ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠪᠦᠬᠦ ᠤᠯᠤᠰ᠎ᠤᠨ ᠤᠰᠤ ᠰᠢᠷᠣᠶ ᠵᠢ ᠬᠠᠮᠠᠭ᠋ᠠᠯᠠᠬᠤ ᠠᠵᠢᠯ᠎ᠤᠨ ᠲᠡᠷᠢᠭᠦᠨ᠎ᠤ ᠬᠠᠮᠲᠤᠷᠠᠯ ᠪᠠ ᠬᠤᠪᠢ ᠬᠥᠮᠦᠨ᠎ᠤ ᠲᠠᠨᠢᠯᠴᠠᠭᠤᠯᠤᠭᠳᠠᠭᠴᠢᠳ᠎ᠤᠨ ᠲᠤᠬᠠᠶ ᠵᠠᠷᠯᠠᠯ
ᠨᠡᠶ᠋ᠢᠲᠡᠯᠡᠭᠰᠡᠨ ᠴᠠᠭ᠄ 2022-09-29

    《ᠪᠥᠬᠥ ᠤᠯᠤᠰ᠎ᠤᠨ ᠤᠰᠤ  ᠰᠢᠷᠣᠶ ᠵᠢ ᠬᠠᠮᠠᠭ᠋ᠠᠯᠠᠬᠤ ᠠᠵᠢᠯ᠎ᠤᠨ ᠲᠡᠷᠢᠭᠦᠨ᠎ᠤ ᠬᠠᠮᠲᠤᠷᠠᠯ  ᠪᠠ ᠲᠡᠷᠢᠭᠦᠨ᠎ᠤ ᠬᠤᠪᠢ ᠬᠥᠮᠦᠨ᠎ᠢ ᠰᠢᠯᠭ᠋ᠠᠷᠠᠭᠤᠯᠤᠨ ᠬᠥᠬᠢᠭᠦᠯᠬᠦ ᠠᠵᠢᠯᠯᠠᠭ᠎ᠠ ᠵᠢ ᠥᠷᠨᠢᠭᠦᠯᠬᠦ ᠲᠤᠬᠠᠶ ᠤᠰᠤᠨ ᠠᠰᠢᠭᠯᠠᠯᠲᠠ ᠵᠢᠨ ᠶᠠᠮᠤᠨ᠎ᠤ ᠮᠡᠳᠡᠭᠳᠡᠯ 》 (  ᠤᠰᠤ ᠠᠰᠢᠭᠯᠠᠯᠲᠠ ᠵᠢᠨ  ᠠᠵᠢᠯᠴᠢᠨ᠎ᠤ ᠶᠠᠪᠤᠳᠠᠯ᠎ᠤᠨ [ 2022 ] 75 ᠳ᠋ᠤᠭ᠋ᠠᠷ ᠲᠣᠭ᠋ᠠᠲᠤ  ᠪᠢᠴᠢᠭ ) ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠯᠢᠶᠠᠩᠴᠧᠩ ᠰᠢᠶᠠᠨ ᠎ᠤ ᠤᠰᠤᠨ ᠠᠰᠢᠭᠯᠠᠯᠲᠠ ᠵᠢᠨ ᠲᠣᠪᠴᠢᠶ᠎ᠠ ᠵᠡᠷᠭᠡ ᠪᠥᠬᠥ ᠤᠯᠤᠰ᠎ᠤᠨ ᠤᠰᠤ  ᠰᠢᠷᠣᠶ ᠵᠢ ᠬᠠᠮᠠᠭ᠋ᠠᠯᠠᠬᠤ ᠠᠵᠢᠯ᠎ᠤᠨ 5 ᠲᠡᠷᠢᠭᠦᠨ᠎ᠤ ᠬᠠᠮᠲᠤᠷᠠᠯ  ᠪᠠ ᠭᠣᠤ ᠠᠶ ᠾᠧ ᠵᠡᠷᠭᠡ 9 ᠲᠡᠷᠢᠭᠦᠨ᠎ᠤ ᠬᠤᠪᠢ ᠬᠥᠮᠦᠨ᠎ᠢ  ᠲᠠᠨᠢᠯᠴᠠᠭᠤᠯᠬᠤ᠎ᠪᠠᠷ ᠲᠣᠭᠲᠠᠪᠠ᠂ ᠡᠳᠦᠭᠡ ᠲᠠᠨᠢᠯᠴᠠᠭᠤᠯᠬᠤ᠎ᠪᠠᠷ ᠪᠠᠢ᠌ᠭ᠎ᠠ ᠡᠲᠡᠭᠡᠳ᠎ᠢ ᠵᠠᠷᠯᠠᠨ ᠨᠡᠢ᠌ᠲᠡᠯᠡᠶ᠎ᠡ᠃

     ᠨᠢᠭᠡ᠂ ᠵᠠᠷᠯᠠᠨ ᠨᠡᠢ᠌ᠲᠡᠯᠡᠬᠦ ᠨᠡᠷᠡᠰ

     ᠲᠡᠷᠢᠭᠦᠨ᠎ᠤ  ᠬᠠᠮᠲᠤᠷᠠᠯ᠄ ᠯᠢᠶᠠᠩᠴᠧᠩ ᠰᠢᠶᠠᠨ ᠎ᠤ ᠤᠰᠤᠨ ᠠᠰᠢᠭᠯᠠᠯᠲᠠ ᠵᠢᠨ ᠲᠣᠪᠴᠢᠶ᠎ᠠ

   ᠬᠠᠩᠭᠢᠨ  ᠬᠣᠰᠢᠭᠤᠨ ᠎ᠤ ᠤᠰᠤᠨ ᠠᠰᠢᠭᠯᠠᠯᠲᠠ ᠵᠢᠨ ᠲᠣᠪᠴᠢᠶ᠎ᠠ

   ᠦᠬᠠᠢ ᠬᠣᠲᠠ ᠵᠢᠨ ᠤᠰᠤ  ᠰᠢᠷᠣᠶ ᠬᠠᠮᠠᠭ᠋ᠠᠯᠠᠬᠤ ᠠᠵᠢᠯ᠎ᠤᠨ ᠥᠷᠲᠡᠭᠡ

   ᠬᠠᠶ᠋ᠢᠯᠠᠷ ᠲᠣᠭᠣᠷᠢᠭ᠎ᠤᠨ  ᠤᠰᠤᠨ ᠠᠰᠢᠭᠯᠠᠯᠲᠠ ᠵᠢᠨ ᠲᠣᠪᠴᠢᠶ᠎ᠠ

   ᠠᠤᠬᠠᠨ ᠬᠣᠰᠢᠭᠤᠨ ᠎ᠤ ᠤᠰᠤᠨ ᠠᠰᠢᠭᠯᠠᠯᠲᠠ ᠵᠢᠨ ᠲᠣᠪᠴᠢᠶ᠎ᠠ

     ᠲᠡᠷᠢᠭᠦᠨ᠎ᠤ  ᠬᠤᠪᠢ ᠬᠥᠮᠦᠨ ᠄

     ᠭᠤᠤ ᠠᠢ ᠾᠧ   ᠦᠴᠤᠸᠠᠨ ᠰᠢᠶᠠᠨ᠎ᠤ ᠤᠰᠤᠨ ᠶᠠᠪᠤᠳᠠᠯ᠎ᠤᠨ ᠲᠣᠪᠴᠢᠶᠠᠨ᠎ᠤ ᠨᠢᠭᠡᠳᠦᠭᠡᠷ ᠳᠡᠰ᠎ᠤᠨ ᠡᠷᠬᠢᠯᠡᠬᠦ ᠭᠡᠰᠢᠭᠦᠴᠢ

     ᠵᠠᠩ ᠴᠢᠶᠠᠩ   ᠣᠷᠳᠣᠰ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠤᠰᠤ  ᠰᠢᠷᠣᠶ ᠬᠠᠮᠠᠭ᠋ᠠᠯᠠᠬᠤ  ᠰᠠᠯᠠᠭ᠎ᠠ ᠵᠢᠨ  ᠳᠠᠷᠤᠭ᠎ᠠ

     ᠫᠠᠨ ᠶᠦᠩ ᠵᠢᠶᠧ  ᠲᠦᠩᠯᠢᠶᠣᠤ ᠬᠣᠲᠠ ᠵᠢᠨ ᠤᠰᠤᠨ ᠠᠰᠢᠭᠯᠠᠯᠲᠠ ᠵᠢᠨ ᠦᠢᠯᠡᠰ᠎ᠤᠨ ᠬᠥᠭᠵᠢᠯᠲᠡ ᠵᠢᠨ ᠲᠥᠪ᠎ᠤᠨ ᠤᠰᠤ  ᠰᠢᠷᠣᠶ ᠬᠠᠮᠠᠭ᠋ᠠᠯᠠᠬᠤ  ᠰᠠᠯᠠᠭ᠎ᠠ ᠵᠢᠨ  ᠬᠠᠷᠢᠭᠤᠴᠠᠯᠭ᠋ᠠᠲᠠᠨ

     ᠵᠠᠩ ᠳ᠋ᠧ ᠢᠦ᠋ᠢ   ᠬᠢᠩᠭ᠋ᠠᠨ ᠠᠢ᠌ᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠤᠰᠤ  ᠰᠢᠷᠣᠶ ᠬᠠᠮᠠᠭ᠋ᠠᠯᠠᠬᠤ  ᠰᠠᠯᠠᠭ᠎ᠠ ᠵᠢᠨ ᠳᠠᠷᠤᠭ᠎ᠠ

     ᠴᠧᠨ ᠯᠢ ᠵᠢᠶᠦ᠋ᠨ   ᠤᠯᠠᠭ᠋ᠠᠨᠬᠠᠳᠠ ᠬᠤᠲᠠ ᠵᠢᠨ  ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠤᠰᠤ  ᠰᠢᠷᠣᠶ ᠬᠠᠮᠠᠭ᠋ᠠᠯᠠᠬᠤ  ᠰᠠᠯᠠᠭ᠎ᠠ ᠵᠢᠨ ᠳᠠᠷᠤᠭ᠎ᠠ

     ᠯᠢ ᠾᠧ   ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠤᠰᠤ  ᠰᠢᠷᠣᠶ ᠬᠠᠮᠠᠭ᠋ᠠᠯᠠᠬᠤ  ᠰᠠᠯᠠᠭ᠎ᠠ ᠵᠢᠨ  ᠳᠠᠷᠤᠭ᠎ᠠ

     ᠵᠢᠶᠠ ᠸᠧᠶ ᠵᠢᠶᠦ᠋ᠨ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢᠯᠡᠰ᠎ᠤᠨ ᠬᠥᠭᠵᠢᠯᠲᠡ ᠵᠢᠨ ᠲᠥᠪ᠎ᠤᠨ ᠤᠰᠤ  ᠰᠢᠷᠣᠶ ᠬᠠᠮᠠᠭ᠋ᠠᠯᠠᠬᠤ  ᠬᠡᠯᠲᠡᠰ᠎ᠤᠨ ᠳᠡᠭᠡᠳᠦ ᠵᠡᠷᠭᠡ ᠵᠢᠨ ᠢᠨᠵᠧᠨᠧᠷ  

     ᠯᠢ ᠪᠥᠸᠧ   ᠤᠯᠠᠭ᠋ᠠᠨᠴᠠᠪ ᠬᠣᠲᠠ ᠵᠢᠨ ᠤᠰᠤ  ᠰᠢᠷᠣᠶ ᠵᠢ ᠬᠠᠮᠠᠭ᠋ᠠᠯᠠᠬᠤ ᠠᠵᠢᠯ᠎ᠤᠨ ᠥᠷᠲᠡᠭᠡ ᠵᠢᠨ ᠳᠡᠳ᠋ ᠳᠠᠷᠤᠭ᠎ᠠ

  

     ᠬᠣᠶᠠᠷ ᠂ ᠵᠠᠷᠯᠠᠨ ᠨᠡᠢ᠌ᠲᠡᠯᠡᠬᠦ ᠬᠤᠭᠤᠴᠠᠭ᠎ᠠ

    2022 ᠣᠨ᠎ᠤ 9 ᠳ᠋ᠦ᠍ᠭᠡᠷ ᠰᠠᠷ᠎ᠠ ᠵᠢᠨ30᠎ᠤ ᠡᠳᠦᠷ᠎ᠠᠴᠠ10 ᠳ᠋ᠤᠭ᠋ᠠᠷ ᠰᠠᠷ᠎ᠠ ᠵᠢᠨ11᠎ᠤ ᠡᠳᠦᠷ᠎ᠤᠨ ᠬᠣᠭᠣᠷᠣᠨᠳᠤ᠃

  

     ᠭᠤᠷᠪᠠ᠂ ᠬᠦᠯᠢᠶᠡᠨ ᠠᠪᠴᠤ ᠰᠢᠢ᠍ᠳᠪᠦᠷᠢᠯᠡᠬᠦ ᠠᠷᠭ᠎ᠠ ᠮᠠᠶᠢᠭ

     ᠨᠢᠭᠡᠴᠡ ᠪᠠ ᠬᠤᠪᠢ ᠬᠥᠮᠦᠨ ᠠᠢ᠌ᠯᠴᠢᠯᠠᠬᠤ ᠂ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠬᠡᠯᠪᠡᠷᠢ᠎ᠪᠠᠷ ᠳᠡᠭᠡᠷᠡᠬᠢ ᠢᠯᠡ᠎ᠪᠠᠷ ᠨᠡᠢ᠌ᠲᠡᠯᠡᠭᠰᠡᠨ ᠬᠥᠮᠦᠰ᠎ᠤᠨ ᠬᠣᠯᠪᠣᠭᠳᠠᠯ ᠪᠥᠬᠥᠶ ᠪᠠᠢ᠌ᠳᠠᠯ ᠪᠠ ᠠᠰᠠᠭᠤᠳᠠᠯ᠎ᠢ ᠲᠤᠰᠬᠠᠵᠤ ᠪᠣᠯᠤᠨ᠎ᠠ ᠃ ᠲᠤᠰᠬᠠᠭᠰᠠᠨ ᠠᠰᠠᠭᠤᠳᠠᠯ᠎ᠢ ᠪᠠᠢ᠌ᠴᠠᠭ᠋ᠠᠨ ᠬᠠᠷᠭᠤᠭᠤᠯᠬᠤ᠎ᠳᠤ ᠲᠥᠬᠥᠮ᠎ᠤᠨ ᠲᠤᠰᠠᠳᠠ᠂ ᠠᠰᠠᠭᠤᠳᠠᠯ᠎ᠢ ᠲᠤᠰᠬᠠᠬᠤ ᠦᠶ᠎ᠡ ᠎ᠳᠡᠭᠡᠨ  ᠬᠣᠯᠪᠣᠭᠳᠠᠯ ᠪᠥᠬᠥᠶ ᠰᠦᠪᠡᠭᠴᠢ ᠵᠢᠴᠢ  ᠬᠤᠪᠢ ᠵᠢᠨ ᠵᠶ᠋ᠡᠨ  ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠪᠤᠶᠤ ᠠᠵᠢᠯᠯᠠᠵᠤ ᠪᠠᠢ᠌ᠭ᠎ᠠ ᠨᠢᠭᠡᠴᠡ  ᠵᠡᠷᠭᠡ ᠮᠡᠳᠡᠭᠡ ᠵᠠᠩᠭᠢ᠎ᠪᠠᠨ ᠬᠠᠩᠭ᠋ᠠᠭ᠋ᠠᠷᠠᠶ᠂ ᠪᠢᠳᠡ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ᠂ ᠨᠢᠭᠤᠴᠠ ᠵᠢ ᠬᠠᠮᠠᠭ᠋ᠠᠯᠠᠬᠤ ᠡᠭᠦᠷᠭᠡ᠎ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠢ᠌ᠳᠠᠯ ᠵᠶ᠋ᠠᠨ ᠴᠠᠭ ᠲᠤᠬᠠᠶ᠎ᠳᠤᠨᠢ ᠬᠠᠷᠢᠭᠤ ᠲᠤᠰᠬᠠᠨ᠎ᠠ᠃

     ᠢᠯᠡ ᠨᠡᠢ᠌ᠲᠡᠯᠡᠬᠦ ᠠᠯᠪᠠᠨ ᠬᠡᠷ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ 2703 ᠳ᠋ᠤᠭ᠋ᠠᠷ ᠠᠯᠪᠠᠨ ᠭᠡᠷ᠎ᠲᠤ  ᠲᠣᠬᠢᠷᠠᠭᠤᠯᠪᠠ᠃

     ᠬᠦᠯᠢᠶᠡᠨ ᠠᠪᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨᠡᠬᠢ 9᠄ 00 — 12᠄ 00᠂ ᠦᠳᠡ ᠵᠢᠨ ᠬᠣᠢ᠌ᠨᠠᠬᠢ 13᠄ 30 — 17᠄ 00  ᠴᠠᠭ᠃

     ᠬᠦᠯᠢᠶᠡᠨ ᠠᠪᠬᠤ ᠤᠲᠠᠰᠤ᠄ ( 0471 ) 5257085

  

  

       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ

      2022 ᠣᠨ᠎ᠤ 9  ᠳ᠋ᠤᠭ᠋ᠠᠷ ᠰᠠᠷ᠎ᠠ ᠵᠢᠨ 29 ᠎ᠤ ᠡᠳᠦᠷ


 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠠᠯᠪᠠᠨ ᠵᠠᠷ
ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ ᠣᠷᠣᠯᠠᠬᠤ ᠪᠠᠢ᠌ᠭᠤᠯᠤᠮᠵᠢ ᠵᠢ ᠳᠠᠭ᠋ᠠᠭ᠋ᠠᠴᠢᠯᠠᠯᠲᠠ ᠵᠠᠷᠯᠠᠬᠤ ᠨᠡᠷ᠎ᠡ ᠮᠡᠳᠡᠭᠦᠯᠬᠦ ᠠᠯᠪᠠᠨ ᠨᠡᠢ᠌ᠲᠡᠯᠡᠯ
ᠬᠦᠬᠡᠬᠤᠲᠠ ᠵᠢᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ 2023 ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠢᠯᠡ᠎ᠪᠠᠷ ᠬᠠᠷᠢᠴᠠᠭᠤᠯᠤᠨ ᠰᠣᠩᠭᠤᠬᠤ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠢ᠌ᠭᠤᠯᠤᠮᠵᠢ ᠵᠢᠨ ᠨᠡᠷ᠎ᠡ ᠮᠡᠳᠡᠭᠦᠯᠬᠦ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠢᠯᠡ᠎ᠪᠠᠷ ᠬᠠᠷᠢᠴᠠᠭᠤᠯᠤᠨ ᠰᠣᠩᠭᠤᠬᠤ ᠠᠯᠪᠠᠨ ᠵᠠᠷ
 
            