ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠢ᠌ᠭᠤᠯᠤᠮᠵᠢ ᠵᠢᠨ ᠨᠡᠷ᠎ᠡ ᠮᠡᠳᠡᠭᠦᠯᠬᠦ ᠠᠯᠪᠠᠨ ᠵᠠᠷ
ᠨᠡᠶ᠋ᠢᠲᠡᠯᠡᠭᠰᠡᠨ ᠴᠠᠭ᠄ 2022-07-11

ᠨᠢᠭᠡ᠂ ᠲᠥᠷᠥᠯ ᠵᠦᠢᠯ᠎ᠤᠨ ᠲᠣᠢ᠌ᠮᠣᠴᠢᠯᠠᠯ

1 . ᠲᠥᠷᠥᠯ ᠵᠦᠢᠯ᠎ᠤᠨ ᠨᠡᠷᠡᠢ᠌ᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ  ᠲᠥᠪ᠎ᠤᠨ ᠰᠦᠯᠵᠢᠶᠡᠨ᠎ᠤ ᠠᠮᠤᠷ ᠲᠦᠪᠰᠢᠨ᠎ᠤ ᠬᠣᠶᠠᠳᠤᠭ᠋ᠠᠷ ᠳᠡᠰ ᠵᠡᠷᠭᠡ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠳᠠᠭ᠋ᠠᠭ᠋ᠠᠴᠢᠯᠠᠯᠲᠠ ᠵᠠᠷᠯᠠᠬᠤ ᠲᠥᠷᠥᠯ ᠵᠦᠢᠯ ᠃
2 . ᠪᠦᠲᠦᠭᠡᠨ ᠪᠠᠢ᠌ᠭᠤᠯᠤᠯᠲᠠ ᠵᠢᠨ ᠬᠡᠪᠴᠢᠶ᠎ᠡ᠄ ᠰᠦᠯᠵᠢᠶᠡᠨ᠎ᠤ ᠠᠮᠤᠷ ᠲᠦᠪᠰᠢᠨ᠎ᠤ ᠬᠣᠶᠠᠳᠤᠭ᠋ᠠᠷ ᠳᠡᠰ ᠵᠡᠷᠭᠡ ᠪᠦᠲᠦᠭᠡᠨ ᠪᠠᠢ᠌ᠭᠤᠯᠤᠯᠲᠠ᠃
3 . ᠬᠥᠷᠥᠩᠭᠡ  ᠣᠷᠣᠭᠤᠯᠤᠯᠲᠠ ᠵᠢᠨ ᠪᠠᠢ᠍ᠳᠠᠯ᠄ ᠥᠪᠡᠷᠲᠡᠭᠡᠨ ᠵᠠᠰᠠᠬᠤ ᠣᠷᠣᠨ᠎ᠠᠴᠠ  ᠨᠡᠢ᠌ᠲᠡ 166 ᠲᠦᠮᠡᠨ ᠲᠥᠭᠥᠷᠢᠭ᠎ᠤᠨ  ᠬᠥᠷᠥᠩᠭᠡ  ᠣᠷᠣᠭᠤᠯᠤᠭᠰᠠᠨ  ᠪᠠᠢ᠌ᠨ᠎ᠠ ᠃

4 . ᠪᠡᠶᠡᠯᠡᠭᠦᠯᠬᠦ  ᠴᠠᠭ ᠪᠠ ᠭᠠᠵᠠᠷ᠄ 2022  ᠪᠦᠬᠦ ᠣᠨ᠂  ᠬᠦᠬᠡᠬᠣᠲᠠ ᠃

 

ᠬᠣᠶᠠᠷ᠂ ᠨᠡᠷ᠎ᠡ ᠮᠡᠳᠡᠭᠦᠯᠬᠦ ᠱᠠᠭ᠋ᠠᠷᠳᠠᠯᠭ᠎ᠠ 

1 . ᠣᠷᠣᠯᠠᠬᠤ ᠪᠠᠢ᠌ᠭᠤᠯᠤᠮᠵᠢ᠎ᠨᠢ ᠡᠷᠬᠡᠪᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ ᠵᠢᠨ ᠣᠷᠣᠯᠠᠬᠤ ᠪᠠᠢ᠌ᠭᠤᠯᠤᠮᠵᠢ ᠵᠢᠨ ᠬᠥᠮᠥᠷᠭᠡ᠎ᠳᠤ ᠪᠦᠷᠢᠳᠬᠡᠭᠦᠯᠦᠨ ᠳᠠᠩᠰᠠᠯᠠᠭᠤᠯᠬᠤ ᠬᠡᠷᠡᠭᠲᠡᠶ᠃

2 . ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠬᠢᠷᠢ ᠬᠡᠮ᠎ᠲᠠᠢ ᠪᠠᠢ᠌ᠭᠤᠯᠤᠮᠵᠢ ᠂  ᠡᠷᠬᠡᠪᠰᠢ ᠰᠠᠢ᠌ᠨ ᠰᠠᠢ᠌ᠬᠠᠨ ᠡᠳ᠋᠎ᠤᠨ ᠶᠠᠪᠤᠳᠠᠯ᠎ᠤᠨ ᠪᠠᠢ᠌ᠳᠠᠯ ᠪᠠ ᠬᠤᠳᠠᠯᠳᠤᠭ᠋ᠠᠨ᠎ᠤ ᠢᠲᠡᠭᠡᠯ ᠬᠦᠨᠳᠦ᠎ᠲᠠᠢ᠂ ᠭᠦᠢ᠍ᠴᠡᠳ ᠭᠡᠷ᠎ᠡ ᠵᠢ ᠭᠦᠢ᠍ᠴᠡᠳᠬᠡᠬᠦ  ᠡᠳ᠋ ᠬᠥᠷᠥᠩᠭᠡ ᠪᠠ ᠴᠢᠳᠠᠪᠤᠷᠢ᠎ᠲᠠᠢ ᠪᠠᠢ᠌ᠵᠤ ᠬᠡᠷᠡᠭᠲᠡᠶ᠃
ᠨᠡᠷ᠎ᠡ ᠮᠡᠳᠡᠭᠦᠯᠬᠦ ᠦᠶ᠎ᠡ᠎ᠳᠤ᠂ ᠨᠡᠷ᠎ᠡ ᠮᠡᠳᠡᠭᠦᠯᠦᠭᠴᠢ ᠳᠣᠤᠷᠠᠬᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠄
1 . ᠨᠡᠷ᠎ᠡ ᠮᠡᠳᠡᠭᠦᠯᠦᠭᠴᠢ ᠪᠡᠶ᠎ᠡ ᠵᠢᠨ ᠦᠨᠡᠮᠯᠡᠯ᠎ᠤᠨ ᠣᠭ ᠡᠬᠡ᠎ᠪᠠᠨ ᠭᠠᠷᠭ᠋ᠠᠨ ᠦᠵᠡᠭᠦᠯᠵᠦ᠂ ᠬᠠᠭᠤᠯᠪᠤᠷᠢ᠂ ᠬᠠᠷᠢᠯᠴᠠᠬᠤ ᠠᠷᠭ᠎ᠠ ᠮᠠᠶᠢᠭ ᠵᠶ᠋ᠠᠨ ᠬᠠᠩᠭ᠋ᠠᠨ᠎ᠠ᠃
2 . ᠨᠡᠷ᠎ᠡ ᠮᠡᠳᠡᠭᠦᠯᠦᠭᠴᠢ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷ᠎ᠤᠨ ᠥᠰᠥᠭ ᠵᠢᠷᠤᠭᠰᠠᠨ᠂ ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠣᠯᠭᠣᠬᠤ ᠨᠠᠢ᠌ᠳᠠᠯᠭ᠎ᠠ ᠵᠢᠨ ᠪᠢᠴᠢᠭ》 ᠭᠠᠷᠭ᠋ᠠᠵᠤ ᠥᠭᠭᠦᠨ᠎ᠡ᠃
3 . ᠤᠯᠤᠰ᠎ᠤᠨ ᠠᠵᠤ ᠦᠢᠯᠡᠳᠪᠦᠷᠢ ᠬᠤᠳᠠᠯᠳᠤᠭ᠋ᠠᠨ᠎ᠤ ᠪᠠᠢ᠌ᠭᠤᠯᠤᠯᠭ᠎ᠠ ᠵᠢᠨ ᠣᠨ᠎ᠤ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠬᠦᠴᠦᠨ᠎ᠲᠠᠢ ᠪᠥᠭᠡᠳ ᠳᠠᠭ᠋ᠠᠭ᠋ᠠᠴᠢᠯᠠᠯᠲᠠ ᠬᠦᠯᠢᠶᠡᠭᠰᠡᠨ ᠠᠵᠤ ᠠᠬᠤᠢ᠌ᠯᠠᠯ᠎ᠤᠨ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠤᠨ ᠬᠠᠭᠤᠯᠪᠤᠷᠢ ᠵᠢ ᠬᠠᠩᠭ᠋ᠠᠨ᠎ᠠ᠃

 

ᠭᠤᠷᠪᠠ ᠂ ᠨᠡᠷ᠎ᠡ ᠮᠡᠳᠡᠭᠦᠯᠬᠦ ᠴᠠᠭ ᠪᠠ ᠭᠠᠵᠠᠷ ᠣᠷᠣᠨ

ᠳᠡᠭᠡᠷ᠎ᠡ ᠳᠤᠷᠠᠳᠤᠭᠰᠠᠨ ᠨᠥᠬᠥᠴᠡᠯ᠎ᠳᠤ ᠨᠡᠢ᠌ᠴᠡᠬᠦ ᠣᠷᠣᠯᠠᠬᠤ ᠪᠠᠢ᠌ᠭᠤᠯᠤᠮᠵᠢ 2022 ᠣᠨ᠎ᠤ 7 ᠳ᠋ᠤᠭ᠋ᠠᠷ ᠰᠠᠷ᠎ᠠ ᠵᠢᠨ 14᠎ᠤ ᠡᠳᠦᠷ᠎ᠠᠴᠠ 2022 ᠣᠨ᠎ᠤ 7 ᠳ᠋ᠤᠭ᠋ᠠᠷ ᠰᠠᠷ᠎ᠠ ᠵᠢᠨ 15᠎ᠤ ᠡᠳᠦᠷ ᠪᠣᠯᠲᠠᠯ᠎ᠠ᠂ ᠦᠳᠡ ᠵᠢᠨ ᠡᠮᠦᠨᠡᠬᠢ 8᠄ 30᠎ᠠᠴᠠ12᠄ 00᠂ ᠦᠳᠡ ᠵᠢᠨ ᠬᠣᠢ᠌ᠨᠠᠬᠢ 14᠄ 30᠎ᠠᠴᠠ17᠄ 30᠎ᠳᠤ ᠨᠡᠷ᠎ᠡ

ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠨ᠎ᠠ᠃

ᠨᠡᠷ᠎ᠡ ᠮᠡᠳᠡᠭᠦᠯᠬᠦ ᠬᠠᠶᠢᠭ᠄ ᠥᠪᠥᠷ ᠮᠣᠩᠭᠣᠯ᠎ᠤᠨ ᠬᠥᠬᠡᠬᠣᠲᠠ ᠵᠢᠨ ᠶᠡᠬᠡ ᠰᠤᠷᠭ᠋ᠠᠭᠤᠯᠢ ᠵᠢᠨ ᠵᠡᠭᠦᠨ ᠵᠠᠮ᠎ᠤᠨ 120 ᠳ᠋ᠤᠭ᠋ᠠᠷ ᠠᠰᠠᠷ᠎ᠤᠨ 209 ᠳ᠋ᠦ᠍ᠭᠡᠷ ᠥᠷᠥᠭᠡ᠃

ᠰᠢᠦᠳᠠᠨ ᠳ᠋ᠤᠭ᠋ᠠᠷ᠄ 010010

ᠬᠠᠷᠢᠯᠴᠠᠬᠤ ᠬᠥᠮᠦᠨ᠄ ᠯᠢ ᠬᠣᠩ ᠺᠦᠨ

ᠬᠠᠷᠢᠯᠴᠠᠬᠤ ᠤᠲᠠᠰᠤ᠄ 133 9489 4521

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ

                                          2022 ᠣᠨ᠎ᠤ7 ᠰᠠᠷ᠎ᠠ ᠵᠢᠨ13᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠠᠶᠤᠯ ᠥᠬᠡᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠯᠲᠠ ᠵᠢᠨ ᠪᠠᠷᠢᠮᠵᠢᠶ᠎ᠠ᠎ᠳᠤ ᠬᠦᠷᠦᠭᠰᠡᠨ ᠨᠢᠭᠡᠴᠡ ᠵᠢ ᠢᠯᠡ ᠨᠡᠶ᠋ᠢᠲᠡᠯᠡᠨ᠎ᠡ
2022 ᠣᠨ᠎ᠤ ᠨᠢᠭᠡᠳᠦᠭᠡᠷ ᠪᠦᠯᠦᠭ᠎ᠤᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠢ᠌ᠯᠠᠯ᠎ᠤᠨ 《ᠭᠤᠷᠪᠠᠨ ᠲᠥᠷᠥᠯ᠎ᠤᠨ ᠠᠵᠢᠯᠲᠠᠨ》᠎ᠤ ᠠᠶᠤᠯᠭᠦᠢ ᠦᠢ᠍ᠯᠡᠳᠪᠦᠷᠢᠯᠡᠯ᠎ᠤᠨ ᠰᠢᠯᠭ᠋ᠠᠨ ᠬᠢᠨᠠᠭᠰᠠᠨ ᠪᠠᠢ᠌ᠳᠠᠯ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠢᠯᠡ ᠵᠠᠷᠯᠠᠯ
2022 ᠣᠨ᠎ᠤ ᠳᠡᠭᠡᠷ᠎ᠡ ᠬᠠᠭ᠋ᠠᠰ ᠵᠢᠯ᠎ᠳᠤ ᠠᠵᠢᠯ ᠦᠢ᠍ᠯᠡᠰ᠎ᠤᠨ ᠨᠢᠭᠡᠴᠡ ᠵᠢᠨ ᠢᠯᠡ᠎ᠪᠠᠷ ᠤᠷᠢᠵᠤ ᠬᠡᠷᠡᠭᠯᠡᠭᠰᠡᠨ ᠳᠡᠭᠡᠳᠦ ᠲᠠᠰ᠎ᠤᠨ ᠠᠵᠢᠯᠲᠠᠨ᠎ᠤ ᠰᠢᠯᠭ᠋ᠠᠯᠲᠠ ᠵᠢᠨ ᠶᠡᠷᠦᠩᠬᠡᠢ ᠬᠢᠷᠢ ᠪᠦᠲᠦᠮᠵᠢ ᠵᠢᠴᠢ ᠪᠡᠶ᠎ᠡ ᠵᠢᠨ ᠪᠠᠢ᠌ᠴᠠᠭ᠋ᠠᠯᠲᠠ ᠵᠢᠨ ᠬᠡᠪᠴᠢᠶᠡᠨ᠎ᠳᠤ ᠣᠷᠣᠭᠰᠠᠨ ᠬᠥᠮᠥᠰ᠎ᠤᠨ ᠨᠡᠷᠡᠰ᠎ᠢ ᠨᠡᠢ᠌ᠲᠡᠯᠡᠬᠦ ᠲᠤᠬᠠᠢ ᠠᠯᠪᠠᠨ ᠵᠠᠷ
ᠲᠠᠨᠢᠯᠴᠠᠭᠤᠯᠬᠤ᠎ᠪᠠᠷ ᠪᠠᠢ᠌ᠭ᠎ᠠ ᠲᠤᠰᠬᠠᠢ ᠮᠡᠷᠭᠡᠵᠢᠯ᠎ᠤᠨ ᠬᠣᠶᠠᠳᠤᠭ᠋ᠠᠷ ᠳᠡᠰ᠎ᠤᠨ ᠠᠵᠢᠯ᠎ᠤᠨ ᠪᠠᠢ᠌ᠷᠢ ᠵᠢᠨ ᠵᠢᠱ᠌ᠢᠭᠳᠡᠭᠴᠢ ᠵᠢ ᠵᠠᠷᠯᠠᠨ ᠨᠡᠢ᠌ᠲᠡᠯᠡᠬᠦ ᠲᠤᠬᠠᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠢ᠌ᠭᠤᠯᠤᠮᠵᠢ ᠵᠢᠨ ᠨᠡᠷ᠎ᠡ ᠮᠡᠳᠡᠭᠦᠯᠬᠦ ᠠᠯᠪᠠᠨ ᠨᠡᠢ᠌ᠲᠡᠯᠡᠯ
 
            