠ 24 ᠴᠠᠭ ᠪᠣᠯᠲᠠᠯ᠎ᠠ᠂ ᠬᠢᠯᠢ ᠵᠢᠨ ᠭᠠᠳᠠᠨ᠎ᠠ ᠤᠷᠤᠵᠤ ᠢᠷᠡᠭᠰᠡᠨ ᠣᠨᠣᠰᠢᠯᠠᠭᠰᠠᠨ ᠡᠪᠡᠳᠴᠢᠨ᠎ᠤ ᠵᠢᠱ᠌ᠢᠶ᠎ᠡ ᠰᠢᠨ᠎ᠡ᠎ᠪᠠᠷ 67 ᠨᠡᠮᠡᠭᠳᠡᠵᠤ᠂ ᠡᠭᠦᠨ᠎ᠳᠤ ᠱᠠᠩᠬᠠᠶ᠎ᠳᠤ 18᠂ ᠥᠪᠥᠷ ᠮᠣᠩᠭᠣᠯ᠎ᠳᠤ 12᠂ ᠭᠤᠸᠠᠩᠳᠦ᠋ᠩ᠎ᠳᠤ 11᠂ ᠪᠡᠭᠡᠵᠢᠩ᠎ᠳᠤ 6᠂ ᠹᠦᠵᠢᠶᠠᠨ᠎ᠳᠤ 6᠂ ᠱᠠᠨᠰᠢ᠎ᠳᠤ 3᠂ ᠲᠢᠶᠠᠨᠵᠢᠨ᠂ ᠵᠧᠵᠢᠶᠠᠩ᠂ ᠵᠢᠶᠠᠩᠰᠦ᠂ ᠶᠦᠨᠨᠠᠨ᠎ᠳᠤ ᠲᠣᠰᠪᠤᠷᠢ 2᠂ ᠱᠠᠨ ᠰᠢ᠂ ᠭᠢᠷᠢᠨ᠂ ᠾᠧᠨᠠᠨ᠎ᠳᠤ ᠲᠣᠰᠪᠤᠷᠢ 1 ᠵᠢᠱ᠌ᠢᠶ᠎ᠡ ᠵᠢ ᠨᠡᠮᠡᠭᠳᠡᠪᠡ᠃ 3 ᠰᠠᠷ᠎ᠠ ᠵᠢᠨ 25᠎ᠤ ᠡᠳᠦᠷ᠎ᠤᠨ 24 ᠴᠠᠭ ᠪᠣᠯᠲᠠᠯ᠎ᠠ᠂ ᠬᠢᠯᠢ ᠵᠢᠨ ᠭᠠᠳᠠᠨ᠎ᠠ᠎ᠠᠴᠠ ᠤᠷᠤᠵᠤ ᠢᠷᠡᠭᠰᠡᠨ ᠣᠨᠣᠰᠢᠯᠠᠭᠰᠠᠨ ᠡᠪᠡᠳᠴᠢᠨ᠎ᠤ ᠵᠢᠱ᠌ᠢᠶ᠎ᠡ 541 ᠪᠤᠯᠵᠠᠢ᠃ ᠰᠢᠶᠠᠩᠭ᠋ᠠᠩ ᠣᠣᠮᠧᠨ ᠲᠠᠢ᠍ᠢ᠍ᠸᠠᠨ ᠣᠷᠣᠨ᠎ᠤ ᠣᠨᠣᠰᠢᠯᠠᠭᠰᠠᠨ ᠡᠪᠡᠳᠴᠢᠨ᠎ᠤ ᠵᠢᠱ᠌ᠢᠶ᠎ᠡ ᠵᠢ ᠨᠡᠢ᠍ᠢ᠍ᠳᠡ 675 ᠪᠤᠯᠵᠠᠢ᠂ ᠡᠭᠦᠨ᠎ᠤ ᠳᠣᠲᠣᠷ᠎ᠠ ᠰᠢᠶᠠᠩᠭ᠋ᠠᠩ᠎ᠤᠨ ᠵᠠᠰᠠᠭ ᠵᠠᠬᠢᠷᠭ᠋ᠠᠨ᠎ᠤ ᠣᠨᠴᠠᠭ᠋ᠠᠶ ᠣᠷᠣᠨ 410᠂ ᠣᠣᠮᠧᠨ᠎ᠤ ᠵᠠᠰᠠᠭ ᠵᠠᠬᠢᠷᠭ᠋ᠠᠨ᠎ᠤ ᠣᠨᠴᠠᠭ᠋ᠠᠶ ᠣᠷᠣᠨ 30᠂ ᠲᠠᠢ᠍ᠢ᠍ᠸᠠᠨ ᠣᠷᠣᠨ᠎ᠤ 235 ᠡᠪᠡᠳᠴᠢᠨ᠎ᠤ ᠵᠢᠱ᠌ᠢᠶ᠎ᠡ ᠪᠤᠢ᠃ 3 ᠰᠠᠷ᠎ᠠ ᠵᠢᠨ 25᠎ᠤ ᠡᠳᠦᠷ᠂ ᠮᠠᠨ᠎ᠤ ᠤᠯᠤᠰ᠎ᠤᠨ ᠳᠣᠲᠣᠷ᠎ᠠ ᠭᠠᠵᠠᠷ᠎ᠲᠤ ᠣᠷᠣᠨ ᠨᠤᠲᠤᠭ᠎ᠤᠨ ᠣᠨᠣᠰᠢᠯᠠᠯᠲᠠ ᠪᠠ ᠰᠡᠵᠢᠭᠯᠡᠯᠲᠡᠶ ᠡᠪᠡᠳᠴᠢᠨ᠎ᠤ ᠵᠢᠱ᠌ᠢᠶ᠎ᠡ ᠰᠢᠨ᠎ᠡ᠎ᠪᠠᠷ ᠨᠡᠮᠡᠭᠳᠡᠭᠰᠡᠨ ᠦᠭᠡᠶ 25 ᠮᠤᠵᠢ ᠣᠷᠣᠨ ᠪᠠ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠍ᠢ᠍ᠭᠤᠯᠤᠯᠲᠠ ᠵᠢᠨ ᠪᠢᠩᠲ᠋ᠤᠸᠠᠨ᠎ᠳᠤ ᠣᠳᠣ ᠪᠠᠢ᠍ᠢ᠍ᠭ᠎ᠠ ᠣᠷᠣᠨ ᠨᠤᠲᠤᠭ᠎ᠤᠨ ᠣᠨᠣᠰᠢᠯᠠᠯᠲᠠ ᠪᠠ ᠰᠡᠵᠢᠭᠯᠡᠯᠲᠡᠶ ᠡᠪᠡᠳᠴᠢᠨ᠎ᠤ ᠵᠢᠱ᠌ᠢᠶ᠎ᠡ ᠪᠠᠢ᠍ᠢ᠍ᠬᠤ ᠦᠭᠡᠶ; 23 ᠮᠤᠵᠢ ᠣᠷᠣᠨ᠎ᠤ᠎ᠬᠢᠨ ᠬᠢᠯᠢ ᠵᠢᠨ ᠭᠠᠳᠠᠨ᠎ᠠ᠎ᠠᠴᠠ ᠤᠷᠤᠵᠤ ᠢᠷᠡᠭᠰᠡᠨ ᠣᠨᠣᠰᠢᠯᠠᠯᠲᠠ ᠵᠢᠨ ᠡᠪᠡᠳᠴᠢᠨ᠎ᠤ ᠵᠢᠱ᠌ᠢᠶ᠎ᠡ ᠵᠢ ᠮᠡᠳᠡᠭᠦᠯᠵᠦ᠂ ᠬᠢᠵᠢᠭ᠎ᠤᠨ ᠲᠠᠷᠬᠠᠯᠲᠠ ᠵᠢ ᠰᠡᠷᠭᠡᠢ᠍ᠢ᠍ᠯᠡᠬᠦ ᠳᠠᠷᠤᠯᠲᠠ ᠮᠥᠨ ᠬᠦ᠌ ᠲᠤᠩ ᠶᠡᠬᠡ ᠪᠠᠢ᠍ᠢ᠍ᠨ᠎ᠠ᠂ ᠨᠠᠩ ᠤᠳᠠᠭ᠋ᠠᠨ ᠬᠤᠭᠤᠴᠠᠭ᠋ᠠᠨ᠎ᠤ ᠰᠡᠷᠭᠡᠢ᠍ᠢ᠍ᠯᠡᠨ ᠡᠵᠡᠮᠳᠡᠬᠦ ᠪᠡᠯᠡᠳᠬᠡᠯ᠎ᠢ ᠰᠠᠢ᠍ᠢ᠍ᠲᠤᠷ ᠬᠢᠬᠦ ᠬᠡᠷᠡᠭᠲᠡᠶ᠃ ᠳᠡᠭᠡᠷᠡᠬᠢ ᠪᠣᠯ ᠬᠢᠵᠢᠭ᠎ᠤᠨ ᠪᠠᠢ᠍ᠢ᠍ᠳᠠᠯ ᠪᠣᠯᠤᠨ᠎ᠠ᠃ ᠤᠳᠤ ᠲᠤᠬᠠᠢ ᠵᠢᠨ ᠲᠠᠯᠠᠪᠠᠢ ᠵᠢᠨ ᠠᠰᠠᠭᠤᠯᠲᠠ ᠵᠢᠨ ᠭᠣᠭᠴᠣᠭ᠎ᠠ᠎ᠳᠤ ᠣᠷᠣᠶ᠎ᠠ᠂ ᠰᠤᠷᠪᠤᠯᠵᠢᠯᠠᠭᠴᠢ ᠨᠠᠢ᠍ᠢ᠍ᠵᠠ ᠨᠠᠷ ᠥᠨᠥᠳᠦᠷ᠎ᠤᠨ ᠨᠡᠢ᠍ᠢ᠍ᠲᠡᠯᠡᠭᠰᠡᠨ ᠭᠣᠣᠯ ᠰᠡᠳᠦᠪ᠎ᠤᠨ ᠲᠣᠭᠣᠷᠢᠨ᠎ᠳᠤ ᠠᠰᠠᠭᠤᠯᠲᠠ ᠠᠰᠠᠭᠤᠭ᠋ᠠᠷᠠᠢ᠃ ᠠᠰᠠᠭᠤᠬᠤ᠎ᠠᠴᠠ᠎ᠪᠠᠨ ᠡᠮᠦᠨ᠎ᠡ ᠠᠵᠢᠯᠯᠠᠵᠤ ᠪᠠᠶ᠋ᠢᠭ᠎ᠠ ᠰᠣᠨᠢᠨ ᠮᠡᠳᠡᠭᠡᠨ᠎ᠤ ᠪᠠᠢ᠍ᠢ᠍ᠭᠤᠯᠤᠮᠵᠢ᠎ᠪᠠᠨ ᠮᠡᠳᠡᠭᠳᠡᠬᠦ ᠪᠤᠯᠪᠠᠤ᠃

      ᠡᠳ᠋᠎ᠤᠨ ᠵᠠᠰᠠᠭ ᠠᠵᠤ ᠠᠬᠤᠶ ᠵᠢᠨ ᠰᠤᠨᠢᠨ᠎ᠤ ᠰᠤᠷᠪᠤᠯᠵᠢᠯᠠᠭᠴᠢ 2020 — 03 — 26 15᠄ 03᠄ 38
      ᠶᠡᠷᠦᠩᠬᠡᠶ ᠰᠠᠢ᠍ᠢ᠍ᠳ ᠯᠢ ᠺᠧ ᠴᠢᠶᠠᠩ᠂ ᠲᠠᠷᠢᠶᠠᠯᠠᠩ᠎ᠤᠨ ᠤᠰᠤᠨ ᠠᠰᠢᠬᠯᠠᠯᠲᠠ ᠵᠢᠴᠢ ᠳᠡᠭᠡᠳᠦ ᠪᠠᠷᠢᠮᠵᠢᠶᠠᠲᠤ ᠲᠦᠭᠦᠭᠡᠷᠦᠮᠵᠢᠳᠤ ᠲᠠᠷᠢᠶᠠᠨ ᠭᠠᠵᠠᠷ᠎ᠤᠨ ᠪᠦᠲᠦᠭᠡᠨ ᠪᠠᠢ᠍ᠢ᠍ᠭᠤᠯᠤᠯᠲᠠ ᠪᠣᠯ ᠲᠠᠷᠢᠶᠠᠯᠠᠩ᠎ᠤᠨ ᠶᠡᠷᠦᠩᠬᠡᠢ᠍ᠢ᠍ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ ᠵᠢᠴᠢ ᠣᠳᠣ ᠦᠶ᠎ᠡ ᠵᠢᠨ ᠲᠠᠷᠢᠶᠠᠯᠠᠩ᠎ᠤᠨ ᠬᠥᠭᠵᠢᠯᠲᠡ᠎ᠳᠤ ᠬᠣᠯᠪᠣᠭᠳᠠᠬᠤ ᠶᠡᠬᠡ ᠶᠠᠪᠤᠳᠠᠯ ᠪᠤᠯᠤᠨ᠎ᠠ ᠭᠡᠵᠤ ᠵᠢᠭ᠋ᠠᠵᠤ ᠭᠠᠷᠭ᠋ᠠᠭᠰᠠᠨ ᠪᠠᠢ᠍ᠢ᠍ᠨ᠎ᠠ᠃ ᠠᠰᠠᠭᠤᠬᠤ᠎ᠨᠢ᠂ ᠤᠰᠤᠨ ᠠᠰᠢᠬᠯᠠᠯᠲᠠ ᠵᠢᠨ ᠶᠠᠮᠤᠨ᠎ᠠᠴᠠ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠡᠯ᠎ᠡ ᠭᠠᠵᠠᠷ᠎ᠤᠨ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠠᠵᠢᠯ ᠵᠶ᠋ᠠᠨ ᠰᠡᠷᠭᠦᠭᠡᠬᠦ ᠵᠢ ᠱᠠᠯᠠᠪᠳᠠᠭᠤᠯᠤᠭᠰᠠᠨ ᠪᠣᠢ? ᠪᠠᠶᠠᠷᠯᠠᠯ᠎ᠠ᠃
      ᠴᠧᠨ ᠮᠢᠩ ᠵᠥᠩ 2020 — 03 — 26 15᠄ 04᠄ 23
      ᠪᠢ ᠡᠨᠡ ᠰᠤᠷᠪᠤᠯᠵᠢᠯᠠᠭᠴᠢ ᠨᠠᠢ᠍ᠢ᠍ᠵᠠ ᠵᠢᠨ ᠠᠰᠠᠭᠤᠯᠲᠠ ᠵᠢ ᠬᠠᠷᠢᠭᠤᠯᠤᠭᠰᠠᠨ᠎ᠳᠠᠭᠠᠨ ᠳᠤᠩ ᠪᠠᠶᠠᠷ᠎ᠲᠠᠢ ᠪᠠᠢ᠍ᠢ᠍ᠨ᠎ᠠ᠃ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ ᠪᠣᠯ ᠡᠨᠡ ᠤᠳᠠᠭ᠋ᠠᠨ᠎ᠤ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠭᠦ ᠵᠢᠨ ᠲᠤᠢ᠍ᠢ᠍ᠯ᠎ᠤᠨ ᠴᠢᠬᠤᠯᠠ ᠪᠠᠲᠤᠯᠠᠭ᠎ᠠ ᠮᠥᠨ᠃ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠭᠦ ᠬᠤᠭᠤᠴᠠᠭ᠋ᠠᠨ᠎ᠳᠤ᠂ ᠪᠢᠳᠡ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠠᠮᠤᠷ ᠲᠦᠪᠰᠢᠨ ᠵᠶ᠋ᠠᠷ ᠤᠰᠤ ᠬᠠᠩᠭ᠋ᠠᠬᠤ ᠪᠠᠲᠤᠯᠠᠭ᠎ᠠ ᠵᠢ ᠴᠢᠩᠭ᠋ᠠᠳᠬᠠᠪᠠ᠃ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠠᠵᠢᠯ᠎ᠢ ᠡᠬᠢᠯᠡᠭᠦᠯᠬᠦ ᠪᠠ ᠠᠵᠢᠯ᠎ᠢ ᠰᠡᠷᠭᠦᠭᠡᠬᠦ ᠲᠠᠯ᠎ᠠ᠎ᠪᠠᠷ ᠪᠢᠳᠡ ᠳᠣᠣᠷᠠᠬᠢ ᠬᠡᠳᠦᠨ ᠠᠷᠭ᠎ᠠ ᠬᠡᠮᠵᠢᠶ᠎ᠡ ᠵᠢ ᠭᠣᠣᠯᠳᠠᠯᠭ᠎ᠠ᠎ᠲᠠᠢ᠎ᠪᠠᠷ ᠠᠪᠴᠠᠶ᠄ ᠨᠢᠭᠡᠳᠦᠭᠡᠷ᠎ᠲᠤ᠂ ᠪᠢᠳᠡ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠦᠪᠯᠡᠯ᠎ᠢ ᠢᠳᠡᠪᠬᠢᠲᠡᠶ ᠵᠣᠬᠢᠴᠠᠭᠤᠯᠵᠤ᠂ ᠡᠨᠡ ᠵᠢᠯ᠎ᠤᠨ ᠲᠥᠪ᠎ᠤᠨ ᠲᠥᠰᠦᠪ᠎ᠤᠨ ᠪᠡᠯᠡ ᠣᠷᠣᠭᠤᠯᠤᠯᠲᠠ ᠵᠢ ᠡᠷᠲᠡᠬᠡᠨ ᠪᠠᠭᠤᠯᠭ᠋ᠠᠵᠤ᠂ ᠡᠯ᠎ᠡ ᠭᠠᠵᠠᠷ ᠣᠷᠣᠨ᠎ᠤ ᠡᠷᠲᠡᠬᠡᠨ ᠲᠣᠬᠢᠷᠠᠭᠤᠯᠬᠤ᠎ᠳᠤ ᠲᠦᠭᠦᠮ ᠦᠵᠡᠭᠦᠯᠦᠨ᠎ᠡ᠂ ᠡᠨᠡ ᠵᠢᠯ ᠨᠡᠢ᠍ᠢ᠍ᠳᠡ 15 ᠳ᠋ᠦᠩᠰᠢᠭᠤᠷ ᠲᠥᠭᠥᠷᠢᠭ᠎ᠤᠨ ᠲᠥᠪ᠎ᠤᠨ ᠨᠥᠬᠥᠪᠥᠷᠢ ᠮᠦᠩᠭᠦ ᠵᠢᠨ ᠪᠡᠯᠡ ᠣᠷᠣᠭᠤᠯᠤᠯᠲᠠ ᠵᠢ ᠲᠣᠬᠢᠷᠠᠭᠤᠯᠵᠤ᠂ ᠡᠯ᠎ᠡ ᠭᠠᠵᠠᠷ ᠣᠷᠣᠨ᠎ᠤ ᠠᠵᠢᠯ᠎ᠤᠨ ᠲᠥᠰᠦᠯ ᠵᠶ᠋ᠠᠨ ᠴᠠᠭ ᠲᠤᠬᠠᠶ᠎ᠳᠤᠨᠢ ᠨᠠᠢ᠍ᠢ᠍ᠷᠠᠭᠤᠯᠤᠨ ᠵᠣᠬᠢᠶᠠᠵᠤ᠂ ᠠᠵᠢᠯ ᠡᠬᠢᠯᠡᠭᠦᠯᠬᠦ ᠪᠠ ᠠᠵᠢᠯ ᠵᠶ᠋ᠠᠨ ᠰᠡᠷᠭᠦᠭᠡᠬᠦ ᠪᠡᠯᠡᠳᠬᠡᠯ ᠠᠵᠢᠯ ᠵᠶ᠋ᠠᠨ ᠤᠷᠢᠳᠴᠢᠯᠠᠨ ᠰᠠᠢ᠍ᠢ᠍ᠲᠤᠷ ᠬᠢᠬᠦ ᠵᠢ ᠪᠠᠲᠤᠯᠠᠪᠠ᠃ ᠬᠣᠶᠠᠳᠤᠭ᠋ᠠᠷ᠎ᠲᠤ᠂ ᠪᠢᠳᠡ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠢ᠍ᠢ᠍ᠭᠤᠯᠤᠮᠵᠢ ᠵᠢᠨ ᠡᠯ᠎ᠡ ᠮᠤᠵᠢ᠎ᠲᠠᠢ ᠬᠡᠰᠡᠭ ᠬᠤᠪᠢᠶᠠᠨ ᠬᠠᠷᠢᠯᠴᠠᠬᠤ ᠬᠢᠨᠠᠨ ᠵᠢᠯᠣᠭᠣᠳᠬᠤ ᠲᠣᠭᠲᠠᠴᠠ ᠵᠢ ᠪᠠᠢ᠍ᠢ᠍ᠭᠤᠯᠵᠤ᠂ ᠣᠷᠣᠨ ᠨᠤᠲᠤᠭ᠎ᠢ ᠬᠠᠮᠲᠤ᠎ᠪᠠᠷ ᠵᠣᠬᠢᠴᠠᠭᠤᠯᠤᠨ ᠬᠠᠪᠰᠤᠷᠴᠤ ᠪᠠᠢ᠍ᠢ᠍ᠭ᠋ᠠᠳ ᠢᠨᠵᠧᠨᠧᠷᠢᠩ᠎ᠤᠨ ᠠᠵᠢᠯ ᠵᠶ᠋ᠠᠨ ᠡᠬᠢᠯᠡᠭᠦᠯᠵᠦ ᠠᠵᠢᠯ ᠵᠶ᠋ᠠᠨ ᠰᠡᠷᠭᠦᠭᠡᠬᠦ ᠠᠰᠠᠭᠤᠳᠠᠯ᠎ᠢ ᠰᠢᠢ᠍ᠳᠪᠦᠷᠢᠯᠡᠵᠦ᠂ ᠣᠷᠣᠨ ᠨᠤᠲᠤᠭ᠎ᠢ ᠱᠠᠯᠠᠪᠳᠠᠭᠤᠯᠤᠨ ᠱᠠᠭ᠋ᠠᠷᠳᠠᠵᠤ ᠪᠠᠢ᠍ᠢ᠍ᠭ᠋ᠠᠳ ᠠᠵᠢᠯ ᠵᠶ᠋ᠠᠨ ᠡᠬᠢᠯᠡᠭᠦᠯᠵᠦ ᠠᠵᠢᠯ ᠵᠶ᠋ᠠᠨ ᠰᠡᠷᠭᠦᠭᠡᠬᠦ ᠵᠢ᠎ᠨᠢ ᠲᠦᠷᠭᠡᠳᠬᠡᠪᠡ᠃ ᠭᠤᠷᠪᠠᠳᠤᠭ᠋ᠠᠷ᠎ᠲᠤ᠂ ᠢᠨᠵᠧᠨᠧᠷᠢᠩ᠎ᠤᠨ ᠳᠤᠮᠳᠠ ᠰᠢᠨ᠎ᠡ ᠵᠢ ᠡᠭᠦᠳᠬᠦ ᠠᠷᠭ᠎ᠠ ᠬᠡᠮᠵᠢᠶ᠎ᠡ᠎ᠨᠦᠭᠦᠳ᠎ᠢ ᠠᠪᠴᠤ᠂ ᠣᠨᠴᠠᠭ᠋ᠠᠢ᠍ᠢ᠍ᠯᠠᠨ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ ᠵᠶ᠋ᠠᠷ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠪᠦᠳᠦᠬᠡᠨ ᠪᠠᠢ᠍ᠢ᠍ᠭᠤᠯᠤᠯᠲᠠ ᠵᠢᠨ ᠲᠠᠯ᠎ᠠ᠎ᠪᠠᠷ᠂ ᠢᠨᠵᠧᠨᠧᠷᠢᠩ᠎ᠤᠨ ᠠᠵᠢᠯ᠎ᠤᠨ ᠬᠡᠪᠴᠢᠶ᠎ᠡ ᠵᠢ ᠢᠯᠡᠭᠦᠬᠡᠨ ᠨᠡᠭᠡᠭᠡᠵᠦ᠂ ᠵᠢᠷᠭᠢᠶ᠎ᠡ᠂ ᠸᠢᠳᠢᠣ᠋᠂ ᠰᠦᠯᠵᠢᠶ᠎ᠡ ᠵᠡᠷᠭᠡ ᠠᠷᠭ᠎ᠠ ᠬᠡᠯᠪᠡᠷᠢ᠎ᠪᠠᠷ ᠳᠤᠬᠢᠷᠠᠭᠤᠯᠤᠯᠳᠠ ᠬᠢᠵᠦ᠂ ᠡᠯ᠎ᠡ ᠵᠦᠢ᠍ᠯ᠎ᠤᠨ ᠢᠨᠵᠧᠨᠧᠷᠢᠩ᠎ᠤᠨ ᠠᠷᠭ᠎ᠠ ᠬᠡᠮᠵᠢᠶ᠎ᠡ ᠵᠢᠨ ᠤᠷᠤᠭᠰᠢᠲᠠᠢ ᠶᠠᠪᠤᠭᠳᠠᠬᠤ ᠵᠢ ᠪᠠᠲᠤᠯᠠᠵᠤ᠂ ᠵᠠᠷᠢᠮ ᠭᠠᠵᠠᠷ ᠣᠷᠣᠨ᠎ᠤ᠎ᠬᠢᠨ ᠥᠩᠭᠡᠷᠡᠭᠰᠡᠨ ᠵᠢᠯ᠎ᠤᠳ᠎ᠠᠴᠠ ᠨᠡᠩ ᠯᠠᠪᠳᠠᠭᠤᠨ ᠪᠠᠲᠤᠲᠠᠢ᠂ ᠠᠬᠢᠴᠠ᠎ᠨᠢ ᠨᠡᠩ ᠲᠦᠷᠭᠡᠨ ᠪᠠᠢ᠍ᠢ᠍ᠵᠤ᠂ ᠮᠠᠨ᠎ᠤ ᠢᠨᠵᠧᠨᠧᠷᠢᠩ᠎ᠤᠨ ᠠᠵᠢᠯ ᠡᠬᠢᠯᠡᠭᠦᠯᠬᠦ ᠦᠷ᠎ᠡ ᠪᠦᠲᠦᠮᠵᠢ ᠵᠢ ᠨᠡᠩ ᠰᠠᠢ᠍ᠢ᠍ᠨ ᠪᠣᠯᠭ᠋ᠠᠬᠤ ᠵᠢ ᠪᠠᠲᠤᠯᠠᠵᠠᠢ᠃ ᠣᠳᠣᠬᠠᠨ᠎ᠤ ᠪᠠᠢ᠍ᠢ᠍ᠳᠠᠯ᠎ᠠᠴᠠ ᠦᠵᠡᠪᠡᠯ᠂ ᠡᠯ᠎ᠡ ᠭᠠᠵᠠᠷ ᠣᠷᠣᠨ᠎ᠤ ᠠᠵᠢᠯ ᠡᠬᠢᠯᠡᠭᠦᠯᠦᠭᠰᠡᠨ ᠦᠷ᠎ᠡ ᠪᠦᠲᠦᠭᠡᠯ᠎ᠨᠢ ᠪᠠᠰᠠ ᠳᠤᠩ ᠢᠯᠡᠳᠳᠡ ᠪᠠᠢ᠍ᠢ᠍ᠨ᠎ᠠ᠂ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠪᠦᠳᠦᠭᠡᠨ ᠪᠠᠢ᠍ᠢ᠍ᠭᠤᠯᠤᠯᠲᠠ ᠵᠢᠨ ᠡᠭᠦᠷᠭᠡ᠎ᠲᠠᠢ ᠰᠢᠶᠠᠨ᠎ᠤ ᠠᠵᠢᠯ ᠰᠡᠷᠭᠦᠭᠡᠭᠰᠡᠨ ᠨᠤᠷᠮ᠎ᠠ᠎ᠨᠢ 90% ᠰᠢᠬᠠᠮ᠎ᠳᠤ ᠬᠦᠷᠴᠦ᠂ ᠬᠤᠪᠸᠢ᠎ᠠᠴᠠ ᠪᠤᠰᠤᠳ᠎ᠨᠢ 93%᠎ᠳᠤ ᠬᠦᠷᠴᠡᠶ᠂ ᠡᠢ᠍ᠢ᠍ᠮᠦ᠎ᠠᠴᠠ ᠶᠡᠷᠦᠩᠬᠡᠶ ᠦᠷ᠎ᠡ ᠪᠦᠲᠦᠮᠵᠢ᠎ᠨᠢ ᠪᠠᠰᠠ ᠨᠡᠯᠢᠶᠡᠳ ᠰᠠᠢ᠍ᠢ᠍ᠨ ᠪᠠᠢ᠍ᠢ᠍ᠨ᠎ᠠ᠃ ᠪᠠᠶᠠᠷᠯᠠᠯ᠎ᠠ᠃

      ᠲᠥᠪ᠎ᠤᠨ ᠲᠧᠯᠸᠢᠰ ᠬᠤᠷᠢᠶᠠᠨ᠎ᠤ ᠰᠤᠷᠪᠤᠯᠵᠢᠯᠠᠭᠴᠢ 2020 — 03 — 26 15᠄ 14᠄ 45
      ᠠᠵᠤ ᠠᠬᠤᠶ ᠵᠢ ᠬᠥᠭᠵᠢᠭᠦᠯᠬᠦ ᠵᠢᠨ ᠲᠥᠯᠥᠭᠡ᠂ ᠤᠰᠤᠨ ᠠᠰᠢᠬᠯᠠᠯᠲᠠ ᠵᠢᠨ ᠶᠠᠮᠤᠨ᠎ᠠᠴᠠ ᠵᠠᠷᠢᠮ ᠴᠢᠬᠤᠯᠠ ᠶᠡᠬᠡ ᠤᠰᠤᠨ ᠠᠰᠢᠬᠯᠠᠯᠲᠠ ᠵᠢᠨ ᠰᠢᠨ᠎ᠡ ᠲᠦᠷᠦᠯ ᠵᠦᠢ᠍ᠯ᠎ᠢ ᠤᠷᠢᠳᠴᠢᠯᠠᠨ ᠲᠥᠯᠥᠪᠵᠢᠭᠦᠯᠬᠦ ᠵᠢ ᠪᠣᠳᠣᠯᠬᠢᠯᠠᠭᠰᠠᠨ ᠤᠤ? ᠬᠡᠷᠪᠡ ᠪᠠᠢ᠍ᠢ᠍ᠬᠤ᠎ᠳᠤ ᠬᠦᠷᠪᠡᠯ᠂ ᠡᠳᠡᠭᠡᠷ ᠲᠥᠷᠥᠯ ᠵᠦᠢ᠍ᠯ᠎ᠨᠢ ᠬᠡᠳᠦᠢ ᠪᠡᠯᠡ ᠣᠷᠣᠭᠤᠯᠤᠯᠲᠠ ᠪᠠ ᠠᠵᠢᠯ ᠣᠯᠭᠣᠯᠲᠠ ᠵᠢ ᠠᠪᠴᠢᠷᠠᠬᠤ ᠪᠤᠶ? ᠪᠠᠶᠠᠷᠯᠠᠯ᠎ᠠ᠃
      ᠱ᠌ᠢ ᠴᠦᠨ ᠰᠢᠶᠠᠨ 2020 — 03 — 26 15: 15: 04
      ᠲᠠᠨ᠎ᠤ ᠠᠰᠠᠭᠤᠭᠰᠠᠨ᠎ᠳᠤ ᠲᠠᠯᠠᠷᠬᠠᠵᠤ ᠪᠠᠢ᠍ᠢ᠍ᠬᠤ ᠪᠥᠭᠡᠳ ᠤᠰᠤᠨ ᠠᠰᠢᠬᠯᠠᠯᠲᠠ ᠵᠢᠨ ᠪᠠᠷᠢᠯᠭ᠎ᠠ ᠵᠢ ᠬᠠᠯᠠᠮᠵᠢᠯᠠᠨ ᠳᠡᠮᠵᠢᠭᠰᠡᠨ᠎ᠳᠤ ᠴᠦ᠍ ᠲᠠᠯᠠᠷᠬᠠᠵᠤ ᠪᠠᠢ᠍ᠢ᠍ᠨ᠎ᠠ᠃ ᠲᠠᠨ᠎ᠤ ᠳᠤᠷᠠᠳᠤᠭᠰᠠᠨ᠎ᠲᠠᠢ ᠠᠳᠠᠯᠢ᠎ᠪᠠᠷ᠂ ᠴᠢᠬᠤᠯᠠ ᠶᠡᠬᠡ ᠤᠰᠤᠨ ᠠᠰᠢᠬᠯᠠᠯᠲᠠ ᠵᠢᠨ ᠢᠨᠵᠧᠨᠧᠷᠢᠩ ᠪᠣᠯ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠴᠢᠬᠤᠯᠠ ᠰᠠᠭᠤᠷᠢ ᠲᠥᠬᠥᠭᠡᠷᠦᠮᠵᠢ ᠪᠣᠯᠤᠨ᠎ᠠ᠂ ᠮᠥᠨ ᠴᠦ᠍ ᠤᠯᠤᠰ᠎ᠤᠨ ᠰᠠᠭᠤᠷᠢ ᠲᠥᠬᠥᠭᠡᠷᠦᠮᠵᠢ ᠵᠢᠨ ᠳᠤᠲᠠᠭᠤᠳᠠᠯ᠎ᠢ ᠨᠥᠬᠥᠪᠥᠷᠢᠯᠡᠬᠦ ᠴᠢᠬᠤᠯᠠ ᠬᠦᠷᠢᠶ᠎ᠡ ᠴᠠᠷᠠᠭ᠎ᠠ ᠪᠣᠯᠤᠨ᠎ᠠ᠂ ᠤᠯᠤᠰ᠎ᠠᠴᠠ ᠲᠤᠢ᠍ᠢ᠍ᠯ ᠵᠶ᠋ᠠᠷ       ᠴᠢᠬᠤᠯᠠᠴᠢᠯᠠᠵᠤ᠂ ᠣᠷᠣᠨ ᠨᠤᠲᠤᠭ᠎ᠤᠨ᠎ᠬᠢᠨ ᠳᠤᠩ ᠢᠳᠡᠪᠬᠢᠲᠡᠢ ᠪᠠᠢ᠍ᠢ᠍ᠵᠤ᠂ ᠡᠯ᠎ᠡ ᠲᠠᠯ᠎ᠠ ᠵᠢᠨ᠎ᠬᠢᠨ᠎ᠤ ᠬᠠᠮᠲᠤ ᠵᠢᠨ ᠴᠢᠷᠮᠠᠢ᠍ᠢ᠍ᠯᠭ᠎ᠠ᠎ᠳᠤ ᠣᠷᠣᠯᠴᠠᠵᠤ᠂ ᠣᠳᠣᠬᠠᠨ᠎ᠤ ᠠᠬᠢᠴᠠ ᠳᠤᠩ ᠤᠷᠤᠭᠰᠢᠲᠠᠢ ᠪᠠᠢ᠍ᠢ᠍ᠨ᠎ᠠ᠃ ᠤᠯᠤᠰ᠎ᠠᠴᠠ ᠲᠣᠭᠲᠠᠭ᠋ᠠᠭᠰᠠᠨ 172 ᠵᠦᠢ᠍ᠯ᠎ᠤᠨ ᠴᠢᠬᠤᠯᠠ ᠶᠡᠬᠡ ᠢᠨᠵᠧᠨᠧᠷᠢᠩ᠎ᠤᠨ ᠠᠵᠢᠯ᠎ᠢ ᠤᠳᠤ ᠨᠢᠭᠡᠨᠲᠡ 142 ᠵᠦᠢ᠍ᠯ᠎ᠢ᠎ᠨᠢ ᠡᠬᠢᠯᠡᠭᠦᠯᠵᠦ᠂ ᠪᠠᠢ᠍ᠢ᠍ᠭᠤᠯᠵᠤ ᠪᠠᠢ᠍ᠢ᠍ᠭ᠎ᠠ ᠬᠡᠪᠴᠢᠶ᠎ᠡ᠎ᠨᠢ ᠲᠦᠮᠡᠨ ᠳ᠋ᠦᠩᠰᠢᠭᠤᠷ ᠲᠦᠭᠦᠷᠢᠭ᠎ᠢ ᠳᠠᠪᠠᠵᠠᠶ᠃ ᠰᠢᠨ᠎ᠡ ᠪᠠᠢ᠍ᠢ᠍ᠷᠢᠯᠠᠭᠤᠯᠤᠯᠲᠠ ᠵᠢᠨ ᠲᠤᠬᠠᠶ᠂ ᠴᠢᠬᠤᠯᠠ ᠶᠡᠬᠡ ᠢᠨᠵᠧᠨᠧᠷᠢᠩ᠎ᠨᠢ ᠰᠠᠭᠤᠷᠢ ᠲᠥᠬᠥᠭᠡᠷᠦᠮᠵᠢ ᠵᠢᠨ ᠪᠠᠲᠤᠯᠠᠭ᠎ᠠ ᠵᠢᠨ ᠦᠢ᠍ᠯᠡᠳᠦᠯ᠎ᠲᠠᠢ᠎ᠠᠴᠠ ᠭᠠᠳᠠᠨ᠎ᠠ᠂ ᠬᠡᠷᠪᠡ ᠠᠵᠤ ᠠᠬᠤᠶ ᠵᠢᠨ ᠲᠠᠯ᠎ᠠ᠎ᠠᠴᠠ ᠠᠪᠴᠤ ᠦᠵᠡᠪᠡᠯ ᠪᠠᠰᠠ ᠬᠣᠶᠠᠷ ᠳᠠᠪᠠᠭᠤᠯᠢᠭ ᠲᠠᠯ᠎ᠠ᠎ᠲᠠᠢ ᠶᠤᠮ᠃ ᠨᠢᠭᠡᠳᠦᠭᠡᠷ᠎ᠲᠤ᠂ ᠴᠢᠬᠤᠯᠠ ᠶᠡᠬᠡ ᠤᠰᠤᠨ ᠠᠰᠢᠬᠯᠠᠯᠲᠠ ᠵᠢᠨ ᠢᠨᠵᠧᠨᠧᠷᠢᠩ᠎ᠨᠢ ᠬᠠᠮᠤᠷᠬᠤ ᠬᠡᠪᠴᠢᠶ᠎ᠡ᠎ᠪᠠᠷ ᠥᠷᠭᠡᠨ᠂ ᠪᠡᠯᠡ ᠣᠷᠣᠭᠤᠯᠤᠯᠲᠠ ᠵᠢ ᠰᠢᠩᠭᠡᠭᠡᠨ ᠠᠪᠬᠤ᠎ᠨᠢ ᠶᠡᠬᠡ᠂ ᠠᠵᠤ ᠦᠢ᠍ᠯᠡᠰ᠎ᠤᠨ ᠬᠡᠯᠬᠢᠶ᠎ᠡ᠎ᠪᠠᠷ ᠤᠷᠲᠤ᠂ ᠠᠵᠢᠯ ᠣᠯᠭᠣᠬᠤ ᠲᠣᠬᠢᠶᠠᠯ᠎ᠢ ᠤᠯᠠᠨ ᠡᠭᠦᠳᠬᠦ ᠣᠨᠴᠠᠯᠢᠭ᠎ᠲᠠᠢ       ᠪᠠᠢ᠍ᠢ᠍ᠵᠤ᠂ ᠪᠡᠯᠡ ᠣᠷᠣᠭᠤᠯᠤᠯᠲᠠ ᠵᠢᠨ ᠳᠠᠢ᠍ᠢ᠍ᠴᠢᠯᠠᠬᠤ ᠦᠢ᠍ᠯᠡᠳᠦᠯ᠎ᠢ ᠳᠤᠩ ᠰᠠᠢ᠍ᠢ᠍ᠨ ᠪᠠᠳᠠᠷᠠᠭᠤᠯᠵᠤ ᠴᠢᠳᠠᠨ᠎ᠠ᠃ ᠬᠣᠶᠠᠳᠤᠭ᠋ᠠᠷ᠎ᠲᠤ᠂ ᠴᠢᠬᠤᠯᠠ ᠶᠡᠬᠡ ᠤᠰᠤᠨ ᠠᠰᠢᠬᠯᠠᠯᠲᠠ ᠵᠢᠨ ᠪᠠᠷᠢᠯᠭ᠎ᠠ᠎ᠳᠤ ᠶᠡᠷᠦᠩᠬᠡᠶ᠎ᠳᠡᠭᠡᠨ ᠴᠥᠮ ᠨᠡᠯᠢᠶᠡᠳ ᠰᠠᠢ᠍ᠢ᠍ᠨ ᠲᠥᠯᠥᠪᠵᠢᠭᠦᠯᠭᠡ ᠵᠢᠨ ᠰᠠᠭᠤᠷᠢ᠎ᠲᠠᠢ ᠪᠠᠢ᠍ᠢ᠍ᠳᠠᠭ ᠪᠥᠭᠡᠳ ᠶᠡᠬᠡᠩᠬᠢ ᠬᠡᠰᠡᠭ᠎ᠨᠢ ᠴᠥᠮ ᠤᠯᠠᠨ ᠵᠢᠯ᠎ᠤᠨ ᠨᠤᠲᠠᠯᠠᠯᠲᠠ ᠵᠢ ᠥᠩᠭᠡᠷᠡᠭᠡᠵᠦ᠂ ᠪᠦᠳᠦᠭᠡᠨ ᠪᠠᠢ᠍ᠢ᠍ᠭᠤᠯᠤᠯᠲᠠ ᠵᠢ ᠲᠦᠷᠭᠡᠳᠬᠡᠬᠦ ᠨᠥᠬᠥᠴᠡᠯ᠎ᠲᠠᠢ ᠪᠠᠢ᠍ᠢ᠍ᠳᠠᠭ ᠪᠣᠯᠬᠣᠷ ᠪᠠᠢ᠍ᠢ᠍ᠭᠤᠯᠵᠤ ᠳᠠᠭᠤᠰᠤᠭᠰᠠᠨ᠎ᠤ ᠲᠠᠷᠠᠭ᠎ᠠ ᠦᠢ᠍ᠯᠡᠳᠪᠦᠷᠢᠯᠡᠬᠦ ᠴᠢᠳᠠᠪᠤᠷᠢ ᠦᠯᠡᠭᠦᠳᠡᠬᠦ ᠠᠰᠠᠭᠤᠳᠠᠯ ᠭᠠᠷᠬᠤ ᠦᠭᠡᠢ     ᠶᠤᠮ᠃ ᠡᠢ᠍ᠢ᠍ᠮᠦ᠎ᠠᠴᠠ ᠡᠢ᠍ᠢ᠍ᠮᠦ ᠪᠠᠢ᠍ᠢ᠍ᠳᠠᠯ᠎ᠳᠤ ᠴᠢᠭᠯᠡᠭᠦᠯᠦᠨ ᠪᠢᠳᠠ ᠨᠢᠭᠡ ᠪᠦᠯᠦᠭ ᠨᠡᠯᠢᠶᠡᠳ ᠴᠢᠬᠤᠯᠠ᠂ ᠡᠮᠦᠨᠡᠬᠢ ᠬᠤᠭᠤᠴᠠᠭ᠋ᠠᠨ᠎ᠤ ᠠᠵᠢᠯ᠎ᠤᠨ ᠨᠥᠬᠥᠴᠡᠯ ᠵᠶ᠋ᠠᠷ ᠨᠡᠯᠢᠶᠡᠳ ᠰᠡᠢ᠍ᠢ᠍ᠠ ᠴᠢᠬᠤᠯᠠ ᠶᠡᠬᠡ ᠢᠨᠵᠧᠨᠧᠷᠢᠩ᠎ᠢ ᠤᠷᠢᠳᠴᠢᠯᠠᠨ ᠲᠥᠯᠥᠪᠯᠡᠵᠦ ᠭᠠᠷᠭ᠋ᠠᠭᠰᠠᠨ ᠶᠤᠮ᠂ ᠤᠳᠦ ᠠᠩᠬ᠎ᠠ ᠠᠯᠬᠤᠮ ᠪᠣᠳᠣᠯᠬᠢᠯᠠᠪᠠᠯ᠂ ᠤᠢ᠍ᠢ᠍ᠷ᠎ᠠ ᠵᠢᠨ ᠭᠤᠷᠪᠠᠨ ᠵᠢᠯ᠎ᠳᠤ ᠵᠠᠭᠤ ᠭᠠᠷᠤᠶ ᠵᠦᠢ᠍ᠯ ᠪᠠᠢ᠍ᠢ᠍ᠨ᠎ᠠ᠂ ᠡᠨᠡ ᠵᠢᠯ ᠪᠠᠰᠠ ᠬᠡᠳᠦᠨ ᠠᠷᠪᠠᠨ ᠵᠦᠢ᠍ᠯ ᠪᠠᠢ᠍ᠢ᠍ᠨ᠎ᠠ᠂ ᠡᠨᠡ ᠵᠠᠭᠤ ᠭᠠᠷᠤᠶ ᠵᠦᠢ᠍ᠯ᠎ᠤᠨ ᠪᠡᠯᠠ ᠣᠷᠣᠭᠤᠯᠤᠯᠲᠠ ᠵᠢᠨ ᠬᠡᠪᠴᠢᠶ᠎ᠡ ᠴᠦ᠍ ᠲᠦᠮᠡᠨ ᠳ᠋ᠦᠩᠰᠢᠭᠤᠷ ᠲᠦᠭᠦᠷᠢᠭ᠎ᠢ ᠳᠠᠪᠠᠬᠤ ᠪᠣᠯᠤᠨ᠎ᠠ᠃ ᠡᠳᠡᠭᠡᠷ ᠲᠦᠷᠦᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠤᠨ ᠰᠠᠭᠤᠷᠢ᠎ᠨᠢ ᠰᠡᠢ᠍ᠢ᠍ᠠ᠂ ᠣᠷᠣᠨ ᠨᠤᠲᠤᠭ᠎ᠤᠨ ᠢᠳᠡᠪᠬᠢᠵᠢᠯ᠎ᠨᠢ ᠥᠨᠳᠥᠷ ᠮᠥᠷᠲᠡᠭᠡᠨ ᠣᠷᠴᠢᠨ ᠳᠤᠭᠤᠷᠢᠨ᠎ᠢ ᠬᠦᠯᠢᠶᠡᠰᠦᠯᠡᠭᠦ ᠶᠡᠬᠡ ᠬᠦᠴᠦᠨ ᠵᠦᠢ᠍ᠯ ᠪᠠᠢ᠍ᠢ᠍ᠬᠤ ᠤᠢ᠍ᠭᠡᠢ᠂ ᠨᠥᠬᠥᠴᠡᠯ ᠪᠦᠷᠢᠯᠳᠦᠭᠦᠯᠳᠡᠭ ᠯᠡ ᠶᠤᠮ ᠪᠣᠯ ᠳᠤᠩ ᠲᠦᠷᠭᠡᠨ ᠵᠶ᠋ᠠᠷ ᠠᠵᠢᠯ ᠵᠶ᠋ᠠᠨ ᠡᠬᠢᠯᠡᠭᠦᠯᠵᠦ ᠪᠣᠯᠤᠨ᠎ᠠ ᠭᠡᠵᠦ ᠪᠢ ᠰᠠᠶᠢᠬᠠᠨ ᠬᠡᠯᠡᠭᠰᠡᠨ ᠪᠢᠯᠠ᠃ ᠠᠵᠤ ᠠᠬᠤᠶ ᠵᠢ ᠳᠠᠢ᠍ᠢ᠍ᠴᠢᠯᠠᠬᠤ ᠦᠢ᠍ᠯᠡᠳᠦᠯ᠂ ᠥᠭᠡᠷ᠎ᠡ᠎ᠪᠠᠷ ᠬᠡᠯᠡᠪᠡᠯ ᠠᠵᠢᠯ ᠣᠯᠭᠣᠯᠲᠠ ᠵᠢ ᠠᠬᠢᠭᠤᠯᠬᠤ ᠦᠢ᠍ᠯᠡᠳᠦᠯ᠎ᠤᠨ ᠲᠤᠬᠠᠶ ᠳᠤᠮᠳᠠᠳᠤ ᠤᠯᠤᠰ᠎ᠤᠨ ᠬᠣᠷᠸ᠎ᠠ ᠠᠵᠤ ᠠᠬᠤᠶ ᠵᠢᠨ ᠰᠤᠳᠤᠯᠭ᠋ᠠᠨ᠎ᠤ ᠬᠦᠷᠢᠶᠡᠯᠡᠩ᠎ᠤᠨ ᠬᠣᠯᠪᠣᠭᠳᠠᠯ ᠪᠦᠬᠦᠢ ᠨᠢᠭᠡᠴᠢ᠎ᠠᠴᠠ ᠨᠢᠭᠡᠨ ᠰᠤᠳᠤᠯᠭ᠋ᠠᠨ᠎ᠤ ᠦᠷ᠎ᠡ ᠪᠦᠲᠦᠭᠡᠯ᠎ᠢ ᠳᠤᠷᠠᠳᠴᠠᠶ᠂ ᠴᠢᠬᠤᠯᠠ ᠶᠡᠬᠡ ᠤᠰᠤᠨ ᠠᠰᠢᠬᠯᠠᠯᠲᠠ ᠵᠢᠨ ᠢᠨᠵᠧᠨᠧᠷᠢᠩ᠎ᠳᠤ ᠮᠢᠩᠭ᠋ᠠᠨ ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠬᠤ ᠪᠦᠷᠢ GDP ᠵᠠᠭᠤᠨ᠎ᠤ ᠬᠠᠷᠢᠴᠠᠯ ᠵᠶ᠋ᠠᠷ 0.15 ᠬᠤᠪᠢ ᠨᠡᠮᠡᠭᠳᠡᠭᠦ ᠵᠢ ᠳᠠᠢ᠍ᠢ᠍ᠴᠢᠯᠠᠵᠤ᠂ ᠠᠵᠢᠯ ᠣᠯᠭᠣᠯᠲᠠ ᠵᠢᠨ ᠠᠵᠢᠯ᠎ᠤᠨ ᠪᠠᠢ᠍ᠢ᠍ᠷᠢ ᠵᠢ ᠰᠢᠨ᠎ᠡ᠎ᠪᠠᠷ 49 ᠲᠦᠮᠡ ᠨᠡᠮᠡᠭᠳᠡᠭᠦᠯᠵᠦ ᠪᠣᠯᠤᠨ᠎ᠠ᠂ ᠡᠢ᠍ᠢ᠍ᠮᠦ᠎ᠠᠴᠠ ᠡᠨᠡ ᠬᠦ᠌ ᠦᠷ᠎ᠡ ᠪᠦᠲᠦᠮᠵᠢ᠎ᠨᠢ ᠪᠠᠰᠠ ᠳᠤᠩ ᠰᠠᠢ᠍ᠢ᠍ᠨ ᠶᠤᠮ᠃ ᠲᠠᠷᠠᠭ᠋ᠠᠴᠢ ᠵᠢᠨ ᠠᠯᠬᠤᠮ᠎ᠳᠤ᠂ ᠪᠢᠳᠡ ᠦᠷᠭᠦᠯᠵᠢᠯᠡᠨ ᠬᠠᠷᠢᠭᠤᠴᠠᠯᠭ᠎ᠠ ᠵᠢ ᠱᠠᠲᠤ ᠬᠤᠪᠢᠶᠠᠨ ᠨᠠᠢ᠍ᠢ᠍ᠳᠠᠪᠤᠷᠢᠵᠢᠭᠤᠯᠵᠤ᠂ ᠬᠢᠨᠠᠨ ᠵᠢᠯᠣᠭᠣᠳᠴᠤ ᠪᠠᠢ᠍ᠢ᠍ᠴᠠᠭ᠋ᠠᠬᠤ ᠵᠢ       ᠴᠢᠩᠭ᠋ᠠᠳᠬᠠᠨ᠂ ᠡᠮᠦᠨᠡᠬᠢ ᠬᠤᠭᠤᠴᠠᠭ᠋ᠠᠨ᠎ᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠢᠨᠵᠧᠨᠧᠷᠢᠩ᠎ᠤᠨ ᠠᠵᠢᠯ᠎ᠢ ᠤᠷᠤᠭᠰᠢᠲᠠᠶ ᠡᠬᠢᠯᠡᠭᠦᠯᠦᠨ ᠪᠥᠲᠥᠭᠡᠨ ᠪᠠᠢ᠍ᠢ᠍ᠭᠤᠯᠬᠤ᠎ᠳᠤ ᠰᠠᠢ᠍ᠢ᠍ᠨ ᠨᠥᠬᠥᠴᠡᠯ ᠬᠠᠩᠭ᠋ᠠᠨ᠎ᠠ᠃ ᠪᠠᠶᠠᠷᠯᠠᠯ᠎ᠠ᠃

      ᠡᠮᠦᠨᠡᠲᠦ ᠣᠷᠣᠨ᠎ᠤ ᠬᠣᠲᠠ ᠵᠢᠨ ᠰᠣᠨᠢᠨ᠎ᠤ ᠰᠤᠷᠪᠤᠯᠵᠢᠯᠠᠭᠴᠢ 2020 — 03 — 26 15᠄ 22᠄ 40
      ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠠᠵᠢᠯ᠎ᠤᠨ ᠠᠬᠢᠴᠠ ᠵᠢ ᠳᠠᠭ᠋ᠠᠯᠳᠤᠨ᠂ ᠡᠯ᠎ᠡ ᠭᠠᠵᠠᠷ᠎ᠤᠨ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠠᠵᠢᠯ ᠴᠤ᠌ ᠠᠭ᠋ᠠᠵᠢᠮ ᠵᠶ᠋ᠠᠷ ᠰᠡᠷᠭᠦᠭᠡᠨ ᠪᠠᠢ᠍ᠢ᠍ᠭᠤᠯᠪᠠ᠂ ᠲᠡᠭᠡᠪᠡᠯ ᠣᠳᠣᠬᠠᠨ᠎ᠤ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠠᠵᠢᠯ ᠵᠶ᠋ᠠᠨ ᠰᠡᠷᠭᠦᠭᠡᠭᠰᠡᠨ ᠪᠠᠢ᠍ᠢ᠍ᠳᠠᠯ ᠶᠠᠮᠠᠷ ᠪᠤᠢ? ᠪᠠᠶᠠᠷᠯᠠᠯ᠎ᠠ᠃
      ᠸᠠᠩ ᠱᠧᠩ ᠸᠠᠨ 2020 — 03 — 26 15: 22: 52
      ᠤᠰᠤᠨ ᠠᠰᠢᠬᠯᠠᠯᠲᠠ ᠵᠢᠨ ᠶᠠᠮᠤᠨ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠢᠨᠠᠮᠠᠭ᠋ᠠᠶ ᠳᠤᠭᠤᠰᠢᠯᠠᠭᠤᠯᠵᠤ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠍ᠢ᠍ᠷᠢᠯᠠᠭᠤᠯᠤᠯᠲᠠ ᠶᠣᠰᠣᠭ᠋ᠠᠷ᠂ 《ᠶᠠᠷᠰᠢᠭ ᠲᠠᠲᠠᠬᠤ ᠥᠬᠡᠶ᠂ ᠢᠯᠡᠭᠦᠬᠡᠨ ᠬᠦᠴᠦ ᠭᠠᠷᠭ᠋ᠠᠵᠤ᠂ ᠬᠤᠪᠢ ᠨᠡᠮᠡᠷᠢ ᠦᠵᠡᠭᠦᠯᠬᠦ》 ᠵᠢ ᠪᠠᠷᠢᠮᠲᠠᠯᠠᠨ ᠪᠡᠶᠡᠯᠡᠭᠦᠯᠵᠦ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠪᠠ ᠤᠰᠤᠨ ᠠᠰᠢᠬᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠲᠣᠪᠣᠢ᠍ᠢ᠍ᠮ᠎ᠠ ᠰᠠᠢ᠍ᠢ᠍ᠲᠤᠷ ᠠᠳᠬᠤᠪᠠ᠃ ᠤᠳᠤ ᠪᠣᠯᠬᠤ᠎ᠳᠤ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠲᠠᠯ᠎ᠠ᠎ᠪᠠᠷ ᠨᠡᠯᠢᠶᠡᠳ ᠰᠠᠢ᠍ᠢ᠍ᠨ ᠦᠷ᠎ᠡ ᠪᠦᠲᠦᠮᠵᠢ ᠣᠯᠵᠠᠶ᠃ ᠣᠳᠣᠬᠠᠨ᠎ᠳᠤ᠂ ᠴᠢᠬᠤᠯᠠ ᠶᠡᠬᠡ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠠᠵᠢᠯ ᠳᠤᠩ ᠤᠷᠤᠭᠰᠢᠲᠠᠶ ᠶᠠᠪᠤᠭᠳᠠᠵᠤ᠂ ᠪᠠᠢ᠍ᠢ᠍ᠭᠤᠯᠵᠤ ᠪᠠᠢ᠍ᠢ᠍ᠭ᠎ᠠ 110 ᠵᠦᠢ᠍ᠯ᠎ᠤᠨ ᠢᠨᠵᠧᠨᠧᠷᠢᠩ᠎ᠤᠨ ᠠᠵᠢᠯ ᠵᠶ᠋ᠠᠨ ᠨᠢᠭᠡᠨᠲᠡ 101 ᠵᠦᠢ᠍ᠯ᠎ᠢ᠎ᠨᠢ ᠰᠡᠷᠭᠦᠭᠡᠵᠦ᠂ ᠢᠨᠵᠧᠨᠧᠷᠢᠩ᠎ᠤᠨ ᠶᠡᠷᠦᠩᠬᠡᠶ ᠲᠣᠭ᠋ᠠᠨ᠎ᠤ 92%᠎ᠢ ᠡᠵᠡᠯᠡᠵᠦ᠂ ᠠᠭᠤᠷ ᠠᠮᠢᠰᠬᠤᠯ ᠵᠡᠷᠭᠡ᠎ᠳᠤ ᠨᠥᠯᠥᠭᠡᠯᠡᠭᠳᠡᠭᠰᠡᠨ ᠴᠥᠭᠡᠨ ᠲᠣᠭ᠋ᠠᠨ᠎ᠤ ᠪᠠᠷᠢᠯᠭ᠎ᠠ ᠵᠢ ᠭᠠᠷᠭ᠋ᠠᠪᠠᠯ᠂ ᠰᠡᠷᠭᠦᠭᠡᠬᠦ ᠶᠣᠰᠣᠲᠠᠶ ᠵᠢ᠎ᠨᠢ ᠪᠦᠬᠦᠨ᠎ᠢ ᠰᠡᠷᠭᠦᠭᠡᠭᠰᠡᠨ ᠪᠠᠢ᠍ᠢ᠍ᠨ᠎ᠠ᠃ ᠵᠡᠭᠦᠨ ᠬᠣᠢ᠍ᠢ᠍ᠲᠤ ᠣᠷᠣᠨ ᠪᠠ ᠪᠠᠷᠠᠭᠤᠨ ᠬᠣᠢ᠍ᠢ᠍ᠲᠤ ᠣᠷᠣᠨ᠎ᠤ ᠡᠳᠡᠭᠡᠷ ᠲᠤᠢ᠍ᠢ᠍ᠯ᠎ᠤᠨ ᠬᠦᠢ᠍ᠳᠡᠨ ᠭᠠᠵᠠᠷ ᠣᠷᠣᠨ᠎ᠳᠤ ᠪᠠᠰᠠ ᠢᠨᠵᠧᠨᠧᠷᠢᠩ᠎ᠤᠨ ᠠᠵᠢᠯ ᠵᠶ᠋ᠠᠨ ᠰᠡᠷᠭᠦᠭᠡᠵᠦ ᠪᠠᠢ᠍ᠢ᠍ᠨ᠎ᠠ᠂ ᠡᠢ᠍ᠢ᠍ᠮᠦ᠎ᠠᠴᠠ ᠣᠳᠣᠬᠠᠨ᠎ᠤ 92%᠎ᠠᠴᠠ ᠠᠪᠴᠤ       ᠦᠵᠡᠪᠡᠯ᠂ ᠠᠵᠢᠯ ᠰᠡᠷᠭᠦᠭᠡᠭᠰᠡᠨ ᠨᠤᠷᠮ᠎ᠠ᠎ᠨᠢ ᠥᠩᠭᠡᠷᠡᠭᠰᠡᠨ ᠵᠢᠯ᠎ᠤᠳ᠎ᠤᠨ᠎ᠬᠢ᠎ᠠᠴᠠ ᠨᠡᠯᠢᠶᠡᠳ ᠶᠡᠬᠡ᠎ᠪᠠᠷ ᠳᠡᠭᠡᠭᠰᠢᠯᠡᠭᠰᠡᠨ ᠪᠠᠢ᠍ᠢ᠍ᠨ᠎ᠠ᠃ ᠢᠯᠠᠩᠭᠤᠶ᠎ᠠ ᠣᠳᠣᠬᠠᠨ᠎ᠳᠤ 101 ᠵᠦᠢ᠍ᠯ᠎ᠤᠨ ᠠᠵᠢᠯ ᠵᠶ᠋ᠠᠨ ᠰᠡᠷᠭᠦᠭᠡᠭᠰᠡᠨ᠎ᠨᠢ ᠪᠢᠳᠡᠨ᠎ᠤ ᠤᠤᠯ᠎ᠤᠨ 3 ᠰᠠᠷ᠎ᠠ ᠵᠢᠨ ᠰᠡᠭᠦᠯᠴᠢ᠎ᠠᠴᠠ ᠡᠮᠦᠨ᠎ᠡ ᠵᠠᠭᠤ᠎ᠠᠴᠠ ᠳᠡᠭᠡᠭᠰᠢ ᠵᠦᠢ᠍ᠯ᠎ᠤᠨ ᠠᠵᠢᠯ ᠵᠶ᠋ᠠᠨ ᠰᠡᠷᠭᠦᠭᠡᠬᠦ ᠬᠠᠷᠠᠯᠲᠠ ᠵᠢ ᠪᠡᠶᠡᠯᠡᠭᠦᠯᠬᠦ᠎ᠪᠠᠷ ᠴᠢᠷᠮᠠᠢ᠍ᠢ᠍ᠭᠰᠠᠨ᠎ᠠᠴᠠ ᠤᠷᠢᠳᠴᠢᠯᠠᠭᠰᠠᠨ ᠪᠠᠢ᠍ᠢ᠍ᠨ᠎ᠠ᠃ ᠠᠵᠢᠯ ᠰᠡᠷᠭᠦᠭᠡᠭᠰᠡᠨ ᠲᠥᠷᠥᠯ ᠵᠦᠢ᠍ᠯ᠎ᠠᠴᠠ ᠦᠵᠡᠪᠡᠯ᠂ ᠨᠡᠢ᠍ᠢ᠍ᠲᠡ 10 ᠲᠦᠮᠡ ᠰᠢᠬᠠᠮ ᠬᠥᠮᠦᠨ ᠠᠵᠢᠯ᠎ᠤᠨ ᠪᠠᠢ᠍ᠢ᠍ᠷᠢ᠎ᠳᠤ ᠭᠠᠷᠴᠤ᠂ ᠪᠠᠷᠤᠭ ᠬᠡᠪ᠎ᠤᠨ ᠬᠥᠮᠦᠨ᠎ᠤ ᠲᠣᠭ᠋ᠠᠨ᠎ᠤ 82%᠎ᠢ ᠡᠵᠡᠯᠡᠵᠦ ᠪᠠᠢ᠍ᠢ᠍ᠨ᠎ᠠ᠃ ᠡᠭᠦᠨ᠎ᠳᠤ᠂ ᠬᠥᠬᠡᠮᠥ᠋ᠷᠡᠨ᠎ᠤ ᠤᠰᠤ ᠵᠢ ᠲᠠᠲᠠᠵᠤ ᠬᠤᠸᠠᠢ᠍ᠢ᠍ᠾᠧ ᠭᠣᠣᠯ᠎ᠢ ᠲᠡᠳᠬᠦᠬᠦ᠂ ᠶᠦᠨᠨᠠᠨ᠎ᠤ ᠳᠤᠮᠳᠠ ᠬᠡᠰᠡᠭ᠎ᠲᠤ ᠤᠰᠤ ᠲᠠᠲᠠᠬᠤ᠂ ᠵᠦᠵᠢᠶᠠᠩ ᠮᠥᠷᠡᠨ᠎ᠤ ᠭᠤᠷᠪᠠᠯᠵᠢᠨ ᠬᠣᠢ᠍ᠢ᠍ᠭ᠎ᠤᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠪᠠ ᠭᠤᠸᠠᠩᠰᠢ ᠵᠢᠨ ᠳ᠋ᠠ ᠲᠧᠩ ᠰᠢᠶᠠ ᠬᠠᠪᠴᠢᠯ᠎ᠤᠨ ᠤᠰᠤᠨ ᠠᠰᠢᠬᠯᠠᠯᠲᠠ ᠵᠢᠨ ᠬᠦᠢ᠍ᠰᠦ ᠪᠠᠷᠢᠯᠭ᠎ᠠ ᠵᠡᠷᠭᠡ 33 ᠵᠦᠢ᠍ᠯ᠎ᠤᠨ ᠢᠨᠵᠧᠨᠧᠷᠢᠩ ᠦᠨᠳᠦᠰᠦᠨ᠎ᠳᠡᠭᠡᠨ ᠬᠡᠪ᠎ᠤᠨ ᠢᠨᠵᠧᠨᠧᠷᠢᠩ᠎ᠤᠨ ᠬᠢᠷᠢ ᠲᠦᠪᠰᠢᠨ᠎ᠳᠤ ᠬᠦᠷᠴᠡᠶ᠃ ᠪᠤᠰᠤᠳ ᠤᠰᠤᠨ ᠠᠰᠢᠬᠯᠠᠯᠲᠠ ᠵᠢᠨ ᠲᠥᠷᠥᠯ ᠵᠦᠢ᠍ᠯ᠎ᠢ ᠴᠦ᠍ ᠪᠢᠳᠡ ᠢᠳᠡᠪᠬᠢᠲᠡᠶ᠎ᠪᠠᠷ ᠠᠬᠢᠭᠤᠯᠵᠤ᠂ ᠴᠢᠬᠤᠯᠠ ᠶᠡᠬᠡ ᠢᠨᠵᠧᠨᠧᠷᠢᠩ᠎ᠤᠨ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠠᠵᠢᠯ᠎ᠢ ᠰᠠᠢ᠍ᠢ᠍ᠲᠤᠷ ᠬᠢᠬᠦ ᠵᠢᠨ ᠬᠠᠮᠲᠤ ᠪᠠᠰᠠ ᠰᠢᠨ᠎ᠡ᠎ᠪᠠᠷ ᠪᠠᠢ᠍ᠢ᠍ᠭᠤᠯᠬᠤ ᠳᠤᠮᠳᠠ ᠪᠠᠭ᠎ᠠ ᠬᠡᠯᠪᠡᠷᠢ ᠵᠢᠨ ᠤᠰᠤᠨ ᠴᠥᠭᠥᠷᠥᠮ᠎ᠢ ᠰᠠᠢ᠍ᠢ᠍ᠲᠤᠷ ᠪᠠᠢ᠍ᠢ᠍ᠭᠤᠯᠵᠤ᠂ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠠ ᠳᠤᠮᠳᠠ ᠪᠠᠭ᠎ᠠ ᠭᠣᠣᠯ ᠮᠥᠷᠡᠨ᠎ᠢ ᠵᠠᠰᠠᠵᠤ ᠦᠢ᠍ᠯᠡᠳᠪᠦᠷᠢᠯᠡᠯ᠎ᠢ ᠰᠡᠷᠭᠦᠭᠡᠬᠦ ᠠᠵᠢᠯ᠎ᠢ ᠰᠠᠢ᠍ᠢ᠍ᠲᠤᠷ ᠬᠢᠵᠦ᠂ ᠣᠳᠣᠬᠠᠨ᠎ᠳᠤ ᠰᠢᠨ᠎ᠡ᠎ᠪᠠᠷ ᠪᠠᠢ᠍ᠢ᠍ᠭᠤᠯᠬᠤ ᠳᠤᠮᠳᠠ ᠪᠠᠭ᠎ᠠ ᠬᠡᠯᠪᠡᠷᠢ ᠵᠢᠨ ᠤᠰᠤᠨ ᠴᠥᠭᠥᠷᠥᠮ᠎ᠤᠨ ᠠᠵᠢᠯ ᠵᠶ᠋ᠠᠨ ᠰᠡᠷᠭᠦᠭᠡᠭᠰᠡᠨ ᠨᠤᠷᠮ᠎ᠠ ᠴᠤ᠌ 90% ᠵᠢ ᠳᠠᠪᠠᠵᠤ᠂ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠭᠰᠡᠨ ᠨᠤᠷᠮ᠎ᠠ 80%᠎ᠠᠴᠠ ᠳᠡᠭᠡᠭᠰᠢ᠎ᠳᠤ ᠬᠦᠷᠴᠦ᠂ ᠳᠤᠮᠳᠠ ᠪᠠᠭ᠎ᠠ ᠭᠣᠣᠯ ᠮᠥᠷᠡᠨ᠎ᠢ ᠵᠠᠰᠠᠬᠤ ᠲᠦᠷᠦᠯ ᠵᠦᠢ᠍ᠯ᠎ᠤᠨ ᠠᠵᠢᠯ ᠵᠶ᠋ᠠᠨ ᠰᠡᠷᠭᠦᠭᠡᠭᠰᠡᠨ ᠨᠤᠷᠮ᠎ᠠ ᠴᠤ᠌ 70% — 80%᠎ᠳᠤ ᠬᠦᠷᠴᠡᠶ᠃ ᠣᠳᠣᠬᠠᠨ᠎ᠳᠤ᠂ ᠠᠵᠢᠯ ᠵᠶ᠋ᠠᠨ ᠰᠡᠷᠭᠦᠭᠡᠭᠰᠡᠨ ᠲᠥᠷᠥᠯ ᠵᠦᠢ᠍ᠯ᠎ᠳᠤ ᠬᠢᠵᠢᠭ᠎ᠤᠨ ᠪᠠᠢ᠍ᠢ᠍ᠳᠠᠯ ᠡᠭᠦᠰᠦᠭᠰᠡᠨ ᠥᠬᠡᠶ᠂ ᠠᠵᠢᠯ ᠵᠶ᠋ᠠᠨ ᠰᠡᠷᠭᠦᠭᠡᠬᠦ ᠦᠢ᠍ᠯᠡᠳᠪᠦᠷᠢᠯᠡᠯ᠎ᠤᠨ ᠪᠠᠢ᠍ᠢ᠍ᠳᠠᠯ ᠲᠣᠭᠲᠠᠭᠤᠨ ᠪᠠᠢ᠍ᠢ᠍ᠨ᠎ᠠ᠃ ᠪᠠᠶᠠᠷᠯᠠᠯ᠎ᠠ᠃

      ᠹᠧᠩ ᠬᠤᠸᠠᠩ ᠣᠳᠣᠨ ᠲᠧᠯᠸᠢᠰ᠎ᠤᠨ ᠰᠤᠷᠪᠤᠯᠵᠢᠯᠠᠭᠴᠢ 2020 — 03 — 26 15᠄ 24᠄ 30
      ᠬᠤᠪᠸᠢ ᠪᠣᠯ ᠪᠥᠬᠥ ᠤᠯᠤᠰ᠎ᠤᠨ ᠴᠢᠬᠤᠯᠠ ᠶᠡᠬᠡ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠲᠥᠪᠯᠡᠷᠡᠭᠰᠡᠨ ᠭᠠᠵᠠᠷ ᠪᠤᠯᠤᠨ᠎ᠠ᠂ ᠲᠡᠭᠡᠪᠡᠯ ᠬᠢᠵᠢᠭ᠎ᠤᠨ ᠪᠠᠢ᠍ᠢ᠍ᠳᠠᠯ᠎ᠤᠨ ᠬᠤᠭᠤᠴᠠᠭ᠋ᠠᠨ᠎ᠳᠤ ᠬᠤᠪᠸᠢ ᠮᠤᠵᠢ ᠵᠢᠨ ᠳᠣᠲᠣᠷᠠᠬᠢ ᠤᠰᠤᠨ ᠠᠰᠢᠬᠯᠠᠯᠲᠠ ᠵᠢᠨ ᠢᠨᠵᠧᠨᠧᠷᠢᠩ᠎ᠨᠢ ᠬᠡᠷᠬᠢᠨ ᠠᠵᠢᠯᠯᠠᠵᠤ ᠪᠠᠢ᠍ᠢ᠍ᠬᠤ ᠪᠣᠶ? ᠪᠠᠶᠠᠷᠯᠠᠯ᠎ᠠ᠃
      ᠷᠤᠸᠠᠨ ᠯᠢ ᠮᠢᠨ 2020 — 03 — 26 15᠄ 24᠄ 42
      ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠠᠵᠢᠯ᠎ᠢ ᠠᠩᠬᠠᠷᠤᠨ ᠬᠠᠯᠠᠮᠵᠢᠯᠠᠭᠰᠠᠨ᠎ᠳᠤ ᠲᠠᠯᠠᠷᠬᠠᠵᠤ ᠪᠠᠢ᠍ᠢ᠍ᠨ᠎ᠠ᠃ ᠬᠤᠪᠸᠢ ᠪᠣᠯ ᠮᠠᠨ᠎ᠤ ᠤᠯᠤᠰ᠎ᠤᠨ ᠤᠰᠤᠨ ᠠᠰᠢᠬᠯᠠᠯᠲᠠ ᠵᠢᠨ ᠲᠣᠮᠣ ᠮᠤᠵᠢ ᠪᠠᠢ᠍ᠢ᠍ᠵᠤ᠂ ᠤᠰᠤᠨ ᠠᠰᠢᠬᠯᠠᠯᠲᠠ ᠵᠢᠨ ᠢᠨᠵᠧᠨᠧᠷᠢᠩ ᠲ᠋ᠤᠩ ᠣᠯᠠᠨ ᠪᠠᠢ᠍ᠢ᠍ᠵᠤ᠂ ᠪᠦᠬᠦ ᠮᠤᠵᠢ᠎ᠳᠤ 6921 ᠤᠰᠤᠨ ᠴᠥᠭᠥᠷᠥᠮ᠎ᠲᠠᠢ᠂ ᠲᠠᠪᠤᠨ ᠳᠡᠰ᠎ᠠᠴᠠ ᠳᠡᠭᠡᠭᠰᠢᠬᠢ ᠬᠠᠰᠢᠯᠭ᠎ᠠ ᠳᠠᠯᠠᠩ 1.7 ᠲᠦᠮᠡᠨ ᠺᠢᠯᠣᠮᠧᠲᠷ᠂ ᠬᠥᠭᠡᠷᠭᠡ ᠵᠢᠨ ᠥᠷᠲᠡᠭᠡ 4.8 ᠲᠦᠮᠡ ᠪᠠᠢ᠍ᠢ᠍ᠨ᠎ᠠ᠃ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠭᠦ ᠬᠤᠭᠤᠴᠠᠭ᠋ᠠᠨ᠎ᠳᠤ᠂ ᠬᠤᠪᠸᠢ ᠮᠤᠵᠢ ᠵᠢᠨ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ ᠠᠮᠤᠷ ᠲᠦᠪᠰᠢᠨ ᠪᠥᠭᠡᠳ ᠲᠣᠭᠲᠠᠭᠤᠨ ᠪᠠᠢ᠍ᠢ᠍ᠵᠤ᠂ ᠤᠰᠤ ᠬᠠᠳᠠᠭ᠋ᠠᠯᠠᠬᠤ ᠲᠣᠬᠢᠷᠠᠭᠤᠯᠤᠯᠲᠠ ᠵᠣᠬᠢᠰᠲᠠᠶ ᠪᠠᠢ᠍ᠢ᠍ᠵᠤ᠂ ᠣᠳᠣᠬᠠᠨ᠎ᠳᠤ ᠪᠥᠬᠥ ᠮᠤᠵᠢ ᠵᠢᠨ 334 ᠲᠣᠮᠣ ᠳᠤᠮᠳᠠ ᠬᠡᠯᠪᠡᠷᠢ ᠵᠢᠨ ᠤᠰᠤᠨ ᠴᠥᠭᠥᠷᠥᠮ᠎ᠤᠨ ᠤᠰᠤ ᠬᠠᠳᠠᠭ᠋ᠠᠯᠠᠬᠤ ᠬᠡᠮᠵᠢᠶ᠎ᠡ 43.3 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ ᠬᠤᠪᠸᠢ ᠮᠤᠵᠢ ᠵᠢᠨ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠪᠠ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ᠎ᠳᠤ ᠤᠰᠤᠨ ᠠᠰᠢᠬᠯᠠᠯᠲᠠ ᠵᠢᠨ ᠲᠤᠯᠭ᠋ᠠᠭᠤᠷᠢᠯᠠᠯ ᠬᠠᠩᠭ᠋ᠠᠭᠰᠠᠨ ᠪᠠᠢ᠍ᠢ᠍ᠨ᠎ᠠ᠃ ᠡᠭᠦᠨ᠎ᠳᠤ ᠳᠣᠣᠷᠠᠬᠢ ᠬᠡᠳᠦᠨ ᠲᠠᠯ᠎ᠠ᠎ᠪᠠᠷ ᠪᠣᠳᠠᠲᠠᠶ ᠢᠯᠡᠷᠡᠵᠦ ᠪᠠᠢ᠍ᠢ᠍ᠨ᠎ᠠ᠄ ᠨᠢᠭᠡᠳᠦᠭᠡᠷ᠎ᠲᠤ᠂ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ ᠠᠮᠤᠷ ᠲᠦᠪᠰᠢᠨ ᠪᠠᠢ᠍ᠢ᠍ᠵᠤ᠂ ᠬᠦᠨᠳᠦ ᠶᠡᠬᠡ ᠲᠠᠯᠳᠠ ᠭᠡᠮ ᠭᠠᠷᠤᠭᠰᠠᠨ ᠦᠭᠡᠢ᠃ ᠬᠣᠶᠠᠳᠤᠭ᠋ᠠᠷ᠎ᠲᠤ᠂ ᠬᠣᠲᠠ ᠬᠥᠳᠡᠭᠡ ᠵᠢᠨ ᠠᠮᠢᠳᠤᠷᠠᠯ᠎ᠳᠤ ᠬᠠᠩᠭ᠋ᠠᠬᠤ ᠤᠰᠤᠨ᠎ᠤ ᠴᠢᠨᠠᠷ ᠤᠰᠤᠨ᠎ᠤ ᠬᠡᠮᠵᠢᠶ᠎ᠡ ᠵᠢ ᠪᠠᠲᠤᠯᠠᠪᠠ᠃ ᠭᠤᠷᠪᠠᠳᠤᠭ᠋ᠠᠷ᠎ᠲᠤ᠂ ᠬᠠᠪᠤᠷ᠎ᠤᠨ ᠲᠠᠷᠢᠶᠠᠯᠠᠭ᠎ᠠ ᠬᠠᠪᠤᠷ᠎ᠤᠨ ᠤᠰᠤᠯᠠᠯᠲᠠ᠎ᠳᠤ ᠢᠳᠡᠪᠬᠢᠲᠡᠶ ᠦᠢ᠍ᠯᠡᠴᠢᠯᠡᠵᠦ᠂ ᠪᠦᠬᠦ ᠮᠤᠵᠢ ᠵᠢᠨ 538 ᠲᠤᠮᠤ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠳᠤ ᠨᠡᠢ᠍ᠢ᠍ᠳᠡ 40 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠬᠦᠷᠭᠡᠵᠡᠶ᠃ ᠳᠥᠷᠪᠡᠳᠦᠭᠡᠷ᠎ᠲᠤ᠂ ᠦᠶᠡᠷ᠎ᠢ ᠰᠡᠷᠭᠡᠢ᠍ᠢ᠍ᠯᠡᠵᠦ ᠦᠶᠡᠷ᠎ᠠᠴᠠ ᠰᠡᠷᠭᠡᠢ᠍ᠢ᠍ᠯᠡᠭᠦ ᠵᠢ ᠪᠡᠯᠡᠳᠬᠡᠬᠦ ᠡᠯ᠎ᠡ ᠵᠦᠢ᠍ᠯ᠎ᠤᠨ ᠠᠵᠢᠯ᠎ᠢ ᠶᠠᠭ ᠢᠳᠡᠪᠬᠢᠲᠡᠶ ᠪᠥᠭᠡᠳ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠵᠤ ᠪᠠᠢ᠍ᠢ᠍ᠨ᠎ᠠ᠃ ᠪᠠᠶᠠᠷᠯᠠᠯ᠎ᠠ᠃

      ᠤᠯᠠᠨ ᠤᠯᠤᠰ᠎ᠤᠨ ᠷᠠᠳᠢᠣ᠋ ᠨᠡᠪᠳᠡᠷᠡᠭᠦᠯᠭᠡ ᠵᠢᠨ ᠰᠤᠷᠪᠤᠯᠵᠢᠯᠠᠭᠴᠢ 2020 — 03 — 26 15᠄ 39᠄ 37
      ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠢᠨᠵᠧᠨᠧᠷᠢᠩ᠎ᠢ ᠬᠡᠷᠡᠭᠵᠢᠭᠦᠯᠬᠦ᠎ᠨᠢ ᠬᠥᠳᠡᠭᠡ ᠲᠣᠰᠬᠣᠨ᠎ᠤ ᠤᠰᠤᠨ᠎ᠳᠤ ᠬᠣᠯᠪᠣᠭᠳᠠᠬᠤ ᠡᠪᠡᠳᠴᠢᠨ ᠡᠮᠭᠡᠭ᠎ᠢ ᠪᠠᠭ᠋ᠠᠰᠬᠠᠵᠤ᠂ ᠲᠠᠷᠢᠶᠠᠴᠢᠳ᠎ᠤᠨ ᠡᠷᠡᠭᠦᠯ ᠮᠡᠨᠳᠦ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠭᠦ ᠬᠤᠭᠤᠴᠠᠭ᠋ᠠᠨ᠎ᠳᠤ ᠬᠥᠳᠡᠭᠡ ᠲᠣᠰᠬᠣᠨ᠎ᠤ ᠤᠰᠤ ᠬᠠᠩᠭ᠋ᠠᠬᠤ ᠠᠮᠤᠷ ᠲᠦᠪᠰᠢᠨ᠎ᠢ ᠬᠡᠷᠬᠢᠨ ᠪᠥᠬᠥ ᠳᠠᠯ᠎ᠠ᠎ᠪᠠᠷ ᠪᠠᠳᠤᠯᠠᠭᠰᠠᠨ ᠪᠤᠢ? ᠪᠠᠶᠠᠷᠯᠠᠯ᠎ᠠ᠃
      ᠴᠧᠨ ᠮᠢᠩ ᠵᠥᠩ 2020 — 03 — 26 15᠄ 39᠄ 46
      ᠰᠤᠷᠪᠤᠯᠵᠢᠯᠠᠭᠴᠢ ᠨᠠᠢ᠍ᠢ᠍ᠵᠠ ᠵᠢᠨ ᠬᠥᠳᠡᠭᠡ ᠲᠣᠰᠬᠣᠨ᠎ᠤ ᠤᠰᠤ ᠤᠮᠳᠠ ᠵᠢ ᠬᠠᠯᠠᠮᠵᠢᠯᠠᠨ ᠠᠩᠬᠠᠷᠴᠤ ᠪᠠᠢ᠍ᠢ᠍ᠭ᠎ᠠ᠎ᠳᠤ ᠳᠤᠩ ᠲᠠᠯᠠᠷᠬᠠᠵᠤ ᠪᠠᠢ᠍ᠢ᠍ᠨ᠎ᠠ᠃ ᠡᠨᠡ ᠤᠳᠠᠭ᠋ᠠᠨ᠎ᠤ ᠬᠢᠵᠢᠭ᠎ᠤᠨ ᠪᠠᠢ᠍ᠢ᠍ᠳᠠᠯ᠎ᠨᠢ ᠮᠠᠨ᠎ᠤ ᠬᠥᠳᠡᠭᠡ ᠲᠣᠰᠬᠣᠨ᠎ᠤ ᠤᠰᠤ ᠬᠠᠩᠭ᠋ᠠᠬᠤ ᠰᠠᠯᠠᠭ᠎ᠠ ᠮᠥᠴᠢᠷ᠎ᠲᠤ ᠠᠪᠴᠤ ᠬᠡᠯᠡᠪᠡᠯ᠂ ᠦᠨᠡᠬᠡᠷ ᠨᠢᠭᠡ ᠤᠳᠠᠭ᠋ᠠᠨ᠎ᠤ ᠶᠡᠬᠡ ᠰᠢᠯᠭ᠋ᠠᠯᠲᠠ ᠪᠣᠯᠤᠨ᠎ᠠ᠂ ᠤᠴᠢᠷ᠎ᠨᠢ ᠡᠨᠡ ᠤᠳᠠᠭ᠋ᠠᠨ᠎ᠤ ᠱᠠᠭ᠋ᠠᠷᠳᠠᠯᠭ᠎ᠠ᠎ᠨᠢ ᠡᠩ᠎ᠤᠨ ᠦᠶ᠎ᠡ ᠵᠢᠨ᠎ᠬᠢ᠎ᠠᠴᠠ ᠬᠣᠯᠠ ᠥᠨᠳᠥᠷ᠂ ᠬᠦᠴᠢᠷ᠎ᠤᠨ ᠬᠡᠮᠵᠢᠶ᠎ᠡ᠎ᠨᠢ ᠴᠦ᠍ ᠡᠩ᠎ᠤᠨ ᠦᠶ᠎ᠡ ᠵᠢᠨ᠎ᠬᠢ᠎ᠠᠴᠠ ᠬᠣᠯᠠ ᠶᠡᠬᠡ ᠪᠣᠯᠵᠠᠶ᠂ ᠡᠭᠦᠨ᠎ᠤ ᠭᠣᠤᠯ ᠰᠢᠯᠲᠠᠭ᠋ᠠᠨ᠎ᠨᠢ ᠭᠡᠪᠡᠯ᠂ ᠨᠢᠭᠡ᠎ᠳᠤ ᠡᠩ᠎ᠤᠨ ᠦᠶ᠎ᠡ ᠵᠢᠨ ᠬᠥᠮᠦᠨ ᠳᠤᠮᠳᠠᠴᠢ ᠬᠡᠷᠡᠭᠯᠡᠬᠦ ᠬᠡᠮᠵᠢᠶ᠎ᠡ᠎ᠠᠴᠠ ᠢᠯᠡᠳᠳᠡ ᠠᠷᠪᠢᠨ ᠪᠠᠢ᠍ᠢ᠍ᠳᠠᠭ᠂ ᠤᠴᠢᠷ᠎ᠨᠢ ᠤᠤᠭᠤᠬᠤ᠎ᠠᠴᠠ ᠭᠠᠳᠠᠨ᠎ᠠ ᠪᠠᠰᠠ ᠤᠬᠢᠶᠠᠬᠤ᠎ᠨᠢ ᠴᠦ᠍ ᠠᠷᠪᠢᠨ ᠪᠣᠯᠵᠠᠶ᠃ ᠬᠣᠶᠠᠳᠤᠭ᠋ᠠᠷ᠎ᠲᠤ᠂ ᠨᠤᠲᠤᠭ᠎ᠲᠠᠭᠠᠨ ᠪᠤᠴᠠᠭᠰᠠᠨ ᠳᠤᠩ ᠣᠯᠠᠨ ᠬᠥᠮᠦᠨ ᠠᠮᠠ ᠣᠷᠳᠣ ᠬᠤᠭᠤᠴᠠᠭ᠎ᠠ᠎ᠪᠠᠷ ᠬᠥᠳᠡᠭᠡ ᠲᠣᠰᠬᠣᠨ᠎ᠳᠤ ᠰᠠᠭ᠋ᠠᠲᠠᠵᠤ᠂ ᠤᠰᠤᠨ᠎ᠤ ᠦᠢ᠍ᠯᠡᠳᠪᠦᠷᠢ ᠵᠢᠨ ᠠᠵᠢᠯᠯᠠᠭ᠋ᠠᠨ᠎ᠤ ᠳᠠᠭ᠋ᠠᠭ᠋ᠠᠴᠠ ᠢᠯᠡᠳᠲᠡ ᠨᠡᠮᠡᠭᠳᠡᠵᠦ᠂ ᠵᠠᠷᠢᠮ ᠤᠰᠤᠨ᠎ᠤ ᠦᠢ᠍ᠯᠡᠳᠪᠦᠷᠢ ᠣᠷᠳᠣ ᠬᠤᠭᠤᠴᠠᠭ᠎ᠠ᠎ᠪᠠᠷ ᠳᠠᠭ᠋ᠠᠭ᠋ᠠᠴᠠ᠎ᠠᠴᠠ᠎ᠪᠠᠨ ᠬᠡᠲᠦᠷᠡᠲᠡᠯ᠎ᠡ ᠠᠵᠢᠯᠯᠠᠵᠤ ᠪᠠᠢ᠍ᠢ᠍ᠨ᠎ᠠ᠃ ᠭᠤᠷᠪᠠᠳᠤᠭ᠋ᠠᠷ᠎ᠲᠤ᠂ ᠰᠡᠯᠪᠢᠨ ᠵᠠᠰᠠᠬᠤ ᠠᠵᠢᠯᠳᠠᠨ᠎ᠤ ᠲᠤᠬᠢᠷᠠᠭᠤᠯᠤᠯᠳᠡ ᠪᠠ ᠮᠠᠲ᠋ᠧᠷᠢᠶᠠᠯ᠎ᠤᠨ ᠬᠠᠩᠭ᠋ᠠᠯᠭ᠎ᠠ᠎ᠳᠤ ᠡᠳᠦᠢ ᠲᠡᠳᠦᠢ ᠬᠦᠴᠢᠷᠳᠡᠯ ᠤᠴᠠᠷᠠᠭᠤᠯᠵᠠᠶ᠃ ᠡᠢ᠍ᠢ᠍ᠮᠦ᠎ᠠᠴᠠ ᠪᠢᠳᠡᠨ᠎ᠳᠤ ᠠᠪᠴᠤ ᠬᠡᠯᠡᠪᠡᠯ ᠨᠢᠭᠡ ᠤᠳᠠᠭ᠋ᠠᠨ᠎ᠤ ᠶᠡᠬᠡ ᠰᠢᠯᠭ᠋ᠠᠯᠲᠠ ᠪᠣᠯᠤᠨ᠎ᠠ᠃ ᠡᠯ᠎ᠡ ᠱᠠᠲᠤᠨ᠎ᠤ ᠤᠰᠤᠨ ᠠᠰᠢᠬᠯᠠᠯᠲᠠ ᠵᠢᠨ ᠰᠠᠯᠠᠭ᠎ᠠ ᠮᠥᠴᠢᠷ᠎ᠤᠳ ᠳᠤᠩ ᠤᠯᠠᠨ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠭᠦ ᠠᠵᠢᠯ᠎ᠢ ᠰᠠᠢ᠍ᠢ᠍ᠲᠤᠷ ᠬᠢᠬᠦ ᠵᠢᠨ ᠵᠡᠷᠭᠡ᠎ᠪᠠᠷ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠢᠨᠵᠧᠨᠧᠷᠢᠩ᠎ᠤᠨ ᠠᠵᠢᠯᠯᠠᠭ᠋ᠠᠨ᠎ᠢ ᠬᠠᠮᠢᠶᠠᠷᠴᠤ ᠬᠠᠮᠠᠭ᠋ᠠᠯᠠᠬᠤ ᠠᠵᠢᠯ᠎ᠢ 《ᠬᠣᠶᠠᠷ ᠲᠠᠯ᠎ᠠ᠎ᠪᠠᠷ ᠠᠳᠬᠤᠵᠤ᠂ ᠬᠣᠶᠠᠷ ᠲᠠᠯ᠎ᠠ᠎ᠪᠠᠷ ᠴᠥᠮ ᠴᠢᠩᠭ᠎ᠠ ᠠᠳᠬᠤᠵᠤ》᠂ ᠳᠤᠩ ᠤᠯᠠᠨ ᠠᠷᠭ᠎ᠠ ᠬᠡᠮᠵᠢᠶ᠎ᠡ ᠠᠪᠤᠭᠰᠠᠨ ᠪᠠᠢ᠍ᠢ᠍ᠨ᠎ᠠ᠃ ᠣᠲᠣ ᠪᠣᠯᠲᠠᠯ᠎ᠠ᠂ ᠶᠡᠷᠦᠩᠬᠡᠶ᠎ᠳᠤᠨᠢ ᠠᠪᠴᠤ ᠦᠵᠡᠪᠡᠯ᠂ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠠᠵᠢᠯᠯᠠᠭ᠋ᠠᠨ ᠬᠡᠪ᠎ᠤᠨ ᠪᠠᠢ᠍ᠢ᠍ᠳᠠᠯ ᠵᠶ᠋ᠠᠷ ᠲᠣᠭᠲᠠᠭᠤᠨ ᠪᠠᠢ᠍ᠢ᠍ᠵᠤ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠭᠦ᠎ᠳᠤ ᠤᠰᠤᠨ᠎ᠤ ᠪᠠᠲᠤᠯᠠᠭ᠎ᠠ ᠵᠢ ᠨᠡᠯᠢᠶᠡᠳ ᠰᠠᠢ᠍ᠢ᠍ᠨ ᠬᠠᠩᠭ᠋ᠠᠭᠰᠠᠨ ᠪᠠᠢ᠍ᠢ᠍ᠨ᠎ᠠ᠃ ᠤᠰᠤᠨ ᠠᠰᠢᠬᠯᠠᠯᠲᠠ ᠵᠢᠨ ᠶᠠᠮᠤᠨ ᠵᠠᠯᠭ᠋ᠠᠭ᠎ᠠ᠎ᠪᠠᠷ ᠬᠣᠶᠠᠷ ᠤᠳᠠᠭ᠎ᠠ ᠪᠢᠴᠢᠭ ᠮᠠᠲ᠋ᠧᠷᠢᠶᠠᠯ ᠲᠠᠷᠬᠠᠭ᠋ᠠᠵᠤ᠂ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠠᠮᠤᠷ ᠲᠦᠪᠰᠢᠨ᠎ᠤ ᠠᠵᠢᠯᠯᠠᠭ᠋ᠠᠨ᠎ᠳᠤ ᠪᠠᠢ᠍ᠢ᠍ᠷᠢᠯᠠᠭᠤᠯᠤᠯᠲᠠ ᠬᠢᠵᠦ᠂ ᠲᠣᠳᠣᠷᠬᠠᠶ ᠱᠠᠭ᠋ᠠᠷᠳᠠᠯᠭ᠎ᠠ ᠳᠤᠷᠠᠳᠴᠠᠶ᠃ ᠡᠭᠦᠨ᠎ᠤ ᠬᠠᠮᠲᠤ᠂ ᠪᠢᠳᠡ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠢ᠍ᠢ᠍ᠭᠤᠯᠤᠮᠵᠢ ᠵᠢᠨ ᠬᠡᠰᠡᠭ ᠬᠤᠪᠢᠶᠠᠨ ᠬᠠᠷᠢᠯᠴᠠᠬᠤ ᠲᠣᠭᠲᠠᠴᠠ ᠵᠢ ᠪᠠᠢ᠍ᠢ᠍ᠭᠤᠯᠵᠤ᠂ ᠡᠲᠡᠭᠡᠷ ᠱᠠᠭ᠋ᠠᠷᠳᠠᠯᠭ᠎ᠠ ᠵᠢ ᠱᠠᠯᠠᠪᠳᠠᠭᠤᠯᠤᠨ ᠰᠢᠢ᠍ᠳᠪᠦᠷᠢᠯᠡᠭᠦᠯᠬᠦ᠎ᠪᠠᠷ ᠳᠠᠮᠵᠢᠨ ᠪᠣᠳᠠᠲᠠᠶ᠎ᠳᠤ ᠨᠠᠢ᠍ᠢ᠍ᠳᠠᠪᠤᠷᠢᠵᠢᠭᠤᠯᠪᠠ᠃ ᠪᠢᠳᠡ ᠭᠣᠣᠯᠳᠠᠭᠤ ᠲᠦᠷᠪᠡᠨ ᠲᠠᠯ᠎ᠠ᠎ᠪᠠᠷ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠪᠣᠳᠠᠲᠠᠢ᠍ᠢ᠍ᠵᠢᠭᠤᠯᠪᠠ᠃ ᠨᠢᠭᠡ᠎ᠳᠤ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠢ ᠤᠳᠠᠰᠤ᠎ᠪᠠᠷ ᠰᠤᠭᠤᠴᠢᠨ ᠪᠠᠢ᠍ᠢ᠍ᠴᠠᠭ᠋ᠠᠬᠤ᠂ ᠤᠳᠠᠰᠤ᠎ᠪᠠᠷ ᠠᠰᠠᠭᠤᠨ ᠯᠠᠪᠯᠠᠬᠤ᠎ᠪᠠᠷ ᠳᠠᠮᠵᠢᠨ᠂ 6200 ᠭᠠᠷᠤᠶ ᠬᠥᠳᠡᠭᠡ ᠲᠣᠰᠬᠣᠨ᠎ᠤ ᠮᠢᠩᠭ᠎ᠠ᠎ᠠᠴᠠ ᠳᠡᠭᠡᠭᠰᠢᠬᠢ ᠬᠥᠮᠦᠨ᠎ᠤ ᠤᠰᠤᠨ᠎ᠤ ᠦᠢ᠍ᠯᠡᠳᠪᠦᠷᠢ ᠵᠢ ᠰᠤᠭᠤᠴᠢᠨ ᠪᠠᠢ᠍ᠢ᠍ᠴᠠᠭ᠋ᠠᠵᠤ᠂ ᠵᠢᠵᠢᠭᠦᠷᠯᠡᠨ ᠰᠠᠬᠢᠵᠤ ᠪᠠᠢ᠍ᠢ᠍ᠬᠤ ᠬᠥᠮᠦᠨ ᠪᠠᠢ᠍ᠢ᠍ᠬᠤ ᠡᠰᠡᠬᠦ᠂ ᠠᠵᠢᠯᠯᠠᠭ᠋ᠠᠨ᠎ᠤ ᠪᠠᠢ᠍ᠢ᠍ᠳᠠᠯ᠎ᠨᠢ ᠬᠡᠪ᠎ᠤᠨ ᠪᠠᠢ᠍ᠢ᠍ᠳᠠᠯ᠎ᠲᠠᠢ ᠪᠠᠢ᠍ᠢ᠍ᠬᠤ ᠡᠰᠡᠬᠦ ᠵᠢ ᠪᠠᠢ᠍ᠢ᠍ᠴᠠᠭ᠋ᠠᠵᠠᠢ᠃ ᠬᠣᠶᠠᠷ᠎ᠲᠤ ᠤᠳᠠᠰᠤ᠎ᠪᠠᠷ 200 ᠭᠠᠷᠤᠶ ᠰᠢᠶᠠᠨ᠎ᠤ ᠱᠠᠲᠤᠨ᠎ᠤ ᠤᠰᠤᠨ ᠠᠰᠢᠬᠯᠠᠯᠲᠠ ᠵᠢᠨ ᠰᠠᠯᠠᠭ᠎ᠠ ᠮᠥᠴᠢᠷ᠎ᠢ ᠰᠣᠭᠤᠴᠢᠨ ᠪᠠᠢ᠍ᠢ᠍ᠴᠠᠭ᠋ᠠᠵᠤ᠂ ᠰᠢᠶᠠᠨ᠎ᠤ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠡᠨ ᠬᠠᠮᠢᠶᠠᠷᠬᠤ ᠰᠠᠯᠠᠭ᠎ᠠ ᠮᠥᠴᠢᠷ᠎ᠤᠨ ᠬᠠᠮᠢᠶᠠᠷᠤᠯᠲᠠ ᠵᠢᠨ ᠠᠵᠢᠯᠲᠠᠨ᠎ᠤ ᠠᠵᠢᠯ᠎ᠤᠨ ᠪᠠᠢ᠍ᠢ᠍ᠷᠢ᠎ᠳᠠᠭᠠᠨ ᠪᠠᠢ᠍ᠢ᠍ᠬᠤ ᠡᠰᠡᠬᠦ ᠵᠢ ᠣᠢ᠍ᠢ᠍ᠯᠠᠭ᠋ᠠᠬᠤ ᠵᠢᠨ ᠬᠠᠮᠲᠤ ᠡᠯ᠎ᠡ ᠱᠠᠲᠤᠨ᠎ᠤ ᠬᠥᠳᠡᠭᠡ ᠲᠣᠰᠬᠣᠨ᠎ᠤ ᠤᠤᠭᠤᠬᠤ ᠤᠰᠤᠨ᠎ᠤ ᠢᠯᠡᠴᠢᠯᠡᠨ ᠮᠡᠳᠡᠭᠦᠯᠦᠯᠲᠡ᠎ᠳᠤ ᠬᠢᠨᠠᠯᠲᠠ ᠲᠠᠯᠪᠢᠬᠤ ᠤᠳᠠᠰᠤ ᠵᠢᠨ ᠬᠡᠪ᠎ᠤᠨ ᠶᠣᠰᠣᠭ᠋ᠠᠷ ᠠᠵᠢᠯᠯᠠᠵᠤ ᠪᠠᠢ᠍ᠢ᠍ᠬᠤ ᠵᠢ ᠤᠢ᠍ᠢ᠍ᠯᠠᠭ᠋ᠠᠵᠠᠢ᠃ ᠭᠤᠷᠪᠠ᠎ᠳᠤ ᠬᠣᠶᠠᠷ ᠮᠢᠩᠭ᠋ᠠᠨ ᠡᠷᠦᠬᠡ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠪᠠᠢ᠍ᠢ᠍ᠳᠠᠯ᠎ᠢ ᠰᠤᠭᠤᠴᠢᠨ ᠪᠠᠢ᠍ᠢ᠍ᠴᠠᠭ᠋ᠠᠵᠤ᠂ ᠤᠲᠠᠰᠤ᠎ᠪᠠᠷ ᠬᠠᠷᠭᠤᠭᠤᠯᠤᠨ ᠪᠠᠢ᠍ᠢ᠍ᠴᠠᠭ᠋ᠠᠬᠤ᠎ᠪᠠᠷ ᠳᠡᠮᠵᠢᠨ᠂ ᠲᠡᠳᠡᠨ᠎ᠤ ᠤᠤᠭᠤᠬᠤ ᠤᠰᠤᠨ᠎ᠤ ᠲᠠᠯ᠎ᠠ᠎ᠪᠠᠷ ᠶᠠᠮᠠᠷ ᠠᠰᠠᠭᠤᠳᠠᠯ ᠲᠤᠯᠭ᠋ᠠᠷᠠᠭᠰᠠᠨ ᠡᠰᠡᠬᠦ᠂ ᠶᠠᠮᠠᠷ ᠬᠦᠴᠢᠷᠳᠡᠯ ᠲᠤᠯᠭ᠋ᠠᠷᠠᠭᠰᠠᠨ ᠡᠰᠡᠬᠦ ᠵᠢ ᠣᠢ᠍ᠢ᠍ᠯᠠᠭ᠋ᠠᠪᠠ᠃ ᠲᠦᠷᠪᠡ᠎ᠳᠤ ᠤᠰᠤᠨ ᠠᠰᠢᠬᠯᠠᠯᠲᠠ ᠵᠢᠨ ᠶᠠᠮᠤᠨ ᠡᠨᠡ ᠵᠢᠯ 12314 ᠢᠯᠡᠴᠢᠯᠡᠨ ᠮᠡᠳᠡᠭᠦᠯᠬᠦ᠎ᠳᠤ ᠬᠢᠨᠠᠯᠲᠠ ᠲᠠᠯᠪᠢᠬᠤ ᠤᠳᠠᠰᠤ ᠵᠢ ᠨᠡᠪᠲᠡᠷᠡᠭᠦᠯᠵᠦ᠂ ᠢᠯᠡᠴᠢᠯᠡᠨ ᠮᠡᠳᠡᠭᠦᠯᠬᠦ ᠬᠢᠨᠠᠯᠲᠠ ᠲᠠᠯᠪᠢᠬᠤ ᠤᠳᠠᠰᠤ᠎ᠪᠠᠷ ᠳᠠᠮᠵᠢᠨ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ ᠤᠤᠭᠤᠬᠤ ᠤᠰᠤᠨ᠎ᠤ ᠲᠠᠯ᠎ᠠ᠎ᠪᠠᠷ ᠲᠤᠰᠬᠠᠭᠰᠠᠨ ᠵᠠᠷᠢᠮ ᠠᠰᠠᠭᠤᠳᠠᠯ᠎ᠢ ᠥᠷᠭᠡᠨ ᠵᠶ᠋ᠠᠷ ᠰᠣᠨᠣᠰᠪᠠ᠃ ᠪᠢᠳᠡᠨ᠎ᠤ ᠡᠯ᠎ᠡ ᠳᠠᠪᠬᠤᠷᠭ᠎ᠠ ᠵᠢᠨ᠎ᠬᠢᠨ᠎ᠤ ᠣᠢ᠍ᠢ᠍ᠯᠠᠭ᠋ᠠᠭᠰᠠᠨ ᠵᠶ᠋ᠠᠷ᠂ ᠶᠡᠷᠦᠩᠬᠡᠶ᠎ᠳᠡᠭᠡᠨ ᠳᠤᠩ ᠰᠠᠢ᠍ᠢ᠍ᠨ ᠪᠠᠢ᠍ᠢ᠍ᠨ᠎ᠠ᠂ 95%᠎ᠠᠴᠠ ᠳᠡᠭᠡᠭᠰᠢᠬᠢ ᠤᠰᠤ ᠬᠠᠩᠭ᠋ᠠᠬᠤ ᠢᠨᠵᠧᠨᠧᠷᠢᠩ᠎ᠤᠨ ᠠᠵᠢᠯᠯᠠᠭ᠋ᠠᠨ᠎ᠨᠢ ᠴᠥᠮ ᠬᠡᠪ᠎ᠤᠨ ᠪᠥᠭᠡᠳ ᠳᠤᠩ ᠲᠣᠭᠲᠠᠭᠤᠨ ᠪᠠᠢ᠍ᠢ᠍ᠨ᠎ᠠ᠂ ᠦᠨᠳᠦᠰᠦᠨ ᠱᠠᠲᠤᠨ᠎ᠤ ᠤᠰᠤᠨ ᠠᠰᠢᠬᠯᠠᠯᠲᠠ ᠵᠢᠨ ᠰᠠᠯᠠᠭ᠎ᠠ ᠮᠥᠴᠢᠷ᠎ᠤᠳ ᠴᠥᠮ ᠠᠵᠢᠯ᠎ᠤᠨ ᠪᠠᠢ᠍ᠢ᠍ᠷᠢ ᠳᠡᠭᠡᠷ᠎ᠡ᠎ᠪᠠᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠤᠰᠤᠨ᠎ᠤ ᠦᠢ᠍ᠯᠡᠳᠪᠦᠷᠢ ᠵᠢᠨ ᠪᠢᠲᠡᠭᠦᠮᠵᠢᠯᠡᠭᠰᠡᠨ ᠬᠠᠮᠢᠶᠠᠷᠤᠯᠲᠠ ᠵᠢ ᠪᠡᠶᠡᠯᠡᠭᠦᠯᠵᠦ᠂ ᠠᠮᠤᠷ ᠲᠦᠪᠰᠢᠨ ᠵᠶ᠋ᠠᠷ ᠠᠵᠢᠯᠯᠠᠬᠤ ᠵᠢ ᠪᠠᠲᠤᠯᠠᠨ᠂ ᠠᠰᠠᠭᠤᠳᠠᠯ ᠲᠤᠯᠭ᠋ᠠᠷᠠᠪᠠᠯ ᠴᠠᠭ ᠲᠤᠬᠠᠶ᠎ᠳᠤᠨᠢ ᠱᠠᠯᠠᠪᠳᠠᠨ ᠵᠠᠰᠠᠵᠤ ᠰᠡᠯᠪᠢᠬᠦ ᠪᠣᠯᠤᠨ᠎ᠠ᠃
      ᠴᠧᠨ ᠮᠢᠩ ᠵᠥᠩ 2020 — 03 — 26 15᠄ 39᠄ 51
      ᠡᠭᠦᠨ᠎ᠤ ᠬᠠᠮᠲᠤ ᠪᠢᠳᠡ ᠪᠠᠰᠠ ᠡᠳᠦᠢ ᠲᠡᠳᠦᠢ ᠠᠰᠠᠭᠤᠳᠠᠯ᠎ᠢ ᠣᠯᠵᠤ ᠮᠡᠳᠡᠪᠡ᠂ ᠡᠭᠦᠨ᠎ᠳᠤ ᠭᠣᠣᠯᠳᠠᠭᠤ ᠬᠡᠰᠡᠭ ᠭᠠᠵᠠᠷ ᠣᠷᠣᠨ᠎ᠤ ᠬᠥᠳᠡᠭᠡ ᠲᠣᠰᠬᠣᠨ᠎ᠳᠤ ᠰᠠᠭ᠋ᠠᠳᠠᠵᠤ ᠪᠠᠢ᠍ᠢ᠍ᠭ᠎ᠠ ᠤᠰᠤ ᠬᠠᠩᠭ᠋ᠠᠬᠤ ᠬᠥᠮᠦᠨ ᠠᠮᠠ ᠨᠡᠯᠢᠶᠡᠳ ᠤᠯᠠᠨ ᠪᠠᠢ᠍ᠢ᠍ᠵᠤ᠂ ᠤᠰᠤ ᠬᠠᠩᠭ᠋ᠠᠬᠤ ᠳᠠᠷᠤᠯᠲᠠ ᠶᠡᠬᠡ᠎ᠠᠴᠠ ᠪᠤᠯᠵᠤ ᠬᠣᠭᠣᠯᠠᠶ ᠳᠡᠯᠪᠡᠷᠡᠬᠦ᠂ ᠤᠰᠤᠨ᠎ᠤ ᠬᠡᠮᠵᠢᠶ᠎ᠡ ᠬᠦᠷᠦᠯᠴᠡᠬᠦ ᠦᠭᠡᠢ ᠪᠣᠯᠤᠭᠰᠠᠨ ᠵᠠᠷᠢᠮ ᠠᠰᠠᠭᠤᠳᠠᠯ ᠣᠷᠣᠰᠢᠵᠤ ᠪᠠᠢ᠍ᠢ᠍ᠨ᠎ᠠ᠂ ᠪᠠᠰᠠ ᠠᠷᠢᠭᠤᠳᠬᠠᠬᠤ᠂ ᠴᠡᠪᠡᠷᠰᠢᠭᠦᠯᠬᠦ ᠲᠥᠬᠥᠭᠡᠷᠦᠮᠵᠢ ᠵᠢᠨ ᠡᠮ ᠨᠠᠢ᠍ᠢ᠍ᠷᠠᠯᠭ᠎ᠠ ᠬᠦᠷᠦᠯᠴᠡᠬᠦ ᠦᠭᠡᠢ᠎ᠠᠴᠠ ᠪᠣᠯᠤᠭᠰᠠᠨ ᠵᠠᠷᠢᠮ ᠤᠰᠤᠨ᠎ᠤ ᠴᠢᠨᠠᠷ᠎ᠤᠨ ᠠᠰᠠᠭᠤᠳᠠᠯ ᠣᠷᠣᠰᠢᠵᠤ ᠪᠠᠢ᠍ᠢ᠍ᠨ᠎ᠠ᠂ ᠡᠳᠡᠭᠡᠷ ᠠᠰᠠᠭᠤᠳᠠᠯ᠎ᠢ ᠪᠢᠳᠡ ᠴᠥᠮ ᠴᠠᠭ ᠲᠤᠬᠠᠶ᠎ᠳᠤᠨᠢ ᠰᠢᠢ᠍ᠳᠪᠦᠷᠢᠯᠡᠬᠦ ᠵᠢ ᠠᠬᠢᠭᠤᠯᠵᠤ ᠪᠠᠢ᠍ᠢ᠍ᠨ᠎ᠠ᠃ ᠵᠠᠷᠢᠮ᠎ᠨᠢ ᠦᠳᠡ ᠵᠢᠨ ᠡᠮᠦᠨ᠎ᠡ ᠠᠰᠠᠭᠤᠳᠠᠯ᠎ᠢ ᠣᠯᠵᠤ ᠮᠡᠳᠡᠭᠡᠳ ᠦᠳᠡ ᠵᠢᠨ ᠬᠣᠢ᠍ᠢ᠍ᠨ᠎ᠠ ᠴᠠᠭ ᠲᠤᠬᠠᠶ᠎ᠳᠤᠨᠢ ᠰᠢᠢ᠍ᠳᠪᠦᠷᠢᠯᠡᠭᠰᠡᠨ ᠪᠣᠯᠬᠣᠷ ᠬᠥᠳᠡᠭᠡ ᠲᠣᠰᠬᠣᠨ᠎ᠤ ᠬᠥᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠢ ᠨᠥᠯᠥᠭᠡᠯᠡᠭᠰᠡᠨ ᠦᠭᠡᠶ᠃ ᠡᠭᠦᠨ᠎ᠠᠴᠠ ᠭᠠᠳᠠᠨ᠎ᠠ᠂ ᠬᠢᠵᠢᠭ᠎ᠤᠨ ᠪᠠᠢ᠍ᠢ᠍ᠳᠠᠯ᠎ᠳᠤ ᠨᠥᠯᠥᠭᠡᠯᠡᠭᠳᠡᠭᠰᠡᠨ ᠵᠠᠷᠢᠮ ᠠᠰᠠᠭᠤᠳᠠᠯ ᠣᠷᠣᠰᠢᠵᠤ ᠪᠠᠢ᠍ᠢ᠍ᠨ᠎ᠠ᠂ ᠪᠢᠳᠡ ᠣᠷᠣᠨ ᠪᠦᠰᠡ ᠠᠯᠤᠰᠯᠠᠨ ᠬᠣᠯᠪᠣᠭ᠋ᠠᠯᠠᠨ ᠲᠣᠬᠢᠷᠠᠭᠤᠯᠬᠤ᠎ᠪᠠᠷ ᠳᠠᠮᠵᠢᠨ᠂ ᠰᠡᠯᠪᠢᠨ ᠵᠠᠰᠠᠬᠤ ᠡᠩᠨᠡᠭᠡ ᠵᠢᠨ ᠵᠣᠬᠢᠶᠠᠨ ᠪᠠᠢ᠍ᠢ᠍ᠭᠤᠯᠤᠯᠲᠠ ᠵᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠠᠵᠢᠯᠯᠠᠭ᠋ᠠᠨ᠎ᠢ ᠪᠠᠲᠤᠯᠠᠪᠠ᠃ ᠡᠯ᠎ᠡ ᠭᠠᠵᠠᠷ᠎ᠤᠨ᠎ᠬᠢᠨ ᠪᠠᠰᠠ ᠡᠷᠴᠢᠮ ᠵᠶ᠋ᠠᠨ ᠴᠢᠩᠭ᠋ᠠᠷᠠᠭᠤᠯᠪᠠ᠂ ᠵᠢᠱ᠌ᠢᠶᠡᠯᠡᠪᠡᠯ ᠬᠤᠪᠸᠢ ᠮᠤᠵᠢ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠭᠦ ᠬᠤᠭᠤᠴᠠᠭ᠋ᠠᠨ᠎ᠳᠤ ᠲᠣᠰ ᠪᠡᠶ᠎ᠡ ᠵᠢᠨ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠭᠦ ᠠᠮᠤᠷ ᠲᠦᠪᠰᠢᠨ᠎ᠢ ᠰᠠᠢ᠍ᠢ᠍ᠲᠤᠷ ᠬᠢᠬᠦ ᠵᠢᠨ ᠬᠠᠮᠲᠤ᠂ 17 ᠬᠣᠲᠠ ᠵᠧᠤ᠎ᠳᠤ ᠲᠠᠪᠤᠨ ᠠᠵᠢᠯᠯᠠᠬᠤ ᠳᠤᠭᠤᠢ᠍ᠢ᠍ᠯᠠᠩ ᠪᠠᠢ᠍ᠢ᠍ᠭᠤᠯᠵᠤ᠂ ᠬᠡᠰᠡᠭ ᠬᠤᠪᠢᠶᠠᠨ ᠬᠠᠷᠢᠯᠴᠠᠵᠤ ᠬᠢᠨᠠᠨ ᠵᠢᠯᠣᠭᠣᠳᠴᠤ᠂ 17 ᠲᠤᠰᠬᠠᠶ ᠣᠷᠣᠨ ᠵᠧᠤ᠎ᠳᠤ 1132 ᠬᠥᠳᠡᠭᠡ ᠲᠣᠰᠬᠣᠨ᠎ᠤ ᠤᠰᠤ ᠬᠠᠩᠭ᠋ᠠᠬᠤ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯᠯᠠᠬᠤ ᠠᠩᠭᠢ ᠪᠠᠢ᠍ᠢ᠍ᠭᠤᠯᠵᠤ᠂ 1 ᠲᠦᠮᠡ ᠭᠠᠷᠤᠶ ᠬᠥᠮᠦᠨ ᠤᠰᠤ ᠬᠠᠩᠭ᠋ᠠᠬᠤ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠳᠤ ᠤᠷᠤᠯᠴᠠᠵᠤ᠂ ᠬᠢᠵᠢᠭ᠎ᠤᠨ ᠪᠠᠢ᠍ᠢ᠍ᠳᠠᠯ᠎ᠤᠨ ᠬᠤᠭᠤᠴᠠᠭ᠋ᠠᠨ᠎ᠳᠤ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠵᠤ ᠠᠶᠤᠯ᠎ᠠᠴᠠ ᠠᠪᠤᠷᠬᠠᠤ ᠠᠵᠢᠯ᠎ᠢ ᠥᠷᠨᠢᠭᠦᠯᠤᠨ᠂ 6717 ᠤᠳᠠᠭ᠎ᠠ ᠵᠠᠪᠳᠤᠨ ᠵᠠᠰᠠᠵᠠᠶ᠃ ᠪᠡᠭᠡᠵᠢᠩ ᠬᠣᠲᠠ ᠪᠠᠰᠠ ᠬᠥᠳᠡᠭᠡ ᠲᠣᠰᠬᠣᠨ᠎ᠤ ᠤᠰᠤ ᠬᠠᠩᠭ᠋ᠠᠬᠤ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠩᠭᠢ ᠵᠢ ᠵᠣᠬᠢᠶᠠᠨ ᠪᠠᠢ᠍ᠢ᠍ᠭᠤᠯᠵᠤ᠂ ᠮᠡᠷᠭᠡᠵᠢᠯ ᠪᠠ ᠦᠢ᠍ᠯᠡᠴᠢᠯᠡᠭᠡ ᠵᠢ ᠬᠥᠳᠡᠭᠡ ᠲᠣᠰᠬᠣᠨ᠎ᠳᠤ ᠬᠦᠷᠭᠡᠵᠦ᠂ ᠬᠢᠵᠢᠭ᠎ᠤᠨ ᠪᠠᠢ᠍ᠢ᠍ᠳᠠᠯ᠎ᠤᠨ ᠬᠤᠭᠤᠴᠠᠭ᠋ᠠᠨ᠎ᠳᠠᠬᠢ ᠬᠥᠳᠡᠭᠡ ᠲᠣᠰᠬᠣᠨ᠎ᠤ ᠤᠰᠤ ᠬᠠᠩᠭ᠋ᠠᠬᠤ ᠠᠮᠤᠷ ᠲᠦᠪᠰᠢᠨ᠎ᠢ ᠬᠠᠮᠲᠤ᠎ᠪᠠᠷ ᠪᠠᠲᠤᠯᠠᠭᠰᠠᠨ ᠪᠠᠢ᠍ᠢ᠍ᠨ᠎ᠠ᠃ ᠪᠠᠶᠠᠷᠯᠠᠯ᠎ᠠ᠃

      ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ ᠵᠢᠨ ᠰᠣᠨᠢᠨ ᠮᠡᠳᠡᠭᠡᠨ᠎ᠤ ᠰᠢᠨ᠎ᠡ ᠵᠠᠭᠤᠴᠢᠯᠠᠭᠤᠷ᠎ᠤᠨ ᠲᠥᠪ᠎ᠤᠨ ᠰᠤᠷᠪᠤᠯᠵᠢᠯᠠᠭᠴᠢ 2020 — 03 — 26 15᠄ 42᠄ 41
      ᠪᠢ ᠲᠥᠪ᠎ᠤᠨ ᠲᠧᠯᠸᠢᠰ ᠬᠤᠷᠢᠶᠠᠨ᠎ᠤ ᠰᠣᠨᠢᠨ ᠮᠡᠳᠡᠭᠡᠨ᠎ᠤ ᠰᠦᠯᠵᠢᠶᠡᠨ᠎ᠤ ᠨᠠᠢ᠍ᠢ᠍ᠵᠠ ᠵᠢ ᠲᠥᠯᠥᠭᠡᠯᠡᠨ ᠠᠰᠠᠭᠤᠯᠲᠠ ᠠᠰᠠᠭᠤᠶ᠎ᠠ᠃ ᠵᠢᠱ᠌ᠢᠯᠲᠡ ᠵᠢ ᠦᠨᠳᠦᠰᠦᠯᠡᠪᠡᠯ᠂ ᠡᠨᠡ ᠵᠢᠯ᠎ᠤᠨ ᠦᠶᠡᠷ᠎ᠤᠨ ᠬᠤᠭᠤᠴᠠᠭ᠋ᠠᠨ᠎ᠳᠤ ᠮᠠᠨ᠎ᠤ ᠤᠯᠤᠰ᠎ᠤᠨ ᠠᠭᠤᠷ ᠠᠮᠢᠰᠬᠤᠯ᠎ᠤᠨ ᠪᠠᠢ᠍ᠢ᠍ᠳᠠᠯ ᠪᠤᠳᠤᠯᠢᠶᠠᠨᠲᠠᠶ ᠪᠠᠢ᠍ᠢ᠍ᠵᠤ᠂ ᠣᠷᠣᠨ ᠪᠦᠰᠡ ᠵᠢᠨ ᠴᠢᠨᠠᠷᠲᠠᠶ ᠰᠢᠷᠦᠭᠦᠨ ᠪᠣᠷᠣᠭ᠋ᠠᠨ᠎ᠤ ᠦᠶᠡᠷ ᠤᠰᠤᠳᠤᠯ ᠪᠠ ᠭᠠᠩ ᠬᠠᠭᠰᠠᠷᠠᠭ᠋ᠠᠨ ᠡᠩ᠎ᠤᠨ ᠵᠢᠯ᠎ᠤᠨ᠎ᠬᠢ᠎ᠠᠴᠠ ᠬᠦᠨᠳᠦ ᠪᠣᠯᠵᠣ᠂ ᠰᠠᠪᠠ ᠭᠠᠵᠠᠷ᠎ᠤᠨ ᠴᠢᠨᠠᠷᠲᠠᠶ ᠶᠡᠬᠡ ᠦᠶᠡᠷ ᠭᠠᠷᠴᠤ ᠮᠡᠳᠡᠨ᠎ᠡ᠃ ᠲᠡᠭᠡᠪᠡᠯ ᠦᠶᠡᠷ᠎ᠤᠨ ᠬᠤᠭᠤᠴᠠᠭ᠎ᠠ ᠤᠷᠢᠳᠴᠢᠯᠠᠨ᠎ᠠ ᠤᠤ? ᠡᠯ᠎ᠡ ᠭᠠᠵᠠᠷ᠎ᠤᠨ ᠦᠶᠡᠷ᠎ᠢ ᠰᠡᠷᠭᠡᠢ᠍ᠢ᠍ᠯᠡᠬᠦ ᠪᠡᠯᠡᠳᠬᠡᠯ ᠠᠵᠢᠯ᠎ᠤᠨ ᠣᠳᠣᠬᠠᠨ᠎ᠤ ᠠᠬᠢᠴᠠ ᠬᠢᠷᠢ ᠵᠡᠷᠭᠡ ᠪᠤᠯᠤᠭ᠋ᠠᠳ ᠪᠠᠢ᠍ᠢ᠍ᠨ᠎ᠠ? ᠡᠭᠦᠨ᠎ᠠᠴᠠ ᠭᠠᠳᠠᠨ᠎ᠠ ᠡᠯ᠎ᠡ ᠮᠤᠵᠢ ᠵᠢᠨ ᠦᠶᠡᠷ ᠤᠰᠤᠳᠤᠯ᠎ᠢ ᠰᠡᠷᠭᠡᠢ᠍ᠢ᠍ᠯᠡᠬᠦ᠎ᠲᠠᠢ ᠬᠣᠯᠪᠣᠭᠳᠠᠬᠤ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠠᠬᠢᠴᠠ ᠬᠡᠷᠪᠡ ᠦᠶᠡᠷᠯᠡᠭᠦ᠎ᠠᠴᠠ ᠡᠮᠦᠨ᠎ᠡ ᠠᠵᠢᠯ ᠵᠶ᠋ᠠᠨ ᠳᠠᠭᠤᠰᠬᠠᠬᠤ᠎ᠳᠤ ᠬᠦᠴᠢᠷᠲᠡᠶ ᠪᠤᠶᠤ ᠴᠠᠭ᠎ᠤᠨ ᠳᠠᠷᠠᠭ᠋ᠠᠯᠠᠯ᠎ᠤᠨ ᠱᠠᠭ᠋ᠠᠷᠳᠠᠯᠭ᠎ᠠ᠎ᠳᠤ ᠬᠥᠷᠬᠥ ᠥᠬᠡᠶ ᠪᠤᠯ ᠵᠣᠬᠢᠴᠠᠩᠭᠤᠶ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠬᠤ ᠲᠥᠰᠦᠯ ᠪᠠᠢ᠍ᠢ᠍ᠨ᠎ᠠ ᠤᠤ? ᠡᠨᠡ ᠤᠳᠠᠭ᠋ᠠᠨ᠎ᠤ ᠬᠢᠵᠢᠭ᠎ᠤᠨ ᠪᠠᠢ᠍ᠢ᠍ᠳᠠᠯ᠎ᠨᠢ ᠬᠤᠪᠸᠢ ᠵᠢᠨ ᠦᠶᠡᠷ ᠤᠰᠤᠳᠤᠯ᠎ᠢ ᠰᠡᠷᠭᠡᠢ᠍ᠢ᠍ᠯᠡᠬᠦ᠎ᠳᠤ ᠶᠠᠮᠠᠷ ᠶᠠᠮᠠᠷ ᠥᠷᠢᠰᠥᠯᠳᠦᠭᠡᠨ᠎ᠢ ᠠᠪᠴᠢᠷᠠᠭᠰᠠᠨ ᠪᠤᠶ? ᠬᠤᠪᠧᠶ ᠵᠢᠨ ᠦᠶᠡᠷ ᠤᠰᠤᠳᠤᠯ᠎ᠢ ᠰᠡᠷᠭᠡᠢ᠍ᠢ᠍ᠯᠡᠵᠦ ᠦᠶᠡᠷ᠎ᠢ ᠪᠡᠯᠡᠳᠬᠡᠬᠦ ᠠᠵᠢᠯ᠎ᠤᠨ ᠣᠳᠣᠬᠠᠨ᠎ᠤ ᠠᠬᠢᠴᠠ ᠬᠢᠷᠢ ᠵᠡᠷᠭᠡ ᠪᠠᠢ᠍ᠢ᠍ᠭ᠎ᠠ ᠪᠤᠢ? ᠪᠠᠶᠠᠷᠯᠠᠯ᠎ᠠ᠃
      ᠲᠢᠶᠠᠨ ᠢ ᠲᠠᠩ   2020 — 03 — 26   15: 49: 36
      ᠲᠠᠨ᠎ᠤ ᠳᠤᠷᠠᠳᠤᠭᠰᠠᠨ ᠠᠰᠠᠭᠤᠳᠠᠯ᠎ᠳᠤ ᠲᠠᠯᠠᠷᠬᠠᠵᠤ ᠪᠠᠢ᠍ᠢ᠍ᠨ᠎ᠠ᠂ ᠮᠠᠨ᠎ᠤ ᠦᠶᠡᠷ ᠤᠰᠤᠳᠤᠯ᠎ᠢ ᠰᠡᠷᠭᠡᠢ᠍ᠢ᠍ᠯᠡᠬᠦ ᠠᠵᠢᠯ᠎ᠢ ᠬᠠᠯᠠᠮᠵᠢᠯᠠᠭᠰᠠᠨ᠎ᠳᠤ ᠲᠤᠢ᠍ᠢ᠍ᠯ ᠵᠶ᠋ᠠᠷ ᠲᠠᠯᠠᠷᠬᠠᠵᠤ ᠪᠠᠢ᠍ᠢ᠍ᠨ᠎ᠠ᠃ ᠣᠨᠴᠠᠭ᠋ᠠᠶ ᠭᠠᠵᠠᠷ ᠵᠦᠢ ᠵᠢᠨ ᠠᠭᠤᠷ ᠠᠮᠢᠰᠬᠤᠯ᠎ᠤᠨ ᠰᠢᠯᠲᠠᠭ᠋ᠠᠨ᠎ᠠᠴᠠ ᠪᠣᠯᠵᠣ᠂ ᠮᠠᠨ᠎ᠤ ᠤᠯᠤᠰ ᠪᠣᠯ ᠤᠰᠤ ᠭᠠᠩ᠎ᠤᠨ ᠭᠠᠮᠰᠢᠭ ᠨᠡᠯᠢᠶᠡᠳ ᠬᠦᠨᠳᠦ ᠨᠣᠴᠢᠲᠠᠶ ᠤᠯᠤᠰ ᠪᠠᠢ᠍ᠢ᠍ᠵᠤ᠂ ᠦᠶᠡᠷ ᠤᠰᠤᠳᠤᠯ ᠭᠠᠩ ᠬᠠᠭᠰᠠᠷᠠᠭ᠋ᠠᠨ᠎ᠤ ᠭᠠᠮᠰᠢᠭ᠎ᠤᠨ ᠬᠣᠬᠢᠷᠠᠯ᠎ᠨᠢ ᠪᠥᠬᠥ ᠪᠠᠢ᠍ᠢ᠍ᠭ᠋ᠠᠯᠢ ᠵᠢᠨ ᠭᠠᠮᠰᠢᠭ᠎ᠤᠨ ᠬᠣᠬᠢᠷᠠᠯ᠎ᠤᠨ 70% ᠣᠷᠴᠢᠮ᠎ᠢ ᠡᠵᠡᠯᠡᠵᠦ ᠪᠠᠢ᠍ᠢ᠍ᠨ᠎ᠠ᠃ ᠵᠢᠱ᠌ᠢᠯᠲᠡ ᠵᠢ ᠦᠨᠳᠦᠰᠦᠯᠡᠪᠡᠯ᠂ ᠡᠨᠡ ᠵᠢᠯ᠎ᠤᠨ ᠠᠭᠤᠷ ᠠᠮᠢᠰᠬᠤᠯ᠎ᠤᠨ ᠵᠢᠯ᠎ᠤᠨ ᠪᠠᠢ᠍ᠢ᠍ᠳᠠᠯ ᠮᠥᠨ ᠯᠡ ᠵᠥᠷᠢᠶ᠎ᠡ᠎ᠲᠠᠢ ᠪᠠᠢ᠍ᠢ᠍ᠵᠤ᠂ ᠲᠤᠢ᠍ᠢ᠍ᠯ᠎ᠤᠨ ᠶᠡᠬᠡ ᠴᠠᠭ ᠠᠭᠤᠷ᠎ᠤᠨ ᠬᠡᠷᠡᠭ ᠣᠯᠠᠨ ᠭᠠᠷᠴᠤ ᠮᠡᠳᠡᠨ᠎ᠡ᠂ ᠡᠭᠦᠨ᠎ᠤ ᠳᠡᠭᠡᠷ᠎ᠡ ᠣᠯᠠᠨ ᠵᠢᠯ ᠶᠡᠬᠡ ᠤᠰᠤ ᠢᠷᠡᠭᠰᠡᠨ ᠥᠬᠡᠶ᠂ ᠡᠨᠡ ᠵᠢᠯ ᠶᠠᠭ ᠲᠠᠨ᠎ᠤ ᠬᠡᠯᠡᠭᠰᠡᠨᠴᠢᠯᠡᠨ᠂ ᠶᠡᠬᠡ ᠦᠶᠡᠷ ᠭᠠᠷᠴᠤ ᠮᠡᠳᠡᠨ᠎ᠡ᠂ ᠡᠰᠡᠬᠦᠯ᠎ᠡ ᠨᠢᠭᠡ ᠰᠠᠪᠠ ᠭᠠᠵᠠᠷ ᠪᠤᠶᠤ ᠬᠡᠳᠦᠨ ᠰᠠᠪᠠ ᠭᠠᠵᠠᠷ᠎ᠲᠤ ᠵᠡᠷᠭᠡ᠎ᠪᠠᠷ ᠶᠡᠬᠡ ᠦᠶᠡᠷᠯᠡᠵᠤ ᠮᠡᠳᠡᠨ᠎ᠡ᠃ ᠡᠢ᠍ᠢ᠍ᠮᠦᠷᠬᠦᠤ ᠪᠠᠢ᠍ᠢ᠍ᠳᠠᠯ᠎ᠢ ᠠᠷᠭ᠋ᠠᠴᠠᠭ᠋ᠠᠬᠤ ᠵᠢᠨ ᠲᠥᠯᠥᠭᠡ᠂ ᠡᠨᠡ ᠵᠢᠯ᠎ᠤᠨ ᠦᠶᠡᠷ ᠤᠰᠤᠳᠤᠯ᠎ᠢ ᠰᠡᠷᠭᠡᠢ᠍ᠢ᠍ᠯᠡᠬᠦ ᠠᠵᠢᠯ᠎ᠢ ᠰᠠᠢ᠍ᠢ᠍ᠲᠤᠷ ᠬᠢᠬᠦ ᠵᠢᠨ ᠲᠥᠯᠥᠭᠡ᠂ ᠶᠡᠷᠦᠩᠬᠡᠢ ᠱᠦᠵᠢ ᠰᠢ ᠵᠢᠨ ᠫᠢᠩ᠎ᠤᠨ ᠱᠠᠭ᠋ᠠᠷᠳᠠᠯᠭ᠎ᠠ ᠶᠣᠰᠣᠭ᠋ᠠᠷ᠂ ᠠᠶᠤᠯ ᠲᠦᠭᠰᠢᠭᠦᠷᠢ ᠵᠢᠨ       ᠤᠬᠠᠮᠰᠠᠷ᠂ ᠰᠠᠨᠠᠭ᠋ᠠᠰᠢᠷᠠᠬᠤ ᠤᠬᠠᠮᠰᠠᠷ ᠪᠠ ᠬᠤᠷᠢᠭ᠎ᠠ ᠱᠤᠭᠤᠮ᠎ᠤᠨ ᠰᠡᠳᠬᠢᠬᠦᠢ ᠵᠢ ᠪᠤᠢ ᠪᠣᠯᠭ᠋ᠠᠬᠤ ᠬᠡᠷᠡᠭᠲᠡᠶ᠃ ᠤᠰᠤᠨ ᠠᠰᠢᠬᠯᠠᠯᠲᠠ ᠵᠢᠨ ᠰᠠᠯᠠᠭ᠎ᠠ ᠮᠥᠴᠢᠷ᠎ᠲᠤ ᠠᠪᠴᠤ ᠬᠡᠯᠡᠪᠡᠯ᠂ ᠳᠠᠷᠤᠶ ᠦᠶᠡᠷ ᠤᠰᠤᠳᠤᠯ ᠭᠠᠩ ᠬᠠᠭᠰᠠᠷᠠᠭ᠋ᠠᠨ᠎ᠤ ᠭᠠᠮᠰᠢᠭ᠎ᠢ ᠰᠡᠷᠭᠡᠢ᠍ᠢ᠍ᠯᠡᠨ ᠬᠣᠷᠢᠬᠯᠠᠬᠤ ᠬᠤᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠶ᠃
      ᠲᠢᠶᠠᠨ ᠢ ᠲᠠᠩ   2020 — 03 — 26   15: 55: 24
      ᠤᠰᠤᠨ ᠠᠰᠢᠬᠯᠠᠯᠲᠠ ᠵᠢᠨ ᠶᠠᠮᠤᠨ ᠡᠨᠡ ᠵᠢᠯ᠎ᠤᠨ ᠦᠶᠡᠷ ᠤᠰᠤᠳᠤᠯ᠎ᠢ ᠰᠡᠷᠭᠡᠢ᠍ᠢ᠍ᠯᠡᠬᠦ ᠠᠵᠢᠯ᠎ᠢ ᠰᠠᠢ᠍ᠢ᠍ᠲᠤᠷ ᠬᠢᠬᠦ ᠵᠢᠨ ᠲᠥᠯᠥᠭᠡ ᠭᠤᠷᠪᠠᠨ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠠᠳᠬᠤᠪᠠ᠃ ᠨᠢᠭᠡ᠎ᠳᠤ ᠪᠠᠷᠢᠮᠵᠢᠶ᠎ᠠ᠎ᠠᠴᠠ ᠬᠡᠲᠦᠷᠡᠭᠰᠡᠨ ᠦᠶᠡᠷ᠎ᠤᠨ ᠤᠰᠤ ᠵᠢ ᠰᠡᠷᠭᠡᠢ᠍ᠢ᠍ᠯᠡᠨ ᠬᠣᠷᠢᠬᠯᠠᠬᠤ ᠠᠵᠢᠯ᠎ᠢ ᠰᠠᠢ᠍ᠢ᠍ᠲᠤᠷ ᠬᠢᠪᠡ᠃ ᠤᠯᠠᠨ᠎ᠤ       ᠮᠡᠳᠡᠭᠡᠵᠢ᠎ᠪᠠᠷ᠂ 70 ᠵᠢᠯ᠎ᠤᠨ ᠪᠦᠳᠦᠭᠡᠨ ᠪᠠᠢ᠍ᠢ᠍ᠭᠤᠯᠤᠯᠲᠠ᠎ᠪᠠᠷ ᠳᠠᠮᠵᠢᠭ᠋ᠠᠳ᠂ ᠮᠠᠨ᠎ᠤ ᠤᠯᠤᠰ᠎ᠤᠨ ᠦᠶᠡᠷ᠎ᠢ ᠰᠡᠷᠭᠡᠢ᠍ᠢ᠍ᠯᠡᠬᠦ ᠢᠨᠵᠧᠨᠧᠷᠢᠩ᠎ᠤᠨ ᠰᠢᠰᠲ᠋ᠧᠮ ᠨᠢᠭᠡᠨᠲᠡ ᠰᠢᠨ᠎ᠡ ᠳᠤᠮᠳᠠᠳᠤ ᠤᠯᠤᠰ ᠪᠠᠢ᠍ᠢ᠍ᠭᠤᠯᠤᠭᠳᠠᠭᠰᠠᠨ᠎ᠠᠴᠠ ᠨᠠᠭ᠋ᠠᠰᠢᠬᠢ ᠡᠭᠦᠰᠦᠭᠰᠡᠨ ᠦᠶᠡᠷ᠎ᠤᠨ ᠤᠰᠤ ᠵᠢ ᠰᠡᠷᠭᠡᠢ᠍ᠢ᠍ᠯᠡᠨ ᠬᠣᠷᠢᠬᠯᠠᠵᠤ᠂ ᠡᠨᠡ ᠬᠦ᠌ ᠪᠠᠷᠢᠮᠵᠢᠶ᠎ᠠ᠎ᠳᠤ ᠬᠦᠷᠦᠭᠰᠡᠨ ᠪᠠᠢ᠍ᠢ᠍ᠨ᠎ᠠ᠃ ᠬᠡᠷᠪᠡ ᠤᠳᠤ ᠵᠢᠨ ᠢᠨᠵᠧᠨᠧᠷᠢᠩ᠎ᠤᠨ ᠪᠠᠷᠢᠮᠵᠢᠶ᠎ᠠ᠎ᠠᠴᠠ ᠬᠡᠲᠦᠷᠡᠪᠡᠯ᠂ ᠦᠶᠡᠷ᠎ᠤᠨ ᠤᠰᠤ ᠵᠢ ᠰᠡᠷᠭᠡᠢ᠍ᠢ᠍ᠯᠡᠬᠦ᠎ᠳᠤ ᠬᠡᠪ᠎ᠤᠨ ᠵᠤᠷᠰᠢᠯ᠎ᠠᠴᠠ ᠳᠠᠪᠠᠭᠰᠠᠨ ᠠᠷᠭ᠎ᠠ ᠬᠡᠮᠵᠢᠶ᠎ᠡ ᠠᠪᠬᠤ ᠬᠡᠷᠡᠭᠲᠡᠶ᠂ ᠡᠢ᠍ᠢ᠍ᠮᠦ᠎ᠠᠴᠠ ᠤᠰᠤᠨ ᠠᠰᠢᠬᠯᠠᠯᠲᠠ ᠵᠢᠨ ᠶᠠᠮᠤᠨ᠎ᠠᠴᠠ ᠡᠨᠡ ᠵᠢᠯ ᠪᠤᠢ ᠪᠦᠬᠦᠢ ᠶᠡᠬᠡ ᠭᠣᠣᠯ ᠮᠥᠷᠡᠨ ᠪᠠ ᠴᠢᠬᠤᠯᠠ ᠰᠠᠯᠪᠤᠷᠢ ᠤᠷᠤᠰᠬᠠᠯ᠂ ᠦᠶᠡᠷ ᠤᠰᠤᠳᠤᠯ᠎ᠢ ᠰᠡᠷᠭᠡᠢ᠍ᠢ᠍ᠯᠡᠬᠦ ᠡᠭᠦᠷᠭᠡ᠎ᠲᠠᠢ ᠰᠢᠶᠠᠨ᠎ᠤ ᠱᠠᠲᠤᠨ᠎ᠠᠴᠠ ᠳᠡᠭᠡᠭᠰᠢᠬᠢ ᠬᠤᠳᠠ᠎ᠳᠤ ᠴᠥᠮ ᠪᠠᠷᠢᠮᠵᠢᠶ᠎ᠠ᠎ᠠᠴᠠ ᠬᠡᠲᠦᠷᠡᠭᠰᠡᠨ ᠦᠶᠡᠷ᠎ᠤᠨ ᠤᠰᠤ ᠵᠢ ᠰᠡᠷᠭᠡᠢ᠍ᠢ᠍ᠯᠡᠬᠦ ᠪᠡᠯᠡᠳᠬᠡᠯ ᠲᠥᠰᠦᠯ᠎ᠢ ᠨᠠᠢ᠍ᠢ᠍ᠷᠠᠭᠤᠯᠤᠨ ᠵᠣᠬᠢᠶᠠᠬᠤ ᠬᠡᠷᠡᠭᠲᠡᠶ᠂ ᠡᠭᠦᠨ᠎ᠤ ᠭᠣᠣᠯᠳᠠᠯᠭ᠎ᠠ᠎ᠨᠢ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ᠎ᠢ ᠪᠠᠲᠤᠯᠠᠬᠤ ᠶᠠᠪᠤᠳᠠᠯ ᠪᠣᠯᠤᠨ᠎ᠠ᠃ ᠬᠣᠶᠠᠷ᠎ᠲᠤ ᠤᠰᠤᠨ ᠴᠥᠭᠥᠷᠥᠮ᠎ᠤᠨ ᠦᠶᠡᠷ᠎ᠤᠨ ᠬᠤᠭᠤᠴᠠᠭ᠎ᠠ ᠵᠢ ᠥᠩᠭᠡᠷᠡᠭᠦᠯᠬᠦ ᠠᠮᠤᠷ ᠲᠦᠪᠰᠢᠨ᠎ᠢ ᠪᠠᠲᠤᠯᠠᠨ᠎ᠠ᠂ ᠮᠠᠨ᠎ᠤ ᠤᠯᠤᠰ᠎ᠲᠤ 98000 ᠭᠠᠷᠤᠶ ᠤᠰᠤᠨ ᠴᠥᠭᠥᠷᠥᠮ᠎ᠲᠠᠢ᠂ ᠡᠭᠦᠨ᠎ᠤ ᠳᠣᠲᠣᠷ᠎ᠠ ᠲᠤᠮᠤ ᠳᠤᠮᠳᠠ ᠬᠡᠯᠪᠡᠷᠢ ᠵᠢᠨ ᠤᠰᠤᠨ ᠴᠥᠭᠥᠷᠥᠮ 4000 ᠭᠠᠷᠤᠶ ᠪᠠᠢ᠍ᠢ᠍ᠨ᠎ᠠ᠃ ᠲᠤᠮᠤ ᠳᠤᠮᠳᠠ ᠬᠡᠯᠪᠡᠷᠢ ᠵᠢᠨ ᠤᠰᠤᠨ ᠴᠥᠭᠥᠷᠥᠮ᠎ᠨᠢ ᠨᠢᠭᠡ ᠲᠠᠯ᠎ᠠ᠎ᠪᠠᠷ ᠢᠨᠵᠧᠨᠧᠷᠢᠩ᠎ᠤᠨ ᠲᠤᠰ ᠪᠡᠶ᠎ᠡ ᠵᠢᠨ ᠠᠮᠤᠷ ᠲᠦᠪᠰᠢᠨ᠎ᠢ ᠪᠠᠲᠤᠯᠠᠬᠤ ᠵᠢᠨ ᠬᠠᠮᠲᠤ ᠨᠦᠬᠦᠭᠡ ᠲᠠᠯ᠎ᠠ᠎ᠪᠠᠷ ᠪᠠᠰᠠ ᠦᠶᠡᠷ ᠤᠰᠤᠳᠤᠯ᠎ᠢ ᠰᠡᠷᠭᠡᠢ᠍ᠢ᠍ᠯᠡᠬᠦ ᠴᠢᠳᠠᠪᠤᠷᠢ᠎ᠪᠠᠨ ᠪᠠᠳᠠᠷᠠᠭᠤᠯᠵᠤ᠂ ᠬᠥᠮᠥᠷᠭᠡ ᠵᠢᠨ ᠤᠰᠤ ᠵᠢ ᠤᠷᠢᠳᠴᠢᠯᠠᠨ ᠭᠠᠷᠭ᠋ᠠᠵᠤ᠂ ᠦᠶᠡᠷ᠎ᠢ ᠬᠠᠰᠢᠵᠤ ᠤᠷᠬᠢᠯ᠎ᠤᠨ ᠬᠡᠮᠵᠢᠶ᠎ᠡ ᠵᠢ ᠵᠥᠷᠢᠭᠦᠯᠦᠨ᠂ ᠳᠤᠤᠷᠠᠳᠤ ᠤᠷᠤᠰᠬᠠᠯ᠎ᠤᠨ ᠦᠶᠡᠷ ᠤᠰᠤᠳᠤᠯ᠎ᠢ ᠰᠡᠷᠭᠡᠢ᠍ᠢ᠍ᠯᠡᠬᠦ ᠠᠮᠤᠷ ᠲᠦᠪᠰᠢᠨ᠎ᠳᠤ ᠪᠠᠲᠤᠯᠠᠭ᠎ᠠ ᠬᠠᠩᠭ᠋ᠠᠵᠤ ᠪᠤᠢ᠃ ᠡᠭᠦᠨ᠎ᠠᠴᠠ ᠭᠠᠳᠠᠨ᠎ᠠ ᠪᠠᠰᠠ 94000 ᠭᠠᠷᠤᠶ ᠪᠠᠭ᠎ᠠ ᠬᠡᠯᠪᠡᠷᠢ ᠵᠢᠨ ᠤᠰᠤᠨ ᠴᠥᠭᠥᠷᠥᠮ ᠪᠠᠢ᠍ᠢ᠍ᠨ᠎ᠠ᠃ ᠣᠯᠠᠩᠬᠢ ᠵᠢ᠎ᠨᠢ ᠪᠦᠷ ᠳᠡᠭᠡᠷ᠎ᠡ ᠵᠠᠭᠤᠨ᠎ᠤ ᠵᠢᠷᠠ ᠳᠠᠯᠠᠭ᠋ᠠᠳ ᠣᠨ᠎ᠤ ᠦᠶ᠎ᠡ᠎ᠳᠤ ᠪᠠᠢ᠍ᠢ᠍ᠭᠤᠯᠤᠭᠰᠠᠨ ᠶᠤᠮ᠂ ᠰᠡᠷᠭᠡᠢ᠍ᠢ᠍ᠯᠡᠯᠲᠡ ᠵᠢᠨ ᠪᠠᠷᠢᠮᠵᠢᠶ᠎ᠠ᠎ᠨᠢ ᠥᠨᠳᠥᠷ ᠪᠢᠰᠢ᠂ ᠴᠥᠭᠥᠷᠥᠮ᠎ᠤᠨ ᠪᠠᠭᠲᠠᠭ᠋ᠠᠮᠵᠢ᠎ᠨᠢ ᠨᠡᠯᠢᠶᠡᠳ ᠪᠠᠭ᠎ᠠ᠂ ᠬᠡᠷᠪᠡ ᠶᠡᠬᠡ ᠦᠶᠡᠷ ᠢᠷᠡᠬᠦ᠎ᠳᠤ ᠬᠦᠷᠪᠡᠯ ᠬᠠᠰᠢᠯᠭ᠎ᠠ ᠵᠢ ᠳᠠᠪᠠᠬᠤ ᠪᠤᠶᠤ ᠬᠠᠰᠢᠯᠭ᠎ᠠ ᠵᠢ ᠰᠡᠲᠡᠯᠬᠦ ᠠᠶᠤᠯ᠎ᠲᠠᠢ ᠪᠠᠢ᠍ᠢ᠍ᠵᠤ ᠮᠡᠳᠡᠨ᠎ᠡ᠂ ᠡᠢ᠍ᠢ᠍ᠮᠦ᠎ᠠᠴᠠ ᠪᠠᠭ᠎ᠠ ᠬᠡᠯᠪᠡᠷᠢ ᠵᠢᠨ ᠤᠰᠤᠨ ᠴᠥᠭᠥᠷᠥᠮ᠎ᠨᠢ ᠭᠣᠣᠯᠳᠠᠭᠤ ᠲᠤᠰ ᠪᠡᠶ᠎ᠡ ᠵᠢᠨ ᠠᠮᠤᠷ ᠲᠦᠪᠰᠢᠨ᠎ᠢ ᠪᠠᠲᠤᠯᠠᠬᠤ ᠵᠢᠨ ᠬᠠᠮᠲᠤ ᠳᠤᠤᠷᠠᠳᠤ ᠤᠷᠤᠰᠬᠠᠯ᠎ᠤᠨ ᠨᠥᠯᠥᠭᠡᠯᠡᠬᠦ ᠬᠡᠪᠴᠢᠶᠡᠨ᠎ᠳᠠᠬᠢ ᠬᠥᠮᠦᠰ᠎ᠲᠤ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠰᠠᠢ᠍ᠢ᠍ᠲᠤᠷ ᠬᠢᠵᠦ᠂ ᠬᠥᠮᠦᠰ᠎ᠢ ᠨᠡᠭᠦᠯᠭᠡᠨ ᠰᠢᠯᠵᠢᠭᠦᠯᠬᠦ ᠪᠡᠯᠡᠳᠬᠡᠯ ᠲᠥᠰᠦᠯ᠎ᠢ ᠰᠠᠢ᠍ᠢ᠍ᠲᠤᠷ ᠬᠢᠵᠦ᠂ ᠳᠤᠤᠷᠠᠳᠤ ᠤᠷᠤᠰᠬᠠᠯ᠎ᠤᠨ ᠬᠥᠮᠦᠰ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠴᠢᠬᠤᠯᠠᠳᠠᠢ᠃ ᠭᠤᠷᠪᠠ᠎ᠳᠤ ᠠᠭᠤᠯᠠᠨ ᠦᠶᠡᠷ᠎ᠤᠨ ᠭᠠᠮᠰᠢᠭ᠎ᠢ ᠰᠡᠷᠭᠡᠢ᠍ᠢ᠍ᠯᠡᠨ ᠬᠣᠷᠢᠬᠯᠠᠬᠤ ᠠᠵᠢᠯ᠎ᠢ ᠴᠢᠩᠭ᠋ᠠᠳᠬᠠᠨ᠎ᠠ᠃ ᠮᠠᠨ᠎ᠤ ᠤᠯᠤᠰ᠎ᠤᠨ ᠠᠭᠤᠯᠠᠨ ᠦᠶᠡᠷ᠎ᠤᠨ ᠭᠠᠮᠰᠢᠭ᠎ᠲᠤ ᠨᠥᠯᠥᠭᠡᠯᠡᠭᠳᠡᠭᠰᠡᠨ ᠭᠠᠵᠠᠷ ᠣᠷᠣᠨ ᠲᠤᠢ᠍ᠢ᠍ᠯ᠎ᠤᠨ ᠶᠡᠬᠡ᠂ 386 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠢ᠍ᠢ᠍ᠵᠤ᠂ 3 ᠳ᠋ᠦᠩᠰᠢᠭᠤᠷ ᠰᠢᠬᠠᠮ ᠬᠥᠮᠦᠨ᠂ 2076 ᠰᠢᠶᠠᠨ᠎ᠳᠤ ᠬᠣᠯᠪᠣᠭᠳᠠᠵᠤ᠂ ᠦᠶᠡᠷ ᠤᠰᠤᠲᠤᠯ᠎ᠤᠨ ᠭᠠᠮᠰᠢᠭ᠎ᠤᠨ ᠬᠥᠮᠦᠨ ᠠᠮᠠ ᠵᠢᠨ ᠦᠬᠦᠯ ᠰᠢᠷᠬᠠᠲᠤᠯ᠎ᠤᠨ ᠳᠣᠲᠣᠷᠠᠬᠢ 70%᠎ᠨᠢ ᠴᠥᠮ ᠠᠭᠤᠯᠠᠨ ᠦᠶᠡᠷ᠎ᠤᠨ ᠭᠠᠮᠰᠢᠭ᠎ᠠᠴᠠ ᠪᠣᠯᠤᠭᠰᠠᠨ ᠶᠤᠮ᠃ ᠠᠭᠤᠯᠠᠨ ᠦᠶᠡᠷ᠎ᠤᠨ ᠭᠠᠮᠰᠢᠭ᠎ᠲᠤ ᠬᠣᠶᠠᠷ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠰᠠᠢ᠍ᠢ᠍ᠲᠤᠷ ᠬᠢᠬᠦ ᠬᠡᠷᠡᠭᠲᠡᠶ᠂ ᠨᠢᠭᠡ᠎ᠨᠢ ᠠᠭᠤᠯᠠᠨ ᠦᠶᠡᠷ᠎ᠤᠨ ᠭᠠᠮᠰᠢᠭ᠎ᠢ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠰᠠᠢ᠍ᠢ᠍ᠲᠤᠷ ᠬᠢᠬᠦ ᠬᠡᠷᠡᠭᠲᠡᠶ᠂ ᠰᠢᠷᠦᠭᠦᠨ ᠪᠣᠷᠣᠭ᠋ᠠᠨ ᠣᠷᠣᠮᠠᠭᠴᠠ ᠴᠠᠭ ᠲᠤᠬᠠᠶ᠎ᠳᠤᠨᠢ ᠤᠷᠢᠳᠴᠢᠯᠠᠨ ᠰᠡᠷᠡᠮᠵᠢᠯᠡᠭᠦᠯᠬᠦ ᠬᠡᠷᠡᠭᠲᠡᠶ᠃ ᠬᠣᠶᠠᠳᠤᠭ᠋ᠠᠷ᠎ᠲᠤ᠂ ᠤᠯᠠᠨ ᠵᠶ᠋ᠠᠷ ᠵᠶ᠋ᠠᠨ ᠰᠡᠷᠭᠡᠢ᠍ᠢ᠍ᠯᠡᠵᠦ ᠤᠯᠠᠨ ᠵᠶ᠋ᠠᠷ ᠵᠶ᠋ᠠᠨ ᠵᠠᠰᠠᠬᠤ ᠲᠤᠤᠷᠴᠢᠯᠠᠭᠰᠠᠨ ᠬᠠᠷᠢᠭᠤᠴᠠᠯᠭ᠎ᠠ ᠵᠢᠨ ᠰᠢᠰᠲᠸᠮ᠎ᠢ ᠰᠠᠢ᠍ᠢ᠍ᠲᠤᠷ ᠬᠢᠵᠦ᠂ ᠨᠢᠭᠡ ᠲᠣᠰᠬᠣᠨ᠎ᠢ ᠴᠤ᠌ ᠣᠷᠬᠢᠭᠳᠠᠭᠤᠯᠵᠤ ᠪᠣᠯᠬᠤ ᠦᠭᠡᠢ᠂ ᠨᠢᠭᠡ ᠡᠷᠦᠬᠡ ᠵᠢ ᠴᠦ᠍ ᠣᠷᠬᠢᠭᠳᠠᠭᠤᠯᠵᠤ ᠪᠣᠯᠬᠤ       ᠦᠭᠡᠢ᠂ ᠨᠢᠭᠡ ᠬᠥᠮᠦᠨ᠎ᠢ ᠴᠦ᠍ ᠣᠷᠬᠢᠭᠳᠠᠭᠤᠯᠵᠤ ᠪᠣᠯᠬᠤ ᠦᠭᠡᠢ᠂ ᠲᠤᠤᠷᠴᠢᠯᠠᠭᠰᠠᠨ ᠬᠠᠮᠢᠶᠠᠷᠤᠯᠲᠠ ᠵᠢ       ᠪᠠᠢ᠍ᠢ᠍ᠭᠤᠯᠵᠤ᠂ ᠠᠭᠤᠯᠠᠨ ᠦᠶᠡᠷ ᠢᠷᠡᠪᠡᠯ ᠬᠥᠮᠦᠨ᠎ᠢ ᠴᠠᠭ ᠲᠤᠬᠠᠢ᠎ᠳᠤᠨᠢ ᠰᠢᠯᠵᠢᠭᠦᠯᠦᠨ ᠭᠠᠷᠭ᠋ᠠᠵᠤ ᠴᠢᠳᠠᠨ᠎ᠠ᠃ ᠡᠨᠡ ᠵᠢᠯ ᠪᠢᠳᠡ ᠪᠠᠰᠠ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠎ᠯᠤᠭ᠎ᠠ ᠵᠢᠨ ᠬᠠᠮᠲᠤᠷᠠᠯᠴᠠᠭ᠎ᠠ᠎ᠪᠠᠨ       ᠴᠢᠩᠭ᠋ᠠᠳᠬᠠᠵᠤ᠂ ᠭᠤᠷᠪᠠᠨ ᠲᠤᠮᠤ ᠡᠵᠡᠩᠨᠡᠯᠲᠡ ᠵᠢᠨ ᠬᠤᠳᠠᠯᠳᠤᠭ᠋ᠠᠴᠢᠨ᠎ᠳᠤ ᠲᠦᠰᠢᠭᠯᠡᠨ ᠨᠡᠢ᠍ᠢ᠍ᠭᠡᠮ᠎ᠤᠨ ᠤᠯᠠᠨ ᠨᠡᠢ᠍ᠢ᠍ᠲᠡ᠂ ᠭᠠᠳᠠᠨ᠎ᠠ᠎ᠠᠴᠠ ᠢᠷᠡᠭᠰᠡᠨ ᠬᠥᠮᠦᠰ᠎ᠲᠤ ᠰᠡᠷᠡᠮᠵᠢᠯᠡᠭᠦᠯᠬᠦ ᠮᠡᠳᠡᠭᠡ ᠵᠠᠩᠭᠢ ᠳᠠᠮᠵᠢᠭᠤᠯᠵᠤ᠂ ᠬᠢᠨᠠᠨ ᠬᠡᠮᠵᠢᠵᠦ ᠰᠡᠷᠡᠮᠵᠢᠯᠡᠭᠦᠯᠬᠦ ᠮᠡᠳᠡᠭᠡ ᠵᠠᠩᠭᠢ ᠵᠢ ᠪᠦᠬᠦᠨ᠎ᠢ ᠬᠠᠮᠤᠷᠬᠤ ᠵᠢ ᠴᠢᠷᠮᠠᠢ᠍ᠢ᠍ᠨ ᠪᠡᠶᠡᠯᠡᠭᠦᠯᠦᠨ᠎ᠡ᠃ ᠥᠩᠭᠡᠷᠡᠭᠰᠡᠨ᠎ᠳᠤ ᠵᠠᠷᠢᠮ ᠵᠢᠭᠤᠯᠴᠢᠯᠠᠭᠰᠠᠳ᠂ ᠵᠠᠷᠢᠮ ᠵᠢᠭᠤᠯᠴᠢᠯᠠᠬᠤ ᠨᠠᠢ᠍ᠢ᠍ᠵᠠ ᠨᠠᠷ ᠡᠳᠡᠭᠡᠷ ᠮᠡᠳᠡᠭᠡ ᠵᠠᠩᠭᠢ ᠵᠢ ᠬᠤᠷᠢᠶᠠᠨ ᠤᠯᠵᠤ ᠳᠡᠢ᠍ᠢ᠍ᠯᠬᠦ ᠦᠭᠡᠢ ᠪᠠᠢ᠍ᠢ᠍ᠪᠠ᠂ ᠡᠨᠡ ᠵᠢᠯ ᠪᠢᠳᠡ ᠤᠯᠠᠮ ᠴᠢᠨᠠᠭᠰᠢᠳᠠ ᠬᠠᠯᠠᠨ ᠰᠠᠢ᠍ᠢ᠍ᠵᠢᠷᠠᠭᠤᠯᠤᠨ᠎ᠠ᠃ ᠪᠠᠭᠴᠠᠯᠠᠭ᠋ᠠᠳ ᠬᠡᠯᠡᠪᠡᠯ᠂ ᠡᠳᠡᠭᠡᠷ ᠠᠷᠭ᠎ᠠ ᠬᠡᠮᠵᠢᠶ᠎ᠡ᠎ᠪᠠᠷ ᠳᠠᠮᠵᠢᠭᠤᠯᠵᠤ ᠪᠠᠢ᠍ᠢ᠍ᠭ᠎ᠠ᠎ᠨᠢ ᠴᠥᠮ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ᠎ᠢ ᠪᠠᠲᠤᠯᠠᠬᠤ ᠵᠢᠨ ᠲᠥᠯᠥᠭᠡ ᠶᠤᠮ᠃ ᠪᠠᠶᠠᠷᠯᠠᠯ᠎ᠠ᠃

      ᠡᠳᠦᠷ ᠪᠦᠷᠢ ᠵᠢᠨ ᠠᠵᠤ ᠠᠬᠤᠶ ᠵᠢᠨ ᠰᠣᠨᠢᠨ ᠮᠡᠳᠡᠭᠡᠨ᠎ᠤ ᠰᠤᠷᠪᠤᠯᠵᠢᠯᠠᠭᠴᠢ 2020 — 03 — 26 15᠄ 56᠄ 04
      ᠥᠴᠥᠭᠡᠳᠦᠷ ᠤᠰᠤᠨ ᠠᠰᠢᠬᠯᠠᠯᠲᠠ ᠵᠢᠨ ᠶᠠᠮᠤᠨ 2020 ᠣᠨ᠎ᠤ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠢ᠍ᠢ᠍ᠭᠤᠯᠤᠯᠲᠠ ᠵᠢᠨ ᠠᠵᠢᠯ᠎ᠤᠨ ᠭᠣᠤᠯᠳᠠᠯᠭ᠎ᠠ ᠵᠢ ᠳᠠᠷᠤᠮᠠᠯᠯᠠᠨ ᠲᠠᠷᠬᠠᠭ᠋ᠠᠵᠤ᠂ ᠡᠭᠦᠨ᠎ᠳᠤ 2020 ᠣᠨ᠎ᠳᠤ ᠠᠷᠪᠠ ᠣᠷᠴᠢᠮ᠎ᠤᠨ ᠴᠢᠬᠤᠯᠠ ᠶᠡᠬᠡ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠪᠠᠷᠢᠯᠭ᠎ᠠ ᠳᠠᠭᠤᠰᠴᠤ ᠰᠢᠯᠭ᠋ᠠᠨ ᠠᠪᠬᠤ ᠵᠢ ᠪᠡᠶᠡᠯᠡᠭᠦᠯᠬᠦ᠎ᠪᠠᠷ ᠴᠢᠷᠮᠠᠢ᠍ᠢ᠍ᠨ᠎ᠠ ᠭᠡᠵᠦ ᠳᠤᠷᠠᠳᠤᠭᠰᠠᠨ ᠪᠠᠢ᠍ᠢ᠍ᠨ᠎ᠠ᠃ ᠲᠡᠭᠡᠪᠡᠯ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠍ᠢ᠍ᠳᠠᠯ᠎ᠨᠢ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ᠂ ᠳ᠋ᠠ ᠲᠧᠩ ᠰᠢᠶᠠ ᠬᠠᠪᠴᠢᠯ᠂ ᠬᠥᠬᠡᠮᠥ᠋ᠷᠡᠨ᠎ᠤ ᠤᠰᠤ ᠵᠢ ᠲᠠᠲᠠᠵᠤ ᠬᠤᠸᠠᠢ᠍ᠢ᠍ᠾᠧ ᠭᠣᠤᠯ᠎ᠢ ᠲᠤᠰᠠᠯᠠᠬᠤ ᠵᠡᠷᠭᠡ ᠴᠢᠬᠤᠯᠠ ᠶᠡᠬᠡ ᠤᠰᠤᠨ ᠠᠰᠢᠬᠯᠠᠯᠲᠠ ᠵᠢᠨ ᠢᠨᠵᠧᠨᠧᠷᠢᠩ᠎ᠳᠤ ᠶᠡᠬᠡ ᠨᠥᠯᠥᠭᠡ᠎ᠲᠠᠢ ᠤᠤ? ᠣᠳᠣᠬᠠᠨ᠎ᠳᠤ ᠡᠳᠡᠭᠡᠷ ᠲᠦᠷᠦᠯ ᠵᠦᠢ᠍ᠯ᠎ᠤᠨ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠭᠰᠡᠨ ᠪᠠᠢ᠍ᠢ᠍ᠳᠠᠯ᠎ᠨᠢ       ᠶᠠᠮᠠᠷ ᠪᠤᠢ?
      ᠸᠠᠩ ᠱᠧᠩ ᠸᠠᠨ 2020 — 03 — 26 15: 56: 29
      ᠳᠠᠨ᠎ᠤ ᠠᠰᠠᠭᠤᠭᠰᠠᠨ᠎ᠳᠤ ᠲᠠᠯᠠᠷᠬᠠᠵᠤ ᠪᠠᠢ᠍ᠢ᠍ᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠍ᠢ᠍ᠳᠠᠯ ᠡᠭᠦᠰᠦᠭᠰᠡᠨ᠎ᠠᠴᠠ ᠨᠠᠭ᠋ᠠᠰᠢ᠂ ᠴᠢᠬᠤᠯᠠ ᠶᠡᠬᠡ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠢ᠍ᠢ᠍ᠭᠤᠯᠤᠯᠲᠠ ᠠᠳᠠᠯᠢ ᠪᠤᠰᠤ ᠬᠡᠮᠵᠢᠶ᠎ᠡ᠎ᠪᠠᠷ ᠨᠥᠯᠥᠭᠡᠯᠡᠭᠳᠡᠵᠦ᠂ ᠢᠯᠠᠩᠭᠤᠶ᠎ᠠ ᠡᠮᠦᠨᠡᠲᠦ ᠣᠷᠣᠨ᠂ ᠬᠤᠪᠸᠢ ᠮᠤᠵᠢ ᠵᠢᠨ ᠲᠥᠷᠥᠯ ᠵᠦᠢ᠍ᠯ᠎ᠤᠨ ᠨᠥᠯᠥᠭᠡ᠎ᠨᠢ ᠨᠡᠯᠢᠶᠡᠳ ᠶᠡᠬᠡ ᠪᠠᠢ᠍ᠢ᠍ᠵᠤ᠂ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠴᠠᠭ᠎ᠨᠢ ᠡᠩ᠎ᠤᠨ ᠵᠢᠯ᠎ᠤᠨ᠎ᠬᠢ᠎ᠠᠴᠠ ᠢᠯᠡᠳᠲᠡ ᠬᠣᠢ᠍ᠢ᠍ᠰᠢᠯᠠᠵᠤ᠂ ᠪᠥᠲᠥᠭᠡᠨ ᠪᠠᠢ᠍ᠢ᠍ᠭᠤᠯᠤᠯᠲᠠ ᠵᠢᠨ ᠠᠬᠢᠴᠠ᠎ᠨᠢ ᠴᠦ᠍ 1᠎ᠠᠴᠠ 2 ᠰᠠᠷ᠎ᠠ ᠬᠣᠢ᠍ᠢ᠍ᠰᠢᠯᠠᠭᠰᠠᠨ ᠪᠠᠢ᠍ᠢ᠍ᠨ᠎ᠠ᠃ ᠤᠮᠠᠷᠠᠲᠤ ᠣᠷᠣᠨ᠎ᠤ ᠲᠥᠷᠥᠯ ᠵᠦᠢ᠍ᠯ᠎ᠤᠨ ᠡᠪᠦᠯ᠎ᠤᠨ ᠤᠯᠠᠷᠢᠯ᠎ᠤᠨ ᠠᠵᠢᠯ ᠵᠣᠭᠰᠣᠭᠰᠠᠨ ᠴᠠᠭ᠎ᠨᠢ ᠨᠡᠯᠢᠶᠡᠳ ᠣᠷᠳᠣ ᠪᠣᠯᠬᠣᠷ᠂ ᠭᠥᠷᠳᠡᠬᠦ ᠨᠥᠯᠥᠭᠡ᠎ᠨᠢ ᠬᠠᠷᠢᠴᠠᠩᠭᠤᠶ᠎ᠪᠠᠷ ᠨᠡᠯᠢᠶᠡᠳ ᠪᠠᠭ᠎ᠠ ᠰᠢᠭ᠋ ᠪᠠᠢ᠍ᠢ᠍ᠳᠠᠭ᠃ ᠭᠡᠪᠡᠴᠦ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠍ᠢ᠍ᠳᠠᠯ᠎ᠨᠢ ᠴᠢᠬᠤᠯᠠ ᠶᠡᠬᠡ ᠤᠰᠤᠨ ᠠᠰᠢᠬᠯᠠᠯᠲᠠ ᠵᠢᠨ ᠪᠠᠷᠢᠯᠭ᠎ᠠ᠎ᠳᠤ ᠦᠵᠡᠭᠦᠯᠦᠭᠰᠡᠨ ᠨᠦᠯᠦᠭᠡ᠎ᠨᠢ ᠲᠦᠷ ᠴᠠᠭ᠎ᠤᠨ ᠶᠤᠮ᠂ ᠴᠢᠬᠤᠯᠠ ᠶᠡᠬᠡ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠪᠦᠳᠦᠭᠡᠨ ᠪᠠᠢ᠍ᠢ᠍ᠭᠤᠯᠤᠯᠲᠠ ᠵᠢᠨ ᠶᠡᠷᠦᠩᠬᠡᠶ ᠪᠠᠢ᠍ᠢ᠍ᠳᠠᠯ᠎ᠨᠢ ᠰᠠᠢ᠍ᠢ᠍ᠨ ᠪᠠᠢ᠍ᠢ᠍ᠬᠤ ᠵᠢ ᠪᠢᠳᠡ ᠣᠯᠵᠤ ᠦᠵᠡᠬᠦ ᠬᠡᠷᠡᠭᠲᠡᠶ᠃ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠭᠦ ᠪᠠᠢ᠍ᠢ᠍ᠳᠠᠯ᠎ᠤᠨ ᠦᠷᠭᠦᠯᠵᠢᠯᠡᠨ ᠰᠠᠢ᠍ᠢ᠍ᠵᠢᠷᠠᠬᠤ ᠵᠢ ᠳᠠᠭ᠋ᠠᠯᠳᠤᠨ᠂ ᠠᠵᠤ ᠠᠬᠤᠢ᠍ᠢ᠍ᠯᠠᠯ ᠢᠯᠠᠩᠭᠤᠶ᠎ᠠ ᠦᠢ᠍ᠯᠡᠳᠪᠦᠷᠢᠯᠡᠯ᠎ᠤᠨ ᠠᠵᠤ ᠠᠬᠤᠢ᠍ᠢ᠍ᠯᠠᠯ ᠪᠦᠬᠦ ᠲᠠᠯ᠎ᠠ᠎ᠪᠠᠷ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠳᠠᠭ᠋ᠠᠯᠳᠤᠨ᠂ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠬᠦᠯᠢᠶᠡᠰᠦᠯᠡᠵᠤ ᠪᠠᠢ᠍ᠢ᠍ᠭ᠎ᠠ ᠵᠠᠷᠢᠮ ᠡᠯᠧᠮᠧᠨ᠋ᠲ᠂ ᠲᠦᠭᠵᠢᠷᠡᠯ᠎ᠤᠨ ᠴᠡᠭ ᠪᠠ ᠲᠠᠰᠤᠷᠬᠠᠶ ᠴᠡᠭ᠎ᠤᠨ ᠠᠰᠠᠭᠤᠳᠠᠯ᠎ᠢ ᠠᠭ᠋ᠠᠵᠢᠮ ᠵᠶ᠋ᠠᠷ ᠰᠢᠢ᠍ᠳᠪᠦᠷᠢᠯᠡᠪᠡ᠂ ᠡᠭᠦᠨ᠎ᠤ ᠳᠡᠭᠡᠷ᠎ᠡ ᠤᠳᠤ ᠦᠶᠡᠷ᠎ᠠᠴᠠ ᠡᠮᠦᠨ᠎ᠡ ᠪᠠᠷᠢᠯᠭ᠎ᠠ ᠪᠠᠷᠢᠬᠤ ᠰᠢᠵᠢᠷ ᠠᠯᠳᠠᠨ ᠴᠠᠭ ᠦᠶ᠎ᠡ᠎ᠳᠤ ᠤᠷᠤᠭᠰᠠᠨ ᠪᠤᠯᠬᠤᠷ ᠴᠢᠬᠤᠯᠠ ᠶᠡᠬᠡ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠪᠦᠳᠦᠭᠡᠨ ᠪᠠᠢ᠍ᠢ᠍ᠭᠤᠯᠤᠯᠲᠠ ᠵᠢᠨ ᠠᠬᠢᠴᠠ ᠢᠯᠡᠳᠲᠡ ᠲᠦᠷᠭᠡᠳᠴᠦ᠂ ᠤᠳᠤ 101 ᠵᠦᠢ᠍ᠯ᠎ᠤᠨ ᠪᠠᠷᠢᠯᠭ᠎ᠠ ᠵᠢ ᠨᠢᠭᠡᠨᠲᠡ ᠰᠡᠷᠭᠦᠭᠡᠭᠰᠡᠨ ᠪᠠᠢ᠍ᠢ᠍ᠨ᠎ᠠ ᠭᠡᠵᠦ ᠡᠮᠦᠨ᠎ᠡ ᠪᠠᠰᠠ ᠬᠡᠯᠡᠭᠰᠡᠨ ᠪᠢᠯᠡ᠃ ᠡᠢ᠍ᠢ᠍ᠮᠦ᠎ᠠᠴᠠ ᠵᠣᠬᠢᠴᠠᠭᠤᠯᠤᠨ ᠲᠣᠬᠢᠷᠠᠭᠤᠯᠬᠤ ᠵᠢ ᠴᠢᠩᠭ᠋ᠠᠳᠬᠠᠬᠤ᠂ ᠢᠨᠵᠧᠨᠧᠷᠢᠩ᠎ᠤᠨ ᠠᠵᠢᠯ᠎ᠤᠨ ᠵᠣᠬᠢᠶᠠᠨ ᠪᠠᠢ᠍ᠢ᠍ᠭᠤᠯᠤᠯᠲᠠ ᠵᠢ ᠰᠢᠯᠢᠳᠡᠭᠵᠢᠭᠦᠯᠬᠦ᠂ ᠡᠬᠢ ᠪᠠᠶᠠᠯᠢᠭ᠎ᠤᠨ ᠣᠷᠣᠭᠤᠯᠤᠯᠲᠠ ᠵᠢ ᠨᠡᠮᠡᠭᠳᠡᠭᠦᠯᠬᠦ᠂ ᠲᠤᠬᠠᠢ᠍ᠢ᠍ᠯᠠᠪᠠᠯ ᠬᠥᠳᠡᠯᠮᠦᠷᠢ ᠵᠢᠨ ᠬᠦᠴᠦ ᠵᠡᠷᠭᠡ ᠵᠢ ᠨᠡᠮᠡᠭᠳᠡᠭᠦᠯᠬᠦ᠎ᠪᠠᠷ ᠳᠠᠮᠵᠢᠨ᠂ ᠬᠣᠢ᠍ᠢ᠍ᠰᠢᠯᠠᠭᠰᠠᠨ ᠢᠨᠵᠧᠨᠧᠷᠢᠩ᠎ᠤᠨ ᠬᠤᠭᠤᠴᠠᠭ᠎ᠠ ᠵᠢ ᠬᠥᠭᠡᠭᠡᠵᠦ ᠭᠦᠢ᠍ᠴᠡᠬᠦ ᠨᠥᠬᠥᠴᠡᠯ᠎ᠲᠠᠢ ᠶᠤᠮ᠃ ᠰᠠᠶᠢ ᠵᠢᠨ ᠳᠤᠷᠠᠳᠤᠭᠰᠠᠨ ᠬᠡᠳᠦᠨ ᠲᠤᠮᠤ ᠲᠦᠷᠦᠯ ᠵᠦᠢ᠍ᠯ᠎ᠳᠤ᠂ ᠵᠢᠱ᠌ᠢᠶᠡᠯᠡᠪᠡᠯ ᠳ᠋ᠠ ᠲᠧᠩ ᠰᠢᠶᠠ ᠬᠠᠪᠴᠢᠯ᠎ᠤᠨ ᠤᠰᠤᠨ ᠠᠰᠢᠬᠯᠠᠯᠲᠠ ᠵᠢᠨ ᠬᠦᠢ᠍ᠰᠦ ᠪᠠᠷᠢᠯᠭ᠎ᠠ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠠᠵᠢᠯ ᠵᠣᠭᠰᠣᠭᠰᠠᠨ ᠦᠭᠡᠢ᠂ ᠬᠢᠵᠢᠭ᠎ᠤᠨ ᠪᠠᠢ᠍ᠢ᠍ᠳᠠᠯ᠎ᠤᠨ ᠪᠠᠷᠢᠯᠭ᠎ᠠ᠎ᠳᠤ ᠦᠵᠡᠭᠦᠯᠬᠦ ᠨᠥᠯᠥᠭᠡ᠎ᠨᠢ ᠭᠣᠣᠯᠳᠠᠭᠤ ᠬᠤᠪᠧᠶ ᠵᠢᠨ ᠢᠨᠵᠧᠨᠧᠷᠢᠩ᠎ᠤᠨ ᠨᠢᠭᠡᠴᠢ ᠪᠣᠯᠤᠨ ᠬᠢᠨᠠᠨ ᠬᠠᠮᠢᠶᠠᠷᠬᠤ ᠨᠢᠭᠡᠴᠢ ᠢᠨᠵᠧᠨᠧᠷᠢᠩ᠎ᠤᠨ ᠭᠠᠵᠠᠷ᠎ᠲᠤ ᠠᠵᠢᠯᠯᠠᠵᠤ ᠪᠠᠢ᠍ᠢ᠍ᠭᠰᠠᠨ᠎ᠠᠴᠠ ᠪᠣᠯᠤᠭᠰᠠᠨ ᠶᠤᠮ᠃ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ ᠵᠢᠴᠢ ᠪᠥᠲᠥᠭᠡᠨ ᠪᠠᠢ᠍ᠢ᠍ᠭᠤᠯᠤᠯᠲᠠ᠎ᠳᠤ ᠣᠷᠣᠯᠴᠠᠭᠰᠠᠨ ᠡᠯ᠎ᠡ ᠲᠠᠯ᠎ᠠ ᠵᠢᠨ᠎ᠬᠢᠨ᠎ᠤ ᠬᠠᠮᠲᠤ ᠵᠢᠨ ᠴᠢᠷᠮᠠᠢ᠍ᠢ᠍ᠯᠭ᠎ᠠ᠎ᠪᠠᠷ᠂ ᠣᠳᠣᠬᠠᠨ᠎ᠳᠤ ᠨᠢᠭᠡᠨᠲᠡ ᠬᠡᠪ᠎ᠤᠨ ᠢᠨᠵᠧᠨᠧᠷᠢᠩ᠎ᠤᠨ ᠬᠢᠷᠢ ᠬᠡᠮᠵᠢᠶ᠎ᠡ᠎ᠪᠠᠨ ᠰᠡᠷᠭᠦᠭᠡᠵᠦ᠂ ᠠᠵᠢᠯ᠎ᠤᠨ ᠪᠠᠢ᠍ᠢ᠍ᠷᠢ᠎ᠳᠤ ᠭᠠᠷᠤᠭᠰᠠᠨ ᠬᠥᠮᠦᠨ ᠨᠢᠭᠡᠨᠲᠡ 5500 ᠭᠠᠷᠤᠶ ᠪᠣᠯᠵᠣ᠂ ᠠᠵᠢᠯ ᠰᠡᠷᠭᠦᠭᠡᠭᠰᠡᠨ ᠨᠣᠷᠮ᠎ᠠ ᠵᠠᠭᠤᠨ᠎ᠤ ᠵᠠᠭᠤ᠎ᠳᠤ ᠬᠦᠷᠴᠡᠶ᠃ ᠪᠠᠷᠢᠯᠭ᠎ᠠ ᠵᠢᠨ ᠪᠦᠲᠦᠭᠡᠨ ᠪᠠᠢ᠍ᠢ᠍ᠭᠤᠯᠤᠯᠲᠠ ᠵᠢᠨ ᠠᠬᠢᠴᠠ᠎ᠨᠢ ᠪᠠᠷᠢᠯᠭ᠎ᠠ ᠪᠠᠷᠢᠬᠤ ᠶᠡᠷᠦᠩᠬᠡᠶ ᠲᠥᠯᠥᠪᠯᠡᠭᠡ ᠵᠢᠨ ᠱᠠᠭ᠋ᠠᠷᠳᠠᠯᠭ᠎ᠠ ᠵᠢ ᠬᠠᠩᠭ᠋ᠠᠵᠤ᠂ ᠡᠨᠡ ᠰᠠᠷ᠎ᠠ ᠵᠢᠨ 10᠎ᠤ ᠡᠳᠦᠷ ᠨᠢᠭᠡᠨᠲᠡ ᠬᠠᠭ᠋ᠠᠯᠲᠠ᠎ᠪᠠᠨ ᠳᠠᠷᠤᠨ ᠤᠰᠤ ᠬᠠᠳᠠᠭ᠋ᠠᠯᠠᠵᠤ᠂ ᠣᠢ᠍ᠢ᠍ᠷ᠎ᠠ ᠵᠢᠨ ᠬᠤᠭᠤᠴᠠᠭ᠋ᠠᠨ᠎ᠳᠤ ᠠᠩᠬᠠᠨ᠎ᠤ ᠮᠠᠰᠢᠨ ᠴᠣᠭᠴᠠᠯᠠᠪᠤᠷᠢ ᠵᠢᠨ ᠴᠠᠬᠢᠯᠭ᠋ᠠᠨ ᠭᠠᠷᠭ᠋ᠠᠬᠤ ᠪᠠ ᠣᠩᠭᠣᠴᠠᠨ᠎ᠤ ᠬᠠᠭ᠋ᠠᠯᠲᠠ ᠵᠢᠨ ᠠᠶᠠᠯᠠᠯ ᠨᠡᠪᠲᠡᠷᠡᠬᠦ ᠬᠠᠷᠠᠯᠲᠠ ᠵᠢ ᠤᠷᠤᠭᠰᠢᠲᠠᠶ᠎ᠪᠠᠷ ᠪᠡᠶᠡᠯᠡᠭᠦᠯᠬᠦ ᠪᠣᠯᠤᠨ᠎ᠠ᠃ ᠬᠥᠬᠡᠮᠥ᠋ᠷᠡᠨ᠎ᠤ ᠤᠰᠤ ᠵᠢ ᠲᠠᠲᠠᠵᠤ ᠬᠤᠸᠠᠢ᠍ᠢ᠍ᠾᠧ ᠭᠣᠣᠯ᠎ᠢ ᠳᠤᠰᠠᠯᠠᠬᠤ ᠢᠨᠵᠧᠨᠧᠷᠢᠩ᠂ ᠠᠨᠾᠦ᠋ᠢ ᠮᠤᠵᠢ ᠵᠢᠨ ᠲᠦᠷᠦᠯ ᠵᠦᠢ᠍ᠯ ᠣᠳᠣᠬᠠᠨ᠎ᠳᠤ ᠨᠢᠭᠡᠨᠲᠡ 12300 ᠭᠠᠷᠤᠢ ᠬᠥᠮᠦᠨ ᠠᠵᠢᠯ᠎ᠤᠨ ᠪᠠᠢ᠍ᠢ᠍ᠷᠢ᠎ᠳᠤ ᠭᠠᠷᠴᠤ᠂ ᠠᠵᠢᠯ ᠵᠶ᠋ᠠᠨ ᠰᠡᠷᠭᠦᠭᠡᠭᠰᠡᠨ ᠨᠤᠷᠮ᠎ᠠ᠎ᠨᠢ ᠴᠦ᠍ ᠬᠡᠪ᠎ᠤᠨ ᠲᠦᠪᠰᠢᠨ᠎ᠳᠤ ᠳᠥᠭᠥᠵᠡᠢ᠃ ᠾᠧᠨᠠᠨ ᠮᠤᠵᠢ ᠵᠢᠨ ᠬᠢᠯᠢ ᠳᠣᠲᠣᠷᠠᠬᠢ ᠢᠨᠵᠧᠨᠧᠷᠢᠩ᠎ᠤᠨ ᠵᠦᠢ᠍ᠯ ᠮᠢᠩᠭ᠎ᠠ ᠭᠠᠷᠤᠶ ᠬᠥᠮᠦᠨ ᠠᠵᠢᠯ᠎ᠤᠨ ᠪᠠᠢ᠍ᠢ᠍ᠷᠢ᠎ᠳᠤ ᠭᠠᠷᠴᠤ᠂ ᠠᠵᠢᠯ ᠵᠶ᠋ᠠᠨ ᠰᠡᠷᠭᠦᠭᠡᠭᠰᠡᠨ ᠨᠤᠷᠮ᠎ᠠ᠎ᠨᠢ ᠵᠠᠭᠤᠨ᠎ᠤ ᠵᠠᠭᠤ᠎ᠳᠤ ᠬᠦᠷᠴᠡᠶ᠃ ᠲᠠ ᠰᠠᠶᠢᠬᠠᠨ ᠪᠠᠰᠠ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠢ ᠳᠤᠷᠠᠳᠤᠭᠰᠠᠨ ᠪᠢᠯᠡ᠂ ᠣᠳᠣᠬᠠᠨ᠎ᠤ ᠪᠠᠢ᠍ᠢ᠍ᠳᠠᠯ᠎ᠠᠴᠠ ᠦᠵᠡᠪᠡᠯ᠂ ᠭᠣᠣᠯ ᠪᠣᠯᠬᠤ ᠪᠠᠢ᠍ᠢ᠍ᠭᠤᠯᠵᠤ ᠪᠠᠢ᠍ᠢ᠍ᠭ᠎ᠠ ᠲᠦᠷᠦᠯ ᠵᠦᠢ᠍ᠯ᠎ᠤᠨ ᠵᠡᠭᠦᠨ ᠱᠤᠭᠤᠮ᠎ᠤᠨ ᠤᠮᠠᠷᠠᠰᠢ ᠤᠷᠳᠤᠳᠬᠠᠬᠤ ᠵᠢᠨ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠬᠤ ᠤᠰᠤ ᠬᠠᠩᠭ᠋ᠠᠬᠤ ᠢᠨᠵᠧᠨᠧᠷᠢᠩ᠎ᠢ 2 ᠰᠠᠷ᠎ᠠ ᠵᠢᠨ 17᠎ᠤ ᠡᠳᠦᠷ ᠨᠢᠭᠡᠨᠲᠡ ᠠᠵᠢᠯ ᠵᠶ᠋ᠠᠨ ᠰᠡᠷᠭᠦᠭᠡᠵᠦ᠂ ᠤᠳᠤ ᠨᠢᠭᠡᠨᠲᠡ ᠬᠡᠪ᠎ᠤᠨ ᠢᠨᠵᠧᠨᠧᠷᠢᠩ᠎ᠤᠨ ᠬᠢᠷᠢ ᠲᠦᠪᠰᠢᠨ᠎ᠳᠤ ᠬᠦᠷᠴᠦ᠂ ᠠᠵᠢᠯ᠎ᠤᠨ ᠪᠠᠢ᠍ᠢ᠍ᠷᠢ᠎ᠳᠤ ᠭᠠᠷᠤᠭᠰᠠᠨ ᠨᠤᠷᠮ᠎ᠠ ᠵᠠᠭᠤᠨ᠎ᠤ ᠵᠠᠭᠤ᠎ᠳᠤ ᠬᠦᠷᠴᠡᠶ᠃ ᠪᠠᠶᠠᠷᠯᠠᠯ᠎ᠠ᠃

      ᠠᠷᠠᠳ᠎ᠤᠨ ᠤᠯᠤᠰ ᠲᠥᠷᠥ ᠵᠢᠨ ᠵᠥᠪᠯᠡᠯᠭᠡᠨ᠎ᠤ ᠰᠣᠨᠢᠨ᠎ᠤ ᠰᠤᠷᠪᠤᠯᠵᠢᠯᠠᠭᠴᠢ 2020 — 03 — 26 15᠄ 59᠄ 22
      ᠣᠯᠠᠨ ᠵᠶ᠋ᠠᠷ ᠵᠶ᠋ᠠᠨ ᠴᠥᠮ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ᠎ᠢ ᠲᠤᠢ᠍ᠢ᠍ᠯ ᠵᠶ᠋ᠠᠷ ᠠᠩᠬᠠᠷᠴᠤ᠂ ᠲᠥᠷᠥ ᠵᠢᠨ ᠶᠠᠪᠤᠳᠠᠯ᠎ᠤᠨ ᠬᠤᠷᠢᠶ᠎ᠠ ᠪᠠᠰᠠ ᠲᠤᠰᠬᠠᠶ ᠪᠠᠢ᠍ᠢ᠍ᠷᠢᠯᠠᠭᠤᠯᠤᠯᠲᠠ ᠬᠢᠭᠰᠡᠨ ᠪᠠᠢ᠍ᠢ᠍ᠨ᠎ᠠ᠃ ᠠᠰᠠᠭᠤᠬᠤ᠎ᠨᠢ᠂ ᠤᠰᠤᠨ ᠠᠰᠢᠬᠯᠠᠯᠲᠠ ᠵᠢᠨ ᠶᠠᠮᠤᠨ᠎ᠠᠴᠠ ᠵᠡᠭᠦᠨ ᠳᠤᠮᠳᠠ ᠱᠤᠭᠤᠮ᠎ᠤᠨ ᠵᠠᠯᠭ᠋ᠠᠮᠵᠢ ᠢᠨᠵᠧᠨᠧᠷᠢᠩ᠎ᠤᠨ ᠲᠠᠯ᠎ᠠ᠎ᠪᠠᠷ ᠶᠠᠮᠠᠷ ᠶᠠᠮᠠᠷ ᠪᠠᠢ᠍ᠢ᠍ᠷᠢᠯᠠᠭᠤᠯᠤᠯᠲᠠ ᠬᠢᠭᠰᠡᠨ ᠪᠤᠢ? ᠬᠢᠵᠢᠭ᠎ᠤᠨ ᠪᠠᠢ᠍ᠢ᠍ᠳᠠᠯ᠎ᠤᠨ ᠨᠥᠯᠥᠭᠡ᠎ᠳᠤ ᠴᠢᠭᠯᠡᠭᠦᠯᠦᠨ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ? ᠪᠠᠶᠠᠷᠯᠠᠯ᠎ᠠ᠃
      ᠱ᠌ᠢ ᠴᠦᠨ ᠰᠢᠶᠠᠨ 2020 — 03 — 2615: 59: 31
      ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠢ ᠠᠩᠬᠠᠷᠤᠭᠰᠠᠨ᠎ᠳᠤ ᠴᠢᠨᠢ ᠲᠠᠯᠠᠷᠬᠠᠵᠤ ᠪᠠᠢ᠍ᠢ᠍ᠨ᠎ᠠ᠃ 2019 ᠣᠨ᠎ᠤ 11 ᠰᠠᠷ᠎ᠠ ᠵᠢᠨ 18᠎ᠤ ᠡᠳᠦᠷ ᠶᠡᠷᠦᠩᠬᠡᠶ ᠰᠠᠢ᠍ᠢ᠍ᠳ ᠯᠢ ᠺᠧ ᠴᠢᠶᠠᠩ᠎ᠤᠨ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ᠎ᠢ ᠰᠤᠳᠤᠯᠬᠤ ᠬᠣᠯᠪᠣᠭᠳᠠᠯ ᠪᠥᠬᠥᠶ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠳᠤᠭᠤᠰᠢᠯᠠᠭᠤᠯᠤᠨ ᠨᠠᠢ᠍ᠢ᠍ᠳᠠᠪᠤᠷᠢᠵᠢᠭᠤᠯᠬᠤ ᠵᠢᠨ ᠲᠥᠯᠥᠭᠡ᠂ ᠤᠰᠤᠨ ᠠᠰᠢᠬᠯᠠᠯᠲᠠ ᠵᠢᠨ ᠶᠠᠮᠤᠨ ᠬᠣᠯᠪᠣᠭᠳᠠᠯ ᠪᠥᠬᠥᠶ ᠮᠤᠵᠢ᠂ ᠰᠢᠭᠤᠳ ᠬᠠᠷᠢᠶ᠎ᠠ ᠬᠣᠲᠠ᠎ᠲᠠᠢ ᠬᠠᠮᠲᠤᠷᠠᠨ ᠡᠤ ᠵᠢᠩ ᠫᠢᠩ ᠰᠠᠢ᠍ᠢ᠍ᠳ ᠵᠶ᠋ᠠᠷ ᠳᠤᠭᠤᠢ᠍ᠢ᠍ᠯᠠᠩ᠎ᠤᠨ ᠳᠠᠷᠤᠭ᠎ᠠ ᠪᠣᠯᠭ᠋ᠠᠭᠰᠠᠨ ᠤᠳᠤᠷᠢᠳᠬᠤ ᠳᠤᠭᠤᠢ᠍ᠢ᠍ᠯᠠᠩ᠎ᠢ ᠪᠠᠢ᠍ᠢ᠍ᠭᠤᠯᠵᠤ᠂ ᠪᠣᠳᠠᠲᠠᠶ ᠠᠵᠢᠯ᠎ᠤᠨ ᠲᠥᠰᠦᠯ᠎ᠢ ᠲᠣᠭᠲᠠᠭ᠋ᠠᠪᠠ᠃ ᠣᠳᠣᠬᠠᠨ᠎ᠳᠤ᠂ ᠤᠰᠤᠨ ᠠᠰᠢᠬᠯᠠᠯᠲᠠ ᠵᠢᠨ ᠶᠠᠮᠤᠨ ᠶᠠᠭ ᠵᠡᠭᠦᠨ ᠱᠤᠭᠤᠮ᠎ᠤᠨ ᠬᠣᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠂ ᠳᠤᠮᠳᠠ ᠱᠤᠭᠤᠮ᠎ᠤᠨ ᠬᠥᠬᠡᠮᠥ᠋ᠷᠡᠨ᠎ᠤ ᠤᠰᠤ ᠵᠢ ᠲᠠᠲᠠᠵᠤ ᠬᠠᠨ ᠵᠢᠶᠠᠩ ᠭᠤᠤᠯ᠎ᠢ ᠨᠥᠬᠥᠪᠥᠷᠢᠯᠡᠬᠦ ᠢᠨᠵᠧᠨᠧᠷᠢᠩ᠎ᠤᠨ ᠪᠣᠯᠤᠮᠵᠢᠲᠤ ᠰᠤᠳᠤᠯᠭ᠋ᠠᠨ᠎ᠤ ᠮᠡᠳᠡᠭᠦᠯᠦᠯᠲᠡ ᠵᠢ ᠨᠠᠢ᠍ᠢ᠍ᠷᠠᠭᠤᠯᠤᠨ ᠵᠣᠬᠢᠶᠠᠬᠤ ᠠᠵᠢᠯ᠎ᠢ ᠵᠣᠬᠢᠶᠠᠨ ᠪᠠᠢ᠍ᠢ᠍ᠭᠤᠯᠤᠨ ᠥᠷᠨᠢᠭᠦᠯᠵᠦ ᠪᠠᠢ᠍ᠢ᠍ᠨ᠎ᠠ᠃ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠤᠨ ᠱᠤᠭᠤᠮ᠎ᠨᠢ ᠤᠷᠲᠤ᠂ ᠬᠡᠪᠴᠢᠶ᠎ᠡ᠎ᠨᠢ ᠥᠷᠭᠡᠨ᠂ ᠬᠣᠯᠪᠣᠭᠳᠠᠬᠤ ᠭᠠᠵᠠᠷ ᠣᠷᠣᠨ᠎ᠨᠢ ᠨᠡᠯᠢᠶᠡᠳ ᠤᠯᠠᠨ ᠪᠣᠯᠬᠣᠷ ᠬᠢᠵᠢᠭ᠎ᠤᠨ ᠪᠠᠢ᠍ᠢ᠍ᠳᠠᠯ᠎ᠨᠢ ᠡᠮᠦᠨᠡᠬᠢ ᠬᠤᠭᠤᠴᠠᠭ᠋ᠠᠨ᠎ᠤ ᠠᠵᠢᠯ᠎ᠳᠤ ᠦᠨᠡᠬᠡᠷ ᠡᠳᠦᠢ ᠲᠡᠳᠦᠢ ᠨᠥᠯᠥᠭᠡ ᠦᠵᠡᠭᠦᠯᠦᠭᠰᠡᠨ ᠪᠠᠢ᠍ᠢ᠍ᠨ᠎ᠠ᠃ ᠵᠢᠱ᠌ᠢᠶᠡᠯᠡᠪᠡᠯ᠂ ᠬᠢᠵᠢᠭ᠎ᠤᠨ ᠪᠠᠢ᠍ᠢ᠍ᠳᠠᠯ᠎ᠤᠨ ᠬᠤᠭᠤᠴᠠᠭ᠋ᠠᠨ᠎ᠳᠤ ᠵᠠᠮ ᠬᠠᠷᠢᠯᠴᠠᠭ᠎ᠠ ᠵᠢ ᠵᠠᠬᠢᠷᠤᠨ ᠬᠠᠮᠢᠶᠠᠷᠬᠤ᠂ ᠣᠷᠣᠨ ᠠᠯᠤᠰᠯᠠᠨ ᠲᠤᠰᠠᠭ᠋ᠠᠷᠯᠠᠬᠤ ᠵᠡᠷᠭᠡ ᠠᠷᠭ᠎ᠠ ᠬᠡᠮᠵᠢᠶ᠎ᠡ ᠠᠪᠤᠭᠰᠠᠨ᠎ᠠᠴᠠ ᠪᠣᠯᠵᠣ᠂ ᠵᠢᠷᠤᠵᠤ ᠲᠥᠯᠥᠪᠯᠡᠬᠦ ᠨᠢᠭᠡᠴᠢ ᠵᠢᠨ ᠲᠤᠬᠠᠶ ᠵᠢᠨ ᠲᠠᠯᠠᠪᠤᠷ᠎ᠤᠨ ᠬᠠᠢ᠍ᠢ᠍ᠨ ᠬᠡᠮᠵᠢᠯᠲᠡ ᠵᠡᠷᠭᠡ ᠠᠵᠢᠯ ᠲᠥᠷᠥᠯ᠎ᠤᠨ ᠠᠵᠢᠯ᠎ᠤᠨ ᠬᠡᠪ᠎ᠤᠨ ᠪᠠᠢ᠍ᠢ᠍ᠳᠠᠯ ᠵᠶ᠋ᠠᠷ ᠶᠠᠪᠤᠭᠳᠠᠬᠤ ᠵᠢᠨ ᠠᠷᠭ᠎ᠠ ᠥᠬᠡᠶ ᠪᠣᠯᠭ᠋ᠠᠭᠰᠠᠨ ᠪᠠᠢ᠍ᠢ᠍ᠨ᠎ᠠ᠃ ᠪᠠᠰᠠ ᠵᠢᠱ᠌ᠢᠶᠡᠯᠡᠪᠡᠯ᠂ ᠬᠢᠵᠢᠭ᠎ᠤᠨ ᠪᠠᠢ᠍ᠢ᠍ᠳᠠᠯ᠎ᠤᠨ ᠬᠤᠭᠤᠴᠠᠭ᠋ᠠᠨ᠎ᠳᠤ ᠬᠥᠮᠦᠨ ᠬᠠᠷ᠎ᠠ ᠴᠤᠭᠯᠠᠷᠠᠬᠤ᠎ᠠᠴᠠ ᠵᠠᠢ᠍ᠢ᠍ᠯᠠᠰᠬᠢᠭᠰᠡᠨ᠎ᠠᠴᠠ ᠤᠤᠯ᠎ᠤᠨ ᠲᠥᠯᠥᠪᠯᠡᠵᠦ ᠪᠠᠢ᠍ᠢ᠍ᠭᠰᠠᠨ ᠲᠥᠪᠯᠡᠷᠡᠭᠦᠯᠦᠨ ᠠᠵᠢᠯᠯᠠᠬᠤ᠂ ᠠᠵᠢᠯ᠎ᠤᠨ ᠠᠬᠢᠴᠠ ᠵᠢ ᠲᠦᠷᠭᠡᠳᠬᠡᠬᠦ ᠲᠥᠰᠦᠯ ᠴᠦ᠍ ᠡᠳᠦᠢ ᠲᠡᠳᠦᠢ ᠨᠥᠯᠥᠭᠡᠯᠡᠭᠳᠡᠵᠡᠶ᠃ ᠡᠭᠦᠨ᠎ᠤ ᠬᠠᠮᠳᠤ᠂ ᠬᠢᠵᠢᠭ᠎ᠤᠨ ᠪᠠᠢ᠍ᠢ᠍ᠳᠠᠯ᠎ᠤᠨ ᠬᠤᠭᠤᠴᠠᠭ᠋ᠠᠨ᠎ᠳᠤ ᠪᠠᠰᠠ ᠶᠡᠬᠡ ᠬᠡᠮᠵᠢᠶᠡᠨ᠎ᠤ ᠨᠡᠪᠲᠡᠷᠡᠯᠴᠡᠬᠦ ᠴᠢᠬᠤᠯᠠᠲᠠᠶ ᠠᠵᠢᠯ ᠪᠠᠢ᠍ᠢ᠍ᠬᠤ ᠪᠥᠭᠡᠳ ᠬᠢᠬᠦ ᠵᠢᠨ ᠠᠷᠭ᠎ᠠ ᠥᠬᠡᠶ ᠪᠤᠯᠭ᠋ᠠᠭᠰᠠᠨ ᠶᠤᠮ᠂ ᠢᠯᠠᠩᠭᠤᠶ᠎ᠠ ᠲᠠᠲᠠᠪᠤᠷᠢᠯᠠᠨ ᠨᠡᠭᠦᠯᠭᠡᠬᠦ ᠡᠷᠦᠬᠡ᠎ᠳᠤ ᠪᠠᠢ᠍ᠢ᠍ᠴᠠᠭ᠋ᠠᠯᠲᠠ ᠬᠢᠬᠦ᠂ ᠣᠷᠴᠢᠨ ᠠᠬᠤᠶ ᠵᠢᠨ ᠨᠥᠯᠥᠭᠡᠯᠡᠯ᠎ᠤᠨ ᠦᠨᠡᠯᠡᠯᠲᠡ ᠬᠢᠬᠦ ᠵᠡᠷᠭᠡ ᠴᠢᠬᠤᠯᠠ ᠨᠥᠬᠥᠴᠡᠯ᠎ᠢ ᠰᠢᠢ᠍ᠳᠪᠦᠷᠢᠯᠡᠬᠦ᠎ᠳᠤ ᠴᠥᠮ ᠬᠦᠴᠢᠷᠳᠡᠯ ᠤᠴᠠᠷᠠᠭᠤᠯᠤᠭᠰᠠᠨ ᠪᠠᠢ᠍ᠢ᠍ᠨ᠎ᠠ᠃ ᠬᠢᠵᠢᠭ᠎ᠤᠨ ᠪᠠᠢ᠍ᠢ᠍ᠳᠠᠯ᠎ᠤᠨ ᠬᠤᠭᠤᠴᠠᠭ᠋ᠠᠨ᠎ᠳᠤ ᠪᠢᠳᠡ ᠡᠳᠡᠭᠡᠷ ᠠᠰᠠᠭᠤᠳᠠᠯ᠎ᠢ ᠬᠡᠷᠬᠢᠨ ᠰᠢᠢ᠍ᠳᠪᠦᠷᠢᠯᠡᠬᠦ ᠪᠤᠶ ᠭᠡᠭᠦ ᠳᠤᠬᠠᠢ ᠳᠤᠩ ᠤᠯᠠᠨ ᠬᠠᠨᠳᠤᠯᠭ᠋ᠠᠲᠤ ᠴᠢᠨᠠᠷᠲᠠᠶ ᠠᠷᠭ᠎ᠠ ᠬᠡᠮᠵᠢᠶ᠎ᠡ ᠵᠢ ᠠᠪᠤᠭᠰᠠᠨ ᠭᠡᠵᠦ ᠬᠡᠯᠡᠵᠦ ᠪᠣᠯᠤᠨ᠎ᠠ᠂ ᠭᠡᠪᠡᠴᠦ ᠬᠠᠮᠤᠭ᠎ᠤᠨ ᠴᠢᠬᠤᠯᠠ ᠵᠢ᠎ᠨᠢ ᠪᠢ ᠡᠢ᠍ᠢ᠍ᠮᠦ ᠨᠢᠭᠡ ᠦᠭᠡ᠎ᠪᠠᠷ ᠬᠤᠷᠢᠶᠠᠩᠭᠤᠢ᠍ᠢ᠍ᠯᠠᠶ᠎ᠠ᠄ ᠨᠢᠭᠡ ᠣᠨᠣᠴᠠᠲᠠᠶ ᠵᠢ ᠪᠡᠶᠡᠯᠡᠭᠦᠯᠵᠤ᠂ ᠭᠤᠷᠪᠠᠨ ᠭᠣᠭᠴᠣᠭ᠎ᠠ ᠵᠢ ᠴᠢᠩᠭ᠎ᠠ ᠠᠳᠬᠤᠨ᠎ᠠ᠃ ᠨᠢᠭᠡ ᠣᠨᠣᠴᠠᠲᠠᠶ ᠭᠡᠳᠡᠭ᠎ᠨᠢ ᠳᠠᠷᠤᠶ ᠢᠨᠵᠧᠨᠧᠷᠢᠩ᠎ᠤᠨ ᠲᠦᠷᠦᠯ ᠵᠦᠢ᠍ᠯ ᠪᠤᠶᠤ ᠶᠠᠮᠠᠷ ᠨᠢᠭᠡᠨ ᠬᠡᠰᠡᠭ ᠢᠨᠵᠧᠨᠧᠷᠢᠩ᠎ᠤᠨ ᠣᠷᠣᠰᠢᠵᠤ ᠪᠠᠢ᠍ᠢ᠍ᠭ᠎ᠠ ᠠᠶᠤᠯ ᠲᠦᠭᠰᠢᠭᠦᠷᠢ ᠵᠢᠨ ᠲᠡᠰ᠎ᠢ ᠨᠠᠷᠢᠯᠢᠭ ᠣᠨᠣᠴᠠᠲᠠᠶ᠎ᠪᠠᠷ ᠰᠤᠳᠤᠯᠬᠤ ᠶᠠᠪᠤᠳᠠᠯ ᠪᠣᠯᠤᠨ᠎ᠠ᠃ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ ᠪᠣᠯ ᠱᠤᠭᠤᠮ᠎ᠤᠨ ᠴᠢᠨᠠᠷᠲᠠᠶ ᠢᠨᠵᠧᠨᠧᠷᠢᠩ ᠪᠣᠯᠬᠤ ᠪᠥᠭᠡᠳ ᠬᠣᠯᠪᠣᠭᠳᠠᠬᠤ ᠲᠠᠯ᠎ᠠ᠎ᠨᠢ ᠳᠤᠩ ᠤᠯᠠᠨ᠂ ᠵᠢᠷᠤᠭ ᠲᠥᠯᠥᠪᠯᠡᠭᠡᠨ᠎ᠤ ᠨᠢᠭᠡᠴᠢ᠎ᠳᠤ ᠠᠷᠪᠠᠨ ᠬᠡᠳᠦᠨ ᠬᠥᠮᠦᠨ ᠣᠷᠣᠯᠴᠠᠵᠠᠶ᠃ ᠬᠡᠷᠪᠡ ᠶᠠᠮᠠᠷ ᠨᠢᠭᠡᠨ ᠭᠠᠵᠠᠷ ᠣᠷᠣᠨ᠎ᠨᠢ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠭᠦ ᠳᠣᠣᠷ᠎ᠠ ᠠᠶᠤᠯ ᠲᠦᠭᠰᠢᠭᠦᠷᠢ᠎ᠲᠠᠢ ᠭᠠᠵᠠᠷ ᠤᠷᠤᠨ᠎ᠳᠤ ᠲᠣᠭ᠋ᠠᠴᠠᠭᠳᠠᠬᠤ ᠪᠣᠯᠪᠠᠴᠤ ᠲᠦᠷᠦᠯ ᠵᠦᠢ᠍ᠯ᠎ᠢ ᠳᠠᠭ᠋ᠠᠭ᠋ᠠᠨ ᠠᠪᠤᠭᠰᠠᠨ ᠵᠢᠷᠤᠵᠤ ᠲᠥᠯᠥᠪᠯᠡᠬᠦ ᠨᠢᠭᠡᠴᠢ᠎ᠨᠢ ᠠᠶᠤᠯ ᠲᠦᠭᠰᠢᠭᠦᠷᠢ ᠶᠡᠬᠡᠲᠡᠶ ᠣᠷᠣᠨ᠎ᠳᠤ ᠪᠠᠢ᠍ᠢ᠍ᠪᠠᠯ ᠳᠣᠣᠷ᠎ᠠ ᠠᠶᠤᠯ ᠲᠦᠭᠰᠢᠭᠦᠷᠢ᠎ᠲᠠᠢ ᠭᠠᠵᠠᠷ ᠤᠷᠤᠨ᠎ᠤ ᠬᠠᠮᠢᠶᠠᠷᠤᠯᠲᠠ᠎ᠪᠠᠷ ᠦᠨᠳᠦᠰᠦᠯᠡᠯ ᠪᠤᠯᠭ᠋ᠠᠵᠤ ᠪᠣᠯᠬᠤ ᠦᠭᠡᠢ᠂ ᠤᠴᠢᠷ᠎ᠨᠢ ᠲᠡᠳᠡᠭᠡᠷ ᠬᠥᠮᠦᠰ ᠭᠠᠷᠴᠤ ᠢᠷᠡᠵᠦ ᠳᠡᠢ᠍ᠢ᠍ᠯᠬᠦ ᠦᠭᠡᠢ ᠪᠥᠭᠡᠳ ᠡᠨᠡ ᠬᠦ᠌ ᠣᠷᠣᠨ ᠪᠦᠰᠡ᠎ᠳᠤ ᠴᠦ᠍ ᠣᠷᠣᠵᠤ ᠳᠡᠢ᠍ᠢ᠍ᠯᠬᠦ ᠦᠭᠡᠢ ᠶᠤᠮ᠃ ᠡᠢ᠍ᠢ᠍ᠮᠦ᠎ᠠᠴᠠ ᠤᠨᠢᠨ ᠳᠡᠭᠡᠷ᠎ᠡ᠎ᠨᠢ ᠲᠦᠷᠦ ᠵᠢᠨ ᠪᠤᠳᠤᠯᠭ᠎ᠠ ᠵᠢ ᠬᠡᠷᠡᠭᠵᠢᠭᠦᠯᠬᠦ ᠵᠢᠨ       ᠲᠥᠯᠥᠭᠡ᠂ ᠪᠢᠳᠡ ᠬᠣᠶᠠᠷ ᠵᠢᠷᠤᠭ ᠵᠢᠷᠤᠪᠠ᠂ ᠨᠢᠭᠡ᠎ᠨᠢ ᠵᠠᠮ ᠳᠠᠭ᠋ᠠᠤ ᠵᠢᠨ ᠢᠨᠵᠧᠨᠧᠷᠢᠩ᠎ᠤᠨ ᠭᠠᠵᠠᠷ᠎ᠤᠨ ᠲᠠᠷᠬᠠᠯᠲᠠ ᠵᠢᠨ ᠵᠢᠷᠤᠭ᠂ ᠨᠢᠭᠡ᠎ᠨᠢ ᠵᠢᠷᠤᠭ ᠲᠥᠯᠥᠪᠯᠡᠭᠡ᠎ᠳᠤ ᠣᠷᠣᠯᠴᠠᠭᠰᠠᠨ ᠨᠢᠭᠡᠴᠢ ᠵᠢᠨ ᠪᠠᠢ᠍ᠢ᠍ᠭ᠎ᠠ ᠭᠠᠵᠠᠷ ᠣᠷᠣᠨ᠎ᠤ ᠲᠠᠷᠬᠠᠯᠲᠠ ᠵᠢᠨ ᠵᠢᠷᠤᠭ ᠪᠣᠯᠤᠨ᠎ᠠ᠂ ᠡᠨᠡ ᠬᠣᠶᠠᠷ ᠵᠢᠷᠤᠭ᠎ᠢ ᠬᠢᠵᠢᠭ᠎ᠤᠨ ᠪᠠᠢ᠍ᠢ᠍ᠳᠠᠯ᠎ᠤᠨ ᠬᠤᠪᠢᠶᠠᠷᠢ ᠲᠣᠭᠣᠷᠢᠭ᠎ᠤᠨ ᠵᠢᠷᠤᠭ᠎ᠲᠠᠢ ᠬᠠᠮᠲᠤᠳᠬᠠᠪᠠᠯ᠂ ᠲᠡᠷᠡ᠎ᠨᠢ ᠠᠯᠢ ᠭᠠᠵᠠᠷ ᠣᠷᠣᠨ᠎ᠳᠤ ᠬᠠᠷᠢᠶᠠᠯᠠᠭᠳᠠᠬᠤ ᠵᠢ ᠣᠨᠣᠪᠴᠢᠲᠠᠢ ᠮᠠᠭ᠋ᠠᠳᠯᠠᠵᠤ ᠪᠣᠯᠤᠨ᠎ᠠ᠃ ᠬᠡᠯᠡᠯᠭᠡᠨ ᠦᠭᠡᠢ᠂ ᠪᠠᠰᠠ ᠣᠷᠣᠨ ᠨᠤᠲᠤᠭ᠎ᠲᠠᠢ ᠵᠣᠬᠢᠴᠠᠭᠤᠯᠤᠨ ᠨᠡᠪᠲᠡᠷᠡᠯᠴᠡᠵᠦ᠂ ᠡᠭᠦᠨ᠎ᠤ ᠤᠯᠠᠮ᠎ᠠᠴᠠ ᠨᠠᠷᠢᠯᠢᠭ ᠣᠨᠣᠴᠠᠲᠠᠶ ᠪᠠᠢ᠍ᠢ᠍ᠬᠤ ᠵᠢ ᠪᠡᠶᠡᠯᠡᠭᠦᠯᠳᠡᠭ᠃
      ᠱ᠌ᠢ ᠴᠦᠨ ᠰᠢᠶᠠᠨ 2020 — 03 — 26 15: 59: 35
      ᠭᠤᠷᠪᠠᠨ ᠭᠣᠭᠴᠣᠭ᠎ᠠ ᠵᠢ ᠴᠢᠩᠭ᠎ᠠ ᠠᠳᠬᠤᠬᠤ᠎ᠳᠤ᠂ ᠨᠢᠭᠡᠳᠦᠭᠡᠷ ᠭᠣᠭᠴᠣᠭ᠎ᠠ᠎ᠨᠢ ᠳᠠᠷᠤᠢ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠵᠤ᠂ ᠸᠢᠳᠢᠣ᠋ ᠵᠢ ᠠᠰᠢᠬᠯᠠᠨ ᠳᠤᠬᠢᠷᠠᠭᠤᠯᠤᠨ ᠵᠥᠪᠳᠡᠯᠴᠡᠬᠦ ᠠᠵᠢᠯ᠎ᠢ ᠥᠷᠨᠢᠭᠦᠯᠵᠦ᠂ ᠡᠮᠦᠨᠡᠬᠢ ᠬᠤᠭᠤᠴᠠᠭ᠋ᠠᠨ᠎ᠤ ᠠᠵᠢᠯ᠎ᠤᠨ ᠬᠦᠴᠢᠷ ᠵᠣᠪᠠᠭᠤᠷᠢ ᠵᠢ ᠰᠢᠢ᠍ᠳᠪᠦᠷᠢᠯᠡᠵᠦ ᠥᠭᠬᠦ ᠶᠠᠪᠤᠳᠠᠯ ᠪᠣᠯᠤᠨ᠎ᠠ᠃ 2 ᠰᠠᠷ᠎ᠠ᠎ᠠᠴᠠ ᠨᠠᠭ᠋ᠠᠰᠢ᠂ ᠪᠢᠳᠡ ᠠᠬᠢᠴᠠ ᠵᠢᠨ ᠪᠠᠢ᠍ᠢ᠍ᠳᠠᠯ ᠵᠶ᠋ᠠᠨ ᠦᠨᠳᠦᠰᠦᠯᠡᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠵᠤ᠂ ᠯᠠᠨ ᠰᠢᠨ ᠵᠦᠭᠡᠯᠡᠨ ᠳᠤᠨᠤᠭ᠎ᠢ ᠠᠰᠢᠬᠯᠠᠨ ᠬᠤᠷᠠᠯ ᠬᠢᠭᠦ ᠬᠡᠯᠪᠡᠷᠢ᠎ᠪᠠᠷ ᠴᠠᠭ ᠢᠮᠠᠭᠲᠠ ᠲᠣᠬᠢᠷᠠᠭᠤᠯᠤᠯᠲᠠ ᠬᠢᠵᠦ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠠᠵᠢᠯ᠎ᠢ ᠠᠬᠢᠭᠤᠯᠪᠠ᠃ ᠲᠣᠬᠢᠷᠠᠭᠤᠯᠬᠤ ᠶᠠᠪᠤᠴᠠ᠎ᠳᠤ᠂ ᠵᠢᠷᠤᠭ ᠲᠥᠯᠥᠪᠯᠡᠭᠡ ᠵᠢᠨ ᠨᠢᠭᠡᠴᠢ ᠵᠢᠨ ᠳᠤᠷᠠᠳᠤᠭᠰᠠᠨ ᠬᠦᠴᠢᠷᠳᠡᠯ ᠪᠠ ᠠᠰᠠᠭᠤᠳᠠᠯ᠎ᠢ ᠪᠢᠳᠡ ᠴᠥᠮ ᠴᠠᠭ ᠲᠤᠬᠠᠶ᠎ᠳᠤᠨᠢ ᠰᠢᠢ᠍ᠳᠪᠦᠷᠢᠯᠡᠵᠦ᠂ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠯᠬᠢᠨ ᠠᠬᠢᠭᠤᠯᠬᠤ᠎ᠳᠤ ᠵᠠᠮ ᠴᠡᠪᠡᠷᠯᠡᠵᠦ ᠥᠭᠴᠡᠶ᠃ ᠬᠣᠶᠠᠳᠤᠭ᠋ᠠᠷ ᠭᠣᠭᠴᠣᠭ᠎ᠠ᠎ᠨᠢ ᠳᠠᠷᠤᠶ ᠵᠢᠷᠤᠭ ᠲᠥᠯᠥᠪᠯᠡᠭᠡ ᠵᠢᠨ ᠨᠢᠭᠡᠴᠢ ᠵᠢ ᠱᠠᠯᠠᠪᠳᠠᠭᠤᠯᠤᠨ ᠠᠵᠢᠯ᠎ᠤᠨ ᠠᠷᠭ᠎ᠠ ᠬᠡᠯᠪᠡᠷᠢ ᠵᠢᠨ ᠲᠠᠯ᠎ᠠ᠎ᠪᠠᠷ ᠰᠢᠨ᠎ᠡ ᠵᠢ ᠡᠭᠦᠳᠴᠦ᠂ ᠬᠠᠢ᠍ᠢ᠍ᠨ ᠬᠡᠮᠵᠢᠵᠦ ᠵᠢᠷᠤᠵᠤ ᠲᠥᠯᠥᠪᠯᠡᠬᠦ ᠠᠬᠢᠴᠠ ᠵᠢ ᠲᠦᠷᠭᠡᠪᠴᠢᠯᠡᠨ ᠠᠬᠢᠭᠤᠯᠬᠤ ᠶᠠᠪᠤᠳᠠᠯ ᠪᠣᠯᠤᠨ᠎ᠠ᠂ ᠵᠢᠱ᠌ᠢᠶᠡᠯᠡᠪᠡᠯ᠂ ᠭᠡᠷ᠎ᠲᠡᠭᠡᠨ ᠠᠵᠢᠯᠯᠠᠬᠤ᠂ ᠰᠦᠯᠵᠢᠶᠡᠨ ᠳᠡᠭᠡᠷ᠎ᠡ ᠠᠵᠢᠯᠯᠠᠬᠤ᠂ ᠸᠢᠳᠢᠣ᠋᠎ᠪᠠᠷ ᠰᠣᠯᠢᠯᠴᠠᠬᠤ ᠵᠡᠷᠭᠡ ᠠᠷᠭ᠎ᠠ ᠬᠡᠯᠪᠡᠷᠢ ᠵᠢ ᠬᠡᠷᠡᠭᠯᠡᠨ᠎ᠡ᠃ ᠭᠠᠳᠠᠨᠠᠬᠢ ᠠᠵᠢᠯ᠎ᠳᠤ ᠵᠢᠯᠣᠭᠣᠴᠢ ᠥᠬᠡᠶ ᠨᠢᠰᠬᠡᠯ᠂ ᠭᠤᠷᠪᠠᠨ ᠬᠡᠮᠵᠢᠯ᠎ᠤᠨ ᠪᠣᠳᠠᠲᠤ ᠦᠵᠡᠮᠵᠢ ᠵᠢᠨ ᠰᠢᠰᠲ᠋ᠧᠮ᠎ᠢ ᠪᠠᠢ᠍ᠢ᠍ᠴᠠᠭ᠋ᠠᠨ ᠰᠢᠨᠵᠢᠬᠦ ᠵᠡᠷᠭᠡ ᠲᠡᠷᠢᠭᠦᠨ᠎ᠤ ᠠᠷᠭ᠎ᠠ ᠵᠢ ᠠᠪᠴᠤ᠂ ᠬᠢᠵᠢᠭ᠎ᠤᠨ ᠪᠠᠢ᠍ᠢ᠍ᠳᠠᠯ᠎ᠤᠨ ᠠᠵᠢᠯ᠎ᠳᠤ ᠦᠵᠡᠭᠦᠯᠬᠦ ᠨᠥᠯᠥᠭᠡ ᠵᠢ ᠠᠯᠢ ᠴᠢᠳᠠᠬᠤ᠎ᠪᠠᠷ ᠪᠠᠭ᠋ᠠᠰᠬᠠᠪᠠ᠃ ᠭᠤᠷᠪᠠᠳᠤᠭ᠋ᠠᠷ ᠭᠤᠭᠴᠤᠭ᠎ᠠ᠎ᠨᠢ ᠳᠠᠷᠤᠶ ᠬᠢᠨᠠᠨ ᠪᠠᠢ᠍ᠢ᠍ᠴᠠᠭ᠋ᠠᠬᠤ ᠨᠢᠭᠡᠴᠢ ᠤᠷᠢᠳᠴᠢᠯᠠᠨ ᠣᠷᠣᠯᠴᠠᠵᠤ᠂ ᠮᠡᠷᠭᠡᠵᠢᠯ᠎ᠤᠨ ᠵᠢᠯᠤᠭᠤᠳᠤᠯᠭ᠎ᠠ᠎ᠪᠠᠨ ᠴᠢᠩᠭ᠋ᠠᠳᠬᠠᠬᠤ ᠶᠠᠪᠤᠳᠠᠯ ᠪᠣᠯᠤᠨ᠎ᠠ᠃ ᠮᠠᠨ᠎ᠤ ᠬᠢᠨᠠᠨ ᠪᠠᠢ᠍ᠢ᠍ᠴᠠᠭ᠋ᠠᠬᠤ ᠨᠢᠭᠡᠴᠢ᠎ᠳᠤ ᠬᠣᠶᠠᠷ ᠲᠤᠰᠬᠠᠶ ᠮᠡᠷᠭᠡᠵᠢᠯᠲᠡᠨ᠎ᠤ ᠳᠤᠭᠤᠢ᠍ᠢ᠍ᠯᠠᠩ ᠪᠠᠢ᠍ᠢ᠍ᠭᠤᠯᠵᠤ᠂ ᠵᠢᠷᠤᠭ ᠲᠥᠯᠥᠪᠯᠡᠭᠡᠨ᠎ᠤ ᠨᠢᠭᠡᠴᠢ᠎ᠯᠦᠭᠡ ᠵᠢᠨ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠨᠢᠭᠡ ᠨᠢᠭᠡᠳ ᠵᠶ᠋ᠠᠷ ᠮᠡᠷᠭᠡᠵᠢᠯ᠎ᠤᠨ ᠵᠢᠯᠤᠭᠤᠳᠤᠯᠭ᠎ᠠ ᠶᠠᠪᠤᠭᠤᠯᠪᠠ᠃ ᠡᠭᠦᠨ᠎ᠤ ᠬᠠᠮᠳᠤ᠎ᠳᠤ ᠵᠢᠷᠤᠭ ᠲᠥᠯᠥᠪᠯᠡᠭᠡ ᠵᠢᠨ ᠨᠢᠭᠡᠴᠢ ᠴᠦ᠍ ᠬᠡᠷᠡᠭᠴᠡᠭᠡ᠎ᠪᠠᠨ ᠦᠨᠳᠦᠰᠦᠯᠡᠨ ᠲᠧᠩ ᠰᠢᠶᠦ᠋ᠨ ᠬᠤᠷᠠᠯ᠂ ᠵᠢᠷᠬᠢᠶ᠎ᠡ ᠵᠢᠨ ᠬᠤᠯᠪᠤᠭ᠋ᠠᠨ᠎ᠳᠤ ᠡᠳᠦᠢ ᠲᠡᠳᠦᠢ ᠵᠥᠪᠯᠡᠯᠭᠡ ᠨᠤᠲᠠᠯᠠᠯᠲᠠ ᠬᠢᠵᠦ᠂ ᠮᠡᠷᠭᠡᠵᠢᠯ᠎ᠤᠨ ᠲᠠᠯ᠎ᠠ᠎ᠪᠠᠷ᠎ᠬᠢ ᠵᠠᠩᠭᠢᠯᠠᠭ᠎ᠠ ᠵᠢᠨ ᠠᠰᠠᠭᠤᠳᠠᠯ᠎ᠢ ᠴᠠᠭ ᠲᠤᠬᠠᠶ᠎ᠳᠤᠨᠢ ᠬᠠᠪᠰᠤᠷᠤᠨ ᠰᠢᠢ᠍ᠳᠪᠦᠷᠢᠯᠡᠵᠦ ᠥᠭᠭᠦᠭᠰᠡᠨ ᠪᠠᠢ᠍ᠢ᠍ᠨ᠎ᠠ᠃ ᠴᠢᠷᠮᠠᠢ᠍ᠢ᠍ᠯᠭ᠎ᠠ᠎ᠪᠠᠷ ᠳᠠᠮᠵᠢᠭ᠋ᠠᠳ᠂ ᠣᠳᠣᠬᠠᠨ᠎ᠳᠤ ᠵᠡᠭᠦᠨ ᠱᠤᠭᠤᠮ᠎ᠤᠨ ᠬᠣᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠬᠡᠷᠡᠭᠵᠢᠭᠦᠯᠵᠦ ᠪᠣᠯᠬᠤᠢ᠍ᠢ᠍ᠴᠠ ᠰᠤᠳᠤᠯᠭ᠋ᠠᠨ᠎ᠤ ᠱᠠᠲᠤᠨ᠎ᠤ ᠠᠵᠢᠯ᠎ᠤᠨ ᠭᠣᠤᠯ ᠵᠠᠩᠭᠢᠯᠠᠭ᠎ᠠ ᠵᠢᠨ ᠴᠡᠭ᠎ᠤᠨ ᠠᠵᠢᠯ᠎ᠤᠨ ᠬᠤᠭᠤᠴᠠᠭ᠎ᠠ ᠵᠢ ᠴᠥᠮ ᠪᠡᠶᠡᠯᠡᠭᠦᠯᠵᠦ ᠳᠡᠢ᠍ᠢ᠍ᠯᠬᠦ ᠪᠣᠯᠵᠠᠶ᠃ ᠡᠢ᠍ᠢ᠍ᠮᠦ᠎ᠠᠴᠠ ᠪᠢᠳᠡ ᠬᠢᠵᠢᠭ᠎ᠤᠨ ᠪᠠᠢ᠍ᠢ᠍ᠳᠠᠯ᠎ᠠᠴᠠ ᠢᠨᠵᠧᠨᠧᠷᠢᠩ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠳᠤ ᠦᠵᠡᠭᠦᠯᠬᠦ ᠨᠥᠯᠥᠭᠡ ᠵᠢ ᠨᠦᠭᠦᠪᠦᠷᠢᠯᠡᠵᠤ᠂ ᠢᠨᠵᠧᠨᠧᠷᠢᠩ᠎ᠤᠨ ᠠᠵᠢᠯ᠎ᠢ ᠡᠷᠲᠡᠬᠡᠨ ᠡᠬᠢᠯᠡᠭᠦᠯᠬᠦ᠎ᠳᠤ ᠨᠥᠬᠥᠴᠡᠯ ᠪᠦᠷᠢᠯᠳᠦᠭᠦᠯᠵᠦ ᠥᠭᠬᠦ ᠡᠷᠡᠰ ᠵᠣᠷᠢᠭ᠎ᠲᠠᠢ ᠪᠥᠭᠡᠳ ᠢᠲᠡᠭᠡᠯ᠎ᠲᠠᠢ ᠪᠠᠢ᠍ᠢ᠍ᠨ᠎ᠠ᠃ ᠪᠠᠶᠠᠷᠯᠠᠯ᠎ᠠ᠃

      ᠰᠢᠶᠠᠩᠭ᠋ᠠᠩ᠎ᠤᠨ ᠳᠤᠮᠳᠠᠳᠤ ᠤᠯᠤᠰ᠎ᠤᠨ ᠰᠢᠭᠦᠮᠵᠢ ᠵᠢᠨ ᠮᠡᠳᠡᠭᠡᠯᠡᠯ᠎ᠤᠨ ᠬᠤᠷᠢᠶ᠎ᠠ ᠵᠢᠨ ᠰᠤᠷᠪᠤᠯᠵᠢᠯᠠᠭᠴᠢ 2020 — 03 — 26 16᠄ 09᠄ 34
 ᠮᠡᠳᠡᠭᠡᠯᠡᠭᠰᠡᠨ ᠵᠶ᠋ᠠᠷ᠂ ᠬᠢᠵᠢᠭ᠎ᠤᠨ ᠪᠠᠢ᠍ᠢ᠍ᠳᠠᠯ᠎ᠤᠨ ᠬᠤᠭᠤᠴᠠᠭ᠋ᠠᠨ᠎ᠳᠤ ᠬᠥᠬᠡᠮᠥ᠋ᠷᠡᠨ᠎ᠤ ᠳᠤᠮᠳᠠ ᠳᠣᠤᠷᠠᠳᠤ ᠤᠷᠤᠰᠬᠠᠯ᠎ᠤᠨ ᠤᠰᠤ ᠬᠠᠩᠭ᠋ᠠᠬᠤ᠂ ᠴᠠᠬᠢᠯᠭ᠋ᠠᠨ ᠭᠠᠷᠭ᠋ᠠᠬᠤ᠎ᠳᠤ ᠬᠡᠷᠡᠭᠯᠡᠬᠦ ᠤᠰᠤ᠂ ᠤᠰᠤᠨ ᠵᠠᠮ᠎ᠤᠨ ᠲᠡᠭᠡᠭᠡᠪᠦᠷᠢ᠎ᠳᠤ ᠬᠡᠷᠡᠭᠯᠡᠬᠦ ᠤᠰᠤᠨ᠎ᠤ ᠬᠡᠷᠡᠭᠴᠡᠭᠡ ᠵᠢ ᠪᠠᠲᠤᠯᠠᠬᠤ ᠵᠢᠨ ᠲᠥᠯᠥᠭᠡ᠂ ᠭᠤᠷᠪᠠᠨ ᠬᠠᠪᠴᠢᠯ᠎ᠤᠨ ᠤᠰᠤᠨ ᠴᠥᠭᠥᠷᠥᠮ᠎ᠤᠨ ᠤᠰᠤ ᠵᠢ ᠬᠥᠮᠥᠷᠭᠡ᠎ᠠᠴᠠ ᠭᠠᠷᠭ᠋ᠠᠬᠤ ᠬᠡᠮᠵᠢᠶ᠎ᠡ ᠵᠢ ᠨᠡᠮᠡᠭᠳᠡᠭᠦᠯᠪᠡ᠃ ᠠᠰᠠᠭᠤᠬᠤ᠎ᠨᠢ᠂ ᠣᠳᠣᠬᠠᠨ᠎ᠳᠤ ᠬᠥᠮᠥᠷᠭᠡ᠎ᠠᠴᠠ ᠭᠠᠷᠭ᠋ᠠᠬᠤ ᠤᠷᠤᠰᠴᠠ ᠵᠢᠨ ᠪᠠᠢ᠍ᠢ᠍ᠳᠠᠯ ᠶᠠᠮᠠᠷ ᠪᠤᠢ? ᠳᠤᠮᠳᠠ ᠳᠣᠤᠷᠠᠳᠤ ᠤᠷᠤᠰᠬᠠᠯ᠎ᠤᠨ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠳᠠᠭ᠋ᠠᠯᠳᠤᠨ᠂ ᠬᠥᠮᠥᠷᠭᠡ᠎ᠠᠴᠠ ᠭᠠᠷᠭ᠋ᠠᠬᠤ ᠤᠰᠤᠨ᠎ᠤ ᠬᠡᠮᠵᠢᠶ᠎ᠡ᠎ᠳᠤ ᠪᠠᠰᠠ ᠲᠣᠬᠢᠷᠠᠭᠤᠯᠤᠯᠲᠠ ᠬᠢᠨ᠎ᠠ ᠤᠤ᠂ ᠡᠢ᠍ᠢ᠍ᠮᠦᠷᠬᠦᠦ ᠬᠤᠪᠢᠷᠠᠯᠲᠠ᠎ᠨᠢ ᠠᠷᠠᠳ ᠣᠯᠠᠨ᠎ᠤ ᠦᠢ᠍ᠯᠡᠳᠪᠦᠷᠢᠯᠡᠯ ᠠᠮᠢᠳᠤᠷᠠᠯ᠎ᠳᠤ ᠪᠠᠰᠠ ᠶᠠᠭᠤ ᠵᠢ ᠬᠠᠷᠠᠭᠤᠯᠵᠤ ᠪᠠᠢ᠍ᠢ᠍ᠬᠤ ᠪᠣᠶ? ᠪᠠᠶᠠᠷᠯᠠᠯ᠎ᠠ᠃
      ᠲᠢᠶᠠᠨ ᠢ ᠲᠠᠩ 2020 — 03 — 26 16: 09: 45
      ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ ᠭᠤᠷᠪᠠᠨ ᠬᠠᠪᠴᠢᠯ᠎ᠤᠨ ᠢᠨᠵᠧᠨᠧᠷᠢᠩ ᠪᠣᠯ ᠤᠯᠤᠰ᠎ᠤᠨ ᠴᠢᠬᠤᠯᠠ ᠵᠡᠪᠰᠡᠭ ᠪᠤᠯᠤᠨ᠎ᠠ᠃ ᠭᠤᠷᠪᠠᠨ ᠬᠠᠪᠴᠢᠯ᠎ᠤᠨ ᠢᠨᠵᠧᠨᠧᠷᠢᠩ ᠪᠠᠢ᠍ᠢ᠍ᠭᠤᠯᠤᠭᠳᠠᠭᠰᠠᠨ᠎ᠤ ᠳᠠᠷᠠᠭ᠎ᠠ᠂ ᠦᠶᠡᠷ ᠤᠰᠤᠳᠤᠯ᠎ᠢ ᠰᠡᠷᠭᠡᠢ᠍ᠢ᠍ᠯᠡᠨ ᠭᠠᠩ ᠬᠠᠭᠰᠠᠷᠠᠭ᠋ᠠᠨ᠎ᠲᠠᠢ ᠲᠡᠮᠡᠴᠡᠬᠦ ᠵᠡᠷᠭᠡ ᠠᠯᠢ ᠣᠯᠠᠨ ᠶᠡᠷᠦᠩᠬᠡᠢ᠍ᠢ᠍ᠯᠡᠭᠰᠡᠨ ᠦᠷ᠎ᠡ ᠠᠰᠢᠭ᠎ᠢ ᠪᠦᠷ ᠳᠤᠩ ᠰᠠᠢ᠍ᠢ᠍ᠨ ᠪᠠᠳᠠᠷᠠᠭᠤᠯᠵᠤ᠂ ᠳᠡᠭᠡᠳᠦ ᠤᠷᠤᠰᠬᠠᠯ᠎ᠠᠴᠠ ᠦᠶᠡᠷ ᠪᠠᠭᠤᠪᠠᠯ᠂ ᠲᠡᠭᠦᠨ᠎ᠢ ᠬᠠᠰᠢᠵᠤ ᠠᠪᠴᠤ ᠪᠣᠯᠤᠨ᠎ᠠ᠂ ᠳᠣᠣᠷᠠᠳᠤ ᠤᠷᠤᠰᠬᠠᠯ᠎ᠤᠨ ᠭᠠᠩ ᠬᠠᠭᠰᠠᠷᠠᠭ᠋ᠠᠨ ᠳᠤᠯᠭ᠋ᠠᠷᠪᠠᠯ ᠤᠰᠤ ᠬᠠᠩᠭ᠋ᠠᠵᠤ ᠪᠣᠯᠤᠨ᠎ᠠ᠂ ᠡᠭᠦᠨ᠎ᠳᠤ ᠦᠶᠡᠷ ᠤᠰᠤᠳᠤᠯ᠎ᠢ ᠰᠡᠷᠭᠡᠢ᠍ᠢ᠍ᠯᠡᠬᠦ ᠴᠢᠳᠠᠮᠵᠢ᠎ᠲᠠᠢ ᠮᠥᠷᠲᠡᠭᠡᠨ ᠪᠠᠰᠠ ᠭᠠᠩ ᠬᠠᠭᠰᠠᠷᠠᠭ᠋ᠠᠨ᠎ᠲᠠᠢ ᠲᠡᠮᠡᠴᠡᠬᠦ ᠴᠢᠳᠠᠮᠵᠢ᠎ᠲᠠᠢ᠂ ᠪᠠᠰᠠ ᠠᠮᠢ ᠠᠬᠤᠶ ᠵᠡᠷᠭᠡ ᠶᠡᠷᠦᠩᠬᠡᠢ᠍ᠢ᠍ᠯᠡᠭᠰᠡᠨ ᠦᠷ᠎ᠡ ᠠᠰᠢᠭ᠎ᠲᠠᠢ ᠪᠠᠢ᠍ᠢ᠍ᠳᠠᠭ᠃ ᠭᠤᠷᠪᠠᠨ ᠬᠠᠪᠴᠢᠯ᠎ᠤᠨ ᠢᠨᠵᠧᠨᠧᠷᠢᠩ ᠪᠠᠢ᠍ᠢ᠍ᠭᠤᠯᠤᠭᠳᠠᠬᠤ᠎ᠠᠴᠠ ᠡᠮᠦᠨ᠎ᠡ᠂ ᠨᠢᠭᠡ᠎ᠠᠴᠠ ᠭᠤᠷᠪᠠᠳᠤᠭ᠋ᠠᠷ ᠰᠠᠷ᠎ᠠ ᠵᠢᠨ ᠢᠴᠠᠩ ᠥᠷᠲᠡᠭᠡᠨ᠎ᠤ ᠳᠤᠮᠳᠠᠴᠢ ᠤᠷᠤᠰᠬᠠᠯ᠎ᠤᠨ ᠬᠡᠮᠵᠢᠶ᠎ᠡ᠎ᠨᠢ ᠰᠧᠺᠦ᠋ᠨ᠋ᠳ᠋ ᠪᠦᠷᠢ 4000 ᠪᠣᠰᠣᠭ᠎ᠠ ᠳᠥᠷᠪᠡᠯᠵᠢᠨ ᠮᠧᠲᠷ ᠣᠷᠴᠢᠮ ᠪᠠᠢ᠍ᠢ᠍ᠪᠠ᠃ ᠭᠤᠷᠪᠠᠨ ᠬᠠᠪᠴᠢᠯ᠎ᠤᠨ ᠢᠨᠵᠧᠨᠧᠷᠢᠩ ᠪᠠᠢ᠍ᠢ᠍ᠭᠤᠯᠤᠭᠳᠠᠭᠰᠠᠨ᠎ᠤ ᠳᠠᠷᠠᠭ᠎ᠠ᠂ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠡᠨᠡ ᠬᠤᠭᠤᠴᠠᠭ᠋ᠠᠨ᠎ᠳᠤ ᠰᠧᠺᠦ᠋ᠨ᠋ᠳ᠋ ᠪᠦᠷᠢ᠎ᠳᠤ 6000 ᠪᠣᠰᠣᠭ᠎ᠠ ᠳᠥᠷᠪᠡᠯᠵᠢᠨ ᠮᠧᠲᠷ᠎ᠠᠴᠠ ᠳᠤᠲᠠᠭᠤ ᠦᠭᠡᠶ᠎ᠪᠠᠷ ᠬᠡᠮᠵᠢᠶ᠎ᠡ᠎ᠪᠠᠷ ᠳᠣᠷᠣᠭᠰᠢ ᠪᠠᠭᠤᠯᠭ᠋ᠠᠪᠠ᠃ ᠡᠨᠡ ᠵᠢᠯ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠭᠦ ᠪᠠ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠬᠡᠷᠡᠭᠴᠡᠭᠡ᠎ᠠᠴᠠ ᠪᠤᠯᠵᠤ᠂ ᠤᠰᠤᠨ ᠠᠰᠢᠬᠯᠠᠯᠲᠠ ᠵᠢᠨ ᠶᠠᠮᠤᠨ᠎ᠠᠴᠠ ᠭᠤᠷᠪᠠᠨ ᠬᠠᠪᠴᠢᠯ᠎ᠢ 3 ᠰᠠᠷ᠎ᠠ᠎ᠠᠴᠠ ᠡᠮᠦᠨ᠎ᠡ ᠰᠧᠺᠦ᠋ᠨ᠋ᠳ᠋ ᠪᠦᠷᠢ᠎ᠳᠤ 7000 ᠪᠣᠰᠣᠭ᠎ᠠ ᠳᠥᠷᠪᠡᠯᠵᠢᠨ ᠮᠧᠲᠷ᠎ᠠᠴᠠ ᠪᠠᠭ᠎ᠠ ᠦᠭᠡᠢ ᠬᠡᠮᠵᠢᠶ᠎ᠡ᠎ᠪᠠᠷ ᠳᠣᠷᠣᠭᠰᠢ ᠪᠠᠭᠤᠯᠭ᠋ᠠᠬᠤ᠎ᠪᠠᠷ ᠲᠣᠬᠢᠷᠠᠭᠤᠯᠪᠠ; 3 ᠰᠠᠷ᠎ᠠ ᠵᠢᠨ 1᠎ᠤ ᠡᠳᠦᠷ᠎ᠠᠴᠠ ᠰᠡᠭᠦᠯᠡᠷ᠂ ᠤᠰᠤᠨ ᠠᠰᠢᠬᠯᠠᠯᠲᠠ ᠵᠢᠨ ᠶᠠᠮᠤᠨ᠎ᠠᠴᠠ ᠭᠤᠷᠪᠠᠨ ᠬᠠᠪᠴᠢᠯ᠎ᠤᠨ ᠤᠰᠤ ᠭᠠᠷᠭ᠋ᠠᠬᠤ ᠬᠡᠮᠵᠢᠶ᠎ᠠ ᠵᠢ ᠲᠣᠬᠢᠷᠠᠭᠤᠯᠵᠤ᠂ ᠰᠧᠺᠦ᠋ᠨ᠋ᠳ᠋ ᠪᠦᠷᠢ 9000 ~ 10000 ᠪᠣᠰᠣᠭ᠎ᠠ ᠳᠥᠷᠪᠡᠯᠵᠢᠨ ᠮᠧᠲᠷ᠎ᠲᠤ ᠬᠦᠷᠭᠡᠵᠦ᠂ ᠳᠣᠣᠷᠠᠳᠤ ᠤᠷᠤᠰᠬᠠᠯ᠎ᠤᠨ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠤᠰᠤ ᠬᠡᠷᠡᠭᠯᠡᠬᠦ ᠬᠡᠷᠡᠭᠴᠡᠭᠡ ᠵᠢ ᠬᠠᠩᠭ᠋ᠠᠭᠰᠠᠨ ᠪᠠᠢ᠍ᠢ᠍ᠨ᠎ᠠ᠃ ᠡᠨᠡ ᠵᠢᠯ᠎ᠠᠴᠠ ᠨᠠᠭ᠋ᠠᠰᠢ᠂ ᠭᠤᠷᠪᠠᠨ ᠬᠠᠪᠴᠢᠯ᠎ᠤᠨ ᠤᠰᠤᠨ ᠴᠥᠭᠥᠷᠥᠮ᠎ᠠᠴᠠ ᠬᠥᠬᠡᠮᠥ᠋ᠷᠡᠨ᠎ᠤ ᠳᠤᠮᠳᠠᠳᠤ ᠳᠣᠤᠷᠠᠳᠤ ᠤᠷᠤᠰᠬᠠᠯ᠎ᠳᠤ ᠨᠡᠢ᠍ᠢ᠍ᠲᠡ 90 ᠭᠠᠷᠤᠶ ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠨᠥᠬᠥᠪᠥᠷᠢᠯᠡᠵᠦ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ᠂ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ᠎ᠳᠤ ᠤᠰᠤ ᠬᠡᠷᠡᠭᠯᠡᠬᠦ ᠪᠠᠲᠤᠯᠠᠭ᠎ᠠ ᠬᠠᠩᠭ᠋ᠠᠭᠰᠠᠨ ᠪᠠᠢ᠍ᠢ᠍ᠨ᠎ᠠ᠃ ᠲᠠᠷᠠᠭ᠋ᠠᠴᠢ ᠵᠢᠨ ᠠᠯᠬᠤᠮ᠎ᠳᠤ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠬᠡᠷᠡᠭᠴᠡᠭᠡ ᠪᠠ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠬᠡᠷᠡᠭᠴᠡᠭᠡ ᠵᠢ ᠦᠨᠳᠦᠰᠦᠯᠡᠨ᠂ ᠤᠰᠤᠨ ᠠᠰᠢᠬᠯᠠᠯᠲᠠ ᠵᠢᠨ ᠶᠠᠮᠤᠨ ᠭᠤᠷᠪᠠᠨ ᠬᠠᠪᠴᠢᠯ᠎ᠤᠨ ᠤᠰᠤᠨ ᠴᠥᠭᠥᠷᠥᠮ᠎ᠢ ᠦᠷᠭᠦᠯᠵᠢᠯᠡᠨ ᠰᠠᠢ᠍ᠢ᠍ᠲᠤᠷ       ᠳᠣᠭᠢᠷᠠᠭᠤᠯᠵᠤ᠂ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ᠎ᠳᠤ ᠬᠡᠷᠡᠭᠯᠡᠬᠦ ᠤᠰᠤᠨ᠎ᠤ ᠬᠡᠷᠡᠭᠴᠡᠭᠡ ᠵᠢ ᠪᠥᠬᠥ ᠬᠦᠴᠦᠨ ᠵᠶ᠋ᠠᠷ ᠵᠶ᠋ᠠᠨ ᠬᠠᠩᠭ᠋ᠠᠬᠤ ᠵᠢᠨ ᠬᠠᠮᠲᠤ ᠴᠠᠬᠢᠯᠭ᠋ᠠᠨ ᠭᠠᠷᠭ᠋ᠠᠬᠤ᠂ ᠤᠰᠤᠨ ᠵᠠᠮ᠎ᠤᠨ ᠲᠡᠭᠡᠭᠡᠪᠦᠷᠢ ᠵᠡᠷᠭᠡ ᠡᠯ᠎ᠡ ᠲᠠᠯ᠎ᠠ ᠵᠢᠨ ᠤᠰᠤ ᠬᠡᠷᠡᠭᠯᠡᠬᠦ ᠬᠡᠷᠡᠭᠴᠡᠭᠡ ᠵᠢ ᠪᠠᠲᠤᠯᠠᠨ᠎ᠠ᠃ ᠪᠠᠶᠠᠷᠯᠠᠯ᠎ᠠ᠃

      ᠲᠦᠪ᠎ᠤᠨ ᠷᠠᠳᠢᠣ᠋ ᠨᠡᠪᠳᠡᠷᠡᠭᠦᠯᠭᠡ ᠵᠢᠨ ᠬᠤᠷᠢᠶᠠᠨ᠎ᠤ ᠰᠤᠷᠪᠤᠯᠵᠢᠯᠠᠭᠴᠢ 2020 — 03 — 26 16᠄ 14᠄ 07
      ᠣᠳᠣᠬᠠᠨ᠎ᠳᠤ ᠶᠠᠭ ᠰᠠᠢ᠍ᠢ᠍ᠬᠠᠨ ᠤᠮᠠᠷᠠᠲᠤ ᠣᠷᠣᠨ᠎ᠤ ᠬᠠᠪᠤᠷ᠎ᠤᠨ ᠤᠰᠤᠯᠠᠯᠲᠠ ᠵᠢᠨ ᠴᠠᠭ ᠦᠶ᠎ᠡ ᠪᠣᠯᠵᠣ ᠪᠠᠢ᠍ᠢ᠍ᠨ᠎ᠠ᠂ ᠲᠡᠭᠡᠪᠡᠯ ᠤᠰᠤᠨ ᠠᠰᠢᠬᠯᠠᠯᠲᠠ ᠵᠢᠨ ᠶᠠᠮᠤᠨ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠭᠦ ᠠᠵᠢᠯ᠎ᠢ ᠬᠡᠷᠬᠢᠨ ᠰᠠᠢ᠍ᠢ᠍ᠲᠤᠷ ᠬᠢᠬᠦ ᠵᠢᠨ ᠬᠠᠮᠲᠤ᠂ ᠲᠠᠷᠢᠶᠠᠯᠠᠩ᠎ᠤᠨ ᠬᠠᠪᠤᠷ᠎ᠤᠨ ᠤᠰᠤᠯᠠᠯᠲᠠ ᠵᠢ ᠰᠠᠭ᠋ᠠᠲᠠᠭ᠋ᠠᠬᠤ ᠥᠬᠡᠶ ᠪᠠᠢ᠍ᠢ᠍ᠬᠤ ᠵᠢ ᠪᠠᠲᠤᠯᠠᠬᠤ ᠪᠣᠶ? ᠪᠠᠶᠠᠷᠯᠠᠯ᠎ᠠ᠃
      ᠴᠧᠨ ᠮᠢᠩ ᠵᠥᠩ 2020 — 03 — 26 16᠄ 14᠄ 21
      ᠣᠳᠣᠬᠠᠨ᠎ᠳᠤ ᠬᠠᠪᠤᠷ᠎ᠤᠨ ᠲᠠᠷᠢᠶᠠᠯᠠᠭ᠎ᠠ ᠵᠢᠨ ᠦᠢ᠍ᠯᠡᠳᠪᠦᠷᠢᠯᠡᠯ᠎ᠢ ᠪᠠᠲᠤᠯᠠᠬᠤ᠂ ᠬᠠᠪᠤᠷ᠎ᠤᠨ ᠤᠰᠤᠯᠠᠯᠲᠠ ᠵᠢᠨ ᠤᠰᠤᠨ᠎ᠤ ᠬᠠᠩᠭ᠋ᠠᠯᠭ᠎ᠠ ᠵᠢ ᠪᠠᠲᠤᠯᠠᠬᠤ ᠪᠣᠯ ᠤᠰᠤᠨ ᠠᠰᠢᠬᠯᠠᠯᠲᠠ ᠵᠢᠨ ᠶᠠᠮᠤᠨ᠎ᠤ ᠨᠢᠭᠡᠨ ᠲᠤᠢ᠍ᠢ᠍ᠯ᠎ᠤᠨ ᠴᠢᠬᠤᠯᠠ ᠡᠭᠦᠷᠭᠡ ᠪᠤᠯᠤᠨ᠎ᠠ᠂ ᠤᠰᠤᠨ ᠠᠰᠢᠬᠯᠠᠯᠲᠠ ᠵᠢᠨ ᠶᠠᠮᠤᠨ ᠡᠢ᠍ᠢ᠍ᠮᠦ ᠬᠡᠳᠦᠨ ᠵᠦᠢ᠍ᠯ᠎ᠤᠨ ᠠᠷᠭ᠎ᠠ ᠬᠡᠮᠵᠢᠶ᠎ᠡ ᠵᠢ ᠠᠪᠤᠭᠰᠠᠨ ᠪᠠᠢ᠍ᠢ᠍ᠨ᠎ᠠ᠃ ᠨᠢᠭᠡᠳᠦᠭᠡᠷ᠎ᠲᠤ᠂ ᠬᠠᠪᠤᠷ᠎ᠤᠨ ᠤᠰᠤᠯᠠᠯᠲᠠ ᠵᠢᠨ ᠡᠬᠢᠨ᠎ᠤ ᠬᠤᠭᠤᠴᠠᠭ᠋ᠠᠨ᠎ᠳᠤ᠂ ᠪᠢᠳᠡ ᠤᠰᠤᠨ᠎ᠤ ᠪᠠᠢ᠍ᠢ᠍ᠳᠠᠯ᠂ ᠪᠣᠷᠣᠭ᠋ᠠᠨ᠎ᠤ ᠪᠠᠢ᠍ᠢ᠍ᠳᠠᠯ᠂ ᠠᠵᠢᠯ᠎ᠤᠨ ᠪᠠᠢ᠍ᠢ᠍ᠳᠠᠯ᠎ᠤᠨ ᠵᠢᠱ᠌ᠢᠯᠲᠡ ᠵᠢ ᠰᠠᠢ᠍ᠢ᠍ᠲᠤᠷ ᠬᠢᠵᠦ᠂ ᠬᠠᠪᠤᠷ᠎ᠤᠨ ᠤᠰᠤᠯᠠᠯᠲᠠ ᠵᠢᠨ ᠡᠬᠢᠯᠡᠯᠲᠡ᠎ᠳᠤ ᠨᠡᠯᠢᠶᠡᠳ ᠰᠠᠢ᠍ᠢ᠍ᠨ ᠰᠠᠭᠤᠷᠢ ᠪᠠᠲᠤᠯᠠᠭ᠎ᠠ ᠬᠠᠩᠭ᠋ᠠᠨ᠎ᠠ᠃ ᠶᠡᠷᠦᠩᠬᠡᠶ᠎ᠳᠤᠨᠢ ᠠᠪᠴᠤ ᠦᠵᠡᠪᠡᠯ᠂ ᠡᠨᠡ ᠵᠢᠯ᠎ᠤᠨ ᠬᠤᠷ᠎ᠠ ᠲᠤᠨᠳᠠᠰᠤᠨ᠎ᠤ ᠬᠡᠮᠵᠢᠶ᠎ᠡ᠎ᠨᠢ ᠡᠩ᠎ᠤᠨ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 40%᠎ᠪᠠᠷ ᠢᠯᠡᠭᠦᠦ ᠪᠠᠢ᠍ᠢ᠍ᠵᠤ᠂ ᠣᠳᠣᠬᠠᠨ᠎ᠳᠤ ᠪᠦᠬᠦ ᠤᠯᠤᠰ᠎ᠤᠨ 6920 ᠲᠤᠮᠤ ᠳᠤᠮᠳᠠ ᠬᠡᠯᠪᠡᠷᠢ ᠵᠢᠨ ᠤᠰᠤᠨ ᠴᠥᠭᠥᠷᠥᠮ᠎ᠤᠨ ᠤᠰᠤ ᠬᠠᠳᠠᠭ᠋ᠠᠯᠠᠬᠤ ᠶᠡᠷᠦᠩᠬᠡᠶ ᠬᠡᠮᠵᠢᠶ᠎ᠡ 4100 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ ᠡᠩ᠎ᠤᠨ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 14%᠎ᠪᠠᠷ ᠢᠯᠡᠭᠦᠦ ᠪᠤᠯᠵᠤ᠂ ᠡᠨᠡ ᠵᠢᠯ᠎ᠤᠨ ᠬᠠᠪᠤᠷ᠎ᠤᠨ ᠤᠰᠤᠯᠠᠯᠲᠠ ᠵᠢᠨ ᠪᠠᠢ᠍ᠢ᠍ᠳᠠᠯ ᠥᠩᠭᠡᠷᠡᠭᠰᠡᠨ ᠵᠢᠯ᠎ᠤᠳ᠎ᠤᠨ᠎ᠬᠢ᠎ᠠᠴᠠ ᠰᠠᠢ᠍ᠢ᠍ᠨ ᠰᠢᠭ᠋ ᠪᠣᠯᠵᠠᠶ᠃ ᠲᠤᠮᠤ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠲᠠᠷᠢᠶᠠᠯᠠᠩ᠎ᠳᠤ ᠬᠡᠷᠡᠭᠯᠡᠬᠦ ᠤᠰᠤ ᠦᠨᠳᠦᠰᠦᠨ᠎ᠳᠡᠭᠡᠨ ᠪᠠᠲᠤᠯᠠᠭ᠎ᠠ᠎ᠲᠠᠢ ᠪᠣᠯᠪᠠ᠃ ᠬᠣᠶᠠᠳᠤᠭ᠋ᠠᠷ᠎ᠲᠤ᠂ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠠᠰᠠᠭᠤᠳᠠᠯ᠎ᠢ ᠴᠠᠭ ᠲᠤᠬᠠᠶ᠎ᠳᠤᠨᠢ ᠵᠣᠬᠢᠴᠠᠭᠤᠯᠤᠨ ᠰᠢᠢ᠍ᠳᠪᠦᠷᠢᠯᠡᠪᠡ᠃ ᠤᠰᠤᠯᠠᠯᠲᠠ ᠵᠢᠨ ᠣᠷᠣᠨ᠎ᠤ ᠬᠠᠪᠤᠷ᠎ᠤᠨ ᠤᠰᠤᠯᠠᠯᠲᠠ ᠵᠢᠨ ᠡᠬᠡ ᠲᠠᠩᠰᠠ ᠵᠢ ᠪᠠᠢ᠍ᠢ᠍ᠭᠤᠯᠵᠤ᠂ ᠡᠯ᠎ᠡ ᠭᠠᠵᠠᠷ᠎ᠤᠨ ᠪᠣᠳᠠᠲᠠᠶ ᠴᠠᠭ᠎ᠤᠨ ᠪᠠᠢ᠍ᠢ᠍ᠳᠠᠯ᠎ᠢ ᠤᠢ᠍ᠢ᠍ᠯᠠᠭ᠋ᠠᠨ ᠮᠥᠷᠳᠡᠵᠦ᠂ ᠤᠰᠤᠨ ᠠᠰᠢᠬᠯᠠᠯᠲᠠ ᠵᠢᠨ ᠪᠠᠷᠢᠯᠭ᠎ᠠ ᠵᠢ ᠴᠠᠭ ᠲᠤᠬᠠᠶ᠎ᠳᠤᠨᠢ ᠳᠣᠭᠢᠷᠠᠭᠤᠯᠤᠨ᠂ ᠬᠠᠪᠤᠷ᠎ᠤᠨ ᠤᠰᠤᠯᠠᠯᠲᠠ᠎ᠳᠤ ᠢᠨᠵᠧᠨᠧᠷᠢᠩ᠎ᠤᠨ ᠪᠠᠲᠤᠯᠠᠭ᠎ᠠ ᠵᠢ ᠰᠠᠢ᠍ᠢ᠍ᠲᠤᠷ ᠬᠠᠩᠭ᠋ᠠᠵᠠᠢ᠃ ᠵᠢᠱ᠌ᠢᠶᠡᠯᠡᠪᠡᠯ᠂ ᠬᠠᠲᠤᠨ ᠭᠣᠤᠯ᠎ᠤᠨ ᠰᠢᠶᠤᠤ ᠯᠠᠩ ᠳ᠋ᠢ ᠤᠰᠤᠨ ᠴᠥᠭᠥᠷᠥᠮ᠎ᠨᠢ 2 ᠰᠠᠷ᠎ᠠ ᠵᠢᠨ 11᠎ᠤ ᠡᠳᠦᠷ᠎ᠠᠴᠠ ᠡᠬᠢᠯᠡᠨ᠂ ᠳᠣᠷᠣᠭᠰᠢ ᠤᠷᠤᠰᠬᠤ ᠤᠷᠤᠰᠬᠠᠯ᠎ᠤᠨ ᠬᠡᠮᠵᠢᠶ᠎ᠡ ᠵᠢ ᠲᠠᠰᠤᠷᠠᠯᠲᠠ ᠥᠬᠡᠶ ᠨᠡᠮᠡᠭᠳᠡᠭᠦᠯᠵᠦ᠂ ᠳᠣᠤᠷᠠᠳᠤ ᠤᠷᠤᠰᠬᠠᠯ᠎ᠤᠨ ᠬᠠᠪᠤᠷ᠎ᠤᠨ ᠤᠰᠤᠯᠠᠯᠲᠠ ᠵᠢᠨ ᠬᠡᠷᠡᠭᠴᠡᠭᠡ ᠵᠢ ᠪᠠᠲᠤᠯᠠᠭᠰᠠᠨ ᠪᠠᠢ᠍ᠢ᠍ᠨ᠎ᠠ᠃ ᠬᠠᠲᠤᠨ ᠭᠣᠣᠯ ᠳᠠᠭ᠋ᠠᠤ ᠵᠢᠨ ᠤᠰᠤᠯᠠᠯᠲᠠ ᠵᠢᠨ ᠣᠷᠣᠨ᠎ᠳᠤ ᠨᠡᠢ᠍ᠢ᠍ᠲᠡ 2300 ᠭᠠᠷᠤᠶ ᠲᠦᠮᠡᠨ ᠮᠥ᠍ ᠲᠠᠷᠢᠶᠠᠨ ᠭᠠᠵᠠᠷ᠎ᠢ ᠤᠰᠤᠯᠠᠵᠤ᠂ ᠤᠰᠤ ᠣᠷᠣᠭᠤᠯᠬᠤ ᠬᠡᠮᠵᠢᠶ᠎ᠡ᠎ᠨᠢ 22 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠤ ᠬᠦᠷᠦᠭᠰᠡᠨ ᠪᠠᠢ᠍ᠢ᠍ᠨ᠎ᠠ᠃ ᠭᠤᠷᠪᠠᠳᠤᠭ᠋ᠠᠷ᠎ᠲᠤ᠂ ᠤᠰᠤᠯᠠᠯᠲᠠ ᠵᠢᠨ ᠣᠷᠣᠨ᠎ᠤ ᠤᠰᠤ ᠬᠠᠩᠭ᠋ᠠᠬᠤ ᠲᠥᠯᠥᠪᠯᠡᠭᠡ ᠵᠢ ᠰᠢᠯᠢᠳᠡᠭᠵᠢᠭᠦᠯᠵᠦ᠂ ᠲᠣᠭᠣᠷᠢᠨ ᠪᠠᠢ᠍ᠢ᠍ᠴᠠᠭ᠋ᠠᠬᠤ᠂ ᠬᠠᠮᠠᠭ᠋ᠠᠯᠠᠬᠤ ᠠᠵᠢᠯ᠎ᠢ ᠰᠠᠢ᠍ᠢ᠍ᠲᠤᠷ ᠬᠢᠵᠦ᠂ ᠤᠰᠤ ᠬᠠᠳᠠᠭ᠋ᠠᠯᠠᠬᠤ ᠪᠠ ᠬᠥᠷᠥᠰᠥᠨ᠎ᠤ ᠴᠢᠭᠢᠭ᠎ᠤᠨ ᠪᠠᠢ᠍ᠢ᠍ᠳᠠᠯ᠎ᠢ ᠦᠨᠳᠦᠰᠦᠯᠡᠨ᠂ ᠬᠠᠪᠤᠷ᠎ᠤᠨ ᠤᠰᠤᠯᠠᠯᠲᠠ ᠵᠢᠨ ᠤᠰᠤᠯᠠᠯᠲᠠ ᠵᠢᠨ ᠲᠥᠯᠥᠪᠯᠡᠭᠡ ᠵᠢ ᠰᠢᠯᠢᠳᠡᠭᠵᠢᠭᠦᠯᠵᠦ᠂ ᠤᠰᠤ ᠬᠡᠷᠡᠭᠯᠡᠬᠦ ᠡᠷᠦᠬᠡ᠎ᠯᠦᠭᠡ ᠵᠢᠨ ᠨᠡᠪᠲᠡᠷᠡᠯᠴᠡᠭᠡ ᠵᠣᠯᠭ᠋ᠠᠯᠴᠠᠭ᠎ᠠ ᠵᠢ ᠴᠢᠩᠭ᠋ᠠᠳᠬᠠᠨ᠂ ᠬᠠᠪᠤᠷ᠎ᠤᠨ ᠤᠰᠤᠯᠠᠯᠲᠠ ᠵᠢᠨ ᠤᠰᠤ ᠬᠡᠷᠡᠭᠯᠡᠬᠦ ᠲᠥᠯᠥᠪᠯᠡᠭᠡ ᠵᠢ ᠪᠣᠳᠠᠲᠠᠢ᠍ᠢ᠍ᠵᠢᠭᠤᠯᠤᠨ ᠨᠠᠷᠢᠯᠢᠬ᠍ᠵᠢᠭᠤᠯᠪᠠ᠃ ᠳᠥᠷᠪᠡᠳᠦᠭᠡᠷ᠎ᠲᠤ᠂ ᠠᠷᠭ᠎ᠠ ᠪᠠᠷᠢᠯ᠎ᠤᠨ ᠲᠠᠯ᠎ᠠ᠎ᠪᠠᠷ ᠰᠢᠨ᠎ᠡ ᠵᠢ ᠡᠭᠦᠳᠴᠦ᠂ ᠢᠯᠠᠩᠭᠤᠶ᠎ᠠ ᠪᠢᠳᠡ ᠬᠢᠵᠢᠭ᠎ᠤᠨ ᠪᠠᠢ᠍ᠢ᠍ᠳᠠᠯ᠎ᠤᠨ ᠨᠥᠯᠥᠭᠡ ᠵᠢ ᠢᠯᠠᠨ ᠳᠠᠪᠠᠵᠤ᠂ ᠤᠳᠠᠰᠤ᠂ ᠰᠦᠯᠵᠢᠶ᠎ᠡ᠂ ᠸᠢᠳᠢᠣ᠋ ᠵᠢᠨ ᠠᠷᠭ᠎ᠠ ᠬᠡᠯᠪᠡᠷᠢ᠎ᠪᠠᠷ ᠳᠠᠮᠵᠢᠨ᠂ ᠬᠠᠪᠤᠷ᠎ᠤᠨ ᠤᠰᠤᠯᠠᠯᠲᠠ ᠵᠢᠨ ᠤᠰᠤ ᠬᠡᠷᠡᠭᠯᠡᠬᠦ ᠤᠰᠤ ᠲᠣᠬᠢᠷᠠᠭᠤᠯᠬᠤ ᠲᠥᠯᠥᠪᠯᠡᠭᠡ᠂ ᠲᠥᠰᠦᠯ᠎ᠢ ᠪᠣᠳᠠᠲᠠᠶ ᠪᠥᠭᠡᠳ ᠨᠠᠷᠢᠯᠢᠭ ᠬᠢᠵᠦ᠂ ᠲᠠᠷᠢᠶᠠᠴᠢᠨ ᠡᠷᠦᠬᠡ᠎ᠲᠠᠢ ᠨᠡᠪᠲᠡᠷᠡᠯᠴᠡᠵᠦ᠂ ᠲᠣᠬᠢᠷᠠᠭᠤᠯᠤᠯᠲᠠ᠎ᠪᠠᠨ ᠴᠢᠩᠭ᠋ᠠᠳᠬᠠᠨ᠎ᠠ᠃ ᠡᠨᠡ ᠵᠢᠯ᠎ᠤᠨ ᠬᠠᠪᠤᠷ᠎ᠤᠨ ᠤᠰᠤᠯᠠᠯᠲᠠ ᠵᠢᠨ ᠠᠵᠢᠯ ᠶᠡᠷᠦᠩᠬᠡᠶ᠎ᠳᠡᠭᠡᠨ ᠲᠤᠢ᠍ᠢ᠍ᠯ᠎ᠤᠨ ᠲᠣᠭᠲᠠᠭᠤᠨ ᠪᠥᠭᠡᠳ ᠡᠮᠬᠢ ᠵᠢᠷᠤᠮ᠎ᠲᠠᠢ ᠪᠠᠢ᠍ᠢ᠍ᠵᠤ᠂ ᠣᠲᠣ ᠪᠣᠯᠲᠠᠯ᠎ᠠ 17 ᠮᠤᠵᠢ ᠵᠢᠨ 157 ᠲᠣᠮᠣ ᠬᠡᠯᠪᠡᠷᠢ ᠵᠢᠨ ᠤᠰᠤᠯᠠᠯᠲᠠ ᠵᠢᠨ ᠣᠷᠣᠨ᠎ᠳᠤ ᠴᠥᠮ ᠬᠠᠪᠤᠷ᠎ᠤᠨ ᠤᠰᠤᠯᠠᠯᠲᠠ ᠵᠢ ᠡᠬᠢᠯᠡᠨ ᠬᠢᠵᠦ᠂ ᠤᠰᠤᠯᠠᠯᠲᠠ ᠵᠢᠨ ᠲᠠᠯᠠᠪᠠᠶ᠎ᠨᠢ ᠨᠢᠭᠡᠨᠲᠡ 4500 ᠭᠠᠷᠤᠶ ᠲᠦᠮᠡᠨ ᠮᠥ᠍᠎ᠳᠤ ᠬᠦᠷᠴᠦ᠂ ᠤᠰᠤ ᠲᠠᠲᠠᠬᠤ ᠬᠡᠮᠵᠢᠶ᠎ᠡ᠎ᠨᠢ ᠴᠦ᠍ 58 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ ᠳᠤᠩ ᠰᠠᠢ᠍ᠢ᠍ᠨ ᠪᠠᠲᠤᠯᠠᠭ᠎ᠠ ᠬᠠᠩᠭ᠋ᠠᠭᠰᠠᠨ ᠪᠠᠢ᠍ᠢ᠍ᠨ᠎ᠠ᠃ ᠪᠤᠰᠤᠳ ᠭᠠᠵᠠᠷ ᠣᠷᠣᠨ ᠴᠤ᠌ ᠬᠠᠪᠤᠷ᠎ᠤᠨ ᠤᠰᠤᠯᠠᠯᠲᠠ ᠵᠢᠨ ᠬᠡᠷᠡᠭᠴᠡᠭᠡ ᠵᠢ ᠦᠨᠳᠦᠰᠦᠯᠡᠨ ᠬᠠᠪᠤᠷ᠎ᠤᠨ ᠤᠰᠤᠯᠠᠯᠲᠠ ᠵᠢᠨ ᠲᠥᠯᠥᠪᠯᠡᠭᠡ᠂ ᠬᠠᠪᠤᠷ᠎ᠤᠨ ᠤᠰᠤᠯᠠᠯᠲᠠ ᠵᠢᠨ ᠪᠡᠯᠡᠳᠬᠡᠯ ᠠᠵᠢᠯ᠎ᠢ ᠰᠠᠢ᠍ᠢ᠍ᠲᠤᠷ ᠬᠢᠵᠦ ᠪᠤᠢ᠂ ᠡᠨᠡ ᠵᠢᠯ᠎ᠤᠨ ᠬᠠᠪᠤᠷ᠎ᠤᠨ ᠤᠰᠤᠯᠠᠯᠲᠠ ᠶᠡᠷᠦᠩᠬᠡᠶ᠎ᠳᠡᠭᠡᠨ ᠪᠠᠲᠤᠯᠠᠭ᠎ᠠ᠎ᠲᠠᠢ ᠪᠠᠢ᠍ᠢ᠍ᠨ᠎ᠠ᠃ ᠲᠠᠷᠠᠭ᠋ᠠᠴᠢ ᠵᠢᠨ ᠠᠯᠬᠤᠮ᠎ᠳᠤ᠂ ᠤᠰᠤᠨ ᠠᠰᠢᠬᠯᠠᠯᠲᠠ ᠵᠢᠨ ᠶᠠᠮᠤᠨ ᠡᠯ᠎ᠡ ᠭᠠᠵᠠᠷ ᠣᠷᠣᠨ᠎ᠤ ᠬᠠᠪᠤᠷ᠎ᠤᠨ ᠤᠰᠤᠯᠠᠯᠲᠠ ᠵᠢᠨ ᠬᠥᠭᠵᠢᠯᠲᠡ ᠵᠢ ᠦᠷᠭᠦᠯᠵᠢᠯᠡᠨ ᠠᠩᠬᠠᠷᠴᠤ᠂ ᠤᠰᠤᠨ ᠠᠰᠢᠬᠯᠠᠯᠲᠠ ᠵᠢᠨ ᠢᠨᠵᠧᠨᠧᠷᠢᠩ᠎ᠢ ᠴᠠᠭ ᠲᠤᠬᠠᠶ᠎ᠳᠤᠨᠢ ᠰᠠᠢ᠍ᠢ᠍ᠲᠤᠷ ᠳᠣᠭᠢᠷᠠᠭᠤᠯᠤᠨ᠂ ᠬᠠᠪᠤᠷ᠎ᠤᠨ ᠤᠰᠤᠯᠠᠯᠲᠠ᠎ᠳᠤ ᠬᠦᠴᠦᠲᠡᠶ ᠲᠤᠯᠭ᠋ᠠᠭᠤᠷᠢᠯᠠᠯ ᠪᠠᠲᠤᠯᠠᠭ᠎ᠠ ᠵᠢ ᠰᠠᠢ᠍ᠢ᠍ᠲᠤᠷ ᠬᠢᠬᠦ ᠪᠣᠯᠤᠨ᠎ᠠ᠃ ᠪᠠᠶᠠᠷᠯᠠᠯ᠎ᠠ᠃

      ᠰᠢᠶᠠᠩᠭ᠋ᠠᠩ᠎ᠤᠨ ᠠᠵᠤ ᠠᠬᠤᠶ ᠵᠢᠨ ᠬᠥᠲᠥᠴᠢ ᠰᠣᠨᠢᠨ᠎ᠤ ᠰᠤᠷᠪᠤᠯᠵᠢᠯᠠᠭᠴᠢ 2020 — 03 — 26 16᠄ 24᠄ 44
      ᠣᠳᠣᠬᠠᠨ᠎ᠳᠤ ᠪᠥᠬᠥ ᠤᠯᠤᠰ᠎ᠤᠨ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ᠎ᠤ ᠪᠠᠢ᠍ᠢ᠍ᠳᠠᠯ ᠶᠠᠮᠠᠷ ᠪᠣᠶ? ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠪᠠ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠬᠡᠷᠡᠭᠴᠡᠭᠡ ᠱᠠᠭ᠋ᠠᠷᠳᠠᠯᠭ᠎ᠠ ᠵᠢᠨ ᠡᠮᠦᠨ᠎ᠡ᠂ ᠤᠰᠤᠨ ᠠᠰᠢᠬᠯᠠᠯᠲᠠ ᠵᠢᠨ ᠢᠨᠵᠧᠨᠧᠷᠢᠩ᠎ᠨᠢ ᠶᠠᠮᠠᠷ ᠲᠤᠯᠭ᠋ᠠᠭᠤᠷᠢᠯᠠᠯ ᠪᠠ ᠪᠠᠲᠤᠯᠠᠭ᠎ᠠ ᠵᠢ ᠬᠠᠩᠭ᠋ᠠᠭᠰᠠᠨ ᠪᠤᠢ? ᠪᠠᠶᠠᠷᠯᠠᠯ᠎ᠠ᠃
      ᠷᠤᠸᠠᠨ ᠯᠢ ᠮᠢᠨ 2020 — 03 — 26 16᠄ 24᠄ 54
      ᠪᠠᠶᠠᠷᠯᠠᠯ᠎ᠠ᠃ ᠮᠠᠨ᠎ᠤ ᠤᠯᠤᠰ᠎ᠲᠤ 9.8 ᠲᠦᠮᠡᠨ ᠤᠰᠤᠨ ᠴᠥᠭᠥᠷᠥᠮ᠎ᠲᠠᠢ᠂ ᠴᠥᠭᠥᠷᠥᠮ᠎ᠤᠨ ᠶᠡᠷᠦᠩᠬᠡᠶ ᠪᠠᠭᠲᠠᠭ᠋ᠠᠮᠵᠢ᠎ᠨᠢ 9320 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠂ ᠬᠦᠴᠦᠨ᠎ᠲᠠᠢ ᠴᠥᠭᠥᠷᠥᠮ᠎ᠤᠨ ᠪᠠᠭᠲᠠᠭ᠋ᠠᠮᠵᠢ᠎ᠨᠢ 4600 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠪᠠᠢ᠍ᠢ᠍ᠵᠤ᠂ ᠦᠶᠡᠷ ᠤᠰᠤᠳᠤᠯ᠎ᠢ ᠰᠡᠷᠭᠡᠢ᠍ᠢ᠍ᠯᠡᠬᠦ ᠴᠥᠭᠥᠷᠥᠮ᠎ᠤᠨ ᠪᠠᠭᠲᠠᠭ᠋ᠠᠮᠵᠢ᠎ᠨᠢ 1830 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠪᠠᠢ᠍ᠢ᠍ᠵᠤ᠂ ᠲᠠᠪᠤᠨ ᠳᠡᠰ᠎ᠠᠴᠠ ᠳᠡᠭᠡᠭᠰᠢᠬᠢ ᠬᠠᠰᠢᠯᠭ᠎ᠠ ᠳᠠᠯᠠᠩ᠎ᠨᠢ 31 ᠲᠦᠮᠡᠨ ᠺᠢᠯᠣᠮᠧᠲᠷ᠂ ᠤᠷᠤᠰᠴᠠ ᠵᠢᠨ ᠬᠡᠮᠵᠢᠶ᠎ᠡ᠎ᠨᠢ 5 ᠪᠣᠰᠣᠭ᠎ᠠ ᠳᠥᠷᠪᠡᠯᠵᠢᠨ ᠮᠧᠲᠷ᠎ᠠᠴᠠ ᠳᠡᠭᠡᠭᠰᠢᠬᠢ ᠤᠰᠤᠨ ᠬᠠᠭ᠋ᠠᠯᠲᠠ᠎ᠨᠢ 10.4 ᠲᠦᠮᠡ ᠪᠠᠢ᠍ᠢ᠍ᠨ᠎ᠠ᠃ ᠡᠳᠡᠭᠡᠷ ᠤᠰᠤᠨ ᠠᠰᠢᠬᠯᠠᠯᠲᠠ ᠵᠢᠨ ᠪᠠᠷᠢᠯᠭ᠎ᠠ᠎ᠨᠢ ᠦᠶᠡᠷ ᠤᠰᠤᠳᠤᠯ᠎ᠢ ᠰᠡᠷᠭᠡᠢ᠍ᠢ᠍ᠯᠡᠬᠦ᠂ ᠤᠰᠤ ᠬᠠᠩᠭ᠋ᠠᠬᠤ᠂ ᠤᠰᠤᠯᠠᠬᠤ ᠴᠢᠬᠤᠯᠠ ᠦᠢ᠍ᠯᠡᠳᠦᠯ᠎ᠲᠠᠢ ᠶᠤᠮ᠃ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠭᠦ ᠬᠤᠭᠤᠴᠠᠭ᠋ᠠᠨ᠎ᠳᠤ᠂ ᠪᠢᠳᠡ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠠᠮᠤᠷ ᠲᠦᠪᠰᠢᠨ ᠵᠶ᠋ᠠᠷ ᠠᠵᠢᠯᠯᠠᠬᠤ᠂ ᠴᠢᠳᠠᠮᠵᠢ᠎ᠪᠠᠨ ᠪᠠᠳᠠᠷᠠᠭᠤᠯᠬᠤ ᠵᠢᠴᠢ ᠦᠶᠡᠷ᠎ᠤᠨ ᠬᠤᠭᠤᠴᠠᠭ᠎ᠠ ᠵᠢ ᠥᠩᠭᠡᠷᠡᠭᠦᠯᠬᠦ ᠪᠡᠯᠡᠳᠬᠡᠯ ᠠᠵᠢᠯ᠎ᠢ ᠴᠢᠩᠭ᠎ᠠ ᠠᠩᠬᠠᠷᠴᠤ᠂ ᠬᠣᠶᠠᠷ ᠵᠦᠢ᠍ᠯ᠎ᠤᠨ ᠠᠵᠢᠯ᠎ᠢ ᠰᠠᠢ᠍ᠢ᠍ᠲᠤᠷ ᠬᠢᠪᠠ᠃ ᠨᠢᠭᠡ᠎ᠳᠤ ᠲᠤᠮᠤ ᠳᠤᠮᠳᠠ ᠬᠡᠯᠪᠡᠷᠢ ᠵᠢᠨ ᠤᠰᠤᠨ ᠴᠥᠭᠥᠷᠥᠮ᠂ ᠬᠠᠰᠢᠯᠭ᠎ᠠ ᠳᠠᠯᠠᠩ ᠵᠡᠷᠭᠡ ᠢᠨᠵᠧᠨᠧᠷᠢᠩ᠎ᠤᠨ ᠲᠡᠭᠡᠭᠡᠪᠦᠷᠢ ᠵᠢᠨ ᠪᠠᠢ᠍ᠢ᠍ᠳᠠᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠤᠪᠸᠢ ᠪᠣᠯᠤᠨ ᠬᠢᠵᠢᠭ᠎ᠤᠨ ᠪᠠᠢ᠍ᠢ᠍ᠳᠠᠯ ᠨᠡᠯᠢᠶᠡᠳ ᠬᠦᠨᠳᠦ ᠪᠠᠢ᠍ᠢ᠍ᠭ᠎ᠠ ᠪᠤᠰᠤᠳ ᠭᠠᠵᠠᠷ ᠣᠷᠣᠨ᠎ᠤ 1000 ᠭᠠᠷᠤᠶ ᠲᠤᠮᠤ ᠳᠤᠮᠳᠠ ᠬᠡᠯᠪᠡᠷᠢ ᠵᠢᠨ ᠤᠰᠤᠨ ᠴᠥᠭᠥᠷᠥᠮ᠂ 1000 ᠭᠠᠷᠤᠶ ᠬᠠᠰᠢᠯᠭ᠎ᠠ ᠳᠠᠯᠠᠩ᠎ᠤᠨ ᠤᠰᠤᠨ ᠬᠠᠭ᠋ᠠᠯᠲᠠ᠎ᠳᠤ ᠴᠢᠭᠯᠡᠭᠦᠯᠦᠨ ᠤᠳᠠᠰᠤ᠎ᠪᠠᠷ ᠰᠣᠭᠤᠴᠢᠨ ᠪᠠᠢ᠍ᠢ᠍ᠴᠠᠭ᠋ᠠᠯᠲᠠ ᠬᠢᠵᠦ᠂ ᠲᠡᠭᠡᠭᠡᠪᠦᠷᠢ ᠵᠢᠨ ᠪᠠᠢ᠍ᠢ᠍ᠳᠠᠯ ᠵᠢᠴᠢ ᠣᠷᠣᠰᠢᠵᠤ ᠪᠠᠢ᠍ᠢ᠍ᠭ᠎ᠠ ᠠᠰᠠᠭᠤᠳᠠᠯ᠎ᠢ ᠣᠢ᠍ᠢ᠍ᠯᠠᠭ᠋ᠠᠬᠤ ᠵᠢᠨ ᠬᠠᠮᠲᠤ ᠡᠯ᠎ᠡ ᠭᠠᠵᠠᠷ᠎ᠤᠨ᠎ᠬᠢᠨ᠎ᠢ ᠴᠢᠬᠤᠯᠠ ᠶᠡᠬᠡ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠬᠡᠪ᠎ᠤᠨ ᠪᠤᠰᠤ ᠪᠠᠢ᠍ᠢ᠍ᠳᠠᠯ᠎ᠤᠨ ᠳᠤᠬᠠᠢ ᠡᠳᠦᠷ᠎ᠤᠨ ᠮᠡᠳᠡᠭᠦᠯᠦᠯᠲᠡ ᠬᠢᠭᠦ ᠵᠢ ᠬᠡᠷᠡᠭᠵᠢᠭᠦᠯᠬᠦ ᠵᠢ ᠱᠠᠭ᠋ᠠᠷᠳᠠᠵᠠᠶ᠃ ᠬᠣᠶᠠᠷ᠎ᠲᠤ ᠤᠳᠠᠰᠤ᠎ᠪᠠᠷ ᠰᠣᠭᠤᠴᠢᠨ ᠪᠠᠢ᠍ᠢ᠍ᠴᠠᠭ᠋ᠠᠬᠤ ᠪᠠ ᠣᠷᠣᠨ ᠨᠤᠲᠤᠭ᠎ᠤᠨ ᠲᠤᠰᠬᠠᠭᠰᠠᠨ ᠠᠰᠠᠭᠤᠳᠠᠯ᠎ᠳᠤ ᠴᠢᠭᠯᠡᠭᠦᠯᠦᠨ᠂ ᠬᠣᠯᠪᠣᠭᠳᠠᠯ ᠪᠦᠬᠦᠢ ᠲᠠᠯ᠎ᠠ ᠵᠢᠨ᠎ᠬᠢᠨ᠎ᠲᠠᠢ ᠵᠣᠬᠢᠴᠠᠭᠤᠯᠤᠨ᠂ ᠱᠠᠯᠠᠪᠳᠠᠨ ᠨᠠᠢ᠍ᠢ᠍ᠳᠠᠪᠤᠷᠢᠵᠢᠭᠤᠯᠵᠤ ᠰᠢᠢ᠍ᠳᠪᠦᠷᠢᠯᠡᠪᠡ᠃ ᠬᠠᠮᠲᠤ ᠵᠢᠨ ᠴᠢᠷᠮᠠᠢ᠍ᠢ᠍ᠯᠭ᠎ᠠ᠎ᠪᠠᠷ ᠳᠡᠮᠵᠢᠨ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠬᠤᠭᠤᠴᠠᠭ᠋ᠠᠨ᠎ᠳᠤ᠂ ᠨᠢᠭᠡᠳᠦᠭᠡᠷ᠎ᠲᠤ᠂ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ ᠬᠡᠪ᠎ᠤᠨ ᠪᠠᠢ᠍ᠢ᠍ᠳᠠᠯ ᠵᠶ᠋ᠠᠷ ᠶᠠᠪᠤᠭᠳᠠᠵᠤ᠂ ᠬᠦᠨᠳᠦ ᠶᠡᠬᠡ ᠠᠶᠤᠯᠬᠦᠢ ᠵᠢᠨ ᠳᠠᠯᠳᠠ ᠬᠡᠮ ᠭᠠᠷᠤᠭᠰᠠᠨ ᠥᠬᠡᠶ᠃ ᠬᠣᠶᠠᠳᠤᠭ᠋ᠠᠷ᠎ᠲᠤ᠂ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠦᠢ᠍ᠯᠡᠳᠦᠯ᠎ᠢ ᠬᠡᠪ᠎ᠤᠨ ᠪᠠᠢ᠍ᠢ᠍ᠳᠠᠯ ᠵᠶ᠋ᠠᠷ ᠪᠠᠳᠠᠷᠠᠭᠤᠯᠵᠤ᠂ ᠠᠮᠢᠳᠤᠷᠠᠯ᠎ᠳᠤ ᠬᠡᠷᠡᠭᠯᠡᠬᠦ ᠤᠰᠤ᠂ ᠠᠵᠤ ᠦᠢ᠍ᠯᠡᠳᠪᠦᠷᠢ᠎ᠳᠤ ᠬᠡᠷᠡᠭᠯᠡᠬᠦ ᠤᠰᠤ ᠪᠠ ᠲᠠᠷᠢᠶᠠᠯᠠᠩ᠎ᠤᠨ ᠤᠰᠤᠯᠠᠯᠲᠠ ᠵᠢᠨ ᠬᠡᠷᠡᠭᠴᠡᠭᠡ ᠵᠢ ᠦᠨᠡᠨ ᠬᠦ᠌ ᠪᠠᠲᠤᠯᠠᠵᠤ᠂ ᠨᠢᠳᠤᠨᠤᠨ᠎ᠤ ᠭᠠᠩ ᠬᠠᠭᠰᠠᠷᠠᠭ᠋ᠠᠨ᠎ᠠᠴᠠ ᠪᠤᠯᠵᠤ ᠬᠡᠰᠡᠭ ᠭᠠᠵᠠᠷ ᠣᠷᠣᠨ᠎ᠳᠤ ᠬᠠᠪᠤᠷ᠎ᠤᠨ ᠤᠰᠤᠯᠠᠯᠲᠠ ᠵᠢᠨ ᠪᠠᠲᠤᠯᠠᠭ᠎ᠠ ᠬᠦᠷᠦᠯᠴᠡᠬᠦ ᠦᠭᠡᠢ ᠠᠰᠠᠭᠤᠳᠠᠯ ᠣᠷᠣᠰᠢᠵᠤ ᠪᠠᠢ᠍ᠢ᠍ᠭ᠎ᠠ ᠪᠠᠢ᠍ᠢ᠍ᠳᠠᠯ᠎ᠳᠤ ᠬᠠᠨᠳᠤᠭᠤᠯᠤᠨ ᠤᠰᠤ ᠳᠤᠬᠢᠷᠠᠭᠤᠯᠬᠤ᠂ ᠤᠰᠤ ᠲᠠᠲᠠᠬᠤ ᠵᠢᠴᠢ ᠬᠠᠭᠤᠷᠠᠶ ᠲᠠᠷᠢᠶᠠᠨ᠎ᠤ ᠲᠠᠷᠢᠮᠠᠯ ᠳᠠᠷᠢᠬᠤ ᠪᠤᠯᠭ᠋ᠠᠨ ᠥᠭᠡᠷᠡᠴᠢᠯᠡᠬᠦ ᠠᠷᠭ᠎ᠠ᠎ᠪᠠᠷ ᠳᠠᠮᠵᠢᠨ ᠤᠳᠤ ᠶᠠᠭ ᠢᠳᠡᠪᠬᠢᠲᠡᠶ᠎ᠪᠠᠷ ᠰᠢᠢ᠍ᠳᠪᠦᠷᠢᠯᠡᠵᠦ ᠪᠠᠢ᠍ᠢ᠍ᠨ᠎ᠠ᠃ ᠭᠤᠷᠪᠠᠳᠤᠭ᠋ᠠᠷ᠎ᠲᠤ᠂ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠦᠶᠡᠷ᠎ᠤᠨ ᠬᠤᠭᠤᠴᠠᠭ᠋ᠠᠨ᠎ᠤ ᠪᠡᠯᠡᠳᠬᠡᠯ ᠠᠵᠢᠯ᠂ ᠦᠶᠡᠷ᠎ᠠᠴᠠ ᠡᠮᠦᠨ᠎ᠡ ᠪᠠᠢ᠍ᠢ᠍ᠴᠠᠭ᠋ᠠᠬᠤ᠂ ᠰᠡᠯᠪᠢᠨ ᠵᠠᠰᠠᠵᠤ ᠠᠷᠠᠴᠢᠯᠠᠬᠤ᠂ ᠦᠶᠡᠷ ᠤᠰᠤᠳᠤᠯ᠎ᠢ ᠰᠡᠷᠭᠡᠢ᠍ᠢ᠍ᠯᠡᠬᠦ ᠮᠠᠲ᠋ᠧᠷᠢᠶᠠᠯ ᠪᠡᠯᠡᠳᠬᠡᠬᠦ ᠵᠡᠷᠭᠡ ᠡᠯ᠎ᠡ ᠵᠦᠢ᠍ᠯ᠎ᠤᠨ ᠠᠵᠢᠯ᠎ᠢ ᠶᠠᠭ ᠢᠳᠡᠪᠬᠢᠲᠡᠶ᠎ᠪᠠᠷ ᠠᠬᠢᠭᠤᠯᠵᠤ ᠪᠠᠢ᠍ᠢ᠍ᠨ᠎ᠠ᠃ ᠶᠡᠷᠦᠩᠬᠡᠢ᠍ᠢ᠍ᠯᠡᠭᠡᠳ ᠬᠡᠯᠡᠪᠡᠯ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠭᠦ ᠬᠤᠭᠤᠴᠠᠭ᠋ᠠᠨ᠎ᠳᠤ᠂ ᠪᠥᠬᠥ ᠤᠯᠤᠰ᠎ᠤᠨ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠲᠡᠭᠡᠭᠡᠪᠦᠷᠢ ᠵᠢᠨ ᠪᠠᠢ᠍ᠢ᠍ᠳᠠᠯ ᠰᠠᠢ᠍ᠢ᠍ᠨ ᠪᠠᠢ᠍ᠢ᠍ᠵᠤ᠂ ᠴᠢᠳᠠᠮᠵᠢ ᠦᠷ᠎ᠡ ᠠᠰᠢᠭ᠎ᠨᠢ ᠬᠡᠪ᠎ᠤᠨ ᠪᠠᠢ᠍ᠢ᠍ᠳᠠᠯ ᠵᠶ᠋ᠠᠷ ᠪᠠᠳᠠᠷᠠᠨ᠂ ᠦᠶᠡᠷ᠎ᠤᠨ ᠬᠤᠭᠤᠴᠠᠭ᠎ᠠ ᠵᠢ ᠠᠮᠤᠷ ᠲᠦᠪᠰᠢᠨ ᠦᠩᠬᠡᠷᠡᠭᠦᠯᠬᠦ ᠪᠡᠯᠡᠳᠬᠡᠯ ᠠᠵᠢᠯ᠎ᠢ ᠡᠮᠬᠢ ᠵᠢᠷᠤᠮ᠎ᠲᠠᠢ᠎ᠪᠠᠷ ᠠᠭᠢᠭᠤᠯᠵᠤ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠭᠦ ᠶᠡᠷᠦᠩᠬᠡᠶ ᠳᠠᠢ᠍ᠢ᠍ᠨ᠎ᠤ ᠢᠯᠠᠯᠲᠠ ᠵᠢ ᠤᠯᠬᠤ ᠪᠠ ᠦᠢ᠍ᠯᠡᠳᠪᠦᠷᠢᠯᠡᠯ ᠵᠶ᠋ᠠᠨ ᠰᠡᠷᠭᠦᠭᠡᠵᠦ ᠠᠵᠢᠯ ᠵᠶ᠋ᠠᠨ ᠰᠡᠷᠭᠦᠭᠡᠬᠦ᠎ᠳᠤ ᠬᠦᠴᠦᠲᠡᠶ ᠤᠰᠤᠨ ᠠᠰᠢᠬᠯᠠᠯᠲᠠ ᠵᠢᠨ ᠲᠤᠯᠭ᠋ᠠᠭᠤᠷᠢᠯᠠᠯ ᠬᠠᠩᠭ᠋ᠠᠭᠰᠠᠨ ᠪᠠᠢ᠍ᠢ᠍ᠨ᠎ᠠ᠃ ᠪᠠᠶᠠᠷᠯᠠᠯ᠎ᠠ᠃

      ᠫᠸᠩ ᠫᠠᠢ ᠰᠣᠨᠢᠨ ᠮᠡᠳᠡᠭᠡᠨ᠎ᠤ ᠰᠤᠷᠪᠤᠯᠵᠢᠯᠠᠭᠴᠢ 2020 — 03 — 26 16᠄ 25᠄ 07
      ᠬᠢᠵᠢᠭ᠎ᠤᠨ ᠬᠤᠭᠤᠴᠠᠭ᠋ᠠᠨ᠎ᠳᠠᠬᠢ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠬᠠᠮᠤᠭ᠎ᠤᠨ ᠶᠡᠬᠡ ᠠᠶᠤᠯ ᠲᠦᠭᠰᠢᠭᠦᠷᠢ᠎ᠨᠢ ᠶᠠᠭᠤ ᠪᠤᠶ ᡼ ᠡᠨᠡ ᠬᠦ᠌ ᠠᠶᠤᠯ ᠲᠦᠭᠰᠢᠭᠦᠷᠢ᠎ᠳᠤ ᠴᠢᠭᠯᠡᠭᠦᠯᠦᠨ ᠶᠠᠮᠠᠷ ᠶᠠᠮᠠᠷ ᠠᠷᠭ᠎ᠠ ᠬᠡᠮᠵᠢ᠊ ᠢ᠎ᠡ ᠠᠪᠤᠭᠰᠠᠨ ᠪᠤᠢ? ᠪᠠᠶᠠᠷᠯᠠᠯ᠎ᠠ᠃
      ᠷᠤᠸᠠᠨ ᠯᠢ ᠮᠢᠨ 2020 — 03 — 26 16᠄ 25᠄ 25
      ᠪᠠᠶᠠᠷᠯᠠᠯ᠎ᠠ᠃ ᠮᠠᠨ᠎ᠤ ᠤᠯᠤᠰ᠎ᠲᠤ 9.8 ᠲᠦᠮᠡᠨ ᠤᠰᠤᠨ ᠴᠥᠭᠥᠷᠥᠮ᠎ᠲᠠᠢ᠂ ᠡᠭᠦᠨ᠎ᠤ ᠳᠣᠲᠣᠷ᠎ᠠ ᠵᠢᠵᠢᠭ ᠬᠡᠯᠪᠡᠷᠢ ᠵᠢᠨ ᠤᠰᠤᠨ ᠴᠥᠭᠥᠷᠥᠮ 9.4 ᠲᠦᠮᠡ ᠪᠠᠢ᠍ᠢ᠍ᠵᠤ᠂ ᠣᠯᠠᠩᠬᠢ ᠵᠢᠵᠢᠭ ᠬᠡᠯᠪᠡᠷᠢ ᠵᠢᠨ ᠤᠰᠤᠨ ᠴᠥᠭᠥᠷᠥᠮ᠎ᠢ ᠳᠡᠭᠡᠷ᠎ᠡ ᠵᠠᠭᠤᠨ᠎ᠤ ᠲᠠᠪᠢᠭ᠋ᠠᠳ ᠣᠨ᠎ᠠᠴᠠ ᠳᠠᠯᠠᠭ᠋ᠠᠳ ᠣᠨ᠎ᠤ ᠦ᠊ ᠢ᠎ᠡ᠎ᠳᠤ ᠪᠠᠢ᠍ᠢ᠍ᠭᠤᠯᠵᠤ᠂ ᠵᠠᠷᠢᠮ᠎ᠨᠢ ᠬᠠᠭᠤᠴᠢᠷᠠᠵᠤ ᠰᠡᠯᠪᠢᠨ ᠵᠠᠰᠠᠭᠰᠠᠨ ᠦᠭᠡᠢ ᠪᠠᠢ᠍ᠢ᠍ᠳᠠᠯ ᠨᠡᠯᠢᠶᠡᠳ ᠬᠦᠨᠳᠦ ᠨᠣᠴᠢᠲᠠᠶ ᠪᠠᠢ᠍ᠢ᠍ᠵᠤ᠂ ᠵᠠᠷᠢᠮ᠎ᠨᠢ ᠠᠶᠤᠯᠬᠦᠢ ᠵᠢᠨ ᠳᠠᠯᠳᠠ ᠭᠡᠮ ᠣᠷᠣᠰᠢᠵᠤ᠂ ᠠᠵᠢᠯᠯᠠᠭ᠋ᠠᠨ᠎ᠤ ᠬᠠᠮᠢᠶᠠᠷᠤᠯᠲᠠ ᠨᠡᠯᠢᠶᠡᠳ ᠪᠠᠭᠤᠷᠠᠶ ᠪᠠᠢ᠍ᠢ᠍ᠪᠠ᠃ ᠤᠰᠤᠨ ᠴᠥᠭᠥᠷᠥᠮ ᠠᠶᠤᠯ ᠲᠦᠭᠰᠢᠭᠦᠷᠢ᠎ᠳᠤ ᠳᠤᠯᠭ᠋ᠠᠷᠪᠠᠯ ᠬᠣᠬᠢᠷᠠᠯ ᠲᠤᠢ᠍ᠢ᠍ᠯ᠎ᠤᠨ ᠬᠦᠨᠳᠦ ᠨᠣᠴᠢᠲᠠᠶ ᠪᠠᠢ᠍ᠢ᠍ᠵᠤ᠂ ᠣᠳᠣᠬᠠᠨ᠎ᠤ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠬᠠᠮᠢᠶᠠᠷᠤᠯᠲᠠ ᠵᠢᠨ ᠠᠵᠢᠯ᠎ᠳᠤ ᠲᠤᠯᠭ᠋ᠠᠷᠠᠵᠤ ᠪᠠᠢ᠍ᠢ᠍ᠭ᠎ᠠ ᠬᠠᠮᠤᠭ᠎ᠤᠨ ᠶᠡᠬᠡ ᠠᠶᠤᠯ ᠲᠦᠭᠰᠢᠭᠦᠷᠢ ᠪᠣᠯᠤᠨ᠎ᠠ᠃ ᠤᠰᠤᠨ ᠠᠰᠢᠬᠯᠠᠯᠲᠠ ᠵᠢᠨ ᠶᠠᠮᠤᠨ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠠᠶᠤᠯ ᠲᠦᠭᠰᠢᠭᠦᠷᠢ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ 《ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠳᠤᠲᠠᠭᠤᠳᠠᠯ᠎ᠢ ᠨᠥᠬᠥᠪᠥᠷᠢᠯᠡᠬᠦ᠂ ᠤᠰᠤᠨ ᠠᠰᠢᠬᠯᠠᠯᠲᠠ ᠵᠢᠨ ᠠᠵᠢᠯ ᠲᠥᠷᠥᠯ᠎ᠤᠨ᠎ᠬᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ》 ᠤᠰᠤᠨ ᠠᠰᠢᠬᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠶ ᠬᠥᠭ ᠠᠶᠠᠰ᠎ᠢ ᠳᠤᠷᠠᠳᠤᠨ ᠭᠠᠷᠭ᠋ᠠᠵᠤ᠂ ᠰᠢᠨ᠎ᠡ ᠬᠠᠭᠤᠴᠢᠨ ᠤᠰᠤᠨ ᠴᠦᠭᠦᠷᠦᠮ᠎ᠤᠨ ᠠᠰᠠᠭᠤᠳᠠᠯ᠎ᠢ ᠰᠢᠢ᠍ᠳᠪᠦᠷᠢᠯᠡᠵᠤ ᠪᠤᠢ᠃ ᠣᠰᠣᠨ ᠠᠰᠢᠬᠯᠠᠯᠲᠠ ᠵᠢᠨ ᠶᠠᠮᠤᠨ ᠣᠢ᠍ᠢ᠍ᠷ᠎ᠠ ᠵᠢᠨ ᠬᠣᠶᠠᠷ ᠵᠢᠯ᠎ᠳᠤ ᠪᠠᠭ᠎ᠠ ᠬᠡᠯᠪᠡᠷᠢ ᠵᠢᠨ ᠣᠰᠣᠨ ᠴᠥᠭᠥᠷᠥᠮ᠎ᠤᠨ ᠲᠤᠰᠬᠠᠶ ᠪᠠᠢ᠍ᠢ᠍ᠴᠠᠭ᠋ᠠᠯᠲᠠ ᠵᠢ ᠥᠷᠨᠢᠭᠦᠯᠵᠦ᠂ 11251 ᠣᠰᠣᠨ ᠴᠥᠭᠥᠷᠥᠮ᠎ᠢ ᠪᠠᠢ᠍ᠢ᠍ᠴᠠᠭ᠋ᠠᠭ᠋ᠠᠳ ᠳᠤᠩ ᠣᠯᠠᠨ ᠠᠰᠠᠭᠤᠳᠠᠯ᠎ᠢ ᠢᠯᠡᠷᠡᠭᠦᠯᠦᠭᠰᠡᠨ ᠪᠠᠢ᠍ᠢ᠍ᠨ᠎ᠠ᠃ ᠡᠲᠡᠭᠡᠷ ᠪᠠᠢ᠍ᠢ᠍ᠳᠠᠯ᠎ᠳᠤ ᠴᠢᠭᠯᠡᠭᠦᠯᠦᠨ᠂ ᠪᠢᠳᠡ ᠨᠢᠭᠡ ᠲᠠᠯ᠎ᠠ᠎ᠪᠠᠷ ᠬᠢᠨᠠᠨ ᠵᠢᠯᠣᠭᠣᠳᠴᠤ ᠪᠠᠢ᠍ᠢ᠍ᠴᠠᠭ᠋ᠠᠬᠤ᠎ᠪᠠᠨ ᠴᠢᠩᠭ᠋ᠠᠳᠬᠠᠵᠤ᠂ ᠡᠯ᠎ᠡ ᠭᠠᠵᠠᠷ᠎ᠤᠨ᠎ᠬᠢᠨ᠎ᠤ ᠠᠰᠠᠭᠤᠳᠠᠯ᠎ᠢ ᠴᠡᠭᠴᠡᠯᠡᠨ ᠰᠠᠢ᠍ᠢ᠍ᠵᠢᠷᠠᠭᠤᠯᠬᠤ ᠵᠢ ᠱᠠᠯᠠᠪᠳᠠᠭᠤᠯᠪᠠ; ᠨᠥᠭᠥᠭᠡ ᠲᠠᠯ᠎ᠠ᠎ᠪᠠᠷ᠂ ᠠᠰᠠᠭᠤᠳᠠᠯ ᠵᠢᠴᠢ ᠲᠡᠭᠦᠨ᠎ᠤ ᠦᠨᠳᠦᠰᠦ ᠰᠤᠷᠪᠤᠯᠵᠢ ᠵᠢ ᠭᠦᠨᠵᠡᠭᠡᠶ ᠵᠠᠳᠠᠯᠵᠤ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢᠨ ᠪᠠᠢ᠍ᠢ᠍ᠭᠤᠯᠤᠯᠲᠠ ᠵᠢ ᠪᠣᠳᠣᠯᠬᠢᠯᠠᠨ᠂ ᠠᠶᠤᠯ᠎ᠢ ᠠᠷᠢᠯᠭ᠋ᠠᠨ ᠪᠡᠬᠢᠵᠢᠭᠦᠯᠬᠦ ᠵᠢ ᠪᠣᠳᠠᠲᠠᠶ᠎ᠳᠤ ᠨᠠᠢ᠍ᠢ᠍ᠳᠠᠪᠤᠷᠢᠵᠢᠭᠤᠯᠬᠤ᠂ ᠠᠵᠢᠯᠯᠠᠭ᠋ᠠᠨ᠎ᠤ ᠬᠠᠮᠢᠶᠠᠷᠤᠯᠲᠠ ᠵᠢ ᠪᠣᠳᠠᠲᠠᠶ᠎ᠳᠤ ᠨᠠᠢ᠍ᠢ᠍ᠳᠠᠪᠤᠷᠢᠵᠢᠭᠤᠯᠬᠤ ᠵᠢ ᠳᠤᠷᠠᠳᠤᠨ ᠭᠠᠷᠭ᠋ᠠᠪᠠ᠂ ᠡᠭᠦᠨ᠎ᠤ ᠵᠣᠷᠢᠯᠭ᠎ᠠ᠎ᠨᠢ ᠳᠠᠷᠤᠶ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠬᠠᠮᠢᠶᠠᠷᠤᠯᠲᠠ ᠵᠢᠨ ᠠᠶᠤᠯ ᠲᠦᠭᠰᠢᠭᠦᠷᠢ ᠵᠢ ᠠᠷᠢᠯᠭ᠋ᠠᠬᠤ ᠵᠢᠨ ᠲᠥᠯᠥᠭᠡ ᠶᠤᠮ᠃ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠭᠦ ᠬᠤᠭᠤᠴᠠᠭ᠋ᠠᠨ᠎ᠳᠤ᠂ ᠪᠢᠳᠡ ᠪᠣᠳᠠᠲᠠᠶ ᠵᠢ ᠡᠷᠬᠢᠮᠯᠡᠬᠦ ᠠᠵᠢᠯ᠎ᠤᠨ ᠠᠷᠭ᠎ᠠ᠎ᠪᠠᠷ ᠤᠰᠤᠨ ᠴᠥᠭᠥᠷᠥᠮ᠎ᠤᠨ ᠠᠮᠤᠷ ᠲᠦᠪᠰᠢᠨ᠎ᠢ ᠴᠢᠩᠭ᠎ᠠ ᠠᠩᠬᠠᠷᠴᠤ᠂ ᠤᠰᠤᠨ ᠴᠥᠭᠥᠷᠥᠮ᠎ᠤᠨ ᠠᠵᠢᠯᠯᠠᠭ᠋ᠠᠨ᠎ᠤ 《ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ》 ᠠᠵᠢᠯ᠎ᠢ ᠰᠠᠢ᠍ᠢ᠍ᠲᠤᠷ ᠬᠢᠪᠠ᠃ ᠰᠠᠶᠢᠬᠠᠨ ᠮᠢᠨᠦ ᠬᠢᠭᠰᠡᠨ ᠬᠠᠷᠢᠭᠤ ᠮᠡᠳᠡᠭᠦᠯᠦᠯᠳᠠ᠎ᠳᠤ ᠳᠤᠷᠠᠳᠴᠠᠢ᠂ ᠤᠰᠤᠨ ᠠᠰᠢᠬᠯᠠᠯᠲᠠ ᠵᠢᠨ ᠶᠠᠮᠤᠨ ᠭᠣᠣᠯᠳᠠᠭᠤ ᠬᠣᠶᠠᠷ ᠲᠠᠯ᠎ᠠ ᠵᠢᠨ ᠠᠵᠢᠯ᠎ᠢ ᠬᠢᠵᠡᠶ᠂ ᠨᠢᠭᠡ᠎ᠳᠤ ᠤᠳᠠᠰᠤ᠎ᠪᠠᠷ ᠰᠣᠭᠤᠴᠢᠨ ᠪᠠᠢ᠍ᠢ᠍ᠴᠠᠭ᠋ᠠᠵᠤ᠂ ᠮᠢᠩᠭ᠎ᠠ ᠭᠠᠷᠤᠶ ᠤᠰᠤᠨ ᠴᠥᠭᠥᠷᠥᠮ᠂ ᠮᠢᠩᠭ᠎ᠠ ᠭᠠᠷᠤᠶ ᠬᠠᠰᠢᠯᠭ᠎ᠠ ᠳᠠᠯᠠᠩ᠎ᠤᠨ ᠤᠰᠤᠨ ᠬᠠᠭ᠋ᠠᠯᠲᠠ ᠵᠢᠨ ᠬᠠᠮᠢᠶᠠᠷᠤᠯᠲᠠ ᠵᠢᠨ ᠪᠠᠢ᠍ᠢ᠍ᠳᠠᠯ᠎ᠢ ᠣᠢ᠍ᠢ᠍ᠯᠠᠭ᠋ᠠᠪᠠ᠂ ᠬᠣᠶᠠᠷ᠎ᠲᠤ ᠴᠢᠬᠤᠯᠠ ᠶᠡᠬᠡ ᠠᠰᠠᠭᠤᠳᠠᠯ᠎ᠤᠨ ᠡᠳᠦᠷ᠎ᠤᠨ ᠮᠡᠳᠡᠭᠦᠯᠦᠯᠲᠡ ᠵᠢ ᠬᠡᠷᠡᠭᠵᠢᠭᠦᠯᠵᠦ᠂ ᠪᠠᠢ᠍ᠢ᠍ᠳᠠᠯ᠎ᠢ ᠴᠠᠭ ᠲᠤᠬᠠᠶ᠎ᠳᠤᠨᠢ ᠡᠵᠡᠮᠰᠢᠨ᠂ ᠴᠠᠭ ᠲᠤᠬᠠᠶ᠎ᠳᠤᠨᠢ ᠴᠡᠭᠴᠡᠯᠡᠨ ᠰᠠᠢ᠍ᠢ᠍ᠵᠢᠷᠠᠭᠤᠯᠪᠠ᠃ ᠪᠠᠭᠴᠠᠯᠠᠭ᠋ᠠᠳ ᠬᠡᠯᠡᠪᠡᠯ᠂ ᠪᠦᠬᠦ ᠤᠯᠤᠰ᠎ᠤᠨ ᠡᠯ᠎ᠡ ᠭᠠᠵᠠᠷ᠎ᠤᠨ ᠤᠰᠤᠨ ᠠᠰᠢᠬᠯᠠᠯᠲᠠ ᠵᠢᠨ ᠰᠠᠯᠠᠭ᠎ᠠ ᠮᠥᠴᠢᠷ᠎ᠤᠳ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠭᠦ ᠬᠤᠭᠤᠴᠠᠭ᠋ᠠᠨ᠎ᠳᠠᠬᠢ ᠢᠨᠵᠧᠨᠧᠷᠢᠩ᠎ᠤᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠵᠢᠵᠢᠭᠦᠷᠯᠡᠨ ᠰᠠᠬᠢᠬᠤ ᠵᠢ ᠪᠠᠷᠢᠮᠲᠠᠯᠠᠵᠤ᠂ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ᠎ᠪᠠᠨ ᠴᠢᠩᠭ᠋ᠠᠳᠬᠠᠵᠤ ᠢᠳᠡᠪᠬᠢᠲᠡᠶ ᠴᠢᠷᠮᠠᠢ᠍ᠢ᠍ᠯᠭ᠎ᠠ       ᠭᠠᠷᠭ᠋ᠠᠵᠠᠶ᠃ ᠢᠯᠠᠩᠭᠤᠶ᠎ᠠ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠭᠦ ᠬᠠᠮᠤᠭ᠎ᠤᠨ ᠡᠮᠦᠨ᠎ᠡ ᠹᠷᠣᠨᠲ᠎ᠲᠤ ᠪᠠᠢ᠍ᠢ᠍ᠭ᠎ᠠ ᠬᠤᠪᠸᠢ ᠵᠢᠨ᠎ᠬᠢᠨ ᠠᠶᠤᠯᠬᠦᠢ ᠵᠢ ᠪᠠᠲᠤᠯᠠᠬᠤ᠂ ᠤᠰᠤᠨ᠎ᠤ ᠬᠠᠩᠭ᠋ᠠᠯᠭ᠎ᠠ ᠵᠢ ᠪᠠᠲᠤᠯᠠᠬᠤ ᠬᠠᠷᠠᠯᠲᠠ ᠵᠢᠨ ᠲᠣᠭᠣᠷᠢᠨ᠎ᠳᠤ ᠪᠦᠬᠦ ᠬᠤᠪᠸᠢ ᠵᠢᠨ 6921 ᠤᠰᠤᠨ ᠴᠥᠭᠥᠷᠥᠮ᠎ᠤᠨ ᠠᠵᠢᠯᠯᠠᠭ᠋ᠠᠨ ᠲᠣᠭᠲᠠᠭᠤᠨ ᠵᠶ᠋ᠠᠷ       ᠶᠠᠪᠤᠭᠳᠠᠵᠤ᠂ ᠦᠢ᠍ᠯᠡᠳᠦᠯ ᠴᠢᠳᠠᠪᠤᠷᠢ᠎ᠪᠠᠨ ᠬᠡᠪ᠎ᠤᠨ ᠶᠣᠰᠣᠭ᠋ᠠᠷ ᠪᠠᠳᠠᠷᠠᠭᠤᠯᠬᠤ ᠵᠢ ᠦᠨᠡᠨ ᠬᠦ᠌ ᠪᠠᠲᠤᠯᠠᠭᠰᠠᠨ       ᠪᠠᠢ᠍ᠢ᠍ᠨ᠎ᠠ᠃   ᠪᠠᠶᠠᠷᠯᠠᠯ᠎ᠠ᠃

      ᠠᠷᠠᠳ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ 2020 — 03 — 26 16᠄ 30᠄ 58
      ᠤᠰᠤᠨ ᠠᠰᠢᠬᠯᠠᠯᠲᠠ ᠵᠢᠨ ᠶᠠᠮᠤᠨ 12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ᠎ᠢ ᠨᠡᠪᠳᠡᠷᠡᠭᠦᠯᠵᠤ᠂ ᠣᠯᠠᠨ ᠲᠦᠮᠡᠨ᠎ᠤ ᠲᠤᠰᠬᠠᠭᠰᠠᠨ ᠠᠰᠠᠭᠤᠳᠠᠯ᠎ᠢ ᠬᠦᠯᠢᠶᠡᠨ ᠠᠪᠴᠤ ᠪᠤᠢ ᠭᠡᠵᠦ ᠪᠢᠳᠡ ᠰᠠᠶᠢᠬᠠᠨ ᠳᠤᠷᠠᠳᠤᠭᠰᠠᠨ ᠪᠢᠯᠡ᠃ ᠣᠳᠣ ᠪᠣᠯᠲᠠᠯ᠎ᠠ ᠪᠢᠳᠡ ᠬᠡᠴᠢᠨᠡᠨ ᠣᠯᠠᠨ ᠲᠦᠮᠡᠨ᠎ᠤ ᠵᠠᠭ᠋ᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠤᠭᠰᠠᠨ ᠪᠤᠶ?᡼ ᠭᠣᠣᠯᠳᠠᠭᠤ ᠶᠠᠮᠠᠷ ᠶᠠᠮᠠᠷ ᠠᠰᠠᠭᠤᠳᠠᠯ᠎ᠳᠤ ᠲᠥᠪᠯᠡᠷᠡᠵᠦ ᠪᠠᠢ᠍ᠢ᠍ᠬᠤ ᠪᠤᠢ? ᠶᠠᠮᠠᠷ ᠪᠠᠢ᠍ᠢ᠍ᠳᠠᠯ᠎ᠢ ᠰᠢᠢ᠍ᠳᠪᠦᠷᠢᠯᠡᠭᠰᠡᠨ ᠪᠤᠢ? ᠠᠷᠠᠳ ᠢᠷᠭᠡᠳ᠎ᠤᠨ ᠰᠠᠨᠠᠭᠤᠯᠭ᠎ᠠ᠎ᠨᠢ ᠤᠰᠤᠨ ᠠᠰᠢᠬᠯᠠᠯᠲᠠ ᠵᠢᠨ ᠶᠠᠮᠤᠨ᠎ᠳᠤ ᠰᠢᠭᠤᠳ ᠨᠡᠪᠲᠡᠷᠡᠵᠦ᠂ ᠲᠦᠭᠵᠢᠷᠡᠯ᠎ᠢ ᠢᠯᠡᠷᠡᠭᠦᠯᠬᠦ᠂ ᠨᠠᠢ᠍ᠢ᠍ᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ ᠲᠠᠯ᠎ᠠ᠎ᠪᠠᠷ ᠶᠠᠮᠠᠷ ᠶᠠᠩᠵᠤ ᠵᠢᠨ ᠬᠠᠪᠰᠤᠷᠤᠯᠭ᠎ᠠ ᠦᠵᠡᠭᠦᠯᠦᠭᠰᠡᠨ ᠪᠣᠶ? ᠪᠠᠶᠠᠷᠯᠠᠯ᠎ᠠ᠃
      ᠴᠧᠨ ᠮᠢᠩ ᠵᠥᠩ 2020 — 03 — 26 16᠄ 31᠄ 01
      ᠤᠰᠤᠨ ᠠᠰᠢᠬᠯᠠᠯᠲᠠ ᠵᠢᠨ ᠶᠠᠮᠤᠨ᠎ᠤ 12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠠᠪᠴᠠᠩ᠎ᠳᠤ ᠠᠩᠬᠠᠷᠤᠯ ᠵᠶ᠋ᠠᠨ ᠬᠠᠨᠳᠤᠭᠤᠯᠤᠭᠰᠠᠨ᠎ᠳᠤ ᠲᠠᠯᠠᠷᠬᠠᠵᠤ ᠪᠠᠢ᠍ᠢ᠍ᠨ᠎ᠠ᠃ ᠡᠨᠡ ᠵᠢᠯ᠎ᠤᠨ ᠰᠢᠨ᠎ᠡ ᠵᠢᠯ᠎ᠤᠨ ᠰᠢᠨ᠎ᠡ ᠵᠢᠨ ᠨᠢᠭᠡᠨ᠎ᠠᠴᠠ ᠬᠣᠢ᠍ᠢ᠍ᠰᠢ᠂ ᠤᠰᠤᠨ ᠠᠰᠢᠬᠯᠠᠯᠲᠠ ᠵᠢᠨ ᠶᠠᠮᠤᠨ ᠳᠠᠷᠤᠶ 12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠠᠪᠴᠠᠩ᠎ᠢ ᠨᠡᠪᠳᠡᠷᠡᠭᠦᠯᠦᠭᠰᠡᠨ ᠪᠠᠢ᠍ᠢ᠍ᠨ᠎ᠠ᠃ ᠬᠣᠶᠠᠷ ᠰᠠᠷ᠎ᠠ ᠭᠠᠷᠤᠶ ᠵᠢᠨ ᠲᠤᠷᠰᠢᠨ ᠠᠵᠢᠯᠯᠠᠭᠤᠯᠬᠤ᠎ᠪᠠᠷ ᠳᠡᠮᠵᠢᠨ᠂ ᠲᠦᠷᠦᠭᠦᠤ ᠬᠡᠳᠦᠨ ᠡᠳᠦᠷ᠎ᠲᠤ ᠳᠡᠯᠡᠬᠡᠶ ᠵᠢᠨ ᠤᠰᠤᠨ᠎ᠤ ᠡᠳᠦᠷ (3 ᠰᠠᠷ᠎ᠠ ᠵᠢᠨ 22᠎ᠤᠨ ᠡᠳᠦᠷ)᠎ᠲᠤ ᠵᠢᠩᠬᠢᠨᠢ᠎ᠪᠠᠷ ᠨᠠᠪᠳᠡᠷᠡᠭᠦᠯᠵᠤ᠂ ᠤᠰᠤᠨ ᠠᠰᠢᠬᠯᠠᠯᠲᠠ ᠵᠢᠨ ᠶᠠᠮᠤᠨ ᠤᠳᠠᠰᠤ᠂ ᠰᠦᠯᠵᠢᠶ᠎ᠡ᠂ ᠵᠢᠷᠬᠢᠶ᠎ᠡ ᠵᠢᠨ 《ᠭᠤᠷᠪᠠ ᠵᠢ ᠨᠢᠭᠡ ᠴᠤᠭᠴᠠᠵᠢᠭᠤᠯᠤᠭᠰᠠᠨ》᠂ ᠨᠡᠢ᠍ᠢ᠍ᠭᠡᠮ᠎ᠳᠤ ᠬᠠᠨᠳᠤᠭᠤᠯᠤᠭᠰᠠᠨ᠂ 《ᠨᠢᠭᠡ ᠨᠣᠮᠧᠷ᠎ᠢ ᠭᠠᠳᠠᠭᠰᠢ ᠬᠠᠨᠳᠤᠭᠤᠯᠤᠭᠰᠠᠨ》 ᠬᠢᠨᠠᠯᠲᠠ ᠬᠠᠮᠢᠶᠠᠷᠤᠯᠲᠠ ᠵᠢᠨ ᠲᠠᠪᠴᠠᠩ᠎ᠢ ᠪᠥᠬᠥ ᠲᠠᠯ᠎ᠠ᠎ᠪᠠᠷ ᠨᠡᠭᠡᠭᠡᠭᠰᠡᠨ ᠪᠠᠢ᠍ᠢ᠍ᠨ᠎ᠠ᠃ ᠤᠰᠤᠨ ᠠᠰᠢᠬᠯᠠᠯᠲᠠ ᠵᠢᠨ ᠶᠠᠮᠤᠨ 12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠠᠪᠴᠠᠩ᠎ᠢ ᠨᠡᠪᠲᠡᠷᠡᠭᠦᠯᠪᠡ᠂ ᠡᠨᠡ ᠪᠣᠯ ᠤᠰᠤᠨ ᠠᠰᠢᠬᠯᠠᠯᠲᠠ ᠵᠢᠨ ᠶᠠᠮᠤᠨ᠎ᠤ ᠤᠰᠤᠨ ᠠᠰᠢᠬᠯᠠᠯᠲᠠ ᠵᠢᠨ ᠠᠵᠢᠯ ᠲᠦᠷᠦᠯ᠎ᠤᠨ᠎ᠬᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠎ᠠ ᠨᠠᠢ᠍ᠢ᠍ᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠠ᠂ ᠨᠡᠢ᠍ᠢ᠍ᠭᠡᠮ᠎ᠤᠨ ᠰᠠᠨᠠᠯ᠎ᠢ ᠥᠷᠭᠡᠨ ᠵᠶ᠋ᠠᠷ ᠰᠣᠨᠣᠰᠴᠤ᠂ ᠤᠯᠠᠨ ᠲᠦᠮᠡᠨ᠎ᠢ ᠥᠷᠭᠡᠨ ᠵᠶ᠋ᠠᠷ ᠲᠠᠢ᠍ᠢ᠍ᠴᠢᠯᠠᠨ ᠤᠰᠤᠨ᠎ᠳᠤ ᠬᠣᠯᠪᠣᠭᠳᠠᠬᠤ ᠠᠰᠠᠭᠤᠳᠠᠯ᠎ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠦᠭᠡᠳ ᠦᠷ᠎ᠡ ᠪᠦᠲᠦᠮᠵᠢ᠎ᠨᠢ ᠳᠤᠩ ᠰᠠᠢ᠍ᠢ᠍ᠨ ᠪᠠᠢ᠍ᠢ᠍ᠨ᠎ᠠ᠃ ᠤᠳᠠᠰᠤ ᠵᠢᠨ ᠲᠠᠪᠴᠠᠩ ᠨᠡᠪᠲᠡᠷᠡᠭᠰᠡᠨ᠎ᠠᠴᠠ ᠨᠠᠭ᠋ᠠᠰᠢ᠂ ᠪᠢᠳᠡ ᠣᠯᠠᠨ ᠨᠡᠢ᠍ᠢ᠍ᠲᠡ ᠵᠢᠨ ᠲᠤᠰᠬᠠᠭᠰᠠᠨ ᠡᠯ᠎ᠡ ᠲᠥᠷᠥᠯ᠎ᠤᠨ ᠤᠰᠤᠨ᠎ᠳᠤ ᠬᠣᠯᠪᠣᠭᠳᠠᠭᠰᠠᠨ ᠠᠰᠠᠭᠤᠳᠠᠯ᠎ᠤᠨ 700 ᠭᠠᠷᠤᠶ ᠰᠦᠪᠡᠭᠴᠢ ᠵᠢ ᠬᠦᠯᠢᠶᠡᠨ ᠠᠪᠤᠪᠠ᠂ ᠬᠥᠳᠡᠭᠡ ᠲᠣᠰᠬᠣᠨ᠎ᠤ ᠤᠰᠤ ᠬᠠᠩᠭ᠋ᠠᠬᠤ᠂ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ᠂ ᠭᠣᠣᠯ᠎ᠤᠨ ᠠᠷᠠᠯ᠎ᠠᠴᠠ ᠬᠠᠢ᠍ᠢ᠍ᠷ ᠡᠯᠡᠰᠤ ᠮᠠᠯᠲᠠᠬᠤ ᠪᠠ ᠲᠠᠷᠢᠶᠠᠨ ᠭᠠᠵᠠᠷ᠎ᠤᠨ ᠤᠰᠤᠨ ᠠᠰᠢᠬᠯᠠᠯᠲᠠ ᠵᠡᠷᠭᠡ ᠬᠦᠷᠢᠶ᠎ᠡ ᠴᠠᠷᠠᠭ᠎ᠠ᠎ᠳᠤ ᠬᠣᠯᠪᠣᠭᠳᠠᠵᠤ᠂ ᠢᠯᠡᠴᠢᠯᠡᠨ ᠮᠡᠳᠡᠭᠦᠯᠬᠦ ᠲᠠᠪᠴᠠᠩ ᠵᠶ᠋ᠠᠷ ᠳᠠᠮᠵᠢᠨ ᠳᠤᠰᠬᠠᠭᠰᠠᠨ ᠪᠤᠶ ᠪᠦᠬᠦᠢ ᠠᠰᠠᠭᠤᠳᠠᠯ᠎ᠢ ᠮᠠᠨ᠎ᠤ ᠨᠢᠭᠡᠨ ᠲᠤᠰᠬᠠᠶ ᠪᠠᠭ᠎ᠠᠴᠠ ᠬᠦᠯᠢᠶᠡᠨ ᠠᠪᠴᠦ ᠬᠦᠢ᠍ᠴᠡᠳᠭᠡᠨ ᠰᠢᠢ᠍ᠳᠪᠦᠷᠢᠯᠡᠵᠤ ᠪᠤᠢ᠂ ᠡᠭᠦᠨ᠎ᠤ ᠳᠣᠲᠣᠷᠠᠬᠢ 527 ᠵᠦᠢ᠍ᠯ᠎ᠳᠤ ᠰᠢᠭᠤᠳ ᠬᠠᠷᠢᠭᠤᠯᠲᠠ ᠥᠭᠴᠦ᠂ 158 ᠵᠦᠢ᠍ᠯ᠎ᠢ ᠬᠣᠯᠪᠣᠭᠳᠠᠯ ᠪᠦᠬᠦᠢ ᠲᠤᠬᠠᠢ᠍ᠢ᠍ᠯᠠᠭᠰᠠᠨ ᠠᠵᠢᠯ᠎ᠤᠨ ᠵᠤᠷᠭ᠋ᠠᠨ ᠳᠤᠪᠴᠢᠶ᠎ᠠ᠎ᠳᠤ ᠰᠢᠯᠵᠢᠭᠦᠯᠦᠨ ᠲᠤᠰᠢᠶᠠᠵᠤ ᠰᠢᠢ᠍ᠳᠪᠦᠷᠢᠯᠡᠭᠦᠯᠪᠡ᠂ ᠣᠳᠣᠬᠠᠨ᠎ᠳᠤ 96 ᠵᠦᠢ᠍ᠯ᠎ᠢ᠎ᠨᠢ ᠰᠢᠢ᠍ᠳᠪᠦᠷᠢᠯᠡᠵᠦ ᠳᠠᠭᠤᠰᠬᠠᠭᠰᠠᠨ ᠪᠥᠭᠡᠳ ᠪᠠᠰᠠ ᠬᠠᠷᠢᠭᠤ ᠰᠤᠷᠪᠤᠯᠵᠢᠯᠠᠬᠤ ᠲᠣᠭᠲᠠᠴᠠ ᠵᠢ ᠪᠠᠢ᠍ᠢ᠍ᠭᠤᠯᠤᠭᠰᠠᠨ ᠪᠠᠢ᠍ᠢ᠍ᠨ᠎ᠠ᠂ ᠴᠢᠬᠤᠯᠠ ᠶᠡᠬᠡ ᠠᠰᠠᠭᠤᠳᠠᠯ᠎ᠢ ᠰᠢᠢ᠍ᠳᠪᠦᠷᠢᠯᠡᠵᠦ ᠳᠠᠭᠤᠰᠬᠠᠭᠰᠠᠨ᠎ᠤ ᠲᠠᠷᠠᠭ᠎ᠠ᠂ ᠪᠢᠳᠡ ᠴᠥᠮ ᠢᠯᠡᠴᠢᠯᠡᠨ ᠮᠡᠳᠡᠭᠦᠯᠦᠭᠴᠢ ᠵᠢ ᠬᠠᠷᠢᠭᠤ ᠰᠤᠷᠪᠤᠯᠵᠢᠯᠠᠨ᠂ ᠰᠢᠢ᠍ᠳᠪᠦᠷᠢᠯᠡᠭᠰᠡᠨ᠎ᠨᠢ ᠬᠠᠨᠤᠮᠵᠢᠲᠠᠶ ᠪᠠᠢ᠍ᠢ᠍ᠬᠤ ᠡᠰᠡᠬᠦ ᠵᠢ ᠣᠢ᠍ᠢ᠍ᠯᠠᠭ᠋ᠠᠵᠤ᠂ ᠣᠳᠣᠬᠠᠨ᠎ᠳᠤ ᠪᠢᠳᠡᠨ᠎ᠤ ᠬᠠᠷᠢᠭᠤ ᠰᠤᠷᠪᠤᠯᠵᠢᠯᠠᠭᠰᠠᠨ ᠦᠷ᠎ᠡ ᠳ᠋ᠦᠩ᠎ᠳᠤ ᠴᠥᠮ ᠳᠤᠩ ᠬᠠᠨᠤᠮᠵᠢᠲᠠᠶ ᠪᠠᠢ᠍ᠢ᠍ᠬᠤ᠎ᠪᠠᠨ ᠢᠯᠡᠳᠬᠡᠵᠦ ᠪᠠᠢ᠍ᠢ᠍ᠨ᠎ᠠ᠃
      ᠴᠧᠨ ᠮᠢᠩ ᠵᠥᠩ 2020 — 03 — 2616᠄ 31᠄ 06
      ᠡᠨᠡ ᠬᠦ᠌ ᠢᠯᠡᠴᠢᠯᠡᠨ ᠮᠡᠳᠡᠭᠦᠯᠬᠦ ᠲᠠᠪᠴᠠᠩ᠎ᠢ ᠨᠡᠪᠳᠡᠷᠡᠭᠦᠯᠦᠭᠡᠳ ᠶᠡᠬᠡ ᠠᠮᠵᠢᠯᠲᠠ ᠣᠯᠵᠤ᠂ ᠪᠦᠬᠦᠢ᠍ᠢ᠍ᠯᠡ ᠤᠰᠤᠨ ᠠᠰᠢᠬᠯᠠᠯᠲᠠ ᠵᠢᠨ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠠᠵᠢᠯ᠎ᠢ ᠨᠠᠢ᠍ᠢ᠍ᠳᠠᠪᠤᠷᠢᠵᠢᠭᠤᠯᠬᠤ᠎ᠳᠤ ᠢᠯᠡᠳᠳᠡ ᠦᠷ᠎ᠡ ᠪᠦᠲᠦᠮᠵᠢ ᠭᠠᠷᠭ᠋ᠠᠵᠤ᠂ ᠤᠰᠤᠨ ᠠᠰᠢᠬᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ ᠴᠦ᠍ ᠢᠯᠡᠳᠳᠡ ᠲᠤᠯᠭ᠋ᠠᠭᠤᠷᠢᠯᠠᠬᠤ ᠪᠠ ᠬᠠᠪᠰᠤᠷᠬᠤ ᠦᠢ᠍ᠯᠡᠳᠦᠯ᠎ᠲᠠᠢ ᠪᠤᠢ ᠭᠡᠵᠦ ᠦᠵᠡᠵᠦ ᠪᠠᠢ᠍ᠢ᠍ᠨ᠎ᠠ᠃ ᠨᠢᠭᠡ᠎ᠳᠤ ᠤᠯᠠᠨ ᠲᠦᠮᠡᠨ᠎ᠳᠤ ᠦᠢ᠍ᠯᠡᠴᠢᠯᠡᠬᠦ 《ᠰᠢᠭᠤᠳ ᠨᠡᠪᠲᠡᠷᠡᠬᠦ ᠲᠡᠷᠭᠡ》 ᠪᠣᠯᠤᠨ᠎ᠠ᠃ ᠢᠯᠡᠴᠢᠯᠡᠨ ᠮᠡᠳᠡᠭᠦᠯᠬᠦ ᠲᠠᠪᠴᠠᠩ ᠵᠶ᠋ᠠᠷ ᠳᠠᠮᠵᠢᠨ᠂ ᠣᠯᠠᠨ ᠲᠦᠮᠡᠨ ᠤᠰᠤᠨ᠎ᠳᠤ ᠬᠣᠯᠪᠣᠭᠳᠠᠭᠰᠠᠨ ᠠᠰᠠᠭᠤᠳᠠᠯ᠎ᠢ ᠣᠯᠵᠤ ᠮᠡᠳᠡᠭᠰᠡᠨ ᠪᠤᠶᠤ ᠥᠪᠡᠷ᠎ᠤᠨ ᠠᠩᠬᠠᠷᠴᠤ ᠪᠠᠢ᠍ᠢ᠍ᠭ᠎ᠠ ᠤᠰᠤᠨ᠎ᠳᠤ ᠬᠣᠯᠪᠣᠭᠳᠠᠭᠰᠠᠨ ᠵᠠᠷᠢᠮ ᠠᠰᠠᠭᠤᠳᠠᠯ᠎ᠳᠤ ᠲᠤᠯᠭ᠋ᠠᠷᠠᠪᠠᠯ᠂ ᠴᠠᠭ ᠲᠤᠬᠠᠶ᠎ᠳᠤᠨᠢ ᠡᠨᠡ ᠬᠦ᠌ ᠲᠠᠪᠴᠠᠩ ᠵᠶ᠋ᠠᠷ ᠳᠠᠮᠵᠢᠨ ᠲᠤᠰᠬᠠᠵᠤ ᠪᠤᠯᠤᠨ᠎ᠠ᠂ ᠢᠯᠠᠩᠭᠤᠶ᠎ᠠ ᠣᠯᠠᠨ ᠲᠦᠮᠡᠨ᠎ᠤ ᠳᠡᠷᠭᠡᠳᠡᠬᠢ ᠵᠠᠷᠢᠮ 《ᠰᠠᠨᠠᠭ᠎ᠠ ᠵᠣᠪᠠᠬᠤ ᠤᠴᠢᠷ》᠎ᠢ ᠪᠢᠳᠡ ᠴᠠᠭ ᠲᠤᠬᠠᠶ᠎ᠳᠤᠨᠢ ᠰᠢᠢ᠍ᠳᠪᠦᠷᠢᠯᠡᠨ ᠦᠭᠬᠦ ᠪᠤᠯᠤᠨ᠎ᠠ᠃ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ ᠵᠶ᠋ᠠᠷ ᠠᠪᠴᠤ ᠬᠡᠯᠡᠪᠡᠯ᠂ ᠡᠨᠡ ᠵᠢᠯ᠎ᠤᠨ ᠬᠢᠵᠢᠭ᠎ᠤᠨ ᠪᠠᠢ᠍ᠢ᠍ᠳᠠᠯ᠎ᠢ ᠰᠠᠷᠭᠡᠢ᠍ᠢ᠍ᠯᠡᠨ ᠡᠵᠡᠮᠳᠡᠭᠦ ᠬᠤᠭᠤᠴᠠᠭ᠋ᠠᠨ᠎ᠳᠤ ᠪᠢᠳᠡ 80 ᠭᠠᠷᠤᠶ ᠤᠲᠠᠰᠤ ᠲᠤᠰᠴᠠᠶ᠂ ᠵᠠᠷᠢᠮ᠎ᠨᠢ ᠤᠰᠤ ᠬᠠᠩᠭ᠋ᠠᠵᠤ ᠳᠡᠢ᠍ᠢ᠍ᠯᠬᠦ ᠥᠬᠡᠶ ᠪᠣᠯᠵᠠᠶ ᠭᠡᠵᠦ ᠲᠤᠰᠬᠠᠵᠤ᠂ ᠵᠠᠷᠢᠮ᠎ᠨᠢ ᠤᠰᠤᠨ᠎ᠤ ᠴᠢᠨᠠᠷ᠎ᠲᠤ ᠠᠰᠠᠭᠤᠳᠠᠯ ᠭᠠᠷᠤᠭᠰᠠᠨ᠎ᠢ ᠲᠤᠰᠬᠠᠵᠤ ᠪᠠᠢ᠍ᠢ᠍ᠨ᠎ᠠ᠂ ᠪᠢᠳᠡ ᠴᠠᠭ ᠲᠤᠬᠠᠶ᠎ᠳᠤᠨᠢ ᠣᠷᠣᠨ ᠨᠤᠲᠤᠭ᠎ᠤᠨ᠎ᠬᠢᠨ᠎ᠲᠠᠢ ᠨᠡᠪᠲᠡᠷᠡᠯᠴᠡᠵᠦ᠂ ᠠᠰᠠᠭᠤᠳᠠᠯ᠎ᠢ ᠡᠷᠢᠨ ᠭᠠᠷᠭ᠋ᠠᠵᠤ᠂ ᠠᠰᠠᠭᠤᠳᠠᠯ᠎ᠢ ᠴᠠᠭ ᠲᠤᠬᠠᠶ᠎ᠳᠤᠨᠢ ᠰᠢᠢ᠍ᠳᠪᠦᠷᠢᠯᠡᠵᠠᠢ᠃ ᠬᠣᠶᠠᠷ᠎ᠲᠤ ᠤᠰᠤᠨ ᠠᠰᠢᠬᠯᠠᠯᠲᠠ ᠵᠢᠨ ᠬᠢᠨᠠᠯᠲᠠ ᠬᠠᠮᠢᠶᠠᠷᠤᠯᠲᠠ ᠵᠢᠨ 《ᠮᠢᠩᠭ᠋ᠠᠨ ᠭᠠᠵᠠᠷ᠎ᠤᠨ ᠬᠠᠷᠠᠭ᠎ᠠ》 ᠵᠢ ᠴᠢᠩᠭ᠋ᠠᠳᠬᠠᠵᠤ᠂ ᠢᠯᠡᠴᠢᠯᠡᠨ ᠮᠡᠳᠡᠭᠦᠯᠬᠦ ᠲᠠᠪᠴᠠᠩ ᠵᠶ᠋ᠠᠷ ᠳᠠᠮᠵᠢᠨ ᠡᠯ᠎ᠡ ᠲᠠᠯ᠎ᠠ ᠵᠢᠨ ᠬᠥᠮᠦᠰ᠎ᠢ ᠥᠷᠭᠡᠨ ᠵᠶ᠋ᠠᠷ ᠲᠠᠢ᠍ᠢ᠍ᠴᠢᠯᠠᠨ᠂ ᠤᠰᠤᠨ᠎ᠳᠤ ᠬᠣᠯᠪᠣᠭᠳᠠᠭᠰᠠᠨ ᠠᠰᠠᠭᠤᠳᠠᠯ᠎ᠢ ᠲᠤᠰᠬᠠᠵᠤ᠂ ᠠᠵᠢᠯ ᠲᠦᠷᠦᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠎ᠳᠤ ᠳᠤᠩ ᠰᠠᠢ᠍ᠢ᠍ᠨ ᠦᠢ᠍ᠯᠡᠳᠦᠯ ᠪᠠᠳᠠᠷᠠᠭᠤᠯᠪᠠ᠃ ᠡᠭᠦᠨ᠎ᠠᠴᠠ ᠭᠠᠳᠠᠨ᠎ᠠ ᠪᠠᠰᠠ ᠳᠤᠩ ᠴᠢᠬᠤᠯᠠ ᠨᠢᠭᠡ ᠦᠢ᠍ᠯᠡᠳᠦᠯ ᠭᠡᠪᠡᠯ ᠳᠠᠷᠤᠶ ᠤᠰᠤᠨ ᠠᠰᠢᠬᠯᠠᠯᠲᠠ ᠵᠢᠨ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠵᠢᠨ 《ᠮᠡᠳᠡᠭᠡ ᠵᠠᠩᠭᠢ ᠵᠢᠨ ᠡᠬᠢ ᠰᠤᠷᠪᠤᠯᠵᠢ》 ᠪᠣᠯᠪᠠ᠃ ᠣᠳᠣᠬᠠᠨ᠎ᠳᠤ ᠵᠠᠷᠢᠮ ᠦᠨᠡᠨ ᠪᠣᠳᠠᠲᠠᠶ ᠪᠠᠢ᠍ᠢ᠍ᠳᠠᠯ᠎ᠢ ᠡᠵᠡᠮᠰᠢᠬᠦ᠎ᠳᠤ ᠦᠨᠡᠬᠡᠷ ᠳᠤᠩ ᠬᠦᠴᠢᠷᠲᠡᠶ᠂ ᠤᠰᠤᠨ ᠠᠰᠢᠬᠯᠠᠯᠲᠠ ᠵᠢᠨ ᠶᠠᠮᠤᠨ ᠶᠡᠬᠡ ᠬᠡᠪᠴᠢᠶ᠎ᠡ᠎ᠪᠠᠷ ᠨᠢᠭᠤᠴᠠ᠎ᠪᠠᠷ ᠰᠤᠷᠪᠤᠯᠵᠢᠯᠠᠬᠤ᠎ᠳᠠᠭᠠᠨ ᠳᠤᠩ ᠶᠡᠬᠡ ᠦᠨ᠎ᠡ ᠥᠷᠲᠡᠭ ᠭᠠᠷᠭ᠋ᠠᠵᠤ ᠪᠠᠢ᠍ᠢ᠍ᠮᠠᠨᠵᠢᠨ ᠰᠠᠶᠢ ᠨᠢᠭᠡᠳᠦᠭᠡᠷ ᠪᠤᠷᠤ ᠮᠠᠲ᠋ᠧᠷᠢᠶᠠᠯ᠎ᠢ ᠣᠯᠵᠤ ᠴᠢᠳᠠᠨ᠎ᠠ ᠭᠡᠳᠡᠭ᠎ᠢ ᠵᠠᠭᠤᠴᠢᠯᠠᠭᠤᠷ᠎ᠤᠨ ᠨᠠᠢ᠍ᠢ᠍ᠵᠠ ᠨᠠᠷ ᠴᠤ᠌ ᠮᠡᠳᠡᠵᠦ ᠪᠠᠢ᠍ᠢ᠍ᠨ᠎ᠠ᠃ ᠭᠡᠪᠡᠴᠦ 12314 ᠤᠳᠠᠰᠤ᠎ᠪᠠᠷ ᠳᠠᠮᠵᠢᠨ ᠤᠯᠠᠨ ᠲᠦᠮᠡᠨ᠎ᠤ ᠲᠤᠰᠬᠠᠬᠤ᠂ ᠢᠯᠡᠴᠢᠯᠡᠨ ᠮᠡᠳᠡᠭᠦᠯᠬᠦ ᠵᠢ ᠰᠢᠭᠤᠳ ᠬᠦᠯᠢᠶᠡᠨ ᠠᠪᠴᠤ᠂ ᠪᠠᠢ᠍ᠢ᠍ᠳᠠᠯ᠎ᠨᠢ ᠲᠤᠢ᠍ᠢ᠍ᠯ᠎ᠤᠨ ᠦᠨᠡᠨ ᠪᠣᠳᠠᠲᠠᠶ᠂ ᠲᠤᠢ᠍ᠢ᠍ᠯ᠎ᠤᠨ ᠪᠦᠲᠦᠮᠵᠢᠲᠡᠶ ᠪᠠᠢ᠍ᠢ᠍ᠬᠤ ᠵᠢ ᠣᠯᠵᠤ ᠮᠡᠳᠡᠵᠡᠢ᠃ ᠪᠠᠢ᠍ᠢ᠍ᠳᠠᠯ᠎ᠢ ᠲᠣᠳᠣᠷᠬᠠᠶ ᠣᠢ᠍ᠢ᠍ᠯᠠᠭ᠋ᠠᠭᠰᠠᠨ᠎ᠤ ᠲᠠᠷᠠᠭ᠎ᠠ᠂ ᠪᠢᠳᠡ ᠵᠠᠳᠠᠯᠤᠨ ᠰᠢᠨᠵᠢᠯᠡᠵᠦ ᠰᠤᠳᠤᠯᠤᠨ ᠮᠠᠭ᠋ᠠᠳᠯᠠᠬᠤ᠎ᠪᠠᠷ ᠲᠠᠮᠵᠢᠨ᠂ ᠤᠰᠤᠨ ᠠᠰᠢᠬᠯᠠᠯᠲᠠ ᠵᠢᠨ ᠲᠠᠯ᠎ᠠ᠎ᠪᠠᠷ᠎ᠬᠢ ᠠᠯᠢ ᠠᠯᠢ ᠬᠦᠷᠢᠶ᠎ᠠ ᠴᠠᠷᠠᠭ᠋ᠠᠨ᠎ᠳᠤ ᠪᠠᠰᠠ ᠡᠳᠦᠢ ᠲᠡᠳᠦᠢ ᠪᠠᠭᠤᠷᠠᠶ ᠲᠠᠯ᠎ᠠ ᠪᠠᠢ᠍ᠢ᠍ᠬᠤ᠂ ᠠᠯᠢ ᠠᠯᠢ ᠲᠠᠯ᠎ᠠ᠎ᠳᠤ ᠪᠠᠰᠠ ᠡᠳᠦᠢ ᠲᠡᠳᠦᠢ ᠠᠰᠠᠭᠤᠳᠠᠯ ᠤᠷᠤᠰᠢᠵᠤ ᠪᠠᠢ᠍ᠢ᠍ᠬᠤ ᠵᠢ ᠣᠯᠵᠤ ᠮᠡᠳᠡᠨ᠂ ᠵᠠᠷᠢᠮ ᠵᠢᠮ᠎ᠡ ᠶᠣᠰᠣᠴᠢ ᠴᠢᠨᠠᠷᠲᠠᠶ ᠠᠰᠠᠭᠤᠳᠠᠯ᠎ᠢ ᠣᠨᠣᠪᠴᠢᠲᠠᠶ ᠡᠷᠢᠵᠦ ᠤᠯᠬᠤ᠎ᠨᠢ ᠮᠠᠨ᠎ᠤ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠬᠢᠷᠢ ᠲᠦᠪᠰᠢᠨ ᠪᠠ ᠬᠢᠨᠠᠨ ᠬᠠᠮᠢᠶᠠᠷᠬᠤ ᠬᠢᠷᠢ ᠲᠦᠪᠰᠢᠨ ᠵᠶ᠋ᠠᠨ ᠳᠡᠭᠡᠭᠰᠢᠯᠡᠭᠦᠯᠬᠦ᠎ᠳᠤ ᠳᠤᠩ ᠶᠡᠬᠡ ᠬᠠᠪᠰᠤᠷᠤᠯᠭ᠎ᠠ ᠪᠣᠯᠬᠤ ᠶᠤᠮ᠃ ᠵᠢᠱ᠌ᠢᠶᠡᠯᠡᠪᠡᠯ ᠡᠮᠦᠨ᠎ᠡ ᠬᠤᠭᠤᠴᠠᠭ᠋ᠠᠨ᠎ᠳᠠᠬᠢ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠰᠠᠭᠤᠳᠠᠯ᠎ᠤᠨ ᠲᠠᠯ᠎ᠠ᠎ᠪᠠᠷ ᠪᠢᠳᠡ ᠨᠡᠯᠢᠶᠡᠳ ᠤᠯᠠᠨ ᠢᠯᠡᠴᠢᠯᠡᠨ ᠮᠡᠳᠡᠭᠦᠯᠦᠭᠰᠡᠨ ᠮᠤᠵᠢ ᠵᠢ ᠠᠩᠬᠠᠷᠤᠯ᠎ᠳᠠᠭᠠᠨ ᠠᠪᠴᠤ᠂ ᠡᠨᠡ ᠮᠤᠵᠢ ᠵᠢᠨ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠠᠯ᠎ᠠ᠎ᠪᠠᠷ ᠯᠠᠪᠲᠠᠶ ᠨᠡᠯᠢᠶᠡᠳ ᠪᠠᠭᠤᠷᠠᠶ ᠪᠠᠢ᠍ᠢ᠍ᠬᠤ ᠵᠢ ᠮᠡᠳᠡᠵᠡᠢ᠂ ᠪᠢᠳᠡ ᠡᠳᠡᠭᠡᠷ ᠮᠤᠵᠢ᠎ᠳᠤ ᠠᠷᠭ᠎ᠠ ᠬᠡᠮᠵᠢᠶ᠎ᠡ ᠠᠪᠴᠤ᠂ ᠲᠡᠳᠡᠨ᠎ᠢ ᠱᠠᠭ᠋ᠠᠷᠳᠠᠵᠤ ᠪᠠᠢ᠍ᠢ᠍ᠭ᠋ᠠᠳ ᠬᠠᠮᠢᠶᠠᠷᠤᠯᠲᠠ ᠵᠢ᠎ᠨᠢ ᠴᠢᠩᠭ᠋ᠠᠳᠬᠠᠪᠠ᠃ ᠠᠰᠠᠭᠤᠳᠠᠯ᠎ᠢ ᠲᠤᠰᠬᠠᠬᠤ ᠲᠠᠯ᠎ᠠ᠎ᠪᠠᠷ᠂ ᠵᠢᠱ᠌ᠢᠶᠡᠯᠡᠪᠡᠯ᠂ ᠡᠮᠦᠨ᠎ᠡ ᠨᠢᠭᠡ ᠬᠤᠭᠤᠴᠠᠭ᠋ᠠᠨ᠎ᠳᠤ ᠳᠤᠩ ᠣᠯᠠᠨ ᠨᠤᠲᠤᠭ᠎ᠲᠠᠭᠠᠨ ᠪᠤᠴᠠᠭᠰᠠᠨ ᠬᠥᠮᠦᠰ ᠬᠢᠵᠢᠭ᠎ᠤᠨ ᠨᠥᠯᠥᠭᠡ᠎ᠠᠴᠠ ᠪᠣᠯᠵᠣ ᠣᠷᠳᠣ ᠬᠤᠭᠤᠴᠠᠭ᠎ᠠ᠎ᠪᠠᠷ ᠬᠥᠳᠡᠭᠡ ᠲᠣᠰᠬᠣᠨ᠎ᠳᠤ ᠰᠠᠭ᠋ᠠᠲᠠᠵᠤ᠂ ᠤᠤᠯ᠎ᠨᠢ ᠬᠡᠷ᠎ᠲᠡᠭᠡᠨ ᠬᠠᠷᠢᠵᠤ ᠰᠢᠨᠡᠯᠡᠪᠡᠯ 10 ᠡᠳᠦᠷ᠂ 20 ᠡᠳᠦᠷ᠂ ᠠᠬᠠᠳᠠᠬᠤ᠎ᠳᠠᠭᠠᠨ ᠨᠢᠭᠡ ᠰᠠᠷ᠎ᠠ ᠵᠢᠨ ᠳᠣᠲᠣᠷ᠎ᠠ ᠬᠠᠷᠢᠵᠤ ᠢᠷᠡᠭᠡᠳ ᠬᠥᠯᠥᠰᠥᠨ ᠠᠵᠢᠯ ᠬᠢᠵᠦ ᠪᠠᠢ᠍ᠢ᠍ᠵᠠᠶ᠂ ᠭᠡᠪᠡᠴᠦ ᠣᠲᠣ ᠣᠷᠳᠣ ᠬᠤᠭᠤᠴᠠᠭ᠎ᠠ᠎ᠪᠠᠷ ᠬᠦᠳᠡᠭᠡ ᠬᠡᠷ᠎ᠲᠡᠭᠡᠨ ᠰᠠᠭ᠋ᠠᠳᠠᠵᠤ᠂ ᠬᠥᠳᠡᠭᠡ ᠲᠣᠰᠬᠣᠨ᠎ᠤ ᠤᠰᠤ ᠬᠠᠩᠭ᠋ᠠᠬᠤ ᠦᠢ᠍ᠯᠡᠳᠪᠦᠷᠢ᠎ᠳᠤ ᠦᠵᠡᠭᠦᠯᠬᠦ ᠳᠠᠷᠤᠯᠲᠠ᠎ᠨᠢ ᠶᠡᠬᠡ ᠪᠣᠯᠵᠣ᠂ ᠤᠤᠯ᠎ᠤᠨ ᠲᠥᠯᠥᠪᠯᠡᠵᠤ ᠪᠠᠢ᠍ᠢ᠍ᠭᠰᠠᠨ ᠳᠠᠷᠤᠭ᠋ᠠᠰᠤ᠎ᠠᠴᠠ ᠬᠣᠯᠠ ᠶᠡᠬᠡ ᠪᠣᠯᠤᠭᠰᠠᠨ ᠪᠠᠢ᠍ᠢ᠍ᠨ᠎ᠠ᠃ ᠰᠧᠴᠤᠸᠠᠨ᠎ᠤ ᠨᠢᠭᠡ ᠤᠰᠤᠨ᠎ᠤ ᠦᠢ᠍ᠯᠡᠳᠪᠦᠷᠢ ᠬᠠᠮᠤᠭ᠎ᠤᠨ ᠠᠷᠪᠢᠨ᠎ᠳᠠᠭᠠᠨ 4 ᠳᠠᠬᠢᠨ ᠢᠯᠡᠭᠦᠦ ᠳᠠᠭ᠋ᠠᠭ᠋ᠠᠴᠠ᠎ᠲᠠᠢ ᠪᠤᠯᠤᠭᠰᠠᠨ᠎ᠢ ᠪᠢᠳᠡ ᠤᠢ᠍ᠢ᠍ᠯᠠᠭ᠋ᠠᠪᠠ᠂ ᠤᠷᠲᠤ ᠬᠤᠭᠤᠴᠠᠭ᠎ᠠ᠎ᠪᠠᠷ ᠳᠠᠭ᠋ᠠᠭ᠋ᠠᠴᠠ᠎ᠠᠴᠠ ᠬᠡᠲᠦᠷᠡᠭᠦᠯᠦᠨ ᠠᠵᠢᠯᠯᠠᠬᠤ᠎ᠨᠢ ᠤᠰᠤᠨ᠎ᠤ ᠦᠢ᠍ᠯᠡᠳᠪᠦᠷᠢ᠎ᠳᠤ ᠠᠪᠴᠤ ᠬᠡᠯᠡᠪᠡᠯ ᠳᠤᠩ ᠶᠡᠬᠡ ᠰᠢᠯᠭ᠋ᠠᠯᠲᠠ ᠪᠣᠯᠬᠤ ᠪᠥᠭᠡᠳ ᠪᠠᠰᠠ ᠴᠤ᠌ ᠳᠤᠩ ᠶᠡᠬᠡ ᠠᠶᠤᠯ ᠲᠦᠭᠰᠢᠭᠦᠷᠢ ᠪᠣᠯᠬᠤ ᠶᠤᠮ᠃ ᠡᠢ᠍ᠢ᠍ᠮᠦᠷᠬᠦᠦ ᠠᠰᠠᠭᠤᠳᠠᠯ᠎ᠳᠤ ᠴᠢᠭᠯᠡᠭᠦᠯᠦᠨ᠂ ᠪᠢᠳᠡ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠲᠤᠯᠠᠭ᠎ᠠ ᠵᠢᠨ ᠲᠥᠯᠥᠪᠵᠢᠭᠦᠯᠭᠡ ᠵᠢ ᠬᠢᠬᠦ ᠦᠶ᠎ᠠ᠎ᠳᠤ ᠴᠢᠬᠤᠯᠠ ᠵᠤᠢ᠍ᠢ᠍ᠯ ᠪᠤᠯᠭ᠋ᠠᠨ ᠦᠵᠡᠵᠤ᠂ ᠵᠠᠷᠢᠮ ᠭᠡᠨᠡᠳᠲᠡ ᠵᠢᠨ ᠬᠡᠷᠡᠭ᠎ᠢ ᠪᠣᠳᠣᠯᠬᠢᠯᠠᠬᠤ᠎ᠨᠢ ᠮᠠᠨ᠎ᠤ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ᠎ᠳᠤ ᠳᠤᠩ ᠶᠡᠬᠡ ᠬᠠᠪᠰᠤᠷᠤᠯᠭ᠎ᠠ ᠪᠣᠯᠬᠤ ᠶᠤᠮ᠃
      ᠴᠧᠨ ᠮᠢᠩ ᠵᠥᠩ  2020 — 03 — 26  16᠄ 31᠄ 09
    12314 ᠡᠨᠡ ᠬᠦ᠌ ᠲᠠᠪᠴᠠᠩ᠎ᠢ ᠨᠡᠪᠳᠡᠷᠡᠭᠦᠯᠦᠭᠰᠡᠨ᠎ᠠᠴᠠ ᠨᠠᠭ᠋ᠠᠰᠢ᠂ ᠨᠢᠭᠡ᠎ᠳᠤ ᠠᠷᠠᠳ᠎ᠤᠨ ᠲᠥᠯᠥᠭᠡ ᠪᠣᠳᠠᠲᠠᠶ ᠠᠵᠢᠯ ᠬᠢᠵᠡᠶ᠂ ᠡᠭᠦᠨ᠎ᠠᠴᠠ ᠭᠠᠳᠠᠨ᠎ᠠ ᠪᠢᠳᠡ ᠠᠩᠬᠠᠨ᠎ᠤ ᠪᠠᠢ᠍ᠢ᠍ᠳᠠᠯ᠎ᠢ ᠡᠵᠡᠮᠳᠡᠨ᠂ ᠨᠢᠭᠡᠳᠦᠭᠡᠷ ᠮᠡᠳᠡᠭᠡ ᠵᠠᠩᠭᠢ ᠵᠢ ᠣᠨᠣᠪᠴᠢᠲᠠᠶ ᠣᠢ᠍ᠢ᠍ᠯᠠᠭ᠋ᠠᠵᠤ᠂ ᠢᠯᠠᠩᠭᠤᠶ᠎ᠠ ᠪᠢᠳᠡᠨ᠎ᠤ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠰᠠᠢ᠍ᠢ᠍ᠨ ᠲᠤᠯᠭ᠋ᠠᠭᠤᠷᠢᠯᠡᠯ ᠬᠠᠩᠭ᠋ᠠᠭᠰᠠᠨ ᠪᠠᠢ᠍ᠢ᠍ᠨ᠎ᠠ᠃ ᠭᠡᠪᠡᠴᠦ ᠨᠡᠪᠳᠡᠷᠡᠭᠦᠯᠦᠭᠡᠳ ᠰᠠᠶᠢ ᠬᠣᠶᠠᠷ ᠰᠠᠷ᠎ᠠ ᠭᠠᠷᠤᠢ᠍ᠢ᠍ᠬᠠᠨ ᠪᠣᠯᠵᠤ ᠪᠠᠢ᠍ᠢ᠍ᠨ᠎ᠠ᠂ ᠦᠨᠳᠦᠰᠦᠨ ᠱᠠᠲᠤᠨ᠎ᠤ ᠳᠤᠩ ᠣᠯᠠᠨ ᠪᠣᠢ᠍ᠢ᠍ᠳᠠ ᠪᠥᠭᠯᠡᠭᠦᠦ ᠭᠠᠵᠠᠷ᠎ᠲᠤ ᠡᠨᠡ ᠬᠦ᠌ ᠲᠠᠪᠴᠠᠩ᠎ᠢ ᠲᠡᠢ᠍ᠢ᠍ᠮᠦ ᠥᠷᠭᠡᠨ ᠳᠡᠯᠭᠡᠷ ᠮᠡᠳᠡᠬᠦ ᠦᠭᠡᠶ ᠪᠠᠢ᠍ᠢ᠍ᠨ᠎ᠠ ᠭᠡᠳᠡᠭ᠎ᠢ ᠪᠢᠳᠡ ᠪᠠᠰᠠ       ᠮᠡᠳᠡᠵᠡᠶ᠃ ᠪᠢᠳᠡ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠡᠨᠡ ᠤᠲᠠᠰᠤ ᠵᠢ ᠤᠯᠠᠨ᠎ᠳᠤ ᠮᠡᠳᠡᠭᠦᠯᠦᠶ᠎ᠠ᠃ ᠪᠠᠰᠠ ᠵᠠᠭᠤᠴᠢᠯᠠᠭᠤᠷ᠎ᠤᠨ ᠨᠠᠢ᠍ᠢ᠍ᠵᠠ ᠨᠠᠷ᠎ᠢ ᠣᠨᠴᠠᠭ᠋ᠠᠢ᠍ᠢ᠍ᠯᠠᠨ ᠬᠦᠰᠡᠬᠦ᠎ᠨᠢ ᠳᠠ ᠨᠠᠷ ᠵᠶ᠋ᠠᠷ ᠳᠠᠮᠵᠢᠨ ᠤᠬᠠᠭᠤᠯᠵᠤ᠂ ᠣᠨᠴᠠᠭ᠋ᠠᠢ᠍ᠢ᠍ᠯᠠᠨ ᠪᠤᠢ᠍ᠢ᠍ᠳᠠ ᠪᠥᠭᠯᠡᠭᠦᠦ ᠠᠭᠤᠯᠠᠷᠬᠠᠭ ᠣᠷᠣᠨ᠎ᠤ ᠰᠠᠭᠤᠭ᠋ᠠᠯᠢ ᠠᠷᠠᠳ᠎ᠲᠤ ᠡᠢ᠍ᠢ᠍ᠮᠦ ᠨᠢᠭᠡᠨ ᠲᠠᠪᠴᠠᠩ᠎ᠲᠠᠢ᠂ ᠡᠢ᠍ᠢ᠍ᠮᠦ ᠨᠢᠭᠡᠨ ᠤᠳᠠᠰᠤᠨ ᠨᠤᠮᠧᠷ᠎ᠲᠠᠢ ᠪᠠᠢ᠍ᠢ᠍ᠬᠤ ᠵᠢ ᠮᠡᠳᠡᠭᠦᠯᠵᠦ᠂ ᠤᠰᠤᠨ᠎ᠳᠤ ᠬᠣᠯᠪᠣᠭᠳᠠᠬᠤ ᠠᠰᠠᠭᠤᠳᠠᠯ ᠲᠤᠯᠭ᠋ᠠᠷᠠᠪᠠᠯ᠂ ᠵᠢᠱ᠌ᠢᠶᠡᠯᠡᠪᠡᠯ ᠭᠡᠷ᠎ᠤᠨ ᠤᠤᠭᠤᠬᠤ ᠤᠰᠤᠨ᠎ᠳᠤ ᠠᠰᠠᠭᠤᠳᠠᠯ ᠭᠠᠷᠪᠠᠯ ᠲᠡᠷᠡ ᠳᠠᠷᠤᠶ᠎ᠳᠤᠨᠢ 12314 ᠵᠢ ᠪᠤᠳᠤᠨ ᠣᠯᠵᠤ᠂ ᠶᠠᠭ 12315 ᠬᠠᠭᠤᠷᠮᠠᠭ ᠮᠠᠭᠤ ᠪᠠᠷᠠᠭ᠎ᠠ ᠲᠠᠸᠠᠷ᠎ᠲᠤ ᠴᠤᠬᠢᠯᠳᠠ ᠦᠭᠭᠦ ᠲᠠᠪᠴᠠᠩ᠎ᠲᠠᠢ ᠠᠳᠠᠯᠢ᠎ᠪᠠᠷ ᠡᠨᠡ ᠬᠦ᠌ ᠲᠠᠪᠴᠠᠩ ᠵᠶ᠋ᠠᠷ ᠳᠠᠮᠵᠢᠭᠤᠯᠤᠨ ᠲᠤᠰᠬᠠᠵᠤ᠂ ᠪᠢᠳᠡ ᠴᠠᠭ ᠲᠤᠬᠠᠶ᠎ᠳᠤᠨᠢ ᠰᠢᠢ᠍ᠳᠪᠦᠷᠢᠯᠡᠨ ᠦᠭᠭᠦᠶ᠎ᠡ᠃ ᠬᠣᠢ᠍ᠢ᠍ᠰᠢᠳᠠ ᠪᠢᠳᠡ ᠡᠨᠡ ᠬᠦ᠌ ᠲᠠᠪᠴᠠᠩ᠎ᠢ ᠲᠠᠰᠤᠷᠠᠯᠲᠠ ᠦᠭᠡᠶ ᠲᠡᠭᠦᠯᠳᠡᠷᠵᠢᠭᠦᠯᠵᠦ᠂ ᠡᠳᠡᠭᠡᠷ ᠠᠰᠠᠭᠤᠳᠠᠯ᠎ᠢ ᠰᠢᠢ᠍ᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠣᠯᠠᠨ᠎ᠢ ᠨᠠᠢ᠍ᠢ᠍ᠳᠠᠪᠤᠷᠢ᠎ᠲᠠᠢ ᠢᠲᠡᠭᠡᠯ᠎ᠲᠠᠢ ᠪᠣᠯᠭ᠋ᠠᠵᠤ᠂ ᠤᠰᠤᠨ ᠠᠰᠢᠬᠯᠠᠯᠲᠠ ᠵᠢᠨ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠠᠵᠢᠯ᠎ᠢ ᠬᠠᠮᠲᠤ᠎ᠪᠠᠷ ᠭᠦᠨᠵᠡᠭᠡᠢ᠍ᠢ᠍ᠷᠡᠭᠦᠯᠦᠶ᠎ᠡ᠃ ᠲᠠ ᠪᠦᠬᠦᠨ᠎ᠳᠤ ᠪᠠᠶᠠᠷᠯᠠᠯ᠎ᠠ᠃

      ᠮᠢ ᠹᠧᠩ 2020 — 03 — 2616: 38: 24
      ᠰᠤᠷᠪᠤᠯᠵᠢᠯᠠᠭ᠎ᠠ ᠬᠦᠯᠢᠶᠡᠭᠰᠡᠳ᠎ᠲᠤ ᠲᠠᠯᠠᠷᠬᠠᠵᠤ ᠪᠠᠢ᠍ᠢ᠍ᠨ᠎ᠠ᠂ ᠥᠨᠥᠳᠦᠷ᠎ᠤᠨ ᠰᠣᠨᠢᠨ ᠮᠡᠳᠡᠭᠡ ᠨᠡᠢ᠍ᠢ᠍ᠲᠡᠯᠡᠬᠦ ᠬᠤᠷᠠᠯ᠎ᠤᠨ ᠭᠣᠤᠯ ᠰᠡᠳᠦᠪ ᠪᠣᠯ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠵᠢᠨ ᠤᠰᠤᠨ ᠠᠰᠢᠬᠯᠠᠯᠲᠠ ᠵᠢᠨ ᠪᠠᠲᠤᠯᠠᠭ᠎ᠠ ᠪᠠ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠶᠠᠪᠤᠳᠠᠯ ᠪᠣᠯᠤᠨ᠎ᠠ᠂ ᠮᠠᠷᠭ᠋ᠠᠰᠢ ᠵᠢᠨ ᠰᠣᠨᠢᠨ ᠮᠡᠳᠡᠭᠡ ᠨᠡᠢ᠍ᠢ᠍ᠲᠡᠯᠡᠬᠦ ᠬᠤᠷᠠᠯ᠎ᠳᠤ ᠪᠢᠳᠡ ᠴᠠᠭ ᠠᠭᠤᠷ᠎ᠤᠨ ᠭᠠᠶ ᠭᠠᠮᠰᠢᠭ᠎ᠤᠨ ᠠᠶᠤᠯ ᠲᠦᠭᠰᠢᠭᠦᠷᠢ ᠵᠢ ᠰᠡᠷᠭᠡᠢ᠍ᠢ᠍ᠯᠡᠬᠦ᠂ ᠬᠠᠪᠤᠷ᠎ᠤᠨ ᠲᠠᠷᠢᠶᠠᠯᠠᠭ᠎ᠠ ᠵᠢ ᠪᠠᠲᠤᠯᠠᠬᠤ ᠪᠠ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢᠨ ᠲᠣᠭᠣᠷᠢᠨ᠎ᠳᠤ ᠶᠠᠪᠤᠭᠳᠠᠨ᠎ᠠ᠂ ᠲᠤᠬᠠᠶ ᠵᠢᠨ ᠦᠶ᠎ᠠ᠎ᠳᠤ ᠪᠢᠳᠡ ᠬᠦᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ ᠪᠣᠯᠤᠨ ᠴᠠᠭ ᠠᠭᠤᠷ᠎ᠤᠨ ᠳᠤᠪᠴᠢᠶ᠎ᠠ ᠵᠢᠨ ᠬᠠᠮᠢᠶ᠎ᠠ ᠪᠥᠬᠥᠶ ᠵᠤᠷᠭ᠋ᠠᠨ ᠳᠤᠪᠴᠢᠶ᠎ᠠ ᠵᠢᠨ ᠬᠠᠷᠢᠭᠤᠴᠠᠯᠭ᠋ᠠᠲᠠᠨ᠎ᠢ ᠤᠷᠢᠵᠤ ᠵᠠᠭᠤᠴᠢᠯᠠᠭᠤᠷ᠎ᠤᠨ᠎ᠬᠢᠨ᠎ᠤ ᠠᠰᠠᠭᠤᠯᠲᠠ ᠵᠢ ᠬᠠᠷᠢᠭᠤᠯᠤᠨ᠎ᠠ᠂ ᠣᠯᠠᠨ ᠵᠶ᠋ᠠᠷ ᠵᠶ᠋ᠠᠨ ᠦᠷᠭᠦᠯᠵᠢᠯᠡᠨ ᠠᠩᠬᠠᠷᠤᠯ᠎ᠳᠠᠭᠠᠨ ᠬᠠᠨᠳᠤᠭᠤᠯᠬᠤ ᠵᠢ ᠪᠠᠶᠠᠷᠯᠠᠨ ᠤᠭᠲᠤᠵᠤ ᠪᠠᠢ᠍ᠢ᠍ᠨ᠎ᠠ᠃ ᠥᠨᠥᠳᠦᠷ᠎ᠤᠨ ᠰᠣᠨᠢᠨ ᠮᠡᠳᠡᠭᠡ ᠨᠡᠢ᠍ᠢ᠍ᠲᠡᠯᠡᠬᠦ ᠬᠤᠷᠠᠯ ᠡᠨᠳᠡ ᠬᠦᠷᠦᠭᠡᠳ ᠲᠡᠭᠦᠰᠦᠯ᠎ᠡ᠂ ᠲᠠ ᠪᠦᠬᠦᠨ᠎ᠳᠤ ᠪᠠᠶᠠᠷᠯᠠᠯ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠥᠷᠥᠰᠥ ᠰᠢᠷᠣᠢ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠤᠰᠤᠨ ᠠᠰᠢᠭᠯᠠᠯᠲᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ
ᠤᠰᠤᠨ ᠠᠰᠢᠭᠯᠠᠯᠲᠠ ᠵᠢᠨ ᠶᠠᠮᠤᠨ᠎ᠤ ᠤᠰᠤᠨ ᠠᠰᠢᠭᠯᠠᠯᠲᠠ ᠵᠢᠨ ᠠᠶᠤᠯᠬᠦᠢ ᠦᠢ᠍ᠯᠡᠳᠪᠦᠷᠢᠯᠡᠯ᠎ᠢ ᠪᠠᠷᠢᠮᠵᠢᠶᠠᠵᠢᠭᠤᠯᠤᠭᠰᠠᠨ ᠪᠠᠷᠢᠮᠵᠢᠶ᠎ᠠ᠎ᠳᠤ ᠬᠦᠷᠦᠭᠰᠡᠨ ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠬᠦ ᠰᠠᠨᠠᠯ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠤᠭᠴᠢᠳ᠎ᠤᠨ ᠳᠠᠰᠬᠠᠯ ᠳᠠᠭ᠋ᠠᠭ᠋ᠠᠯᠭ᠋ᠠᠪᠤᠷᠢ ᠵᠢᠨ ᠳᠠᠷᠤᠭ᠋ᠠᠰᠤ ᠪᠠ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠳᠠᠷᠤᠭ᠋ᠠᠰᠤ ᠵᠢ ᠴᠢᠨᠠᠭᠰᠢᠳᠠ ᠬ᠋ᠥᠩᠭᠡᠷᠡᠭᠦᠯᠬᠦ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠪᠠ
ᠫᠤᠷᠲ᠋ᠠᠯ ᠰᠠᠢ᠌ᠲ᠎ᠤᠨ ᠪᠤᠯᠤᠩ᠎ᠢ ᠬᠤᠪᠢᠷᠠᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠯᠪᠠᠨ ᠨᠡᠢ᠍ᠲᠡᠯᠡᠯ
ᠲᠥᠷᠥ ᠵᠢᠨ ᠶᠠᠪᠤᠳᠠᠯ᠎ᠤᠨ ᠬᠤᠷᠢᠶ᠎ᠠ 《ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ (2021 — 2025 ᠤᠨ)》 ᠵᠢ ᠳᠠᠷᠤᠮᠠᠯᠯᠠᠨ ᠲᠠᠷᠬᠠᠭ᠋ᠠᠪᠠ
 
            