2021 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠬᠠᠶ
ᠰᠢᠶᠠᠨ᠎ᠤ ᠬᠡᠪᠴᠢᠶᠡᠨ᠎ᠤ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠬᠦ ᠪᠦᠲᠦᠭᠡᠨ ᠪᠠᠶ᠋ᠢᠭᠤᠯᠤᠯᠲᠠ ᠵᠢ ᠰᠢᠯᠭ᠋ᠠᠨ ᠠᠪᠤᠭᠰᠠᠨ ᠦᠷ᠎ᠡ ᠳ᠋ᠦᠩ᠎ᠤᠨ ᠢᠯᠡ ᠨᠡᠢ᠍ᠲᠡᠯᠡᠯ
《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ》 ᠤᠰᠤ ᠵᠠᠰᠠᠬᠤ ᠴᠢᠭᠯᠡᠯᠲᠡ ᠵᠢ ᠭᠦᠨᠵᠡᠭᠡᠶ ᠲᠤᠭᠤᠰᠢᠯᠠᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ 《ᠰᠢᠶᠠᠨ᠎ᠤ ᠬᠡᠪᠴᠢᠶᠡᠨ᠎ᠤ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠬᠦ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠥᠷᠨᠢᠭᠦᠯᠬᠦ ᠲᠤᠬᠠᠶ ᠤᠰᠤᠨ ᠠᠰᠢᠭᠯᠠᠯᠲᠠ ᠵᠢᠨ ᠶᠠᠮᠤᠨ᠎ᠤ ᠮᠡᠳᠡᠭᠳᠡᠯ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠢᠯᠯᠠᠭ᠎ᠠ ᠵᠢᠨ ᠲᠥᠰᠦᠯ》 ᠪᠠ 《2021 ᠣᠨ᠎ᠤ ᠰᠢᠶᠠᠨ᠎ᠤ ᠬᠡᠪᠴᠢᠶᠡᠨ᠎ᠤ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠬᠦ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠲᠢᠩᠬᠢᠮ ᠪᠥᠬᠥ ᠣᠷᠣᠨ᠎ᠤ ᠬᠡᠪᠴᠢᠶᠡᠨ᠎ᠳᠤ 2021 ᠣᠨ᠎ᠤ ᠰᠢᠶᠠᠨ᠎ᠤ ᠬᠡᠪᠴᠢᠶᠡᠨ᠎ᠤ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠦᠭᠦᠯᠬᠦ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠪᠡ᠃ 2021 ᠣᠨ᠎ᠤ 12 ᠰᠠᠷ᠎ᠠ᠎ᠳᠤ᠂ ᠮᠠᠨ᠎ᠤ ᠲᠢᠩᠬᠢᠮ᠎ᠠᠴᠠ 《ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠦᠨᠡᠯᠡᠯᠲᠡ ᠵᠢᠨ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢᠨ ᠱᠠᠭ᠋ᠠᠷᠳᠠᠯᠭ᠎ᠠ᠎ᠳᠤ ᠬᠦᠷᠦᠭᠰᠡᠨ 11 ᠬᠣᠰᠢᠭᠤ ᠰᠢᠶᠠᠨ (ᠬᠣᠲᠠ᠂ ᠲᠣᠭᠣᠷᠢᠭ)᠎ᠢ ᠰᠢᠯᠭ᠋ᠠᠨ ᠠᠪᠬᠤ ᠵᠢ ᠵᠣᠬᠢᠶᠠᠨ ᠪᠠᠢ᠍ᠭᠤᠯᠪᠠ᠂ ᠡᠭᠦᠨ᠎ᠳᠤ 9 ᠬᠣᠰᠢᠭᠤ ᠰᠢᠶᠠᠨ (ᠬᠣᠲᠠ᠂ ᠲᠣᠭᠣᠷᠢᠭ)᠎ᠢ ᠲᠤᠬᠠᠶ ᠵᠢᠨ ᠲᠠᠯᠠᠪᠤᠷᠲᠤᠨᠢ ᠰᠢᠯᠭ᠋ᠠᠨ ᠠᠪᠬᠤ᠎ᠪᠠᠷ ᠲᠣᠭᠲᠠᠭ᠋ᠠᠵᠤ᠂ ᠬᠢᠩᠭ᠋ᠠᠨ ᠠᠶ᠋ᠢᠮᠠᠭ᠎ᠤᠨ ᠷᠠᠰᠢᠶᠠᠨ ᠬᠣᠲᠠ ᠵᠢᠴᠢ ᠬᠥᠯᠥᠨ ᠪᠣᠶ᠋ᠢᠷ ᠬᠣᠲᠠ ᠵᠢᠨ ᠶᠠᠭᠰᠢ ᠬᠣᠲᠠ ᠬᠢᠵᠢᠭ᠎ᠤᠨ ᠰᠢᠯᠲᠠᠭ᠋ᠠᠨ᠎ᠠᠴᠠ ᠪᠣᠯᠵᠣ ᠮᠠᠲ᠋ᠧᠷᠢᠶᠠᠯ᠎ᠢ ᠰᠢᠯᠭ᠋ᠠᠨ ᠠᠪᠬᠤ᠎ᠪᠠᠷ ᠲᠣᠭᠲᠠᠭ᠋ᠠᠪᠠ᠃ ᠡᠳᠦᠭᠡ ᠰᠢᠯᠭ᠋ᠠᠨ ᠬᠤᠷᠢᠶᠠᠬᠤ ᠵᠢ ᠥᠩᠭᠡᠷᠡᠭᠡᠭᠰᠡᠨ 11 ᠬᠣᠰᠢᠭᠤ ᠰᠢᠶᠠᠨ (ᠬᠣᠲᠠ᠂ ᠲᠣᠭᠣᠷᠢᠭ)᠎ᠤ ᠨᠡᠷᠡᠰ᠎ᠢ ᠢᠯᠡ ᠨᠡᠶ᠋ᠢᠲᠡᠯᠡᠨ᠎ᠡ (ᠳᠠᠭ᠋ᠠᠯᠳᠤᠭᠤᠯᠤᠯ᠎ᠳᠤ ᠦᠵᠡ)᠃ ᠬᠡᠷᠪᠡ ᠣᠨᠳᠣᠣ ᠰᠠᠨᠠᠯ᠎ᠲᠠᠢ ᠪᠣᠯ ᠢᠯᠡ ᠨᠡᠶ᠋ᠢᠲᠡᠯᠡᠬᠦ ᠬᠤᠭᠤᠴᠠᠭ᠋ᠠᠨ ᠳᠣᠲᠣᠷ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠋ᠤ ᠤᠰᠤᠨ ᠠᠰᠢᠭᠯᠠᠯᠲᠠ ᠵᠢᠨ ᠲᠢᠩᠬᠢᠮ᠎ᠲᠤ ᠪᠢᠴᠢᠭ᠎ᠤᠨ ᠬᠡᠯᠪᠡᠷᠢ᠎ᠪᠠᠷ ᠬᠠᠷᠢᠭᠤ ᠲᠤᠰᠬᠠᠵᠤ ᠪᠣᠯᠤᠨ᠎ᠠ᠂ ᠬᠠᠷᠢᠭᠤ ᠲᠤᠰᠬᠠᠭᠰᠠᠨ ᠠᠭᠤᠯᠭ᠎ᠠ᠎ᠳᠤ ᠪᠣᠳᠠᠲᠤ ᠶᠠᠪᠤᠳᠠᠯ᠎ᠤᠨ ᠦᠨᠳᠦᠰᠦᠯᠡᠯ᠂ ᠦᠨᠡᠨ ᠪᠣᠳᠠᠲᠠᠶ ᠤᠪᠤᠭ ᠨᠡᠷ᠎ᠡ ᠵᠢᠴᠢ ᠬᠠᠷᠢᠯᠴᠠᠬᠤ ᠠᠷᠭ᠎ᠠ ᠮᠠᠶᠢᠭ᠎ᠢ ᠬᠠᠩᠭ᠋ᠠᠬᠤ ᠬᠡᠷᠡᠭᠲᠡᠶ᠃
ᠵᠠᠷᠯᠠᠨ ᠨᠡᠶ᠋ᠢᠲᠡᠯᠡᠭᠰᠡᠨ ᠴᠠᠭ᠄ 2021 ᠣᠨ᠎ᠤ 12 ᠰᠠᠷ᠎ᠠ ᠵᠢᠨ 27᠎ᠤ ᠡᠳᠦᠷ — — 12 ᠰᠠᠷ᠎ᠠ ᠵᠢᠨ 31᠎ᠤ ᠡᠳᠦᠷ
ᠬᠠᠷᠢᠯᠴᠠᠬᠤ ᠤᠲᠠᠰᠤ᠄ 0471-5259599
ᠢᠮᠧᠯ᠄ nmgszyglc@163.com
2021 ᠣᠨ᠎ᠤ 12 ᠰᠠᠷ᠎ᠠ ᠵᠢᠨ 27
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2021 ᠣᠨ᠎ᠤ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠬᠦ ᠪᠥᠲᠥᠭᠡᠨ ᠪᠠᠶ᠋ᠢᠭᠤᠯᠤᠯᠲᠠ
ᠰᠢᠯᠭ᠋ᠠᠨ ᠬᠤᠷᠢᠶᠠᠬᠤ ᠵᠢ ᠥᠩᠭᠡᠷᠡᠭᠡᠭᠰᠡᠨ ᠬᠣᠰᠢᠭᠤ ᠰᠢᠶᠠᠨ (ᠬᠣᠲᠠ᠂ ᠲᠣᠭᠣᠷᠢᠭ)᠎ᠤ ᠨᠡᠷᠡᠰ
ᠳ᠋ᠤᠭ᠋ᠠᠷᠯᠠᠯ
ᠠᠶ᠋ᠢᠮᠠᠭ ᠬᠤᠳᠠ
ᠬᠣᠰᠢᠭᠤ ᠰᠢᠶᠠᠨ (ᠬᠤᠳᠠ᠂ ᠲᠣᠭᠣᠷᠢᠭ)
1
ᠪᠠᠶᠠᠨᠨᠠᠭᠤᠷ ᠬᠤᠳᠠ
ᠤᠷᠠᠳ᠎ᠤᠨ ᠡᠮᠦᠨᠡᠲᠦ ᠬᠣᠰᠢᠭᠤ
2
ᠤᠯᠠᠭ᠋ᠠᠨᠴᠠᠪ ᠬᠤᠳᠠ
ᠯᠢᠶᠠᠩᠴᠧᠩ ᠰᠢᠶᠠᠨ
3
ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤ
4
ᠬᠤᠸᠠ ᠳ᠋ᠧ ᠰᠢᠶᠠᠨ
5
ᠰᠢᠯᠢ ᠵᠢᠨ ᠭᠣᠣᠯ ᠠᠶ᠋ᠢᠮᠠᠭ
ᠲᠤᠯᠤᠨ ᠨᠠᠭᠤᠷ ᠰᠢᠶᠠᠨ
6
ᠵᠡᠭᠦᠨ ᠦᠵᠦᠮᠦᠴᠢᠨ ᠬᠣᠰᠢᠭᠤ
7
ᠰᠥᠨᠢᠳ ᠪᠠᠷᠠᠭᠤᠨ ᠬᠣᠰᠢᠭᠤ
8
ᠤᠯᠠᠭ᠋ᠠᠨᠬᠠᠳᠠ ᠬᠤᠳᠠ
ᠪᠠᠭ᠋ᠠᠷᠢᠨ ᠵᠡᠭᠦᠨ ᠬᠣᠰᠢᠭᠤ
9
ᠠᠤᠬᠠᠨ ᠬᠣᠰᠢᠭᠤ
10
ᠬᠢᠩᠭ᠋ᠠᠨ ᠠᠶ᠋ᠢᠮᠠᠭ
ᠷᠠᠰᠢᠶᠠᠨ ᠬᠤᠳᠠ
11
ᠬᠥᠯᠥᠨ ᠪᠤᠢ᠍ᠢ᠍ᠷ ᠬᠤᠳᠠ
ᠶᠠᠭᠰᠢ ᠬᠤᠳᠠ