ᠲᠢᠩᠬᠢᠮ᠎ᠤᠨ ᠬᠠᠷᠢᠶ᠎ᠠ ᠡᠯ᠎ᠡ ᠨᠢᠭᠡᠴᠢ ᠵᠢᠨ ᠨᠠᠮ᠎ᠤᠨ ᠬᠣᠷᠢᠶ᠎ᠠ (ᠶᠡᠷᠦᠩᠬᠡᠶ ᠡᠭᠦᠷ᠂ ᠡᠭᠦᠷ)᠂ ᠲᠢᠩᠬᠢᠮ᠎ᠤᠨ ᠪᠠᠶ᠋ᠢᠭᠤᠯᠭ᠎ᠠ ᠵᠢᠨ ᠡᠯ᠎ᠡ ᠡᠭᠦᠷ᠂ ᠤᠰᠤᠨ ᠠᠰᠢᠭᠯᠠᠯᠲᠠ ᠵᠢᠨ ᠶᠠᠮᠤᠨ᠎ᠤ ᠮᠠᠯ ᠠᠵᠤ ᠠᠬᠤᠶ ᠵᠢᠨ ᠰᠠᠯᠠᠭ᠋ᠠᠨ᠎ᠤ ᠨᠠᠮ᠎ᠤᠨ ᠬᠣᠷᠢᠶ᠎ᠠ᠄
ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠤᠯᠭ᠎ᠠ ᠵᠢᠨ ᠠᠵᠢᠯ᠎ᠤᠨ ᠺᠣᠮᠢᠰ᠎ᠤᠨ 《ᠣᠷᠣᠨ᠎ᠤ ᠰᠢᠭᠤᠳ ᠬᠠᠷᠢᠶ᠎ᠠ ᠪᠠᠶ᠋ᠢᠭᠤᠯᠤᠯᠭ᠎ᠠ ᠵᠢᠨ ᠠᠷᠢᠭᠤᠨ ᠴᠢᠬᠡᠴᠢ ᠰᠣᠶᠣᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠠᠷᠢᠭᠤᠨ ᠴᠢᠬᠡᠴᠢ ᠰᠣᠶᠣᠯ᠎ᠤᠨ ᠪᠠᠶ᠋ᠢᠭᠤᠯᠤᠯᠲᠠ᠎ᠳᠤ ᠦᠵᠡᠭᠦᠯᠬᠦ ᠭᠡᠷ ᠪᠦᠯᠢ ᠵᠢᠨ ᠬᠥᠮᠦᠵᠢᠯ ᠭᠡᠷ᠎ᠤᠨ ᠰᠤᠷᠲᠠᠯ᠎ᠤᠨ ᠪᠠᠶ᠋ᠢᠭᠤᠯᠤᠯᠲᠠ ᠵᠢᠨ ᠴᠢᠬᠤᠯᠠ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠬᠤ ᠵᠢᠨ ᠲᠤᠰᠠᠳᠠ᠂ ᠮᠠᠨ᠎ᠤ ᠲᠢᠩᠬᠢᠮ᠎ᠠᠴᠠ 《ᠤᠰᠤᠨ ᠠᠰᠢᠭᠯᠠᠯᠲᠠ ᠵᠢᠨ ᠠᠷᠢᠭᠤᠨ ᠴᠢᠭᠴᠢ ᠰᠤᠷᠲᠠᠯ ᠵᠶ᠋ᠠᠷ ᠂ ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠬᠤ — ᠰᠠᠶ᠋ᠢᠨ ᠭᠡᠷ ᠪᠦᠯᠢ᠂ ᠰᠠᠶ᠋ᠢᠨ ᠭᠡᠷ᠎ᠤᠨ ᠰᠤᠷᠲᠠᠯ᠂ ᠰᠠᠶ᠋ᠢᠨ ᠭᠡᠷ᠎ᠤᠨ ᠰᠤᠷᠭ᠋ᠠᠯ》 ᠭᠡᠬᠦ ᠭᠣᠣᠯ ᠰᠡᠳᠦᠪᠲᠦ ᠵᠣᠬᠢᠶᠠᠯ ᠡᠯᠰᠡᠬᠦ ᠬᠥᠳᠡᠯᠭᠡᠭᠡᠨ ᠥᠷᠨᠢᠭᠦᠯᠬᠦ ᠪᠣᠯᠤᠨ᠎ᠠ᠂ ᠡᠳᠦᠭᠡ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠄
ᠨᠢᠭᠡ ᠂ ᠭᠣᠣᠯ ᠰᠡᠳᠦᠪ
《 ᠰᠠᠶ᠋ᠢᠨ ᠭᠡᠷ ᠪᠦᠯᠢ᠂ ᠰᠠᠶ᠋ᠢᠨ ᠭᠡᠷ᠎ᠤᠨ ᠰᠤᠷᠲᠠᠯ᠂ ᠰᠠᠶ᠋ᠢᠨ ᠭᠡᠷ᠎ᠤᠨ ᠰᠤᠷᠭ᠋ᠠᠯ 》᠎ᠤᠨ ᠪᠠᠶ᠋ᠢᠭᠤᠯᠤᠯᠲᠠ ᠵᠢ ᠥᠷᠨᠢᠭᠦᠯᠬᠦ᠎ᠪᠠᠷ ᠭᠤᠤᠯ ᠰᠡᠳᠦᠪ ᠪᠣᠯᠭ᠋ᠠᠨ᠎ᠠ᠃
ᠬᠣᠶᠠᠷ ᠂ ᠵᠣᠬᠢᠶᠠᠯ ᠡᠯᠰᠡᠬᠦ ᠡᠲᠡᠭᠡᠳ
ᠲᠢᠩᠬᠢᠮ᠎ᠤᠨ ᠪᠠᠶ᠋ᠢᠭᠤᠯᠭ᠎ᠠ᠂ ᠲᠢᠩᠬᠢᠮ᠎ᠤᠨ ᠬᠠᠷᠢᠶ᠎ᠠ ᠡᠯ᠎ᠡ ᠨᠢᠭᠡᠴᠡ ᠂ ᠤᠰᠤᠨ ᠠᠰᠢᠭᠯᠠᠯᠲᠠ ᠵᠢᠨ ᠶᠠᠮᠤᠨ᠎ᠤ ᠮᠠᠯᠵᠢᠬᠤ ᠣᠷᠣᠨ᠎ᠤ ᠤᠰᠤᠨ ᠠᠰᠢᠭᠯᠠᠯᠲᠠ ᠵᠢᠨ ᠰᠢᠨᠵᠢᠯᠡᠨ ᠰᠤᠳᠤᠯᠬᠤ ᠰᠠᠯᠠᠭ᠎ᠠ ᠵᠢᠨ ᠰᠠᠯᠠᠭ᠋ᠠᠨ ᠲᠠᠰ ᠵᠢᠴᠢ ᠲᠡᠭᠦᠨ᠎ᠠᠴᠠ ᠳᠡᠭᠡᠭᠰᠢᠬᠢ ᠺᠠᠳ᠋ᠷ᠃
ᠭᠤᠷᠪᠠ᠂ ᠡᠯᠰᠡᠬᠦ ᠵᠣᠬᠢᠶᠠᠯ᠎ᠤᠨ ᠠᠭᠤᠯᠭ᠎ᠠ
(ᠨᠢᠭᠡ) ᠶᠡᠷᠦᠩᠬᠡᠶ ᠱᠦᠵᠢ ᠰᠢ ᠵᠢᠨ ᠫᠢᠩ᠎ᠤᠨ ᠬᠡᠷ ᠪᠦᠯᠢ ᠵᠢᠨ ᠬᠥᠮᠦᠵᠢᠯ ᠬᠡᠷ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠬᠤᠯᠠᠴᠢᠯᠠᠬᠤ ᠲᠤᠬᠠᠶ ᠴᠢᠬᠤᠯᠠ ᠥᠭᠦᠯᠡᠯᠲᠡ ᠵᠢ ᠰᠤᠷᠤᠯᠴᠠᠵᠤ᠂ ᠲᠣᠰ ᠪᠡᠶ᠎ᠡ ᠵᠢᠨ ᠪᠣᠳᠠᠲᠠᠶ᠎ᠲᠠᠢ᠎ᠪᠠᠨ ᠤᠶᠠᠯᠳᠤᠭᠤᠯᠤᠨ ᠣᠯᠤᠯᠲᠠ ᠲᠥᠷᠥᠭᠳᠡᠯ ᠵᠶ᠋ᠠᠨ ᠶᠠᠷᠢᠨ᠎ᠠ᠃
(ᠬᠣᠶᠠᠷ) 《ᠭᠡᠷ ᠪᠦᠯᠢ ᠵᠢᠨ ᠰᠤᠷᠲᠠᠯ ᠭᠡᠷ᠎ᠤᠨ ᠰᠤᠷᠭ᠋ᠠᠯ᠎ᠤᠨ ᠪᠠᠶ᠋ᠢᠭᠤᠯᠤᠯᠲᠠ ᠵᠢ ᠴᠢᠬᠤᠯᠠᠴᠢᠯᠠᠵᠤ᠂ ᠢᠯᠵᠠᠷᠠᠯ᠎ᠢ ᠡᠰᠡᠷᠭᠦᠴᠡᠨ ᠠᠷᠢᠭᠤᠨ ᠴᠢᠬᠡᠴᠢ ᠵᠢ ᠡᠷᠬᠢᠮᠯᠡᠬᠦ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠬᠤ》 ᠪᠣᠳᠣᠯᠬᠢᠯᠠᠯ ᠪᠠ ᠦᠢ᠍ᠯᠡᠳᠦᠯᠭᠡ ᠵᠢᠨ ᠲᠤᠬᠠᠢ ᠥᠪᠡᠷ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠣᠯᠤᠯᠲᠠ ᠲᠥᠷᠥᠭᠳᠡᠯ ᠵᠶ᠋ᠠᠨ ᠶᠠᠷᠢᠪᠠ᠃
(ᠭᠤᠷᠪᠠ) ᠰᠠᠢ᠍ᠢ᠍ᠨ ᠭᠡᠷ᠎ᠤᠨ ᠰᠤᠷᠲᠠᠯ᠂ ᠰᠠᠢ᠍ᠢ᠍ᠨ ᠭᠡᠷ᠎ᠤᠨ ᠰᠤᠷᠭ᠋ᠠᠯ᠎ᠢ ᠤᠯᠠᠮᠵᠢᠯᠠᠨ ᠵᠠᠯᠭ᠋ᠠᠮᠵᠢᠯᠠᠬᠤ ᠲᠤᠬᠠᠢ ᠰᠣᠩᠭᠣᠳᠠᠭ ᠦᠯᠢᠭᠡᠷ᠎ᠢ ᠶᠠᠷᠢᠨ᠎ᠠ᠃
ᠵᠣᠬᠢᠶᠠᠯ ᠡᠯᠰᠡᠬᠦ᠎ᠳᠡᠭᠡᠨ ᠳᠡᠭᠡᠷᠡᠬᠢ ᠰᠡᠳᠦᠪ ᠰᠣᠩᠭᠣᠬᠤ ᠬᠡᠪᠴᠢᠶ᠎ᠡ ᠪᠤᠶᠤ ᠴᠢᠭᠯᠡᠯ᠎ᠲᠠᠢ ᠤᠶᠠᠯᠳᠤᠭᠤᠯᠵᠤ ᠪᠣᠯᠤᠨ᠎ᠠ᠂ ᠭᠡᠪᠡᠴᠦ ᠵᠥᠪᠬᠡᠨ ᠳᠡᠭᠡᠷᠡᠬᠢ ᠠᠭᠤᠯᠭ᠎ᠠ᠎ᠳᠤ ᠬᠢᠵᠠᠭ᠋ᠠᠷᠯᠠᠭᠳᠠᠬᠤ ᠪᠢᠰᠢ᠂ ᠭᠠᠷᠴᠠᠭ᠎ᠢ ᠥᠪᠡᠷᠲᠡᠭᠡᠨ ᠲᠤᠭᠤᠷᠪᠢᠨ᠎ᠠ᠃
ᠳᠥᠷᠪᠡ᠂ ᠵᠣᠬᠢᠶᠠᠯ᠎ᠤᠨ ᠰᠢᠯᠭ᠋ᠠᠷᠠᠭᠤᠯᠤᠯᠲᠠ ᠬᠢᠭᠡᠳ ᠱᠠᠩᠨᠠᠯ᠎ᠤᠨ ᠲᠣᠬᠢᠷᠠᠭᠤᠯᠤᠯ
ᠲᠣᠰ ᠤᠳᠠᠭ᠋ᠠᠨ᠎ᠤ ᠵᠣᠬᠢᠶᠠᠯ ᠡᠯᠰᠡᠬᠦ ᠬᠥᠳᠡᠯᠭᠡᠭᠡᠨ ᠢ ᠤᠰᠤᠨ ᠠᠰᠢᠭᠯᠠᠯᠲᠠ ᠵᠢᠨ ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ᠎ᠠᠴᠠ ᠬᠢᠨᠠᠨ ᠲᠣᠭᠲᠠᠭ᠋ᠠᠬᠤ ᠳᠤᠭᠤᠶ᠋ᠢᠯᠠᠩ ᠵᠣᠬᠢᠶᠠᠨ ᠪᠠᠶ᠋ᠢᠭᠤᠯᠵᠤ ᠵᠣᠬᠢᠶᠠᠯ ᠡᠯᠰᠡᠬᠦ᠎ᠳᠤ ᠰᠢᠯᠭ᠋ᠠᠷᠠᠭᠤᠯᠤᠯᠲᠠ ᠬᠢᠨ᠎ᠠ᠃ ᠰᠢᠯᠢᠳᠡᠭ ᠪᠦᠲᠦᠭᠡᠯ᠎ᠢ ᠥᠪᠥᠷ ᠮᠣᠩᠭᠣᠯ᠎ᠤᠨ ᠤᠰᠤᠨ ᠠᠰᠢᠭᠯᠠᠯᠲᠠ ᠵᠢᠨ ᠲᠢᠩᠬᠢᠮ᠎ᠤᠨ ᠠᠯᠪᠠᠨ ᠰᠦᠯᠵᠢᠶ᠎ᠡ ᠵᠢᠨ 《ᠤᠰᠤᠨ ᠠᠰᠢᠭᠯᠠᠯᠲᠠ ᠵᠢᠨ ᠠᠷᠢᠭᠤᠨ ᠰᠠᠯᠬᠢᠨ᠎ᠤ ᠮᠠᠭᠲᠠᠭ᠋ᠠᠯ》 ᠲᠤᠰᠬᠠᠶ ᠪᠤᠯᠤᠩ᠎ᠳᠤ ᠤᠬᠠᠭᠤᠯᠤᠨ ᠳᠡᠯᠭᠡᠨ ᠦᠵᠡᠭᠦᠯᠬᠦ ᠵᠢᠨ ᠬᠠᠮᠲᠤ ᠬᠥᠬᠢᠭᠦᠯᠦᠨ ᠱᠠᠩᠨᠠᠨ᠎ᠠ᠃
ᠲᠣᠰ ᠤᠳᠠᠭ᠋ᠠᠨ᠎ᠤ ᠵᠣᠬᠢᠶᠠᠯ ᠡᠯᠰᠡᠬᠦ ᠬᠥᠳᠡᠯᠭᠡᠭᠡᠨ᠎ᠳᠤ ᠨᠢᠭᠡᠳᠦᠭᠡᠷ ᠳᠡᠰ᠎ᠤᠨ ᠱᠠᠩᠨᠠᠯ 3 ᠨᠡᠷᠡᠰ᠂ ᠬᠣᠶᠠᠳᠤᠭ᠋ᠠᠷ ᠳᠡᠰ᠎ᠤᠨ ᠱᠠᠩᠨᠠᠯ 6 ᠨᠡᠷᠡᠰ᠂ ᠭᠤᠷᠪᠠᠳᠤᠭ᠋ᠠᠷ ᠳᠡᠰ᠎ᠤᠨ ᠱᠠᠩᠨᠠᠯ 12 ᠨᠡᠷᠡᠰ᠂ ᠵᠣᠬᠢᠶᠠᠨ ᠪᠠᠶ᠋ᠢᠭᠤᠯᠤᠭᠰᠠᠨ ᠰᠢᠯᠢᠳᠡᠭ ᠱᠠᠩᠨᠠᠯ 5 ᠨᠡᠷᠡᠰ ᠲᠣᠬᠢᠷᠠᠭᠤᠯᠵᠤ᠂ ᠱᠠᠩᠨᠠᠯ ᠭᠥᠷᠳᠡᠭᠰᠡᠳ᠎ᠲᠤ ᠤᠰᠤᠨ ᠠᠰᠢᠭᠯᠠᠯᠲᠠ ᠵᠢᠨ ᠲᠢᠩᠬᠢᠮ᠎ᠠᠴᠠ ᠱᠠᠩᠨᠠᠯ ᠭᠥᠷᠳᠡᠭᠰᠡᠨ ᠦᠨᠡᠮᠯᠡᠯ ᠵᠢᠴᠢ ᠱᠠᠩᠨᠠᠯ ᠣᠯᠭᠣᠨ᠎ᠠ᠃
ᠲᠠᠪᠤ᠂ ᠬᠣᠯᠪᠣᠭᠳᠠᠯ ᠪᠦᠬᠦᠢ ᠱᠠᠭ᠋ᠠᠷᠳᠠᠯᠭ᠎ᠠ
(ᠨᠢᠭᠡ) ᠲᠤᠰ ᠤᠳᠠᠭ᠋ᠠᠨ᠎ᠤ ᠵᠣᠬᠢᠶᠠᠯ ᠡᠯᠰᠡᠬᠦ ᠬᠥᠳᠡᠯᠭᠡᠭᠡᠨ᠎ᠨᠢ 2022 ᠣᠨ᠎ᠤ 《ᠠᠷᠢᠭᠤᠨ ᠴᠢᠬᠡᠴᠢ ᠰᠣᠶᠣᠯ》᠎ᠤᠨ ᠪᠠᠶ᠋ᠢᠭᠤᠯᠤᠯᠲᠠ ᠵᠢᠨ ᠰᠢᠷᠢᠰ ᠬᠥᠳᠡᠯᠭᠡᠭᠡᠨ ᠤ ᠴᠢᠬᠤᠯᠠ ᠭᠣᠭᠴᠣᠭ᠎ᠠ ᠪᠣᠯᠤᠭᠰᠠᠨ᠎ᠤ ᠬᠤᠪᠢ᠎ᠳᠤ᠂ ᠡᠯ᠎ᠡ ᠨᠢᠭᠡᠴᠡ᠎ᠨᠦᠭᠦᠳ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠶᠡᠬᠡᠪᠡᠷ ᠤᠬᠠᠭᠤᠯᠵᠤ᠂ ᠥᠷᠭᠡᠨ ᠵᠶ᠋ᠠᠷ ᠳᠠᠶ᠋ᠢᠴᠢᠯᠠᠬᠤ ᠬᠡᠷᠡᠭᠲᠡᠶ᠃
(ᠬᠣᠶᠠᠷ) ᠵᠣᠬᠢᠶᠠᠯ ᠡᠯᠰᠡᠬᠦ ᠪᠦᠲᠦᠭᠡᠯ᠎ᠳᠤ ᠨᠡᠶ᠋ᠢᠭᠡᠮ᠎ᠤᠨ ᠭᠤᠤᠯ ᠵᠣᠷᠢᠭ ᠰᠠᠨᠠᠭ᠎ᠠ ᠴᠤᠤᠷᠢᠶᠠᠲᠤᠭᠤᠯᠵᠤ᠂ ᠴᠠᠭ ᠦᠶ᠎ᠡ ᠵᠢᠨ ᠵᠣᠷᠢᠭ ᠰᠠᠨᠠᠭ᠎ᠠ ᠵᠢ ᠮᠠᠭᠲᠠᠨ ᠳᠠᠭᠤᠯᠠᠵᠤ᠂ ᠠᠷᠢᠭᠤᠨ ᠴᠢᠬᠡᠴᠢ ᠦᠵᠡᠯ ᠰᠠᠨᠠᠭ᠎ᠠ ᠪᠠ ᠤᠯᠠᠮᠵᠢᠯᠠᠯᠲᠤ ᠰᠠᠶ᠋ᠢᠬᠠᠨ ᠵᠠᠩ ᠰᠤᠷᠲᠠᠯ᠎ᠢ ᠢᠯᠡᠷᠡᠭᠦᠯᠬᠦ ᠬᠡᠷᠡᠭᠲᠡᠶ᠂ ᠢᠷᠡᠭᠦᠯᠦᠭᠰᠡᠨ ᠵᠣᠬᠢᠶᠠᠯ ᠨᠢ ᠡᠷᠬᠡᠪᠰᠢ ᠬᠤᠪᠢ ᠵᠢᠨ ᠪᠦᠲᠦᠭᠡᠯ ᠪᠥᠭᠡᠳ ᠢᠯᠡ᠎ᠪᠠᠷ ᠨᠡᠶ᠋ᠢᠲᠡᠯᠡᠭᠰᠡᠨ ᠥᠬᠡᠶ ᠪᠠᠶ᠋ᠢᠬᠤ ᠬᠡᠷᠡᠭᠲᠡᠶ᠃
( ᠭᠤᠷᠪᠠ ) ᠵᠣᠬᠢᠶᠠᠯ ᠡᠯᠰᠡᠬᠦ ᠡᠲᠡᠭᠡᠳ᠎ᠤᠨ ᠬᠥᠮᠦᠨ ᠨᠢᠭᠡᠪᠦᠷᠢ ᠠᠳᠠᠭ᠎ᠲᠠᠭᠠᠨ 1 ᠬᠤᠪᠢ ᠵᠣᠬᠢᠶᠠᠯ ᠶᠠᠪᠤᠭᠤᠯᠵᠤ᠂ ᠦᠰᠦᠭ᠎ᠤᠨ ᠲᠣᠭ᠎ᠠ ᠵᠢ 2000 ᠦᠰᠦᠭ᠎ᠤᠨ ᠳᠣᠲᠣᠷ᠎ᠠ ᠬᠢᠵᠠᠭ᠋ᠠᠷᠯᠠᠨ᠂ ᠵᠣᠬᠢᠶᠠᠯ ᠢᠯᠡᠭᠡᠬᠦ ᠬᠠᠮᠤᠭ᠎ᠤᠨ ᠢᠯᠡᠭᠦᠦ ᠲᠣᠭ᠋ᠠᠨ᠎ᠤ ᠬᠡᠮᠵᠢᠶ᠎ᠡ ᠵᠢ ᠬᠢᠵᠠᠭ᠋ᠠᠷᠯᠠᠬᠤ ᠦᠭᠡᠢ ᠃
(ᠳᠥᠷᠪᠡ) ᠢᠯᠡᠭᠡᠭᠰᠡᠨ ᠵᠣᠬᠢᠶᠠᠯ᠎ᠢ ᠲᠢᠩᠬᠢᠮ᠎ᠤᠨ ᠬᠠᠷᠢᠶ᠎ᠠ ᠡᠯ᠎ᠡ ᠨᠢᠭᠡᠴᠡ ᠵᠢᠨ ᠨᠠᠮ᠎ᠤᠨ ᠬᠣᠷᠢᠶ᠎ᠠ (ᠶᠡᠷᠦᠩᠬᠡᠶ ᠡᠭᠦᠷ᠂ ᠰᠠᠯᠪᠤᠷᠢ ᠡᠭᠦᠷ)᠂ ᠲᠢᠩᠬᠢᠮ᠎ᠤᠨ ᠪᠠᠶ᠋ᠢᠭᠤᠯᠤᠯᠭ᠎ᠠ ᠵᠢᠨ ᠡᠯ᠎ᠡ ᠡᠭᠦᠷ᠂ ᠤᠰᠤᠨ ᠠᠰᠢᠭᠯᠠᠯᠲᠠ ᠵᠢᠨ ᠶᠠᠮᠤᠨ᠎ᠤ ᠮᠠᠯ ᠠᠵᠤ ᠠᠬᠤᠶ ᠵᠢᠨ ᠰᠠᠯᠠᠭ᠋ᠠᠨ᠎ᠤ ᠨᠠᠮ᠎ᠤᠨ ᠬᠣᠷᠢᠶ᠎ᠠ᠎ᠠᠴᠠ ᠠᠩᠬ᠎ᠠ ᠬᠢᠨᠠᠭᠰᠠᠨ᠎ᠤ ᠳᠠᠷᠠᠭ᠎ᠠ ᠨᠢᠭᠡᠳᠦᠯᠲᠡᠶ ᠢᠯᠡᠭᠡᠨ᠎ᠡ ᠃
(ᠲᠠᠪᠤ) ᠵᠣᠬᠢᠶᠠᠯ ᠡᠯᠰᠡᠬᠦ ᠬᠥᠳᠡᠯᠭᠡᠭᠡᠨ᠎ᠢ ᠠᠯᠪᠠᠨ ᠪᠢᠴᠢᠭ ᠶᠠᠪᠤᠭᠤᠯᠤᠭᠰᠠᠨ ᠡᠳᠦᠷ᠎ᠠᠴᠠ ᠡᠬᠢᠯᠡᠨ 2022 ᠣᠨ᠎ᠤ 9 ᠳ᠋ᠦᠭᠡᠷ ᠰᠠᠷ᠎ᠠ ᠵᠢᠨ 30᠎ᠤ ᠡᠳᠦᠷ ᠪᠣᠯᠲᠠᠯ᠎ᠠ᠂ ᠵᠣᠬᠢᠶᠠᠯ ᠢᠯᠡᠭᠡᠬᠦ ᠦᠶ᠎ᠡ᠎ᠳᠤ word ᠬᠡᠯᠪᠡᠷᠢ ᠵᠢᠨ ᠡᠯᠧᠺᠲᠷᠣᠨ ᠬᠡᠪᠯᠡᠯ᠎ᠤᠨ ᠵᠣᠬᠢᠶᠠᠯ ᠬᠠᠩᠭ᠋ᠠᠬᠤ ᠵᠢᠨ ᠬᠠᠮᠲᠤ ᠵᠣᠬᠢᠶᠠᠯ᠎ᠤᠨ ᠲᠡᠭᠦᠰᠬᠡᠯ᠎ᠳᠤ ᠣᠪᠣᠭ ᠨᠡᠷ᠎ᠡ᠂ ᠨᠢᠭᠡᠴᠡ᠂ ᠬᠠᠷᠢᠯᠴᠠᠬᠤ ᠤᠲᠠᠰᠤ ᠪᠠᠨ ᠲᠣᠳᠣᠷᠬᠠᠶ᠋ᠢᠯᠠᠨ᠎ᠠ᠃
ᠬᠠᠷᠢᠯᠴᠠᠬᠤ ᠬᠥᠮᠦᠨ᠄ ᠵᠠᠩ ᠵᠢᠩ
ᠬᠠᠷᠢᠯᠴᠠᠬᠤ ᠤᠲᠠᠰᠤ᠄ 0471 - 5257085
ᠢᠮᠧᠯ᠄ nmgsljgdw @ 126.com
ᠳᠠᠭ᠋ᠠᠯᠳᠤᠭᠤᠯᠤᠯ ᠄ 《ᠰᠠᠶ᠋ᠢᠨ ᠭᠡᠷ ᠪᠦᠯᠢ᠂ ᠰᠠᠶ᠋ᠢᠨ ᠭᠡᠷ᠎ᠤᠨ ᠰᠤᠷᠲᠠᠯ᠂ ᠰᠠᠶ᠋ᠢᠨ ᠭᠡᠷ᠎ᠤᠨ ᠰᠤᠷᠭ᠋ᠠᠯ》 ᠭᠣᠣᠯ ᠰᠡᠳᠦᠪᠲᠦ ᠠᠵᠢᠯᠯᠠᠭ᠋ᠠᠨ᠎ᠤ ᠲᠥᠰᠥᠯ
2022 ᠣᠨ᠎ᠤ 8 ᠰᠠᠷ᠎ᠠ ᠵᠢᠨ 19᠎ᠤ ᠡᠳᠦᠷ
ᠥᠪᠥᠷ ᠮᠣᠩᠭᠣᠯ᠎ᠤᠨ ᠤᠰᠤᠨ ᠠᠰᠢᠭᠯᠠᠯᠲᠠ ᠵᠢᠨ ᠲᠢᠩᠬᠢᠮ᠎ᠤᠨ 《ᠰᠠᠶ᠋ᠢᠨ ᠭᠡᠷ ᠪᠦᠯᠢ᠂ ᠰᠠᠶ᠋ᠢᠨ ᠭᠡᠷ᠎ᠤᠨ ᠰᠤᠷᠲᠠᠯ᠂ ᠰᠠᠶ᠋ᠢᠨ ᠭᠡᠷ᠎ᠤᠨ ᠰᠤᠷᠭ᠋ᠠᠯ》 ᠭᠣᠣᠯ ᠰᠡᠳᠦᠪᠲᠦ ᠬᠥᠳᠡᠯᠭᠡᠭᠡᠨ᠎ᠤ ᠲᠥᠰᠥᠯ
ᠳᠤᠮᠳᠠᠳᠤ ᠤᠯᠤᠰ ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠵᠢᠯ᠎ᠤᠨ ᠬᠣᠷᠢᠶ᠎ᠠ ᠵᠢᠨ 《ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠷᠢᠭᠤᠨ ᠴᠢᠬᠡᠴᠢ ᠰᠣᠶᠣᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠍ᠳᠠᠪᠤᠷᠢᠵᠢᠭᠤᠯᠬᠤ᠂ 《ᠰᠠᠶ᠋ᠢᠨ ᠭᠡᠷ ᠪᠦᠯᠢ᠂ ᠰᠠᠶ᠋ᠢᠨ ᠭᠡᠷ᠎ᠤᠨ ᠰᠤᠷᠲᠠᠯ᠂ ᠰᠠᠶ᠋ᠢᠨ ᠭᠡᠷ᠎ᠤᠨ ᠰᠤᠷᠭ᠋ᠠᠯ》᠎ᠤᠨ ᠭᠤᠤᠯ ᠰᠡᠳᠦᠪᠲᠦ ᠬᠥᠳᠡᠯᠭᠡᠭᠡᠨ᠎ᠢ ᠥᠷᠨᠢᠭᠦᠯᠵᠦ᠂ ᠠᠷᠢᠭᠤᠨ ᠴᠢᠬᠡᠴᠢ ᠵᠢᠨ ᠬᠥᠮᠦᠵᠢᠯ᠎ᠢ ᠭᠡᠷ ᠪᠦᠯᠢ ᠵᠢᠨ ᠡᠳᠦᠷ ᠲᠤᠲᠤᠮ᠎ᠤᠨ ᠠᠮᠢᠳᠤᠷᠠᠯ᠎ᠳᠤ ᠠᠭᠤᠰᠬᠠᠨ ᠣᠷᠣᠭᠤᠯᠵᠤ᠂ ᠰᠢᠯᠢᠳᠡᠭ ᠤᠯᠠᠮᠵᠢᠯᠠᠯᠲᠤ ᠭᠡᠷ᠎ᠤᠨ ᠰᠤᠷᠭ᠋ᠠᠯ ᠭᠡᠷ᠎ᠤᠨ ᠶᠣᠰᠣ ᠳᠦᠷᠢᠮ᠎ᠠᠴᠠ ᠰᠢᠮ᠎ᠡ ᠲᠡᠵᠢᠭᠡᠯ ᠬᠦᠷᠲᠡᠨ᠂ ᠤᠳᠤᠷᠢᠳᠬᠤ ᠺᠠᠳ᠋ᠷᠴᠤᠳ᠎ᠢ ᠰᠤᠷᠭ᠋ᠠᠨ ᠬᠥᠮᠦᠵᠢᠭᠦᠯᠵᠦ ᠭᠡᠷ ᠪᠦᠯᠢ ᠵᠢᠨ ᠬᠥᠮᠦᠵᠢᠯ ᠭᠡᠷ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠢᠯᠵᠠᠷᠠᠯ᠎ᠢ ᠡᠰᠡᠷᠭᠦᠴᠡᠨ ᠴᠢᠨᠠᠷ ᠬᠤᠪᠢᠷᠠᠬᠤ ᠵᠢ ᠰᠡᠷᠭᠡᠶ᠋ᠢᠯᠡᠬᠦ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠪᠡᠬᠢ ᠪᠠᠶ᠋ᠢᠭᠤᠯᠤᠨ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ᠂ ᠠᠷᠢᠭᠤᠨ ᠴᠢᠬᠡᠴᠢ᠎ᠪᠠᠷ ᠠᠵᠢᠯ ᠡᠷᠬᠢᠯᠡᠬᠦ᠂ ᠠᠷᠢᠭᠤᠨ ᠴᠢᠬᠡᠴᠢ ᠭᠡᠷ ᠪᠦᠯᠢ ᠵᠢᠨ ᠰᠠᠶ᠋ᠢᠨ ᠰᠠᠶ᠋ᠢᠬᠠᠨ ᠤᠯᠤᠰ ᠲᠥᠷᠥ ᠵᠢᠨ ᠣᠷᠴᠢᠨ ᠲᠣᠭᠣᠷᠢᠨ ᠢ ᠪᠤᠢ ᠪᠣᠯᠭ᠋ᠠᠬᠤ ᠵᠢᠨ ᠲᠤᠰᠠᠳᠠ᠂ ᠤᠰᠤᠨ ᠠᠰᠢᠭᠯᠠᠯᠲᠠ ᠵᠢᠨ ᠲᠢᠩᠬᠢᠮ᠎ᠤᠨ ᠠᠷᠢᠭᠤᠨ ᠴᠢᠬᠡᠴᠢ ᠰᠣᠶᠣᠯ᠎ᠤᠨ ᠪᠠᠶ᠋ᠢᠭᠤᠯᠤᠯᠲᠠ ᠵᠢᠨ ᠣᠨ᠎ᠤ ᠬᠡᠷᠡᠭᠵᠢᠭᠦᠯᠬᠦ ᠲᠥᠰᠦᠯ᠎ᠤᠨ ᠱᠠᠭ᠋ᠠᠷᠳᠠᠯᠭ᠎ᠠ ᠶᠣᠰᠣᠭ᠋ᠠᠷ᠂ ᠬᠥᠳᠡᠯᠭᠡᠭᠡᠨ᠎ᠤ ᠲᠥᠰᠦᠯ᠎ᠢ ᠳᠣᠣᠷᠠᠬᠢ ᠮᠡᠲᠦ ᠲᠣᠭᠲᠠᠭ᠋ᠠᠪᠠ᠄
ᠨᠢᠭᠡ᠂ ᠬᠥᠳᠡᠯᠭᠡᠭᠡᠨ᠎ᠤ ᠭᠣᠣᠯ ᠰᠡᠳᠦᠪ
ᠤᠰᠤᠨ ᠠᠰᠢᠭᠯᠠᠯᠲᠠ ᠵᠢᠨ ᠠᠷᠢᠭᠤᠨ ᠴᠢᠭᠴᠢ ᠰᠤᠷᠲᠠᠯ ᠵᠶ᠋ᠠᠷ ᠂ ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠬᠤ — ᠰᠠᠶ᠋ᠢᠨ ᠭᠡᠷ ᠪᠦᠯᠢ᠂ ᠰᠠᠶ᠋ᠢᠨ ᠭᠡᠷ᠎ᠤᠨ ᠰᠤᠷᠲᠠᠯ᠂ ᠰᠠᠶ᠋ᠢᠨ ᠭᠡᠷ᠎ᠤᠨ ᠰᠤᠷᠭ᠋ᠠᠯ
ᠬᠣᠶᠠᠷ᠂ ᠣᠷᠣᠯᠴᠠᠬᠤ ᠡᠲᠡᠭᠡᠳ
ᠲᠢᠩᠬᠢᠮ᠎ᠤᠨ ᠪᠠᠢ᠌ᠭᠤᠯᠭ᠎ᠠ᠂ ᠲᠢᠩᠬᠢᠮ᠎ᠤᠨ ᠬᠠᠷᠢᠶᠠᠲᠤ ᠡᠯ᠎ᠡ ᠨᠢᠭᠡᠴᠡ᠂ᠤᠰᠤᠨ ᠠᠰᠢᠭᠯᠠᠯᠲᠠ ᠵᠢᠨ ᠶᠠᠮᠤᠨ᠎ᠤ ᠮᠠᠯᠵᠢᠬᠤ ᠣᠷᠣᠨ᠎ᠤ ᠤᠰᠤᠨ ᠠᠰᠢᠭᠯᠠᠯᠲᠠ ᠵᠢᠨ ᠰᠢᠨᠵᠢᠯᠡᠨ ᠰᠤᠳᠤᠯᠬᠤ ᠰᠠᠯᠠᠭ᠎ᠠ ᠵᠢᠨ ᠰᠠᠯᠠᠭ᠋ᠠᠨ ᠲᠠᠰ ᠵᠢᠴᠢ ᠲᠡᠭᠦᠨ᠎ᠠᠴᠠ ᠳᠡᠭᠡᠭᠰᠢᠬᠢ ᠺᠠᠳ᠋ᠷ ᠃
ᠭᠤᠷᠪᠠ᠂ ᠬᠥᠳᠡᠯᠭᠡᠭᠡᠨ᠎ᠤ ᠴᠠᠭ
2022 ᠣᠨ᠎ᠤ 8 ᠳ᠋ᠤᠭ᠋ᠠᠷ ᠰᠠᠷ᠎ᠠ᠎ᠠᠴᠠ 9 ᠳ᠋ᠦ᠍ᠭᠡᠷ ᠰᠠᠷ᠎ᠠ ᠵᠢᠨ ᠰᠡᠭᠦᠯᠴᠢ ᠵᠢᠨ ᠬᠣᠭᠣᠷᠣᠨᠳᠤ᠃
ᠳᠥᠷᠪᠡ᠂ ᠬᠥᠳᠡᠯᠭᠡᠭᠡᠨ᠎ᠤ ᠬᠡᠯᠪᠡᠷᠢ
ᠲᠣᠰ ᠤᠳᠠᠭ᠋ᠠᠨ᠎ᠤ ᠬᠥᠳᠡᠯᠭᠡᠭᠡᠨ᠎ᠢ ᠬᠣᠶᠠᠷ ᠬᠡᠰᠡᠭ ᠬᠤᠪᠢᠶᠠᠵᠤ ᠥᠷᠨᠢᠭᠦᠯᠦᠨ᠎ᠡ᠃ ᠨᠢᠭᠡᠳᠦᠭᠡᠷ ᠬᠡᠰᠡᠭ᠎ᠲᠤ᠂ ᠤᠰᠤᠨ ᠠᠰᠢᠭᠯᠠᠯᠲᠠ ᠵᠢᠨ ᠲᠢᠩᠬᠢᠮ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ᠎ᠤᠨ ᠭᠡᠷ ᠪᠦᠯᠢ ᠵᠢᠨ᠎ᠬᠢᠨ᠎ᠤ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠤᠬᠠᠶ ᠰᠠᠨᠠᠭ᠋ᠠᠴᠢᠯᠠᠭ᠎ᠠ ᠵᠢᠨ ᠪᠢᠴᠢᠭ ᠶᠠᠪᠤᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠭᠡᠷ ᠪᠦᠯᠢ ᠵᠢᠨ᠎ᠬᠢᠨ᠎ᠢ ᠤᠰᠤᠨ ᠠᠰᠢᠭᠯᠠᠯᠲᠠ ᠵᠢᠨ ᠲᠢᠩᠬᠢᠮ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠰᠠᠯᠠᠭ᠎ᠠ ᠮᠥᠴᠢᠷ᠎ᠲᠠᠢ ᠬᠠᠮᠲᠤᠷᠠᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠤᠯᠤᠰ ᠲᠥᠷᠥ ᠵᠢᠨ ᠠᠮᠢ ᠠᠬᠤᠶ ᠵᠢᠨ ᠣᠷᠴᠢᠨ ᠨᠥᠬᠥᠴᠡᠯ᠎ᠢ ᠪᠤᠶ ᠪᠣᠯᠭ᠋ᠠᠵᠤ᠂ ᠢᠯᠵᠠᠷᠠᠯ᠎ᠢ ᠡᠰᠡᠷᠭᠦᠴᠡᠨ ᠢᠯᠵᠠᠷᠠᠯ᠎ᠢ ᠰᠡᠷᠭᠡᠶ᠋ᠢᠯᠡᠬᠦ ᠪᠠ ᠠᠷᠢᠭᠤᠨ ᠴᠢᠬᠡᠴᠢ ᠵᠢ ᠡᠷᠬᠢᠮᠯᠡᠬᠦ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠪᠡᠬᠢ ᠪᠤᠶ ᠪᠣᠯᠭ᠋ᠠᠨ᠎ᠠ᠃ ᠬᠣᠶᠠᠳᠤᠭ᠋ᠠᠷ ᠬᠡᠰᠡᠭ ᠲᠤ᠂ ᠲᠢᠩᠬᠢᠮ᠎ᠤᠨ ᠪᠠᠶ᠋ᠢᠭᠤᠯᠭ᠎ᠠ᠂ ᠲᠢᠩᠬᠢᠮ᠎ᠤᠨ ᠬᠠᠷᠢᠶ᠎ᠠ ᠡᠯ᠎ᠡ ᠨᠢᠭᠡᠴᠡ ᠂ ᠤᠰᠤᠨ ᠠᠰᠢᠭᠯᠠᠯᠲᠠ ᠵᠢᠨ ᠶᠠᠮᠤᠨ᠎ᠤ ᠮᠠᠯ ᠠᠵᠤ ᠠᠬᠤᠶ ᠵᠢᠨ ᠰᠠᠯᠠᠭ᠎ᠠ ᠰᠠᠯᠠᠭ᠋ᠠᠨ᠎ᠤ ᠲᠠᠰ᠎ᠠᠴᠠ ᠳᠡᠭᠡᠭᠰᠢᠬᠢ ᠺᠠᠳ᠋ᠷᠴᠤᠳ 《ᠰᠠᠶ᠋ᠢᠨ ᠬᠡᠷ ᠪᠦᠯᠢ᠂ ᠰᠠᠶ᠋ᠢᠨ ᠬᠡᠷ᠎ᠤᠨ ᠰᠤᠷᠲᠠᠯ᠂ ᠰᠠᠶ᠋ᠢᠨ ᠬᠡᠷ᠎ᠤᠨ ᠰᠤᠷᠭ᠋ᠠᠯ》᠎ᠤᠨ ᠭᠤᠤᠯ ᠰᠡᠳᠦᠪ᠎ᠤᠨ ᠲᠣᠭᠣᠷᠢᠨ᠎ᠳᠤ ᠲᠥᠷᠥᠭᠳᠡᠯ ᠣᠶ᠋ᠢᠯᠠᠭ᠋ᠠᠯᠲᠠ ᠪᠤᠶᠤ ᠲᠠᠨᠢᠯᠲᠠ᠎ᠪᠠᠨ ᠶᠠᠷᠢᠵᠤ᠂ ᠨᠠᠢ᠌ᠷᠠᠭᠤᠯᠭ᠎ᠠ ᠵᠢᠨ ᠬᠡᠯᠪᠡᠷᠢ ᠵᠢ ᠬᠢᠵᠠᠭ᠋ᠠᠷᠯᠠᠬᠤ ᠥᠬᠡᠶ᠂ ᠥᠰᠥᠭ᠎ᠤᠨ ᠲᠣᠭ᠎ᠠ ᠵᠢ 2000 ᠥᠰᠥᠭ᠎ᠤᠨ ᠳᠣᠲᠣᠷ᠎ᠠ ᠬᠢᠵᠠᠭ᠋ᠠᠷᠯᠠᠨ᠎ᠠ᠃
ᠲᠠᠪᠤ ᠂ ᠬᠥᠳᠡᠯᠭᠡᠭᠡᠨ᠎ᠤ ᠶᠠᠪᠤᠴᠠ
(ᠨᠢᠭᠡ) ᠰᠠᠨᠠᠭ᠋ᠠᠴᠢᠯᠠᠭ᠎ᠠ ᠵᠢᠨ ᠱᠠᠲᠤ ᠦᠶ᠎ᠡ᠃ ᠪᠠᠶ᠋ᠢᠭᠤᠯᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠤᠰᠤᠨ ᠠᠰᠢᠭᠯᠠᠯᠲᠠ ᠵᠢᠨ ᠲᠢᠩᠬᠢᠮ᠎ᠤᠨ ᠪᠤᠶ ᠪᠦᠬᠦᠢ ᠨᠠᠮ᠎ᠤᠨ ᠭᠡᠰᠢᠭᠦᠨ ᠺᠠᠳ᠋ᠷᠴᠤᠳ᠎ᠤᠨ ᠭᠡᠷ ᠪᠦᠯᠢ᠎ᠳᠤ ᠭᠡᠷ ᠪᠦᠯᠢ ᠵᠢᠨ ᠠᠷᠢᠭᠤᠨ ᠴᠢᠬᠡᠴᠢ ᠵᠢᠨ ᠲᠤᠬᠠᠶ ᠰᠠᠨᠠᠭ᠋ᠠᠴᠢᠯᠠᠭ᠎ᠠ ᠵᠢᠨ ᠪᠢᠴᠢᠭ ᠭᠠᠷᠭ᠋ᠠᠵᠤ᠂ ᠡᠨᠡ ᠤᠳᠠᠭ᠋ᠠᠨ᠎ᠤ ᠠᠷᠢᠭᠤᠨ ᠴᠢᠬᠡᠴᠢ ᠰᠣᠶᠣᠯ᠎ᠤᠨ ᠪᠠᠶ᠋ᠢᠭᠤᠯᠤᠯᠲᠠ ᠵᠢᠨ ᠬᠥᠰᠢᠭᠡ ᠵᠢ ᠨᠡᠭᠡᠭᠡᠨ᠎ᠡ ᠃
(ᠬᠣᠶᠠᠷ) ᠵᠣᠬᠢᠶᠠᠯ ᠡᠯᠰᠡᠬᠦ ᠱᠠᠲᠤ ᠦᠶ᠎ᠡ᠃ ᠲᠢᠩᠬᠢᠮ᠎ᠤᠨ ᠪᠠᠶ᠋ᠢᠭᠤᠯᠤᠯᠭ᠎ᠠ᠂ ᠲᠢᠩᠬᠢᠮ᠎ᠤᠨ ᠬᠠᠷᠢᠶ᠎ᠠ ᠡᠯ᠎ᠡ ᠨᠢᠭᠡᠴᠡ ᠵᠢᠨ ᠰᠠᠯᠠᠭ᠋ᠠᠨ᠎ᠤ ᠱᠠᠲᠤ ᠵᠢᠴᠢ ᠲᠡᠭᠦᠨ᠎ᠠᠴᠠ ᠳᠡᠭᠡᠭᠰᠢᠬᠢ ᠺᠠᠳ᠋ᠷ᠎ᠠᠴᠠ ᠡᠬᠡ ᠪᠢᠴᠢᠭ ᠡᠯᠰᠡᠵᠦ᠂ ᠬᠢᠨᠠᠨ ᠲᠣᠭᠲᠠᠭ᠋ᠠᠬᠤ ᠳᠤᠭᠤᠶ᠋ᠢᠯᠠᠩ ᠪᠠᠶ᠋ᠢᠭᠤᠯᠵᠤ᠂ ᠲᠡᠭᠦᠨ᠎ᠤ ᠳᠣᠲᠣᠷ᠎ᠠ᠎ᠠᠴᠠ ᠰᠢᠯᠢᠳᠡᠭ ᠪᠦᠲᠦᠭᠡᠯ᠎ᠢ ᠰᠣᠩᠭᠣᠨ᠎ᠠ᠃
(ᠭᠤᠷᠪᠠ) ᠢᠯᠡᠳᠬᠡᠨ ᠦᠵᠡᠭᠦᠯᠬᠦ ᠱᠠᠲᠤ ᠦᠶ᠎ᠡ᠃ ᠥᠪᠥᠷ ᠮᠣᠩᠭᠣᠯ᠎ᠤᠨ ᠤᠰᠤᠨ ᠠᠰᠢᠭᠯᠠᠯᠲᠠ ᠵᠢᠨ ᠲᠢᠩᠬᠢᠮ᠎ᠤᠨ ᠠᠯᠪᠠᠨ ᠰᠦᠯᠵᠢᠶ᠎ᠡ᠎ᠳᠤ ᠲᠤᠰᠬᠠᠶ ᠪᠤᠯᠤᠩ ᠨᠡᠭᠡᠭᠡᠵᠦ᠂ ᠰᠢᠯᠢᠳᠡᠭ ᠪᠦᠲᠦᠭᠡᠯ᠎ᠢ ᠳᠡᠯᠭᠡᠨ ᠦᠵᠡᠭᠦᠯᠪᠡ᠃
ᠵᠢᠷᠭᠤᠭ᠎ᠠ ᠂ ᠵᠣᠬᠢᠶᠠᠨ ᠪᠠᠢ᠌ᠭᠤᠯᠬᠤ ᠰᠠᠯᠠᠭ᠎ᠠ ᠮᠥᠴᠢᠷ
ᠲᠣᠰ ᠤᠳᠠᠭ᠋ᠠᠨ᠎ᠤ ᠬᠥᠳᠡᠯᠭᠡᠭᠡᠨ᠎ᠢ ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ᠂ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ᠂ ᠤᠰᠤᠨ ᠠᠰᠢᠭᠯᠠᠯᠲᠠ ᠵᠢᠨ ᠲᠢᠩᠬᠢᠮ᠎ᠤᠨ ᠠᠯᠪᠠᠨ ᠬᠡᠷ ᠬᠠᠮᠲᠤ᠎ᠪᠠᠷ ᠵᠣᠬᠢᠶᠠᠨ ᠪᠠᠶ᠋ᠢᠭᠤᠯᠵᠤ ᠥᠷᠨᠢᠭᠦᠯᠦᠨ᠎ᠡ᠃
ᠳᠣᠯᠣᠭ᠎ᠠ ᠂ ᠬᠣᠯᠪᠣᠭᠳᠠᠯ ᠪᠦᠬᠦᠢ ᠱᠠᠭ᠋ᠠᠷᠳᠠᠯᠭ᠎ᠠ
(ᠨᠢᠭᠡ) ᠲᠢᠩᠬᠢᠮ᠎ᠤᠨ ᠬᠠᠷᠢᠶ᠎ᠠ ᠡᠯ᠎ᠡ ᠨᠢᠭᠡᠴᠡ᠂ ᠲᠢᠩᠬᠢᠮ᠎ᠤᠨ ᠪᠠᠶ᠋ᠢᠭᠤᠯᠤᠯᠭ᠎ᠠ ᠵᠢᠨ ᠡᠯ᠎ᠡ ᠭᠠᠵᠠᠷ ᠭᠡᠷ᠂ ᠤᠰᠤᠨ ᠠᠰᠢᠭᠯᠠᠯᠲᠠ ᠵᠢᠨ ᠶᠠᠮᠤᠨ᠎ᠤ ᠮᠠᠯᠵᠢᠬᠤ ᠣᠷᠣᠨ᠎ᠤ ᠤᠰᠤᠨ ᠠᠰᠢᠭᠯᠠᠯᠲᠠ ᠵᠢᠨ ᠰᠢᠨᠵᠢᠯᠡᠨ ᠰᠤᠳᠤᠯᠬᠤ ᠰᠠᠯᠠᠭ᠎ᠠ ᠨᠤᠭᠤᠳ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠥᠷᠭᠡᠨ ᠬᠡᠮᠵᠢᠶ᠎ᠡ ᠪᠠᠷ ᠳᠠᠶ᠋ᠢᠴᠢᠯᠠᠨ᠂ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠲᠤᠰ ᠤᠳᠠᠭ᠋ᠠᠨ᠎ᠤ ᠬᠥᠳᠡᠯᠭᠡᠭᠡᠨ᠎ᠳᠤ ᠣᠷᠣᠯᠴᠠᠭᠤᠯᠵᠤ᠂ ᠭᠡᠷ ᠪᠦᠯᠢ᠂ ᠨᠢᠭᠡᠴᠡ ᠬᠠᠮᠲᠤ᠎ᠪᠠᠷ ᠪᠠᠶ᠋ᠢᠭᠤᠯᠬᠤ᠎ᠪᠠᠷ ᠳᠠᠮᠵᠢᠭᠤᠯᠤᠨ᠂ ᠠᠷᠢᠭᠤᠨ ᠴᠢᠬᠡᠴᠢ᠎ᠪᠠᠷ ᠠᠵᠢᠯ ᠡᠷᠬᠢᠯᠡᠬᠦ᠂ ᠵᠠᠰᠠᠭ ᠪᠠᠷᠢᠬᠤ ᠦᠵᠡᠯ ᠤᠬᠠᠮᠰᠠᠷ᠎ᠢ ᠭᠦᠨ ᠦᠨᠳᠦᠰᠦᠯᠡᠭᠦᠯᠬᠦ ᠬᠡᠷᠡᠭᠲᠡᠶ᠃
(ᠬᠣᠶᠠᠷ) ᠲᠢᠩᠬᠢᠮ᠎ᠤᠨ ᠬᠠᠷᠢᠶ᠎ᠠ ᠡᠯ᠎ᠡ ᠨᠢᠭᠡᠴᠡ᠂ ᠲᠢᠩᠬᠢᠮ᠎ᠤᠨ ᠪᠠᠶ᠋ᠢᠭᠤᠯᠤᠯᠭ᠎ᠠ ᠵᠢᠨ ᠡᠯ᠎ᠡ ᠭᠠᠵᠠᠷ ᠭᠡᠷ᠂ ᠤᠰᠤᠨ ᠠᠰᠢᠭᠯᠠᠯᠲᠠ ᠵᠢᠨ ᠶᠠᠮᠤᠨ᠎ᠤ ᠮᠠᠯ ᠠᠵᠤ ᠠᠬᠤᠶ ᠵᠢᠨ ᠰᠠᠯᠠᠭ᠎ᠠ ᠮᠥᠴᠢᠷ᠎ᠤᠳ ᠮᠡᠳᠡᠭᠦᠯᠦᠨ ᠬᠦᠷᠭᠡᠬᠦ ᠪᠦᠲᠦᠭᠡᠯ᠎ᠤᠨ ᠤᠯᠤᠰ ᠲᠥᠷᠥ ᠵᠢᠨ ᠪᠣᠭᠣᠮᠲᠠ᠂ ᠲᠥᠷᠥ ᠵᠢᠨ ᠪᠣᠳᠣᠯᠭ᠎ᠠ ᠵᠢᠨ ᠪᠣᠭᠣᠮᠲᠠ᠂ ᠦᠵᠡᠯ ᠤᠬᠠᠮᠰᠠᠷ᠎ᠤᠨ ᠬᠡᠯᠪᠡᠷᠢ ᠵᠢᠨ ᠪᠣᠭᠣᠮᠲᠠ ᠵᠢ ᠰᠠᠶ᠋ᠢᠲᠤᠷ ᠡᠵᠡᠮᠰᠢᠵᠦ ᠂ ᠡᠯᠰᠡᠬᠦ ᠵᠣᠬᠢᠶᠠᠯ ᠪᠦᠲᠦᠭᠡᠯ᠎ᠤᠨ ᠠᠭᠤᠯᠭ᠎ᠠ᠎ᠨᠢ ᠡᠷᠬᠡᠪᠰᠢ ᠢᠳᠡᠪᠬᠢᠲᠡᠶ ᠥᠭᠡᠳᠡᠷᠬᠡᠭ ᠪᠠᠶ᠋ᠢᠵᠤ᠂ ᠨᠡᠶ᠋ᠢᠭᠡᠮ ᠵᠢᠷᠤᠮ᠎ᠤᠨ ᠭᠣᠣᠯᠯᠠᠬᠤ ᠥᠷᠲᠡᠭ᠎ᠤᠨ ᠦᠵᠡᠯᠲᠡ ᠵᠢ ᠬᠠᠷᠠᠭᠤᠯᠬᠤ ᠬᠡᠷᠡᠭᠲᠡᠶ ᠭᠡᠵᠦ ᠱᠠᠭ᠋ᠠᠷᠳᠠᠭᠰᠠᠨ ᠪᠠᠶ᠋ᠢᠨ᠎ᠠ᠃
(ᠭᠤᠷᠪᠠ) ᠲᠢᠩᠬᠢᠮ᠎ᠤᠨ ᠬᠠᠷᠢᠶ᠎ᠠ ᠡᠯ᠎ᠡ ᠨᠢᠭᠡᠴᠡ᠂ ᠲᠢᠩᠬᠢᠮ᠎ᠤᠨ ᠪᠠᠶ᠋ᠢᠭᠤᠯᠤᠯᠭ᠎ᠠ ᠵᠢᠨ ᠡᠯ᠎ᠡ ᠭᠠᠵᠠᠷ ᠭᠡᠷ᠎ᠤᠨ᠎ᠬᠢᠨ ᠠᠯᠪᠠᠨ ᠪᠢᠴᠢᠭ ᠡᠯᠰᠡᠬᠦ ᠬᠡᠪᠴᠢᠶ᠎ᠡ ᠪᠣᠯᠤᠨ ᠴᠠᠭ ᠬᠤᠭᠤᠴᠠᠭ᠋ᠠᠨ᠎ᠤ ᠵᠠᠩᠭᠢᠯᠠᠭ᠎ᠠ ᠴᠢᠭ᠎ᠢ ᠰᠠᠶ᠋ᠢᠲᠤᠷ ᠡᠵᠡᠮᠰᠢᠵᠦ᠂ ᠲᠢᠩᠬᠢᠮ᠎ᠤᠨ ᠪᠠᠶ᠋ᠢᠭᠤᠯᠤᠯᠭ᠎ᠠ᠂ ᠲᠢᠩᠬᠢᠮ᠎ᠤᠨ ᠬᠠᠷᠢᠶ᠎ᠠ ᠡᠯ᠎ᠡ ᠨᠢᠭᠡᠴᠡ᠂ ᠤᠰᠤᠨ ᠠᠰᠢᠭᠯᠠᠯᠲᠠ ᠵᠢᠨ ᠶᠠᠮᠤᠨ᠎ᠤ ᠮᠠᠯ ᠠᠵᠤ ᠠᠬᠤᠶ ᠵᠢᠨ ᠰᠠᠯᠠᠭ᠎ᠠ ᠵᠢᠨ ᠰᠠᠯᠠᠭ᠎ᠠ ᠵᠢᠨ ᠱᠠᠲᠤ ᠬᠢᠭᠡᠳ ᠲᠡᠭᠦᠨ᠎ᠠᠴᠠ ᠳᠡᠭᠡᠭᠰᠢᠬᠢ ᠺᠠᠳ᠋ᠷ ᠴᠥᠮ ᠨᠢᠭᠡ ᠬᠤᠪᠢ ᠵᠣᠬᠢᠶᠠᠯ ᠪᠦᠲᠦᠭᠡᠯ᠎ᠢ ᠮᠡᠳᠡᠭᠦᠯᠦᠨ ᠬᠦᠷᠭᠡᠵᠦ᠂ 9 ᠳ᠋ᠦ᠍ᠭᠡᠷ ᠰᠠᠷ᠎ᠠ ᠵᠢᠨ 30᠎ᠤ ᠡᠳᠦᠷ᠎ᠠᠴᠠ ᠡᠮᠦᠨ᠎ᠡ ᠠᠯᠪᠠᠨ ᠪᠢᠴᠢᠭ ᠡᠯᠰᠡᠬᠦ ᠵᠢᠨ ᠠᠩᠬ᠎ᠠ ᠬᠢᠨᠠᠵᠤ ᠳᠡᠭᠡᠭᠰᠢ ᠮᠡᠳᠡᠭᠦᠯᠬᠦ ᠠᠵᠢᠯ᠎ᠢ ᠳᠠᠭᠤᠰᠬᠠᠬᠤ ᠬᠡᠷᠡᠭᠲᠡᠶ᠃