ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
2023 ᠣᠨ᠎ᠤ ᠬᠣᠶᠠᠳᠤᠭ᠋ᠠᠷ ᠪᠦᠯᠦᠭ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠣᠯᠤᠨ ᠲᠤᠰᠬᠠᠢ ᠲᠤᠰᠢᠶᠠᠯᠲᠦ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠢ ᠦᠢ᠍ᠯᠡᠳᠪᠦᠷᠢᠯᠡᠯ᠎ᠤᠨ ᠮᠡᠳᠡᠯᠭᠡ ᠵᠢᠨ ᠰᠢᠯᠭ᠋ᠠᠯᠲᠠ ᠵᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2023-11-01

ᠬᠣᠯᠪᠣᠭᠳᠠᠯ ᠪᠦᠬᠦᠢ ᠨᠢᠭᠡᠴᠢ᠎ᠨᠦᠭᠦᠳ᠎ᠲᠤ᠄

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ 《2023 ᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠣᠯᠤᠨ ᠲᠤᠰᠬᠠᠢ ᠲᠤᠰᠢᠶᠠᠯᠲᠦ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠢ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠲᠥᠯᠥᠪᠯᠡᠭᠡ ᠵᠢ ᠨᠡᠶ᠋ᠢᠲᠡᠯᠡᠬᠦ ᠲᠤᠬᠠᠶ ᠮᠡᠳᠡᠭᠳᠡᠯ》 (ᠦᠪᠦᠷ ᠤᠰᠤᠨ ᠠᠵᠢᠯᠯᠠᠭ᠋ᠠᠨ ᠬᠠᠮᠢᠶᠠᠷᠤᠯᠲᠠ [2023] 30 ᠳ᠋ᠤᠭ᠋ᠠᠷ ᠲᠣᠭ᠋ᠠᠲᠤ)᠎ᠢ ᠦᠨᠳᠦᠰᠦᠯᠡᠨ᠂ ᠡᠳᠦᠭᠡ 2023 ᠣᠨ᠎ᠤ ᠬᠣᠶᠠᠳᠤᠭ᠋ᠠᠷ ᠪᠦᠯᠦᠭ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠣᠯᠤᠨ ᠲᠤᠰᠬᠠᠢ ᠲᠤᠰᠢᠶᠠᠯᠲᠦ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠢ ᠦᠢ᠍ᠯᠡᠳᠪᠦᠷᠢᠯᠡᠯ᠎ᠤᠨ ᠮᠡᠳᠡᠯᠭᠡ ᠵᠢᠨ ᠰᠢᠯᠭ᠋ᠠᠯᠲᠠ ᠵᠢᠨ ᠬᠣᠯᠪᠣᠭᠳᠠᠯ ᠪᠥᠬᠥᠶ ᠵᠦᠢ᠍ᠯᠡᠰ᠎ᠢ ᠳᠤᠤᠷᠠᠬᠢ ᠮᠡᠲᠦ ᠮᠡᠳᠡᠭᠳᠡᠪᠡ᠃

   ᠨᠢᠭᠡ᠂ ᠰᠢᠯᠭ᠋ᠠᠯᠲᠠ ᠵᠢ ᠵᠣᠬᠢᠶᠠᠨ ᠪᠠᠶ᠋ᠢᠭᠤᠯᠬᠤ

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠤ ᠬᠢᠨᠠᠯᠲᠠ ᠲᠠᠯᠪᠢᠬᠤ ᠦᠢ᠍ᠯᠡᠴᠢᠯᠡᠭᠡᠨ᠎ᠤ ᠲᠥᠪ (ᠳᠣᠷᠣᠭᠰᠢ ᠰᠢᠯᠭ᠋ᠠᠯᠲᠠ ᠵᠢᠨ ᠪᠠᠶ᠋ᠢᠭᠤᠯᠤᠮᠵᠢ ᠭᠡᠵᠦ ᠲᠣᠪᠴᠢᠯᠠᠨ᠎ᠠ)᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠵᠢᠨ ᠶᠡᠷᠦᠩᠬᠡᠶ ᠳᠠᠭ᠋ᠠᠭ᠋ᠠᠴᠢᠯᠠᠯᠲᠠ ᠵᠢᠨ ᠬᠣᠶᠠᠳᠤᠭ᠋ᠠᠷ ᠳᠡᠰ᠎ᠠᠴᠠ ᠳᠣᠷᠣᠭᠰᠢᠬᠢ ᠬᠢᠷᠢ ᠴᠢᠳᠠᠮᠵᠢ᠂ ᠲᠤᠰᠬᠠᠶ ᠳᠠᠭ᠋ᠠᠭ᠋ᠠᠴᠢᠯᠠᠯᠲᠠ ᠵᠢᠨ ᠬᠣᠶᠠᠳᠤᠭ᠋ᠠᠷ ᠳᠡᠰ (ᠪᠠᠭᠲᠠᠨ᠎ᠠ)᠎ᠠᠴᠠ ᠳᠣᠷᠣᠭᠰᠢᠬᠢ ᠬᠢᠷᠢ ᠴᠢᠳᠠᠮᠵᠢ᠎ᠲᠠᠢ ᠠᠵᠤ ᠠᠬᠤᠶ᠋ᠢᠯᠠᠯ᠎ᠤᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠢ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠠᠵᠢᠯ᠎ᠢ ᠡᠭᠦᠷᠭᠡᠯᠡᠨ᠎ᠡ᠃

   ᠬᠣᠶᠠᠷ᠂ ᠰᠢᠯᠭ᠋ᠠᠭᠰᠠᠳ

   ᠯᠠᠪᠯᠠᠯᠲᠠ ᠵᠢᠨ ᠬᠥᠮᠦᠰ᠎ᠢ ᠳᠠᠭ᠋ᠠᠯᠳᠤᠭᠤᠯᠤᠯ᠎ᠳᠤ ᠨᠠᠷᠢᠨ ᠦᠵᠡ᠃ ᠨᠢᠭᠡᠨᠲᠡ ᠨᠡᠷ᠎ᠡ ᠮᠡᠳᠡᠭᠦᠯᠦᠭᠰᠡᠨ ᠰᠢᠯᠭ᠋ᠠᠭᠤᠯᠤᠭᠴᠢ ᠬᠡᠷᠪᠡ ᠣᠪᠣᠭ ᠨᠡᠷ᠎ᠡ ᠵᠡᠷᠭᠡ ᠮᠡᠳᠡᠭᠡ ᠵᠠᠩᠭᠢ᠎ᠨᠢ ᠪᠤᠷᠤᠭᠤ᠎ᠲᠠᠢ᠎ᠠᠴᠠ ᠪᠣᠯᠵᠣ ᠵᠠᠰᠠᠪᠤᠷᠢ ᠣᠷᠣᠭᠤᠯᠬᠤ ᠴᠢᠬᠤᠯᠠᠲᠠᠶ ᠪᠤᠶᠤ ᠲᠤᠬᠠᠶ ᠵᠢᠨ ᠲᠠᠯᠠᠪᠤᠷ᠎ᠲᠤ ᠢᠷᠡᠵᠦ ᠰᠢᠯᠭ᠋ᠠᠭᠤᠯᠬᠤ ᠵᠢᠨ ᠠᠷᠭ᠎ᠠ ᠥᠬᠡᠶ᠎ᠠᠴᠠ ᠪᠣᠯᠵᠣ ᠠᠵᠢᠯᠲᠠᠨ ᠵᠶ᠋ᠠᠨ ᠬᠠᠰᠤᠬᠤ ᠴᠢᠬᠤᠯᠠᠲᠠᠶ ᠪᠣᠯ᠂ ᠰᠢᠯᠭ᠋ᠠᠭᠤᠯᠤᠭᠴᠢ ᠵᠢᠨ ᠪᠠᠶ᠋ᠢᠭ᠎ᠠ ᠨᠢᠭᠡᠴᠢ᠎ᠨᠢ 2023 ᠣᠨ᠎ᠤ 11 ᠳ᠋ᠦ᠍ᠭᠡᠷ ᠰᠠᠷ᠎ᠠ ᠵᠢᠨ 10᠎ᠤ ᠡᠳᠦᠷ᠎ᠤᠨ 17᠄ 00᠎ᠠᠴᠠ ᠡᠮᠦᠨ᠎ᠡ ᠠᠭᠤᠯᠭ᠎ᠠ᠎ᠪᠠᠨ ᠬᠤᠪᠢᠷᠠᠭᠤᠯᠵᠤ᠂ ᠭᠠᠷᠲᠠᠨ ᠭᠦᠢ᠍ᠴᠡᠳᠭᠡᠭᠴᠢ᠎ᠲᠠᠢ ᠬᠠᠷᠢᠯᠴᠠᠬᠤ ᠤᠲᠠᠰᠤ᠎ᠪᠠᠷ nmgslagbaoming@126 . com  ᠢᠮᠧᠯ ᠢᠯᠡᠭᠡᠭᠡᠷᠡᠶ᠃

   ᠭᠤᠷᠪᠠ᠂ ᠰᠢᠯᠭ᠋ᠠᠬᠤ ᠴᠠᠭ ᠵᠢᠴᠢ ᠭᠠᠵᠠᠷ 

   ᠰᠢᠯᠭ᠋ᠠᠬᠤ ᠴᠠᠭ᠄ 2023 ᠣᠨ᠎ᠤ 12 ᠳ᠋ᠤᠭ᠋ᠠᠷ ᠰᠠᠷ᠎ᠠ ᠵᠢᠨ 1᠎ᠤ ᠡᠳᠦᠷ᠎ᠤᠨ ᠦᠳᠡ ᠵᠢᠨ ᠡᠮᠦᠨᠡᠬᠢ 9᠄ 00 —11᠄ 30

   ᠰᠢᠯᠭ᠋ᠠᠬᠤ ᠭᠠᠵᠠᠷ᠄ ᠴᠠᠩ ᠴᠧᠨ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠢᠦᠶ ᠴᠢᠤᠸᠠᠨ ᠲᠣᠭᠣᠷᠢᠭ᠎ᠤᠨ ᠰᠢᠯᠢ ᠵᠢᠨ ᠡᠮᠦᠨ᠎ᠡ ᠵᠠᠮ᠎ᠤᠨ ᠳ᠋ᠠ ᠹᠸᠢ ᠼᠦᠢ ᠴᠧᠩ 10 ᠳ᠋ᠤᠭ᠋ᠠᠷ ᠠᠰᠠᠷ)

   ᠲᠡᠷᠭᠡᠨ᠎ᠳᠤ ᠰᠠᠭᠤᠬᠤ ᠵᠠᠮ ᠱᠤᠭᠤᠮ᠄ 20 ᠳ᠋ᠤᠭ᠋ᠠᠷ ᠵᠠᠮ᠂ 26 ᠳ᠋ᠤᠭ᠋ᠠᠷ ᠵᠠᠮ᠂ 84 ᠳ᠋ᠦ᠍ᠭᠡᠷ ᠵᠠᠮ᠂ 208 ᠳ᠋ᠤᠭ᠋ᠠᠷ ᠵᠠᠮ᠎ᠤᠨ ᠲᠣᠭᠣᠷᠢᠯ ᠵᠠᠮ᠎ᠳᠤ ᠰᠠᠭᠤᠵᠤ ᠦᠪᠦᠷ ᠮᠤᠩᠭᠤᠯ᠎ᠤᠨ ᠶᠡᠬᠡ ᠰᠤᠷᠭ᠋ᠠᠭᠤᠯᠢ ᠵᠢᠨ ᠰᠢᠨ᠎ᠡ ᠰᠤᠷᠭ᠋ᠠᠭᠤᠯᠢ ᠵᠢᠨ ᠲᠣᠭᠣᠷᠢᠭ᠎ᠤᠨ ᠨᠡᠶ᠋ᠢᠲᠡ ᠵᠢᠨ ᠮᠠᠰᠢᠨ ᠲᠡᠷᠭᠡᠨ᠎ᠤ ᠥᠷᠲᠡᠭᠡᠨ᠎ᠳᠤ ᠪᠠᠭᠤᠵᠤ ᠪᠣᠯᠤᠨ᠎ᠠ᠂ ᠭᠠᠵᠠᠷ ᠳᠣᠣᠷᠠᠬᠢ ᠲᠡᠮᠦᠷ ᠵᠠᠮ᠎ᠤᠨ 2 ᠳ᠋ᠤᠭ᠋ᠠᠷ ᠱᠤᠭᠤᠮ ᠦᠪᠦᠷ ᠮᠤᠩᠭᠤᠯ᠎ᠤᠨ ᠶᠡᠬᠡ ᠰᠤᠷᠭ᠋ᠠᠭᠤᠯᠢ ᠵᠢᠨ ᠡᠮᠦᠨ᠎ᠡ ᠰᠤᠷᠭ᠋ᠠᠭᠤᠯᠢ ᠵᠢᠨ ᠲᠣᠭᠣᠷᠢᠭ᠎ᠤᠨ ᠭᠠᠵᠠᠷ ᠳᠣᠣᠷᠠᠬᠢ ᠲᠡᠮᠦᠷ ᠵᠠᠮ᠎ᠤᠨ ᠥᠷᠲᠡᠭᠡᠨ᠎ᠳᠤ ᠪᠠᠭᠤᠨ᠎ᠠ᠃

   ᠳᠥᠷᠪᠡ᠂ ᠰᠢᠯᠭ᠋ᠠᠭᠤᠯᠬᠤ ᠦᠨᠡᠮᠯᠡᠯ᠎ᠢ ᠪᠠᠭᠤᠯᠭ᠋ᠠᠵᠤ ᠳᠠᠷᠤᠮᠠᠯᠯᠠᠬᠤ

   ᠰᠢᠯᠭ᠋ᠠᠭᠤᠯᠤᠭᠴᠢ ᠵᠢᠨ ᠬᠤᠪᠢ ᠬᠥᠮᠦᠨ 2023 ᠣᠨ᠎ᠤ 11 ᠳ᠋ᠦ᠍ᠭᠡᠷ ᠰᠠᠷ᠎ᠠ ᠵᠢᠨ 27᠎ᠤ ᠡᠳᠦᠷ᠎ᠤᠨ 9᠄ 00᠎ᠠᠴᠠ 12 ᠳ᠋ᠤᠭ᠋ᠠᠷ ᠰᠠᠷ᠎ᠠ ᠵᠢᠨ 1᠎ᠤ ᠡᠳᠦᠷ᠎ᠤᠨ 9᠄ 00 ᠪᠣᠯᠲᠠᠯ᠎ᠠ https://t.exam-sp.com/index.html#/e/NM202311/print᠎ᠲᠤ ᠪᠠᠶ᠋ᠢᠵᠤ᠂ ᠰᠢᠯᠭ᠋ᠠᠭᠤᠯᠬᠤ ᠦᠨᠡᠮᠯᠡᠯ᠎ᠢ ᠥᠪᠡᠰᠦᠪᠡᠨ ᠳᠠᠷᠤᠮᠠᠯᠯᠠᠨ᠎ᠠ᠃

   ᠲᠠᠪᠤ᠂ ᠰᠢᠯᠭ᠋ᠠᠬᠤ ᠠᠭᠤᠯᠭ᠎ᠠ

   ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠳᠠᠨ᠎ᠤ ᠠᠶᠤᠯᠭᠦᠢ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠠᠭᠤᠯᠭ᠎ᠠ᠎ᠳᠤ ᠠᠶᠤᠯᠭᠦᠢ ᠦᠢ᠍ᠯᠡᠳᠪᠦᠷᠢᠯᠡᠯ᠎ᠤᠨ ᠮᠡᠳᠡᠯᠭᠡ ᠪᠠ ᠬᠠᠮᠢᠶᠠᠷᠤᠯᠲᠠ ᠵᠢᠨ ᠴᠢᠳᠠᠪᠤᠷᠢ ᠭᠡᠬᠦ ᠬᠣᠶᠠᠷ ᠬᠡᠰᠡᠭ ᠪᠠᠭᠲᠠᠨ᠎ᠠ᠃

   ᠠᠶᠤᠯᠭᠦᠢ ᠦᠢ᠍ᠯᠡᠳᠪᠦᠷᠢᠯᠡᠯ᠎ᠤᠨ ᠮᠡᠳᠡᠯᠭᠡ᠎ᠳᠤ᠄ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠤᠨ ᠦᠨᠳᠦᠰᠦᠨ ᠴᠢᠭᠯᠡᠯᠲᠡ ᠲᠦᠷᠦ ᠵᠢᠨ ᠪᠤᠳᠤᠯᠭ᠎ᠠ᠂ ᠠᠶᠤᠯᠭᠦᠢ ᠦᠢ᠍ᠯᠡᠳᠪᠦᠷᠢᠯᠡᠯ᠎ᠤᠨ ᠲᠠᠯ᠎ᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠤᠯᠤᠰ ᠪᠠ ᠤᠰᠤᠨ ᠠᠰᠢᠭᠯᠠᠯᠲᠠ ᠵᠢᠨ ᠠᠵᠢᠯ ᠲᠦᠷᠦᠯ᠎ᠤᠨ ᠠᠶᠤᠯᠭᠦᠢ ᠦᠢ᠍ᠯᠡᠳᠪᠦᠷᠢᠯᠡᠯ᠎ᠤᠨ ᠬᠣᠯᠪᠣᠭᠳᠠᠯ ᠪᠦᠬᠦᠢ ᠲᠦᠷᠢᠮ ᠲᠣᠭᠲᠠᠭ᠋ᠠᠯ᠂ ᠪᠠᠷᠢᠮᠵᠢᠶ᠎ᠠ ᠵᠢᠨ ᠵᠢᠷᠤᠮᠵᠢᠯ᠂ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠠᠶᠤᠯᠭᠦᠢ ᠦᠢ᠍ᠯᠡᠳᠪᠦᠷᠢᠯᠡᠯ᠎ᠤᠨ ᠮᠡᠷᠭᠡᠵᠢᠯ ᠵᠡᠷᠭᠡ ᠪᠠᠭᠲᠠᠨ᠎ᠠ᠃

   ᠬᠠᠮᠢᠶᠠᠷᠤᠯᠲᠠ ᠵᠢᠨ ᠴᠢᠳᠠᠪᠤᠷᠢ᠎ᠳᠤ᠄ ᠠᠶᠤᠯ᠎ᠤᠨ ᠡᠬᠢ ᠰᠤᠷᠪᠤᠯᠵᠢ ᠵᠢ ᠢᠯᠭ᠋ᠠᠨ ᠲᠠᠨᠢᠵᠤ ᠦᠨᠡᠯᠡᠨ ᠵᠢᠱ᠌ᠢᠬᠦ ᠪᠠ ᠲᠦᠭᠰᠢᠭᠦᠷᠢ ᠵᠢ ᠬᠠᠮᠢᠶᠠᠷᠤᠨ ᠡᠵᠡᠮᠳᠡᠬᠦ᠂ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ᠂ ᠡᠨᠳᠡᠯ᠎ᠢ ᠮᠡᠳᠡᠭᠦᠯᠬᠦ ᠪᠠ ᠰᠢᠢ᠍ᠳᠪᠦᠷᠢᠯᠡᠬᠦ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ᠂ ᠠᠶᠤᠯᠭᠦᠢ ᠦᠢ᠍ᠯᠡᠳᠪᠦᠷᠢᠯᠡᠯ᠎ᠤᠨ ᠬᠥᠮᠦᠵᠢᠯ ᠪᠤᠯᠪᠠᠰᠤᠷᠠᠯ ᠵᠡᠷᠭᠡ ᠵᠢ ᠪᠠᠭᠲᠠᠭ᠋ᠠᠨ᠎ᠠ᠃

   ᠰᠢᠯᠭ᠋ᠠᠯᠲᠠ ᠵᠢᠨ ᠲᠥᠷᠥᠯ ᠢᠯᠭ᠋ᠠᠯ᠎ᠨᠢ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠎ᠤ ᠲᠥᠷᠥᠯ᠂ ᠲᠥᠷᠥᠯ ᠵᠦᠢ᠍ᠯ᠎ᠨᠢ ᠬᠥᠮᠦᠨ ᠲᠥᠷᠥᠯᠬᠢᠲᠡᠨ ᠪᠠ ᠲᠤᠰᠬᠠᠶ ᠲᠤᠰᠢᠶᠠᠯᠲᠤ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠲᠥᠷᠥᠯ ᠵᠡᠷᠭᠡ ᠭᠤᠷᠪᠠᠨ ᠲᠥᠷᠥᠯ ᠢᠯᠭ᠋ᠠᠯ ᠪᠣᠯᠤᠨ᠎ᠠ᠃

   ᠵᠢᠷᠭᠤᠭ᠎ᠠ᠂ ᠰᠢᠯᠭ᠋ᠠᠯᠲᠠ ᠵᠢᠨ ᠬᠡᠯᠪᠡᠷᠢ ᠵᠢᠴᠢ ᠰᠡᠳᠦᠪ᠎ᠤᠨ ᠬᠡᠯᠪᠡᠷᠢ

   ᠠᠶᠤᠯᠭᠦᠢ ᠦᠢ᠍ᠯᠡᠳᠪᠦᠷᠢᠯᠡᠯ᠎ᠤᠨ ᠰᠢᠯᠭ᠋ᠠᠯᠲᠠ᠎ᠳᠤ ᠺᠣᠮᠫᠢᠦ᠋ᠲ᠋ᠧᠷ ᠵᠶ᠋ᠠᠷ ᠰᠢᠯᠭ᠋ᠠᠬᠤ ᠠᠷᠭ᠎ᠠ ᠵᠢ ᠠᠪᠴᠤ᠂ ᠰᠢᠯᠭ᠋ᠠᠬᠤ ᠴᠠᠭ᠎ᠨᠢ 150 ᠮᠢᠨᠦ᠋ᠲ ᠪᠣᠯᠤᠨ᠎ᠠ᠃ ᠰᠢᠯᠭ᠋ᠠᠯᠲᠠ ᠵᠢᠨ ᠪᠦᠷᠢᠨ ᠬᠤᠪᠢ᠎ᠨᠢ 100 ᠬᠤᠪᠢ ᠪᠠᠶ᠋ᠢᠵᠤ᠂ 60 ᠬᠤᠪᠢ᠎ᠠᠴᠠ ᠳᠤᠤᠷ᠎ᠠ ᠪᠠᠶ᠋ᠢᠵᠤ ᠪᠣᠯᠬᠤ ᠥᠬᠡᠶ᠃ ᠰᠢᠯᠭ᠋ᠠᠯᠲᠠ ᠵᠢᠨ ᠬᠠᠭᠤᠳᠠᠰᠤᠨ᠎ᠤ ᠰᠡᠳᠦᠪ᠎ᠲᠤ ᠭᠠᠭᠴᠠ ᠰᠣᠩᠭᠣᠬᠤ ᠰᠡᠳᠦᠪ᠂ ᠤᠯᠠᠨ ᠰᠣᠩᠭᠣᠬᠤ ᠰᠡᠳᠦᠪ ᠪᠠ ᠮᠠᠭ᠋ᠠᠳᠯᠠᠬᠤ ᠰᠡᠳᠦᠪ ᠵᠡᠷᠭᠡ ᠰᠡᠳᠦᠪ᠎ᠤᠨ ᠬᠡᠯᠪᠡᠷᠢ ᠵᠢ ᠪᠠᠭᠲᠠᠭ᠋ᠠᠨ᠎ᠠ᠃ ᠬᠢᠷᠢ ᠲᠡᠩᠴᠡᠭᠰᠡᠨ ᠬᠥᠮᠦᠰ᠎ᠢ ᠵᠠᠷᠯᠠᠨ ᠨᠡᠶ᠋ᠢᠲᠡᠯᠡᠵᠦ ᠳᠠᠭᠤᠰᠤᠭᠰᠠᠨ᠎ᠤ ᠳᠠᠷᠠᠭ᠎ᠠ᠂ ᠬᠢᠷᠢ ᠪᠦᠲᠦᠮᠵᠢ ᠵᠢᠨ ᠬᠦᠴᠦᠨ᠎ᠲᠠᠢ ᠬᠤᠭᠤᠴᠠᠭ᠎ᠠ᠎ᠨᠢ 1 ᠵᠢᠯ ᠪᠣᠯᠤᠨ᠎ᠠ᠃

   ᠳᠣᠯᠣᠭ᠎ᠠ᠂ ᠰᠢᠯᠭ᠋ᠠᠭᠤᠯᠤᠭᠴᠢ ᠵᠢᠨ ᠮᠡᠳᠡᠬᠦ ᠴᠢᠬᠤᠯᠠᠲᠠᠶ ᠵᠦᠢ᠍ᠯ

  (ᠨᠢᠭᠡ) ᠰᠢᠯᠭ᠋ᠠᠭᠤᠯᠤᠭᠴᠢ ᠰᠢᠯᠭ᠋ᠠᠯᠲᠠ᠎ᠳᠤ ᠣᠷᠣᠯᠴᠠᠬᠤ᠎ᠳᠠᠭᠠᠨ ᠡᠷᠬᠡᠪᠰᠢ ᠵᠢᠷᠤᠮᠯᠠᠬᠤ ᠲᠦᠷᠢᠮ᠄

  1 . ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠂ ᠰᠢᠯᠭ᠋ᠠᠭᠤᠯᠬᠤ ᠦᠨᠡᠮᠯᠡᠯ ᠵᠡᠷᠭᠡ ᠬᠦᠴᠦᠨ ᠪᠥᠬᠥᠶ ᠪᠡᠶ᠎ᠡ ᠵᠢᠨ ᠦᠨᠡᠮᠯᠡᠯ ᠵᠶ᠋ᠠᠷ ᠵᠶ᠋ᠠᠨ ᠰᠢᠯᠭ᠋ᠠᠯᠲᠠ ᠵᠢᠨ ᠲᠠᠯᠠᠪᠠᠶ᠎ᠳᠤ ᠣᠷᠣᠨ᠎ᠠ᠃ ᠪᠡᠶ᠎ᠡ ᠵᠢᠨ ᠭᠠᠷᠤᠯ᠎ᠤᠨ ᠮᠡᠳᠡᠭᠡ ᠵᠠᠩᠭᠢ᠎ᠨᠢ ᠨᠡᠷ᠎ᠡ ᠮᠡᠳᠡᠭᠦᠯᠬᠦ ᠦᠶ᠎ᠡ ᠵᠢᠨ ᠲᠠᠭᠯᠠᠨ ᠮᠡᠳᠡᠭᠦᠯᠦᠭᠰᠡᠨ᠎ᠲᠠᠢ ᠨᠢᠭᠡᠳᠦᠯᠲᠡᠶ ᠪᠠᠶ᠋ᠢᠬᠤ ᠬᠡᠷᠡᠭᠲᠡᠶ᠃

  2 . ᠰᠢᠯᠭ᠋ᠠᠯᠲᠠ ᠡᠬᠢᠯᠡᠭᠰᠡᠨ᠎ᠤ 30 ᠮᠢᠨᠦ᠋ᠲ᠎ᠤᠨ ᠳᠠᠷᠠᠭ᠎ᠠ ᠰᠢᠯᠭ᠋ᠠᠯᠲᠠ ᠵᠢᠨ ᠲᠠᠯᠠᠪᠠᠶ᠎ᠳᠤ ᠣᠷᠣᠬᠤ ᠵᠢ ᠴᠥᠮ ᠴᠠᠭ᠋ᠠᠵᠠᠯᠠᠨ᠎ᠠ᠃

  3 . ᠰᠢᠯᠭ᠋ᠠᠯᠲᠠ ᠵᠢᠨ ᠲᠠᠯᠠᠪᠠᠶ ᠵᠢᠨ ᠲᠦᠷᠢᠮ᠎ᠢ ᠵᠢᠷᠤᠮᠯᠠᠨ ᠰᠠᠬᠢᠵᠤ᠂ ᠰᠢᠯᠭ᠋ᠠᠯᠲᠠ ᠵᠢᠨ ᠠᠵᠢᠯᠲᠠᠨ᠎ᠤ ᠬᠠᠮᠢᠶᠠᠷᠤᠯᠲᠠ ᠵᠢ ᠳᠠᠭ᠋ᠠᠵᠤ᠂ ᠰᠢᠯᠭ᠋ᠠᠯᠲᠠ ᠵᠢᠨ ᠰᠡᠳᠦᠪ᠎ᠤᠨ ᠱᠠᠭ᠋ᠠᠷᠳᠠᠯᠭ᠎ᠠ ᠵᠢ ᠵᠢᠷᠤᠮᠯᠠᠨ᠎ᠠ᠃

  (ᠬᠣᠶᠠᠷ) ᠰᠢᠯᠭ᠋ᠠᠯᠲᠠ ᠵᠢᠨ ᠠᠮᠤᠷ ᠲᠦᠪᠰᠢᠨ᠎ᠢ ᠪᠠᠲᠤᠯᠠᠵᠤ᠂ ᠰᠢᠯᠭ᠋ᠠᠯᠲᠠ ᠵᠢᠨ ᠡᠷᠬᠡ ᠲᠡᠭᠰᠢ ᠲᠥᠪ ᠭᠤᠤᠯᠴᠢ ᠵᠢ ᠬᠠᠮᠠᠭ᠋ᠠᠯᠠᠬᠤ ᠵᠢᠨ ᠲᠥᠯᠥᠭᠡ᠂ ᠰᠢᠯᠭ᠋ᠠᠯᠲᠠ ᠵᠢᠨ ᠪᠠᠶ᠋ᠢᠭᠤᠯᠤᠮᠵᠢ ᠵᠢᠨ ᠠᠵᠢᠯᠲᠠᠨ ᠰᠢᠯᠭ᠋ᠠᠯᠲᠠ ᠵᠢᠨ ᠶᠠᠪᠤᠴᠠ᠎ᠳᠤ ᠳᠤᠤᠷᠠᠬᠢ ᠠᠷᠭ᠎ᠠ ᠬᠡᠮᠵᠢᠶ᠎ᠡ ᠵᠢ ᠠᠪᠴᠤ ᠪᠣᠯᠤᠨ᠎ᠠ᠄

  1 . ᠰᠢᠯᠭ᠋ᠠᠭᠤᠯᠤᠭᠴᠢ ᠰᠢᠯᠭ᠋ᠠᠯᠲᠠ ᠵᠢᠨ ᠲᠠᠯᠠᠪᠤᠷ᠎ᠲᠤ ᠣᠷᠣᠬᠤ ᠪᠤᠶᠤ ᠭᠠᠷᠬᠤ ᠲᠤᠬᠠᠶ ᠵᠢᠷᠤᠮᠵᠢᠯ᠎ᠤᠨ ᠴᠢᠨᠠᠷᠲᠠᠶ ᠱᠠᠭ᠋ᠠᠷᠳᠠᠯᠭ᠎ᠠ ᠳᠤᠷᠠᠳᠤᠨ᠎ᠠ᠃

  2 . ᠰᠢᠯᠭ᠋ᠠᠭᠤᠯᠤᠭᠴᠢ ᠵᠢᠨ ᠪᠡᠶ᠎ᠡ ᠵᠢᠨ ᠦᠨᠡᠮᠯᠡᠯ᠂ ᠠᠪᠴᠤ ᠶᠠᠪᠤᠭ᠎ᠠ ᠡᠳ᠋ ᠪᠣᠳᠠᠰ᠎ᠢ ᠪᠠᠶ᠋ᠢᠴᠠᠭ᠋ᠠᠨ ᠰᠢᠯᠭ᠋ᠠᠵᠤ᠂ ᠴᠢᠬᠤᠯᠠᠲᠠᠶ ᠦᠶ᠎ᠡ᠎ᠳᠤ ᠲᠤᠰᠬᠠᠶ ᠲᠥᠬᠥᠭᠡᠷᠦᠮᠵᠢ᠂ ᠲᠤᠰᠬᠠᠶ ᠮᠡᠷᠭᠡᠵᠢᠯ᠎ᠤᠨ ᠠᠵᠢᠯᠲᠠᠨ᠎ᠢ ᠠᠰᠢᠭᠯᠠᠨ ᠪᠠᠶ᠋ᠢᠴᠠᠭ᠋ᠠᠵᠤ ᠪᠣᠯᠤᠨ᠎ᠠ᠃

  3 . ᠰᠢᠯᠭ᠋ᠠᠯᠲᠠ᠎ᠳᠤ ᠬᠡᠮ ᠬᠢᠬᠦ ᠲᠥᠬᠥᠭᠡᠷᠦᠮᠵᠢ ᠵᠢ ᠬᠠᠤᠯᠢ ᠶᠣᠰᠣᠭ᠋ᠠᠷ ᠬᠣᠷᠢᠶᠠᠨ ᠠᠪᠴᠤ᠂ ᠰᠢᠯᠭ᠋ᠠᠭᠤᠯᠤᠭᠴᠢ ᠵᠢᠨ ᠲᠣᠭᠲᠠᠭ᠋ᠠᠯ᠎ᠢ ᠵᠥᠷᠢᠴᠡᠨ ᠠᠪᠴᠤ ᠶᠠᠪᠤᠭᠰᠠᠨ ᠪᠠᠭ᠋ᠠᠵᠢ ᠬᠡᠷᠡᠭᠰᠡᠯ᠂ ᠮᠠᠲ᠋ᠧᠷᠢᠶᠠᠯ ᠵᠡᠷᠭᠡ ᠡᠳ᠋ ᠪᠣᠳᠠᠰ᠎ᠢ ᠲᠥᠪᠯᠡᠷᠡᠭᠦᠯᠦᠨ ᠬᠠᠳᠠᠭ᠋ᠠᠯᠠᠨ ᠬᠠᠮᠢᠶᠠᠷᠤᠨ᠎ᠠ᠃

  4 . ᠰᠢᠯᠭ᠋ᠠᠯᠲᠠ ᠵᠢᠨ ᠲᠤᠬᠠᠶ ᠵᠢᠨ ᠲᠠᠯᠠᠪᠠᠶ ᠵᠢᠨ ᠡᠮᠬᠢ ᠳᠢᠭᠯᠢᠮ ᠪᠠ ᠰᠢᠯᠭ᠋ᠠᠯᠲᠠ ᠵᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠶᠠᠪᠤᠴᠠ ᠵᠢ ᠸᠢᠳᠢᠤ᠋ ᠮᠠᠰᠢᠨ ᠵᠶ᠋ᠡᠷ ᠬᠢᠨᠠᠨ ᠡᠵᠡᠮᠳᠡᠨ᠎ᠡ᠃

  5. ᠴᠢᠬᠤᠯᠠ ᠪᠦᠬᠦᠢ ᠠᠮᠤᠷ ᠲᠦᠪᠰᠢᠨ᠎ᠤ ᠬᠠᠮᠢᠶᠠᠷᠤᠯᠲᠠ ᠵᠢᠨ ᠪᠤᠰᠤᠳ ᠠᠷᠭ᠎ᠠ ᠬᠡᠮᠵᠢᠶ᠎ᠡ᠃

  (ᠭᠤᠷᠪᠠ) ᠰᠢᠯᠭ᠋ᠠᠭᠤᠯᠤᠭᠴᠢ ᠰᠢᠯᠭ᠋ᠠᠯᠲᠠ ᠵᠢᠨ ᠶᠠᠪᠤᠴᠠ᠎ᠳᠤ ᠰᠠᠬᠢᠯᠭ᠎ᠠ ᠪᠠᠲᠤ ᠲᠦᠷᠢᠮ ᠲᠣᠭᠲᠠᠭ᠋ᠠᠯ᠎ᠢ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ ᠪᠠᠶ᠋ᠢᠪᠠᠯ᠂ ᠰᠢᠯᠭ᠋ᠠᠯᠲᠠ ᠵᠢᠨ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠮᠠᠭ᠋ᠠᠳᠯᠠᠨ ᠲᠣᠭᠲᠠᠭ᠋ᠠᠬᠤ ᠪᠠ ᠰᠢᠢ᠍ᠳᠪᠦᠷᠢᠯᠡᠨ᠎ᠡ᠃

  (ᠳᠥᠷᠪᠡ) ᠣᠯᠠᠨ ᠨᠡᠶ᠋ᠢᠲᠡ ᠵᠢᠨ ᠡᠬᠢ ᠪᠠᠶᠠᠯᠢᠭ᠎ᠢ ᠪᠦᠷᠢᠯᠭᠡᠨ ᠰᠦᠢ᠍ᠳᠭᠡᠬᠦ ᠎ᠠᠴᠠ ᠵᠠᠶ᠋ᠢᠯᠠᠰᠬᠢᠬᠦ ᠵᠢᠨ ᠲᠥᠯᠥᠭᠡ᠂ ᠰᠢᠯᠭ᠋ᠠᠭᠤᠯᠤᠭᠴᠢᠳ ᠰᠢᠯᠭ᠋ᠠᠯᠲᠠ ᠵᠢᠨ ᠲᠣᠬᠢᠷᠠᠭᠤᠯᠤᠯᠲᠠ ᠶᠣᠰᠣᠭ᠋ᠠᠷ ᠰᠢᠯᠭ᠋ᠠᠯᠲᠠ᠎ᠳᠤ ᠣᠷᠣᠯᠴᠠᠬᠤ ᠬᠡᠷᠡᠭᠲᠡᠶ᠂ ᠤᠴᠢᠷ ᠰᠢᠯᠲᠠᠭ᠋ᠠᠨ ᠥᠬᠡᠶ᠎ᠪᠠᠷ ᠰᠢᠯᠭ᠋ᠠᠯᠲᠠ᠎ᠳᠤ ᠣᠷᠣᠯᠴᠠᠵᠤ ᠪᠣᠯᠬᠤ ᠥᠬᠡᠶ᠃

   ᠶᠠᠰᠤ ᠴᠢᠨᠠᠷ ᠬᠢᠭᠡᠳ ᠠᠮᠤᠷ ᠲᠦᠪᠰᠢᠨ᠎ᠤ ᠬᠢᠨᠠᠯᠲᠠ ᠲᠠᠯᠪᠢᠬᠤ ᠦᠢ᠍ᠯᠡᠴᠢᠯᠡᠭᠡᠨ᠎ᠤ ᠲᠥᠪ᠎ᠤᠨ ᠬᠠᠷᠢᠯᠴᠠᠬᠤ ᠬᠥᠮᠦᠨ᠄

   ᠯᠢ ᡁᠢ ᠸᠸᠨ 0471 - 5259382

   ᠮᠠ ᠮᠢᠩ 0471 - 5259319

   ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠬᠢᠨᠠᠯᠲᠠ ᠲᠠᠯᠪᠢᠬᠤ ᠭᠠᠵᠠᠷ᠎ᠤᠨ ᠬᠠᠷᠢᠯᠴᠠᠬᠤ ᠬᠥᠮᠦᠨ᠄

   ᠴᠧᠩ ᠭᠤᠸᠠᠩ ᠶᠤᠸᠠᠨ 0471 - 5259658

   ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠬᠣᠶᠠᠳᠤᠭ᠋ᠠᠷ ᠪᠦᠯᠦᠭ ᠤᠰᠤᠨ ᠠᠰᠢᠭᠯᠠᠯᠲᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ᠎ᠤ ᠰᠢᠯᠭ᠋ᠠᠯᠲᠠ ᠵᠢᠨ ᠮᠡᠳᠡᠭᠡ ᠵᠠᠩᠭᠢ ᠵᠢᠨ ᠬᠦᠰᠦᠨᠦᠭᠲᠦ.docx

 

                2023 ᠣᠨ᠎ᠤ 10 ᠳ᠋ᠤᠭ᠋ᠠᠷ ᠰᠠᠷ᠎ᠠ ᠵᠢᠨ 30᠎ᠤ ᠡᠳᠦᠷ

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭᠯᠡᠬᠦ ᠡᠷᠬᠡ ᠵᠢᠨ ᠬᠠᠮᠢᠶᠠᠷᠤᠯᠲᠠ ᠵᠢᠨ ᠠᠷᠭ᠎ᠠ (ᠰᠠᠨᠠᠯ ᠬᠤᠷᠢᠶᠠᠬᠤ ᠨᠤᠤᠷᠠᠭ)》᠎ᠳᠤ ᠢᠯᠡ᠎ᠪᠠᠷ ᠰᠠᠨᠠᠯ ᠬᠤᠷᠢᠶᠠᠪᠠ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠬᠤ ᠬᠦᠷᠢᠶᠡᠯᠡᠩ᠎ᠤᠨ ᠰᠤᠷᠭ᠋ᠠᠭᠤᠯᠢ ᠵᠢᠨ ᠬᠦᠷᠢᠶᠡᠨ᠎ᠤ ᠠᠵᠢᠯᠲᠠᠨ ᠡᠯᠰᠡᠬᠦ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠤᠨ ᠠᠯᠪᠠᠨ ᠠᠰᠠᠷ᠎ᠢ ᠰᠡᠯᠪᠢᠨ ᠵᠠᠰᠠᠵᠤ ᠥᠭᠡᠷᠡᠴᠢᠯᠡᠬᠦ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠭᠡᠬᠦ ᠪᠠᠶ᠋ᠢᠭᠤᠯᠤᠮᠵᠢ ᠵᠢ ᠢᠯᠡ᠎ᠪᠠᠷ ᠬᠠᠷᠢᠴᠠᠭᠤᠯᠤᠨ ᠰᠣᠩᠭᠣᠬᠤ ᠠᠯᠪᠠᠨ ᠵᠠᠷ
《ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠨᠡᠶ᠋ᠢᠭᠡᠮ ᠵᠢᠷᠤᠮ᠎ᠤᠨ ᠬᠠᠤᠯᠢ᠎ᠪᠠᠷ ᠵᠠᠰᠠᠬᠤ ᠰᠣᠶᠣᠯ᠎ᠢ ᠪᠦᠲᠦᠭᠡᠨ ᠪᠠᠶ᠋ᠢᠭᠤᠯᠬᠤ》 ᠭᠤᠣᠯ ᠰᠡᠳᠦᠪᠲᠦ ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠵᠢ ᠥᠷᠨᠢᠭᠦᠯᠬᠦ ᠲᠤᠬᠠᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠶᠤᠯᠭᠦᠢ ᠦᠢ᠍ᠯᠡᠳᠪᠦᠷᠢᠯᠡᠯ᠎ᠤᠨ ᠢᠯᠡᠴᠢᠯᠡᠨ ᠮᠡᠳᠡᠭᠦᠯᠬᠦ ᠠᠷᠭ᠎ᠠ ᠵᠠᠮ
 
            