《ᠤᠰᠤᠨ᠎ᠤ ᠡᠬᠢ ᠰᠤᠷᠪᠤᠯᠵᠢ ᠵᠢᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠳᠦᠷᠢᠮ᠎ᠤᠨ ᠬᠢᠨᠠᠨ ᠰᠢᠯᠭ᠋ᠠᠬᠤ ᠠᠷᠭ᠎ᠠ ᠵᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2013]2 ᠳ᠋ᠤᠭ᠋ᠠᠷ ᠲᠣᠭ᠋ᠠᠲᠤ)᠂ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠰᠤᠷᠪᠤᠯᠵᠢ ᠵᠢᠨ ᠬᠠᠮᠤᠭ᠎ᠤᠨ ᠴᠢᠩᠭ᠎ᠠ ᠬᠠᠮᠢᠶᠠᠷᠤᠯᠲᠠ ᠵᠢᠨ ᠳᠦᠷᠢᠮ᠎ᠤᠨ ᠰᠢᠯᠭ᠋ᠠᠨ ᠬᠢᠨᠠᠬᠤ ᠠᠷᠭ᠎ᠠ〉 ᠵᠢ ᠬᠡᠷᠡᠭᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2015]21 ᠳ᠋ᠦᠭᠡᠷ ᠲᠣᠭ᠋ᠠᠲᠤ)᠎ᠤᠨ ᠬᠣᠯᠪᠣᠭᠳᠠᠯ ᠪᠦᠬᠦᠢ ᠲᠣᠭᠲᠠᠭ᠋ᠠᠯ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠂ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠂ ᠲᠣᠭ᠎ᠠ ᠪᠦᠷᠢᠳᠬᠡᠯ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ᠂2021 ᠣᠨ᠎ᠤ ᠰᠢᠯᠭ᠋ᠠᠨ ᠬᠢᠨᠠᠬᠤ ᠠᠵᠢᠯ᠎ᠤᠨ ᠲᠥᠰᠦᠯ᠎ᠢ ᠲᠣᠭᠲᠠᠭ᠋ᠠᠵᠤ᠂ᠬᠢᠨᠠᠨ ᠰᠢᠯᠭ᠋ᠠᠬᠤ ᠠᠵᠢᠯ᠎ᠤᠨ ᠳᠤᠭᠤᠶ᠋ᠢᠯᠠᠩ ᠪᠠᠢ᠌ᠭᠤᠯᠵᠤ᠂ 12 ᠠᠶ᠋ᠢᠮᠠᠭ ᠬᠣᠲᠠ ᠵᠢᠨ 2021 ᠣᠨ᠎ᠳᠤ ᠤᠰᠤᠨ᠎ᠤ ᠡᠬᠢ ᠰᠤᠷᠪᠤᠯᠵᠢ ᠵᠢᠨ ᠬᠠᠮᠤᠭ᠎ᠤᠨ ᠴᠢᠩᠭ᠎ᠠ ᠬᠠᠮᠢᠶᠠᠷᠤᠯᠲᠠ ᠵᠢᠨ ᠲᠦᠷᠢᠮ᠎ᠢ ᠬᠡᠷᠡᠭᠵᠢᠭᠦᠯᠦᠭᠰᠡᠨ ᠪᠠᠶ᠋ᠢᠳᠠᠯ᠎ᠢ ᠬᠢᠨᠠᠨ ᠰᠢᠯᠭ᠋ᠠᠪᠠ᠃ ᠰᠢᠯᠭ᠋ᠠᠨ ᠬᠢᠨᠠᠭᠰᠠᠨ ᠦᠷ᠎ᠡ ᠳ᠋ᠦᠩ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠤᠨ ᠣᠷᠳᠣᠨ ᠵᠶ᠋ᠠᠷ ᠬᠢᠨᠠᠨ ᠲᠣᠭᠲᠠᠭ᠋ᠠᠯᠭ᠋ᠠᠭ᠋ᠠᠳ᠂ ᠡᠳᠦᠭᠡ ᠳᠤᠤᠷᠠᠬᠢ ᠮᠡᠲᠦ ᠵᠠᠷᠯᠠᠪᠠ᠃
2021 ᠣᠨ᠎ᠳᠤ᠂ ᠡᠯ᠎ᠡ ᠠᠶ᠋ᠢᠮᠠᠭ ᠬᠣᠲᠠ ᠵᠢᠨ᠎ᠬᠢᠨ ᠶᠡᠷᠦᠩᠬᠡᠶ ᠱᠦᠵᠢ ᠰᠢ ᠵᠢᠨ ᠫᠢᠩ᠎ᠤᠨ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠶ ᠵᠢ ᠲᠡᠩᠴᠡᠭᠦᠷᠢᠲᠡᠶ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ》 ᠤᠰᠤ ᠵᠠᠰᠠᠬᠤ ᠰᠡᠳᠬᠢᠮᠵᠢ ᠵᠢ ᠭᠦᠨᠵᠡᠭᠡᠶ ᠲᠤᠭᠤᠰᠢᠯᠠᠭᠤᠯᠵᠤ᠂ ᠬᠠᠮᠤᠭ᠎ᠤᠨ ᠴᠢᠩᠭ᠎ᠠ ᠤᠰᠤᠨ᠎ᠤ ᠡᠬᠢ ᠰᠤᠷᠪᠤᠯᠵᠢ ᠵᠢᠨ ᠬᠠᠮᠢᠶᠠᠷᠤᠯᠲᠠ ᠵᠢᠨ ᠲᠦᠷᠢᠮ᠎ᠤᠨ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠦᠲᠦᠮᠵᠢᠲᠡᠶ ᠨᠠᠶ᠋ᠢᠳᠠᠪᠤᠷᠢᠵᠢᠭᠤᠯᠤᠨ᠂ ᠤᠰᠤ ᠵᠢ ᠠᠷᠪᠢᠯᠠᠨ ᠬᠡᠷᠡᠭᠯᠡᠬᠦ ᠵᠢ ᠭᠦᠨᠵᠡᠭᠡᠶ ᠠᠬᠢᠭᠤᠯᠵᠤ᠂ ᠤᠰᠤ ᠠᠪᠴᠤ ᠬᠡᠷᠡᠭᠯᠡᠬᠦ ᠵᠢᠨ ᠬᠢᠨᠠᠯᠲᠠ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠨ᠂ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢ ᠲᠠᠰᠤᠷᠠᠯᠲᠠ ᠥᠬᠡᠶ ᠴᠢᠩᠭ᠋ᠠᠳᠬᠠᠵᠤ᠂ ᠤᠰᠤᠨ᠎ᠤ ᠠᠮᠢ ᠠᠬᠤᠶ ᠵᠢ ᠵᠠᠰᠠᠨ ᠰᠡᠷᠭᠦᠭᠡᠬᠦ ᠦᠷ᠎ᠡ ᠪᠦᠲᠦᠮᠵᠢ ᠢᠯᠡᠷᠬᠡᠶ ᠪᠣᠯᠵᠣ᠂ ᠭᠤᠤᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠵᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠲᠤᠯᠠᠭ᠎ᠠ ᠵᠢᠨ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠤᠰᠤᠨ᠎ᠤ ᠡᠬᠢ ᠰᠤᠷᠪᠤᠯᠵᠢ ᠵᠢᠨ ᠬᠠᠲᠠᠭᠤ ᠬᠢᠵᠠᠭ᠋ᠠᠷᠯᠠᠯ᠎ᠤᠨ ᠲᠦᠷᠢᠮ᠎ᠢ ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ ᠪᠣᠬᠢᠷᠲᠤᠯ ᠥᠬᠡᠶ ᠴᠢᠨᠠᠷ ᠰᠠᠶ᠋ᠢᠲᠠᠶ ᠬᠥᠭᠵᠢᠭᠦᠯᠬᠦ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠪᠠ᠃ 2021 ᠣᠨ᠎ᠳᠤ ᠪᠥᠬᠥ ᠣᠷᠣᠨ᠎ᠤ 12 ᠠᠶ᠋ᠢᠮᠠᠭ ᠬᠣᠲᠠ ᠵᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ᠎ᠨᠢ 191.66 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠪᠠᠶ᠋ᠢᠵᠤ᠂ ᠲᠦᠮᠡᠨ ᠲᠥᠭᠥᠷᠢᠭ᠎ᠤᠨ GDP ᠵᠢᠨ ᠤᠰᠤ ᠬᠡᠷᠡᠭᠯᠡᠬᠦ ᠬᠡᠮᠵᠢᠶ᠎ᠡ᠎ᠨᠢ 2020 ᠣᠨ᠎ᠤ᠎ᠬᠢ᠎ᠠᠴᠠ 7.61 % ᠪᠠᠭᠤᠷᠠᠵᠤ᠂ ᠲᠦᠮᠡᠨ ᠲᠥᠭᠥᠷᠢᠭ᠎ᠤᠨ ᠠᠵᠤ ᠦᠶᠯᠡᠳᠪᠦᠷᠢ ᠵᠢᠨ ᠨᠡᠮᠡᠭᠳᠡᠯ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ᠎ᠨᠢ 2020 ᠣᠨ᠎ᠤ᠎ᠬᠢ᠎ᠠᠴᠠ 6.59 % ᠪᠠᠭᠤᠷᠠᠵᠤ᠂ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤᠨ᠎ᠤ ᠪᠦᠲᠦᠮᠵᠢᠲᠡᠶ ᠠᠰᠢᠭᠯᠠᠯᠲᠠ ᠵᠢᠨ ᠢᠯᠡᠳᠬᠡᠮᠵᠢ᠎ᠨᠢ 0.568 ᠪᠠᠶ᠋ᠢᠵᠤ᠂ ᠤᠯᠤᠰ᠎ᠤᠨ ᠴᠢᠬᠤᠯᠠ ᠭᠤᠤᠯ ᠮᠥᠷᠡᠨ ᠨᠠᠭᠤᠷ ᠴᠥᠭᠥᠷᠥᠮ᠎ᠤᠨ ᠤᠰᠤᠨ᠎ᠤ ᠴᠢᠳᠠᠮᠵᠢ ᠵᠢᠨ ᠣᠷᠣᠨ᠎ᠤ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠭᠦᠷᠦᠭᠰᠡᠨ ᠨᠣᠷᠮ᠎ᠠ᠎ᠨᠢ 72.25 % ᠪᠠᠶ᠋ᠢᠵᠤ᠂ ᠤᠯᠤᠰ᠎ᠤᠨ ᠬᠢᠨᠠᠨ ᠰᠢᠯᠭ᠋ᠠᠵᠤ ᠡᠵᠡᠮᠳᠡᠬᠦ ᠬᠠᠷᠠᠯᠲᠠ᠎ᠳᠤ ᠬᠥᠷᠪᠡ᠃
ᠰᠢᠯᠭ᠋ᠠᠨ ᠬᠢᠨᠠᠬᠤ ᠠᠵᠢᠯ᠎ᠤᠨ ᠳᠤᠭᠤᠶ᠋ᠢᠯᠠᠩ᠎ᠨᠢ 12 ᠠᠶ᠋ᠢᠮᠠᠭ ᠬᠣᠲᠠ ᠵᠢᠨ ᠬᠠᠷᠠᠯᠲᠠ ᠵᠢ ᠪᠡᠶᠡᠯᠡᠭᠦᠯᠦᠭᠰᠡᠨ ᠪᠠᠶ᠋ᠢᠳᠠᠯ᠂ ᠳᠦᠷᠢᠮ᠎ᠤᠨ ᠪᠠᠶ᠋ᠢᠭᠤᠯᠤᠯᠲᠠ ᠪᠠ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠶᠡᠷᠦᠩᠬᠡᠶ᠋ᠢᠯᠡᠭᠰᠡᠨ ᠦᠨᠡᠯᠡᠯᠲᠡ ᠬᠢᠵᠦ᠂ ᠴᠢᠩᠭ᠎ᠠ ᠬᠢᠨᠠᠨ ᠲᠣᠭᠲᠠᠭ᠋ᠠᠬᠤ᠎ᠪᠠᠷ ᠳᠠᠮᠵᠢᠨ᠂ ᠰᠢᠯᠭ᠋ᠠᠨ ᠬᠢᠨᠠᠭᠰᠠᠨ ᠦᠷ᠎ᠡ ᠳ᠋ᠦᠩ᠎ᠢ ᠪᠤᠶ ᠪᠣᠯᠭ᠋ᠠᠵᠠᠢ ᠃ 12 ᠠᠶ᠋ᠢᠮᠠᠭ ᠬᠣᠲᠠ ᠵᠢᠨ 2021 ᠣᠨ᠎ᠤ ᠰᠢᠯᠭ᠋ᠠᠨ ᠬᠢᠨᠠᠬᠤ 7 ᠠᠶ᠋ᠢᠮᠠᠭ ᠬᠣᠲᠠ ᠵᠢ ᠰᠠᠶ᠋ᠢᠨ ᠰᠠᠶ᠋ᠢᠬᠠᠨ ᠲᠠᠰ ᠵᠶ᠋ᠠᠷ ᠦᠨᠡᠮᠯᠡᠵᠦ᠂ 5 ᠠᠶ᠋ᠢᠮᠠᠭ ᠬᠣᠲᠠ ᠵᠢ ᠬᠢᠷᠢ ᠲᠡᠩᠴᠡᠭᠰᠡᠨ ᠲᠠᠰ ᠵᠶ᠋ᠠᠷ ᠦᠨᠡᠮᠯᠡᠵᠡᠢ ᠃
2022 ᠣᠨ᠎ᠳᠤ᠂ ᠡᠯ᠎ᠡ ᠠᠶ᠋ᠢᠮᠠᠭ ᠬᠣᠲᠠ ᠵᠢᠨ᠎ᠬᠢᠨ ᠶᠡᠷᠦᠩᠬᠡᠶ ᠱᠦᠵᠢ ᠰᠢ ᠵᠢᠨ ᠫᠢᠩ᠎ᠤᠨ ᠤᠰᠤ ᠵᠠᠰᠠᠬᠤ 《ᠠᠷᠪᠠᠨ ᠵᠢᠷᠭᠤᠭ᠋ᠠᠨ ᠥᠰᠥᠭ》᠎ᠤᠨ ᠰᠡᠳᠬᠢᠮᠵᠢ ᠪᠣᠯᠤᠨ ᠤᠰᠤ ᠵᠠᠰᠠᠬᠤ ᠲᠤᠬᠠᠶ ᠴᠢᠬᠤᠯᠠ ᠶᠠᠷᠢᠶ᠎ᠠ ᠵᠢᠭ᠋ᠠᠪᠤᠷᠢ ᠴᠣᠬᠣᠯᠠᠪᠤᠷᠢ ᠵᠢ ᠭᠦᠨᠵᠡᠭᠡᠶ ᠰᠤᠷᠤᠯᠴᠠᠨ ᠣᠶ᠋ᠢᠯᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ᠂ ᠤᠰᠤ ᠠᠷᠪᠢᠯᠠᠬᠤ ᠤᠰᠤ ᠡᠵᠡᠮᠳᠡᠬᠦ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠤᠰᠤᠨ᠎ᠤ ᠡᠬᠢ ᠰᠤᠷᠪᠤᠯᠵᠢ ᠵᠢᠨ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠵᠤ᠂ 《ᠳᠥᠷᠪᠡᠨ ᠤᠰᠤ ᠳᠥᠷᠪᠡᠨ ᠲᠣᠭᠲᠠᠭ᠋ᠠᠯ》᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠤᠰᠤᠨ᠎ᠤ ᠡᠬᠢ ᠰᠤᠷᠪᠤᠯᠵᠢ ᠵᠢᠨ ᠬᠠᠮᠤᠭ᠎ᠤᠨ ᠴᠢᠩᠭ᠎ᠠ ᠬᠠᠮᠢᠶᠠᠷᠤᠯᠲᠠ ᠵᠢᠨ ᠲᠦᠷᠢᠮ᠎ᠢ ᠦᠷᠭᠦᠯᠵᠢᠯᠡᠨ ᠠᠬᠢᠭᠤᠯᠬᠤ ᠪᠠ ᠨᠠᠶ᠋ᠢᠳᠠᠪᠤᠷᠢᠵᠢᠭᠤᠯᠵᠤ᠂ ᠤᠰᠤᠨ᠎ᠤ ᠡᠬᠢ ᠰᠤᠷᠪᠤᠯᠵᠢ ᠵᠢᠨ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠪᠣᠯᠤᠨ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠤᠰᠤ ᠬᠡᠷᠡᠭᠯᠡᠬᠦ ᠠᠷᠭ᠎ᠠ ᠬᠡᠯᠪᠡᠷᠢ ᠵᠢ ᠪᠦᠳᠦᠭᠦᠯᠢᠭ ᠪᠥᠭᠡᠳ ᠳᠤᠤᠷ᠎ᠠ ᠦᠷ᠎ᠡ ᠪᠦᠲᠦᠮᠵᠢᠲᠡᠶ ᠪᠠᠶ᠋ᠢᠭᠰᠠᠨ᠎ᠠᠴᠠ ᠠᠷᠪᠢᠲᠠᠶ ᠡᠷᠴᠢᠮᠯᠢᠭ ᠪᠣᠯᠭ᠋ᠠᠨ ᠬᠤᠪᠢᠷᠠᠭᠤᠯᠬᠤ ᠵᠢ ᠠᠬᠢᠭᠤᠯᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠬᠢᠭᠡᠳ ᠤᠰᠤᠨ᠎ᠤ ᠡᠬᠢ ᠰᠤᠷᠪᠤᠯᠵᠢ ᠵᠢᠨ ᠳᠠᠭ᠋ᠠᠭ᠋ᠠᠴᠠ ᠵᠢᠨ ᠴᠢᠳᠠᠪᠤᠷᠢ ᠵᠢᠨ ᠬᠠᠷᠢᠯᠴᠠᠨ ᠵᠣᠬᠢᠴᠠᠯᠳᠤᠬᠤ ᠵᠢ ᠠᠬᠢᠭᠤᠯᠬᠤ ᠬᠡᠷᠡᠭᠲᠡᠶ᠃
2022 ᠣᠨ᠎ᠤ 8 ᠳ᠋ᠤᠭ᠋ᠠᠷ ᠰᠠᠷ᠎ᠠ ᠵᠢᠨ 19᠎ᠤ ᠡᠳᠦᠷ