ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠯᠲᠡᠶ ᠲᠣᠬᠢᠷᠠᠭᠤᠯᠤᠯᠲᠠ ᠵᠢᠨ ᠶᠣᠰᠣᠭ᠋ᠠᠷ᠂ 2022 ᠣᠨ᠎ᠤ 9 ᠳ᠋ᠦ᠍ᠭᠡᠷ ᠰᠠᠷ᠎ᠠ ᠵᠢᠨ 19᠎ᠤ ᠡᠳᠦᠷ᠎ᠠᠴᠠ 10 ᠳ᠋ᠤᠭ᠋ᠠᠷ ᠰᠠᠷ᠎ᠠ ᠵᠢᠨ 16᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠬᠣᠶᠠᠳᠤᠭ᠋ᠠᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠳᠤ 《ᠲᠠᠪᠤᠨ ᠶᠡᠬᠡ ᠦᠨᠳᠦᠰᠦᠨ᠎ᠠᠴᠠ᠎ᠨᠢ ᠵᠠᠰᠠᠬᠤ》ᠠᠵᠢᠯᠯᠠᠭ᠎ᠠ ᠵᠢ ᠠᠬᠢᠭᠤᠯᠵᠤ ᠲᠤᠰᠬᠠᠶ ᠲᠣᠭᠣᠷᠢᠨ ᠪᠠᠢ᠌ᠴᠠᠭ᠋ᠠᠯᠲᠠ ᠥᠷᠨᠢᠭᠦᠯᠪᠡ᠃ ᠲᠣᠭᠣᠷᠢᠨ ᠪᠠᠢ᠌ᠴᠠᠭ᠋ᠠᠬᠤ ᠬᠤᠭᠤᠴᠠᠭ᠋ᠠᠨ᠎ᠳᠤ᠂ ᠲᠣᠭᠣᠷᠢᠨ ᠪᠠᠢ᠌ᠴᠠᠭ᠋ᠠᠬᠤ ᠳᠤᠭᠤᠢ᠌ᠯᠠᠩ 《ᠲᠠᠪᠤᠨ ᠶᠡᠬᠡ ᠦᠨᠳᠦᠰᠦᠨ᠎ᠠᠴᠠ᠎ᠨᠢ ᠵᠠᠰᠠᠬᠤ》 ᠠᠵᠢᠯᠯᠠᠭ᠎ᠠ ᠵᠢᠨ ᠠᠵᠢᠯ᠎ᠤᠨ ᠠᠬᠢᠴᠠ ᠵᠢᠨ ᠪᠠᠢ᠌ᠳᠠᠯ᠂ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠪᠠᠢ᠌ᠳᠠᠯ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠭᠰᠠᠨ ᠪᠠᠢ᠌ᠳᠠᠯ ᠵᠡᠷᠭᠡ ᠵᠢ ᠭᠣᠤᠯᠳᠠᠯᠭ᠎ᠠ᠎ᠲᠠᠢ ᠣᠢ᠌ᠯᠠᠭ᠋ᠠᠵᠤ᠂ ᠭᠣᠤᠯᠳᠠᠭᠤ 《ᠲᠠᠪᠤᠨ ᠶᠡᠬᠡ ᠦᠨᠳᠦᠰᠦᠨ᠎ᠠᠴᠠ᠎ᠨᠢ ᠵᠠᠰᠠᠬᠤ》 ᠠᠵᠢᠯᠯᠠᠭ᠎ᠠ ᠵᠢ ᠠᠬᠢᠭᠤᠯᠬᠤ ᠬᠣᠯᠪᠣᠭᠳᠠᠯ ᠪᠥᠬᠥᠶ ᠠᠰᠠᠭᠤᠳᠠᠯ᠎ᠤᠨ ᠲᠤᠬᠠᠶ ᠲᠤᠰᠬᠠᠯ᠎ᠢ ᠭᠥᠯᠢᠶᠡᠨ ᠠᠪᠴᠤ ᠰᠢᠢᠳᠪᠦᠷᠢᠯᠡᠨ᠎ᠡ ᠃ ᠲᠣᠭᠣᠷᠢᠨ ᠪᠠᠢ᠌ᠴᠠᠭ᠋ᠠᠨ ᠬᠦᠯᠢᠶᠡᠨ ᠠᠪᠴᠤ ᠰᠢᠢ᠍ᠳᠪᠦᠷᠢᠯᠡᠬᠦ ᠬᠡᠪᠴᠢᠶᠡᠨ᠎ᠳᠤ ᠦᠯᠦ ᠪᠠᠭᠲᠠᠬᠤ ᠪᠤᠰᠤᠳ ᠵᠠᠬᠢᠳᠠᠯ ᠰᠤᠷᠪᠤᠯᠵᠢᠯᠠᠭ᠎ᠠ ᠵᠢᠨ ᠠᠰᠠᠭᠤᠳᠠᠯ᠎ᠢ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠲᠠᠯ᠎ᠠ ᠵᠢᠨ᠎ᠬᠢᠨ᠎ᠳᠤ ᠲᠤᠰᠢᠶᠠᠵᠤ ᠨᠠᠷᠢᠨ ᠬᠢᠨᠠᠮᠠᠭ᠋ᠠᠢ ᠰᠢᠢ᠍ᠳᠪᠦᠷᠢᠯᠡᠭᠦᠯᠦᠨ᠎ᠡ ᠃
ᠲᠣᠭᠣᠷᠢᠨ ᠪᠠᠢ᠌ᠴᠠᠭ᠋ᠠᠬᠤ ᠬᠤᠭᠤᠴᠠᠭ᠋ᠠᠨ᠎ᠳᠤ᠂ ᠲᠣᠭᠣᠷᠢᠨ ᠪᠠᠢ᠌ᠴᠠᠭ᠋ᠠᠬᠤ ᠳᠤᠭᠤᠢ᠌ᠯᠠᠩ ᠲᠤᠰᠬᠠᠢ ᠵᠢᠵᠢᠭᠦᠷᠯᠡᠬᠦ ᠤᠲᠠᠰᠤ ᠲᠤᠬᠢᠷᠠᠭᠤᠯᠪᠠ᠄ 0471-2570824᠂ ᠡᠳᠦᠷ ᠪᠦᠷᠢ ᠵᠢᠨ ᠬᠦᠯᠢᠶᠠᠨ ᠠᠪᠴᠤ ᠰᠢᠢ᠍ᠳᠪᠦᠷᠢᠯᠡᠬᠦ ᠤᠲᠠᠰᠤ᠎ᠨᠢ 8 ᠄00᠎ᠠᠴᠠ 18 ᠄00 ᠪᠣᠯᠤᠨ᠎ᠠ ; ᠰᠢᠦᠳᠠᠨ ᠬᠠᠢ᠌ᠷᠴᠠᠭ᠄ ᠥᠪᠥᠷ ᠮᠣᠩᠭᠣᠯ᠎ᠤᠨ ᠬᠥᠬᠡᠬᠣᠲᠠ ᠵᠢᠨ A926 ᠰᠢᠦᠳᠠᠨ ᠬᠠᠢ᠌ᠷᠴᠠᠭ ; ᠢᠮᠧᠯ᠄ zzqxs21@163.com ; ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠰᠤᠷᠪᠤᠯᠵᠢᠯᠠᠯ᠎ᠢ ᠭᠥᠯᠢᠶᠡᠨ ᠠᠪᠬᠤ ᠭᠠᠵᠠᠷ᠄ ᠥᠪᠥᠷ ᠮᠣᠩᠭᠣᠯ᠎ᠤᠨ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠬᠥᠯᠥᠨ ᠡᠮᠦᠨ᠎ᠡ ᠵᠠᠮ᠎ᠤᠨ 119 ᠨᠣᠮᠧᠷᠲᠤ ᠺᠠᠶ ᠶᠤᠸᠠᠨ ᠮᠢᠩ ᠳ᠋ᠦ᠋ ᠲᠣᠮᠣ ᠪᠠᠭᠤᠳᠠᠯ᠎ᠤᠨ 1631 ᠥᠷᠥᠭᠡ᠃ ᠡᠭᠦᠨ᠎ᠤ ᠬᠠᠮᠲᠤ᠂ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠬᠥᠯᠥᠨ ᠡᠮᠦᠨ᠎ᠡ ᠵᠠᠮ᠎ᠤᠨ 119 ᠳ᠋ᠦ᠍ᠭᠡᠷ ᠲᠣᠭ᠋ᠠᠲᠤ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠯᠪᠠᠨ ᠠᠰᠠᠷ᠎ᠤᠨ ᠨᠢᠭᠡᠳᠦᠭᠡᠷ ᠳᠠᠪᠬᠤᠷᠯᠢᠭ᠂ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠬᠥᠯᠥᠨ ᠡᠮᠦᠨ᠎ᠡ ᠵᠠᠮ᠎ᠤᠨ 9 ᠳ᠋ᠦ᠍ᠭᠡᠷ ᠨᠣᠮᠧᠷᠲᠤ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢᠯᠡᠰ᠎ᠤᠨ ᠬᠥᠭᠵᠢᠯᠲᠡ ᠵᠢᠨ ᠲᠥᠪ᠎ᠤᠨ 2 ᠳ᠋ᠤᠭ᠋ᠠᠷ ᠨᠣᠮᠧᠷᠲᠤ ᠠᠰᠠᠷ᠎ᠤᠨ ᠡᠭᠦᠳᠡᠨ ᠲᠢᠩᠬᠢᠮ᠂ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠶᠡᠬᠡ ᠰᠤᠷᠭ᠋ᠠᠭᠤᠯᠢ ᠵᠢᠨ ᠵᠡᠭᠦᠨ ᠵᠡᠭᠡᠯᠢ ᠵᠢᠨ 120 ᠳ᠋ᠤᠭ᠋ᠠᠷ ᠨᠣᠮᠧᠷᠲᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠠᠯᠪᠠᠨ ᠠᠰᠠᠷ᠎ᠤᠨ ᠨᠢᠭᠡᠳᠦᠭᠡᠷ ᠳᠠᠪᠬᠤᠷᠯᠢᠭ᠎ᠤᠨ ᠡᠭᠦᠳᠡᠨ ᠲᠢᠩᠬᠢᠮ᠂ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠬᠥᠯᠥᠨ ᠡᠮᠦᠨ᠎ᠡ ᠵᠠᠮ᠎ᠤᠨ 119 ᠳ᠋ᠦ᠍ᠭᠡᠷ ᠨᠣᠮᠧᠷᠲᠤ ᠺᠠᠶ ᠶᠤᠸᠠᠨ ᠮᠢᠩ ᠳ᠋ᠦ᠋ ᠲᠣᠮᠣ ᠪᠠᠭᠤᠳᠠᠯ᠎ᠤᠨ ᠭᠣᠤᠯ ᠡᠭᠦᠳᠡᠨ᠎ᠳᠤ ᠬᠠᠷᠢᠯᠴᠠᠬᠤ ᠵᠠᠬᠢᠳᠠᠯ᠎ᠤᠨ ᠬᠠᠢ᠌ᠷᠴᠠᠭ ᠭᠠᠷᠭ᠋ᠠᠵᠤ᠂ ᠵᠠᠬᠢᠳᠠᠯ ᠰᠤᠷᠪᠤᠯᠵᠢᠯᠠᠭ᠎ᠠ ᠵᠢ ᠭᠥᠯᠢᠶᠡᠨ ᠠᠪᠬᠤ ᠴᠠᠭ 10 ᠳ᠋ᠤᠭ᠋ᠠᠷ ᠰᠠᠷ᠎ᠠ ᠵᠢᠨ 16᠎ᠤ ᠡᠳᠦᠷ ᠪᠣᠯᠲᠠᠯ᠎ᠠ ᠶᠠᠪᠤᠭᠳᠠᠨ᠎ᠠ᠃