ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
2022 ᠣᠨ᠎ᠤ ᠲᠣᠭ᠎ᠠ ᠪᠦᠷᠢᠳᠬᠡᠯ᠎ᠤᠨ ᠲᠤᠰᠬᠠᠶ ᠮᠡᠷᠭᠡᠵᠢᠯ᠎ᠤᠨ ᠬᠢᠷᠢ ᠬᠡᠮ ᠮᠡᠳᠡᠭᠦᠯᠬᠦ ᠬᠥᠮᠦᠰ᠎ᠤᠨ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2022-07-12

     ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《2022 ᠣᠨ᠎ᠤ ᠪᠥᠬᠥ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠮᠣᠩᠭᠣᠯ ᠵᠢᠨ ᠬᠥᠮᠦᠨ ᠨᠡᠶ᠋ᠢᠭᠡᠮ᠎ᠤᠨ ᠠᠯᠪᠠᠨ᠎ᠤ ᠲᠠᠷᠬᠠᠭ᠋ᠠᠭᠰᠠᠨ [2022] 63 ᠳ᠋ᠤᠭ᠋ᠠᠷ ᠲᠣᠭ᠋ᠠᠲᠤ) ᠎ᠤᠨ ᠱᠠᠭ᠋ᠠᠷᠳᠠᠯᠭ᠎ᠠ ᠵᠢ ᠦᠨᠳᠦᠰᠦᠯᠡᠨ᠂ 2022 ᠣᠨ᠎ᠤ ᠲᠣᠭ᠎ᠠ ᠪᠦᠷᠢᠳᠬᠡᠯ᠎ᠤᠨ ᠲᠤᠰᠬᠠᠶ ᠮᠡᠷᠭᠡᠵᠢᠯ᠎ᠤᠨ ᠬᠢᠷᠢ ᠬᠡᠮ᠎ᠢ ᠮᠡᠳᠡᠭᠦᠯᠦᠭᠰᠡᠨ ᠬᠥᠮᠦᠰ᠎ᠢ ᠨᠡᠢ᠌ᠲᠡᠯᠡᠨ ᠵᠠᠷᠯᠠᠨ᠎ᠠ᠃

     ᠨᠢᠭᠡ᠂ ᠲᠣᠭ᠎ᠠ ᠪᠦᠷᠢᠳᠬᠡᠯ᠎ᠤᠨ ᠲᠤᠰᠬᠠᠶ ᠮᠡᠷᠭᠡᠵᠢᠯ᠎ᠤᠨ ᠵᠢᠩᠬᠢᠨᠢ ᠳᠡᠭᠡᠳᠦ ᠵᠡᠷᠭᠡ ᠵᠢᠨ ᠪᠦᠷᠢᠳᠬᠡᠭᠴᠢ᠎ᠢ ᠮᠡᠳᠡᠭᠦᠯᠦᠭᠴᠢ

     ᠶᠠᠨ ᠲᠤᠸ     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ᠎ᠤ ᠤᠰᠤᠨ᠎ᠤ ᠡᠬᠢ ᠪᠠᠶᠠᠯᠢᠭ᠎ᠤᠨ ᠲᠥᠪ᠎ᠤᠨ ᠬᠢᠩᠭ᠋ᠠᠨ᠎ᠤ ᠤᠰᠤᠨ ᠰᠢᠨᠵᠢᠯᠡᠭᠡᠨ᠎ᠤ ᠤᠰᠤᠨ᠎ᠤ ᠡᠬᠢ ᠪᠠᠶᠠᠯᠢᠭ᠎ᠤᠨ ᠬᠤᠪᠢᠶᠠᠷᠢ ᠲᠥᠪ

     ᠬᠣᠶᠠᠷ᠂ ᠨᠡᠶ᠋ᠢᠲᠡᠯᠡᠬᠦ ᠴᠠᠭ

    2022 ᠣᠨ᠎ᠤ 7 ᠳ᠋ᠤᠭ᠋ᠠᠷ ᠰᠠᠷ᠎ᠠ ᠵᠢᠨ 13 ᠎ᠤ ᠡᠳᠦᠷ᠎ᠠᠴᠠ 2022 ᠣᠨ᠎ᠤ 7 ᠳ᠋ᠤᠭ᠋ᠠᠷ ᠰᠠᠷ᠎ᠠ ᠵᠢᠨ 19 ᠎ᠤ ᠡᠳᠦᠷ᠃

     ᠭᠤᠷᠪᠠ᠂ ᠬᠦᠯᠢᠶᠡᠨ ᠠᠪᠴᠤ ᠰᠢᠢ᠍ᠳᠪᠦᠷᠢᠯᠡᠬᠦ ᠠᠷᠭ᠎ᠠ ᠮᠠᠶᠢᠭ

     ᠪᠠᠢ᠌ᠭᠤᠯᠭ᠎ᠠ ᠪᠠ ᠬᠤᠪᠢ᠂ᠰᠣᠷᠪᠣᠯᠵᠢᠯᠠᠭ᠎ᠠ᠂ ᠵᠠᠬᠢᠳᠠᠯ᠂ ᠤᠲᠠᠰᠤᠳᠠᠬᠤ ᠵᠡᠷᠭᠡ ᠬᠡᠯᠪᠡᠷᠢ᠎ᠪᠠᠷ ᠳᠡᠭᠡᠷ᠎ᠡ ᠳᠤᠷᠠᠳᠤᠭᠰᠠᠨ ᠢᠯᠡ᠎ᠪᠠᠷ ᠨᠡᠶ᠋ᠢᠲᠡᠯᠡᠭᠰᠡᠨ ᠬᠥᠮᠦᠰ᠎ᠤᠨ ᠬᠣᠯᠪᠣᠭᠳᠠᠯ ᠪᠦᠬᠦᠢ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ᠎ᠢ ᠪᠠᠶ᠋ᠢᠴᠠᠭ᠋ᠠᠨ ᠬᠠᠷᠭᠤᠭᠤᠯᠬᠤ᠎ᠳᠤ ᠲᠥᠬᠥᠮ᠎ᠤᠨ ᠲᠤᠰᠠᠳᠠ᠂ ᠠᠰᠠᠭᠤᠳᠠᠯ᠎ᠢ ᠲᠤᠰᠬᠠᠬᠤ ᠦᠶ᠎ᠡ᠎ᠳᠤ ᠬᠣᠯᠪᠣᠭᠳᠠᠯ ᠪᠥᠬᠥᠶ ᠰᠦᠪᠡᠭᠴᠢ ᠵᠢᠴᠢ ᠲᠣᠰ ᠬᠥᠮᠦᠨ᠎ᠤ ᠣᠪᠣᠭ ᠨᠡᠷ᠎ᠡ᠂ ᠬᠠᠷᠢᠯᠴᠠᠬᠤ ᠠᠷᠭ᠎ᠠ ᠪᠤᠶᠤ ᠠᠵᠢᠯ ᠎ᠤᠨ ᠪᠠᠢ᠌ᠭᠤᠯᠭ᠎ᠠ ᠵᠡᠷᠭᠡ ᠮᠡᠳᠡᠭᠡ ᠵᠠᠩᠭᠢ᠎ᠪᠠᠨ ᠬᠠᠩᠭ᠋ᠠᠭ᠋ᠠᠷᠠᠶ᠂ ᠪᠢᠳᠡ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ᠂ ᠨᠢᠭᠤᠴᠠ ᠵᠢ ᠬᠠᠮᠠᠭ᠋ᠠᠯᠠᠬᠤ ᠡᠭᠦᠷᠭᠡ ᠵᠢ ᠭᠦᠢ᠍ᠴᠡᠳᠬᠡᠵᠦ᠂ ᠬᠢᠨᠠᠨ ᠬᠠᠷᠭᠤᠭᠤᠯᠤᠭᠰᠠᠨ ᠪᠠᠶ᠋ᠢᠳᠠᠯ ᠵᠶ᠋ᠠᠨ ᠴᠠᠭ ᠲᠤᠬᠠᠶ᠎ᠳᠤᠨᠢ ᠬᠠᠷᠢᠭᠤ ᠲᠤᠰᠬᠠᠨ᠎ᠠ᠃

     ᠢᠯᠡ᠎ᠪᠠᠷ ᠨᠡᠶ᠋ᠢᠲᠡᠯᠡᠬᠦ ᠠᠯᠪᠠᠨ ᠭᠡᠷ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ᠎ᠤᠨ 2512 ᠥᠷᠥᠭᠡᠨ᠎ᠳᠤ ᠲᠣᠬᠢᠷᠠᠭᠤᠯᠪᠠ᠃

     ᠬᠦᠯᠢᠶᠠᠨ ᠠᠪᠴᠤ ᠰᠢᠢ᠍ᠳᠪᠦᠷᠢᠯᠡᠬᠦ ᠴᠠᠭ᠄ ᠠᠵᠢᠯ᠎ᠤᠨ ᠡᠳᠦᠷ᠎ᠤᠨ ᠦᠳᠡ ᠵᠢᠨ ᠡᠮᠦᠨᠡᠬᠢ 9᠄ 00-12᠄ 00᠂ ᠦᠳᠡ ᠵᠢᠨ ᠬᠣᠶ᠋ᠢᠨᠠᠬᠢ 13᠄ 30-17᠄ 00

     ᠬᠦᠯᠢᠶᠠᠨ ᠠᠪᠴᠤ ᠰᠢᠢ᠍ᠳᠪᠦᠷᠢᠯᠡᠬᠦ ᠤᠲᠠᠰᠤ᠄ (0471) 5259607

ᠣᠨᠴᠠᠭ᠋ᠠᠶ᠋ᠢᠯᠠᠨ ᠮᠡᠳᠡᠭᠳᠡᠪᠡ

                                    2022 ᠣᠨ᠎ᠤ 7 ᠰᠠᠷ᠎ᠠ ᠵᠢᠨ 12 ᠎ᠤᠨ ᠡᠳᠦᠷ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
2022 ᠣᠨ᠎ᠤ ᠳᠡᠭᠡᠷ᠎ᠡ ᠬᠠᠭ᠋ᠠᠰ ᠵᠢᠯ᠎ᠤᠨ ᠠᠵᠢᠯ ᠦᠢ᠍ᠯᠡᠰ᠎ᠤᠨ ᠨᠢᠭᠡᠴᠡ ᠵᠢᠨ ᠳᠡᠭᠡᠳᠦ ᠳᠠᠪᠬᠤᠷᠭ᠎ᠠ ᠵᠢᠨ ᠠᠵᠢᠯᠲᠠᠨ᠎ᠢ ᠢᠯᠡ᠎ᠪᠠᠷ ᠤᠷᠢᠨ ᠬᠡᠷᠡᠭᠯᠡᠬᠦ ᠪᠡᠶ᠎ᠡ ᠵᠢᠨ ᠪᠠᠶ᠋ᠢᠴᠠᠭ᠋ᠠᠯᠲᠠ ᠵᠢᠴᠢ ᠰᠢᠨᠵᠢᠯᠡᠨ ᠪᠠᠶ᠋ᠢᠴᠠᠭ᠋ᠠᠬᠤ ᠶᠠᠪᠤᠳᠠᠯ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠢ᠌ᠭᠤᠯᠤᠮᠵᠢ ᠵᠢᠨ ᠨᠡᠷ᠎ᠡ ᠮᠡᠳᠡᠭᠦᠯᠬᠦ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠢ᠌ᠭᠤᠯᠤᠮᠵᠢ ᠵᠢᠨ ᠨᠡᠷ᠎ᠡ ᠮᠡᠳᠡᠭᠦᠯᠬᠦ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠠᠶᠤᠯ ᠥᠬᠡᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠯᠲᠠ ᠵᠢᠨ ᠪᠠᠷᠢᠮᠵᠢᠶ᠎ᠠ᠎ᠳᠤ ᠬᠦᠷᠦᠭᠰᠡᠨ ᠨᠢᠭᠡᠴᠡ ᠵᠢ ᠢᠯᠡ ᠨᠡᠶ᠋ᠢᠲᠡᠯᠡᠨ᠎ᠡ
2022 ᠣᠨ᠎ᠤ ᠨᠢᠭᠡᠳᠦᠭᠡᠷ ᠪᠦᠯᠦᠭ᠎ᠤᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠢ᠌ᠯᠠᠯ᠎ᠤᠨ 《ᠭᠤᠷᠪᠠᠨ ᠲᠥᠷᠥᠯ᠎ᠤᠨ ᠠᠵᠢᠯᠲᠠᠨ》᠎ᠤ ᠠᠶᠤᠯᠭᠦᠢ ᠦᠢ᠍ᠯᠡᠳᠪᠦᠷᠢᠯᠡᠯ᠎ᠤᠨ ᠰᠢᠯᠭ᠋ᠠᠨ ᠬᠢᠨᠠᠭᠰᠠᠨ ᠪᠠᠢ᠌ᠳᠠᠯ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠢᠯᠡ ᠵᠠᠷᠯᠠᠯ
 
            