ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠲᠥᠪ᠎ᠤᠨ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠬᠠᠮᠢᠶᠠᠷᠤᠯᠲᠠ ᠵᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠰᠠᠨᠠᠯ᠎ᠤᠳ》᠎ᠢ ᠳᠠᠷᠤᠮᠠᠯᠯᠠᠨ ᠲ᠋ᠠᠷᠬᠠᠭ᠋ᠠᠪᠠ
ᠨᠡᠶ᠋ᠢᠲᠡᠯᠡᠭᠰᠡᠨ ᠴᠠᠭ᠄ 2021-09-03

      ᠰᠢᠨᠬᠤᠸᠠ ᠬᠤᠷᠢᠶᠠᠨ᠎ᠤ ᠪᠡᠭᠡᠵᠢᠩ᠎ᠤᠨ 8 ᠰᠠᠷ᠎ᠠ ᠵᠢᠨ 18᠎ᠤ ᠴᠠᠬᠢᠯᠭ᠋ᠠᠨ ᠮᠡᠳᠡᠭᠡ                 ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ ᠤᠢ᠌ᠢ᠍ᠷ᠎ᠠ᠎ᠳᠤ 《ᠲᠥᠪ᠎ᠤᠨ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠬᠠᠮᠢᠶᠠᠷᠤᠯᠲᠠ ᠵᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠰᠠᠨᠠᠯ᠎ᠤᠳ》 (ᠳᠣᠷᠣᠭᠰᠢ 《ᠰᠠᠨᠠᠯ᠎ᠤᠳ》 ᠭᠡᠵᠦ ᠳᠥᠭᠦᠮᠴᠢᠯᠡᠨ᠎ᠡ)᠎ᠢ ᠳᠠᠷᠤᠮᠠᠯᠯᠠᠨ ᠲᠠᠷᠬᠠᠭ᠋ᠠᠪᠠ᠃
     《ᠰᠠᠨᠠᠯ᠎ᠤᠳ》᠎ᠲᠤ᠂ ᠨᠠᠮ᠎ᠤᠨ ᠠᠷᠪᠠᠨ ᠨᠠᠢ᠌ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠬᠠᠮᠢᠶᠠᠷᠤᠯᠲᠠ ᠵᠢ ᠥᠭᠡᠷᠡᠴᠢᠯᠡᠨ ᠲᠡᠭᠦᠯᠳᠡᠷᠵᠢᠭᠦᠯᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠬᠠᠮᠢᠶᠠᠷᠤᠯᠲᠠ ᠵᠢ ᠰᠢᠯᠢᠳᠡᠭᠵᠢᠭᠦᠯᠬᠦ ᠠᠯᠢ ᠣᠯᠠᠨ ᠲᠥᠷᠥ ᠵᠢᠨ ᠪᠣᠳᠣᠯᠭ᠎ᠠ ᠪᠢᠴᠢᠭ ᠮᠠᠲ᠋ᠧᠷᠢᠶᠠᠯ ᠪᠠ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠤᠷᠢᠳ ᠬᠤᠵᠢᠳ ᠨᠡᠶ᠋ᠢᠲᠡᠯᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠪᠦᠲᠦᠭᠡᠯᠴᠢ ᠴᠢᠨᠠᠷ ᠪᠠ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠦᠴᠦᠲᠡᠶ ᠬᠥᠭᠵᠢᠭᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢ᠍ᠯᠡᠰ᠎ᠤᠨ ᠬᠥᠭᠵᠢᠯᠲᠡ ᠵᠢ ᠠᠬᠢᠭᠤᠯᠤᠭᠰᠠᠨ ᠪᠣᠯᠪᠠᠴᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠬᠠᠮᠢᠶᠠᠷᠤᠯᠲᠠ ᠵᠢᠨ ᠲᠠᠯ᠎ᠠ᠎ᠪᠠᠷ ᠮᠥᠨ ᠯᠡ ᠲᠥᠷᠥ ᠵᠢᠨ ᠪᠣᠳᠣᠯᠭ᠎ᠠ ᠵᠢ ᠪᠤᠳᠠᠳᠠᠢ᠎ᠪᠠᠷ ᠨᠠᠶ᠋ᠢᠳᠠᠪᠤᠷᠢᠵᠢᠭᠤᠯᠤᠭᠰᠠᠨ ᠥᠬᠡᠶ ᠵᠡᠷᠭᠡ ᠠᠰᠠᠭᠤᠳᠠᠯ ᠣᠷᠣᠰᠢᠵᠤ ᠪᠠᠶ᠋ᠢᠨ᠎ᠠ᠃ ᠡᠳᠡᠭᠡᠷ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠵᠦ᠂ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠨᠡᠩ ᠰᠠᠶ᠋ᠢᠲᠤᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠴᠢᠨᠠᠷ ᠰᠠᠶ᠋ᠢᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠢᠯᠡᠭᠦᠬᠡᠨ ᠭᠠᠷᠭ᠋ᠠᠬᠤ ᠵᠢ ᠤᠯᠠᠮ ᠴᠢᠨᠠᠭᠰᠢᠳᠠ ᠵᠣᠷᠢᠭᠵᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠪᠡᠶᠡᠯᠡᠭᠦᠯᠬᠦ᠎ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠵᠢᠨ ᠲᠥᠯᠥᠭᠡ᠂ ᠲᠥᠪ᠎ᠤᠨ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠬᠠᠮᠢᠶᠠᠷᠤᠯᠲᠠ ᠵᠢ ᠤᠯᠠᠮ ᠴᠢᠨᠠᠭᠰᠢᠳᠠ ᠥᠭᠡᠷᠡᠴᠢᠯᠡᠨ ᠲᠡᠭᠦᠯᠳᠡᠷᠵᠢᠭᠦᠯᠬᠦ ᠴᠢᠬᠤᠯᠠᠲᠠᠢ ᠪᠤᠯᠵᠠᠢ ᠬᠡᠵᠥ ᠵᠢᠭ᠋ᠠᠵᠥ ᠭᠠᠷᠭ᠋ᠠᠪᠠ᠃
    《ᠰᠠᠨᠠᠯ᠎ᠤᠳ》᠎ᠲᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠬᠠᠮᠢᠶᠠᠷᠤᠯᠲᠠ ᠵᠢᠨ ᠡᠵᠡᠨ ᠮᠡᠳᠡᠬᠦ ᠡᠷᠬᠡ ᠵᠢ ᠥᠷᠭᠡᠳᠬᠡᠵᠦ᠂ ᠲᠥᠰᠦᠪ᠎ᠢ ᠨᠠᠶ᠋ᠢᠷᠠᠭᠤᠯᠤᠨ ᠵᠣᠬᠢᠶᠠᠬᠤ ᠵᠢ ᠳᠥᠭᠦᠮᠴᠢᠯᠡᠵᠦ᠂ ᠲᠥᠬᠦᠭᠡᠷᠦᠮᠵᠢ ᠵᠢᠨ ᠵᠠᠷᠤᠳᠠᠯ᠂ ᠲᠤᠬᠠᠶ᠋ᠢᠯᠠᠭᠰᠠᠨ ᠠᠵᠢᠯ᠎ᠤᠨ ᠵᠠᠷᠤᠳᠠᠯ᠂ ᠬᠥᠳᠡᠯᠮᠦᠷᠢ ᠦᠢ᠍ᠯᠡᠴᠢᠯᠡᠭᠡᠨ᠎ᠤ ᠵᠠᠷᠤᠳᠠᠯ ᠵᠡᠷᠭᠡ ᠭᠤᠷᠪᠠᠨ ᠶᠡᠭᠡ ᠲᠦᠷᠦᠯ ᠵᠶ᠋ᠠᠷ ᠰᠢᠭᠤᠳ ᠵᠠᠷᠤᠳᠠᠯ᠎ᠤᠨ ᠲᠥᠰᠦᠪ᠎ᠢ ᠨᠠᠶ᠋ᠢᠷᠠᠭᠤᠯᠤᠨ ᠵᠣᠬᠢᠶᠠᠬᠤ ᠬᠡᠷᠡᠭᠲᠡᠢ; ᠲᠥᠬᠦᠭᠡᠷᠦᠮᠵᠢ ᠵᠢᠨ ᠵᠠᠷᠤᠳᠠᠯ᠎ᠤᠨ ᠲᠥᠰᠦᠪ᠎ᠤᠨ ᠲᠣᠬᠢᠷᠠᠭᠤᠯᠭ᠎ᠠ ᠵᠢᠨ ᠡᠷᠬᠡ ᠵᠢ ᠪᠦᠬᠦᠨ᠎ᠢ ᠲᠥᠷᠥᠯ ᠵᠦᠢ᠍ᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠢ᠎ᠳᠤ ᠪᠠᠭᠤᠯᠭ᠋ᠠᠵᠤ᠂ ᠪᠤᠰᠤᠳ ᠵᠠᠷᠤᠳᠠᠯ᠎ᠤᠨ ᠲᠣᠬᠢᠷᠠᠭᠤᠯᠭ᠎ᠠ ᠵᠢᠨ ᠡᠷᠬᠡ ᠵᠢ ᠪᠦᠬᠦᠨ᠎ᠢ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ᠎ᠳᠤ ᠪᠠᠭᠤᠯᠭ᠋ᠠᠬᠤ ᠬᠡᠷᠡᠭᠲᠡᠢ; ᠵᠠᠷᠤᠳᠠᠯ᠎ᠢ ᠳᠠᠭ᠋ᠠᠭ᠋ᠠᠴᠢᠯᠠᠬᠤ ᠲᠦᠷᠢᠮ᠎ᠢ ᠬᠡᠷᠡᠭᠵᠢᠭᠦᠯᠬᠦ ᠬᠡᠪᠴᠢᠶ᠎ᠡ ᠵᠢ ᠥᠷᠭᠡᠳᠬᠡᠵᠦ᠂ ᠴᠢᠳᠠᠪᠤᠷᠢᠲᠠᠨ᠎ᠤ ᠲᠦᠷᠦᠯ ᠪᠠ ᠰᠠᠭᠤᠷᠢ ᠰᠤᠳᠤᠯᠭ᠋ᠠᠨ᠎ᠤ ᠲᠦᠷᠦᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠦᠢ᠍ᠯᠡᠰ᠎ᠲᠤ ᠵᠠᠷᠤᠳᠠᠯ᠎ᠢ ᠳᠠᠭ᠋ᠠᠭ᠋ᠠᠴᠢᠯᠠᠬᠤ ᠲᠦᠷᠢᠮ᠎ᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠢ᠍ᠯ᠎ᠤᠨ ᠵᠠᠷᠤᠳᠠᠯ᠎ᠢ ᠪᠠᠭᠤᠯᠭ᠋ᠠᠵᠥ ᠦᠭᠭᠦ ᠲᠣᠭᠲᠠᠴᠠ ᠵᠢ ᠲᠡᠭᠦᠯᠳᠡᠷᠵᠢᠭᠦᠯᠦᠨ᠂ ᠵᠠᠷᠤᠳᠠᠯ ᠪᠠᠭᠤᠯᠭ᠋ᠠᠵᠥ ᠥᠭᠬᠦ ᠲᠥᠯᠥᠪᠯᠡᠭᠡ ᠵᠢ ᠵᠦᠢ ᠵᠣᠬᠢᠰᠲᠠᠶ ᠲᠣᠭᠲᠠᠭ᠋ᠠᠵᠤ᠂ ᠵᠠᠷᠤᠳᠠᠯ ᠪᠠᠭᠤᠯᠭ᠋ᠠᠵᠥ ᠥᠭᠬᠦ ᠠᠬᠢᠴᠠ ᠵᠢ ᠲᠦᠷᠭᠡᠳᠬᠡᠨ᠎ᠡ᠃ ᠲᠥᠷᠥᠯ ᠵᠦᠢ᠍ᠯ᠎ᠤᠨ ᠡᠭᠦᠷᠭᠡ ᠵᠢᠨ ᠪᠢᠴᠢᠭ᠎ᠢ ᠲᠣᠭᠲᠠᠭᠰᠠᠨ᠎ᠤ ᠳᠠᠷᠠᠭ᠎ᠠ 30 ᠡᠳᠦᠷ᠎ᠤᠨ ᠳᠣᠲᠣᠷ᠎ᠠ᠂ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠠᠷᠤᠳᠠᠯ᠎ᠢ ᠲᠥᠷᠥᠯ ᠵᠦᠢ᠍ᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠢ᠎ᠳᠤ ᠪᠠᠭᠤᠯᠭ᠋ᠠᠵᠥ ᠥᠭᠬᠦ ᠬᠡᠷᠡᠭᠲᠡᠶ᠃ ᠲᠥᠷᠥᠯ ᠵᠦᠢ᠍ᠯ ᠳᠠᠭᠤᠰᠤᠭᠰᠠᠨ᠎ᠤ ᠳᠠᠷᠠᠭ᠎ᠠ᠂ ᠦᠯᠡᠳᠡᠪᠦᠷᠢ ᠪᠠᠯᠠ ᠮᠥᠩᠭᠦ ᠵᠢ ᠳᠠᠭ᠋ᠠᠭ᠋ᠠᠨ ᠡᠭᠦᠷᠭᠡᠯᠡᠭᠰᠡᠨ ᠨᠢᠭᠡᠴᠢ᠎ᠳᠤ ᠦᠯᠡᠳᠡᠭᠡᠨ ᠬᠡᠷᠡᠭᠯᠡᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠭ᠎ᠠ ᠵᠢᠨ ᠰᠢᠭᠤᠳ ᠵᠠᠷᠤᠯᠭ᠎ᠠ᠎ᠳᠤ ᠬᠡᠷᠡᠭᠯᠡᠨ᠎ᠡ ᠬᠡᠵᠥ ᠳᠤᠷᠠᠳᠴᠤ ᠭᠠᠷᠭ᠋ᠠᠪᠠ᠃
     《ᠰᠠᠨᠠᠯ᠎ᠤᠳ》᠎ᠲᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠢ ᠤᠷᠮᠠᠰᠢᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ ᠳᠠᠮ ᠵᠠᠷᠤᠳᠠᠯ᠎ᠤᠨ ᠬᠠᠷᠢᠴᠠᠯ᠎ᠢ ᠳᠡᠭᠡᠭᠰᠢᠯᠡᠭᠦᠯᠵᠦ᠂ ᠲᠣᠭ᠋ᠠᠨ᠎ᠤ ᠤᠬᠠᠭ᠋ᠠᠨ ᠵᠡᠷᠭᠡ ᠴᠤᠯ ᠤᠨᠤᠯ᠎ᠤᠨ ᠰᠠᠭᠤᠷᠢ ᠰᠤᠳᠤᠯᠭ᠋ᠠᠨ᠎ᠤ ᠲᠦᠷᠦᠯ ᠵᠦᠢ᠍ᠯ᠎ᠳᠤ᠂ ᠳᠠᠮ ᠵᠠᠷᠤᠳᠠᠯ᠎ᠤᠨ ᠬᠠᠷᠢᠴᠠᠯ᠎ᠢ 60%᠎ᠠᠴᠠ ᠬᠡᠲᠦᠷᠡᠭᠦᠯᠬᠦ ᠦᠬᠡᠢ ᠪᠤᠯᠳᠠᠯ᠎ᠠ ᠳᠡᠬᠡᠭᠰᠢᠯᠡᠬᠦᠯᠵᠥ ᠪᠤᠯᠤᠨ᠎ᠠ; ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠱᠠᠩᠨᠠᠯ᠎ᠤᠨ ᠵᠠᠷᠤᠳᠠᠯ ᠭᠠᠷᠭ᠋ᠠᠨ ᠠᠪᠬᠤ ᠵᠢ ᠳᠤᠬᠳᠠᠭᠤᠨ ᠵᠶ᠋ᠠᠷ ᠳᠡᠮᠵᠢᠬᠦ ᠲᠤᠷᠰᠢᠯᠲᠠ ᠵᠢᠨ ᠴᠡᠭ᠎ᠤᠨ ᠬᠡᠪᠴᠢᠶ᠎ᠡ ᠵᠢ ᠥᠷᠭᠡᠳᠬᠡᠨ᠎ᠡ; ᠬᠥᠳᠡᠯᠮᠦᠷᠢ ᠦᠢ᠍ᠯᠡᠴᠢᠯᠡᠭᠡᠨ᠎ᠤ ᠵᠠᠷᠤᠳᠠᠯ᠎ᠤᠨ ᠵᠠᠷᠤᠯᠭ᠎ᠠ ᠵᠢᠨ ᠬᠡᠪᠴᠢᠶ᠎ᠡ ᠵᠢ ᠥᠷᠭᠡᠳᠬᠡᠵᠦ᠂ ᠪᠠᠶ᠋ᠢᠭᠤᠯᠭ᠎ᠠ ᠨᠢᠭᠡᠴᠢ ᠵᠢᠨ ᠲᠤᠰᠢᠶᠠᠭᠰᠠᠨ ᠲᠥᠷᠥᠯ ᠵᠦᠢ᠍ᠯ᠎ᠤᠨ ᠤᠷᠢᠵᠤ ᠬᠡᠷᠡᠭᠯᠡᠭᠰᠡᠨ ᠬᠥᠮᠦᠰ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠨᠥᠬᠦᠪᠥᠷᠢ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠡᠷᠭᠡ ᠵᠢ ᠬᠥᠳᠡᠯᠮᠦᠷᠢ ᠦᠢ᠍ᠯᠡᠴᠢᠯᠡᠭᠡᠨ᠎ᠤ ᠵᠠᠷᠤᠳᠠᠯ᠎ᠤᠨ ᠵᠦᠢ᠍ᠯ ᠢᠯᠭ᠋ᠠᠯ᠎ᠳᠤ ᠣᠷᠣᠭᠤᠯᠤᠨ ᠵᠠᠷᠤᠯᠭ᠎ᠠ ᠪᠣᠯᠭ᠋ᠠᠨ᠎ᠠ; ᠠᠮᠵᠢᠯᠲᠠ ᠪᠦᠲᠦᠮᠵᠢ ᠵᠢᠨ ᠴᠠᠯᠢᠩ᠎ᠤᠨ ᠶᠡᠷᠦᠩᠬᠡᠶ ᠬᠡᠮᠵᠢᠶ᠎ᠡ ᠵᠢ ᠵᠦᠶ ᠵᠣᠬᠢᠰᠲᠠᠶ ᠬᠢᠨᠠᠨ ᠲᠣᠭᠲᠠᠭ᠋ᠠᠵᠤ᠂ ᠠᠮᠵᠢᠯᠲᠠ ᠪᠦᠲᠦᠮᠵᠢ ᠵᠢᠨ ᠴᠠᠯᠢᠩ᠎ᠤᠨ ᠬᠢᠷᠢ ᠬᠡᠮᠵᠢᠶ᠎ᠡ ᠵᠢ ᠬᠥᠳᠡᠯᠦᠩᠭᠦᠶ᠎ᠪᠠᠷ ᠲᠣᠬᠢᠷᠠᠭᠤᠯᠤᠨ᠎ᠠ; ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠰᠢᠭᠤᠯᠤᠬᠰᠠᠨ ᠪᠡᠯᠡᠨ ᠵᠣᠭᠤᠰᠣᠨ᠎ᠤ ᠱᠠᠩᠨᠠᠯ᠎ᠨᠢ ᠪᠠᠶ᠋ᠢᠭ᠎ᠠ ᠨᠢᠭᠡᠴᠢ ᠵᠢᠨ ᠠᠵᠢᠯ᠎ᠤᠨ ᠠᠮᠵᠢᠯᠲᠠ ᠪᠦᠲᠦᠮᠵᠢ ᠵᠢᠨ ᠴᠠᠯᠢᠩ᠎ᠤᠨ ᠶᠡᠷᠦᠩᠬᠡᠶ ᠬᠡᠮᠵᠢᠶ᠎ᠡ᠎ᠳᠤ ᠬᠢᠵᠠᠭ᠋ᠠᠷᠯᠠᠭᠳᠠᠬᠤ ᠥᠬᠡᠶ᠂ ᠳᠠᠷᠠᠭ᠎ᠠ ᠵᠢᠯ᠎ᠤᠨ ᠠᠵᠢᠯ᠎ᠤᠨ ᠠᠮᠵᠢᠯᠲᠠ ᠪᠦᠲᠦᠮᠵᠢ ᠵᠢᠨ ᠴᠠᠯᠢᠩ᠎ᠤᠨ ᠰᠠᠭᠤᠷᠢ ᠲᠤᠭ᠎ᠠ ᠪᠣᠯᠭ᠋ᠠᠨ ᠬᠢᠨᠠᠨ ᠲᠣᠭᠲᠠᠭ᠋ᠠᠬᠤ ᠥᠬᠡᠶ ᠬᠡᠵᠥ ᠵᠢᠭ᠋ᠠᠵᠥ ᠭᠠᠷᠭ᠋ᠠᠪᠠ᠃
     《ᠰᠠᠨᠠᠯ᠎ᠤᠳ》᠎ᠲᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠠᠵᠢᠯ ᠶᠠᠪᠤᠳᠠᠯ᠎ᠤᠨ ᠴᠢᠨᠠᠷᠲᠠᠶ ᠳᠠᠷᠤᠭ᠋ᠠᠰᠤ ᠵᠢ ᠬᠥᠩᠭᠡᠷᠡᠭᠦᠯᠤᠨ᠎ᠠ᠃ ᠲᠥᠷᠥᠯ ᠵᠦᠢ᠍ᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠢ ᠵᠢᠨ᠎ᠬᠢᠨ ᠲᠥᠷᠥᠯ ᠵᠦᠢ᠍ᠯ ᠨᠢᠭᠡ ᠪᠦᠷᠢ᠎ᠳᠤ ᠬᠠᠷᠢᠴᠠᠩᠭᠤᠶ ᠲᠣᠭᠲᠠᠮᠠᠯ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠡᠳ᠋᠎ᠤᠨ ᠶᠠᠪᠤᠳᠠᠯ᠎ᠤᠨ ᠲᠤᠰᠠᠯᠠᠭᠴᠢ ᠲᠣᠬᠢᠷᠠᠭᠤᠯᠬᠤ ᠵᠢ ᠦᠨᠡᠨ ᠬᠦ᠌ ᠪᠠᠲᠤᠯᠠᠵᠤ᠂ ᠬᠡᠷᠡᠭᠰᠡᠬᠦ ᠬᠥᠮᠦᠨ᠎ᠤ ᠬᠦᠴᠦᠨ᠎ᠤ ᠥᠪᠡᠷ᠎ᠤᠨ ᠥᠷᠲᠡᠭ᠎ᠤᠨ ᠵᠠᠷᠤᠳᠠᠯ᠎ᠢ ᠲᠥᠷᠥᠯ ᠵᠦᠢ᠍ᠯ᠎ᠤᠨ ᠵᠠᠷᠤᠳᠠᠯ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ ᠨᠢᠭᠡᠳᠦᠯᠲᠡᠶ ᠲᠥᠯᠥᠪᠵᠢᠬᠦᠯᠦᠨ ᠰᠢᠢ᠍ᠳᠪᠤᠷᠢᠯᠡᠵᠦ ᠪᠣᠯᠤᠨ᠎ᠠ; ᠡᠳ᠋᠎ᠤᠨ ᠶᠠᠪᠤᠳᠠᠯ᠎ᠤᠨ ᠳᠠᠩᠰᠠ ᠲᠠᠶ᠋ᠢᠯᠬᠤ ᠬᠠᠮᠢᠶᠠᠷᠤᠯᠲᠠ ᠵᠢᠨ ᠠᠷᠭ᠎ᠠ ᠮᠠᠶᠢᠭ᠎ᠢ ᠰᠠᠶ᠋ᠢᠵᠢᠷᠠᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠢ ᠴᠠᠭ᠋ᠠᠰᠤᠨ ᠪᠠᠷᠢᠮᠳᠠ ᠬᠡᠷᠡᠭᠯᠡᠬᠦ ᠦᠭᠡᠶ᠎ᠪᠠᠷ ᠳᠠᠩᠰᠠ ᠲᠠᠶ᠋ᠢᠯᠬᠤ ᠲᠤᠷᠰᠢᠯᠲᠠ ᠵᠢᠨ ᠴᠡᠭ᠎ᠤᠨ ᠠᠵᠢᠯ᠎ᠢ ᠠᠬᠢᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠢ᠍ᠯ᠎ᠤᠨ ᠰᠡᠳᠦᠪ ᠵᠶ᠋ᠠᠨ ᠳᠠᠭᠤᠰᠬᠠᠭᠰᠠᠨ ᠡᠳ᠋᠎ᠤᠨ ᠶᠠᠪᠤᠳᠠᠯ᠎ᠤᠨ ᠬᠢᠨᠠᠨ ᠪᠣᠳᠣᠬᠤ ᠵᠢ ᠦᠭᠡᠶ᠋ᠢᠰᠬᠡᠬᠦ ᠳᠤᠷᠰᠢᠯᠳᠠ ᠵᠢᠨ ᠴᠡᠭ᠎ᠤᠨ ᠠᠵᠢᠯ᠎ᠢ ᠦᠷᠨᠢᠬᠦᠯᠵᠥ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠳᠤ ᠬᠡᠷᠡᠭᠯᠡᠬᠦ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠵᠢ ᠰᠢᠯᠢᠳᠡᠭᠵᠢᠭᠦᠯᠦᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠠᠯᠪᠠᠨ ᠶᠠᠪᠤᠳᠠᠯ ᠵᠶ᠋ᠠᠷ ᠭᠠᠳᠠᠭ᠋ᠠᠳᠤ (ᠬᠢᠯᠢ)᠎ᠳᠤ ᠭᠠᠷᠬᠤ ᠬᠠᠮᠢᠶᠠᠷᠤᠯᠲᠠ ᠵᠢᠨ ᠠᠷᠭ᠎ᠠ ᠮᠠᠶᠢᠭ᠎ᠢ ᠬᠠᠯᠠᠨ ᠰᠠᠶ᠋ᠢᠵᠢᠷᠠᠭᠤᠯᠤᠨ᠎ᠠ᠃ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠣᠷᠣᠭᠤᠯᠤᠯᠲᠠ ᠬᠢᠭᠡᠳ ᠳᠡᠮᠵᠢᠯᠭᠡ ᠵᠢᠨ ᠠᠷᠭ᠎ᠠ ᠮᠠᠶᠢᠭ᠎ᠤᠨ ᠰᠢᠨ᠎ᠡ ᠵᠢ ᠡᠭᠦᠳᠴᠦ᠂ ᠬᠤᠰᠢᠭᠤᠷᠠᠵᠤ ᠣᠷᠦ᠋ᠢ᠍ᠯᠠᠭᠰᠠᠨ ᠰᠢᠨᠵᠢᠯᠡᠬᠦ ᠤᠬᠠᠭ᠋ᠠᠨᠲᠠᠳ᠎ᠤᠨ ᠳᠡᠮᠵᠢᠯᠭᠡ ᠵᠢᠨ ᠠᠷᠭ᠎ᠠ ᠮᠠᠶᠢᠭ᠎ᠤᠨ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠵᠦ᠂ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠶ᠋ᠢᠭᠤᠯᠤᠮᠵᠢ ᠵᠢᠨ 《ᠲᠥᠰᠦᠪ + ᠨᠠᠵᠠᠭ᠋ᠠᠢ ᠲᠠᠯ᠎ᠠ ᠵᠢᠨ ᠨᠠᠷᠢᠨ ᠳᠠᠩᠰᠠ》 ᠵᠢᠨ ᠬᠠᠮᠢᠶᠠᠷᠤᠯᠲᠠ ᠵᠢᠨ ᠵᠠᠭᠪᠤᠷ᠎ᠢ ᠬᠡᠷᠡᠭᠵᠢᠭᠦᠯᠬᠦ ᠵᠢ ᠳᠡᠮᠵᠢᠨ᠎ᠡ ᠬᠡᠵᠥ ᠳᠤᠳᠤᠷᠬᠠᠢ᠌ᠢ᠍ᠯᠠᠪᠠ᠃
     《ᠰᠠᠨᠠᠯ᠎ᠤᠳ》᠎ᠲᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠪᠠ ᠬᠢᠨᠠᠯᠲᠠ ᠪᠠᠶ᠋ᠢᠴᠠᠭ᠋ᠠᠯᠲᠠ ᠵᠢ ᠰᠠᠶ᠋ᠢᠵᠢᠷᠠᠭᠤᠯᠤᠨ᠂ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠦᠨᠳᠦ ᠨᠣᠴᠢᠲᠠᠶ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ᠎ᠳᠤ ᠬᠠᠷᠢᠭᠤᠴᠠᠯᠭ᠎ᠠ ᠨᠡᠬᠡᠮᠵᠢᠯᠡᠬᠦ ᠪᠠ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠬᠦ ᠬᠡᠷᠡᠭᠲᠡᠶ᠃ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢ ᠴᠢᠩᠭ᠋ᠠᠳᠬᠠᠵᠤ᠂ ᠬᠠᠮᠢᠶ᠎ᠠ ᠪᠦᠬᠦᠢ ᠲᠣᠭᠲᠠᠭ᠋ᠠᠯ᠎ᠢ ᠴᠠᠭ ᠲᠤᠬᠠᠶ᠎ᠳᠤᠨᠢ ᠢᠯᠭ᠋ᠠᠷᠠᠭᠤᠯᠤᠨ ᠵᠠᠰᠠᠪᠤᠷᠢ ᠣᠷᠣᠭᠤᠯᠵᠤ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠪᠣᠯᠪᠠᠰᠤᠷᠠᠯ᠎ᠤᠨ ᠡᠷᠴᠢᠮ᠎ᠢ ᠴᠢᠩᠭ᠋ᠠᠷᠠᠭᠤᠯᠤᠨ᠂ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠱᠠᠯᠠᠪᠳᠠᠭᠤᠯᠤᠨ ᠵᠢᠯᠣᠭᠤᠳᠬᠤ ᠵᠢ ᠴᠢᠩᠭ᠋ᠠᠷᠠᠭᠤᠯᠵᠤ᠂ ᠵᠤᠬᠢᠰᠳᠠᠢ ᠴᠠᠭ᠎ᠲᠤ ᠬᠤᠯᠪᠣᠭᠳᠠᠯ ᠪᠦᠬᠦᠢ ᠲᠤᠷᠰᠢᠯᠲᠠ ᠵᠢᠨ ᠴᠡᠭ᠎ᠤᠨ ᠠᠵᠢᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠳ᠋ᠦᠩᠨᠡᠨ ᠦᠨᠡᠯᠡᠵᠦ᠂ᠬᠡᠷᠡᠭᠵᠢᠭᠦᠯᠵᠦ ᠪᠤᠯᠬᠤᠢ᠌ᠢ᠍ᠴᠠ ᠪᠦᠲᠦᠮᠵᠢᠲᠡᠶ ᠲᠤᠷᠰᠢᠯᠭ᠎ᠠ ᠪᠠ ᠠᠷᠭ᠎ᠠ ᠪᠠᠷᠢᠯ᠎ᠢ ᠴᠠᠭ ᠲᠤᠬᠠᠶ᠎ᠳᠤᠨᠢ ᠳ᠋ᠦᠩᠨᠡᠨ ᠳᠡᠯᠭᠡᠷᠡᠭᠦᠯᠬᠦ ᠬᠡᠷᠡᠭᠲᠡᠶ ᠬᠡᠵᠥ ᠴᠢᠬᠤᠯᠠᠴᠢᠯᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠠᠷᠠᠳ᠎ᠤᠨ ᠡᠳᠦᠷ᠎ᠤᠨ ᠰᠣᠨᠢᠨ᠎ᠤ ᠨᠡᠷ᠎ᠡ ᠬᠠᠳᠠᠭᠰᠠᠨ ᠵᠣᠬᠢᠶᠠᠯ᠄ ᠬᠦᠳᠡᠭᠡ ᠠᠵᠤ ᠠᠬᠤᠢ ᠬᠥᠳᠡᠭᠡ ᠲᠣᠰᠬᠤᠨ᠎ᠤ ᠥᠭᠡᠷᠡᠴᠢᠯᠡᠯᠲᠡ ᠬᠥᠭᠵᠢᠯᠲᠡ ᠵᠢᠨ ᠰᠢᠨ᠎ᠡ ᠢᠷᠠᠭᠤ ᠬᠠᠭᠤᠳᠠᠰᠤ ᠵᠢ ᠪᠢᠴᠢᠭᠯᠡᠨᠡᠮ
2021 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠶᠠᠨ᠎ᠤ ᠬᠡᠪᠴᠢᠶᠡᠨ᠎ᠤ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠬᠦ ᠪᠥᠲᠥᠭᠡᠨ ᠪᠠᠶ᠋ᠢᠭᠤᠯᠤᠯᠲᠠ ᠵᠢ ᠰᠢᠯᠭ᠋ᠠᠨ ᠠᠪᠤᠭᠰᠠᠨ ᠦᠷ᠎ᠡ ᠳ᠋ᠦᠩ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠡᠢ᠍ᠲᠡᠯᠡᠯ
2025 ᠣᠨ᠎ᠤ ᠰᠠᠭᠠᠳ ᠦᠭᠡᠢ ᠨᠡᠪᠲᠡᠷᠡᠬᠦ᠌ ᠵᠠᠮ᠎ᠦᠨ    ᠎ᠠᠵᠢᠯᠲᠠᠨ᠎ᠢ ᠭᠣᠶᠣᠴᠢᠯᠠᠨ ᠮᠡᠳᠡᠭᠦᠯᠬᠦ᠌ ᠲᠤᠬᠠᠢ ᠵᠠᠷᠯᠠᠯ
2022 ᠣᠨ᠎ᠤ ᠲᠠᠩᠰᠠ ᠡᠪᠬᠡᠮᠡᠯ᠎ᠤᠨ ᠲᠤᠰᠬᠠᠶ ᠮᠡᠷᠭᠡᠵᠢᠯ᠎ᠤᠨ ᠬᠢᠷᠢ ᠬᠡᠮ ᠮᠡᠳᠡᠭᠦᠯᠬᠦ ᠠᠵᠢᠯᠲᠠᠨ᠎ᠢ ᠵᠠᠷᠯᠠᠨ ᠨᠡᠢ᠌ᠲᠡᠯᠡᠬᠦ ᠲᠤᠬᠠᠶ
2022 ᠣᠨ᠎ᠤ ᠲᠣᠭ᠎ᠠ ᠪᠦᠷᠢᠳᠬᠡᠯ᠎ᠤᠨ ᠲᠤᠰᠬᠠᠶ ᠮᠡᠷᠭᠡᠵᠢᠯ᠎ᠤᠨ ᠬᠢᠷᠢ ᠬᠡᠮ ᠮᠡᠳᠡᠭᠦᠯᠬᠦ ᠬᠥᠮᠦᠰ᠎ᠤᠨ ᠲᠤᠬᠠᠢ ᠮᠡᠳᠡᠭᠳᠡᠯ
 
            