ᠥᠪᠥᠷ ᠮᠣᠩᠭᠣᠯ᠎ᠤᠨ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠤᠨ ᠠᠯᠪᠠᠨ ᠠᠰᠠᠷ᠎ᠢ ᠰᠡᠯᠪᠢᠨ ᠵᠠᠰᠠᠵᠤ ᠥᠭᠡᠷᠡᠴᠢᠯᠡᠨ ᠪᠠᠶ᠋ᠢᠭᠤᠯᠬᠤ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠬᠤ ᠠᠵᠢᠯ᠎ᠢ ᠲᠦᠯᠬᠢᠨ ᠠᠬᠢᠭᠤᠯᠬᠤ ᠵᠢᠨ ᠲᠤᠰᠠᠳᠠ᠂ ᠮᠠᠨ᠎ᠤ ᠲᠥᠪ ᠣᠳᠣ ᠢᠯᠡ᠎ᠪᠠᠷ ᠠᠳᠠᠯᠢᠳᠬᠠᠵᠤ ᠪᠠᠶ᠋ᠢᠭ᠋ᠠᠳ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢ ᠰᠣᠩᠭᠣᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠠᠵᠢᠯ᠎ᠢ ᠥᠷᠨᠢᠭᠦᠯᠬᠦ ᠪᠣᠯᠤᠨ᠎ᠠ᠃ ᠡᠳᠦᠭᠡ ᠬᠣᠯᠪᠣᠭᠳᠠᠯ ᠪᠥᠬᠥᠶ ᠵᠦᠢ᠍ᠯᠡᠰ᠎ᠢ ᠳᠤᠤᠷᠠᠬᠢ ᠮᠡᠲᠦ ᠵᠠᠷᠯᠠᠪᠠ᠄
ᠨᠢᠭᠡ᠂ ᠲᠥᠷᠥᠯ ᠵᠦᠢ᠍ᠯ᠎ᠤᠨ ᠲᠣᠶ᠋ᠢᠮᠣ ᠪᠠᠶ᠋ᠢᠳᠠᠯ
1. ᠲᠥᠷᠥᠯ ᠵᠦᠢ᠍ᠯ᠎ᠤᠨ ᠨᠡᠷᠡᠶ᠋ᠢᠳᠦᠯ᠄ ᠥᠪᠥᠷ ᠮᠣᠩᠭᠣᠯ᠎ᠤᠨ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠤᠨ ᠠᠯᠪᠠᠨ ᠠᠰᠠᠷ᠎ᠢ ᠰᠡᠯᠪᠢᠨ ᠵᠠᠰᠠᠵᠤ ᠥᠭᠡᠷᠡᠴᠢᠯᠡᠬᠦ ᠲᠥᠷᠥᠯ ᠵᠦᠢ᠍ᠯ
2. ᠬᠡᠷᠡᠭᠵᠢᠭᠦᠯᠬᠦ ᠴᠠᠭ ᠪᠠ ᠭᠠᠵᠠᠷ᠄ 2023 ᠣᠨ᠎ᠤ 11 ᠳ᠋ᠦ᠍ᠭᠡᠷ ᠰᠠᠷ᠎ᠠ᠂ ᠬᠥᠬᠡᠬᠣᠲᠠ᠃
3. ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠠᠭᠤᠯᠭ᠎ᠠ᠄ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ᠎ᠠ᠂ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠢ ᠲᠤᠭᠤᠷᠪᠢᠨ ᠲᠣᠭᠲᠠᠭ᠋ᠠᠬᠤ᠂ ᠠᠯᠪᠠᠨ ᠵᠠᠷ ᠨᠡᠶ᠋ᠢᠲᠡᠯᠡᠬᠦ᠂ ᠲᠥᠷᠥᠯ ᠵᠦᠢ᠍ᠯ᠎ᠤᠨ ᠥᠷᠨᠢᠯᠲᠡ ᠳᠤᠮᠳᠠᠬᠢ ᠰᠡᠵᠢᠭ (ᠵᠢᠱ᠌ᠢᠶᠡᠯᠡᠪᠡᠯ)᠎ᠢ ᠰᠢᠢ᠍ᠳᠪᠦᠷᠢᠯᠡᠬᠦ᠂ ᠳᠠᠭ᠋ᠠᠭ᠋ᠠᠴᠢᠯᠠᠯᠲᠠ ᠨᠡᠶ᠋ᠢᠲᠡᠯᠡᠬᠦ ᠵᠢ ᠵᠣᠬᠢᠶᠠᠨ ᠪᠠᠶ᠋ᠢᠭᠤᠯᠬᠤ᠂ ᠳᠠᠭ᠋ᠠᠭ᠋ᠠᠴᠢᠯᠠᠯᠲᠠ ᠣᠯᠤᠭᠰᠠᠨ ᠮᠡᠳᠡᠭᠳᠡᠯ᠎ᠤᠨ ᠪᠢᠴᠢᠭ ᠲᠠᠷᠬᠠᠭ᠋ᠠᠬᠤ᠂ ᠲᠥᠷᠥᠯ ᠵᠦᠢ᠍ᠯ᠎ᠢ ᠲᠠᠩᠰᠠ ᠡᠪᠬᠡᠮᠡᠯ᠎ᠳᠤ ᠣᠷᠣᠭᠤᠯᠬᠤ ᠵᠡᠷᠭᠡ ᠪᠠᠭᠲᠠᠨ᠎ᠠ᠃
ᠬᠣᠶᠠᠷ᠂ ᠣᠷᠣᠯᠠᠬᠤ ᠪᠠᠶ᠋ᠢᠭᠤᠯᠤᠮᠵᠢ ᠵᠢᠨ ᠬᠢᠷᠢ ᠬᠡᠮ᠎ᠤᠨ ᠱᠠᠭ᠋ᠠᠷᠳᠠᠯᠭ᠎ᠠ
1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ ᠵᠢᠨ ᠣᠷᠣᠯᠠᠬᠤ ᠪᠠᠶ᠋ᠢᠭᠤᠯᠤᠮᠵᠢ ᠵᠢᠨ ᠬᠥᠮᠥᠷᠭᠡ᠎ᠳᠤ ᠲᠡᠮᠳᠡᠭᠯᠡᠭᠦᠯᠦᠨ ᠳᠠᠩᠰᠠᠯᠠᠭᠤᠯᠤᠨ᠎ᠠ;
2. ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠬᠥᠮᠦᠨ᠎ᠤ ᠬᠢᠷᠢ ᠬᠡᠮ᠎ᠲᠠᠢ ᠪᠠᠶ᠋ᠢᠭᠤᠯᠤᠮᠵᠢ᠎ᠨᠢ ᠡᠷᠬᠡᠪᠰᠢ ᠡᠳ᠋᠎ᠤᠨ ᠶᠠᠪᠤᠳᠠᠯ᠎ᠤᠨ ᠰᠠᠢ᠍ᠢ᠍ᠨ ᠪᠠᠶ᠋ᠢᠳᠠᠯ ᠪᠠ ᠬᠤᠳᠠᠯᠳᠤᠭ᠋ᠠᠨ᠎ᠤ ᠰᠠᠢ᠍ᠢ᠍ᠨ ᠰᠠᠶ᠋ᠢᠬᠠᠨ ᠢᠲᠡᠭᠡᠯ ᠬᠦᠨᠳᠦ ᠵᠢ ᠪᠦᠷᠢᠯᠳᠦᠭᠦᠯᠵᠦ᠂ ᠭᠡᠷ᠎ᠡ ᠵᠢ ᠭᠦᠢ᠍ᠴᠡᠳᠬᠡᠬᠦ ᠭᠦᠢ᠍ᠴᠡᠳ ᠡᠳ᠋ ᠬᠦᠷᠦᠨᠭᠭᠡ ᠪᠠ ᠴᠢᠳᠠᠪᠤᠷᠢ᠎ᠲᠠᠢ ᠪᠠᠶ᠋ᠢᠬᠤ ᠬᠡᠷᠡᠭᠲᠡᠢ᠃
3. ᠲᠣᠰ ᠭᠠᠵᠠᠷ᠎ᠤᠨ ᠪᠡᠶ᠎ᠡ᠎ᠪᠠᠨ ᠳᠠᠭ᠋ᠠᠭ᠋ᠠᠭᠰᠠᠨ ᠳᠠᠭ᠋ᠠᠭ᠋ᠠᠴᠢᠯᠠᠯᠲᠠ ᠰᠢᠯᠭ᠋ᠠᠷᠠᠭᠤᠯᠬᠤ ᠲᠠᠯᠠᠪᠤᠷ ᠵᠢᠴᠢ ᠪᠡᠯᠡᠳᠬᠡᠮᠵᠢ᠎ᠲᠠᠢ ᠪᠠᠶ᠋ᠢᠬᠤ᠃
ᠭᠤᠷᠪᠠ᠂ ᠨᠡᠷ᠎ᠡ ᠮᠡᠳᠡᠭᠦᠯᠬᠦ᠎ᠳᠡᠭᠡᠨ ᠮᠠᠲ᠋ᠧᠷᠢᠶᠠᠯ ᠵᠶ᠋ᠠᠨ ᠠᠪᠴᠤ ᠶᠠᠪᠤᠬᠤ ᠬᠡᠷᠡᠭᠲᠡᠶ
1. ᠨᠡᠷ᠎ᠡ ᠮᠡᠳᠡᠭᠦᠯᠦᠭᠴᠢ ᠥᠪᠡᠷ᠎ᠤᠨ ᠪᠡᠶ᠎ᠡ ᠵᠢᠨ ᠦᠨᠡᠮᠯᠡᠯ᠎ᠤᠨ ᠣᠭ ᠡᠬᠡ᠎ᠪᠠᠨ ᠭᠠᠷᠭ᠋ᠠᠨ ᠦᠵᠡᠭᠦᠯᠵᠦ᠂ ᠬᠠᠭᠤᠯᠪᠤᠷᠢ᠎ᠪᠠᠨ ᠬᠠᠩᠭ᠋ᠠᠨ᠎ᠠ;
2. ᠨᠡᠷ᠎ᠡ ᠮᠡᠳᠡᠭᠦᠯᠦᠭᠴᠢ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷᠤᠨ ᠥᠰᠥᠭ ᠵᠢᠷᠤᠭᠰᠠᠨ᠂ ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠣᠯᠭᠣᠭᠰᠠᠨ ᠨᠠᠶ᠋ᠢᠳᠠᠯᠭ᠎ᠠ ᠵᠢᠨ ᠪᠢᠴᠢᠭ》 ᠭᠠᠷᠭ᠋ᠠᠵᠤ ᠥᠭᠭᠦᠨ᠎ᠡ;
3. ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠪᠠᠶ᠋ᠢᠭᠤᠯᠭ᠎ᠠ ᠵᠢᠨ ᠣᠨ᠎ᠤ ᠪᠠᠶ᠋ᠢᠴᠠᠭ᠋ᠠᠯᠲᠠ᠎ᠳᠤ ᠬᠢᠷᠢ ᠲᠡᠩᠴᠡᠪᠡᠯ ᠬᠦᠴᠦᠨ᠎ᠲᠠᠢ ᠪᠥᠭᠡᠳ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠤᠨ ᠪᠠᠭᠤᠯᠭ᠋ᠠᠪᠤᠷᠢ;
4. ᠣᠶ᠋ᠢᠷ᠎ᠠ ᠵᠢᠨ ᠬᠠᠭ᠋ᠠᠰ ᠵᠢᠯ᠎ᠳᠤ ᠨᠡᠶ᠋ᠢᠭᠡᠮ᠎ᠤᠨ ᠪᠠᠲᠤᠯᠠᠭ᠎ᠠ ᠵᠢᠨ ᠪᠡᠯᠡ ᠮᠥᠩᠭᠥ ᠵᠢ ᠭᠤᠷᠪᠠᠨ ᠰᠠᠷ᠎ᠠ ᠳᠠᠷᠠᠭ᠋ᠠᠯᠠᠨ ᠲᠤᠰᠢᠶᠠᠭᠰᠠᠨ᠎ᠢ ᠭᠡᠷᠡᠴᠢᠯᠡᠬᠦ ᠮᠠᠲ᠋ᠧᠷᠢᠶᠠᠯ᠂ ᠣᠶ᠋ᠢᠷ᠎ᠠ ᠵᠢᠨ ᠬᠠᠭ᠋ᠠᠰ ᠵᠢᠯ᠎ᠳᠤ ᠭᠤᠷᠪᠠᠨ ᠰᠠᠷ᠎ᠠ ᠳᠠᠷᠠᠭ᠋ᠠᠯᠠᠨ ᠭᠠᠶ᠋ᠢᠯᠢ ᠲᠤᠰᠢᠶᠠᠭᠰᠠᠨ᠎ᠢ ᠭᠡᠷᠡᠴᠢᠯᠡᠬᠦ ᠮᠠᠲ᠋ᠧᠷᠢᠶᠠᠯ;
5. 2022 ᠣᠨ ᠪᠤᠶᠤ 2021 ᠣᠨ᠎ᠳᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ᠎ᠠᠴᠠ ᠭᠠᠷᠭ᠋ᠠᠭᠰᠠᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠵᠢᠨ ᠦᠨᠳᠦᠰᠦᠨ ᠲᠠᠩᠰᠠᠨ ᠡᠷᠦᠬᠡ ᠪᠠᠶ᠋ᠢᠭᠤᠯᠤᠭᠰᠠᠨ ᠪᠠᠩᠬᠢ᠎ᠠᠴᠠ ᠭᠠᠷᠭ᠋ᠠᠭᠰᠠᠨ ᠬᠥᠷᠥᠩᠭᠡ ᠢᠲᠡᠭᠡᠮᠵᠢ ᠵᠢᠨ ᠭᠡᠷᠡᠴᠢ;
6. 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠣᠷᠣᠯᠠᠬᠤ ᠪᠠᠶ᠋ᠢᠭᠤᠯᠤᠮᠵᠢ᠎ᠳᠤ ᠲᠡᠮᠳᠡᠭᠯᠡᠭᠦᠯᠦᠨ ᠬᠥᠮᠥᠷᠭᠡ᠎ᠳᠤ ᠣᠷᠣᠭᠤᠯᠬᠤ ᠵᠢᠷᠤᠭ᠎ᠤᠨ ᠭᠡᠷᠡᠴᠢᠯᠡᠬᠦ ᠮᠠᠲ᠋ᠧᠷᠢᠶᠠᠯ;
7. 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn ) ᠵᠢᠨ ᠢᠲᠡᠭᠡᠮᠵᠢ ᠠᠯᠳᠠᠭᠰᠠᠨ ᠭᠦᠢ᠍ᠴᠡᠳᠭᠡᠭᠳᠡᠭᠴᠢ ᠪᠣᠯᠤᠨ ᠬᠦᠨᠳᠦ ᠶᠡᠬᠡ ᠭᠠᠶ᠋ᠢᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠎ᠤᠨ ᠲᠡᠮᠳᠡᠭᠯᠡᠯ᠎ᠤᠨ ᠵᠢᠷᠤᠭ ᠵᠢᠴᠢ 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 (www.ccgp.gov.cn) ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠨᠳᠦ ᠨᠣᠴᠢᠲᠠᠶ᠎ᠪᠠᠷ ᠬᠠᠤᠯᠢ᠎ᠠᠴᠠ ᠵᠥᠷᠢᠴᠡᠭᠰᠡᠨ ᠢᠲᠡᠭᠡᠮᠵᠢ ᠠᠯᠳᠠᠭᠰᠠᠨ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠤᠨ ᠲᠡᠮᠳᠡᠭᠯᠡᠯ᠎ᠤᠨ ᠵᠢᠷᠤᠭ;
8. ᠳᠤᠮᠳᠠᠳᠤ ᠤᠯᠤᠰ᠎ᠤᠨ ᠲᠠᠰᠣᠯᠣᠨ ᠲᠣᠭᠲᠠᠭ᠋ᠠᠯᠲᠠ ᠵᠢᠨ ᠪᠢᠴᠢᠭ ᠬᠠᠷ᠎ᠠ ᠵᠢᠨ ᠰᠦᠯᠵᠢᠶ᠎ᠡ ᠵᠢᠨ ᠨᠡᠷ᠎ᠡ ᠮᠡᠳᠡᠭᠦᠯᠦᠭᠰᠡᠨ ᠵᠢᠷᠤᠭ᠎ᠠᠴᠠ ᠦᠵᠡᠪᠡᠯ ᠣᠶ᠋ᠢᠷ᠎ᠠ ᠵᠢᠨ ᠭᠤᠷᠪᠠᠨ ᠵᠢᠯ (2020 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠣᠲᠣ ᠪᠣᠯᠲᠠᠯ᠎ᠠ)᠎ᠳᠤ ᠬᠡᠭᠡᠯᠢ ᠲᠦᠯᠬᠢᠭᠰᠡᠨ ᠶᠠᠯᠠᠲᠤ ᠠᠵᠢᠯᠯᠠᠭ᠎ᠠ ᠵᠢᠨ ᠲᠡᠮᠳᠡᠭᠯᠡᠯ᠎ᠤᠨ ᠵᠢᠷᠤᠭ ᠪᠠᠶ᠋ᠢᠬᠤ ᠥᠬᠡᠶ;
9. ᠲᠣᠰ ᠭᠠᠵᠠᠷ᠎ᠤᠨ ᠪᠡᠶ᠎ᠡ᠎ᠪᠠᠨ ᠳᠠᠭ᠋ᠠᠭ᠋ᠠᠭᠰᠠᠨ ᠳᠠᠭ᠋ᠠᠭ᠋ᠠᠴᠢᠯᠠᠯᠲᠠ ᠦᠨᠡᠯᠡᠬᠦ ᠲᠠᠯᠠᠪᠤᠷ ᠭᠠᠵᠠᠷ ᠵᠢᠴᠢ ᠪᠡᠯᠡᠳᠬᠡᠮᠵᠢ (ᠲᠣᠰ ᠭᠠᠵᠠᠷ᠎ᠤᠨ ᠬᠡᠷ ᠪᠠᠶ᠋ᠢᠰᠢᠩ ᠲᠦᠷᠢᠶᠡᠰᠦᠯᠡᠬᠦ ᠭᠡᠷ᠎ᠡ ᠪᠤᠶᠤ ᠬᠡᠷ ᠬᠥᠷᠥᠩᠭᠡ ᠵᠢᠨ ᠦᠨᠡᠮᠯᠡᠯ ᠵᠢᠴᠢ ᠲᠠᠯᠠᠪᠤᠷ ᠭᠠᠵᠠᠷ᠂ ᠪᠡᠯᠡᠳᠬᠡᠮᠵᠢ ᠵᠢᠨ ᠬᠡᠷᠡᠯ ᠵᠢᠷᠤᠭ ᠵᠡᠷᠭᠡ ᠵᠢ ᠬᠠᠩᠭ᠋ᠠᠨ᠎ᠠ)᠃
ᠲᠠᠶ᠋ᠢᠯᠪᠤᠷᠢ᠄ ᠳᠡᠭᠡᠷᠡᠬᠢ ᠪᠤᠶ ᠪᠦᠬᠦᠢ ᠮᠠᠲᠸᠷᠢᠶᠠᠯ ᠴᠥᠮ ᠤᠭ ᠮᠠᠲᠸᠷᠢᠶᠠᠯ (ᠨᠧᠲ ᠨᠢᠭᠤᠷ᠎ᠤᠨ ᠵᠢᠷᠤᠭ᠎ᠠᠴᠠ ᠪᠤᠰᠤᠳ) ᠵᠢᠴᠢ ᠪᠠᠭᠤᠯᠭ᠋ᠠᠪᠤᠷᠢ (ᠨᠢᠭᠡ ᠢᠵᠢ) ᠵᠢ ᠬᠠᠩᠭ᠋ᠠᠬᠤ ᠴᠢᠬᠤᠯᠠᠲᠠᠢ ᠪᠣᠯ ᠨᠢᠭᠡᠴᠢ ᠵᠢᠨ ᠲᠠᠮᠠᠭ᠎ᠠ ᠵᠢ ᠳᠠᠷᠤᠬᠤ ᠬᠡᠷᠡᠭᠲᠡᠶ᠂ ᠲᠡᠶ᠋ᠢᠮᠦ ᠪᠢᠰᠢ ᠪᠣᠯ ᠬᠦᠴᠦᠨ ᠦᠭᠡᠶ᠃
ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ
ᠳᠡᠭᠡᠷ᠎ᠡ ᠳᠤᠷᠠᠳᠤᠭᠰᠠᠨ ᠨᠥᠬᠥᠴᠡᠯ᠎ᠳᠤ ᠨᠡᠶ᠋ᠢᠴᠡᠬᠦ ᠣᠷᠣᠯᠠᠬᠤ ᠪᠠᠶ᠋ᠢᠭᠤᠯᠤᠮᠵᠢ᠎ᠨᠢ 2023 ᠣᠨ᠎ᠤ 11 ᠳ᠋ᠦ᠍ᠭᠡᠷ ᠰᠠᠷ᠎ᠠ ᠵᠢᠨ 14᠎ᠤ ᠡᠳᠦᠷ᠎ᠠᠴᠠ 2023 ᠣᠨ᠎ᠤ 11 ᠳ᠋ᠦ᠍ᠭᠡᠷ ᠰᠠᠷ᠎ᠠ ᠵᠢᠨ 15᠎ᠤ ᠡᠳᠦᠷ ᠪᠣᠯᠲᠠᠯ᠎ᠠ᠂ ᠠᠵᠢᠯᠯᠠᠬᠤ ᠡᠳᠦᠷ ᠪᠦᠷᠢ ᠵᠢᠨ ᠦᠳᠡ ᠵᠢᠨ ᠡᠮᠦᠨᠡᠬᠢ 9᠄ 00 —12᠄ 00᠂ ᠦᠳᠡ ᠵᠢᠨ ᠬᠣᠶ᠋ᠢᠨᠠᠬᠢ 14᠄ 30 —17᠄ 00᠎ᠳᠤ ᠨᠡᠷ᠎ᠡ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠨ᠎ᠠ᠃
ᠨᠡᠷ᠎ᠡ ᠮᠡᠳᠡᠭᠦᠯᠬᠦ ᠬᠠᠶᠢᠭ᠄ ᠥᠪᠥᠷ ᠮᠣᠩᠭᠣᠯ᠎ᠤᠨ ᠬᠥᠬᠡᠬᠣᠲᠠ ᠵᠢᠨ ᠬᠥᠯᠥᠨ ᠡᠮᠦᠨ᠎ᠡ ᠵᠠᠮ᠎ᠤᠨ 9 ᠳ᠋ᠦ᠍ᠭᠡᠷ ᠨᠣᠮᠧᠷᠲᠤ 1 ᠳ᠋ᠦ᠍ᠭᠡᠷ ᠠᠰᠠᠷ᠎ᠤᠨ 217 ᠳ᠋ᠤᠭ᠋ᠠᠷ ᠥᠷᠥᠭᠡ
ᠰᠢᠤᠳᠠᠨ ᠨᠣᠮᠧᠷ᠄ 010010
ᠬᠠᠷᠢᠯᠴᠠᠬᠤ ᠬᠥᠮᠦᠨ᠄ ᠮᠠ ᠶᠠᠨ
ᠬᠠᠷᠢᠯᠴᠠᠬᠤ ᠤᠲᠠᠰᠤ᠄ 0471- 6294733 13304716966
ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ
2023 ᠣᠨ᠎ᠤ 11 ᠳ᠋ᠦ᠍ᠭᠡᠷ ᠰᠠᠷ᠎ᠠ ᠵᠢᠨ 13᠎ᠤ ᠡᠳᠦᠷ