ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠲᠥᠷᠥ ᠵᠢᠨ ᠶᠠᠪᠤᠳᠠᠯ᠎ᠤᠨ ᠬᠤᠷᠢᠶ᠎ᠠ 《ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ (2021 — 2025 ᠤᠨ)》 ᠵᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2021-08-04

      ᠰᠢᠨᠬᠤᠸᠠ ᠬᠣᠷᠢᠶᠠᠨ᠎ᠤ ᠪᠡᠭᠡᠵᠢᠩ᠎ᠤᠨ 8   ᠰᠠᠷ᠎ᠠ ᠵᠢᠨ 3 ᠎ᠤ ᠴᠠᠬᠢᠯᠭ᠋ᠠᠨ ᠮᠡᠳᠡᠭᠡ ᠲᠥᠷᠥ ᠵᠢᠨ ᠶᠠᠪᠤᠳᠠᠯ᠎ᠤᠨ ᠬᠤᠷᠢᠶ᠎ᠠ ᠲᠦᠷᠦᠭᠦᠬᠡᠨ 《ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ (      2021 — 2025 ᠤᠨ)》 (ᠳᠣᠷᠣᠭᠰᠢ 《ᠲᠥᠯᠥᠪᠯᠡᠭᠡ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠵᠤ᠂ ᠬᠤᠶ᠋ᠢᠰᠢᠳᠠ ᠵᠢᠨ ᠨᠢᠭᠡ ᠬᠤᠭᠤᠴᠠᠭ᠋ᠠᠨ᠎ᠤ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠤᠨ ᠨᠠᠩ ᠥᠨᠳᠥᠷ ᠲᠦᠪᠰᠢᠨ ᠪᠥᠬᠦᠶ ᠬᠥᠭᠵᠢᠯᠲᠡ ᠵᠢ ᠠᠬᠢᠭᠤᠯᠵᠤ᠂ ᠠᠷᠠᠳ ᠣᠯᠠᠨ᠎ᠤ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠵᠢᠨ ᠬᠡᠷᠡᠭᠴᠡᠭᠡ ᠵᠢ ᠨᠠᠩ ᠰᠠᠶ᠋ᠢᠲᠤᠷ ᠬᠠᠩᠭ᠋ᠠᠬᠤ ᠲᠤᠬᠠᠶ ᠪᠠᠶ᠋ᠢᠷᠢᠯᠠᠭᠤᠯᠤᠯᠲᠠ ᠬᠢᠪᠠ᠃
     《ᠲᠥᠯᠥᠪᠯᠡᠭᠡ》᠎ᠳᠤ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠮᠠᠨ᠎ᠤ ᠤᠯᠤᠰ᠎ᠤᠨ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠯᠤᠰ᠎ᠤᠨ ᠪᠠᠶ᠋ᠢᠯᠳᠤᠬᠤ ᠪᠣᠳᠣᠯᠭ᠎ᠠ ᠭᠦᠨᠵᠡᠭᠡᠶ ᠬᠡᠷᠡᠭᠵᠢᠭᠦᠯᠦᠭᠳᠡᠵᠦ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠢᠷᠢ ᠲᠦᠪᠰᠢᠨ ᠢᠯᠡᠳᠲᠡ ᠳᠡᠭᠡᠭᠰᠢᠯᠡᠵᠦ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠲᠥᠬᠦᠭᠡᠷᠦᠮᠵᠢ ᠠᠯᠬᠤᠮ ᠠᠯᠬᠤᠮ ᠵᠶ᠋ᠠᠷ ᠨᠡᠮᠡᠭᠳᠡᠵᠦ᠂ ᠠᠷᠠᠳ ᠣᠯᠠᠨ᠎ᠤ ᠪᠡᠶ᠎ᠡ ᠴᠢᠭᠢᠷᠠᠭᠵᠢᠭᠤᠯᠬᠤ᠎ᠪᠠᠷ ᠳᠡᠮᠵᠢᠨ ᠡᠷᠡᠭᠦᠯ ᠮᠡᠨᠳᠦ᠎ᠪᠠᠨ ᠠᠬᠢᠭᠤᠯᠬᠤ ᠤᠬᠠᠮᠰᠠᠷ ᠡᠳᠦᠷ ᠢᠷᠡᠬᠦᠶ᠎ᠡ ᠳᠡᠭᠡᠭᠰᠢᠯᠡᠵᠤ᠂ ᠡᠷᠡᠭᠦᠯ ᠡᠩᠬᠡ ᠳᠤᠮᠳᠠᠳᠤ ᠤᠯᠤᠰ ᠪᠠ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠤᠨ ᠪᠥᠲᠥᠭᠡᠨ ᠪᠠᠶ᠋ᠢᠭᠤᠯᠤᠯᠲᠠ ᠰᠢᠨ᠎ᠡ ᠲᠠᠪᠰᠢᠯᠲᠠ ᠵᠢ ᠪᠡᠶᠡᠯᠡᠭᠦᠯᠪᠡ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ ᠪᠦᠭᠦᠳᠡ ᠬᠤᠷᠠᠯ᠂ ᠭᠤᠷᠪᠠᠳᠤᠭ᠋ᠠᠷ ᠪᠦᠭᠦᠳᠡ ᠬᠤᠷᠠᠯ᠂ ᠳᠥᠷᠪᠡᠳᠦᠭᠡᠷ ᠪᠦᠭᠦᠳᠡ ᠬᠤᠷᠠᠯ᠂ ᠲᠠᠪᠤᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠦᠷᠢᠵᠢᠭᠤᠯᠵᠤ᠂ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠵᠢ ᠪᠠᠷᠢᠮᠲᠠᠯᠠᠵᠦ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠠᠷᠢᠮᠲᠠᠯᠠᠵᠦ᠂ ᠡᠷᠡᠭᠦᠯ ᠡᠩᠬᠡ ᠳᠤᠮᠳᠠᠳᠤ ᠤᠯᠤᠰ᠎ᠤᠨ ᠪᠠᠶ᠋ᠢᠯᠳᠤᠬᠤ ᠪᠣᠳᠣᠯᠭ᠎ᠠ ᠪᠠ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠯᠤᠰ᠎ᠤᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠵᠦ᠂ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠨᠡᠩ ᠥᠨᠳᠥᠷ ᠲᠦᠪᠰᠢᠨ ᠪᠦᠬᠦᠢ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠠᠶ᠋ᠢᠭᠤᠯᠵᠦ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠤᠨ ᠠᠷᠠᠳ ᠲᠦᠮᠡᠨ᠎ᠤ ᠡᠷᠡᠭᠦᠯ ᠮᠡᠨᠳᠦ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠂ ᠬᠥᠮᠦᠨ᠎ᠤ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠬᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ᠂ ᠤᠯᠤᠰ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠲᠡᠯᠭᠡᠨ ᠦᠵᠡᠭᠦᠯᠬᠦ ᠵᠡᠷᠭᠡ ᠲᠠᠯ᠎ᠠ᠎ᠳᠠᠬᠢ ᠶᠡᠷᠦᠩᠬᠡᠶ᠋ᠢᠯᠡᠭᠰᠡᠨ ᠥᠷᠲᠡᠭ ᠪᠠ ᠣᠯᠠᠨ ᠡᠰᠢᠲᠦ ᠴᠢᠳᠠᠮᠵᠢ ᠵᠢ ᠭᠦᠢ᠍ᠴᠡᠳ ᠪᠠᠳᠠᠷᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃
     《ᠲᠥᠯᠥᠪᠯᠡᠭᠡ》᠎ᠳᠤ᠂ 2025 ᠤᠨ ᠪᠣᠯᠬᠤ᠎ᠳᠤ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠨᠠᠩ ᠲᠡᠭᠦᠯᠳᠡᠷᠵᠢᠭᠦᠯᠵᠦ᠂ ᠠᠷᠠᠳ ᠣᠯᠠᠨ᠎ᠤ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢ ᠨᠠᠩ ᠲᠥᠬᠦᠮ ᠪᠣᠯᠭ᠋ᠠᠵᠤ᠂ ᠪᠡᠶ᠎ᠡ ᠴᠢᠭᠢᠷᠠᠭᠵᠢᠭᠤᠯᠬᠤ ᠤᠷᠮ᠎ᠠ ᠰᠡᠳᠬᠢᠯᠭᠡ ᠵᠢ ᠤᠯᠠᠮ ᠨᠢᠭᠡ ᠠᠯᠬᠤᠮ ᠬᠦᠭᠵᠢᠭᠡᠵᠦ᠂ ᠪᠡᠶ᠎ᠡ ᠵᠢᠨ ᠲᠠᠮᠢᠷ᠎ᠤᠨ ᠡᠯ᠎ᠡ ᠲᠥᠷᠥᠯ ᠵᠦᠢ᠍ᠯ᠎ᠳᠤ ᠣᠷᠣᠯᠴᠠᠬᠤ ᠬᠥᠮᠦᠨ᠎ᠤ ᠲᠤᠭ᠎ᠠ ᠵᠢ ᠦᠷᠭᠦᠯᠵᠢᠯᠡᠨ ᠳᠡᠭᠡᠭᠰᠢᠯᠡᠭᠦᠯᠵᠦ᠂ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠳᠤ ᠪᠠᠶ᠋ᠢᠩᠭᠤ ᠣᠷᠣᠯᠴᠠᠬᠤ ᠬᠥᠮᠦᠨ᠎ᠤ ᠲᠤᠭ᠎ᠠ ᠵᠢᠨ ᠬᠠᠷᠢᠴᠠᠯ᠎ᠢ 38.5%᠎ᠳᠤ ᠬᠦᠷᠭᠡᠵᠦ᠂ ᠰᠢᠶᠠᠨ (ᠬᠤᠲᠠ᠂ ᠲᠣᠭᠤᠷᠢᠭ)᠂ ᠰᠢᠶᠠᠩ ᠪᠠᠯᠭ᠋ᠠᠰᠤ (ᠵᠡᠭᠡᠯᠢ ᠭᠤᠳᠤᠮᠵᠢ)᠂ ᠵᠠᠰᠠᠭ ᠵᠠᠬᠢᠷᠭ᠋ᠠᠨ᠎ᠤ ᠲᠣᠰᠬᠤᠨ (ᠨᠡᠶ᠋ᠢᠭᠡᠮ ᠲᠣᠭᠤᠷᠢᠭ) ᠭᠤᠷᠪᠠᠨ ᠱᠠᠲᠤᠨ᠎ᠤ ᠣᠯᠠᠨ ᠨᠡᠶ᠋ᠢᠲᠡ ᠵᠢᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠪᠠ ᠨᠡᠶ᠋ᠢᠭᠡᠮ ᠲᠣᠭᠤᠷᠢᠭ᠎ᠤᠨ 15 ᠮᠢᠨᠦ᠋ᠲ᠎ᠤᠨ ᠪᠡᠶ᠎ᠡ ᠴᠢᠭᠢᠷᠠᠭᠵᠢᠭᠤᠯᠬᠤ ᠲᠣᠭᠤᠷᠢᠭ᠎ᠢ ᠪᠦᠬᠦᠨ᠎ᠢ ᠪᠦᠷᠬᠦᠭᠦᠯᠬᠦ ᠵᠢ ᠪᠡᠶᠡᠯᠡᠭᠦᠯᠵᠦ᠂ ᠮᠢᠩᠭ᠋ᠠᠨ ᠬᠥᠮᠦᠨ ᠪᠦᠷᠢ᠎ᠳᠤ ᠨᠤᠭᠳᠠᠬᠤ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠤᠳᠣᠭᠴᠢ ᠵᠢ 2.16 ᠨᠡᠷᠡᠰ ᠪᠤᠯᠭ᠋ᠠᠵᠤ᠂ ᠪᠦᠬᠦ ᠤᠯᠤᠰ᠎ᠤᠨ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠶᠡᠷᠦᠩᠬᠡᠶ ᠬᠡᠪᠴᠢᠶ᠎ᠡ ᠵᠢ ᠳᠠᠶ᠋ᠢᠴᠢᠯᠠᠨ 5 ᠲᠦᠮᠡᠨ ᠳ᠋ᠦᠩᠰᠢᠭᠤᠷ ᠲᠥᠭᠦᠷᠢᠭ᠎ᠲᠤ ᠬᠦᠷᠦᠭᠦᠯᠦᠨ᠎ᠡ ᠭᠡᠵᠦ ᠲᠤᠳᠤᠷᠬᠠᠢ᠍ᠢ᠍ᠯᠠᠪᠠ᠃
     《ᠲᠥᠯᠥᠪᠯᠡᠭᠡ》᠎ᠳᠤ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠲᠦᠭᠦᠭᠡᠷᠦᠮᠵᠢ ᠵᠢᠨ ᠬᠠᠩᠭ᠋ᠠᠯᠭ᠎ᠠ ᠵᠢ ᠴᠢᠩᠭ᠋ᠠᠳᠬᠠᠬᠤ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠷᠤᠯᠳᠤᠭ᠋ᠠᠨ᠎ᠤ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠬᠦ᠂ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠵᠢ ᠵᠢᠯᠣᠭᠤᠳᠬᠤ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ᠂ ᠪᠡᠶ᠎ᠡ ᠵᠢᠨ ᠲᠠᠮᠢᠷ᠎ᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ᠂ ᠭᠤᠤᠯᠳᠠᠯᠭ᠎ᠠ᠎ᠲᠠᠢ ᠬᠥᠮᠦᠰ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠥᠷᠨᠢᠭᠦᠯᠬᠦ ᠵᠢ ᠠᠬᠢᠭᠤᠯᠬᠤ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠵᠢ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠬᠤ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠨᠡᠶ᠋ᠢᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠬᠤ ᠵᠡᠷᠭᠡ ᠵᠢ ᠪᠠᠭᠲᠠᠭ᠋ᠠᠭᠰᠠᠨ 8 ᠲᠠᠯ᠎ᠠ ᠵᠢᠨ ᠭᠤᠤᠯ ᠡᠭᠦᠷᠭᠡ ᠵᠢ ᠳᠤᠷᠠᠳᠪᠠ᠃ 《ᠲᠥᠯᠥᠪᠯᠡᠭᠡ》᠎ᠳᠤ ᠪᠠᠰᠠ ᠬᠠᠷᠠᠯᠲᠠ ᠡᠭᠦᠷᠭᠡ ᠵᠢ ᠪᠡᠶᠡᠯᠡᠭᠦᠯᠬᠦ᠎ᠲᠠᠢ ᠤᠶᠠᠯᠳᠤᠭᠤᠯᠤᠨ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠴᠢᠳᠠᠪᠤᠷᠢᠲᠠᠨ᠎ᠤ ᠡᠩᠨᠡᠭᠡ ᠵᠢ ᠪᠤᠵᠠᠭ᠋ᠠᠶ᠋ᠢᠷᠠᠭᠤᠯᠬᠤ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠮᠤᠷ ᠲᠦᠪᠰᠢᠨ᠎ᠤ ᠪᠠᠲᠤᠯᠠᠭ᠎ᠠ ᠵᠢ ᠴᠢᠩᠭ᠋ᠠᠳᠬᠠᠬᠤ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ᠎ᠳᠤ ᠣᠶᠤᠨᠴᠢᠯᠠᠭᠰᠠᠨ ᠦᠢ᠍ᠯᠡᠴᠢᠯᠡᠭᠡ ᠬᠠᠩᠭ᠋ᠠᠬᠤ ᠵᠡᠷᠭᠡ ᠲᠠᠯ᠎ᠠ᠎ᠪᠠᠷ ᠪᠠᠲᠤᠯᠠᠭ᠎ᠠ ᠵᠢᠨ ᠠᠷᠭ᠎ᠠ ᠬᠡᠮᠵᠢᠶ᠎ᠡ ᠳᠤᠷᠠᠳᠪᠠ᠃
     《ᠲᠥᠯᠥᠪᠯᠡᠭᠡ》᠎ᠳᠤ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠤᠨ ᠬᠠᠮᠲᠤᠷᠠᠭᠰᠠᠨ ᠬᠤᠷᠠᠯ᠎ᠤᠨ ᠦᠢ᠍ᠯᠡᠳᠦᠯ᠎ᠢ ᠪᠠᠳᠠᠷᠠᠭᠤᠯᠵᠤ᠂ ᠵᠠᠰᠠᠭ᠎ᠤᠨ ᠣᠷᠳᠣᠨ᠎ᠠᠴᠠ ᠭᠤᠣᠯᠯᠠᠨ ᠤᠳᠤᠷᠢᠳᠤᠭᠰᠠᠨ᠂ ᠨᠡᠶ᠋ᠢᠭᠡᠮ᠎ᠠᠴᠠ ᠬᠠᠮᠵᠢᠯᠴᠠᠭᠰᠠᠨ᠂ ᠤᠯᠠᠨ ᠨᠡᠶ᠋ᠢᠲᠡ᠎ᠪᠠᠷ ᠵᠶ᠋ᠠᠨ ᠣᠷᠣᠯᠴᠠᠭᠰᠠᠨ᠂ ᠬᠠᠤᠯᠢᠵᠢᠯ᠎ᠤᠨ ᠪᠠᠲᠤᠯᠠᠭ᠎ᠠ᠎ᠲᠠᠢ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠤᠨ ᠲᠣᠭᠲᠠᠴᠠ ᠵᠢ ᠠᠬᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠦᠢ᠍ᠯᠡᠰ᠎ᠢ ᠲᠣᠰ ᠱᠠᠲᠤᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠡᠭᠡᠨ ᠣᠷᠣᠭᠤᠯᠵᠤ᠂ ᠲᠣᠰ ᠭᠠᠵᠠᠷ ᠣᠷᠣᠨ᠎ᠤ᠎ᠪᠠᠨ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠤᠨ ᠬᠡᠷᠡᠭᠵᠢᠭᠦᠯᠬᠦ ᠲᠥᠯᠥᠪᠯᠡᠭᠡ ᠵᠢ ᠲᠣᠭᠲᠠᠭ᠋ᠠᠨ ᠨᠡᠶ᠋ᠢᠲᠡᠯᠡᠬᠦ ᠬᠡᠷᠡᠭᠲᠡᠶ ᠭᠡᠵᠦ ᠱᠠᠭ᠋ᠠᠷᠳᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠲᠥᠪ᠎ᠤᠨ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠬᠠᠮᠢᠶᠠᠷᠤᠯᠲᠠ ᠵᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠰᠠᠨᠠᠯ᠎ᠤᠳ》᠎ᠢ ᠳᠠᠷᠤᠮᠠᠯᠯᠠᠨ ᠲ᠋ᠠᠷᠬᠠᠭ᠋ᠠᠪᠠ
ᠠᠷᠠᠳ᠎ᠤᠨ ᠡᠳᠦᠷ᠎ᠤᠨ ᠰᠣᠨᠢᠨ᠎ᠤ ᠨᠡᠷ᠎ᠡ ᠬᠠᠳᠠᠭᠰᠠᠨ ᠵᠣᠬᠢᠶᠠᠯ᠄ ᠬᠦᠳᠡᠭᠡ ᠠᠵᠤ ᠠᠬᠤᠢ ᠬᠥᠳᠡᠭᠡ ᠲᠣᠰᠬᠤᠨ᠎ᠤ ᠥᠭᠡᠷᠡᠴᠢᠯᠡᠯᠲᠡ ᠬᠥᠭᠵᠢᠯᠲᠡ ᠵᠢᠨ ᠰᠢᠨ᠎ᠡ ᠢᠷᠠᠭᠤ ᠬᠠᠭᠤᠳᠠᠰᠤ ᠵᠢ ᠪᠢᠴᠢᠭᠯᠡᠨᠡᠮ
2021 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠶᠠᠨ᠎ᠤ ᠬᠡᠪᠴᠢᠶᠡᠨ᠎ᠤ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠬᠦ ᠪᠥᠲᠥᠭᠡᠨ ᠪᠠᠶ᠋ᠢᠭᠤᠯᠤᠯᠲᠠ ᠵᠢ ᠰᠢᠯᠭ᠋ᠠᠨ ᠠᠪᠤᠭᠰᠠᠨ ᠦᠷ᠎ᠡ ᠳ᠋ᠦᠩ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠡᠢ᠍ᠲᠡᠯᠡᠯ
2025 ᠣᠨ᠎ᠤ ᠰᠠᠭᠠᠳ ᠦᠭᠡᠢ ᠨᠡᠪᠲᠡᠷᠡᠬᠦ᠌ ᠵᠠᠮ᠎ᠦᠨ    ᠎ᠠᠵᠢᠯᠲᠠᠨ᠎ᠢ ᠭᠣᠶᠣᠴᠢᠯᠠᠨ ᠮᠡᠳᠡᠭᠦᠯᠬᠦ᠌ ᠲᠤᠬᠠᠢ ᠵᠠᠷᠯᠠᠯ
2022 ᠣᠨ᠎ᠤ ᠲᠠᠩᠰᠠ ᠡᠪᠬᠡᠮᠡᠯ᠎ᠤᠨ ᠲᠤᠰᠬᠠᠶ ᠮᠡᠷᠭᠡᠵᠢᠯ᠎ᠤᠨ ᠬᠢᠷᠢ ᠬᠡᠮ ᠮᠡᠳᠡᠭᠦᠯᠬᠦ ᠠᠵᠢᠯᠲᠠᠨ᠎ᠢ ᠵᠠᠷᠯᠠᠨ ᠨᠡᠢ᠌ᠲᠡᠯᠡᠬᠦ ᠲᠤᠬᠠᠶ
 
            