《2023 ᠣᠨ᠎ᠤ ᠪᠥᠬᠥ ᠣᠷᠣᠨ᠎ᠤ ᠵᠢᠩᠬᠢᠨᠢ ᠳᠡᠭᠡᠳᠦ ᠵᠡᠷᠭᠡ ᠪᠠ ᠳᠡᠭᠡᠳᠦ ᠵᠡᠷᠭᠡ ᠵᠢᠨ ᠨᠢᠭᠲᠠᠯᠠᠨ ᠪᠤᠳᠤᠭᠴᠢ ᠵᠢᠨ ᠬᠢᠷᠢ ᠬᠡᠮ᠎ᠢ ᠬᠢᠨᠠᠨ ᠲᠣᠭᠲᠠᠭ᠋ᠠᠬᠤ᠎ᠪᠠᠷ ᠭᠤᠶᠤᠴᠢᠯᠠᠨ ᠮᠡᠳᠡᠭᠦᠯᠬᠦ ᠠᠵᠢᠯ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠮᠡᠳᠡᠭᠳᠡᠯ》 (ᠥᠪᠥᠷ ᠡᠳ᠋ ᠨᠢᠭᠲᠠᠯᠠᠨ ᠵᠠᠬᠢᠳᠠᠯ [2023] 882 ᠳ᠋ᠤᠭ᠋ᠠᠷ ᠲᠣᠭ᠋ᠠᠲᠤ) ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠡᠳᠦᠭᠡ 2023 ᠣᠨ᠎ᠤ ᠵᠢᠩᠭᠢᠨᠢ ᠳᠡᠭᠡᠳᠦ ᠵᠡᠷᠭᠡ ᠵᠢᠨ ᠨᠢᠭᠲᠠᠯᠠᠨ ᠪᠤᠳᠤᠭᠴᠢ ᠪᠠ ᠳᠡᠭᠡᠳᠦ ᠵᠡᠷᠭᠡ ᠵᠢᠨ ᠨᠢᠭᠲᠠᠯᠠᠨ ᠪᠤᠳᠤᠭᠴᠢ ᠵᠢᠨ ᠬᠢᠷᠢ ᠬᠡᠮ᠎ᠢ ᠭᠤᠶᠤᠴᠢᠯᠠᠨ ᠮᠡᠳᠡᠭᠦᠯᠬᠦ ᠬᠥᠮᠦᠰ᠎ᠢ ᠵᠠᠷᠯᠠᠨ ᠨᠡᠶ᠋ᠢᠲᠡᠯᠡᠪᠡ᠃
ᠨᠢᠭᠡ᠂ ᠬᠥᠮᠦᠰ᠎ᠤᠨ ᠨᠡᠷᠡᠰ
(ᠨᠢᠭᠡ) ᠵᠢᠩᠭᠢᠨᠢ ᠳᠡᠭᠡᠳᠦ ᠵᠡᠷᠭᠡ ᠵᠢᠨ ᠨᠢᠭᠲᠠᠯᠠᠨ ᠪᠤᠳᠤᠭᠴᠢ
ᠬᠥ᠋ ᠼᠠᠢ ᠬᠣᠩ ᠥᠪᠡᠷᠲᠡᠭᠡᠨ ᠵᠠᠰᠠᠬᠤ ᠣᠷᠣᠨ᠎ᠤ ᠬᠣᠩ ᠱᠠᠨ ᠤᠰᠤᠨ ᠴᠥᠭᠥᠷᠥᠮ᠎ᠤᠨ ᠬᠠᠮᠢᠶᠠᠷᠤᠯᠲᠠ ᠵᠢᠨ ᠲᠥᠪ
ᠵᠢᠶᠠ ᠱᠤ᠌ ᠶᠦᠩ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠳ᠋ᠸᠩᠺᠸᠤ ᠤᠰᠤ ᠲᠠᠲᠠᠬᠤ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ
(ᠬᠣᠶᠠᠷ) ᠳᠡᠭᠡᠳᠦ ᠵᠡᠷᠭᠡ ᠵᠢᠨ ᠨᠢᠭᠲᠠᠯᠠᠨ ᠪᠤᠳᠤᠭᠴᠢ
ᠭᠤᠤ ᠢᠦᠶ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠲᠥᠪ
ᠬᠣᠶᠠᠷ᠂ ᠢᠯᠡ ᠨᠡᠶ᠋ᠢᠲᠡᠯᠡᠬᠦ ᠴᠠᠭ ᠬᠤᠭᠤᠴᠠᠭ᠎ᠠ
2023 ᠣᠨ᠎ᠤ 10 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ 2023 ᠣᠨ᠎ᠤ 11 ᠳ᠋ᠦ᠍ᠭᠡᠷ ᠰᠠᠷ᠎ᠠ ᠵᠢᠨ 6᠎ᠤ ᠡᠳᠦᠷ ᠪᠣᠯᠲᠠᠯ᠎ᠠ
ᠭᠤᠷᠪᠠ᠂ ᠬᠦᠯᠢᠶᠡᠨ ᠠᠪᠴᠤ ᠰᠢᠢ᠍ᠳᠪᠦᠷᠢᠯᠡᠬᠦ ᠠᠷᠭ᠎ᠠ ᠮᠠᠶᠢᠭ
ᠨᠢᠭᠡᠴᠢ ᠪᠠ ᠬᠤᠪᠢ ᠬᠥᠮᠦᠨ ᠰᠤᠷᠪᠤᠯᠵᠢᠯᠠᠬᠤ᠎ᠪᠠᠷ ᠢᠷᠡᠬᠦ᠂ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠬᠡᠯᠪᠡᠷᠢ᠎ᠪᠠᠷ ᠳᠡᠭᠡᠷᠡᠬᠢ ᠢᠯᠡ᠎ᠪᠠᠷ ᠨᠡᠶ᠋ᠢᠲᠡᠯᠡᠭᠰᠡᠨ ᠬᠥᠮᠦᠰ᠎ᠤᠨ ᠬᠣᠯᠪᠣᠭᠳᠠᠯ ᠪᠥᠬᠥᠶ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ᠎ᠢ ᠪᠠᠶ᠋ᠢᠴᠠᠭ᠋ᠠᠨ ᠬᠠᠷᠭᠤᠭᠤᠯᠬᠤ᠎ᠳᠤ ᠲᠥᠬᠥᠮ᠎ᠤᠨ ᠲᠤᠰᠠᠳᠠ᠂ ᠠᠰᠠᠭᠤᠳᠠᠯ᠎ᠢ ᠲᠤᠰᠬᠠᠬᠤ ᠦᠶ᠎ᠡ᠎ᠳᠤ ᠬᠣᠯᠪᠣᠭᠳᠠᠯ ᠪᠥᠬᠥᠶ ᠰᠦᠪᠡᠭᠴᠢ ᠵᠢᠴᠢ ᠲᠣᠰ ᠬᠥᠮᠦᠨ᠎ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠪᠤᠶᠤ ᠠᠵᠢᠯᠯᠠᠬᠤ ᠨᠢᠭᠡᠴᠢ ᠵᠡᠷᠭᠡ ᠮᠡᠳᠡᠭᠡ ᠵᠠᠩᠭᠢ᠎ᠪᠠᠨ ᠬᠠᠩᠭ᠋ᠠᠭ᠋ᠠᠷᠠᠶ᠂ ᠪᠢᠳᠡ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ᠂ ᠨᠢᠭᠤᠴᠠ ᠵᠢ ᠬᠠᠮᠠᠭ᠋ᠠᠯᠠᠬᠤ ᠡᠭᠦᠷᠭᠡ᠎ᠪᠠᠨ ᠭᠦᠢ᠍ᠴᠡᠳᠭᠡᠵᠦ᠂ ᠬᠢᠨᠠᠨ ᠬᠠᠷᠭᠤᠭᠤᠯᠤᠭᠰᠠᠨ ᠪᠠᠶ᠋ᠢᠳᠠᠯ ᠵᠶ᠋ᠠᠨ ᠴᠠᠭ ᠲᠤᠬᠠᠶ᠎ᠳᠤᠨᠢ ᠬᠠᠷᠢᠭᠤ ᠲᠤᠰᠬᠠᠨ᠎ᠠ᠃
ᠢᠯᠡ ᠨᠡᠶ᠋ᠢᠲᠡᠯᠡᠬᠦ ᠠᠯᠪᠠᠨ ᠬᠡᠷ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ᠎ᠤᠨ 2512 ᠥᠷᠥᠭᠡᠨ᠎ᠳᠤ ᠲᠣᠬᠢᠷᠠᠭᠤᠯᠪᠠ᠃
ᠬᠦᠯᠢᠶᠡᠨ ᠠᠪᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨᠡᠬᠢ 9᠄ 00 —12᠄ 00᠂ ᠦᠳᠡ ᠵᠢᠨ ᠬᠣᠶ᠋ᠢᠨᠠᠬᠢ 13᠄ 30 —17᠄ 00
ᠬᠦᠯᠢᠶᠡᠨ ᠠᠪᠬᠤ ᠤᠲᠠᠰᠤ᠄ 0471 - 5259546
ᠡᠭᠦᠨ᠎ᠤ ᠲᠤᠯᠠ ᠣᠨᠴᠠᠭ᠋ᠠᠶ᠋ᠢᠯᠠᠨ ᠵᠠᠷᠯᠠᠪᠠ
2023 ᠣᠨ᠎ᠤ 10 ᠳ᠋ᠤᠭ᠋ᠠᠷ ᠰᠠᠷ᠎ᠠ ᠵᠢᠨ 30᠎ᠤ ᠡᠳᠦᠷ