ᠰᠢᠨᠬᠤᠸᠠ ᠬᠣᠷᠢᠶᠠᠨ᠎ᠤ ᠪᠡᠭᠡᠵᠢᠩ᠎ᠤᠨ 7 ᠰᠠᠷ᠎ᠠ ᠵᠢᠨ 24 ᠤ ᠴᠠᠬᠢᠯᠭ᠋ᠠᠨ ᠮᠡᠳᠡᠭᠡ ᠣᠶ᠋ᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠤᠭᠴᠢᠳ᠎ᠤᠨ ᠳᠠᠰᠬᠠᠯ ᠳᠠᠭ᠋ᠠᠭ᠋ᠠᠯᠭ᠋ᠠᠪᠤᠷᠢ ᠪᠠ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠳᠠᠷᠤᠭ᠋ᠠᠰᠤ ᠵᠢ ᠴᠢᠨᠠᠭᠰᠢᠳᠠ ᠬᠥᠩᠭᠡᠷᠡᠭᠦᠯᠬᠦ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠮᠡᠳᠡᠭᠳᠡᠯ ᠪᠠᠭᠤᠯᠭ᠋ᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃
《ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠤᠭᠴᠢᠳ᠎ᠤᠨ ᠳᠠᠰᠬᠠᠯ ᠳᠠᠭ᠋ᠠᠭ᠋ᠠᠯᠭ᠋ᠠᠪᠤᠷᠢ ᠵᠢᠨ ᠳᠠᠷᠤᠭ᠋ᠠᠰᠤ ᠪᠠ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠳᠠᠷᠤᠭ᠋ᠠᠰᠤ ᠵᠢ ᠴᠢᠨᠠᠭᠰᠢᠳᠠ ᠬᠥᠩᠭᠡᠷᠡᠭᠦᠯᠬᠦ ᠲᠤᠬᠠᠶ ᠰᠠᠨᠠᠯ》᠎ᠤᠨ ᠪᠥᠬᠦ ᠠᠭᠤᠯᠭ᠎ᠠ᠎ᠨᠢ ᠳᠤᠤᠷᠠᠬᠢ ᠮᠡᠲᠦ᠃
ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠰᠤᠷᠭ᠋ᠠᠭᠤᠯᠢ ᠵᠢᠨ ᠬᠥᠮᠦᠨ ᠬᠥᠮᠦᠵᠢᠭᠦᠯᠬᠦ ᠬᠢᠷᠢ ᠲᠦᠪᠰᠢᠨ᠎ᠢ ᠦᠨᠡᠨ ᠬᠦ᠌ ᠳᠡᠭᠡᠭᠰᠢᠯᠡᠭᠦᠯᠦᠨ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ (ᠰᠦᠯᠵᠢᠶᠡᠨ ᠳᠡᠭᠡᠷᠡᠬᠢ ᠪᠣᠯᠪᠠᠰᠤᠷᠠᠯ ᠪᠠ ᠰᠦᠯᠵᠢᠶᠡᠨ ᠭᠠᠳᠠᠨᠠᠬᠢ ᠪᠣᠯᠪᠠᠰᠤᠷᠠᠯ᠎ᠢ ᠪᠠᠭᠲᠠᠭ᠋ᠠᠨ᠎ᠠ)᠎ᠢ ᠦᠷᠭᠦᠯᠵᠢᠯᠡᠨ ᠵᠢᠷᠤᠮᠵᠢᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠤᠭᠴᠢᠳ᠎ᠤᠨ ᠬᠡᠲᠦ ᠬᠦᠨᠳᠦ ᠳᠠᠰᠬᠠᠯ ᠳᠠᠭ᠋ᠠᠭ᠋ᠠᠯᠭ᠋ᠠᠪᠤᠷᠢ ᠵᠢᠨ ᠲᠠᠷᠤᠭ᠋ᠠᠰᠤ ᠪᠠ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠳᠠᠷᠤᠭ᠋ᠠᠰᠤ (ᠲᠤᠤᠷ᠎ᠠ 《ᠬᠤᠶᠠᠷ᠎ᠢ ᠬᠥᠩᠭᠡᠷᠡᠭᠦᠯᠬᠦ》 ᠭᠡᠵᠦ ᠲᠦᠭᠦᠮᠴᠢᠯᠡᠨ᠎ᠡ) ᠵᠢ ᠪᠦᠲᠦᠮᠵᠢᠲᠡᠶ ᠬᠥᠩᠭᠡᠷᠡᠭᠦᠯᠬᠦ ᠵᠢᠨ ᠲᠤᠰᠠᠳᠠ᠂ ᠡᠳᠦᠭᠡ ᠳᠤᠤᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠶᠡᠷᠦᠩᠬᠡᠶ ᠱᠠᠭ᠋ᠠᠷᠳᠠᠯᠭ᠎ᠠ
1. ᠵᠢᠯᠣᠭᠤᠳᠬᠤ ᠦᠵᠡᠯ ᠰᠠᠨᠠᠭ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠵᠶ᠋ᠠᠷ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠵᠤ᠂ ᠴᠢᠨᠠᠷ ᠰᠠᠶ᠋ᠢᠲᠠᠢ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠪᠠᠶ᠋ᠢᠭᠤᠯᠬᠤ᠎ᠳᠤ ᠬᠠᠨᠳᠤᠭᠤᠯᠵᠦ᠂ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠭᠤᠣᠯ ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ᠎ᠢ ᠴᠢᠩᠭ᠋ᠠᠳᠬᠠᠵᠤ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠵᠠᠰᠠᠯᠲᠠ ᠵᠢ ᠭᠦᠨᠵᠡᠭᠡᠶ᠋ᠢᠷᠡᠭᠦᠯᠵᠦ᠂ ᠤᠯᠠᠨ ᠲᠦᠮᠡᠨ᠎ᠤ ᠠᠰᠢᠭ ᠲᠤᠰᠠ ᠵᠢ ᠬᠤᠬᠢᠷᠠᠭᠤᠯᠬᠤ ᠠᠵᠢᠯᠯᠠᠭ᠎ᠠ ᠵᠢ ᠡᠷᠡᠰ ᠰᠡᠷᠭᠡᠶ᠋ᠢᠯᠡᠵᠦ᠂ ᠰᠤᠷᠭ᠋ᠠᠨ ᠬᠥᠮᠦᠵᠢᠯ᠎ᠤᠨ ᠰᠠᠶ᠋ᠢᠨ ᠰᠠᠶ᠋ᠢᠬᠠᠨ ᠠᠮᠢ ᠠᠬᠤᠢ ᠵᠢ ᠪᠠᠶ᠋ᠢᠭᠤᠯᠵᠤ᠂ ᠭᠡᠷ᠎ᠤᠨ ᠠᠬᠠᠮᠠᠳ᠎ᠤᠨ ᠵᠣᠪᠠᠨᠢᠬᠤ ᠰᠡᠳᠬᠢᠯᠭᠡ ᠵᠢ ᠪᠦᠲᠦᠮᠵᠢᠲᠡᠢ ᠨᠠᠮᠳᠠᠭᠤᠯᠵᠤ᠂ ᠰᠤᠷᠤᠭᠴᠢᠳ᠎ᠤᠨ ᠪᠦᠬᠦ ᠲᠠᠯ᠎ᠠ᠎ᠪᠠᠷ ᠬᠥᠭᠵᠢᠬᠦ᠂ ᠡᠷᠡᠭᠦᠯ ᠵᠶ᠋ᠠᠷ ᠦᠰᠦᠨ ᠪᠤᠶ᠋ᠢᠵᠢᠬᠤ ᠵᠢ ᠠᠬᠢᠭᠤᠯᠬᠤ ᠬᠡᠷᠡᠭᠲᠡᠢ᠃
2. ᠠᠵᠢᠯ᠎ᠤᠨ ᠵᠠᠷᠴᠢᠮ᠃ ᠰᠤᠷᠤᠭᠴᠢ᠎ᠪᠠᠷ ᠦᠨᠳᠦᠰᠦ ᠪᠣᠯᠭ᠋ᠠᠬᠤ ᠵᠢ ᠪᠠᠷᠢᠮᠲᠠᠯᠠᠨ᠂ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠬᠠᠷᠢᠭᠤᠯᠲᠠ ᠥᠭᠴᠦ᠂ ᠰᠤᠷᠭ᠋ᠠᠨ ᠬᠥᠮᠦᠵᠢᠯ᠎ᠤᠨ ᠵᠢᠮ᠎ᠡ ᠶᠣᠰᠣ ᠵᠢ ᠵᠢᠷᠤᠮᠯᠠᠨ᠂ ᠰᠤᠷᠤᠭᠴᠢᠳ᠎ᠤᠨ ᠪᠡᠶ᠎ᠡ ᠰᠡᠳᠬᠢᠴᠡ ᠵᠢᠨ ᠡᠷᠡᠭᠦᠯ ᠵᠶ᠋ᠠᠷ ᠦᠰᠦᠨ ᠪᠤᠶ᠋ᠢᠵᠢᠬᠤ᠎ᠳᠤ ᠬᠠᠨᠳᠤᠭᠤᠯᠵᠦ᠂ ᠰᠤᠷᠤᠭᠴᠢᠳ᠎ᠤᠨ ᠠᠮᠠᠷᠠᠬᠤ ᠡᠷᠬᠡ ᠵᠢ ᠪᠠᠲᠤᠯᠠᠨ᠂ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ᠎ᠢ ᠪᠦᠬᠦᠯᠢ ᠴᠣᠭᠴᠠ᠎ᠪᠠᠷ᠎ᠨᠢ ᠳᠡᠭᠡᠭᠰᠢᠯᠡᠭᠦᠯᠵᠦ᠂ ᠨᠡᠶ᠋ᠢᠭᠡᠮ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ ᠪᠠ ᠬᠦᠰᠡᠯ ᠡᠷᠡᠮᠡᠯᠵᠡᠯ᠎ᠳᠤ ᠢᠳᠡᠪᠬᠢᠲᠡᠢ᠎ᠪᠠᠷ ᠬᠠᠷᠢᠭᠤ ᠥᠭᠴᠦ᠂ ᠭᠡᠷ᠎ᠤᠨ ᠠᠬᠠᠮᠠᠳ᠎ᠤᠨ ᠳᠠᠷᠤᠭ᠋ᠠᠰᠤ ᠵᠢ ᠬᠥᠩᠭᠡᠷᠡᠭᠦᠯᠦᠨ᠎ᠡ; ᠬᠠᠤᠯᠢ ᠶᠣᠰᠣᠭ᠋ᠠᠷ ᠵᠠᠰᠠᠬᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠵᠢ ᠵᠡᠷᠭᠡ᠎ᠪᠠᠷ ᠵᠠᠰᠠᠬᠤ ᠵᠢ ᠪᠠᠷᠢᠮᠲᠠᠯᠠᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠠᠤᠯᠢ᠂ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠬᠠᠤᠯᠢ ᠵᠡᠷᠭᠡ ᠬᠠᠤᠯᠢ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ ᠡᠬᠢ ᠡᠭᠦᠰᠦᠯ᠎ᠠᠴᠠ᠎ᠨᠢ ᠵᠠᠰᠠᠬᠤ᠂ ᠰᠢᠰᠲ᠋ᠧᠮ᠎ᠲᠠᠢ ᠵᠠᠰᠠᠬᠤ᠂ ᠶᠡᠷᠦᠩᠬᠡᠶ᠋ᠢᠯᠡᠨ ᠵᠠᠰᠠᠬᠤ ᠵᠢ ᠴᠢᠩᠭ᠋ᠠᠳᠬᠠᠨ᠎ᠠ; ᠵᠠᠰᠠᠭ᠎ᠤᠨ ᠣᠷᠳᠣᠨ ᠵᠶ᠋ᠠᠷ ᠭᠤᠤᠯᠯᠠᠭᠤᠯᠬᠤ᠂ ᠣᠯᠠᠨ ᠲᠠᠯ᠎ᠠ ᠬᠤᠯᠪᠤᠭ᠋ᠠᠯᠠᠨ ᠠᠵᠢᠯᠯᠠᠬᠤ ᠵᠢ ᠪᠠᠷᠢᠮᠲᠠᠯᠠᠨ᠂ ᠵᠠᠰᠠᠭ᠎ᠤᠨ ᠣᠷᠳᠣᠨ᠎ᠤ ᠨᠢᠭᠡᠳᠦᠯᠲᠡᠶ ᠲᠥᠯᠥᠪᠵᠢᠬᠦᠯᠬᠦ ᠵᠢ ᠴᠢᠩᠭ᠋ᠠᠳᠬᠠᠵᠤ᠂ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠰᠤᠷᠭ᠋ᠠᠭᠤᠯᠢ ᠵᠢᠨ ᠭᠤᠤᠯ ᠴᠣᠭᠴᠠ ᠵᠢᠨ ᠦᠢ᠍ᠯᠡᠳᠣᠯ᠎ᠢ ᠪᠠᠳᠠᠷᠠᠭᠤᠯᠵᠤ᠂ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠪᠦᠷᠢᠨᠰᠢᠬᠦᠯᠦᠨ᠂ ᠬᠡᠷ ᠪᠦᠯᠢ ᠰᠤᠷᠭ᠋ᠠᠭᠤᠯᠢ ᠨᠡᠶ᠋ᠢᠭᠡᠮ᠎ᠤᠨ ᠬᠠᠮᠵᠢᠯᠴᠠᠬᠤ ᠬᠠᠷᠢᠭᠤᠴᠠᠯᠭ᠎ᠠ ᠵᠢ ᠲᠣᠳᠣᠷᠬᠠᠶ᠋ᠢᠯᠠᠨ᠎ᠠ; ᠨᠢᠭᠡᠳᠦᠯᠲᠡᠶ ᠳᠦᠯᠦᠪᠵᠢᠬᠦᠯᠦᠨ ᠠᠬᠢᠭᠤᠯᠬᠤ᠂ ᠯᠠᠪᠳᠠᠭᠤᠨ ᠵᠶ᠋ᠠᠷ ᠬᠡᠷᠡᠭᠵᠢᠭᠦᠯᠬᠦ ᠵᠢ ᠪᠠᠷᠢᠮᠲᠠᠯᠠᠨ᠂ ᠰᠤᠷᠤᠭᠴᠢᠳ᠎ᠤᠨ ᠬᠡᠲᠦ ᠬᠦᠨᠳᠦ ᠰᠤᠷᠤᠯᠭ᠎ᠠ ᠵᠢᠨ ᠳᠠᠷᠤᠭ᠋ᠠᠰᠤ ᠵᠢ ᠬᠥᠩᠭᠡᠷᠡᠭᠦᠯᠬᠦ ᠲᠤᠬᠠᠶ ᠤᠯᠤᠰ᠎ᠤᠨ ᠬᠤᠯᠪᠣᠭᠳᠠᠯ ᠪᠥᠬᠦᠶ ᠲᠣᠭᠲᠠᠭ᠋ᠠᠯ᠎ᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠭᠤᠤᠯᠳᠠᠯᠭ᠎ᠠ᠎ᠲᠠᠢ ᠲᠦᠪᠡᠭᠲᠡᠶ ᠠᠰᠠᠭᠤᠳᠠᠯ᠎ᠳᠤ ᠤᠷᠢᠳᠠᠪᠠᠷ ᠲᠤᠷᠰᠢᠯᠲᠠ ᠬᠢᠵᠦ᠂ ᠨᠡᠶ᠋ᠢᠲᠡᠯᠢᠭ ᠲᠤᠷᠰᠢᠯᠭ᠎ᠠ ᠵᠢ ᠢᠳᠡᠪᠬᠢᠲᠡᠶ᠎ᠪᠠᠷ ᠳᠡᠯᠭᠡᠷᠡᠭᠦᠯᠦᠨ᠂ 《ᠬᠤᠶᠠᠷ᠎ᠢ ᠬᠦᠩᠭᠡᠷᠡᠭᠦᠯᠬᠦ》 ᠠᠵᠢᠯ᠎ᠤᠨ ᠲᠣᠭᠲᠠᠭᠤᠨ ᠪᠥᠭᠡᠳ ᠡᠮᠬᠢ ᠵᠢᠷᠤᠮ᠎ᠲᠠᠢ ᠶᠠᠪᠤᠭᠳᠠᠬᠤ ᠵᠢ ᠦᠨᠡᠨ ᠬᠦ᠌ ᠪᠠᠲᠤᠯᠠᠨ᠎ᠠ᠃
3. ᠠᠵᠢᠯ᠎ᠤᠨ ᠬᠠᠷᠠᠯᠲᠠ᠃ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ ᠪᠠ ᠦᠢ᠍ᠯᠡᠴᠢᠯᠡᠭᠡᠨ᠎ᠤ ᠬᠢᠷᠢ ᠲᠦᠪᠰᠢᠨ᠎ᠢ ᠴᠢᠨᠠᠭᠰᠢᠳᠠ ᠳᠡᠭᠡᠭᠰᠢᠯᠡᠭᠦᠯᠵᠦ᠂ ᠳᠠᠰᠬᠠᠯ ᠲᠠᠭ᠋ᠠᠭ᠋ᠠᠯᠭ᠋ᠠᠪᠦᠷᠢ ᠵᠢᠨ ᠲᠤᠬᠢᠷᠠᠭᠤᠯᠤᠯᠲᠠ ᠵᠢ ᠨᠠᠩ ᠰᠢᠨᠵᠢᠯᠡᠬᠦ ᠤᠬᠠᠭ᠋ᠠᠨᠴᠢ ᠪᠥᠭᠡᠳ ᠵᠦᠶ ᠵᠣᠬᠢᠰᠲᠠᠶ ᠪᠣᠯᠭ᠋ᠠᠵᠤ᠂ ᠰᠤᠷᠭ᠋ᠠᠭᠤᠯᠢ ᠵᠢᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠢ ᠰᠤᠷᠤᠭᠴᠢᠳ᠎ᠤᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠨ᠎ᠳᠡᠭᠡᠨ ᠬᠠᠩᠭ᠋ᠠᠵᠤ᠂ ᠰᠤᠷᠤᠭᠴᠢᠳ᠎ᠢ ᠰᠤᠷᠭ᠋ᠠᠭᠤᠯᠢ ᠵᠢᠨ ᠬᠦᠷᠢᠶᠡᠨ᠎ᠳᠤ ᠨᠡᠩ ᠰᠠᠶ᠋ᠢᠳᠤᠷ ᠰᠤᠷᠤᠯᠴᠠᠭᠤᠯᠵᠤ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠪᠣᠯᠪᠠᠰᠤᠷᠠᠯ᠎ᠤᠨ ᠦᠢ᠍ᠯᠡ ᠠᠵᠢᠯᠯᠠᠭ᠎ᠠ ᠵᠢ ᠪᠥᠬᠦ ᠲᠠᠯ᠎ᠠ᠎ᠪᠠᠷ ᠵᠢᠷᠤᠮᠵᠢᠭᠤᠯᠤᠨ᠎ᠠ᠃ ᠰᠤᠷᠤᠭᠴᠢᠳ᠎ᠤᠨ ᠬᠡᠲᠦ ᠬᠦᠨᠳᠦ ᠳᠠᠰᠬᠠᠯ ᠳᠠᠭ᠋ᠠᠭ᠋ᠠᠯᠭ᠋ᠠᠪᠤᠷᠢ ᠵᠢᠨ ᠳᠠᠷᠤᠭ᠋ᠠᠰᠤ ᠪᠠ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠳᠠᠷᠤᠭ᠋ᠠᠰᠤ᠂ ᠬᠡᠷ ᠪᠦᠯᠢ ᠵᠢᠨ ᠰᠤᠷᠭ᠋ᠠᠨ ᠬᠥᠮᠦᠵᠢᠯ᠎ᠤᠨ ᠵᠠᠷᠤᠯᠭ᠎ᠠ ᠪᠠ ᠬᠡᠷ᠎ᠤᠨ ᠠᠬᠠᠮᠠᠳ᠎ᠤᠨ ᠬᠠᠷᠠᠭ᠋ᠠᠯᠵᠠᠭᠰᠠᠨ ᠣᠶᠤᠨ ᠳᠠᠮᠢᠷ᠎ᠤᠨ ᠳᠠᠷᠤᠭ᠋ᠠᠰᠤ ᠵᠢ 1 ᠵᠢᠯ᠎ᠤᠨ ᠳᠣᠲᠣᠷ᠎ᠠ ᠪᠦᠲᠦᠮᠵᠢᠲᠡᠶ ᠬᠥᠩᠭᠡᠷᠡᠭᠦᠯᠵᠦ᠂ 3 ᠵᠢᠯ᠎ᠤᠨ ᠳᠣᠲᠣᠷ᠎ᠠ ᠢᠯᠡᠳᠲᠡ ᠦᠷ᠎ᠡ ᠪᠦᠲᠦᠮᠵᠢ ᠣᠯᠵᠤ᠂ ᠠᠷᠠᠳ ᠣᠯᠠᠨ᠎ᠤ ᠰᠤᠷᠭ᠋ᠠᠨ ᠬᠥᠮᠦᠵᠢᠯ᠎ᠤᠨ ᠬᠠᠨᠤᠮᠵᠢ ᠵᠢᠨ ᠬᠡᠮᠵᠢᠶ᠎ᠡ ᠵᠢ ᠢᠯᠡᠳᠲᠡ ᠳᠡᠭᠡᠭᠰᠢᠯᠡᠭᠦᠯᠦᠨ᠎ᠡ᠃
ᠬᠤᠶᠠᠷ᠂ ᠳᠠᠰᠬᠠᠯ ᠳᠠᠭ᠋ᠠᠭ᠋ᠠᠯᠭ᠋ᠠᠪᠤᠷᠢ ᠵᠢᠨ ᠶᠡᠷᠦᠩᠬᠡᠶ ᠬᠡᠮᠵᠢᠶ᠎ᠡ ᠪᠠ ᠴᠠᠭ᠎ᠤᠨ ᠣᠷᠳᠣ ᠵᠢ ᠪᠥᠬᠦ ᠲᠠᠯ᠎ᠠ᠎ᠪᠠᠷ ᠪᠠᠭ᠋ᠠᠰᠬᠠᠵᠤ᠂ ᠰᠤᠷᠤᠭᠴᠢᠳ᠎ᠤᠨ ᠬᠡᠲᠦ ᠬᠦᠨᠳᠦ ᠳᠠᠰᠬᠠᠯ ᠳᠠᠭ᠋ᠠᠭ᠋ᠠᠯᠭ᠋ᠠᠪᠤᠷᠢ ᠵᠢᠨ ᠳᠠᠷᠤᠭ᠋ᠠᠰᠤ ᠵᠢ ᠬᠥᠩᠭᠡᠷᠡᠭᠦᠯᠬᠦ ᠬᠡᠷᠡᠭᠳᠡᠢ
4 . ᠳᠠᠰᠬᠠᠯ ᠳᠠᠭ᠋ᠠᠭ᠋ᠠᠯᠭ᠋ᠠᠪᠤᠷᠢ ᠵᠢᠨ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠬᠦᠯᠬᠦ ᠬᠡᠷᠡᠭᠲᠡᠢ᠃ ᠰᠤᠷᠭ᠋ᠠᠭᠤᠯᠢ᠎ᠨᠤᠭᠤᠳ ᠳᠠᠰᠬᠠᠯ ᠳᠠᠭ᠋ᠠᠭ᠋ᠠᠯᠭ᠋ᠠᠪᠤᠷᠢ ᠵᠢᠨ ᠬᠠᠮᠢᠶᠠᠷᠤᠯᠲᠠ ᠵᠢᠨ ᠠᠷᠭ᠎ᠠ᠎ᠪᠠᠨ ᠲᠡᠭᠦᠯᠳᠡᠷᠵᠢᠭᠦᠯᠵᠦ᠂ ᠰᠢᠨᠵᠢᠯᠡᠭᠡᠨ᠎ᠤ ᠳᠤᠭᠤᠶ᠋ᠢᠯᠠᠩ᠂ ᠣᠨ᠎ᠤ ᠳᠤᠭᠤᠶ᠋ᠢᠯᠠᠩ᠎ᠤᠨ ᠳᠠᠰᠬᠠᠯ ᠳᠠᠭ᠋ᠠᠭ᠋ᠠᠯᠭ᠋ᠠᠪᠤᠷᠢ ᠵᠢ ᠨᠢᠭᠡᠳᠦᠯᠲᠡᠶ ᠲᠥᠯᠥᠪᠵᠢᠬᠦᠯᠬᠦ ᠵᠢ ᠴᠢᠩᠭ᠋ᠠᠳᠬᠠᠨ᠂ ᠳᠠᠰᠬᠠᠯ ᠳᠠᠭ᠋ᠠᠭ᠋ᠠᠯᠭ᠋ᠠᠪᠤᠷᠢ ᠵᠢᠨ ᠪᠦᠲᠦᠴᠡ ᠵᠢ ᠵᠦᠶ ᠵᠣᠬᠢᠰᠲᠠᠶ ᠲᠣᠬᠢᠷᠠᠭᠤᠯᠤᠨ ᠡᠵᠡᠮᠳᠡᠵᠦ᠂ ᠬᠦᠴᠢᠷ᠎ᠤᠨ ᠬᠡᠮᠵᠢᠶ᠎ᠡ ᠵᠢ ᠤᠯᠤᠰ᠎ᠤᠨ ᠬᠢᠴᠢᠶᠡᠯ᠎ᠤᠨ ᠪᠠᠷᠢᠮᠵᠢᠶ᠎ᠠ᠎ᠠᠴᠠ ᠬᠡᠲᠦᠷᠡᠭᠦᠯᠬᠦ ᠥᠬᠡᠶ ᠪᠠᠶ᠋ᠢᠬᠤ ᠵᠢ ᠪᠠᠲᠤᠯᠠᠨ᠎ᠠ᠃ ᠳᠠᠰᠬᠠᠯ ᠳᠠᠭ᠋ᠠᠭ᠋ᠠᠯᠭ᠋ᠠᠪᠤᠷᠢ ᠵᠢ ᠰᠤᠷᠭ᠋ᠠᠭᠤᠯᠢ ᠵᠢᠨ ᠳᠣᠲᠣᠭ᠋ᠠᠳᠤ᠎ᠳᠤ ᠢᠯᠡ ᠨᠡᠶ᠋ᠢᠲᠡᠯᠡᠬᠦ ᠳᠦᠷᠢᠮ᠎ᠢ ᠪᠠᠶ᠋ᠢᠭᠤᠯᠵᠤ᠂ ᠶᠠᠰᠤ ᠴᠢᠨᠠᠷ᠎ᠲᠤ ᠬᠢᠨᠠᠯᠲᠠ ᠲᠠᠯᠪᠢᠬᠤ ᠵᠢ ᠴᠢᠩᠭ᠋ᠠᠳᠬᠠᠨ᠎ᠠ᠃ ᠭᠡᠷ᠎ᠤᠨ ᠠᠬᠠᠮᠠᠳ᠎ᠲᠤ ᠳᠠᠰᠬᠠᠯ ᠦᠯᠡᠳᠡᠭᠡᠬᠦ ᠪᠤᠶᠤ ᠬᠡᠯᠪᠡᠷᠢ ᠵᠢ᠎ᠨᠢ ᠥᠭᠡᠷᠡᠲᠦᠭᠦᠯᠦᠨ ᠦᠯᠡᠳᠡᠭᠡᠬᠦ ᠵᠢ ᠴᠢᠩᠭ᠎ᠠ ᠴᠠᠭ᠋ᠠᠵᠠᠯᠠᠵᠤ᠂ ᠭᠡᠷ᠎ᠤᠨ ᠠᠬᠠᠮᠠᠳ ᠵᠶ᠋ᠠᠷ ᠳᠠᠰᠬᠠᠯ ᠪᠠᠶ᠋ᠢᠴᠠᠭ᠋ᠠᠯᠭ᠋ᠠᠬᠤ᠂ ᠬᠢᠨᠡᠨ ᠵᠠᠰᠠᠭᠤᠯᠬᠤ᠎ᠪᠠᠷ ᠱᠠᠭ᠋ᠠᠷᠳᠠᠬᠤ ᠵᠢ ᠴᠢᠩᠭ᠎ᠠ ᠴᠠᠭ᠋ᠠᠵᠠᠯᠠᠨ᠎ᠠ᠃
5. ᠳᠠᠰᠬᠠᠯ ᠳᠠᠭ᠋ᠠᠭ᠋ᠠᠯᠭ᠋ᠠᠪᠤᠷᠢ ᠵᠢᠨ ᠶᠡᠷᠦᠩᠬᠡᠶ ᠬᠡᠮᠵᠢᠶ᠎ᠡ ᠵᠢ ᠲᠥᠷᠥᠯ ᠬᠤᠪᠢᠶᠠᠨ ᠲᠣᠳᠣᠷᠬᠠᠶ᠋ᠢᠯᠠᠬᠤ ᠬᠡᠷᠡᠭᠲᠡᠢ᠃ ᠰᠤᠷᠭ᠋ᠠᠭᠤᠯᠢ᠎ᠨᠤᠭᠤᠳ ᠪᠠᠭ᠎ᠠ ᠰᠤᠷᠭ᠋ᠠᠭᠤᠯᠢ ᠵᠢᠨ ᠨᠢᠭᠡᠳᠦᠭᠡᠷ᠂ ᠬᠤᠶᠠᠳᠤᠭ᠋ᠠᠷ ᠣᠨ᠎ᠳᠤ ᠭᠡᠷ ᠪᠦᠯᠢ ᠵᠢᠨ ᠪᠢᠴᠢᠭ᠎ᠤᠨ ᠬᠡᠯᠪᠡᠷᠢ ᠵᠢᠨ ᠳᠠᠰᠬᠠᠯ ᠦᠯᠡᠳᠡᠭᠡᠬᠦ ᠦᠭᠡᠶ ᠪᠠᠶ᠋ᠢᠬᠤ ᠵᠢ ᠪᠠᠲᠤᠯᠠᠵᠤ᠂ ᠰᠤᠷᠭ᠋ᠠᠭᠤᠯᠢ ᠵᠢᠨ ᠳᠣᠲᠣᠷ᠎ᠠ ᠪᠠᠳᠤᠳᠬᠠᠯ ᠪᠤᠯᠪᠠᠰᠤᠷᠠᠯ᠎ᠢ ᠵᠣᠬᠢᠰᠲᠠᠶ ᠲᠣᠬᠢᠷᠠᠭᠤᠯᠵᠤ ᠪᠣᠯᠤᠨ᠎ᠠ; ᠪᠠᠭ᠎ᠠ ᠰᠤᠷᠭ᠋ᠠᠭᠤᠯᠢ ᠵᠢᠨ ᠭᠤᠷᠪᠠ᠎ᠠᠴᠠ ᠵᠢᠷᠭᠤᠳᠤᠭ᠋ᠠᠷ ᠣᠨ᠎ᠤ ᠪᠢᠴᠢᠭ᠎ᠤᠨ ᠬᠡᠯᠪᠡᠷᠢ ᠵᠢᠨ ᠳᠠᠰᠬᠠᠯ ᠬᠢᠬᠦ ᠳᠤᠮᠳᠠᠴᠢ ᠴᠠᠭ᠎ᠢ 60 ᠮᠢᠨᠦ᠋ᠲ᠎ᠠᠴᠠ ᠬᠡᠲᠦᠷᠡᠭᠦᠯᠵᠦ ᠪᠣᠯᠬᠤ ᠦᠭᠡᠶ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠪᠢᠴᠢᠭ᠎ᠤᠨ ᠬᠡᠯᠪᠡᠷᠢ ᠵᠢᠨ ᠳᠠᠰᠬᠠᠯ ᠬᠢᠬᠦ ᠳᠤᠮᠳᠠᠴᠢ ᠴᠠᠭ᠎ᠢ 90 ᠮᠢᠨᠦ᠋ᠲ᠎ᠠᠴᠠ ᠬᠡᠲᠦᠷᠡᠭᠦᠯᠵᠦ ᠪᠣᠯᠬᠤ ᠦᠭᠡᠶ᠃
6. ᠳᠠᠰᠬᠠᠯ ᠳᠠᠭ᠋ᠠᠭ᠋ᠠᠯᠭ᠋ᠠᠪᠤᠷᠢ ᠵᠢ ᠲᠦᠯᠦᠪᠯᠡᠬᠦ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠳᠠᠢ᠃ ᠳᠠᠰᠬᠠᠯ᠎ᠤᠨ ᠣᠨᠣᠰᠢᠯᠠᠬᠤ᠂ ᠪᠠᠳᠤᠳᠬᠠᠬᠤ᠂ ᠰᠤᠷᠤᠯᠭ᠎ᠠ ᠵᠢᠨ ᠪᠠᠶ᠋ᠢᠳᠠᠯ᠎ᠢ ᠵᠠᠳᠠᠯᠬᠤ ᠵᠡᠷᠭᠡ ᠴᠢᠳᠠᠮᠵᠢ ᠵᠢ ᠪᠠᠳᠠᠷᠠᠭᠤᠯᠵᠤ᠂ ᠳᠠᠰᠬᠠᠯ᠎ᠢ ᠲᠥᠯᠥᠪᠯᠡᠬᠦ ᠵᠢ ᠵᠢᠭ᠋ᠠᠨ ᠰᠤᠳᠤᠯᠬᠤ ᠰᠢᠰᠲ᠋ᠧᠮ᠎ᠳᠤ ᠣᠷᠣᠭᠤᠯᠵᠤ᠂ ᠨᠠᠰᠤᠨ᠎ᠤ ᠣᠨᠴᠠᠯᠢᠭ ᠪᠠ ᠰᠤᠷᠤᠯᠴᠠᠬᠤ ᠵᠢᠮ᠎ᠡ ᠶᠣᠰᠣᠨ᠎ᠳᠤ ᠨᠡᠶ᠋ᠢᠴᠡᠭᠰᠡᠨ᠂ ᠬᠡᠪ ᠴᠢᠨᠠᠷ᠎ᠤᠨ ᠰᠤᠷᠭ᠋ᠠᠨ ᠬᠥᠮᠦᠵᠢᠯ᠎ᠤᠨ ᠤᠳᠤᠷᠢᠳᠤᠮᠵᠢ ᠵᠢ ᠢᠯᠡᠷᠡᠭᠦᠯᠦᠭᠰᠡᠨ ᠰᠠᠭᠤᠷᠢ ᠴᠢᠨᠠᠷᠲᠠᠶ ᠳᠠᠰᠬᠠᠯ᠎ᠢ ᠰᠢᠰᠲ᠋ᠧᠮ᠎ᠲᠠᠢ ᠲᠦᠯᠦᠪᠯᠡᠬᠦ ᠬᠡᠷᠡᠭᠳᠠᠢ᠃ ᠳᠠᠪᠬᠤᠷᠭ᠎ᠠ ᠬᠤᠪᠢᠶᠠᠭᠰᠠᠨ᠂ ᠬᠠᠷᠢᠮᠠᠬᠠᠶ ᠴᠢᠨᠠᠷᠲᠠᠢ ᠪᠠ ᠥᠪᠡᠷᠮᠢᠴᠡ ᠴᠢᠨᠠᠷᠲᠠᠢ ᠳᠠᠰᠬᠠᠯ ᠦᠯᠡᠳᠡᠭᠡᠬᠦ ᠵᠢ ᠵᠣᠷᠢᠭᠵᠢᠭᠤᠯᠵᠤ᠂ ᠮᠧᠬᠠᠨᠢᠭᠴᠢᠯᠠᠭᠰᠠᠨ᠂ ᠦᠢ᠍ᠯᠡᠳᠦᠯ ᠥᠬᠡᠶ ᠳᠠᠰᠬᠠᠯ᠎ᠢ ᠡᠷᠡᠰ ᠲᠡᠪᠴᠢᠵᠦ᠂ ᠳᠠᠬᠢᠨ ᠳᠠᠪᠲᠠᠬᠤ ᠴᠢᠨᠠᠷᠲᠠᠢ᠂ ᠰᠢᠢ᠍ᠳᠭᠡᠬᠦ ᠴᠢᠨᠠᠷᠲᠠᠢ ᠳᠠᠰᠬᠠᠯ᠎ᠢ ᠳᠡᠪᠴᠢᠬᠦ ᠬᠡᠷᠡᠭᠲᠡᠶ᠃
7. ᠳᠠᠰᠬᠠᠯ ᠳᠠᠭ᠋ᠠᠭ᠋ᠠᠯᠭ᠋ᠠᠪᠤᠷᠢ ᠵᠢ ᠪᠡᠶᠡᠯᠡᠭᠦᠯᠬᠦ ᠵᠢ ᠵᠢᠯᠣᠭᠤᠳᠬᠤ᠎ᠪᠠᠨ ᠴᠢᠩᠭ᠋ᠠᠳᠬᠠᠬᠤ ᠬᠡᠷᠡᠭᠲᠡᠶ᠃ ᠪᠠᠭᠰᠢ᠎ᠠᠴᠠ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠢ ᠵᠢᠯᠣᠭᠤᠳᠤᠨ ᠰᠤᠷᠭ᠋ᠠᠭᠤᠯᠢ᠎ᠳᠠᠭᠠᠨ ᠪᠢᠴᠢᠭ᠎ᠤᠨ ᠬᠡᠯᠪᠡᠷᠢ ᠵᠢᠨ ᠳᠠᠰᠬᠠᠯ᠎ᠢ ᠦᠨᠳᠦᠰᠦᠨ᠎ᠳᠡᠭᠡᠨ ᠪᠡᠶᠡᠯᠡᠭᠦᠯᠵᠦ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ ᠰᠤᠷᠭ᠋ᠠᠭᠤᠯᠢ᠎ᠳᠠᠭᠠᠨ ᠣᠯᠠᠩᠬᠢ ᠪᠢᠴᠢᠭ᠎ᠤᠨ ᠬᠡᠯᠪᠡᠷᠢ ᠵᠢᠨ ᠳᠠᠰᠬᠠᠯ᠎ᠢ ᠪᠡᠶᠡᠯᠡᠭᠦᠯᠬᠦ ᠬᠡᠷᠡᠭᠲᠡᠢ᠃ ᠪᠠᠭᠰᠢ ᠨᠠᠷ ᠳᠠᠰᠬᠠᠯ᠎ᠢ ᠨᠠᠷᠢᠨ ᠬᠢᠨᠠᠮᠠᠭ᠋ᠠᠢ ᠵᠠᠰᠠᠨ ᠵᠠᠯᠠᠷᠠᠭᠤᠯᠵᠤ᠂ ᠬᠠᠷᠢᠭᠤ ᠲᠤᠰᠬᠠᠯ᠎ᠢ ᠴᠠᠭ ᠲᠤᠬᠠᠢᠳᠤᠨᠢ ᠰᠠᠶ᠋ᠢᠲᠤᠷ ᠬᠢᠵᠦ᠂ ᠨᠢᠭᠤᠷᠳᠠᠨ ᠲᠠᠶ᠋ᠢᠯᠪᠤᠷᠢᠯᠠᠬᠤ ᠵᠢ ᠴᠢᠩᠭ᠋ᠠᠳᠬᠠᠵᠤ᠂ ᠰᠤᠷᠤᠯᠭ᠎ᠠ ᠵᠢᠨ ᠪᠠᠶ᠋ᠢᠳᠠᠯ᠎ᠢ ᠨᠠᠷᠢᠨ ᠬᠢᠨᠠᠮᠠᠭ᠋ᠠᠢ ᠵᠠᠳᠠᠯᠵᠤ᠂ ᠮᠠᠳᠠᠭ᠎ᠲᠠᠢ ᠠᠰᠠᠭᠤᠳᠠᠯ᠎ᠳᠤ ᠬᠠᠷᠢᠭᠤᠯᠲᠠ ᠥᠭᠴᠦ ᠰᠠᠶ᠋ᠢᠲᠤᠷ ᠵᠢᠯᠣᠭᠤᠳᠬᠤ ᠬᠡᠷᠡᠭᠲᠡᠢ᠃ ᠰᠤᠷᠤᠭᠴᠢᠳ ᠵᠶ᠋ᠠᠷ ᠳᠠᠰᠬᠠᠯ᠎ᠢ᠎ᠨᠢ ᠦᠪᠡᠰᠦᠪᠡᠨ ᠬᠢᠨᠠᠨ ᠵᠠᠰᠠᠭᠤᠯᠬᠤ ᠵᠢ ᠱᠠᠭ᠋ᠠᠷᠳᠠᠵᠤ ᠪᠣᠯᠬᠤ ᠦᠭᠡᠶ᠃
8. ᠬᠢᠴᠢᠶᠡᠯ᠎ᠤᠨ ᠭᠠᠳᠠᠨᠠᠬᠢ ᠴᠠᠭ᠎ᠢ ᠰᠢᠨᠵᠢᠯᠡᠬᠦ ᠤᠬᠠᠭ᠋ᠠᠨᠴᠢ᠎ᠪᠠᠷ ᠠᠰᠢᠠᠠᠯᠠᠬᠤ ᠬᠡᠷᠡᠭᠳᠠᠢ᠃ ᠰᠤᠷᠭ᠋ᠠᠭᠤᠯᠢ ᠪᠠ ᠭᠡᠷ᠎ᠤᠨ ᠠᠬᠠᠮᠠᠳ ᠰᠤᠷᠤᠭᠴᠢᠳ᠎ᠢ ᠵᠢᠯᠣᠭᠤᠳᠤᠨ ᠰᠤᠷᠭ᠋ᠠᠭᠤᠯᠢ ᠲᠠᠷᠬᠠᠭ᠋ᠠᠳ ᠭᠡᠷ᠎ᠲᠡᠭᠡᠨ ᠬᠠᠷᠢᠭᠰᠠᠨ᠎ᠤ ᠳᠠᠷᠠᠭ᠎ᠠ ᠦᠯᠡᠳᠡᠭᠰᠡᠨ ᠪᠢᠴᠢᠭ᠎ᠤᠨ ᠬᠡᠯᠪᠡᠷᠢ ᠵᠢᠨ ᠳᠠᠰᠬᠠᠯ᠎ᠢ᠎ᠨᠢ ᠪᠡᠶᠡᠯᠡᠭᠦᠯᠵᠦ᠂ ᠴᠢᠬᠤᠯᠠᠲᠠᠢ ᠬᠢᠴᠢᠶᠡᠯ᠎ᠢ ᠰᠤᠷᠤᠯᠴᠠᠭᠤᠯᠵᠦ᠂ ᠬᠢᠵᠦ ᠳᠡᠶ᠋ᠢᠯᠬᠦ ᠭᠡᠷ᠎ᠤᠨ ᠠᠵᠢᠯ ᠬᠥᠳᠡᠯᠮᠦᠷᠢ᠎ᠳᠤ ᠣᠷᠣᠯᠴᠠᠭᠤᠯᠤᠨ᠂ ᠲᠣᠬᠢᠷᠠᠮᠵᠢᠲᠠᠶ ᠪᠡᠶ᠎ᠡ ᠵᠢᠨ ᠲᠠᠮᠢᠷ᠎ᠤᠨ ᠪᠣᠯᠪᠠᠰᠤᠷᠠᠯ ᠬᠢᠯᠭᠡᠵᠤ᠂ ᠤᠩᠰᠢᠯᠭ᠎ᠠ ᠪᠠ ᠤᠳᠬ᠎ᠠ ᠤᠷᠠᠯᠢᠭ᠎ᠤᠨ ᠠᠵᠢᠯᠯᠠᠭ᠎ᠠ ᠥᠷᠨᠢᠭᠦᠯᠬᠦ ᠬᠡᠷᠡᠭᠲᠡᠶ᠃ ᠣᠨᠴᠠ ᠵᠠᠷᠢᠮ ᠰᠤᠷᠤᠭᠴᠢ ᠪᠢᠴᠢᠭ᠎ᠤᠨ ᠬᠡᠯᠪᠡᠷᠢ ᠵᠢᠨ ᠳᠠᠰᠬᠠᠯ ᠵᠶ᠋ᠠᠨ ᠴᠢᠷᠮᠠᠶ᠋ᠢᠭ᠋ᠠᠳ ᠪᠠᠰᠠ ᠪᠡᠶᠡᠯᠡᠭᠦᠯᠵᠦ ᠳᠡᠶ᠋ᠢᠯᠬᠦ ᠦᠭᠡᠶ ᠪᠤᠯ ᠴᠠᠭᠲᠤᠨᠢ ᠤᠨᠲᠠᠭᠤᠯᠬᠤ ᠬᠡᠷᠡᠭᠲᠡᠶ᠃ ᠰᠤᠷᠤᠭᠴᠢᠳ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠡᠯᠸᠺᠲᠷᠣᠨ ᠦᠢ᠍ᠯᠡᠳᠬᠦᠨ᠎ᠢ ᠵᠦᠶ ᠵᠣᠬᠢᠰᠲᠠᠶ ᠬᠡᠷᠡᠭᠯᠡᠭᠦᠯᠵᠦ᠂ ᠬᠡᠷᠡᠭᠯᠡᠬᠦ ᠴᠠᠭ᠎ᠢ᠎ᠨᠢ ᠬᠢᠵᠠᠭ᠋ᠠᠷᠯᠠᠨ᠂ ᠬᠠᠷᠠᠭ᠎ᠠ ᠵᠢᠨ ᠡᠷᠡᠭᠦᠯ ᠮᠡᠨᠳᠦ ᠵᠢ ᠬᠠᠮᠠᠭ᠋ᠠᠯᠠᠵᠤ᠂ ᠲᠤᠤᠷ ᠰᠦᠯᠵᠢᠶᠡᠨ᠎ᠳᠤ ᠰᠢᠨᠤᠬᠤ ᠵᠢ ᠰᠡᠷᠭᠡᠶ᠋ᠢᠯᠡᠨ ᠬᠤᠷᠢᠠᠠᠯᠠᠬᠤ ᠬᠡᠷᠡᠭᠲᠡᠶ᠃ ᠭᠡᠷ᠎ᠤᠨ ᠠᠬᠠᠮᠠᠳ ᠬᠡᠦᠬᠡᠳ᠎ᠲᠠᠢ᠎ᠪᠠᠨ ᠢᠳᠡᠪᠬᠢᠲᠡᠢ ᠤᠯᠤᠯᠴᠠᠵᠦ᠂ ᠬᠡᠦᠬᠡᠳ᠎ᠤᠨ ᠵᠶ᠋ᠠᠨ ᠤᠷᠮ᠎ᠠ ᠰᠡᠳᠬᠢᠯᠭᠡ ᠵᠢ ᠠᠩᠬᠠᠷᠤᠨ ᠬᠠᠯᠠᠮᠵᠢᠯᠠᠵᠤ᠂ ᠲᠡᠳᠡᠨ᠎ᠢ ᠬᠠᠪᠰᠤᠷᠤᠨ ᠰᠠᠶ᠋ᠢᠨ ᠰᠠᠶ᠋ᠢᠬᠠᠨ ᠰᠤᠷᠤᠯᠭ᠎ᠠ ᠠᠮᠢᠳᠤᠷᠠᠯ᠎ᠤᠨ ᠳᠠᠳᠬᠠᠯ᠎ᠲᠠᠢ ᠪᠣᠯᠭ᠋ᠠᠬᠤ ᠬᠡᠷᠡᠭᠲᠡᠢ᠃ ᠪᠠᠶ᠋ᠢᠷᠢ ᠵᠢᠨ ᠲᠦᠷᠢᠮ᠎ᠳᠤ ᠰᠤᠷᠭ᠋ᠠᠭᠤᠯᠢ ᠬᠢᠴᠢᠶᠡᠯ᠎ᠤᠨ ᠭᠠᠳᠠᠨᠠᠬᠢ ᠰᠤᠷᠤᠯᠴᠠᠯᠭ᠎ᠠ ᠠᠮᠢᠳᠤᠷᠠᠯ᠎ᠢ ᠨᠢᠭᠡᠳᠦᠯᠲᠡᠶ ᠲᠥᠯᠥᠪᠯᠡᠨ ᠰᠠᠶ᠋ᠢᠲᠤᠷ ᠲᠣᠬᠢᠷᠠᠭᠤᠯᠬᠤ ᠬᠡᠷᠡᠭᠲᠡᠶ᠃
ᠭᠤᠷᠪᠠ᠂ ᠰᠤᠷᠭ᠋ᠠᠭᠤᠯᠢ ᠵᠢᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠰᠤᠷᠤᠭᠴᠢᠳ᠎ᠤᠨ ᠣᠯᠠᠨ ᠶᠠᠩᠵᠤᠲᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠶ
9. ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠴᠠᠭ᠎ᠢ ᠪᠠᠲᠤᠯᠠᠬᠤ ᠬᠡᠷᠡᠭᠲᠡᠶ᠃ ᠰᠤᠷᠭ᠋ᠠᠭᠤᠯᠢ᠎ᠨᠤᠭᠤᠳ ᠡᠬᠢ ᠪᠠᠶᠠᠯᠢᠭ᠎ᠤᠨ ᠳᠠᠪᠠᠭᠤᠯᠢᠭ ᠵᠶ᠋ᠠᠨ ᠭᠦᠢ᠍ᠴᠡᠳ ᠠᠰᠢᠠᠠᠯᠠᠨ᠂ ᠬᠢᠴᠢᠶᠡᠯ᠎ᠤᠨ ᠳᠠᠷᠠᠭ᠋ᠠᠬᠢ ᠬᠥᠮᠦᠨ ᠬᠥᠮᠦᠵᠢᠭᠦᠯᠬᠦ ᠡᠯ᠎ᠡ ᠵᠦᠢ᠍ᠯ᠎ᠤᠨ ᠠᠵᠢᠯᠯᠠᠭ᠎ᠠ ᠵᠢ ᠪᠦᠲᠦᠮᠵᠢᠲᠡᠶ ᠬᠡᠷᠡᠭᠵᠢᠭᠦᠯᠵᠦ᠂ ᠰᠤᠷᠭ᠋ᠠᠭᠤᠯᠢ᠎ᠳᠠᠭᠠᠨ ᠰᠤᠷᠤᠭᠴᠢᠳ᠎ᠤᠨ ᠣᠯᠠᠨ ᠶᠠᠩᠵᠤᠳᠤ ᠰᠤᠷᠤᠯᠴᠠᠬᠤ ᠬᠡᠷᠡᠭᠴᠡᠭᠡ ᠵᠢ ᠬᠠᠩᠭ᠋ᠠᠬᠤ ᠬᠡᠷᠡᠭᠲᠡᠶ᠃ ᠰᠤᠷᠤᠭᠴᠢᠳ᠎ᠢ ᠬᠦᠳᠦᠯᠦᠨ ᠵᠢᠯᠤᠭᠤᠳᠴᠤ ᠰᠠᠶ᠋ᠢᠨ ᠳᠤᠷ᠎ᠠ᠎ᠠᠴᠠ᠎ᠪᠠᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ᠎ᠳᠤ ᠣᠷᠣᠯᠴᠠᠭᠤᠯᠬᠤ ᠬᠡᠷᠡᠭᠳᠠᠢ᠃ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ ᠳᠠᠭᠤᠰᠬᠤ ᠴᠠᠭ᠎ᠢ ᠵᠠᠷᠴᠢᠮ ᠳᠡᠭᠡᠷ᠎ᠡ᠎ᠪᠠᠨ ᠲᠤᠬᠠᠶ ᠵᠢᠨ ᠭᠠᠵᠠᠷ᠎ᠤᠨ ᠬᠡᠪ᠎ᠤᠨ ᠠᠵᠢᠯ᠎ᠠᠴᠠ ᠪᠠᠭᠤᠬᠤ ᠴᠠᠭ᠎ᠠᠴᠠ ᠡᠷᠲᠡ ᠪᠠᠶ᠋ᠢᠯᠭ᠋ᠠᠵᠤ ᠪᠤᠯᠬᠤ ᠦᠭᠡᠢ; ᠣᠨᠴᠠᠭ᠋ᠠᠢ ᠬᠡᠷᠡᠭᠴᠡᠭᠡ᠎ᠲᠠᠢ ᠰᠤᠷᠤᠭᠴᠢ ᠪᠠᠶ᠋ᠢᠪᠠᠯ ᠰᠤᠷᠭ᠋ᠠᠭᠤᠯᠢ᠎ᠨᠢ ᠨᠠᠶ᠋ᠢᠳᠠᠨ ᠬᠠᠮᠢᠶᠠᠷᠬᠤ ᠦᠢ᠍ᠯᠡᠴᠢᠯᠡᠭᠡ ᠵᠢᠨ ᠴᠠᠭ᠎ᠢ ᠤᠷᠳᠤᠳᠬᠠᠬᠤ ᠬᠡᠷᠡᠭᠳᠠᠢ; ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠠᠵᠢᠯᠯᠠᠬᠤ ᠡᠳᠦᠷ᠎ᠤᠨ ᠣᠷᠣᠢ ᠳᠠᠪᠲᠠᠯᠭ᠎ᠠ ᠵᠢᠨ ᠠᠩᠭᠢ ᠭᠠᠷᠭ᠋ᠠᠵᠤ ᠪᠣᠯᠤᠨ᠎ᠠ᠃ ᠰᠤᠷᠭ᠋ᠠᠭᠤᠯᠢ᠎ᠨᠤᠭᠤᠳ ᠪᠠᠭᠰᠢ ᠨᠠᠷ ᠵᠶ᠋ᠠᠨ ᠨᠢᠭᠡᠳᠦᠯᠲᠡᠶ ᠲᠥᠯᠥᠪᠵᠢᠬᠦᠯᠦᠨ ᠲᠣᠬᠢᠷᠠᠭᠤᠯᠵᠤ ᠪᠠᠶ᠋ᠢᠭ᠋ᠠᠳ 《ᠬᠠᠷᠢᠮᠠᠬᠠᠶ ᠴᠢᠨᠠᠷᠲᠠᠶ ᠠᠵᠢᠯᠯᠠᠵᠤ ᠠᠮᠠᠷᠠᠬᠤ ᠳᠦᠷᠢᠮ》᠎ᠢ ᠬᠡᠷᠡᠭᠵᠢᠭᠦᠯᠵᠦ ᠪᠣᠯᠤᠨ᠎ᠠ᠃
10. ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠳᠠᠢ᠃ ᠰᠤᠷᠭ᠋ᠠᠭᠤᠯᠢ᠎ᠨᠤᠭᠤᠳ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠬᠡᠷᠡᠭᠵᠢᠭᠦᠯᠬᠦ ᠲᠥᠰᠦᠯ ᠲᠣᠭᠲᠠᠭ᠋ᠠᠵᠤ᠂ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠲᠠᠲᠠᠬᠤ ᠬᠦᠴᠦᠨ᠎ᠢ ᠨᠡᠮᠡᠭᠳᠡᠭᠦᠯᠬᠦ ᠬᠡᠷᠡᠭᠲᠡᠶ᠃ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠬᠦ ᠴᠠᠭ᠎ᠢ ᠭᠦᠢ᠍ᠴᠡᠳ ᠰᠠᠶ᠋ᠢᠲᠤᠷ ᠬᠡᠷᠡᠭᠯᠡᠵᠦ᠂ ᠰᠤᠷᠤᠭᠴᠢᠳ᠎ᠢ ᠵᠢᠭ᠋ᠠᠨ ᠵᠢᠯᠣᠭᠤᠳᠴᠤ ᠪᠠᠶ᠋ᠢᠭ᠋ᠠᠳ ᠳᠠᠰᠬᠠᠯ᠎ᠢ᠎ᠨᠢ ᠬᠢᠨᠠᠮᠠᠭ᠋ᠠᠶ ᠪᠡᠶᠡᠯᠡᠭᠦᠯᠵᠦ᠂ ᠰᠤᠷᠤᠯᠭ᠎ᠠ᠎ᠨᠢ ᠬᠦᠴᠢᠷᠳᠡᠯᠲᠡᠶ ᠰᠤᠷᠤᠭᠴᠢᠳ᠎ᠢ ᠵᠢᠭ᠋ᠠᠨ ᠵᠢᠯᠣᠭᠤᠳᠬᠤ ᠪᠠ ᠮᠠᠲᠠᠭ᠎ᠲᠠᠢ ᠠᠰᠠᠭᠤᠳᠠᠯ᠎ᠢ᠎ᠨᠢ ᠳᠡᠶ᠋ᠢᠯᠵᠦ᠂ ᠰᠤᠷᠤᠯᠭ᠎ᠠ᠎ᠠᠴᠠ ᠭᠠᠳᠠᠨ᠎ᠠ ᠰᠤᠯᠠ ᠴᠠᠭ᠎ᠲᠠᠢ ᠪᠠᠶ᠋ᠢᠭ᠎ᠠ ᠰᠤᠷᠤᠭᠴᠢᠳ᠎ᠤᠨ ᠰᠤᠷᠤᠯᠴᠠᠬᠤ ᠣᠷᠣᠨ ᠵᠠᠶ ᠵᠢ᠎ᠨᠢ ᠥᠷᠭᠡᠳᠬᠡᠨ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ᠂ ᠰᠣᠶᠣᠯ ᠪᠠ ᠪᠡᠶ᠎ᠠ ᠵᠢᠨ ᠲᠠᠮᠢᠷ᠂ ᠤᠷᠠᠯᠢᠭ᠂ ᠬᠥᠳᠡᠯᠮᠦᠷᠢ᠂ ᠤᠩᠰᠢᠯᠭ᠎ᠠ᠂ ᠳᠤᠷ᠎ᠠ ᠰᠣᠨᠢᠷᠬᠠᠯ᠎ᠤᠨ ᠳᠤᠭᠤᠶ᠋ᠢᠯᠠᠩ ᠵᠢᠴᠢ ᠪᠦᠯᠬᠦᠮ᠎ᠤᠨ ᠠᠵᠢᠯᠯᠠᠭ᠎ᠠ ᠵᠡᠷᠭᠡ ᠪᠠᠶᠠᠯᠢᠭ ᠰᠠᠶ᠋ᠢᠬᠠᠨ ᠠᠵᠢᠯᠯᠠᠭ᠎ᠠ ᠵᠢ ᠥᠷᠨᠢᠭᠦᠯᠬᠦ ᠬᠡᠷᠡᠭᠳᠠᠢ᠃ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠴᠠᠭ᠎ᠢ ᠠᠰᠢᠠᠠᠯᠠᠨ ᠰᠢᠨ᠎ᠡ ᠬᠢᠴᠢᠶᠡᠯ ᠵᠢᠭ᠋ᠠᠵᠤ ᠪᠣᠯᠬᠤ ᠦᠭᠡᠢ᠃
11. ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠠᠷᠭ᠎ᠠ ᠵᠠᠮ᠎ᠢ ᠥᠷᠭᠡᠳᠬᠡᠬᠦ ᠬᠡᠷᠡᠭᠳᠠᠢ᠃ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ ᠵᠢ ᠡᠩ᠎ᠤᠨ ᠪᠠᠶ᠋ᠢᠳᠠᠯ᠎ᠳᠤ ᠲᠣᠰ ᠰᠤᠷᠭ᠋ᠠᠭᠤᠯᠢ ᠵᠢᠨ ᠪᠠᠭᠰᠢ ᠡᠭᠦᠷᠭᠡᠯᠡᠵᠤ᠂ ᠪᠠᠰᠠ ᠠᠵᠢᠯ᠎ᠠᠴᠠ᠎ᠪᠠᠨ ᠠᠮᠠᠷᠠᠭᠰᠠᠨ ᠪᠠᠭᠰᠢ᠂ ᠬᠢᠷᠢ ᠬᠡᠮ᠎ᠲᠠᠢ ᠨᠡᠶ᠋ᠢᠭᠡᠮ᠎ᠤᠨ ᠲᠤᠰᠬᠠᠶ ᠮᠡᠷᠭᠡᠵᠢᠯ᠎ᠤᠨ ᠠᠵᠢᠯᠲᠠᠨ ᠪᠤᠶᠤ ᠰᠠᠶ᠋ᠢᠨ ᠲᠤᠷᠠᠴᠤᠳ᠎ᠢ ᠤᠷᠢᠵᠤ ᠡᠭᠦᠷᠭᠡᠯᠡᠭᠦᠯᠵᠤ ᠪᠣᠯᠤᠨ᠎ᠠ᠃ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠠᠴᠠ ᠣᠷᠣᠨ ᠪᠦᠰᠡ ᠵᠢᠨ ᠳᠣᠲᠣᠷᠠᠬᠢ ᠰᠢᠯᠢᠳᠡᠭ ᠪᠠᠭᠰᠢ ᠵᠢ ᠵᠣᠬᠢᠶᠠᠨ ᠪᠠᠶ᠋ᠢᠭᠤᠯᠵᠤ ᠪᠠᠭᠰᠢ ᠵᠢᠨ ᠬᠦᠴᠦᠨ ᠪᠠᠭᠤᠷᠠᠶ ᠰᠤᠷᠭ᠋ᠠᠭᠤᠯᠢ᠎ᠳᠤ ᠣᠴᠢᠭᠤᠯᠤᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ ᠵᠢ ᠥᠷᠨᠢᠭᠦᠯᠵᠦ ᠪᠣᠯᠤᠨ᠎ᠠ᠃ ᠪᠠᠭᠰᠢ ᠨᠠᠷ ᠰᠤᠷᠭ᠋ᠠᠭᠤᠯᠢ ᠵᠢᠨ ᠭᠠᠳᠠᠨ᠎ᠠ ᠰᠦᠢ᠍ᠳᠭᠡᠯ ᠬᠤᠷᠢᠶᠠᠵᠤ ᠬᠢᠴᠢᠶᠡᠯ ᠨᠥᠬᠦᠬᠦ ᠦᠢ᠍ᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠪᠠᠶ᠋ᠢᠴᠠᠭ᠋ᠠᠨ ᠰᠢᠢ᠍ᠳᠪᠤᠷᠢᠯᠡᠵᠦ᠂ ᠴᠢᠨᠠᠭᠰᠢᠯᠠᠪᠠᠯ ᠪᠠᠭᠰᠢ ᠵᠢᠨ ᠬᠢᠷᠢ ᠬᠡᠮ᠎ᠢ ᠬᠦᠴᠦᠨ ᠥᠬᠡᠶ ᠪᠣᠯᠭ᠋ᠠᠨ᠎ᠠ᠃ ᠨᠡᠶ᠋ᠢᠭᠡᠮ᠎ᠤᠨ ᠡᠬᠢ ᠪᠠᠶᠠᠯᠢᠭ᠎ᠢ ᠭᠦᠢ᠍ᠴᠡᠳ ᠠᠰᠢᠠᠠᠯᠠᠨ᠂ ᠪᠠᠭ᠋ᠠᠴᠤᠳ᠎ᠤᠨ ᠣᠷᠳᠣᠨ᠂ ᠵᠠᠯᠠᠭᠤᠴᠤᠳ ᠪᠠᠭ᠋ᠠᠴᠤᠳ᠎ᠤᠨ ᠬᠥᠳᠡᠯᠭᠡᠭᠡᠨ᠎ᠤ ᠲᠥᠪ ᠵᠡᠷᠭᠡ ᠰᠤᠷᠭ᠋ᠠᠭᠤᠯᠢ ᠵᠢᠨ ᠭᠠᠳᠠᠨᠠᠬᠢ ᠬᠥᠳᠡᠯᠭᠡᠭᠡᠨ᠎ᠤ ᠲᠠᠯᠠᠪᠤᠷ᠎ᠤᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ᠎ᠳᠠᠬᠢ ᠦᠢ᠍ᠯᠡᠳᠣᠯ᠎ᠢ ᠰᠠᠶ᠋ᠢᠲᠤᠷ ᠪᠠᠳᠠᠷᠠᠭᠤᠯᠬᠤ ᠬᠡᠷᠡᠭᠲᠡᠶ᠃
12. ᠰᠦᠯᠵᠢᠶᠡᠨ ᠳᠡᠭᠡᠷᠡᠬᠢ ᠰᠦᠢ᠍ᠳᠭᠡᠯ ᠬᠤᠷᠢᠶᠠᠬᠤ ᠥᠬᠡᠢ ᠰᠤᠷᠤᠯᠴᠠᠯᠭ᠎ᠠ ᠵᠢᠨ ᠦᠢ᠍ᠯᠡᠴᠢᠯᠡᠭᠡ ᠵᠢ ᠴᠢᠩᠭ᠋ᠠᠳᠬᠠᠨ ᠰᠢᠯᠢᠳᠡᠭᠵᠢᠭᠦᠯᠬᠦ ᠬᠡᠷᠡᠭᠳᠠᠢ᠃ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠰᠦᠯᠵᠢᠶᠡᠨ ᠳᠡᠭᠡᠷᠡᠬᠢ ᠰᠤᠷᠭ᠋ᠠᠨ ᠬᠥᠮᠦᠵᠢᠯ᠎ᠤᠨ ᠵᠢᠭ᠋ᠠᠨ ᠰᠤᠷᠭ᠋ᠠᠯᠲᠠ ᠵᠢᠨ ᠡᠯᠪᠡᠭ ᠪᠠᠶᠠᠯᠢᠭ ᠴᠢᠨᠠᠷ ᠰᠠᠶ᠋ᠢᠲᠠᠶ ᠡᠬᠢ ᠪᠠᠶᠠᠯᠢᠭ᠎ᠢ ᠴᠤᠭᠯᠠᠭᠤᠯᠤᠨ ᠨᠡᠭᠡᠭᠡᠵᠤ᠂ ᠤᠯᠤᠰ ᠪᠠ ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠲᠠᠪᠴᠠᠩ ᠵᠢᠴᠢ ᠴᠢᠨᠠᠷ ᠰᠠᠶ᠋ᠢᠲᠠᠶ ᠰᠤᠷᠭ᠋ᠠᠭᠤᠯᠢ ᠵᠢᠨ ᠰᠦᠯᠵᠢᠶᠡᠨ᠎ᠤ ᠲᠠᠪᠴᠠᠩ᠎ᠢ ᠠᠰᠢᠠᠠᠯᠠᠨ᠂ ᠰᠤᠷᠤᠭᠴᠢᠳ᠎ᠲᠤ ᠴᠢᠨᠠᠷ ᠰᠠᠶ᠋ᠢᠲᠠᠶ ᠲᠤᠰᠬᠠᠶ ᠰᠡᠳᠦᠪᠲᠦ ᠰᠤᠷᠭ᠋ᠠᠨ ᠬᠥᠮᠦᠵᠢᠯ᠎ᠤᠨ ᠡᠬᠢ ᠪᠠᠶᠠᠯᠢᠭ ᠪᠠ ᠡᠯ᠎ᠡ ᠤᠨ ᠡᠯ᠎ᠡ ᠬᠢᠴᠢᠶᠡᠯ ᠲᠥᠷᠥᠯ᠎ᠢ ᠬᠠᠮᠤᠷᠤᠭᠰᠠᠨ ᠰᠤᠷᠤᠯᠴᠠᠬᠤ ᠡᠬᠢ ᠪᠠᠶᠠᠯᠢᠭ᠎ᠢ ᠰᠦᠢ᠍ᠳᠭᠡᠯ ᠬᠤᠷᠢᠶᠠᠬᠤ ᠥᠬᠡᠶ᠎ᠪᠠᠷ ᠬᠠᠩᠭ᠋ᠠᠵᠤ᠂ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠲᠡᠩᠴᠡᠭᠦᠷᠢᠲᠡᠶ ᠬᠥᠭᠵᠢᠬᠦ ᠵᠢ ᠠᠬᠢᠭᠤᠯᠤᠨ᠂ ᠰᠤᠷᠭ᠋ᠠᠨ ᠬᠥᠮᠦᠵᠢᠯ᠎ᠤᠨ ᠡᠷᠬᠡ ᠲᠡᠭᠰᠢ ᠪᠠᠶ᠋ᠢᠬᠤ ᠵᠢ ᠠᠬᠢᠭᠤᠯᠬᠤ ᠬᠡᠷᠡᠭᠳᠠᠢ᠃ ᠡᠯ᠎ᠡ ᠭᠠᠵᠠᠷ᠎ᠤᠨ᠎ᠬᠢᠨ ᠢᠳᠡᠪᠬᠢᠲᠡᠶ᠎ᠪᠠᠷ ᠨᠥᠬᠦᠴᠡᠯ ᠡᠭᠦᠳᠴᠦ᠂ ᠰᠢᠯᠢᠳᠡᠭ ᠪᠠᠭᠰᠢ ᠵᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠰᠦᠯᠵᠢᠶᠡᠨ ᠳᠡᠭᠡᠷ᠎ᠡ ᠰᠦᠢ᠍ᠳᠭᠡᠯ ᠬᠤᠷᠢᠶᠠᠬᠤ ᠥᠬᠡᠶ᠎ᠪᠠᠷ ᠰᠠᠨᠠᠯ ᠵᠶ᠋ᠠᠨ ᠰᠤᠯᠢᠯᠴᠠᠵᠤ ᠮᠠᠳᠠᠭ᠎ᠲᠠᠢ ᠵᠦᠢ᠍ᠯ᠎ᠢ ᠲᠠᠶ᠋ᠢᠯᠪᠤᠷᠢᠯᠠᠬᠤ ᠠᠵᠢᠯ ᠦᠷᠨᠢᠭᠦᠯᠬᠦ ᠬᠡᠷᠡᠭᠳᠠᠢ᠃ ᠡᠯ᠎ᠡ ᠭᠠᠵᠠᠷ ᠡᠯ᠎ᠡ ᠰᠤᠷᠭ᠋ᠠᠭᠤᠯᠢ ᠤᠬᠠᠭᠤᠯᠤᠨ ᠳᠡᠯᠭᠡᠷᠡᠭᠦᠯᠵᠦ ᠬᠡᠷᠡᠭᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠰᠤᠷᠤᠭᠴᠢᠳ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠰᠦᠯᠵᠢᠶᠡᠨ ᠳᠡᠭᠡᠷᠡᠬᠢ ᠴᠢᠨᠠᠷ ᠰᠠᠶ᠋ᠢᠲᠠᠶ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠰᠦᠢ᠍ᠳᠭᠡᠯ ᠬᠤᠷᠢᠶᠠᠬᠤ ᠥᠬᠡᠶ᠎ᠪᠠᠷ ᠰᠠᠶ᠋ᠢᠲᠤᠷ ᠬᠡᠷᠡᠭᠯᠡᠭᠦᠯᠬᠦ ᠬᠡᠷᠡᠭᠲᠡᠶ᠃
ᠳᠥᠷᠪᠡ᠂ ᠴᠢᠩᠭ᠎ᠠ ᠵᠠᠰᠠᠬᠤ ᠵᠢ ᠪᠠᠷᠢᠮᠲᠠᠯᠠᠨ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠦᠢ᠍ᠯᠡ ᠠᠵᠢᠯᠯᠠᠭ᠎ᠠ ᠵᠢ ᠪᠥᠬᠦ ᠲᠠᠯ᠎ᠠ᠎ᠪᠠᠷ ᠵᠢᠷᠤᠮᠵᠢᠭᠤᠯᠬᠤ ᠬᠡᠷᠡᠭᠲᠡᠶ
13. ᠪᠠᠶ᠋ᠢᠭᠤᠯᠤᠮᠵᠢ ᠵᠢ ᠴᠢᠩᠭ᠎ᠠ ᠬᠢᠨᠠᠨ ᠵᠥᠪᠰᠢᠶᠡᠷᠡᠬᠦ ᠵᠢ ᠪᠠᠷᠢᠮᠲᠠᠯᠠᠬᠤ ᠬᠡᠷᠡᠭᠲᠡᠶ᠃ ᠡᠯ᠎ᠡ ᠭᠠᠵᠠᠷ᠎ᠤᠨ᠎ᠬᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤ ᠦᠶ᠎ᠡ ᠵᠢᠨ ᠰᠤᠷᠤᠭᠴᠢᠳ᠎ᠲᠤ ᠬᠠᠨᠳᠤᠭᠤᠯᠤᠭᠰᠠᠨ ᠬᠢᠴᠢᠶᠡᠯ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ ᠵᠢ ᠳᠠᠭᠢᠵᠤ ᠰᠢᠨ᠎ᠠ᠎ᠪᠠᠷ ᠬᠢᠨᠠᠨ ᠵᠥᠪᠰᠢᠶᠡᠷᠡᠵᠤ ᠪᠤᠯᠬᠤ ᠦᠭᠡᠢ᠂ ᠣᠲᠣ ᠵᠢᠨ ᠪᠠᠶ᠋ᠢᠭ᠎ᠠ ᠬᠢᠴᠢᠶᠡᠯ ᠲᠥᠷᠥᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ ᠵᠢ ᠠᠰᠢᠭ ᠣᠯᠵᠠᠪᠤᠷᠢ ᠵᠢᠨ ᠪᠤᠰᠤ ᠴᠢᠨᠠᠷᠲᠠᠶ ᠪᠠᠶ᠋ᠢᠭᠤᠯᠤᠮᠵᠢ᠎ᠪᠠᠷ ᠨᠢᠭᠡᠳᠦᠯᠲᠡᠶ ᠳᠡᠩᠰᠡᠯᠡᠨ᠎ᠡ᠃ ᠤᠤᠯ᠎ᠤᠨ ᠪᠦᠷᠢᠳᠬᠡᠨ ᠳᠠᠩᠰᠠᠯᠠᠭᠤᠯᠤᠭᠰᠠᠨ ᠰᠦᠯᠵᠢᠶᠡᠨ ᠳᠡᠭᠡᠷᠡᠬᠢ ᠬᠢᠴᠢᠶᠡᠯ ᠲᠥᠷᠥᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ ᠵᠢ ᠬᠢᠨᠠᠨ ᠵᠥᠪᠰᠢᠶᠡᠷᠡᠬᠦ ᠲᠦᠷᠢᠮ ᠪᠣᠯᠭ᠋ᠠᠨ ᠥᠭᠡᠷᠡᠴᠢᠯᠡᠨ᠎ᠡ᠃ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ) ᠨᠢᠭᠡᠨᠲᠡ ᠪᠦᠷᠢᠳᠭᠡᠨ ᠳᠠᠩᠰᠠᠯᠠᠭᠤᠯᠤᠭᠰᠠᠨ ᠰᠦᠯᠵᠢᠶᠡᠨ ᠳᠡᠭᠡᠷᠡᠬᠢ ᠬᠢᠴᠢᠶᠡᠯ ᠲᠥᠷᠥᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ ᠵᠢ ᠪᠥᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠬᠤ ᠵᠢᠨ ᠬᠠᠮᠲᠤ ᠪᠠᠷᠢᠮᠵᠢᠶ᠎ᠠ ᠶᠣᠰᠣᠭ᠋ᠠᠷ ᠬᠢᠨᠠᠨ ᠵᠥᠪᠰᠢᠶᠡᠷᠡᠬᠦ ᠭᠠᠷᠳᠠᠮ᠎ᠢ ᠳᠠᠭᠢᠵᠤ ᠭᠦᠢ᠍ᠴᠡᠳᠭᠡᠬᠦ ᠬᠡᠷᠡᠭᠲᠡᠶ᠃ ᠬᠢᠨᠠᠨ ᠵᠦᠪᠰᠢᠶᠡᠷᠡᠬᠦ᠎ᠳᠤ ᠬᠢᠷᠢ ᠲᠡᠩᠴᠡᠭᠰᠡᠨ ᠥᠬᠡᠶ ᠪᠠᠶ᠋ᠢᠪᠠᠯ᠂ ᠤᠤᠯ᠎ᠤᠨ ᠳᠡᠩᠰᠡᠯᠡᠨ ᠲᠡᠮᠳᠡᠭᠯᠡᠭᠰᠡᠨ ᠪᠠ ᠢᠨᠲ᠋ᠧᠷ ᠰᠦᠯᠵᠢᠶ᠎ᠡ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡ ᠬᠠᠩᠭ᠋ᠠᠵᠤ ᠪᠤᠯᠬᠤ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ (ICP)᠎ᠢ᠎ᠨᠢ ᠬᠦᠴᠦᠨ ᠥᠬᠡᠶ ᠪᠣᠯᠭ᠋ᠠᠨ᠎ᠠ᠃ ᠬᠢᠴᠢᠶᠡᠯ ᠲᠥᠷᠥᠯ᠎ᠤᠨ ᠪᠤᠰᠤ ᠪᠣᠯᠪᠠᠰᠤᠷᠠᠯ᠎ᠤᠨ ᠪᠠᠶ᠋ᠢᠭᠤᠯᠤᠮᠵᠢ᠎ᠳᠤ ᠡᠯ᠎ᠡ ᠭᠠᠵᠠᠷ ᠣᠷᠣᠨ ᠪᠡᠶ᠎ᠡ ᠵᠢᠨ ᠲᠠᠮᠢᠷ᠂ ᠰᠣᠶᠣᠯ ᠤᠷᠠᠯᠢᠭ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠡᠷᠭᠡ ᠲᠥᠷᠥᠯ ᠬᠤᠪᠢᠶᠠᠵᠤ᠂ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠢ ᠲᠣᠳᠣᠷᠬᠠᠶ᠋ᠢᠯᠠᠵᠤ᠂ ᠲᠥᠷᠥᠯ ᠬᠤᠪᠢᠶᠠᠨ ᠪᠠᠷᠢᠮᠵᠢᠶ᠎ᠠ ᠲᠣᠭᠲᠠᠭ᠋ᠠᠵᠤ᠂ ᠴᠢᠩᠭ᠎ᠠ ᠬᠢᠨᠠᠨ ᠵᠥᠪᠰᠢᠶᠡᠷᠡᠬᠦ ᠬᠡᠷᠡᠭᠲᠡᠶ᠃ ᠬᠢᠷᠢ ᠭᠡᠮ᠎ᠨᠢ ᠬᠦᠷᠦᠯᠴᠡᠬᠦ ᠦᠭᠡᠢ᠂ ᠬᠢᠨᠠᠨ ᠵᠥᠪᠰᠢᠶᠡᠷᠡᠭᠦᠯᠦᠭᠰᠡᠨ ᠥᠬᠡᠶ᠎ᠪᠠᠷ ᠪᠣᠯᠪᠠᠰᠤᠷᠠᠯ ᠥᠷᠨᠢᠭᠦᠯᠵᠤ ᠪᠠᠶ᠋ᠢᠭ᠎ᠠ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ ᠵᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠪᠠᠶ᠋ᠢᠴᠠᠭ᠋ᠠᠨ ᠰᠢᠢ᠍ᠳᠪᠤᠷᠢᠯᠡᠬᠦ ᠬᠡᠷᠡᠭᠳᠠᠢ᠃ ᠬᠢᠴᠢᠶᠡᠯ ᠲᠥᠷᠥᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ ᠴᠥᠮ ᠰᠲ᠋ᠤᠺ ᠵᠶ᠋ᠠᠨ ᠵᠠᠬ᠎ᠠ ᠳᠡᠯᠭᠡᠭᠦᠷ᠎ᠲᠤ ᠭᠠᠷᠭ᠋ᠠᠵᠤ ᠪᠠᠯᠠ ᠨᠡᠶ᠋ᠢᠯᠡᠭᠦᠯᠵᠦ ᠪᠣᠯᠬᠤ ᠥᠬᠡᠶ᠂ ᠡᠳ᠋ ᠬᠥᠷᠥᠩᠭᠡᠵᠢᠭᠦᠯᠦᠨ ᠠᠵᠢᠯᠯᠠᠭᠤᠯᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠶ; ᠰᠲ᠋ᠤᠺ ᠵᠶ᠋ᠠᠨ ᠵᠠᠬ᠎ᠠ ᠳᠡᠯᠭᠡᠭᠦᠷ᠎ᠲᠤ ᠭᠠᠷᠭ᠋ᠠᠭᠰᠠᠨ ᠺᠣᠮᠫᠠᠨᠢ ᠰᠲ᠋ᠤᠺ᠎ᠤᠨ ᠵᠠᠬ᠎ᠠ ᠲᠡᠯᠭᠡᠭᠦᠷ᠎ᠤᠨ ᠪᠡᠯᠡ ᠨᠡᠶ᠋ᠢᠯᠡᠭᠦᠯᠬᠦ᠎ᠪᠠᠷ ᠳᠠᠮᠵᠢᠨ ᠬᠢᠴᠢᠶᠡᠯ ᠲᠥᠷᠥᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ᠎ᠳᠤ ᠪᠡᠯᠡ ᠤᠷᠤᠭᠤᠯᠵᠤ ᠪᠤᠯᠬᠤ ᠦᠭᠡᠢ᠂ ᠰᠲ᠋ᠤᠺ ᠲᠠᠷᠬᠠᠭ᠋ᠠᠬᠤ ᠪᠤᠶᠤ ᠪᠡᠯᠡᠨ ᠵᠣᠭᠤᠰ ᠥᠭᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠨ ᠬᠢᠴᠢᠶᠡᠯ ᠲᠥᠷᠥᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠡᠳ᠋ ᠬᠥᠷᠥᠩᠭᠡ ᠵᠢ ᠬᠤᠳᠠᠯᠳᠤᠨ ᠠᠪᠴᠤ ᠪᠣᠯᠬᠤ ᠦᠭᠡᠶ; ᠭᠠᠳᠠᠭ᠋ᠠᠳᠤ ᠪᠠᠯᠠ᠎ᠨᠢ ᠨᠡᠶ᠋ᠢᠯᠡᠭᠦᠯᠦᠨ ᠬᠤᠳᠠᠯᠳᠤᠨ ᠠᠪᠬᠤ᠂ ᠨᠠᠶ᠋ᠢᠳᠠᠯᠭ᠎ᠠ᠎ᠪᠠᠷ ᠡᠵᠡᠩᠨᠡᠬᠦ᠂ ᠬᠤᠯᠪᠣᠭ᠋ᠠᠯᠠᠬᠤ᠂ ᠬᠤᠪᠢᠷᠠᠵᠤ ᠪᠣᠯᠬᠤ ᠠᠰᠢᠭ ᠲᠤᠰᠠ ᠵᠢᠨ ᠪᠣᠳᠠᠲᠤ ᠴᠣᠭᠴᠠ ᠵᠢ ᠠᠰᠢᠠᠠᠯᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠨ ᠬᠢᠴᠢᠶᠡᠯ ᠲᠥᠷᠥᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠰᠲ᠋ᠤᠺ᠎ᠢ ᠡᠵᠡᠮᠳᠡᠬᠦ ᠪᠤᠶᠤ ᠬᠤᠪᠢᠴᠠᠭ᠎ᠠ ᠣᠷᠣᠵᠤ ᠪᠣᠯᠬᠤ ᠥᠬᠡᠶ᠃ ᠲᠣᠭᠲᠠᠭ᠋ᠠᠯ᠎ᠠᠴᠠ ᠵᠥᠷᠢᠴᠡᠭᠰᠡᠨ᠎ᠢ ᠴᠡᠭᠴᠡᠯᠡᠨ ᠵᠠᠰᠠᠬᠤ ᠬᠡᠷᠡᠭᠲᠡᠶ᠃
14. ᠪᠣᠯᠪᠠᠰᠤᠷᠠᠯ᠎ᠤᠨ ᠦᠢ᠍ᠯᠡᠴᠢᠯᠡᠭᠡᠨ᠎ᠤ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠬᠡᠷᠡᠭᠲᠡᠶ᠃ ᠪᠣᠯᠪᠠᠰᠤᠷᠠᠯ᠎ᠤᠨ ᠠᠭᠤᠯᠭ᠎ᠠ ᠵᠢ ᠳᠠᠩᠰᠠᠯᠠᠬᠤ ᠪᠠ ᠬᠢᠨᠠᠯᠲᠠ ᠲᠠᠯᠪᠢᠬᠤ ᠳᠦᠷᠢᠮ᠎ᠢ ᠪᠠᠶ᠋ᠢᠭᠤᠯᠵᠤ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠪᠣᠯᠪᠠᠰᠤᠷᠠᠯ᠎ᠤᠨ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠨ ᠭᠡᠷᠡᠭᠵᠢᠬᠦᠯᠬᠦ ᠬᠡᠷᠡᠭᠲᠡᠶ᠃ ᠪᠠᠷᠢᠮᠵᠢᠶ᠎ᠠ᠎ᠠᠴᠠ ᠬᠡᠳᠦᠷᠡᠭᠰᠡᠨ ᠤᠷᠢᠳᠴᠢᠯᠠᠭᠰᠠᠨ ᠪᠣᠯᠪᠠᠰᠤᠷᠠᠯ᠎ᠢ ᠴᠢᠩᠭ᠎ᠠ ᠴᠠᠭ᠋ᠠᠵᠠᠯᠠᠵᠤ᠂ ᠬᠢᠴᠢᠶᠡᠯ ᠲᠥᠷᠥᠯ᠎ᠤᠨ ᠪᠤᠰᠤ ᠪᠣᠯᠪᠠᠰᠤᠷᠠᠯ᠎ᠤᠨ ᠪᠠᠶ᠋ᠢᠭᠤᠯᠤᠮᠵᠢ ᠬᠢᠴᠢᠶᠡᠯ ᠲᠥᠷᠥᠯ᠎ᠤᠨ ᠪᠣᠯᠪᠠᠰᠤᠷᠠᠯ ᠡᠷᠬᠢᠯᠡᠬᠦ ᠵᠢ ᠴᠢᠩᠭ᠎ᠠ ᠴᠠᠭ᠋ᠠᠵᠠᠯᠠᠵᠤ᠂ ᠬᠢᠯᠢ ᠵᠢᠨ ᠭᠠᠳᠠᠨᠠᠬᠢ ᠰᠤᠷᠭ᠋ᠠᠨ ᠬᠥᠮᠦᠵᠢᠯ᠎ᠤᠨ ᠬᠢᠴᠢᠶᠡᠯ ᠬᠠᠩᠭ᠋ᠠᠬᠤ ᠵᠢ ᠴᠢᠩᠭ᠎ᠠ ᠴᠠᠭ᠋ᠠᠵᠠᠯᠠᠨ᠎ᠠ᠃ ᠬᠡᠪᠴᠢᠶᠡᠨ᠎ᠠᠴᠠ ᠳᠠᠪᠠᠭᠰᠠᠨ ᠪᠣᠯᠪᠠᠰᠤᠷᠠᠯ᠂ ᠪᠣᠯᠪᠠᠰᠤᠷᠠᠯ᠎ᠤᠨ ᠶᠠᠰᠤ ᠴᠢᠨᠠᠷ᠎ᠨᠢ ᠮᠠᠭᠤ᠂ ᠠᠭᠤᠯᠭ᠎ᠠ᠎ᠨᠢ ᠪᠣᠯᠬᠢ ᠪᠦᠳᠦᠭᠦᠯᠢᠭ ᠬᠠᠤᠯᠢ᠎ᠠᠴᠠ ᠵᠥᠷᠢᠴᠡᠭᠰᠡᠨ᠂ ᠬᠠᠭᠤᠷᠮᠠᠭ ᠬᠡᠪᠯᠡᠯ ᠡᠷᠬᠡ᠎ᠳᠤ ᠬᠠᠯᠳᠠᠭᠰᠠᠨ ᠵᠡᠷᠭᠡ ᠲᠣᠪᠤᠶ᠋ᠢᠮ᠎ᠠ ᠠᠰᠠᠭᠤᠳᠠᠯ᠎ᠢ ᠬᠠᠤᠯᠢ ᠲᠣᠭᠲᠠᠭ᠋ᠠᠯ ᠶᠣᠰᠣᠭ᠋ᠠᠷ ᠡᠷᠡᠰ ᠪᠠᠶ᠋ᠢᠴᠠᠭ᠋ᠠᠨ ᠰᠢᠢ᠍ᠳᠪᠤᠷᠢᠯᠡᠬᠦ ᠬᠡᠷᠡᠭᠳᠠᠢ᠃ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠬᠠᠤᠯᠢ ᠵᠢᠨ ᠬᠤᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ᠎ᠨᠤᠭᠤᠳ ᠤᠯᠤᠰ᠎ᠤᠨ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ᠎ᠤᠨ ᠡᠳᠦᠷ᠂ ᠠᠮᠠᠷᠠᠯᠲᠠ ᠵᠢᠨ ᠡᠳᠦᠷ ᠵᠢᠴᠢ ᠡᠪᠦᠯ ᠵᠤᠨ᠎ᠤ ᠠᠮᠠᠷᠠᠯᠲᠠ ᠵᠢᠨ ᠬᠤᠭᠤᠴᠠᠭ᠎ᠠ ᠵᠢ ᠡᠵᠡᠯᠡᠨ ᠬᠡᠷᠡᠭᠯᠡᠵᠦ ᠬᠢᠴᠢᠶᠡᠯ ᠲᠥᠷᠥᠯ᠎ᠤᠨ ᠪᠣᠯᠪᠠᠰᠤᠷᠠᠯ᠎ᠢ ᠵᠣᠬᠢᠶᠠᠨ ᠪᠠᠶ᠋ᠢᠭᠤᠯᠵᠤ ᠪᠣᠯᠬᠤ ᠦᠭᠡᠶ᠃ ᠪᠣᠯᠪᠠᠰᠤᠷᠠᠯ᠎ᠤᠨ ᠪᠠᠶ᠋ᠢᠭᠤᠯᠤᠮᠵᠢ ᠥᠨᠳᠥᠷ ᠴᠠᠯᠢᠩ ᠵᠶ᠋ᠠᠷ ᠰᠤᠷᠭ᠋ᠠᠭᠤᠯᠢ ᠵᠢᠨ ᠪᠠᠭᠰᠢ ᠵᠢ ᠤᠷᠢᠵᠤ ᠪᠣᠯᠬᠤ ᠦᠭᠡᠢ; ᠬᠢᠴᠢᠶᠡᠯ ᠲᠥᠷᠥᠯ᠎ᠤᠨ ᠪᠣᠯᠪᠠᠰᠤᠷᠠᠯ᠎ᠤᠨ ᠠᠵᠢᠯ ᠬᠢᠬᠦ ᠬᠥᠮᠦᠰ ᠡᠷᠬᠡᠪᠰᠢ ᠬᠤᠯᠪᠤᠭᠳᠠᠯ ᠪᠦᠬᠦᠢ ᠪᠠᠭᠰᠢ ᠵᠢᠨ ᠬᠢᠷᠢ ᠬᠡᠮ ᠪᠠᠶ᠋ᠢᠬᠤ ᠬᠡᠷᠡᠭᠳᠠᠢ ᠪᠦᠭᠡᠳ ᠪᠠᠭᠰᠢ ᠵᠢᠨ ᠬᠢᠷᠢ ᠬᠡᠮ᠎ᠤᠨ ᠮᠡᠳᠡᠭᠡ ᠵᠠᠩᠭᠢ ᠵᠢ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠲᠠᠯᠠᠪᠤᠷ ᠭᠠᠵᠠᠷ ᠵᠢᠴᠢ ᠰᠦᠯᠵᠢᠶᠡᠨ ᠥᠷᠲᠡᠭᠡ ᠵᠢᠨ ᠢᠯᠡ ᠪᠠᠶ᠋ᠢᠷᠢᠨ᠎ᠳᠤ ᠨᠡᠶ᠋ᠢᠲᠡᠯᠡᠬᠦ ᠬᠡᠷᠡᠭᠲᠡᠶ; ᠭᠡᠷ᠎ᠤᠨ ᠠᠬᠠᠮᠠᠳ ᠪᠣᠯᠤᠨ ᠰᠤᠷᠤᠭᠴᠢᠳ᠎ᠤᠨ ᠬᠤᠪᠢ ᠬᠥᠮᠦᠨ᠎ᠤ ᠮᠡᠳᠡᠭᠡ ᠵᠠᠩᠭᠢ ᠵᠢ ᠵᠠᠳᠠᠷᠠᠭᠤᠯᠵᠤ ᠪᠣᠯᠬᠤ ᠦᠭᠡᠶ᠃ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠂ ᠪᠣᠯᠪᠠᠰᠤᠷᠠᠯ᠎ᠤᠨ ᠥᠪᠡᠷ᠎ᠤᠨ ᠥᠷᠲᠡᠭ ᠵᠡᠷᠭᠡ ᠬᠦᠴᠦᠨ ᠵᠦᠢ᠍ᠯ᠎ᠢ ᠦᠨᠳᠦᠰᠦᠯᠡᠨ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠰᠦᠢ᠍ᠳᠭᠡᠯ ᠬᠤᠷᠢᠶᠠᠬᠤ ᠲᠥᠷᠥᠯ ᠵᠦᠢ᠍ᠯ ᠪᠠ ᠪᠠᠷᠢᠮᠵᠢᠶ᠎ᠠ ᠵᠢ ᠲᠣᠭᠲᠠᠭ᠋ᠠᠵᠤ᠂ ᠨᠡᠶ᠋ᠢᠭᠡᠮ ᠨᠡᠶ᠋ᠢᠲᠡ᠎ᠳᠤ ᠨᠡᠶ᠋ᠢᠲᠡᠯᠡᠨ᠂ ᠬᠢᠨᠠᠯᠲᠠ ᠵᠢ ᠬᠦᠯᠢᠶᠡᠬᠦ ᠬᠡᠷᠡᠭᠲᠡᠶ᠃ 《ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠦᠢ᠍ᠯᠡᠴᠢᠯᠡᠭᠡ ᠬᠠᠩᠭ᠋ᠠᠬᠤ ᠭᠡᠷ᠎ᠡ (ᠵᠢᠱ᠌ᠢᠶ᠎ᠡ ᠦᠵᠡᠭᠦᠯᠬᠦ ᠲᠣᠪᠬᠢᠮᠠᠯ)》 ᠵᠢ ᠪᠥᠬᠦ ᠲᠠᠯ᠎ᠠ᠎ᠪᠠᠷ ᠬᠡᠷᠡᠭᠯᠡᠬᠦ ᠬᠡᠷᠡᠭᠳᠠᠢ᠃ ᠪᠠᠶ᠋ᠢᠩᠭᠤᠵᠢᠭᠰᠠᠨ ᠵᠢᠭᠰᠠᠭ᠋ᠠᠨ ᠪᠠᠶ᠋ᠢᠴᠠᠭ᠋ᠠᠬᠤ ᠲᠣᠭᠲᠡᠴᠡ ᠵᠢ ᠤᠯᠠᠮ ᠴᠢᠨᠠᠭᠰᠢᠳᠠ ᠪᠦᠷᠢᠨᠰᠢᠬᠦᠯᠵᠦ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠪᠠᠶ᠋ᠢᠳᠠᠯ ᠵᠢᠴᠢ ᠮᠡᠳᠡᠭᠡ ᠵᠠᠩᠭᠢ ᠵᠢ ᠴᠠᠭ ᠲᠤᠬᠠᠶ᠎ᠳᠤᠨᠢ ᠡᠵᠡᠮᠰᠢᠨ᠂ 《ᠬᠠᠷ᠎ᠠ ᠴᠠᠭ᠋ᠠᠨ ᠲᠠᠩᠰᠠ》 ᠵᠢᠨ ᠲᠦᠷᠢᠮ᠎ᠢ ᠲᠡᠭᠦᠯᠳᠡᠷᠵᠢᠭᠦᠯᠬᠦ ᠬᠡᠷᠡᠭᠳᠠᠢ᠃
15. ᠬᠡᠪ᠎ᠤᠨ ᠠᠵᠢᠯᠯᠠᠭ᠋ᠠᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠳᠠᠢ᠃ ᠡᠳ᠋ ᠬᠥᠷᠥᠩᠭᠡ ᠵᠢ ᠪᠣᠯᠪᠠᠰᠤᠷᠠᠯ᠎ᠤᠨ ᠪᠠᠶ᠋ᠢᠭᠤᠯᠤᠮᠵᠢ᠎ᠳᠤ ᠬᠡᠲᠦᠷᠬᠡᠶ ᠣᠷᠣᠭᠤᠯᠬᠤ ᠵᠢ ᠴᠢᠩᠭ᠎ᠠ ᠬᠢᠵᠠᠭ᠋ᠠᠷᠯᠠᠵᠤ᠂ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠪᠠᠯᠠ ᠨᠡᠶ᠋ᠢᠯᠡᠭᠦᠯᠬᠦ ᠵᠢᠴᠢ ᠰᠦᠢ᠍ᠳᠭᠡᠯ᠎ᠢ ᠭᠤᠤᠯᠳᠠᠭᠤ ᠪᠣᠯᠪᠠᠰᠤᠷᠠᠯ᠎ᠤᠨ ᠲᠤᠬᠠᠶ᠋ᠢᠯᠠᠭᠰᠠᠨ ᠠᠵᠢᠯ᠎ᠤᠨ ᠡᠵᠡᠩᠨᠡᠯᠲᠡ᠎ᠳᠤ ᠬᠡᠷᠡᠭᠯᠡᠵᠦ᠂ ᠪᠣᠷᠣᠯᠠᠭᠤᠯᠭ᠎ᠠ ᠬᠢᠬᠦ ᠵᠢᠨ ᠲᠦᠯᠦᠭᠡ ᠤᠤᠯ ᠦᠨ᠎ᠡ ᠵᠢ ᠬᠠᠭᠤᠷᠮᠠᠭ ᠵᠶ᠋ᠠᠷ ᠵᠣᠬᠢᠶᠠᠬᠤ᠂ ᠬᠤᠳᠠᠯ ᠬᠠᠭᠤᠷᠮᠠᠭ ᠵᠶ᠋ᠠᠷ ᠦᠨ᠎ᠡ ᠪᠠᠭᠤᠷᠠᠭᠤᠯᠬᠤ᠂ ᠬᠤᠳᠠᠯ ᠬᠠᠭᠤᠷᠮᠠᠭ ᠵᠶ᠋ᠠᠷ ᠤᠬᠠᠭᠤᠯᠬᠤ ᠵᠡᠷᠭᠡ ᠠᠷᠭ᠎ᠠ ᠮᠠᠶᠢᠭ ᠵᠶ᠋ᠠᠷ ᠭᠤᠤᠯᠴᠢ ᠪᠤᠰᠤ ᠥᠷᠢᠰᠥᠯᠳᠦᠭᠡᠨ ᠬᠢᠬᠦ ᠵᠢ ᠡᠷᠡᠰ ᠴᠠᠭ᠋ᠠᠵᠠᠯᠠᠵᠤ᠂ ᠠᠵᠢᠯ ᠲᠥᠷᠥᠯ᠎ᠤᠨ ᠭᠠᠭᠴᠠᠭ᠋ᠠᠷ ᠡᠵᠡᠮᠰᠢᠬᠦ ᠦᠢ᠍ᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠡᠷᠡᠰ ᠪᠠᠶ᠋ᠢᠴᠠᠭ᠋ᠠᠨ ᠰᠢᠢ᠍ᠳᠪᠤᠷᠢᠯᠡᠬᠦ ᠬᠡᠷᠡᠭᠲᠡᠶ᠃ ᠰᠦᠯᠵᠢᠶᠡᠨ ᠳᠡᠭᠡᠷᠡᠬᠢ ᠪᠣᠯᠪᠠᠰᠤᠷᠠᠯ᠎ᠨᠢ ᠰᠤᠷᠤᠭᠴᠢᠳ᠎ᠤᠨ ᠬᠠᠷᠠᠭ᠎ᠠ ᠵᠢ ᠬᠠᠮᠠᠭ᠋ᠠᠯᠠᠬᠤ ᠵᠢ ᠴᠢᠬᠤᠯᠠᠴᠢᠯᠠᠵᠤ᠂ ᠬᠢᠴᠢᠶᠡᠯ ᠪᠦᠷᠢ ᠵᠢᠨ ᠴᠠᠭ᠎ᠢ 30 ᠮᠢᠨᠦ᠋ᠲ᠎ᠠᠴᠠ ᠬᠡᠲᠦᠷᠡᠭᠦᠯᠵᠦ ᠪᠣᠯᠬᠤ ᠥᠬᠡᠶ᠂ ᠬᠢᠴᠢᠶᠡᠯ᠎ᠤᠨ ᠵᠠᠪᠰᠠᠷᠯᠠᠭ᠎ᠠ ᠵᠢᠨ ᠴᠠᠭ᠎ᠢ 10 ᠮᠢᠨᠦ᠋ᠲ᠎ᠠᠴᠠ ᠪᠠᠭ᠎ᠠ ᠪᠠᠶ᠋ᠢᠯᠭ᠋ᠠᠵᠤ ᠪᠣᠯᠬᠤ ᠥᠬᠡᠶ᠂ ᠪᠣᠯᠪᠠᠰᠤᠷᠠᠯ ᠲᠡᠭᠦᠰᠬᠦ ᠴᠠᠭ᠎ᠢ 21 ᠴᠠᠭ᠎ᠠᠴᠠ ᠤᠷᠤᠢ ᠪᠠᠶ᠋ᠢᠯᠭ᠋ᠠᠵᠤ ᠪᠣᠯᠬᠤ ᠥᠬᠡᠶ᠃ ᠵᠣᠬᠢᠶᠠᠮᠠᠯ ᠣᠶᠤᠨ ᠴᠢᠳᠠᠪᠤᠷᠢ ᠵᠢᠨ ᠮᠡᠷᠭᠡᠵᠢᠯ᠎ᠢ ᠠᠰᠢᠠᠠᠯᠠᠨ ᠰᠤᠷᠤᠭᠴᠢᠳ᠎ᠤᠨ ᠰᠦᠯᠵᠢᠶᠡᠨ ᠳᠡᠭᠡᠷ᠎ᠡ ᠪᠤᠯᠪᠠᠰᠤᠷᠠᠯ ᠬᠦᠷᠳᠡᠬᠦ ᠴᠠᠭ᠎ᠢ ᠵᠣᠬᠢᠰᠲᠠᠶ ᠡᠵᠡᠮᠳᠡᠬᠦ ᠵᠢ ᠢᠳᠡᠪᠬᠢᠲᠡᠶ ᠰᠦᠪᠡᠭᠴᠢᠯᠡᠬᠦ ᠬᠡᠷᠡᠭᠳᠠᠢ᠃ ᠰᠦᠯᠵᠢᠶᠡᠨ ᠳᠡᠭᠡᠷᠡᠬᠢ ᠪᠣᠯᠪᠠᠰᠤᠷᠠᠯ᠎ᠤᠨ ᠪᠠᠶ᠋ᠢᠭᠤᠯᠤᠮᠵᠢ 《ᠰᠡᠭᠦᠳᠡᠷ ᠲᠠᠳᠠᠵᠤ ᠰᠡᠳᠦᠪ ᠡᠷᠢᠬᠦ》 ᠵᠡᠷᠭᠡ ᠰᠣᠷᠣᠭᠴᠢ ᠵᠢᠨ ᠰᠡᠳᠬᠢᠬᠦᠶ ᠵᠢᠨ ᠴᠢᠳᠠᠪᠤᠷᠢ ᠵᠢ ᠮᠠᠭᠤᠳᠠᠭᠤᠯᠬᠤ᠂ ᠰᠤᠷᠤᠭᠴᠢᠳ᠎ᠤᠨ ᠪᠡᠶ᠎ᠡ᠎ᠪᠠᠨ ᠳᠠᠭ᠋ᠠᠭ᠋ᠠᠵᠤ ᠰᠡᠳᠬᠢᠬᠦ ᠵᠢ ᠨᠥᠯᠥᠭᠡᠯᠡᠵᠦ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠵᠢᠮ᠎ᠡ ᠶᠣᠰᠣ᠎ᠠᠴᠠ ᠲᠡᠷᠰᠯᠡᠭᠰᠡᠨ ᠮᠠᠭᠤ ᠰᠤᠷᠤᠯᠴᠠᠬᠤ ᠠᠷᠭ᠎ᠠ ᠵᠢ ᠬᠠᠩᠭ᠋ᠠᠨ ᠳᠠᠮᠵᠢᠭᠤᠯᠵᠦ ᠪᠣᠯᠬᠤ ᠥᠬᠡᠶ᠃ ᠬᠢᠯᠢ ᠵᠢᠨ ᠳᠣᠲᠣᠷ᠎ᠠ ᠪᠠᠶ᠋ᠢᠭ᠎ᠠ ᠭᠠᠳᠠᠭ᠋ᠠᠳᠤ ᠵᠢᠨ ᠬᠠᠷᠢᠶ᠎ᠠ᠎ᠲᠠᠢ ᠬᠥᠮᠦᠰ᠎ᠢ ᠤᠷᠢᠵᠦ ᠬᠡᠷᠡᠭᠯᠡᠬᠦ᠎ᠳᠤ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ᠎ᠳᠤ ᠨᠡᠶ᠋ᠢᠴᠡᠵᠤ᠂ ᠬᠢᠯᠢ ᠵᠢᠨ ᠭᠠᠳᠠᠨ᠎ᠠ ᠪᠠᠶ᠋ᠢᠭ᠎ᠠ ᠭᠠᠳᠠᠭ᠋ᠠᠳᠤ ᠵᠢᠨ ᠬᠠᠷᠢᠶ᠎ᠠ᠎ᠲᠠᠢ ᠬᠥᠮᠦᠰ᠎ᠢ ᠤᠷᠢᠵᠤ ᠪᠣᠯᠪᠠᠰᠤᠷᠠᠯ᠎ᠤᠨ ᠠᠵᠢᠯᠯᠠᠭ᠎ᠠ ᠬᠢᠯᠭᠡᠬᠦ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠃
ᠲᠠᠪᠤ᠂ ᠰᠤᠷᠭ᠋ᠠᠨ ᠬᠥᠮᠦᠵᠢᠯ᠎ᠤᠨ ᠵᠢᠭ᠋ᠠᠨ ᠰᠤᠷᠭ᠋ᠠᠯᠳᠠ ᠵᠢᠨ ᠶᠠᠰᠤ ᠴᠢᠨᠠᠷ᠎ᠢ ᠶᠡᠭᠡ᠎ᠪᠠᠷ ᠳᠡᠭᠡᠭᠰᠢᠯᠡᠭᠦᠯᠵᠦ᠂ ᠰᠤᠷᠤᠭᠴᠢᠳ᠎ᠤᠨ ᠰᠤᠷᠭ᠋ᠠᠭᠤᠯᠢ᠎ᠳᠠᠭᠠᠨ ᠭᠦᠢ᠍ᠴᠡᠳ ᠰᠤᠷᠤᠯᠴᠠᠵᠤ ᠰᠠᠶ᠋ᠢᠨ ᠰᠤᠷᠤᠯᠴᠠᠬᠤ ᠵᠢ ᠦᠨᠡᠨ ᠬᠦ᠌ ᠪᠠᠲᠤᠯᠠᠬᠤ ᠬᠡᠷᠡᠭᠳᠡᠢ
16. ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠶ ᠪᠦᠭᠡᠳ ᠲᠡᠩᠴᠡᠭᠦᠷᠢᠲᠡᠶ ᠬᠥᠭᠵᠢᠬᠦ ᠵᠢ ᠠᠬᠢᠭᠤᠯᠬᠤ ᠭᠡᠷᠡᠭᠳᠡᠢ᠃ ᠡᠯ᠎ᠡ ᠭᠠᠵᠠᠷ᠎ᠤᠨ᠎ᠬᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠦᠨᠳᠦᠰᠦᠨ᠎ᠳᠡᠭᠡᠨ ᠲᠡᠩᠴᠡᠭᠦᠷᠢᠲᠡᠶ ᠪᠠᠶ᠋ᠢᠬᠤ ᠦᠷ᠎ᠡ ᠪᠦᠲᠦᠭᠡᠯ᠎ᠢ ᠪᠠᠬᠢᠵᠢᠭᠦᠯᠵᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠶ ᠪᠦᠭᠡᠳ ᠲᠡᠩᠴᠡᠭᠦᠷᠢᠲᠡᠶ ᠡᠭᠦᠳᠦᠨ ᠪᠠᠶ᠋ᠢᠭᠤᠯᠬᠤ ᠠᠵᠢᠯ᠎ᠢ ᠢᠳᠡᠪᠬᠢᠲᠡᠶ ᠥᠷᠨᠢᠭᠦᠯᠵᠦ᠂ ᠰᠢᠨ᠎ᠠ ᠴᠢᠨᠠᠷ ᠰᠠᠶ᠋ᠢᠲᠠᠶ ᠰᠤᠷᠭ᠋ᠠᠭᠤᠯᠢ ᠵᠢᠨ ᠬᠦᠭᠵᠢᠯᠳᠡ ᠵᠢ ᠠᠬᠢᠭᠤᠯᠵᠤ᠂ ᠴᠢᠨᠠᠷ ᠰᠠᠶ᠋ᠢᠲᠠᠶ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠥᠷᠭᠡᠳᠬᠡᠬᠦ ᠬᠡᠷᠡᠭᠲᠡᠶ᠃ ᠪᠦᠯᠦᠭᠯᠡᠯ᠎ᠤᠨ ᠬᠡᠯᠪᠡᠷᠢ᠎ᠪᠠᠷ ᠰᠤᠷᠭ᠋ᠠᠭᠤᠯᠢ ᠡᠷᠬᠢᠯᠡᠬᠦ᠂ ᠰᠤᠷᠭ᠋ᠠᠭᠤᠯᠢ ᠵᠢ ᠲᠣᠭᠤᠷᠢᠭᠵᠢᠭᠤᠯᠤᠨ ᠵᠠᠰᠠᠬᠤ ᠪᠠ ᠬᠤᠲᠠ ᠬᠥᠳᠡᠭᠡ ᠵᠢᠨ ᠰᠤᠷᠭ᠋ᠠᠭᠤᠯᠢ ᠵᠢᠨ ᠬᠠᠮᠲᠤ ᠴᠣᠭᠴᠠ ᠵᠢᠨ ᠪᠠᠶ᠋ᠢᠭᠤᠯᠤᠯᠲᠠ ᠵᠢ ᠢᠳᠡᠪᠬᠢᠲᠡᠶ ᠠᠬᠢᠭᠤᠯᠵᠤ᠂ ᠰᠤᠷᠭ᠋ᠠᠭᠤᠯᠢ ᠡᠷᠬᠢᠯᠡᠬᠦ ᠠᠮᠢᠵᠢᠷᠠᠯ᠎ᠤᠨ ᠬᠦᠴᠦᠨ᠎ᠢ ᠭᠦᠢ᠍ᠴᠡᠳ ᠬᠥᠭᠵᠢᠭᠡᠨ᠂ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠬᠢᠷᠢ ᠲᠦᠪᠰᠢᠨ᠎ᠢ ᠪᠦᠬᠦᠯᠢ ᠴᠣᠭᠴᠠ᠎ᠪᠠᠷ᠎ᠨᠢ ᠳᠡᠭᠡᠭᠰᠢᠯᠡᠭᠦᠯᠵᠦ᠂ ᠬᠤᠲᠠ ᠬᠥᠳᠡᠭᠡ᠂ ᠣᠷᠣᠨ ᠪᠦᠰᠡ᠂ ᠰᠤᠷᠭ᠋ᠠᠭᠤᠯᠢ ᠵᠢᠨ ᠬᠤᠭᠤᠷᠣᠨᠳᠣᠬᠢ ᠰᠤᠷᠭ᠋ᠠᠨ ᠬᠥᠮᠦᠵᠢᠯ᠎ᠤᠨ ᠬᠢᠷᠢ ᠲᠦᠪᠰᠢᠨ᠎ᠤ ᠵᠥᠷᠢᠶ᠎ᠡ ᠵᠢ ᠲᠦᠷᠭᠡᠳᠬᠡᠨ ᠪᠠᠭ᠋ᠠᠰᠬᠠᠨ᠎ᠠ᠃
17. ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠳᠡᠢ᠃ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠳ ᠰᠤᠷᠭ᠋ᠠᠭᠤᠯᠢ ᠵᠢ ᠵᠢᠯᠣᠭᠤᠳᠤᠨ ᠵᠢᠭ᠋ᠠᠨ ᠰᠤᠷᠭ᠋ᠠᠯᠳᠠ ᠵᠢᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠵᠦ᠂ ᠵᠢᠭ᠋ᠠᠨ ᠰᠤᠷᠭ᠋ᠠᠯᠳᠠ ᠵᠢᠨ ᠠᠷᠭ᠎ᠠ ᠮᠠᠶᠢᠭ ᠵᠶ᠋ᠠᠨ ᠰᠢᠯᠢᠳᠡᠭᠵᠢᠭᠦᠯᠦᠨ᠂ ᠵᠢᠭ᠋ᠠᠨ ᠰᠤᠷᠭ᠋ᠠᠯᠳᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠰᠤᠷᠤᠭᠴᠢᠳ᠎ᠤᠨ ᠰᠤᠷᠭ᠋ᠠᠭᠤᠯᠢ᠎ᠳᠤ ᠰᠤᠷᠤᠯᠴᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ᠃ ᠰᠤᠷᠭ᠋ᠠᠭᠤᠯᠢ᠎ᠨᠤᠭᠤᠳ ᠤᠯᠤᠰ᠎ᠠᠴᠠ ᠲᠣᠭᠲᠠᠭ᠋ᠠᠭᠰᠠᠨ ᠬᠢᠴᠢᠶᠡᠯ᠎ᠢ ᠪᠦᠷᠢᠨ ᠭᠦᠢ᠍ᠴᠡᠳ ᠰᠠᠶ᠋ᠢᠲᠤᠷ ᠲᠤᠬᠢᠷᠠᠭᠤᠯᠵᠤ᠂ ᠴᠡᠴᠡᠷᠯᠢᠭ᠎ᠠᠴᠠ ᠪᠠᠭ᠎ᠠ ᠰᠤᠷᠭ᠋ᠠᠭᠤᠯᠢ᠎ᠳᠤ ᠲᠡᠪᠰᠢᠬᠦ ᠵᠢ ᠰᠢᠨᠵᠢᠯᠡᠬᠦ ᠤᠬᠠᠭ᠋ᠠᠨᠴᠢ᠎ᠪᠠᠷ ᠵᠤᠯᠭ᠋ᠠᠭᠤᠯᠬᠤ ᠵᠢ ᠢᠳᠡᠪᠬᠢᠲᠡᠢ ᠠᠬᠢᠭᠤᠯᠵᠤ᠂ ᠰᠤᠷᠤᠭᠴᠢᠳ᠎ᠢ ᠬᠠᠪᠰᠤᠷᠤᠨ ᠰᠤᠷᠭ᠋ᠠᠭᠤᠯᠢ᠎ᠳᠤ ᠣᠷᠣᠬᠤ ᠪᠡᠯᠡᠳᠬᠡᠯ᠎ᠢ ᠰᠠᠶ᠋ᠢᠲᠤᠷ ᠬᠢᠵᠦ᠂ ᠬᠢᠴᠢᠶᠡᠯ᠎ᠤᠨ ᠪᠠᠷᠢᠮᠵᠢᠶ᠎ᠠ ᠵᠢ ᠴᠢᠩᠭ᠎ᠠ ᠵᠢᠷᠤᠮᠯᠠᠨ ᠡᠬᠢᠨ᠎ᠠᠴᠠ᠎ᠨᠢ ᠵᠢᠭ᠋ᠠᠨ ᠰᠤᠷᠭ᠋ᠠᠬᠤ ᠬᠡᠷᠡᠭᠲᠡᠢ ᠪᠥᠭᠡᠳ ᠵᠢᠭ᠋ᠠᠨ ᠰᠤᠷᠭ᠋ᠠᠬᠤ ᠴᠢᠬᠤᠯᠠᠲᠠᠢ ᠵᠢ᠎ᠨᠢ ᠪᠦᠬᠦᠨ᠎ᠢ ᠵᠢᠭ᠋ᠠᠨ ᠰᠤᠷᠭ᠋ᠠᠵᠤ᠂ ᠰᠤᠷᠤᠭᠴᠢᠳ᠎ᠢ ᠤᠯᠤᠰ᠎ᠠᠴᠠ ᠲᠣᠭᠲᠠᠭ᠋ᠠᠭᠰᠠᠨ ᠰᠤᠷᠤᠯᠭ᠎ᠠ ᠵᠢᠨ ᠶᠠᠰᠤ ᠴᠢᠨᠠᠷ᠎ᠤᠨ ᠪᠠᠷᠢᠮᠵᠢᠶ᠎ᠠ᠎ᠳᠤ ᠬᠥᠷᠥᠬᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠰᠤᠷᠭ᠋ᠠᠭᠤᠯᠢ᠎ᠨᠤᠭᠤᠳ ᠬᠢᠴᠢᠶᠡᠯ᠎ᠤᠨ ᠴᠠᠭ᠎ᠢ ᠳᠤᠷ᠎ᠠ᠎ᠪᠠᠷ ᠵᠶ᠋ᠠᠨ ᠨᠡᠮᠡᠵᠦ ᠬᠠᠰᠤᠵᠤ᠂ ᠬᠦᠴᠢᠷ᠎ᠤᠨ ᠬᠡᠮᠵᠢᠶ᠎ᠡ᠎ᠪᠠᠨ ᠳᠡᠭᠡᠭᠰᠢᠯᠡᠭᠦᠯᠦᠨ᠂ ᠠᠬᠢᠴᠠ᠎ᠪᠠᠨ ᠲᠦᠷᠭᠡᠳᠬᠡᠵᠦ ᠪᠣᠯᠬᠤ ᠦᠭᠡᠶ; ᠰᠢᠯᠭ᠋ᠠᠯᠲᠠ ᠵᠢᠨ ᠲᠠᠷᠤᠭ᠋ᠠᠰᠤ ᠵᠢ ᠪᠠᠭᠤᠷᠠᠭᠤᠯᠵᠤ᠂ ᠰᠢᠯᠭ᠋ᠠᠯᠲᠠ ᠵᠢᠨ ᠠᠷᠭ᠎ᠠ ᠵᠢ ᠥᠭᠡᠷᠡᠴᠢᠯᠡᠨ ᠰᠠᠶ᠋ᠢᠵᠢᠷᠠᠭᠤᠯᠵᠤ᠂ ᠤᠷᠢᠳᠴᠢᠯᠠᠨ ᠬᠢᠴᠢᠶᠡᠯ ᠵᠶ᠋ᠠᠨ ᠲᠡᠭᠦᠰᠬᠡᠵᠦ ᠰᠢᠯᠭ᠋ᠠᠯᠲᠠ᠎ᠳᠤ ᠪᠡᠯᠡᠳᠬᠡᠬᠦ᠂ ᠲᠣᠭᠲᠠᠭ᠋ᠠᠯ᠎ᠠᠴᠠ ᠵᠥᠷᠢᠴᠡᠨ ᠨᠢᠭᠡᠳᠦᠯᠲᠡᠶ ᠰᠢᠯᠭ᠋ᠠᠬᠤ᠂ ᠰᠢᠯᠭ᠋ᠠᠯᠲᠠ ᠵᠢᠨ ᠰᠡᠳᠦᠪ ᠪᠠᠷᠢᠮᠵᠢᠶ᠎ᠠ᠎ᠠᠴᠠ ᠬᠡᠲᠦᠷᠡᠬᠦ᠂ ᠰᠢᠯᠭ᠋ᠠᠯᠲᠠ ᠵᠢᠨ ᠨᠡᠷᠡᠰ᠎ᠤᠨ ᠵᠢᠭᠰᠠᠭ᠋ᠠᠯᠲᠠ ᠬᠢᠬᠦ ᠵᠡᠷᠭᠡ ᠦᠢ᠍ᠯᠡ ᠠᠵᠢᠯᠯᠠᠭ᠎ᠠ᠎ᠲᠠᠢ ᠪᠠᠶ᠋ᠢᠵᠤ ᠪᠣᠯᠬᠤ ᠥᠬᠡᠶ; ᠰᠢᠯᠭ᠋ᠠᠯᠲᠠ ᠵᠢᠨ ᠬᠢᠷᠢ ᠪᠦᠲᠦᠮᠵᠢ ᠵᠢ ᠢᠯᠡᠷᠡᠭᠦᠯᠬᠦ᠎ᠳᠤ ᠵᠡᠷᠭᠡ ᠳᠡᠰ᠎ᠤᠨ ᠳᠦᠷᠢᠮ᠎ᠢ ᠬᠡᠷᠡᠭᠵᠢᠭᠦᠯᠵᠦ᠂ ᠬᠤᠪᠢ ᠵᠢ ᠯᠠ ᠡᠷᠬᠢᠮᠯᠡᠬᠦ ᠬᠡᠯᠪᠡᠷᠢᠯ᠎ᠢ ᠡᠷᠡᠰ ᠲᠡᠪᠴᠢᠬᠦ ᠭᠡᠷᠡᠭᠳᠡᠢ᠃
18. ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠡᠯᠰᠡᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠬᠡᠷᠡᠭᠳᠡᠢ᠃ ᠡᠯ᠎ᠡ ᠭᠠᠵᠠᠷ᠎ᠤᠨ᠎ᠬᠢᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ ᠰᠢᠯᠭ᠋ᠠᠯᠲᠠ ᠵᠢᠨ ᠬᠢᠷᠢ ᠪᠦᠲᠦᠮᠵᠢ᠎ᠳᠤ ᠰᠠᠭᠤᠷᠢᠯᠠᠭᠰᠠᠨ᠂ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ᠎ᠲᠠᠢ ᠤᠶᠠᠯᠳᠤᠭᠤᠯᠤᠭᠰᠠᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠰᠣᠷᠣᠭᠴᠢ ᠡᠯᠰᠡᠬᠦ ᠵᠠᠭᠪᠤᠷ᠎ᠢ ᠢᠳᠡᠪᠬᠢᠲᠡᠶ ᠲᠡᠭᠦᠯᠳᠡᠷᠵᠢᠭᠦᠯᠵᠦ᠂ ᠠᠳᠠᠯᠢ ᠪᠤᠰᠤ ᠬᠢᠴᠢᠶᠡᠯ ᠲᠥᠷᠥᠯ᠎ᠤᠨ ᠣᠨᠴᠠᠯᠢᠭ᠎ᠢ ᠦᠨᠳᠦᠰᠦᠯᠡᠨ᠂ ᠰᠢᠯᠭ᠋ᠠᠯᠲᠠ ᠵᠢᠨ ᠠᠷᠭ᠎ᠠ ᠮᠠᠶᠢᠭ ᠪᠠ ᠬᠢᠷᠢ ᠪᠦᠲᠦᠮᠵᠢ ᠵᠢ ᠢᠯᠡᠷᠡᠭᠦᠯᠬᠦ ᠠᠷᠭ᠎ᠠ ᠮᠠᠶᠢᠭ᠎ᠢ ᠲᠡᠭᠦᠯᠳᠡᠷᠵᠢᠭᠦᠯᠬᠦ ᠬᠡᠷᠡᠭᠲᠡᠶ᠃ ᠰᠤᠷᠬᠤ᠎ᠪᠠᠷ ᠰᠢᠯᠭ᠋ᠠᠯᠲᠠ ᠵᠢ ᠲᠣᠭᠲᠠᠭ᠋ᠠᠬᠤ ᠵᠢ ᠪᠠᠷᠢᠮᠲᠠᠯᠠᠵᠤ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠲᠡᠪᠰᠢᠬᠦ ᠰᠢᠯᠭ᠋ᠠᠯᠲᠠ ᠵᠢᠨ ᠰᠡᠳᠦᠪ ᠭᠠᠷᠭ᠋ᠠᠬᠤ ᠶᠠᠰᠤ ᠴᠢᠨᠠᠷ᠎ᠢ ᠴᠢᠨᠠᠬᠰᠢᠳᠠ ᠳᠡᠭᠡᠭᠰᠢᠯᠡᠭᠦᠯᠵᠦ᠂ ᠭᠠᠵᠢᠬ ᠰᠡᠳᠦᠪ᠂ ᠬᠠᠴᠢᠨ ᠰᠡᠳᠦᠪ᠂ ᠬᠢᠴᠢᠶᠡᠯ᠎ᠤᠨ ᠪᠠᠷᠢᠮᠵᠢᠶ᠎ᠠ᠎ᠠᠴᠠ ᠳᠠᠪᠠᠭᠰᠠᠨ ᠬᠦᠴᠢᠷ ᠰᠡᠳᠦᠪ᠎ᠢ ᠰᠡᠷᠭᠡᠶ᠋ᠢᠯᠡᠨ᠎ᠡ᠃ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠡᠯᠰᠡᠬᠦ ᠴᠢᠨᠠᠷ ᠰᠠᠶ᠋ᠢᠲᠠᠶ ᠭᠦᠢ᠍ᠴᠡᠳᠬᠡᠯ ᠲᠤᠭ᠎ᠠ ᠵᠢ ᠣᠷᠣᠨ ᠪᠦᠰᠡ ᠵᠢᠨ ᠳᠣᠲᠣᠷᠠᠬᠢ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠬᠤᠪᠢᠶᠠᠷᠢᠯᠠᠬᠤ ᠬᠠᠷᠢᠴᠠᠯ᠎ᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠵᠦ᠂ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠡᠯᠰᠡᠬᠦ ᠡᠮᠬᠢ ᠳᠢᠭᠯᠢᠮ᠎ᠢ ᠵᠢᠷᠤᠮᠵᠢᠭᠤᠯᠤᠨ᠂ ᠲᠣᠭᠲᠠᠭ᠋ᠠᠯ᠎ᠠᠴᠠ ᠵᠥᠷᠢᠴᠡᠨ ᠰᠤᠷᠤᠭᠴᠢ ᠡᠯᠰᠡᠬᠦ᠂ ᠨᠠᠵᠠᠭ᠋ᠠᠢ᠎ᠪᠠᠷ ᠥᠷᠢᠰᠥᠯᠳᠦᠬᠦ ᠵᠢ ᠬᠤᠷᠢᠠᠠᠯᠠᠨ᠎ᠠ᠃
19. ᠶᠠᠰᠤ ᠴᠢᠨᠠᠷ᠎ᠢ ᠦᠨᠡᠯᠡᠬᠦ ᠰᠢᠰᠲ᠋ᠧᠮ᠎ᠳᠤ ᠣᠷᠣᠭᠤᠯᠬᠤ ᠬᠡᠷᠡᠭᠳᠡᠢ᠃ ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ ᠠᠵᠢᠯ᠎ᠤᠨ ᠪᠦᠲᠦᠮᠵᠢ ᠵᠢᠨ ᠲᠤᠬᠠᠢ ᠵᠥᠪ ᠦᠵᠡᠯᠲᠡ ᠵᠢ ᠪᠤᠢ ᠪᠣᠯᠭ᠋ᠠᠵᠤ᠂ ᠰᠤᠷᠭ᠋ᠠᠭᠤᠯᠢ ᠳᠡᠪᠰᠢᠬᠦ ᠭᠦᠢ᠍ᠴᠡᠳᠬᠡᠯ ᠲᠤᠭ᠎ᠠ ᠵᠢ ᠪᠠᠭᠤᠯᠭ᠋ᠠᠬᠤ ᠪᠤᠶᠤ ᠰᠤᠷᠭ᠋ᠠᠭᠤᠯᠢ ᠳᠡᠪᠰᠢᠬᠦ ᠨᠤᠷᠮ᠎ᠠ᠎ᠪᠠᠷ ᠰᠤᠷᠭ᠋ᠠᠭᠤᠯᠢ ᠪᠠ ᠪᠠᠭᠰᠢ ᠵᠢ ᠥᠷᠥᠭᠡᠰᠦᠭᠡᠯ ᠵᠶ᠋ᠠᠷ ᠦᠨᠡᠯᠡᠬᠦ ᠵᠢ ᠴᠢᠩᠭ᠎ᠠ ᠴᠠᠭ᠋ᠠᠵᠠᠯᠠᠬᠤ ᠬᠡᠷᠡᠭᠲᠡᠢ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠶᠠᠰᠤ ᠴᠢᠨᠠᠷ᠎ᠢ ᠦᠨᠡᠯᠡᠬᠦ ᠵᠦᠭᠯᠡᠭᠦᠷ᠎ᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ 《ᠬᠤᠶᠠᠷ᠎ᠢ ᠬᠦᠩᠭᠡᠷᠡᠭᠦᠯᠬᠦ》 ᠠᠵᠢᠯ᠎ᠤᠨ ᠦᠷ᠎ᠡ ᠪᠦᠲᠦᠮᠵᠢ ᠵᠢ ᠰᠢᠶᠠᠨ᠎ᠤ ᠬᠡᠪᠴᠢᠶ᠎ᠡ ᠪᠠ ᠰᠤᠷᠭ᠋ᠠᠭᠤᠯᠢ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠶᠠᠰᠤ ᠴᠢᠨᠠᠷ᠎ᠢ ᠦᠨᠡᠯᠡᠬᠦ᠎ᠳᠤ ᠣᠷᠣᠭᠤᠯᠵᠤ᠂ ᠰᠤᠷᠤᠭᠴᠢᠳ᠎ᠤᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ᠎ᠳᠤ ᠣᠷᠣᠯᠴᠠᠬᠤ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ ᠵᠢᠴᠢ ᠪᠣᠯᠪᠠᠰᠤᠷᠠᠯ᠎ᠤᠨ ᠵᠠᠷᠤᠳᠠᠯ᠎ᠢ ᠪᠠᠭ᠋ᠠᠰᠬᠠᠬᠤ ᠵᠡᠷᠭᠡ ᠪᠠᠶ᠋ᠢᠳᠠᠯ᠎ᠢ ᠦᠨᠡᠯᠡᠬᠦ ᠴᠢᠬᠤᠯᠠ ᠠᠭᠤᠯᠭ᠎ᠠ ᠪᠣᠯᠭ᠋ᠠᠬᠤ ᠭᠡᠷᠡᠭᠳᠡᠢ᠃
ᠵᠢᠷᠭᠤᠭ᠎ᠠ᠂ ᠲᠥᠬᠦᠷᠵᠢᠭᠦᠯᠦᠨ ᠵᠠᠰᠠᠬᠤ ᠵᠢ ᠴᠢᠩᠭ᠋ᠠᠳᠬᠠᠵᠤ᠂ ᠲᠤᠯᠭ᠋ᠠᠭᠤᠷᠢᠯᠠᠬᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠳᠡᠢ
20. ᠰᠤᠷᠭ᠋ᠠᠭᠤᠯᠢ ᠵᠢᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠨᠥᠬᠦᠴᠡᠯ᠎ᠢ ᠪᠠᠲᠤᠯᠠᠬᠤ ᠭᠡᠷᠡᠭᠳᠡᠢ᠃ ᠡᠯ᠎ᠡ ᠭᠠᠵᠠᠷ᠎ᠤᠨ᠎ᠬᠢᠨ ᠰᠤᠷᠤᠭᠴᠢ ᠵᠢᠨ ᠬᠡᠪᠴᠢᠶ᠎ᠡ ᠪᠣᠯᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠠᠵᠢᠯᠲᠠᠨ ᠠᠵᠢᠯᠴᠢᠨ᠎ᠤ ᠣᠷᠣᠨ ᠲᠣᠭ᠋ᠠᠨ᠎ᠤ ᠪᠠᠷᠢᠮᠵᠢᠶ᠎ᠠ ᠵᠢ ᠦᠨᠳᠦᠰᠦᠯᠡᠨ᠂ ᠣᠷᠣᠨ ᠲᠤᠭ᠎ᠠ ᠵᠢ ᠨᠢᠭᠡᠳᠦᠯᠲᠡᠶ ᠲᠥᠯᠥᠪᠵᠢᠬᠦᠯᠦᠨ ᠬᠢᠨᠠᠨ ᠲᠣᠭᠲᠠᠭ᠋ᠠᠵᠤ᠂ ᠪᠠᠭᠰᠢ ᠵᠢ ᠭᠦᠢ᠍ᠴᠡᠳ ᠲᠣᠬᠢᠷᠠᠭᠤᠯᠬᠤ ᠬᠡᠷᠡᠭᠲᠡᠶ᠃ ᠮᠤᠵᠢ ᠵᠢᠨ ᠱᠠᠲᠤᠨ᠎ᠤ ᠵᠠᠰᠠᠭ᠎ᠤᠨ ᠣᠷᠳᠣᠨ᠎ᠨᠤᠭᠤᠳ ᠰᠤᠷᠭ᠋ᠠᠭᠤᠯᠢ ᠵᠢᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠵᠠᠷᠤᠳᠠᠯ᠎ᠢ ᠪᠠᠲᠤᠯᠠᠬᠤ ᠠᠷᠭ᠎ᠠ ᠵᠢ ᠲᠣᠭᠲᠠᠭ᠋ᠠᠵᠤ᠂ ᠬᠠᠮᠢᠶ᠎ᠠ ᠪᠦᠬᠦᠢ ᠪᠠᠷᠢᠮᠵᠢᠶ᠎ᠠ ᠵᠢ ᠲᠣᠳᠣᠷᠬᠠᠶ᠋ᠢᠯᠠᠨ᠂ ᠡᠳ᠋᠎ᠤᠨ ᠵᠠᠰᠠᠭ᠎ᠠᠴᠠ ᠨᠥᠬᠦᠪᠥᠷᠢ ᠥᠭᠬᠦ᠂ ᠦᠢ᠍ᠯᠡᠴᠢᠯᠡᠭᠡᠨ᠎ᠤ ᠴᠢᠨᠠᠷᠲᠠᠶ ᠰᠦᠢ᠍ᠳᠬᠡᠯ ᠬᠤᠷᠢᠶᠠᠬᠤ ᠪᠤᠶᠤ ᠣᠷᠣᠯᠠᠨ ᠰᠦᠢ᠍ᠳᠬᠡᠯ ᠬᠤᠷᠢᠶᠠᠬᠤ ᠵᠡᠷᠭᠡ ᠠᠷᠭ᠎ᠠ ᠮᠠᠶᠢᠭ ᠵᠶ᠋ᠠᠷ ᠵᠠᠷᠤᠳᠠᠯ᠎ᠢ ᠪᠡᠯᠡᠳᠭᠡᠨ ᠪᠡᠯᠡᠨ ᠪᠤᠯᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠵᠠᠷᠤᠳᠠᠯ᠎ᠢ ᠭᠤᠤᠯᠳᠠᠭᠤ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠪᠠᠭᠰᠢ ᠪᠣᠯᠤᠨ ᠬᠠᠮᠢᠶ᠎ᠠ ᠪᠥᠬᠦᠶ ᠬᠥᠮᠦᠰ᠎ᠤᠨ ᠨᠥᠬᠦᠪᠥᠷᠢ᠎ᠳᠤ ᠬᠡᠷᠡᠭᠯᠡᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠳ ᠠᠵᠢᠯ᠎ᠤᠨ ᠪᠦᠲᠦᠮᠵᠢ ᠵᠢᠨ ᠴᠠᠯᠢᠩ᠎ᠤᠨ ᠶᠡᠷᠦᠩᠬᠡᠶ ᠬᠡᠮᠵᠢᠶ᠎ᠡ ᠵᠢ ᠬᠠᠷᠭᠤᠭᠤᠯᠤᠨ ᠲᠣᠭᠲᠠᠭ᠋ᠠᠬᠤ᠎ᠳᠤ ᠪᠠᠭᠰᠢ ᠵᠢᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ᠎ᠳᠤ ᠣᠷᠣᠯᠴᠠᠭᠰᠠᠨ ᠪᠠᠶ᠋ᠢᠳᠠᠯ᠎ᠢ ᠪᠣᠳᠣᠯᠬᠢᠯᠠᠵᠤ᠂ ᠪᠠᠭᠰᠢ ᠵᠢᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠨᠥᠬᠦᠪᠥᠷᠢ᠎ᠳᠤ ᠬᠡᠷᠡᠭᠯᠡᠬᠦ ᠵᠠᠷᠤᠳᠠᠯ᠎ᠤᠨ ᠲᠤᠭ᠎ᠠ ᠬᠡᠮᠵᠢᠶ᠎ᠡ ᠵᠢ ᠠᠵᠢᠯ᠎ᠤᠨ ᠪᠦᠲᠦᠮᠵᠢ ᠵᠢᠨ ᠴᠠᠯᠢᠩ᠎ᠳᠤ ᠨᠡᠮᠡᠵᠦ ᠣᠷᠣᠭᠤᠯᠬᠤ ᠵᠢᠨ ᠬᠠᠮᠲᠤ ᠵᠣᠬᠢᠬᠤ ᠲᠥᠷᠥᠯ ᠵᠦᠢ᠍ᠯ ᠲᠤᠬᠢᠷᠠᠭᠤᠯᠵᠦ᠂ ᠳᠠᠷᠠᠭ᠎ᠠ ᠵᠢᠯ᠎ᠤᠨ ᠬᠡᠪ᠎ᠤᠨ ᠬᠠᠷᠭᠤᠭᠤᠯᠤᠨ ᠲᠣᠭᠲᠠᠭ᠋ᠠᠭᠰᠠᠨ ᠠᠵᠢᠯ᠎ᠤᠨ ᠪᠦᠲᠦᠮᠵᠢ ᠵᠢᠨ ᠴᠠᠯᠢᠩ᠎ᠤᠨ ᠶᠡᠷᠦᠩᠬᠡᠶ ᠬᠡᠮᠵᠢᠶ᠎ᠡ ᠵᠢᠨ ᠰᠠᠭᠤᠷᠢ ᠲᠤᠭ᠎ᠠ ᠪᠣᠯᠭ᠋ᠠᠵᠤ ᠪᠣᠯᠬᠤ ᠥᠬᠡᠶ; ᠰᠤᠷᠭ᠋ᠠᠭᠤᠯᠢ ᠵᠢᠨ ᠭᠠᠳᠠᠨᠠᠬᠢ ᠬᠥᠮᠦᠨ᠎ᠢ ᠤᠷᠢᠵᠤ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ ᠬᠠᠩᠭ᠋ᠠᠪᠠᠯ᠂ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠨᠥᠬᠦᠪᠥᠷᠢ ᠵᠢ ᠬᠥᠳᠡᠯᠮᠦᠷᠢ ᠦᠢ᠍ᠯᠡᠴᠢᠯᠡᠭᠡᠨ᠎ᠤ ᠵᠠᠷᠤᠳᠠᠯ ᠵᠶ᠋ᠠᠷ ᠬᠠᠮᠢᠶᠠᠷᠴᠤ ᠪᠣᠯᠤᠨ᠎ᠠ᠃ ᠪᠠᠭᠰᠢ ᠵᠢᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ᠎ᠳᠤ ᠣᠷᠣᠯᠴᠠᠭᠰᠠᠨ ᠪᠤᠲᠠᠲᠤ ᠢᠯᠡᠷᠡᠯ᠎ᠢ ᠮᠡᠷᠭᠡᠵᠢᠯ᠎ᠤᠨ ᠴᠣᠯᠠ ᠲᠤᠭᠳᠠᠭ᠋ᠠᠬᠤ ᠪᠠ ᠤᠷᠢᠬᠤ᠂ ᠬᠥᠬᠢᠭᠦᠯᠦᠨ ᠱᠠᠩᠨᠠᠬᠤ ᠪᠠ ᠠᠵᠢᠯ᠎ᠤᠨ ᠪᠦᠲᠦᠮᠵᠢ ᠵᠢᠨ ᠴᠠᠯᠢᠩ᠎ᠤᠨ ᠬᠤᠪᠢᠶᠠᠷᠢᠯᠠᠯᠲᠠ ᠵᠢᠨ ᠴᠢᠬᠤᠯᠠ ᠯᠠᠪᠯᠠᠯᠲᠠ ᠪᠣᠯᠭ᠋ᠠᠬᠤ ᠬᠡᠷᠡᠭᠲᠡᠶ᠃
21. ᠭᠡᠷ ᠪᠦᠯᠢ ᠰᠤᠷᠭ᠋ᠠᠭᠤᠯᠢ ᠨᠡᠶ᠋ᠢᠭᠡᠮ᠎ᠤᠨ ᠬᠠᠮᠵᠢᠯᠴᠠᠬᠤ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠳᠡᠢ᠃ ᠭᠡᠷ ᠪᠦᠯᠢ ᠪᠠ ᠰᠤᠷᠭ᠋ᠠᠭᠤᠯᠢ ᠵᠢᠨ ᠬᠥᠮᠦᠨ ᠬᠥᠮᠦᠵᠢᠭᠦᠯᠬᠦ ᠬᠠᠷᠢᠭᠤᠴᠠᠯᠭ᠎ᠠ ᠵᠢ ᠴᠢᠨᠠᠬᠰᠢᠳᠠ ᠲᠣᠳᠣᠷᠬᠠᠢ ᠪᠣᠯᠭ᠋ᠠᠵᠤ᠂ ᠭᠡᠷ ᠪᠦᠯᠢ ᠪᠠ ᠰᠤᠷᠭ᠋ᠠᠭᠤᠯᠢ ᠵᠢᠨ ᠤᠯᠤᠯᠴᠠᠭ᠎ᠠ ᠵᠢ ᠴᠢᠩᠭ᠋ᠠᠳᠬᠠᠨ᠂ ᠬᠠᠮᠵᠢᠯᠴᠠᠬᠤ ᠠᠷᠭ᠎ᠠ ᠮᠠᠶᠢᠭ᠎ᠤᠨ ᠲᠠᠯ᠎ᠠ᠎ᠪᠠᠷ ᠰᠢᠨ᠎ᠡ ᠵᠢ ᠡᠭᠦᠳᠴᠦ᠂ ᠬᠠᠮᠵᠢᠯᠴᠠᠨ ᠬᠥᠮᠦᠨ ᠬᠥᠮᠦᠵᠢᠭᠦᠯᠬᠦ ᠬᠠᠮᠲᠤ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ ᠬᠡᠷᠡᠭᠳᠡᠢ᠃ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠳ ᠡᠮᠡᠭᠲᠡᠶ᠋ᠢᠴᠦᠳ᠎ᠤᠨ ᠬᠤᠯᠪᠣᠭ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ᠂ ᠭᠡᠷ᠎ᠤᠨ ᠠᠬᠠᠮᠠᠳ᠎ᠤᠨ ᠰᠤᠷᠭ᠋ᠠᠭᠤᠯᠢ ᠪᠤᠶᠤ ᠰᠦᠯᠵᠢᠶᠡᠨ ᠳᠡᠭᠡᠷᠡᠬᠢ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠵᠢᠯᠣᠭᠤᠳᠬᠤ ᠲᠠᠪᠴᠠᠩ᠎ᠢ ᠰᠠᠶ᠋ᠢᠲᠤᠷ ᠡᠷᠬᠢᠯᠡᠵᠦ᠂ ᠨᠡᠶ᠋ᠢᠭᠡᠮ ᠲᠣᠭᠤᠷᠢᠭ᠎ᠤᠨ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠵᠢᠯᠣᠭᠤᠳᠬᠤ ᠲᠥᠪ᠂ ᠦᠢ᠍ᠯᠡᠴᠢᠯᠡᠭᠡᠨ᠎ᠤ ᠥᠷᠲᠡᠭᠡ ᠴᠡᠭ᠎ᠤᠨ ᠪᠠᠶ᠋ᠢᠭᠤᠯᠤᠯᠲᠠ ᠵᠢ ᠠᠬᠢᠭᠤᠯᠵᠤ᠂ ᠭᠡᠷ᠎ᠤᠨ ᠠᠬᠠᠮᠠᠳ᠎ᠤᠨ ᠰᠢᠨᠵᠢᠯᠡᠬᠦ ᠤᠬᠠᠭ᠋ᠠᠨᠴᠢ᠎ᠪᠠᠷ ᠬᠡᠦᠬᠡᠳ ᠵᠶ᠋ᠠᠨ ᠬᠦᠮᠦᠵᠢᠭᠦᠯᠬᠦ ᠦᠵᠡᠯᠲᠡ ᠵᠢ ᠪᠣᠶ ᠪᠣᠯᠭ᠋ᠠᠬᠤ ᠵᠢ ᠬᠥᠲᠥᠯᠥᠨ ᠲᠠᠭ᠋ᠠᠭᠤᠯᠵᠤ᠂ ᠬᠡᠦᠬᠡᠳ᠎ᠤᠨ ᠥᠰᠦᠨ ᠪᠤᠶ᠋ᠢᠵᠢᠬᠤ ᠶᠠᠪᠤᠴᠠ ᠵᠢ ᠣᠶᠤᠨᠯᠢᠭ ᠵᠶ᠋ᠠᠷ ᠲᠣᠭᠲᠠᠭ᠋ᠠᠨ᠂ ᠳᠠᠷᠤᠭ᠋ᠠᠰᠤ ᠵᠢ ᠬᠥᠩᠭᠡᠷᠡᠭᠦᠯᠬᠦ ᠬᠠᠮᠲᠤ ᠵᠢᠨ ᠲᠠᠨᠢᠯᠲᠠ ᠵᠢ ᠴᠢᠷᠮᠠᠶ᠋ᠢᠨ ᠪᠣᠶ ᠪᠣᠯᠭ᠋ᠠᠬᠤ ᠬᠡᠷᠡᠭᠲᠡᠶ᠃
22. ᠪᠣᠯᠪᠠᠰᠤᠷᠠᠯ᠎ᠤᠨ ᠵᠠᠷ ᠮᠡᠳᠡᠭᠡ ᠵᠢ ᠬᠠᠮᠢᠶᠠᠷᠤᠨ ᠡᠵᠡᠮᠳᠡᠬᠦ ᠵᠢ ᠰᠠᠶ᠋ᠢᠲᠤᠷ ᠬᠢᠬᠦ ᠬᠡᠷᠡᠭᠲᠡᠶ᠃ ᠲᠥᠪ᠎ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠨᠢ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠵᠠᠷ ᠮᠡᠳᠡᠭᠡ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠭᠤᠤᠯ ᠵᠠᠭᠤᠴᠢᠯᠠᠭᠤᠷ᠂ ᠰᠢᠨ᠎ᠡ ᠵᠠᠭᠤᠴᠢᠯᠠᠭᠤᠷ᠂ ᠣᠯᠠᠨ ᠨᠡᠶ᠋ᠢᠲᠡ ᠵᠢᠨ ᠲᠠᠯᠠᠪᠤᠷ ᠭᠠᠵᠠᠷ᠂ ᠰᠠᠭᠤᠭ᠋ᠠᠯᠢ ᠠᠷᠠᠳ᠎ᠤᠨ ᠲᠣᠭᠤᠷᠢᠭ᠎ᠤᠨ ᠡᠯ᠎ᠡ ᠲᠥᠷᠥᠯ᠎ᠤᠨ ᠵᠠᠷ ᠮᠡᠳᠡᠭᠡ ᠵᠢᠨ ᠫᠠᠶ᠋ᠢᠰᠠ ᠪᠠ ᠰᠦᠯᠵᠢᠶᠡᠨ᠎ᠤ ᠲᠠᠪᠴᠠᠩ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠵᠠᠷ ᠮᠡᠳᠡᠭᠡ ᠵᠢ ᠨᠡᠶ᠋ᠢᠲᠡᠯᠡᠬᠦ ᠥᠬᠡᠶ᠂ ᠲᠠᠮᠵᠢᠭᠤᠯᠬᠤ ᠥᠬᠡᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠲᠤ ᠬᠤᠳᠠᠯᠳᠤᠭ᠋ᠠᠨ᠎ᠤ ᠵᠠᠷ ᠮᠡᠳᠡᠭᠡ ᠵᠢᠨ ᠠᠵᠢᠯᠯᠠᠭ᠎ᠠ ᠥᠷᠨᠢᠭᠦᠯᠵᠦ ᠪᠣᠯᠬᠤ ᠦᠭᠡᠶ᠂ ᠳᠤᠮᠳᠠᠳᠤ ᠪᠠᠭ᠎ᠠ ᠰᠤᠷᠭ᠋ᠠᠭᠤᠯᠢ ᠪᠣᠯᠤᠨ ᠬᠡᠦᠬᠡᠳ᠎ᠤᠨ ᠴᠡᠴᠡᠷᠯᠢᠭ᠎ᠤᠨ ᠵᠢᠭ᠋ᠠᠬᠤ ᠮᠠᠲ᠋ᠧᠷᠢᠶᠠᠯ᠂ ᠬᠢᠴᠢᠶᠡᠯ ᠬᠦᠮᠦᠵᠢᠯ᠎ᠤᠨ ᠲᠤᠰᠠᠯᠠᠬᠤ ᠮᠠᠲ᠋ᠧᠷᠢᠶᠠᠯ᠂ ᠪᠣᠯᠪᠠᠰᠤᠷᠠᠯ᠎ᠤᠨ ᠳᠡᠪᠲᠡᠷ᠂ ᠪᠢᠴᠢᠭ᠎ᠤᠨ ᠬᠡᠷᠡᠭᠰᠡᠯ᠂ ᠵᠢᠭ᠋ᠠᠨ ᠰᠤᠷᠭ᠋ᠠᠯᠳᠠ ᠵᠢᠨ ᠬᠡᠷᠡᠭᠰᠡᠯ᠂ ᠰᠤᠷᠭ᠋ᠠᠭᠤᠯᠢ ᠵᠢᠨ ᠬᠤᠪᠴᠠᠰᠤ᠂ ᠰᠤᠷᠭ᠋ᠠᠭᠤᠯᠢ ᠵᠢᠨ ᠮᠠᠰᠢᠨ ᠲᠡᠷᠭᠡ ᠵᠡᠷᠭᠡ ᠵᠢ ᠠᠰᠢᠠᠠᠯᠠᠨ ᠵᠠᠷ ᠮᠡᠳᠡᠭᠡ ᠨᠡᠶ᠋ᠢᠲᠡᠯᠡᠬᠦ ᠪᠤᠶᠤ ᠬᠡᠯᠪᠡᠷᠢ ᠵᠢ᠎ᠨᠢ ᠥᠭᠡᠷᠡᠲᠦᠭᠦᠯᠦᠨ ᠨᠡᠶ᠋ᠢᠲᠡᠯᠡᠵᠦ ᠪᠣᠯᠬᠤ ᠦᠭᠡᠶ᠃ ᠪᠣᠯᠪᠠᠰᠤᠷᠠᠯ᠎ᠤᠨ ᠦᠷ᠎ᠡ ᠪᠦᠲᠦᠮᠵᠢ ᠵᠢ ᠲᠠᠪᠠᠭᠤᠯᠵᠦ ᠤᠬᠠᠭᠤᠯᠬᠤ᠂ ᠣᠯᠠᠨ ᠨᠡᠶ᠋ᠢᠲᠡ ᠵᠢᠨ ᠰᠤᠷᠭ᠋ᠠᠨ ᠬᠥᠮᠦᠵᠢᠯ᠎ᠤᠨ ᠦᠵᠡᠯᠲᠡ ᠵᠢ ᠪᠤᠷᠤᠭᠤ᠎ᠪᠠᠷ ᠬᠥᠲᠥᠯᠬᠦ᠂ ᠬᠡᠷ᠎ᠤᠨ ᠠᠬᠠᠮᠠᠳ᠎ᠤᠨ ᠵᠣᠪᠠᠨᠢᠯ᠎ᠢ ᠪᠤᠢ ᠪᠤᠯᠭ᠋ᠠᠬᠤ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠡᠯ᠎ᠡ ᠵᠦᠢ᠍ᠯ᠎ᠤᠨ ᠵᠠᠷ ᠮᠡᠳᠡᠭᠡ ᠵᠢᠨ ᠦᠢ᠍ᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠪᠠᠶ᠋ᠢᠴᠠᠭ᠋ᠠᠨ ᠰᠢᠢ᠍ᠳᠪᠤᠷᠢᠯᠡᠬᠦ ᠬᠡᠷᠡᠭᠳᠡᠢ᠃
ᠳᠣᠯᠤᠭ᠎ᠠ᠂ ᠲᠤᠷᠰᠢᠯᠲᠠ ᠵᠢᠨ ᠴᠡᠭ᠎ᠤᠨ ᠰᠥᠪᠡᠭᠴᠢᠯᠡᠯᠲᠡ ᠵᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠵᠠᠰᠠᠯᠲᠠ ᠵᠢᠨ ᠠᠵᠢᠯ᠎ᠢ ᠯᠠᠪᠳᠠᠭᠤᠨ ᠵᠶ᠋ᠠᠷ ᠠᠬᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠳᠡᠢ
23. ᠲᠤᠷᠰᠢᠯᠲᠠ ᠵᠢᠨ ᠴᠡᠭ᠎ᠤᠨ ᠠᠵᠢᠯ᠎ᠤᠨ ᠱᠠᠭ᠋ᠠᠷᠳᠠᠯᠭ᠎ᠠ ᠵᠢ ᠲᠣᠳᠣᠷᠬᠠᠶ᠋ᠢᠯᠠᠬᠤ ᠬᠡᠷᠡᠭᠳᠡᠢ᠃ ᠵᠠᠰᠠᠯᠲᠠ ᠵᠢᠨ ᠠᠵᠢᠯ᠎ᠢ ᠪᠦᠬᠦ ᠲᠠᠯ᠎ᠠ᠎ᠪᠠᠷ ᠥᠷᠨᠢᠭᠦᠯᠬᠦ ᠵᠢᠨ ᠬᠠᠮᠲᠤ ᠪᠡᠭᠡᠵᠢᠩ ᠬᠤᠲᠠ᠂ ᠱᠠᠩᠬᠠᠶ ᠬᠤᠲᠠ᠂ ᠮᠦᠭᠳᠡᠨ ᠬᠤᠲᠠ᠂ ᠭᠤᠸᠠᠩᠵᠧᠦ ᠬᠤᠲᠠ᠂ ᠴᠧᠩᠳᠦ᠋ ᠬᠤᠲᠠ᠂ ᠵᠧᠩᠵᠸᠦ ᠬᠤᠲᠠ᠂ ᠴᠠᠩ ᡁᠢ ᠬᠤᠲᠠ᠂ ᠸᠧᠶ ᠬᠠᠶ ᠬᠤᠲᠠ᠂ ᠨᠠᠨ ᠲᠦ᠍ᠩ ᠬᠤᠲᠠ ᠵᠢ ᠪᠦᠬᠦ ᠤᠯᠤᠰ᠎ᠤᠨ ᠲᠤᠷᠰᠢᠯᠲᠠ ᠵᠢᠨ ᠴᠡᠭ ᠵᠶ᠋ᠠᠷ ᠲᠣᠭᠲᠠᠭ᠋ᠠᠵᠤ᠂ ᠪᠤᠰᠤᠳ ᠮᠤᠵᠢ ᠣᠷᠣᠨ ᠠᠳᠠᠭ᠎ᠲᠠᠭᠠᠨ 1 ᠲᠤᠰᠬᠠᠶ ᠣᠷᠣᠨ᠎ᠤ ᠲᠡᠰ᠎ᠤᠨ ᠬᠤᠲᠠ ᠵᠢ ᠰᠣᠩᠭᠤᠨ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠵᠦ᠂ ᠲᠤᠷᠰᠢᠯᠲᠠ ᠵᠢᠨ ᠴᠡᠭ᠎ᠤᠨ ᠠᠭᠤᠯᠭ᠎ᠠ᠎ᠨᠢ 24᠂ 25᠂ 26 ᠳ᠋ᠤᠭ᠋ᠠᠷ ᠵᠤᠷᠪᠤᠰ᠎ᠲᠤ ᠵᠢᠭᠰᠠᠭ᠋ᠠᠭᠰᠠᠨ ᠠᠭᠤᠯᠭ᠎ᠠ ᠪᠣᠯᠤᠨ᠎ᠠ᠃
24. ᠰᠤᠷᠭ᠋ᠠᠭᠤᠯᠢ ᠵᠢᠨ ᠭᠠᠳᠠᠨᠠᠬᠢ ᠬᠢᠴᠢᠶᠡᠯ ᠲᠥᠷᠥᠯ᠎ᠤᠨ ᠪᠣᠯᠪᠠᠰᠤᠷᠠᠯ᠎ᠢ ᠡᠷᠡᠰ ᠪᠠᠭ᠋ᠠᠰᠬᠠᠬᠤ ᠬᠡᠷᠡᠭᠳᠡᠢ᠃ ᠣᠳᠣ ᠪᠠᠶ᠋ᠢᠭ᠎ᠠ ᠬᠢᠴᠢᠶᠡᠯ ᠲᠥᠷᠥᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ ᠵᠢ ᠳᠠᠬᠢᠨ ᠬᠢᠨᠠᠨ ᠬᠠᠷᠭᠤᠭᠤᠯᠵᠤ ᠳᠠᠩᠰᠠᠯᠠᠨ᠂ ᠠᠯᠬᠤᠮ ᠠᠯᠬᠤᠮ ᠵᠶ᠋ᠠᠷ ᠶᠡᠭᠡ᠎ᠪᠠᠷ ᠪᠠᠭ᠋ᠠᠰᠬᠠᠨ᠂ ᠬᠡᠳᠦᠷᠬᠡᠢ ᠠᠷᠪᠢᠨ ᠬᠡᠳᠦᠷᠭᠡᠢ ᠡᠷᠦᠶ ᠬᠤᠷᠤᠶ ᠦᠭᠡᠶ ᠠᠰᠠᠭᠤᠳᠠᠯ᠎ᠢ ᠰᠢᠢ᠍ᠳᠪᠤᠷᠢᠯᠡᠬᠦ ᠬᠡᠷᠡᠭᠳᠡᠢ; ᠬᠢᠷᠢ ᠬᠡᠮ᠎ᠳᠤ ᠦᠯᠦ ᠨᠡᠶ᠋ᠢᠴᠡᠬᠦ᠂ ᠬᠠᠮᠢᠶᠠᠷᠤᠯᠲᠠ᠎ᠨᠢ ᠡᠮᠬᠢ ᠵᠠᠮᠪᠠᠷᠠᠭ᠎ᠠ ᠦᠭᠡᠶ᠂ ᠵᠠᠪᠰᠢᠶᠠᠨ᠎ᠢ ᠳᠠᠯᠢᠮᠳᠠᠭᠤᠯᠤᠨ ᠡᠳ᠋ ᠮᠥᠩᠭᠦ ᠬᠢᠬᠠᠬᠤ᠂ ᠬᠤᠳᠠᠯ ᠬᠠᠭᠤᠷᠮᠠᠭ ᠤᠬᠠᠭᠤᠯᠭ᠎ᠠ ᠬᠢᠬᠦ᠂ ᠰᠤᠷᠭ᠋ᠠᠭᠤᠯᠢ᠎ᠯᠤᠭ᠎ᠠ ᠰᠦᠯᠪᠡᠭᠡᠯᠡᠨ ᠠᠰᠢᠭ ᠣᠯᠬᠤ ᠵᠡᠷᠭᠡ ᠬᠦᠨᠳᠦ ᠨᠣᠴᠢᠲᠠᠶ ᠠᠰᠠᠭᠤᠳᠠᠯ ᠣᠷᠣᠰᠢᠵᠤ ᠪᠠᠶ᠋ᠢᠭ᠎ᠠ ᠪᠠᠶ᠋ᠢᠭᠤᠯᠤᠮᠵᠢ ᠵᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠪᠠᠶ᠋ᠢᠴᠠᠭ᠋ᠠᠨ ᠰᠢᠢ᠍ᠳᠪᠤᠷᠢᠯᠡᠬᠦ ᠬᠡᠷᠡᠭᠲᠡᠶ᠃
25 . ᠰᠤᠷᠭ᠋ᠠᠭᠤᠯᠢ ᠵᠢᠨ ᠳᠣᠲᠣᠨ᠎ᠠ ᠭᠠᠳᠠᠨᠠᠬᠢ ᠡᠬᠢ ᠪᠠᠶᠠᠯᠢᠭ᠎ᠢ ᠵᠦᠢ ᠵᠣᠬᠢᠰᠲᠠᠢ ᠠᠰᠢᠠᠠᠯᠠᠬᠤ ᠬᠡᠷᠡᠭᠳᠡᠢ᠃ ᠨᠥᠬᠦᠴᠡᠯ᠎ᠲᠠᠢ ᠰᠤᠷᠭ᠋ᠠᠭᠤᠯᠢ᠎ᠨᠤᠭᠤᠳ ᠬᠢᠴᠢᠶᠡᠯ᠎ᠤᠨ ᠭᠠᠳᠠᠨᠠᠬᠢ ᠴᠠᠭ᠎ᠲᠤ ᠰᠤᠷᠤᠭᠴᠢᠳ᠎ᠲᠤ ᠳᠤᠷ᠎ᠠ ᠰᠣᠨᠢᠷᠬᠠᠯ᠎ᠤᠨ ᠲᠥᠷᠥᠯ᠎ᠤᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠠᠵᠢᠯᠯᠠᠭ᠎ᠠ ᠬᠠᠩᠭ᠋ᠠᠬᠤ ᠵᠢ ᠵᠣᠷᠢᠭᠵᠢᠭᠤᠯᠵᠤ᠂ ᠰᠤᠷᠤᠭᠴᠢᠳ᠎ᠢ ᠪᠡᠶ᠎ᠡ᠎ᠪᠠᠨ ᠳᠠᠭ᠋ᠠᠭ᠋ᠠᠵᠤ ᠰᠣᠩᠭᠤᠨ ᠤᠷᠤᠯᠴᠠᠭᠤᠯᠬᠤ ᠬᠡᠷᠡᠭᠲᠡᠶ᠃ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠢ ᠬᠡᠰᠡᠭ ᠰᠤᠷᠤᠭᠴᠢᠳ᠎ᠤᠨ ᠳᠤᠷ᠎ᠠ ᠰᠣᠨᠢᠷᠬᠠᠯ ᠠᠪᠢᠶᠠᠰ ᠴᠢᠳᠠᠪᠤᠷᠢ᠎ᠪᠠᠨ ᠲᠡᠭᠡᠭᠰᠢᠯᠡᠭᠦᠯᠬᠦ ᠵᠡᠷᠭᠡ ᠤᠨᠴᠠᠭ᠋ᠠᠢ ᠬᠡᠷᠡᠭᠴᠡᠭᠡ ᠵᠢ ᠬᠠᠩᠭ᠋ᠠᠵᠤ ᠳᠡᠶ᠋ᠢᠯᠬᠦ ᠥᠬᠡᠶ ᠪᠠᠶ᠋ᠢᠪᠠᠯ᠂ ᠬᠢᠴᠢᠶᠡᠯ ᠲᠥᠷᠥᠯ᠎ᠤᠨ ᠪᠤᠰᠤ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ ᠵᠢ ᠵᠣᠬᠢᠰᠲᠠᠶ᠎ᠪᠠᠷ ᠣᠷᠣᠭᠤᠯᠤᠨ ᠠᠪᠴᠢᠷᠠᠵᠤ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ᠎ᠳᠤ ᠣᠷᠣᠯᠴᠠᠭᠤᠯᠵᠤ ᠪᠣᠯᠤᠨ᠎ᠠ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠠᠴᠠ ᠬᠠᠷᠢᠭᠤᠴᠠᠨ ᠵᠣᠬᠢᠶᠠᠨ ᠪᠠᠶ᠋ᠢᠭᠤᠯᠵᠤ ᠰᠢᠯᠢᠨ ᠰᠣᠩᠭᠤᠵᠦ᠂ ᠰᠤᠷᠭ᠋ᠠᠭᠤᠯᠢ᠎ᠳᠤ ᠰᠣᠩᠭᠤᠨ ᠬᠡᠷᠡᠭᠯᠡᠬᠦᠯᠬᠦ ᠵᠢᠨ ᠬᠠᠮᠲᠤ᠂ ᠦᠨᠡᠯᠡᠨ ᠵᠢᠱ᠌ᠢᠵᠦ ᠤᠬᠤᠷᠢᠭᠤᠯᠤᠨ ᠭᠠᠷᠭ᠋ᠠᠬᠤ ᠲᠣᠭᠲᠠᠴᠠ ᠵᠢ ᠪᠠᠶ᠋ᠢᠭᠤᠯᠵᠤ᠂ ᠦᠢ᠍ᠯᠡᠴᠢᠯᠡᠭᠡᠨ᠎ᠤ ᠬᠢᠷᠢ ᠬᠡᠮᠵᠢᠶ᠎ᠡ᠎ᠪᠠᠷ ᠳᠤᠤᠷ᠎ᠠ᠂ ᠮᠠᠭᠤ ᠰᠠᠨᠠᠭ᠎ᠠ᠎ᠪᠠᠷ ᠰᠤᠷᠭ᠋ᠠᠭᠤᠯᠢ᠎ᠳᠤ ᠰᠣᠷᠣᠭᠴᠢ ᠡᠯᠰᠡᠬᠦ᠂ ᠲᠣᠭᠲᠠᠭ᠋ᠠᠯ ᠶᠣᠰᠣᠭ᠋ᠠᠷ ᠦᠢ᠍ᠯᠡᠴᠢᠯᠡᠭᠡ ᠬᠠᠩᠭ᠋ᠠᠬᠤ ᠥᠬᠡᠶ᠂ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠪᠠ ᠰᠣᠷᠣᠭᠴᠢ ᠡᠯᠰᠡᠬᠦ ᠡᠮᠬᠢ ᠵᠢᠷᠤᠮ᠎ᠢ ᠰᠠᠮᠠᠭᠤᠷᠠᠭᠤᠯᠬᠤ ᠵᠡᠷᠭᠡ ᠠᠰᠠᠭᠤᠳᠠᠯ ᠢᠯᠡᠷᠡᠭᠰᠡᠨ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠬᠢᠷᠢ ᠬᠡᠮ᠎ᠢ ᠡᠷᠡᠰ ᠬᠦᠴᠦᠨ ᠥᠬᠡᠶ ᠪᠣᠯᠭ᠋ᠠᠬᠤ ᠬᠡᠷᠡᠭᠳᠡᠢ᠃
26. ᠪᠣᠯᠪᠠᠰᠤᠷᠠᠯ᠎ᠤᠨ ᠰᠦᠢ᠍ᠳᠭᠡᠯ ᠬᠤᠷᠢᠶᠠᠬᠤ ᠲᠤᠬᠠᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠳᠡᠢ᠃ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠨᠡᠶ᠋ᠢᠲᠡ ᠵᠢᠨ ᠠᠰᠠᠷᠠᠮᠵᠢ ᠵᠢᠨ ᠰᠢᠨᠵᠢ ᠴᠢᠨᠠᠷ᠎ᠢ ᠪᠠᠷᠢᠮᠲᠠᠯᠠᠵᠤ᠂ ᠲᠡᠭᠦᠨ᠎ᠤ ᠴᠢᠬᠤᠯᠠ ᠶᠡᠭᠡ ᠠᠷᠠᠳ᠎ᠤᠨ ᠠᠮᠢᠳᠤᠷᠠᠯ᠎ᠳᠤ ᠬᠤᠯᠪᠣᠭᠳᠠᠬᠤ ᠣᠨᠴᠠᠯᠢᠭ᠎ᠢ ᠭᠦᠢ᠍ᠴᠡᠳ ᠪᠣᠳᠣᠯᠬᠢᠯᠠᠨ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠭ᠋ᠠᠭᠤᠯᠢ ᠵᠢᠨ ᠭᠠᠳᠠᠨᠠᠬᠢ ᠬᠢᠴᠢᠶᠡᠯ ᠲᠦᠷᠦᠯ᠎ᠤᠨ ᠪᠣᠯᠪᠠᠰᠤᠷᠠᠯ᠎ᠤᠨ ᠰᠦᠢ᠍ᠳᠭᠡᠯ ᠬᠤᠷᠢᠶᠠᠬᠤ ᠵᠢ ᠵᠠᠰᠠᠭ᠎ᠤᠨ ᠣᠷᠳᠣᠨ᠎ᠤ ᠵᠢᠯᠣᠭᠤᠳᠬᠤ ᠦᠨ᠎ᠡ ᠵᠢᠨ ᠬᠠᠮᠢᠶᠠᠷᠤᠯᠲᠠ᠎ᠳᠤ ᠣᠷᠣᠭᠤᠯᠵᠤ᠂ ᠦᠨ᠎ᠡ ᠪᠤᠳᠤᠬᠤ ᠠᠷᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠵᠦᠶ ᠵᠣᠬᠢᠰᠲᠠᠶ ᠲᠣᠭᠲᠠᠭ᠋ᠠᠨ᠂ ᠰᠦᠢ᠍ᠳᠭᠡᠯ ᠬᠤᠷᠢᠶᠠᠬᠤ ᠪᠠᠷᠢᠮᠵᠢᠶ᠎ᠠ ᠵᠢ ᠲᠣᠳᠣᠷᠬᠠᠶ᠋ᠢᠯᠠᠵᠤ᠂ ᠬᠡᠲᠦ ᠥᠨᠳᠥᠷ ᠰᠦᠢ᠍ᠳᠭᠡᠯ ᠬᠤᠷᠢᠶᠠᠬᠤ ᠪᠠ ᠬᠡᠲᠦ ᠠᠰᠢᠭ ᠬᠥᠭᠡᠭᠡᠴᠡᠯᠳᠦᠬᠦ ᠦᠢ᠍ᠯᠡ ᠠᠵᠢᠯᠯᠠᠭ᠎ᠠ ᠵᠢ ᠡᠷᠡᠰ ᠬᠤᠷᠢᠠᠠᠯᠠᠬᠤ ᠬᠡᠷᠡᠭᠲᠡᠶ᠃ ᠭᠤᠷᠪᠠᠳᠠᠬᠢ ᠡᠲᠡᠭᠡᠳ᠎ᠲᠤ ᠨᠠᠶ᠋ᠢᠳᠠᠨ ᠬᠠᠮᠢᠶᠠᠷᠤᠭᠤᠯᠬᠤ᠂ ᠲᠦᠭᠰᠢᠭᠦᠷᠢ ᠵᠢᠨ ᠨᠥᠭᠡᠴᠡ ᠮᠥᠩᠭᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠤᠷᠢᠳᠴᠢᠯᠠᠨ ᠰᠦᠢ᠍ᠳᠭᠡᠯ ᠬᠤᠷᠢᠶᠠᠬᠤ᠎ᠳᠤ ᠲᠦᠭᠰᠢᠭᠦᠷᠢ ᠵᠢᠨ ᠬᠠᠮᠢᠶᠠᠷᠤᠯᠲᠠ ᠡᠵᠡᠮᠳᠡᠯ ᠬᠢᠵᠦ᠂ ᠪᠣᠯᠪᠠᠰᠤᠷᠠᠯ᠎ᠤᠨ ᠬᠦᠷᠢᠶᠡᠨ᠎ᠳᠠᠬᠢ ᠵᠢᠭᠡᠯᠡᠯᠭᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ 《ᠰᠦᠢ᠍ᠳᠭᠡᠯ᠎ᠢ ᠪᠤᠴᠠᠭ᠋ᠠᠬᠤ᠎ᠳᠤ ᠬᠦᠴᠢᠷᠲᠡᠶ》᠂ 《ᠬᠤᠷᠢᠶᠠᠭᠰᠠᠨ ᠵᠤᠭᠤᠰ᠎ᠢ ᠠᠪᠴᠤ ᠲᠤᠲᠠᠭ᠋ᠠᠬᠤ》 ᠵᠡᠷᠭᠡ ᠠᠰᠠᠭᠤᠳᠠᠯ ᠭᠠᠷᠬᠤ ᠵᠢ ᠪᠦᠲᠦᠮᠵᠢᠲᠡᠶ ᠤᠷᠢᠳᠴᠢᠯᠠᠨ ᠰᠡᠷᠭᠡᠶ᠋ᠢᠯᠡᠬᠦ ᠬᠡᠷᠡᠭᠳᠡᠢ᠃
ᠨᠠᠢ᠍ᠮᠠ᠂ ᠨᠠᠷᠢᠨ ᠨᠢᠮᠪᠠᠶ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠪᠣᠳᠠᠲᠤ ᠦᠷ᠎ᠡ ᠪᠦᠲᠦᠮᠵᠢ ᠤᠯᠬᠤ᠎ᠪᠠᠷ ᠴᠢᠷᠮᠠᠶ᠋ᠢᠬᠤ ᠬᠡᠷᠡᠭᠳᠡᠢ
27. ᠪᠠᠶ᠋ᠢᠷᠢᠯᠠᠭᠤᠯᠤᠯᠲᠠ ᠵᠢ ᠪᠥᠬᠦ ᠲᠠᠯ᠎ᠠ᠎ᠪᠠᠷ ᠰᠢᠰᠲ᠋ᠧᠮ᠎ᠲᠠᠢ ᠰᠠᠶ᠋ᠢᠲᠤᠷ ᠬᠢᠬᠦ ᠭᠡᠷᠡᠭᠳᠡᠢ᠃ 《ᠬᠤᠶᠠᠷ᠎ᠢ ᠬᠦᠩᠭᠡᠷᠡᠭᠦᠯᠬᠦ》 ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠵᠤ᠂ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ) ᠵᠢᠨ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ 《ᠬᠤᠶᠠᠷ᠎ᠢ ᠬᠦᠩᠭᠡᠷᠡᠭᠦᠯᠬᠦ》 ᠠᠵᠢᠯ᠎ᠢ ᠴᠢᠬᠤᠯᠠ ᠶᠡᠭᠡ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠣᠯᠭ᠋ᠠᠵᠤ᠂ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠡᠭᠡᠨ ᠣᠷᠣᠭᠤᠯᠵᠤ᠂ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ) ᠵᠢᠨ ᠨᠠᠮ᠎ᠤᠨ ᠬᠤᠷᠢᠶ᠎ᠠ ᠵᠢᠨ ᠰᠤᠷᠭ᠋ᠠᠨ ᠬᠥᠮᠦᠵᠢᠯ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠭᠤᠤᠯᠳᠠᠯᠭ᠎ᠠ᠎ᠲᠠᠢ ᠡᠭᠦᠷᠭᠡ᠎ᠳᠤ ᠣᠷᠣᠭᠤᠯᠤᠨ᠂ ᠲᠣᠰ ᠭᠠᠵᠠᠷ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠂ 《ᠬᠤᠶᠠᠷ᠎ᠢ ᠬᠦᠩᠭᠡᠷᠡᠭᠦᠯᠬᠦ》 ᠠᠵᠢᠯ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠰᠤᠷᠭ᠋ᠠᠭᠤᠯᠢ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠪᠠᠭᠰᠢ ᠨᠠᠷ᠎ᠤᠨ ᠦᠵᠡᠯ ᠰᠠᠨᠠᠭ᠋ᠠᠨ᠎ᠤ ᠠᠵᠢᠯ᠎ᠢ ᠬᠢᠨᠠᠮᠠᠭ᠋ᠠᠶ ᠰᠠᠶ᠋ᠢᠲᠤᠷ ᠬᠢᠵᠦ᠂ ᠥᠷᠭᠡᠨ ᠤᠯᠠᠨ ᠪᠠᠭᠰᠢ ᠨᠠᠷ᠎ᠤᠨ ᠢᠳᠡᠪᠬᠢᠵᠢᠯ᠂ ᠪᠦᠲᠦᠭᠡᠯᠴᠢ ᠴᠢᠨᠠᠷ᠎ᠢ ᠭᠦᠢ᠍ᠴᠡᠳ ᠳᠠᠶ᠋ᠢᠴᠢᠯᠠᠬᠤ ᠬᠡᠷᠡᠭᠲᠡᠶ᠃ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ᠎ᠨᠢ ᠲᠣᠰ ᠪᠡᠶ᠎ᠡ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ ᠵᠶ᠋ᠠᠨ ᠴᠢᠩᠭ᠋ᠠᠳᠬᠠᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠳᠠᠶ᠋ᠢᠴᠢᠨ ᠪᠠᠬᠢᠯᠡᠯᠲᠡ ᠵᠢᠨ ᠦᠢ᠍ᠯᠡᠳᠣᠯ᠎ᠢ ᠪᠠᠳᠠᠷᠠᠭᠤᠯᠬᠤ ᠬᠡᠷᠡᠭᠳᠡᠢ᠃
28. ᠰᠠᠯᠠᠭ᠎ᠠ ᠮᠥᠴᠢᠷ᠎ᠤᠨ ᠠᠵᠢᠯ᠎ᠤᠨ ᠬᠠᠷᠢᠭᠤᠴᠠᠯᠭ᠎ᠠ ᠵᠢ ᠲᠣᠳᠣᠷᠬᠠᠶ᠋ᠢᠯᠠᠬᠤ ᠬᠡᠷᠡᠭᠳᠡᠢ᠃ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠳ ᠨᠢᠭᠡᠳᠦᠯᠲᠡᠶ ᠲᠥᠯᠥᠪᠵᠢᠬᠦᠯᠦᠨ ᠵᠣᠬᠢᠴᠠᠭᠤᠯᠬᠤ ᠵᠢ ᠰᠠᠶ᠋ᠢᠲᠤᠷ ᠠᠳᠬᠤᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠰᠤᠷᠭ᠋ᠠᠭᠤᠯᠢ ᠵᠢ ᠵᠢᠯᠣᠭᠤᠳᠤᠨ 《ᠬᠤᠶᠠᠷ᠎ᠢ ᠬᠦᠩᠭᠡᠷᠡᠭᠦᠯᠬᠦ》 ᠬᠤᠯᠪᠣᠭᠳᠠᠯ ᠪᠥᠬᠦᠶ ᠠᠵᠢᠯ᠎ᠢ ᠰᠠᠶ᠋ᠢᠲᠤᠷ ᠬᠢᠬᠦ ᠬᠡᠷᠡᠭᠲᠡᠶ; ᠤᠬᠠᠭᠤᠯᠭ᠎ᠠ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠰᠠᠯᠠᠭ᠎ᠠ ᠮᠥᠴᠢᠷ᠎ᠤᠳ ᠶᠠᠷᠢᠶ᠎ᠠ ᠬᠡᠯᠡᠯᠴᠡᠭᠡᠨ᠎ᠤ ᠤᠬᠠᠭᠤᠯᠭ᠎ᠠ ᠵᠢ ᠬᠥᠲᠥᠯᠦᠨ ᠲᠠᠭ᠋ᠠᠭᠤᠯᠬᠤ᠎ᠪᠠᠨ ᠴᠢᠩᠭ᠋ᠠᠳᠬᠠᠵᠤ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠰᠠᠯᠠᠭ᠎ᠠ ᠮᠥᠴᠢᠷ᠎ᠤᠳ ᠰᠤᠷᠭ᠋ᠠᠨ ᠬᠥᠮᠦᠵᠢᠯ᠂ ᠠᠵᠤ ᠦᠢ᠍ᠯᠡᠳᠪᠤᠷᠢ ᠪᠠ ᠮᠡᠳᠡᠭᠡ ᠵᠠᠩᠭᠢᠵᠢᠯᠲᠠ ᠵᠢᠨ ᠰᠠᠯᠠᠭ᠎ᠠ ᠮᠥᠴᠢᠷ᠎ᠲᠠᠢ ᠬᠠᠮᠵᠢᠯᠴᠠᠨ ᠰᠦᠯᠵᠢᠶᠡᠨ ᠳᠡᠭᠡᠷᠡᠬᠢ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠶ; ᠪᠠᠶ᠋ᠢᠭᠤᠯᠤᠮᠵᠢ ᠵᠢᠨ ᠣᠷᠣᠨ ᠲᠤᠭ᠎ᠠ ᠵᠢᠨ ᠰᠠᠯᠠᠭ᠎ᠠ ᠮᠥᠴᠢᠷ᠎ᠤᠨ᠎ᠬᠢᠨ ᠳᠤᠮᠳᠠᠳᠤ ᠪᠠᠭ᠎ᠠ ᠰᠤᠷᠭ᠋ᠠᠭᠤᠯᠢ᠎ᠳᠤ ᠪᠠᠭᠰᠢ ᠵᠢᠨ ᠣᠷᠣᠨ ᠲᠤᠭ᠎ᠠ ᠵᠢ ᠴᠠᠭ ᠲᠤᠬᠠᠢᠳᠤᠨᠢ ᠨᠥᠬᠦᠪᠥᠷᠢᠯᠡᠨ ᠭᠦᠢ᠍ᠴᠡᠳᠭᠡᠵᠦ ᠥᠭᠬᠦ ᠬᠡᠷᠡᠭᠲᠡᠢ; ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠤᠳ ᠡᠳ᠋᠎ᠤᠨ ᠵᠠᠰᠠᠭ᠂ ᠰᠤᠷᠭ᠋ᠠᠨ ᠬᠥᠮᠦᠵᠢᠯ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠰᠤᠷᠭ᠋ᠠᠭᠤᠯᠢ ᠵᠢᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠴᠢᠨᠠᠷᠲᠠᠶ ᠪᠤᠶᠤ ᠣᠷᠣᠯᠠᠨ ᠰᠦᠢ᠍ᠳᠭᠡᠯ ᠬᠤᠷᠢᠶᠠᠬᠤ ᠪᠠᠷᠢᠮᠵᠢᠶ᠎ᠠ ᠵᠢ ᠲᠣᠭᠲᠠᠭ᠋ᠠᠵᠤ᠂ ᠰᠤᠷᠭ᠋ᠠᠨ ᠬᠥᠮᠦᠵᠢᠯ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠲᠤᠷᠰᠢᠯᠲᠠ ᠵᠢᠨ ᠴᠡᠭ᠎ᠤᠨ ᠭᠠᠵᠠᠷ ᠣᠷᠣᠨ᠎ᠤ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠰᠦᠢ᠍ᠳᠭᠡᠯ ᠬᠤᠷᠢᠶᠠᠬᠤ ᠵᠢ ᠵᠢᠯᠣᠭᠤᠳᠬᠤ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ ᠬᠡᠷᠡᠭᠲᠡᠢ; ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠰᠤᠷᠭ᠋ᠠᠭᠤᠯᠢ ᠵᠢᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠵᠠᠷᠤᠳᠠᠯ᠎ᠤᠨ ᠪᠠᠲᠤᠯᠠᠭ᠎ᠠ ᠵᠢ ᠴᠢᠩᠭ᠋ᠠᠳᠬᠠᠬᠤ ᠬᠡᠷᠡᠭᠳᠡᠢ; ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠪᠠᠭᠰᠢ ᠵᠢᠨ ᠠᠵᠢᠯ᠎ᠤᠨ ᠪᠦᠲᠦᠮᠵᠢ ᠵᠢᠨ ᠴᠠᠯᠢᠩ᠎ᠢ ᠬᠢᠨᠠᠨ ᠲᠤᠭᠳᠠᠭ᠋ᠠᠬᠤ ᠬᠤᠯᠪᠤᠭᠳᠠᠯ ᠪᠦᠬᠦᠢ ᠠᠵᠢᠯ᠎ᠢ ᠰᠠᠶ᠋ᠢᠳᠤᠷ ᠬᠢᠬᠦ ᠬᠡᠷᠡᠭᠳᠡᠢ; ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠬᠢᠴᠢᠶᠡᠯ ᠲᠥᠷᠥᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ ᠵᠢ ᠳᠠᠩᠰᠠᠯᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ; ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠬᠢᠴᠢᠶᠡᠯ ᠲᠥᠷᠥᠯ᠎ᠤᠨ ᠪᠤᠰᠤ ᠪᠣᠯᠪᠠᠰᠤᠷᠠᠯ᠎ᠤᠨ ᠪᠠᠶ᠋ᠢᠭᠤᠯᠤᠮᠵᠢ ᠵᠢ ᠳᠠᠩᠰᠠᠯᠠᠬᠤ ᠠᠵᠢᠯ ᠪᠠ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠰᠦᠢ᠍ᠳᠭᠡᠯ ᠬᠤᠷᠢᠶᠠᠬᠤ ᠵᠠᠷ ᠮᠡᠳᠡᠭᠡ᠂ ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠵᠡᠷᠭᠡ ᠲᠠᠯ᠎ᠠ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠵᠦ᠂ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠡᠷᠴᠢᠮ ᠵᠶ᠋ᠠᠨ ᠴᠢᠩᠭ᠋ᠠᠷᠠᠭᠤᠯᠤᠨ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠪᠣᠯᠪᠠᠰᠤᠷᠠᠯ᠎ᠤᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠤᠷᠢᠯᠡᠬᠦ ᠬᠡᠷᠡᠭᠲᠡᠶ; ᠤᠯᠤᠰ ᠲᠦᠷᠦ ᠬᠠᠤᠯᠢ ᠴᠠᠭ᠋ᠠᠵᠠ ᠵᠢᠨ ᠰᠠᠯᠠᠭ᠎ᠠ ᠮᠥᠴᠢᠷ᠎ᠤᠨ᠎ᠬᠢᠨ ᠡᠶ᠎ᠡ ᠵᠣᠬᠢᠴᠠᠩᠭᠤᠢ ᠲᠣᠭᠲᠠᠭᠤᠨ᠎ᠢ ᠬᠠᠮᠠᠭ᠋ᠠᠯᠠᠬᠤ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠬᠦ ᠬᠡᠷᠡᠭᠲᠡᠢ; ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠤᠳ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢ ᠬᠠᠤᠯᠢ ᠶᠣᠰᠣᠭ᠋ᠠᠷ ᠴᠢᠩᠭ᠋ᠠᠳᠬᠠᠵᠤ᠂ ᠨᠢᠭᠤᠴᠠ ᠮᠡᠳᠡᠭᠡ ᠵᠠᠩᠭᠢ ᠵᠢ ᠴᠤᠭᠯᠠᠭᠤᠯᠵᠤ ᠰᠤᠳᠤᠯᠤᠨ ᠮᠠᠭ᠋ᠠᠳᠯᠠᠬᠤ ᠪᠠ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠰᠡᠷᠭᠡᠶ᠋ᠢᠯᠡᠬᠦ ᠵᠢ ᠬᠤᠯᠪᠣᠭ᠋ᠠᠯᠠᠨ ᠥᠷᠨᠢᠭᠦᠯᠵᠦ᠂ ᠲᠣᠭᠲᠠᠭᠤᠨ ᠪᠠᠶ᠋ᠢᠳᠠᠯ᠎ᠳᠤ ᠬᠤᠯᠪᠣᠭᠳᠠᠭᠰᠠᠨ ᠬᠤᠯᠪᠣᠭᠳᠠᠯ ᠪᠥᠬᠦᠶ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠰᠢᠢ᠍ᠳᠪᠤᠷᠢᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ; ᠠᠷᠠᠳ᠎ᠤᠨ ᠪᠠᠩᠬᠢ᠂ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠵᠦᠪᠯᠡᠯ᠂ ᠦᠨᠡᠳᠤ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠪᠠᠩᠬᠢ ᠵᠡᠷᠭᠡ ᠪᠠᠶ᠋ᠢᠭᠤᠯᠤᠮᠵᠢ ᠵᠢ ᠵᠢᠯᠤᠭᠤᠳᠴᠤ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠤᠷᠢᠳᠴᠢᠯᠠᠨ ᠰᠦᠢ᠍ᠳᠭᠡᠯ ᠬᠤᠷᠢᠶᠠᠬᠤ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠠᠵᠢᠯ᠎ᠢ ᠰᠠᠶ᠋ᠢᠲᠤᠷ ᠬᠢᠵᠦ᠂ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠪᠠᠯᠠ ᠳᠣᠭᠢᠷᠠᠭᠤᠯᠬᠤ᠂ ᠵᠠᠬ᠎ᠠ ᠳᠡᠯᠭᠡᠭᠦᠷ᠎ᠲᠤ ᠭᠠᠷᠭ᠋ᠠᠬᠤ ᠵᠡᠷᠭᠡ ᠦᠢ᠍ᠯᠡ ᠠᠵᠢᠯᠯᠠᠭ᠎ᠠ ᠵᠢ ᠴᠡᠪᠡᠷᠯᠡᠨ ᠴᠡᠭᠴᠡᠯᠡᠬᠦ ᠬᠡᠷᠡᠭᠳᠡᠢ; ᠪᠤᠰᠤᠳ ᠬᠠᠮᠢᠶ᠎ᠠ ᠪᠥᠬᠦᠶ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠬᠠᠷᠢᠭᠤᠴᠠᠯᠭ᠎ᠠ᠎ᠪᠠᠨ ᠡᠭᠦᠷᠭᠡᠯᠡᠵᠦ᠂ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠬᠤ ᠬᠡᠷᠡᠭᠲᠡᠢ᠃
29. ᠲᠤᠰᠬᠠᠶ ᠵᠠᠰᠠᠯᠲᠠ ᠵᠢᠨ ᠠᠵᠢᠯᠯᠠᠭ᠎ᠠ ᠵᠢ ᠬᠠᠮᠲᠤᠷᠠᠨ ᠥᠷᠨᠢᠭᠦᠯᠬᠦ ᠬᠡᠷᠡᠭᠳᠡᠢ᠃ 《ᠬᠤᠶᠠᠷ᠎ᠢ ᠬᠦᠩᠭᠡᠷᠡᠭᠦᠯᠬᠦ》 ᠠᠵᠢᠯ᠎ᠤᠨ ᠲᠤᠰᠬᠠᠶ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠵᠤ᠂ ᠲᠤᠰᠬᠠᠶ ᠵᠠᠰᠠᠯᠲᠠ ᠵᠢᠨ ᠠᠵᠢᠯᠯᠠᠭ᠎ᠠ ᠵᠢ ᠲᠥᠪᠯᠡᠷᠡᠭᠦᠯᠦᠨ ᠵᠣᠬᠢᠶᠠᠨ ᠪᠠᠶ᠋ᠢᠭᠤᠯᠵᠤ ᠥᠷᠨᠢᠭᠦᠯᠬᠦ ᠭᠡᠷᠡᠭᠳᠡᠢ᠃ ᠰᠤᠷᠭ᠋ᠠᠨ ᠬᠥᠮᠦᠵᠢᠯ᠎ᠤᠨ ᠶᠠᠮᠤᠨ᠎ᠳᠤ ᠵᠣᠬᠢᠴᠠᠭᠤᠯᠬᠤ ᠲᠣᠭᠲᠠᠴᠠ ᠵᠢᠨ ᠲᠤᠰᠬᠠᠶ ᠠᠵᠢᠯ᠎ᠤᠨ ᠪᠠᠶ᠋ᠢᠭᠤᠯᠤᠮᠵᠢ ᠲᠤᠬᠢᠷᠠᠭᠤᠯᠵᠦ᠂ ᠨᠢᠭᠡᠳᠦᠯᠲᠡᠶ ᠲᠥᠯᠥᠪᠵᠢᠬᠦᠯᠦᠨ ᠵᠣᠬᠢᠴᠠᠭᠤᠯᠬᠤ ᠠᠵᠢᠯ᠎ᠢ ᠰᠠᠶ᠋ᠢᠲᠤᠷ ᠬᠢᠵᠦ᠂ ᠡᠯ᠎ᠡ ᠭᠠᠵᠠᠷ᠎ᠤᠨ ᠠᠵᠢᠯ᠎ᠤᠨ ᠵᠢᠯᠣᠭᠤᠳᠣᠯᠭ᠎ᠠ ᠵᠢ ᠴᠢᠩᠭ᠋ᠠᠳᠬᠠᠬᠤ ᠭᠡᠷᠡᠭᠳᠡᠢ᠃ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ) ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠵᠦ᠂ ᠲᠤᠰᠬᠠᠶ ᠠᠵᠢᠯ᠎ᠤᠨ ᠪᠠᠶ᠋ᠢᠭᠤᠯᠤᠮᠵᠢ ᠪᠠᠶ᠋ᠢᠭᠤᠯᠤᠨ᠂ 《ᠬᠤᠶᠠᠷ᠎ᠢ ᠬᠦᠩᠭᠡᠷᠡᠭᠦᠯᠬᠦ》 ᠠᠵᠢᠯ᠎ᠤᠨ ᠬᠠᠷᠠᠯᠲᠠ ᠡᠭᠦᠷᠭᠡ ᠶᠣᠰᠣᠭ᠋ᠠᠷ᠂ ᠲᠤᠰᠬᠠᠶ ᠵᠠᠰᠠᠯᠲᠠ ᠵᠢᠨ ᠠᠵᠢᠯᠯᠠᠭ᠋ᠠᠨ᠎ᠤ ᠲᠦᠰᠦᠪ᠂ ᠴᠠᠭ᠎ᠤᠨ ᠬᠦᠰᠦᠨᠦᠭᠲᠦ ᠪᠠ ᠬᠠᠷᠢᠭᠤᠴᠠᠯᠭ᠋ᠠᠲᠠᠨ᠎ᠢ ᠲᠣᠳᠣᠷᠬᠠᠶ᠋ᠢᠯᠠᠬᠤ ᠬᠡᠷᠡᠭᠲᠡᠶ᠃ ᠠᠵᠢᠯ᠎ᠤᠨ ᠭᠤᠤᠯᠳᠠᠯᠭ᠎ᠠ᠂ ᠵᠠᠩᠭᠢᠯᠠᠭ᠎ᠠ ᠵᠢᠨ ᠭᠤᠭᠴᠤᠭ᠎ᠠ᠂ ᠪᠠᠭᠤᠷᠠᠶ ᠭᠠᠵᠠᠷ ᠣᠷᠣᠨ᠂ ᠭᠤᠤᠯᠳᠠᠯᠭ᠎ᠠ᠎ᠲᠠᠢ ᠡᠲᠡᠭᠡᠳ ᠵᠡᠷᠭᠡ ᠵᠢ ᠳᠣᠪᠤᠶ᠋ᠢᠯᠭ᠋ᠠᠵᠤ᠂ ᠪᠥᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠵᠢ ᠥᠷᠨᠢᠭᠦᠯᠬᠦ ᠬᠡᠷᠡᠭᠳᠡᠢ᠃ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠵᠠᠯᠬᠠᠭ᠋ᠠᠨ ᠬᠦᠨᠳᠦ᠎ᠪᠠᠷ ᠲᠣᠷᠭ᠋ᠠᠵᠤ᠂ ᠰᠡᠷᠡᠮᠵᠢᠯᠡᠭᠦᠯᠬᠦ ᠵᠢᠷᠦᠬᠡᠰᠢᠶᠡᠬᠦ ᠪᠠᠶ᠋ᠢᠳᠠᠯ᠎ᠢ ᠪᠤᠢ ᠪᠤᠯᠭ᠋ᠠᠬᠤ ᠬᠡᠷᠡᠭᠳᠡᠢ᠃
30. ᠱᠠᠯᠠᠪᠳᠠᠭᠤᠯᠤᠨ ᠪᠠᠶ᠋ᠢᠴᠠᠭ᠋ᠠᠬᠤ ᠪᠠ ᠤᠬᠠᠭᠤᠯᠤᠨ ᠬᠦᠲᠦᠯᠦᠨ ᠲᠠᠭ᠋ᠠᠭᠤᠯᠬᠤ ᠵᠢ ᠴᠢᠩᠭ᠋ᠠᠳᠬᠠᠬᠤ ᠬᠡᠷᠡᠭᠳᠡᠢ᠃ 《ᠬᠤᠶᠠᠷ᠎ᠢ ᠬᠦᠩᠭᠡᠷᠡᠭᠦᠯᠬᠦ》 ᠵᠢ ᠨᠠᠶ᠋ᠢᠳᠠᠪᠤᠷᠢᠵᠢᠭᠤᠯᠤᠭᠰᠠᠨ ᠠᠵᠢᠯ᠎ᠤᠨ ᠪᠠᠶ᠋ᠢᠳᠠᠯ ᠵᠢᠴᠢ ᠪᠣᠳᠠᠲᠠᠶ ᠦᠷ᠎ᠡ ᠪᠦᠲᠦᠮᠵᠢ ᠵᠢ ᠱᠠᠯᠠᠪᠳᠠᠭᠤᠯᠤᠨ ᠪᠠᠶ᠋ᠢᠴᠠᠭ᠋ᠠᠵᠤ ᠱᠠᠯᠠᠪᠳᠠᠭᠤᠯᠤᠨ ᠰᠢᠢ᠍ᠳᠪᠤᠷᠢᠯᠡᠬᠦ᠂ ᠣᠯᠠᠨ ᠲᠦᠮᠡᠨ᠎ᠤ ᠠᠰᠢᠭ ᠲᠤᠰᠠ ᠵᠢ ᠥᠯᠥ ᠬᠠᠶ᠋ᠢᠬᠤᠷᠬᠤ ᠵᠢ ᠲᠤᠰᠬᠠᠶ ᠴᠡᠭᠴᠡᠯᠡᠨ ᠵᠠᠰᠠᠬᠤ ᠪᠠ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ ᠵᠢ ᠱᠠᠯᠠᠪᠳᠠᠭᠤᠯᠤᠨ ᠵᠢᠯᠣᠭᠤᠳᠴᠤ ᠦᠨᠡᠯᠡᠬᠦ ᠴᠢᠬᠤᠯᠠ ᠠᠭᠤᠯᠭ᠎ᠠ ᠪᠣᠯᠭ᠋ᠠᠬᠤ ᠭᠡᠷᠡᠭᠳᠡᠢ᠃ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠵᠢ ᠪᠠᠶ᠋ᠢᠭᠤᠯᠵᠤ᠂ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠥᠬᠡᠶ᠂ ᠠᠷᠭ᠎ᠠ ᠬᠡᠮᠵᠢᠶ᠎ᠡ ᠵᠢ ᠪᠣᠳᠠᠲᠠᠶ᠋ᠢᠵᠢᠭᠤᠯᠤᠭᠰᠠᠨ ᠥᠬᠡᠶ ᠭᠠᠵᠠᠷ ᠣᠷᠣᠨ᠂ ᠰᠠᠯᠠᠭ᠎ᠠ ᠮᠥᠴᠢᠷ᠂ ᠰᠤᠷᠭ᠋ᠠᠭᠤᠯᠢ ᠵᠢᠴᠢ ᠬᠠᠮᠢᠶ᠎ᠠ ᠪᠥᠬᠦᠶ ᠬᠠᠷᠢᠭᠤᠴᠠᠯᠭ᠋ᠠᠲᠠᠨ᠎ᠠᠴᠠ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠡᠯ᠎ᠡ ᠭᠠᠵᠠᠷ᠎ᠤᠨ᠎ᠬᠢᠨ ᠬᠢᠨᠠᠨ ᠬᠠᠮᠢᠶᠠᠷᠬᠤ ᠲᠠᠪᠴᠠᠩ ᠪᠣᠯᠤᠨ ᠢᠯᠡᠴᠢᠯᠡᠨ ᠮᠡᠳᠡᠭᠦᠯᠬᠦ ᠲᠤᠰᠬᠠᠶ ᠤᠳᠠᠰᠤ ᠲᠤᠬᠢᠷᠠᠭᠤᠯᠵᠦ᠂ ᠤᠯᠠᠨ ᠲᠦᠮᠡᠨ᠎ᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠰᠠᠭ᠋ᠠᠳ ᠥᠭᠡᠢ ᠨᠡᠪᠲᠡᠷᠡᠭᠦᠯᠬᠦ ᠬᠡᠷᠡᠭᠲᠡᠶ᠃ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ) 《ᠬᠤᠶᠠᠷ᠎ᠢ ᠬᠦᠩᠭᠡᠷᠡᠭᠦᠯᠬᠦ》 ᠠᠵᠢᠯ᠎ᠤᠨ ᠳᠤᠮᠳᠠᠬᠢ ᠰᠠᠶ᠋ᠢᠨ ᠲᠤᠷᠰᠢᠯᠭ᠎ᠠ ᠰᠠᠶ᠋ᠢᠨ ᠠᠷᠭ᠎ᠠ ᠬᠢᠳᠡᠯ᠎ᠢ ᠴᠠᠭ ᠲᠤᠬᠠᠶ᠎ᠳᠤᠨᠢ ᠳ᠋ᠦᠩᠨᠡᠬᠦ ᠵᠢᠨ ᠬᠠᠮᠲᠤ ᠤᠬᠠᠭᠤᠯᠤᠨ ᠳᠡᠯᠭᠡᠷᠡᠭᠦᠯᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠰᠣᠨᠢᠨ ᠮᠡᠳᠡᠭᠡᠨ᠎ᠤ ᠵᠠᠭᠤᠴᠢᠯᠠᠭᠤᠷ ᠵᠦᠪ ᠤᠨᠤᠪᠴᠢᠳᠠᠢ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ ᠵᠢ ᠪᠠᠷᠢᠮᠲᠠᠯᠠᠵᠤ᠂ ᠨᠡᠶ᠋ᠢᠭᠡᠮ᠎ᠤᠨ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠶ᠃
ᠡᠯ᠎ᠡ ᠭᠠᠵᠠᠷ᠎ᠤᠨ᠎ᠬᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠤᠭᠴᠢᠳ᠎ᠤᠨ 《ᠬᠤᠶᠠᠷ᠎ᠢ ᠬᠦᠩᠭᠡᠷᠡᠭᠦᠯᠬᠦ》 ᠠᠵᠢᠯ᠎ᠢ ᠰᠠᠶ᠋ᠢᠲᠤᠷ ᠬᠢᠬᠦ ᠵᠢᠨ ᠬᠠᠮᠲᠤ᠂ ᠪᠠᠰᠠ 3 — 6 ᠨᠠᠰᠤᠨ᠎ᠤ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠬᠡᠤᠬᠡᠳ ᠪᠠ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢ᠎ᠳᠤ ᠬᠠᠨᠳᠤᠭᠤᠯᠤᠭᠰᠠᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠵᠠᠰᠠᠯᠲᠠ ᠵᠢᠨ ᠠᠵᠢᠯ᠎ᠢ ᠨᠢᠭᠡᠳᠦᠯᠲᠡᠶ ᠲᠥᠯᠥᠪᠵᠢᠬᠦᠯᠦᠨ ᠰᠠᠶ᠋ᠢᠲᠤᠷ ᠬᠢᠵᠦ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠬᠡᠤᠬᠡᠳ᠎ᠲᠤ ᠬᠠᠨᠳᠤᠭᠤᠯᠤᠭᠰᠠᠨ ᠰᠦᠯᠵᠢᠶᠡᠨ ᠳᠡᠭᠡᠷᠡᠬᠢ ᠪᠣᠯᠪᠠᠰᠤᠷᠠᠯ᠎ᠢ ᠥᠷᠨᠢᠭᠦᠯᠵᠦ ᠪᠣᠯᠬᠤ ᠥᠬᠡᠶ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠠᠩᠭᠢ᠂ ᠴᠡᠴᠡᠷᠯᠢᠭ᠎ᠠᠴᠠ ᠪᠠᠭ᠎ᠠ ᠰᠤᠷᠭ᠋ᠠᠭᠤᠯᠢ᠎ᠳᠤ ᠲᠡᠪᠰᠢᠬᠦ ᠵᠢ ᠵᠣᠯᠭ᠋ᠠᠭᠤᠯᠬᠤ ᠠᠩᠭᠢ᠂ ᠰᠡᠳᠬᠢᠬᠦᠶ ᠵᠢᠨ ᠪᠣᠯᠪᠠᠰᠤᠷᠠᠯ᠎ᠤᠨ ᠠᠩᠭᠢ ᠵᠡᠷᠭᠡ ᠨᠡᠷ᠎ᠡ᠎ᠪᠠᠷ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠬᠡᠤᠬᠡᠳ᠎ᠲᠤ ᠬᠠᠨᠳᠤᠭᠤᠯᠤᠨ ᠰᠦᠯᠵᠢᠶᠡᠨ ᠭᠠᠳᠠᠨᠠᠬᠢ ᠬᠢᠴᠢᠶᠡᠯ ᠲᠥᠷᠥᠯ᠎ᠤᠨ (ᠭᠠᠳᠠᠭ᠋ᠠᠳᠤ ᠬᠡᠯᠡ ᠪᠠᠭᠲᠠᠨ᠎ᠠ) ᠪᠣᠯᠪᠠᠰᠤᠷᠠᠯ ᠥᠷᠨᠢᠭᠦᠯᠬᠦ ᠵᠢ ᠴᠢᠩᠭ᠎ᠠ ᠴᠠᠭ᠋ᠠᠵᠠᠯᠠᠬᠤ ᠭᠡᠷᠡᠭᠳᠡᠢ᠃ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠬᠡᠤᠬᠡᠳ᠎ᠲᠤ ᠬᠠᠨᠳᠤᠭᠤᠯᠤᠭᠰᠠᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ ᠪᠠ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢ᠎ᠳᠤ ᠬᠠᠨᠳᠤᠭᠤᠯᠤᠭᠰᠠᠨ ᠰᠤᠷᠭ᠋ᠠᠭᠤᠯᠢ ᠵᠢᠨ ᠭᠠᠳᠠᠨᠠᠬᠢ ᠬᠢᠴᠢᠶᠡᠯ ᠲᠦᠷᠦᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ ᠵᠢ ᠳᠠᠭᠢᠵᠤ ᠬᠢᠨᠠᠨ ᠵᠥᠪᠰᠢᠶᠡᠷᠡᠬᠦ ᠥᠬᠡᠶ᠃ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠲᠤ ᠬᠠᠨᠳᠤᠭᠤᠯᠤᠭᠰᠠᠨ ᠬᠢᠴᠢᠶᠡᠯ ᠲᠦᠷᠦᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠬᠠᠮᠢᠶᠠᠷᠤᠯᠲᠠ ᠵᠢ ᠲᠣᠰ ᠰᠠᠨᠠᠯ᠎ᠤᠨ ᠬᠤᠯᠪᠣᠭᠳᠠᠯ ᠪᠥᠬᠦᠶ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃