ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠢ᠌ᠭᠤᠯᠤᠮᠵᠢ ᠵᠢᠨ ᠨᠡᠷ᠎ᠡ ᠮᠡᠳᠡᠭᠦᠯᠬᠦ ᠠᠯᠪᠠᠨ ᠨᠡᠢ᠌ᠲᠡᠯᠡᠯ
ᠨᠡᠶ᠋ᠢᠲᠡᠯᠡᠭᠰᠡᠨ ᠴᠠᠭ᠄ 2022-08-23

ᠨᠢᠭᠡ᠂ ᠲᠥᠷᠥᠯ ᠵᠦᠢᠯ᠎ᠤᠨ ᠲᠣᠢ᠌ᠮᠣᠴᠢᠯᠠᠯ

    1 . ᠲᠥᠷᠥᠯ ᠵᠦᠢᠯ᠎ᠤᠨ ᠨᠡᠷᠡᠢ᠌ᠳᠦᠯ᠄ ᠤᠰᠤᠨ᠎ᠤ ᠴᠢᠨᠠᠷ ᠤᠰᠤᠨ᠎ᠤ ᠠᠮᠢ ᠠᠬᠤᠶ ᠵᠢᠨ ᠬᠠᠮᠢᠶᠠᠷᠤᠯᠲᠠ ᠵᠢᠨ ᠰᠢᠰᠲ᠋ᠧᠮ᠂ ᠤᠰᠤᠨ᠎ᠤ ᠴᠢᠨᠠᠷ ᠤᠰᠤᠨ᠎ᠤ ᠠᠮᠢ ᠠᠬᠤᠶ ᠵᠢᠨ ᠲᠤᠰᠬᠠᠶ ᠲᠥᠬᠥᠭᠡᠷᠦᠮᠵᠢ ᠬᠤᠳᠠᠯᠳᠤᠨ ᠠᠪᠬᠤ᠂ ᠲᠥᠪ᠎ᠤᠨ ᠲᠤᠷᠰᠢᠯᠲᠠ ᠵᠢᠨ ᠲᠠᠰᠤᠭ᠎ᠢ ᠥᠭᠡᠷᠡᠴᠢᠯᠡᠬᠦ ᠲᠥᠷᠥᠯ ᠵᠦᠢ᠍ᠯ ᠃
    2 . ᠪᠦᠲᠦᠭᠡᠨ ᠪᠠᠢ᠌ᠭᠤᠯᠤᠯᠲᠠ ᠵᠢᠨ ᠬᠡᠪᠴᠢᠶ᠎ᠡ᠄ ᠤᠰᠤᠨ᠎ᠤ ᠴᠢᠨᠠᠷ ᠤᠰᠤᠨ᠎ᠤ ᠠᠮᠢ ᠠᠬᠤᠶ ᠵᠢᠨ ᠬᠠᠮᠢᠶᠠᠷᠤᠯᠲᠠ ᠵᠢᠨ ᠰᠢᠰᠲ᠋ᠧᠮ  ᠵᠢᠴᠢ  ᠲᠤᠰᠬᠠᠶ ᠲᠥᠬᠥᠭᠡᠷᠦᠮᠵᠢ ᠬᠤᠳᠠᠯᠳᠤᠨ ᠠᠪᠬᠤ᠂ ᠲᠥᠪ᠎ᠤᠨ ᠲᠤᠷᠰᠢᠯᠲᠠ ᠵᠢᠨ ᠲᠠᠰᠤᠭ᠎ᠢ ᠥᠭᠡᠷᠡᠴᠢᠯᠡᠬᠦ ᠃
    3 . ᠬᠥᠷᠥᠩᠭᠡ  ᠣᠷᠣᠭᠤᠯᠤᠯᠲᠠ ᠵᠢᠨ ᠪᠠᠢ᠌ᠳᠠᠯ ᠄  ᠶᠡᠷᠦᠩᠬᠡᠶ ᠪᠡᠯᠡ ᠣᠷᠣᠭᠤᠯᠤᠯᠲᠠ 55 ᠲᠦᠮᠡᠨ ᠲᠥᠭᠥᠷᠢᠭ᠃

    4 . ᠪᠡᠶᠡᠯᠡᠭᠦᠯᠬᠦ  ᠴᠠᠭ ᠪᠠ ᠭᠠᠵᠠᠷ᠄ 2022  ᠪᠦᠬᠦ ᠣᠨ᠂  ᠬᠦᠬᠡᠬᠣᠲᠠ᠃

 

ᠬᠣᠶᠠᠷ᠂ ᠨᠡᠷ᠎ᠡ ᠮᠡᠳᠡᠭᠦᠯᠬᠦ ᠱᠠᠭ᠋ᠠᠷᠳᠠᠯᠭ᠎ᠠ 

    1 . ᠣᠷᠣᠯᠠᠬᠤ ᠪᠠᠢ᠌ᠭᠤᠯᠤᠮᠵᠢ᠎ᠨᠢ ᠡᠷᠬᠡᠪᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ ᠵᠢᠨ ᠣᠷᠣᠯᠠᠬᠤ ᠪᠠᠢ᠌ᠭᠤᠯᠤᠮᠵᠢ ᠵᠢᠨ ᠬᠥᠮᠥᠷᠭᠡ᠎ᠳᠤ ᠪᠦᠷᠢᠳᠬᠡᠭᠦᠯᠦᠨ ᠳᠠᠩᠰᠠᠯᠠᠭᠤᠯᠬᠤ ᠬᠡᠷᠡᠭᠲᠡᠶ᠃

    2 . ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠬᠢᠷᠢ ᠬᠡᠮ᠎ᠲᠠᠢ ᠪᠠᠢ᠌ᠭᠤᠯᠤᠮᠵᠢ ᠂  ᠡᠷᠬᠡᠪᠰᠢ ᠰᠠᠢ᠌ᠨ ᠰᠠᠢ᠌ᠬᠠᠨ ᠡᠳ᠋᠎ᠤᠨ ᠶᠠᠪᠤᠳᠠᠯ᠎ᠤᠨ ᠪᠠᠢ᠌ᠳᠠᠯ ᠪᠠ ᠬᠤᠳᠠᠯᠳᠤᠭ᠋ᠠᠨ᠎ᠤ ᠢᠲᠡᠭᠡᠯ ᠬᠦᠨᠳᠦ᠎ᠲᠠᠢ᠂ ᠭᠦᠢ᠍ᠴᠡᠳ ᠭᠡᠷ᠎ᠡ ᠵᠢ ᠭᠦᠢ᠍ᠴᠡᠳᠬᠡᠬᠦ  ᠡᠳ᠋ ᠬᠥᠷᠥᠩᠭᠡ ᠪᠠ ᠴᠢᠳᠠᠪᠤᠷᠢ᠎ᠲᠠᠢ ᠪᠠᠢ᠌ᠵᠤ ᠬᠡᠷᠡᠭᠲᠡᠶ᠃
ᠨᠡᠷ᠎ᠡ ᠮᠡᠳᠡᠭᠦᠯᠬᠦ ᠦᠶ᠎ᠡ᠎ᠳᠤ᠂ ᠨᠡᠷ᠎ᠡ ᠮᠡᠳᠡᠭᠦᠯᠦᠭᠴᠢ ᠳᠣᠤᠷᠠᠬᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠄
    1 . ᠨᠡᠷ᠎ᠡ ᠮᠡᠳᠡᠭᠦᠯᠦᠭᠴᠢ ᠪᠡᠶ᠎ᠡ ᠵᠢᠨ ᠦᠨᠡᠮᠯᠡᠯ᠎ᠤᠨ ᠣᠭ ᠡᠬᠡ᠎ᠪᠠᠨ ᠭᠠᠷᠭ᠋ᠠᠨ ᠦᠵᠡᠭᠦᠯᠵᠦ᠂ ᠬᠠᠭᠤᠯᠪᠤᠷᠢ᠂ ᠬᠠᠷᠢᠯᠴᠠᠬᠤ ᠠᠷᠭ᠎ᠠ ᠮᠠᠶᠢᠭ ᠵᠶ᠋ᠠᠨ ᠬᠠᠩᠭ᠋ᠠᠨ᠎ᠠ᠃
    2 . ᠨᠡᠷ᠎ᠡ ᠮᠡᠳᠡᠭᠦᠯᠦᠭᠴᠢ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷ᠎ᠤᠨ ᠥᠰᠥᠭ ᠵᠢᠷᠤᠭᠰᠠᠨ᠂ ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠣᠯᠭᠣᠬᠤ ᠨᠠᠢ᠌ᠳᠠᠯᠭ᠎ᠠ ᠵᠢᠨ ᠪᠢᠴᠢᠭ》 ᠭᠠᠷᠭ᠋ᠠᠵᠤ ᠥᠭᠭᠦᠨ᠎ᠡ᠃
    3 . ᠤᠯᠤᠰ᠎ᠤᠨ ᠠᠵᠤ ᠦᠢᠯᠡᠳᠪᠦᠷᠢ ᠬᠤᠳᠠᠯᠳᠤᠭ᠋ᠠᠨ᠎ᠤ ᠪᠠᠢ᠌ᠭᠤᠯᠤᠯᠭ᠎ᠠ ᠵᠢᠨ ᠣᠨ᠎ᠤ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠬᠦᠴᠦᠨ᠎ᠲᠠᠢ ᠪᠥᠭᠡᠳ ᠳᠠᠭ᠋ᠠᠭ᠋ᠠᠴᠢᠯᠠᠯᠲᠠ ᠬᠦᠯᠢᠶᠡᠭᠰᠡᠨ ᠠᠵᠤ ᠠᠬᠤᠢ᠌ᠯᠠᠯ᠎ᠤᠨ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠤᠨ ᠬᠠᠭᠤᠯᠪᠤᠷᠢ ᠵᠢ ᠬᠠᠩᠭ᠋ᠠᠨ᠎ᠠ᠃

 

ᠭᠤᠷᠪᠠ ᠂ ᠨᠡᠷ᠎ᠡ ᠮᠡᠳᠡᠭᠦᠯᠬᠦ ᠴᠠᠭ ᠪᠠ ᠭᠠᠵᠠᠷ ᠣᠷᠣᠨ

     ᠳᠡᠭᠡᠷ᠎ᠡ ᠳᠤᠷᠠᠳᠤᠭᠰᠠᠨ ᠨᠥᠬᠥᠴᠡᠯ᠎ᠳᠤ ᠨᠡᠢ᠌ᠴᠡᠬᠦ ᠣᠷᠣᠯᠠᠬᠤ ᠪᠠᠢ᠌ᠭᠤᠯᠤᠮᠵᠢ 2022 ᠣᠨ᠎ᠤ 8 ᠳ᠋ᠤᠭ᠋ᠠᠷ ᠰᠠᠷ᠎ᠠ ᠵᠢᠨ 24᠎ᠤ ᠡᠳᠦᠷ᠎ᠠᠴᠠ 2022 ᠣᠨ᠎ᠤ 8 ᠳ᠋ᠤᠭ᠋ᠠᠷ ᠰᠠᠷ᠎ᠠ ᠵᠢᠨ 25᠎ᠤ ᠡᠳᠦᠷ ᠪᠣᠯᠲᠠᠯ᠎ᠠ᠂ ᠦᠳᠡ ᠵᠢᠨ ᠡᠮᠦᠨᠡᠬᠢ 8᠄ 30᠎ᠠᠴᠠ12᠄ 00᠂ ᠦᠳᠡ ᠵᠢᠨ ᠬᠣᠢ᠌ᠨᠠᠬᠢ 14᠄ 30᠎ᠠᠴᠠ17᠄ 30᠎ᠳᠤ ᠨᠡᠷ᠎ᠡ

ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠨ᠎ᠠ᠃

     ᠨᠡᠷ᠎ᠡ ᠮᠡᠳᠡᠭᠦᠯᠬᠦ ᠬᠠᠶᠢᠭ᠄ ᠥᠪᠥᠷ ᠮᠣᠩᠭᠣᠯ᠎ᠤᠨ ᠬᠥᠬᠡᠬᠣᠲᠠ ᠵᠢᠨ ᠶᠡᠬᠡ ᠰᠤᠷᠭ᠋ᠠᠭᠤᠯᠢ ᠵᠢᠨ ᠵᠡᠭᠦᠨ ᠵᠠᠮ᠎ᠤᠨ 120 ᠳ᠋ᠤᠭ᠋ᠠᠷ ᠠᠰᠠᠷ᠎ᠤᠨ 512 ᠳ᠋ᠦ᠍ᠭᠡᠷ ᠥᠷᠥᠭᠡ᠃

     ᠰᠢᠦᠳᠠᠨ ᠳ᠋ᠤᠭ᠋ᠠᠷ᠄ 010010

     ᠬᠠᠷᠢᠯᠴᠠᠬᠤ ᠬᠥᠮᠦᠨ᠄ ᠯᠢᠦᠶ ᠰᠢᠶᠠᠩ ᠸᠤᠨ

     ᠬᠠᠷᠢᠯᠴᠠᠬᠤ ᠤᠲᠠᠰᠤ᠄ 157 5040 2997

 

             ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ

            2022 ᠣᠨ᠎ᠤ8 ᠰᠠᠷ᠎ᠠ ᠵᠢᠨ22᠎ᠤ ᠡᠳᠦᠷ

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠢ᠌ᠭᠤᠯᠤᠮᠵᠢ ᠵᠢᠨ ᠨᠡᠷ᠎ᠡ ᠮᠡᠳᠡᠭᠦᠯᠬᠦ ᠠᠯᠪᠠᠨ ᠨᠡᠢ᠌ᠲᠡᠯᠡᠯ
ᠵᠠᠬᠢᠳᠠᠯ ᠰᠤᠷᠪᠤᠯᠵᠢᠯᠠᠯ᠎ᠤᠨ ᠬᠠᠮᠢᠶ᠎ᠠ ᠪᠦᠬᠦᠢ ᠮᠡᠳᠡᠭᠡ ᠵᠠᠩᠭᠢ ᠵᠢ ᠨᠡᠶ᠋ᠢᠭᠡᠮ᠎ᠳᠤ ᠨᠡᠶ᠋ᠢᠲᠡᠯᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠯᠪᠠᠨ ᠵᠠᠷ
ᠥᠪᠡᠷᠲᠡᠭᠡᠨ ᠵᠠᠰᠠᠬᠤ ᠣᠷᠣᠨ᠎ᠤ 2021 ᠣᠨ᠎ᠤ ᠤᠰᠤᠨ᠎ᠤ ᠡᠬᠢ ᠰᠤᠷᠪᠤᠯᠵᠢ ᠵᠢᠨ ᠬᠠᠮᠤᠭ᠎ᠤᠨ ᠴᠢᠩᠭ᠎ᠠ ᠬᠠᠮᠢᠶᠠᠷᠤᠯᠲᠠ ᠵᠢᠨ ᠲᠦᠷᠢᠮ᠎ᠤᠨ ᠰᠢᠯᠭ᠋ᠠᠨ ᠬᠢᠨᠠᠭᠰᠠᠨ ᠦᠷ᠎ᠡ ᠳ᠋ᠦᠩ᠎ᠢ ᠨᠡᠶ᠋ᠢᠲᠡᠯᠡᠬᠦ ᠲᠤᠬᠠᠶ ᠠᠯᠪᠠᠨ ᠵᠠᠷ
《ᠤᠰᠤᠨ ᠠᠰᠢᠭᠯᠠᠯᠲᠠ ᠵᠢᠨ ᠠᠷᠢᠭᠤᠨ ᠴᠢᠭᠴᠢ ᠰᠤᠷᠲᠠᠯ ᠵᠶ᠋ᠠᠷ᠂ ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠬᠤ — ᠰᠠᠶ᠋ᠢᠨ ᠭᠡᠷ ᠪᠦᠯᠢ᠂ ᠰᠠᠶ᠋ᠢᠨ ᠭᠡᠷ᠎ᠤᠨ ᠰᠤᠷᠲᠠᠯ᠂ ᠰᠠᠶ᠋ᠢᠨ ᠭᠡᠷ᠎ᠤᠨ ᠰᠤᠷᠭ᠋ᠠᠯ》 ᠭᠡᠬᠦ ᠭᠣᠣᠯ ᠰᠡᠳᠦᠪᠲᠦ ᠵᠣᠬᠢᠶᠠᠯ ᠡᠯᠰᠡᠬᠦ ᠬᠥᠳᠡᠯᠭᠡᠭᠡᠨ ᠥᠷᠨᠢᠭᠦᠯᠬᠦ ᠲᠤᠬᠠᠶ ᠮᠡᠳᠡᠭᠳᠡᠯ
2022 ᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠬᠡᠷ ᠪᠦᠯᠢ ᠵᠢᠨ ᠠᠷᠢᠭᠤᠨ ᠴᠢᠬᠡᠴᠢ ᠵᠢᠨ ᠰᠠᠨᠠᠭ᠋ᠠᠴᠢᠯᠠᠭ᠎ᠠ ᠵᠢᠨ ᠪᠢᠴᠢᠭ
 
            