ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
2023 ᠣᠨ᠎ᠤ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠬᠥᠬᠡᠭᠴᠢᠨ ᠲᠠᠰ᠎ᠤᠨ ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ ᠨᠢᠭᠡᠴᠢ ᠵᠢᠨ 《ᠬᠣᠶᠠᠷ᠎ᠢ ᠲᠠᠰᠢᠷᠠᠮ ᠳᠠᠭ᠋ᠠᠤ ᠨᠢᠭᠡ ᠵᠢ ᠢᠯᠠ ᠪᠣᠯᠭ᠋ᠠᠬᠤ》 ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠠᠵᠢᠯ᠎ᠤᠨ ᠪᠠᠶ᠋ᠢᠳᠠᠯ
ᠨᠡᠶ᠋ᠢᠲᠡᠯᠡᠭᠰᠡᠨ ᠴᠠᠭ᠄ 2023-10-23

   ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ 《2023 ᠣᠨ᠎ᠤ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠬᠥᠬᠡᠭᠴᠢᠨ ᠲᠡᠰ᠎ᠤᠨ ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ ᠨᠢᠭᠡᠴᠢ ᠵᠢᠨ 〈  ᠬᠣᠶᠠᠷ᠎ᠢ  ᠲᠠᠰᠢᠷᠠᠮ  ᠳᠠᠭ᠋ᠠᠤ  ᠨᠢᠭᠡ ᠵᠢ  ᠢᠯᠠ  ᠪᠣᠯᠭ᠋ᠠᠬᠤ 〉 ᠰᠤᠭᠤᠴᠢᠨ ᠪᠠᠶ᠋ᠢᠴᠠᠭ᠋ᠠᠬᠤ ᠠᠵᠢᠯ᠎ᠤᠨ ᠮᠡᠳᠡᠭᠳᠡᠯ》᠎ᠤᠨ ᠱᠠᠭ᠋ᠠᠷᠳᠠᠯᠭ᠎ᠠ᠎ᠪᠠᠷ᠂ ᠤᠰᠤᠨ ᠠᠰᠢᠭᠯᠠᠯᠲᠠ ᠵᠢᠨ ᠲᠢᠩᠬᠢᠮ ᠬᠠᠤᠯᠢ ᠬᠡᠷᠡᠭᠵᠢᠭᠦᠯᠬᠦ ᠠᠵᠢᠯᠲᠠᠨ᠎ᠢ ᠲᠠᠰᠢᠷᠠᠮ ᠵᠶ᠋ᠠᠷ ᠰᠣᠩᠭᠣᠵᠤ ᠪᠠᠢ᠌ᠴᠠᠭ᠋ᠠᠬᠤ ᠳᠤᠭᠤᠢ᠍ᠯᠠᠩ ᠪᠦᠷᠢᠯᠳᠦᠭᠦᠯᠦᠨ᠎ᠡ᠂ 《ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ ᠬᠠᠮᠢᠶᠠᠷᠤᠯᠲᠠ ᠵᠢᠨ ᠲᠣᠭᠲᠠᠭ᠋ᠠᠯ》 ᠶᠣᠰᠣᠭ᠋ᠠᠷ᠂ 《ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠶ᠋ᠢᠴᠠᠭ᠋ᠠᠨ ᠰᠢᠨᠵᠢᠬᠦ ᠨᠢᠭᠡᠴᠢ ᠵᠢᠨ ᠬᠢᠷᠢ ᠬᠡᠮ᠎ᠤᠨ ᠲᠠᠰ᠎ᠤᠨ ᠪᠠᠷᠢᠮᠵᠢᠶ᠎ᠠ》 ᠪᠠ 《ᠰᠢᠯᠭ᠋ᠠᠨ ᠪᠠᠢ᠌ᠴᠠᠭ᠋ᠠᠬᠤ ᠪᠠᠶ᠋ᠢᠴᠠᠭ᠋ᠠᠨ ᠰᠢᠨᠵᠢᠬᠦ ᠪᠠᠶ᠋ᠢᠭᠤᠯᠤᠮᠵᠢ ᠵᠢᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠴᠢᠳᠠᠪᠤᠷᠢ ᠵᠢ ᠦᠨᠡᠯᠡᠬᠦ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠰᠢᠨᠵᠢᠬᠦ ᠪᠠᠶ᠋ᠢᠭᠤᠯᠤᠮᠵᠢ ᠵᠢᠨ ᠨᠡᠶ᠋ᠢᠳᠡᠮ ᠬᠡᠷᠡᠭᠯᠡᠬᠦ ᠱᠠᠭ᠋ᠠᠷᠳᠠᠯᠭ᠎ᠠ》 (RB / T 214 —2017)᠎ᠠᠴᠠ ᠲᠠᠰᠢᠷᠠᠮ ᠳᠠᠭ᠋ᠠᠤ ᠰᠤᠭᠤᠴᠢᠵᠤ ᠭᠠᠷᠭ᠋ᠠᠭᠰᠠᠨ ᠪᠠᠶ᠋ᠢᠴᠠᠭ᠋ᠠᠭᠳᠠᠬᠤ ᠡᠲᠡᠭᠡᠳ ᠪᠣᠯᠬᠤ ᠥᠪᠥᠷ ᠮᠣᠩᠭᠣᠯ᠎ᠤᠨ ᠵᠢᠩᠬᠢᠨᠢ ᠪᠠᠷᠢᠯᠭ᠎ᠠ ᠵᠢᠨ ᠪᠠᠶ᠋ᠢᠴᠠᠭ᠋ᠠᠨ ᠰᠢᠨᠵᠢᠵᠦ ᠯᠠᠪᠯᠠᠬᠤ ᠳᠥᠷᠪᠡᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠭᠦᠸᠧ ᠶᠧᠤ ᠢᠨᠵᠧᠨᠧᠷᠢᠩ᠎ᠤᠨ ᠰᠢᠯᠭ᠋ᠠᠨ ᠪᠠᠶ᠋ᠢᠴᠠᠭ᠋ᠠᠬᠤ ᠦᠢ᠍ᠯᠡᠴᠢᠯᠡᠭᠡᠨ᠎ᠤ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠴᠠᠩ ᠳ᠋ᠧ ᠰᠢᠯᠭ᠋ᠠᠨ ᠪᠠᠶ᠋ᠢᠴᠠᠭ᠋ᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠪᠣᠯᠤᠨ ᠥᠪᠥᠷ ᠮᠣᠩᠭᠣᠯ᠎ᠤᠨ ᠵᠢᠶᠠ ᠢᠦᠢ ᠰᠢᠯᠭ᠋ᠠᠨ ᠪᠠᠶ᠋ᠢᠴᠠᠭ᠋ᠠᠬᠤ ᠬᠢᠵᠠᠭ᠋ᠠᠷᠲᠤ ᠺᠣᠮᠫᠠᠨᠢ ᠲᠤᠬᠠᠶ ᠵᠢᠨ ᠲᠠᠯᠠᠪᠠᠢ᠎ᠳᠤ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠬᠢᠪᠡ᠃

   ᠪᠠᠶ᠋ᠢᠴᠠᠭ᠋ᠠᠬᠤ ᠳᠤᠭᠤᠶ᠋ᠢᠯᠠᠩ᠎ᠨᠢ ᠡᠵᠡᠩᠨᠡᠯᠲᠡ ᠵᠢᠨ ᠲᠠᠯᠠᠪᠤᠷ ᠭᠠᠵᠠᠷ᠂ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠬᠤ ᠬᠡᠮᠵᠢᠭᠦᠷᠯᠢᠭ ᠲᠥᠬᠥᠭᠡᠷᠦᠮᠵᠢ ᠵᠢᠨ ᠠᠵᠢᠯᠯᠠᠭ᠋ᠠᠨ ᠵᠢᠴᠢ ᠬᠢᠨᠠᠨ ᠬᠠᠷᠭᠤᠭᠤᠯᠤᠭᠰᠠᠨ ᠪᠠᠶ᠋ᠢᠳᠠᠯ᠂ ᠲᠠᠩᠰᠠ ᠡᠪᠬᠡᠮᠡᠯ᠎ᠤᠨ ᠮᠠᠲ᠋ᠧᠷᠢᠶᠠᠯ᠎ᠢ ᠪᠠᠶ᠋ᠢᠴᠠᠭ᠋ᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠪᠠᠶ᠋ᠢᠴᠠᠭ᠋ᠠᠬᠤ ᠨᠢᠭᠡᠴᠢ ᠵᠢᠨ ᠬᠢᠷᠢ ᠬᠡᠮ᠎ᠤᠨ ᠵᠡᠷᠭᠡ ᠳᠡᠰ᠎ᠤᠨ ᠪᠠᠷᠢᠮᠵᠢᠶ᠎ᠠ᠎ᠳᠤ ᠨᠡᠶ᠋ᠢᠴᠡᠬᠦ ᠡᠰᠡᠬᠦ ᠵᠢ ᠪᠠᠶ᠋ᠢᠴᠠᠭ᠋ᠠᠨ᠎ᠠ; 《ᠬᠢᠷᠢ ᠬᠡᠮ᠎ᠤᠨ ᠵᠡᠷᠭᠡ ᠳᠡᠰ᠎ᠤᠨ          ᠦᠨᠡᠮᠯᠡᠯ》᠎ᠢ ᠪᠠᠯᠠᠯᠤᠨ ᠵᠠᠰᠠᠭᠰᠠᠨ᠂ ᠰᠠᠷᠢᠭ᠋ᠠᠯᠠᠭᠰᠠᠨ᠂ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ ᠪᠤᠶᠤ ᠪᠤᠰᠤᠳ ᠬᠡᠯᠪᠡᠷᠢ᠎ᠪᠠᠷ ᠬᠠᠤᠯᠢ ᠪᠤᠰᠤ᠎ᠪᠠᠷ ᠰᠢᠯᠵᠢᠭᠦᠯᠦᠨ ᠥᠭᠭᠦᠭᠰᠡᠨ ᠦᠢ᠍ᠯᠡ ᠠᠵᠢᠯᠯᠠᠭ᠎ᠠ᠎ᠲᠠᠢ ᠪᠠᠶ᠋ᠢᠬᠤ ᠡᠰᠡᠬᠦ; ᠰᠢᠯᠵᠢᠭᠦᠯᠦᠨ ᠳᠠᠭ᠋ᠠᠭ᠋ᠠᠴᠢᠯᠠᠭᠤᠯᠬᠤ᠂ ᠲᠣᠭᠲᠠᠭ᠋ᠠᠯ᠎ᠠᠴᠠ ᠵᠥᠷᠢᠴᠡᠨ ᠬᠤᠪᠢᠶᠠᠨ ᠳᠠᠭ᠋ᠠᠭ᠋ᠠᠴᠢᠯᠠᠵᠤ ᠪᠠᠶ᠋ᠢᠴᠠᠭ᠋ᠠᠨ ᠬᠡᠮᠵᠢᠬᠦ ᠲᠤᠬᠠᠶ᠋ᠢᠯᠠᠭᠰᠠᠨ ᠠᠵᠢᠯ ᠣᠷᠣᠰᠢᠵᠤ ᠪᠠᠶ᠋ᠢᠬᠤ ᠡᠰᠡᠬᠦ; ᠬᠣᠯᠪᠣᠭᠳᠠᠯ ᠪᠦᠬᠦᠢ ᠪᠠᠷᠢᠮᠵᠢᠶ᠎ᠠ ᠪᠠ ᠲᠣᠭᠲᠠᠭ᠋ᠠᠯ ᠶᠣᠰᠣᠭ᠋ᠠᠷ ᠰᠢᠯᠭ᠋ᠠᠨ ᠪᠠᠶ᠋ᠢᠴᠠᠭ᠋ᠠᠭᠰᠠᠨ ᠡᠰᠡᠬᠦ; ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠭᠰᠡᠨ ᠮᠡᠳᠡᠭᠦᠯᠦᠯᠲᠡ ᠳᠡᠭᠡᠷ᠎ᠡ ᠲᠣᠭᠲᠠᠭ᠋ᠠᠯ ᠶᠣᠰᠣᠭ᠋ᠠᠷ ᠭᠠᠷ᠎ᠤᠨ ᠤᠢ᠍ᠰᠦᠭ ᠵᠢᠷᠤᠵᠤ ᠲᠠᠮᠠᠭ᠎ᠠ ᠳᠠᠷᠤᠭᠰᠠᠨ ᠡᠰᠡᠬᠦ᠂ ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠭᠰᠡᠨ ᠮᠡᠳᠡᠭᠦᠯᠦᠯᠲᠡ᠎ᠨᠢ ᠦᠨᠡᠨ ᠮᠠᠭ᠋ᠠᠳ ᠪᠠᠶ᠋ᠢᠬᠤ ᠡᠰᠡᠬᠦ; ᠪᠠᠭ᠋ᠠᠵᠢ ᠲᠥᠬᠥᠭᠡᠷᠦᠮᠵᠢ ᠵᠢᠨ ᠠᠵᠢᠯᠯᠠᠭ᠋ᠠᠨ᠂ ᠰᠢᠯᠭ᠋ᠠᠨ ᠲᠣᠭᠲᠠᠭ᠋ᠠᠭᠰᠠᠨ ᠪᠠ ᠬᠠᠷᠭᠤᠭᠤᠯᠤᠭᠰᠠᠨ ᠪᠠᠶ᠋ᠢᠳᠠᠯ ᠵᠡᠷᠭᠡ 6 ᠲᠠᠯ᠎ᠠ ᠵᠢᠨ 14 ᠪᠣᠳᠠᠲᠠᠶ ᠠᠭᠤᠯᠭ᠎ᠠ᠎ᠳᠤ ᠬᠢᠨᠠᠯᠲᠠ ᠲᠠᠯᠪᠢᠵᠤ ᠪᠠᠶ᠋ᠢᠴᠠᠭ᠋ᠠᠯᠲᠠ ᠬᠢᠪᠠ᠃

   ᠪᠠᠶ᠋ᠢᠴᠠᠭ᠋ᠠᠯᠲᠠ᠎ᠪᠠᠷ ᠳᠠᠮᠵᠢᠭ᠋ᠠᠳ᠄ ᠥᠪᠥᠷ ᠮᠣᠩᠭᠣᠯ᠎ᠤᠨ ᠵᠢᠩᠬᠢᠨᠢ ᠢᠨᠵᠧᠨᠧᠷᠢᠩ᠎ᠤᠨ ᠪᠠᠶ᠋ᠢᠴᠠᠭ᠋ᠠᠨ ᠰᠢᠯᠭ᠋ᠠᠬᠤ ᠵᠥᠪᠯᠡᠯᠭᠡ ᠥᠭᠬᠦ ᠬᠢᠵᠠᠭ᠋ᠠᠷᠲᠤ ᠺᠣᠮᠫᠠᠨᠢ᠎ᠳᠤ ᠣᠨᠴᠠ ᠵᠠᠷᠢᠮ ᠬᠡᠮᠵᠢᠭᠦᠷᠯᠢᠭ ᠲᠥᠬᠥᠭᠡᠷᠦᠮᠵᠢ ᠵᠢ ᠲᠠᠯᠪᠢᠭᠰᠠᠨ᠎ᠨᠢ ᠬᠣᠯᠪᠣᠭᠳᠠᠯ ᠪᠥᠬᠥᠶ ᠪᠠᠷᠢᠮᠵᠢᠶ᠎ᠠ᠂ ᠵᠢᠷᠤᠮᠵᠢᠯ ᠪᠠ ᠣᠨᠴᠠ ᠵᠠᠷᠢᠮ ᠭᠡᠷ᠎ᠡ ᠲᠣᠭᠲᠠᠭ᠋ᠠᠭᠰᠠᠨ᠎ᠨᠢ ᠵᠢᠷᠤᠮᠵᠢᠯ ᠥᠬᠡᠶ ᠪᠠᠶ᠋ᠢᠬᠤ ᠠᠰᠠᠭᠤᠳᠠᠯ ᠣᠷᠣᠰᠢᠵᠤ ᠪᠠᠶ᠋ᠢᠨ᠎ᠠ᠃ ᠥᠪᠥᠷ ᠮᠣᠩᠭᠣᠯ᠎ᠤᠨ ᠭᠦᠸᠧ ᠶᠢᠦ ᠢᠨᠵᠧᠨᠧᠷᠢᠩ᠎ᠤᠨ ᠪᠠᠶ᠋ᠢᠴᠠᠭ᠋ᠠᠨ ᠰᠢᠯᠭ᠋ᠠᠬᠤ ᠦᠢ᠍ᠯᠡᠴᠢᠯᠡᠭᠡᠨ᠎ᠤ ᠬᠢᠵᠠᠭ᠋ᠠᠷᠲᠤ ᠺᠣᠮᠫᠠᠨᠢ᠎ᠳᠤ ᠺᠣᠮᠫᠠᠨᠢ ᠵᠢᠨ ᠬᠠᠤᠯᠢ ᠵᠢᠨ ᠡᠷᠬᠡᠲᠡᠨ᠎ᠳᠤ ᠬᠤᠪᠢᠷᠠᠯᠲᠠ ᠭᠠᠷᠤᠭᠰᠠᠨ᠂ ᠬᠤᠪᠢᠷᠠᠭᠤᠯᠬᠤ ᠭᠠᠷᠳᠠᠮ ᠭᠦᠢ᠍ᠴᠡᠳᠭᠡᠭᠰᠡᠨ ᠥᠬᠡᠶ ᠵᠡᠷᠭᠡ ᠠᠰᠠᠭᠤᠳᠠᠯ ᠣᠷᠣᠰᠢᠵᠤ ᠪᠣᠶ᠃ ᠥᠪᠥᠷ ᠮᠣᠩᠭᠣᠯ᠎ᠤᠨ ᠴᠠᠩ ᠳ᠋ᠸ ᠰᠢᠯᠭ᠋ᠠᠨ ᠪᠠᠶ᠋ᠢᠴᠠᠭ᠋ᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠎ᠳᠤ ᠣᠨᠴᠠ ᠵᠠᠷᠢᠮ ᠬᠡᠮᠵᠢᠭᠦᠷᠯᠢᠭ᠎ᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠢᠨᠠᠨ ᠬᠠᠷᠭᠤᠭᠤᠯᠤᠭᠰᠠᠨ ᠦᠭᠡᠢ᠂ ᠣᠨᠴᠠ ᠵᠠᠷᠢᠮ ᠰᠢᠯᠭ᠋ᠠᠨ ᠪᠠᠶ᠋ᠢᠴᠠᠭ᠋ᠠᠬᠤ ᠠᠵᠢᠯᠯᠠᠭ᠎ᠠ᠎ᠳᠤ ᠤᠯᠤᠰ᠎ᠤᠨ ᠪᠠ ᠠᠵᠢᠯ ᠲᠦᠷᠦᠯ᠎ᠤᠨ ᠪᠠᠷᠢᠮᠵᠢᠶ᠎ᠠ ᠶᠣᠰᠣᠭ᠋ᠠᠷ ᠥᠷᠨᠢᠭᠦᠯᠦᠭᠰᠡᠨ ᠦᠭᠡᠢ ᠪᠠ ᠣᠨᠴᠠ ᠵᠠᠷᠢᠮ ᠰᠢᠯᠭ᠋ᠠᠨ ᠪᠠᠶ᠋ᠢᠴᠠᠭ᠋ᠠᠭᠰᠠᠨ ᠮᠡᠳᠡᠭᠦᠯᠦᠯᠲᠡ ᠵᠢᠨ ᠠᠩᠬᠠᠨ᠎ᠤ ᠲᠡᠮᠳᠡᠭᠯᠡᠯ᠎ᠢ ᠪᠤᠷᠤᠭᠤ ᠪᠢᠴᠢᠭᠰᠡᠨ ᠠᠰᠠᠭᠤᠳᠠᠯ ᠣᠷᠣᠰᠢᠵᠤ ᠪᠠᠶ᠋ᠢᠨ᠎ᠠ᠃ ᠥᠪᠥᠷ ᠮᠣᠩᠭᠣᠯ᠎ᠤᠨ ᠵᠢᠶᠠ ᠢᠦᠶ ᠰᠢᠯᠭ᠋ᠠᠨ ᠪᠠᠶ᠋ᠢᠴᠠᠭ᠋ᠠᠬᠤ ᠬᠢᠵᠠᠭ᠋ᠠᠷᠲᠤ ᠺᠣᠮᠫᠠᠨᠢ᠎ᠳᠤ ᠣᠨᠴᠠ ᠵᠠᠷᠢᠮ ᠰᠢᠯᠭ᠋ᠠᠨ ᠪᠠᠶ᠋ᠢᠴᠠᠭ᠋ᠠᠬᠤ ᠪᠣᠯᠵᠣᠯᠲᠤ ᠲᠣᠭ᠎ᠠ ᠵᠢ ᠣᠯᠵᠤ ᠦᠵᠡᠭᠰᠡᠨ ᠥᠬᠡᠶ ᠬᠡᠮᠵᠢᠭᠦᠷᠯᠢᠭ ᠲᠥᠬᠥᠭᠡᠷᠦᠮᠵᠢ ᠣᠷᠣᠰᠢᠵᠤ᠂ ᠰᠢᠯᠭ᠋ᠠᠨ ᠪᠠᠶ᠋ᠢᠴᠠᠭ᠋ᠠᠭᠰᠠᠨ ᠮᠡᠳᠡᠭᠦᠯᠦᠯᠲᠡ᠎ᠳᠤ ᠵᠢᠷᠤᠮᠵᠢᠯ ᠥᠬᠡᠶ ᠪᠠ ᠣᠨᠴᠠ ᠵᠠᠷᠢᠮ ᠰᠢᠯᠭ᠋ᠠᠨ ᠪᠠᠶ᠋ᠢᠴᠠᠭ᠋ᠠᠭᠰᠠᠨ ᠮᠡᠳᠡᠭᠦᠯᠦᠯᠲᠡ᠎ᠳᠤ ᠭᠠᠷ᠎ᠤᠨ ᠥᠰᠥᠭ ᠵᠢᠷᠤᠭᠰᠠᠨ ᠠᠩᠬᠠᠨ᠎ᠤ ᠲᠡᠮᠳᠡᠭᠯᠡᠯ᠎ᠳᠤ ᠪᠤᠷᠤᠭᠤ ᠪᠢᠴᠢᠭᠰᠡᠨ ᠠᠰᠠᠭᠤᠳᠠᠯ ᠣᠷᠣᠰᠢᠵᠤ ᠪᠠᠶ᠋ᠢᠨ᠎ᠠ᠃ ᠣᠳᠣᠬᠠᠨ᠎ᠳᠤ ᠨᠢᠭᠡᠨᠲᠡ ᠴᠡᠭᠴᠡᠯᠡᠨ ᠰᠠᠶ᠋ᠢᠵᠢᠷᠠᠭᠤᠯᠬᠤ ᠮᠡᠳᠡᠭᠳᠡᠯ᠎ᠤᠨ ᠪᠢᠴᠢᠭ ᠪᠠᠭᠤᠯᠭ᠋ᠠᠵᠤ᠂ ᠳᠠᠷᠤᠶ ᠲᠦᠷᠭᠡᠨ ᠴᠡᠭᠴᠡᠯᠡᠨ ᠰᠠᠶ᠋ᠢᠵᠢᠷᠠᠭᠤᠯᠬᠤ ᠬᠡᠷᠡᠭᠲᠡᠶ ᠭᠡᠵᠦ ᠱᠠᠭ᠋ᠠᠷᠳᠠᠪᠠ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠵᠠᠯᠠᠭᠤᠴᠤᠳ᠎ᠤᠨ ᠰᠠᠶ᠋ᠢᠨ ᠳᠤᠷᠠᠴᠤᠳ᠎ᠤᠨ ᠨᠡᠶ᠋ᠢᠭᠡᠮᠯᠢᠭ᠎ᠤᠨ ᠳᠥᠷᠪᠡᠳᠦᠭᠡᠷ ᠬᠤᠭᠤᠴᠠᠭ᠋ᠠᠨ᠎ᠤ ᠭᠡᠰᠢᠭᠦᠨ᠂ ᠬᠡᠷᠡᠭ ᠡᠷᠬᠢᠯᠡᠭᠴᠢᠳ᠎ᠤᠨ ᠵᠢᠱ᠌ᠢᠭᠳᠡᠭᠴᠢ ᠵᠢ ᠲᠠᠨᠢᠯᠴᠠᠭᠤᠯᠬᠤ ᠲᠤᠬᠠᠶ ᠵᠠᠷᠯᠠᠯ
2023 ᠣᠨ᠎ᠳᠤ ᠨᠢᠭᠲᠠᠯᠠᠨ ᠪᠤᠳᠤᠭᠴᠢ ᠵᠢᠨ ᠰᠢᠷᠢᠰ ᠲᠤᠰᠬᠠᠶ ᠮᠡᠷᠭᠡᠵᠢᠯ᠎ᠤᠨ ᠬᠢᠷᠢ ᠬᠡᠮ ᠮᠡᠳᠡᠭᠦᠯᠬᠦ ᠬᠥᠮᠦᠰ᠎ᠢ ᠵᠠᠷᠯᠠᠨ ᠨᠡᠶ᠋ᠢᠲᠡᠯᠡᠬᠦ ᠲᠤᠬᠠᠶ
ᠲᠥᠪ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠳ᠋ᠤᠭ᠋ᠠᠷ᠎ᠢ ᠬᠠᠰᠤᠬᠤ ᠲᠤᠬᠠᠶ ᠵᠠᠷᠯᠠᠯ
2023 ᠣᠨ᠎ᠤ ᠬᠣᠶᠠᠳᠤᠭ᠋ᠠᠷ ᠪᠦᠯᠦᠭ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠣᠯᠤᠨ ᠲᠤᠰᠬᠠᠢ ᠲᠤᠰᠢᠶᠠᠯᠲᠦ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠢ ᠦᠢ᠍ᠯᠡᠳᠪᠦᠷᠢᠯᠡᠯ᠎ᠤᠨ ᠮᠡᠳᠡᠯᠭᠡ ᠵᠢᠨ ᠰᠢᠯᠭ᠋ᠠᠯᠲᠠ ᠵᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭᠯᠡᠬᠦ ᠡᠷᠬᠡ ᠵᠢᠨ ᠬᠠᠮᠢᠶᠠᠷᠤᠯᠲᠠ ᠵᠢᠨ ᠠᠷᠭ᠎ᠠ (ᠰᠠᠨᠠᠯ ᠬᠤᠷᠢᠶᠠᠬᠤ ᠨᠤᠤᠷᠠᠭ)》᠎ᠳᠤ ᠢᠯᠡ᠎ᠪᠠᠷ ᠰᠠᠨᠠᠯ ᠬᠤᠷᠢᠶᠠᠪᠠ
 
            