ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠶᠤᠯᠭᠦᠢ ᠦᠢ᠍ᠯᠡᠳᠪᠦᠷᠢᠯᠡᠯ᠎ᠤᠨ ᠢᠯᠡᠴᠢᠯᠡᠨ ᠮᠡᠳᠡᠭᠦᠯᠬᠦ ᠠᠷᠭ᠎ᠠ ᠵᠠᠮ
ᠨᠡᠶ᠋ᠢᠲᠡᠯᠡᠭᠰᠡᠨ ᠴᠠᠭ᠄ 2023-12-04

   ᠨᠢᠭᠡ᠂ ᠢᠯᠡᠴᠢᠯᠡᠨ ᠮᠡᠳᠡᠭᠦᠯᠦᠭᠰᠡᠨ᠎ᠢ ᠬᠦᠯᠢᠶᠡᠨ ᠠᠪᠴᠤ  ᠰᠢᠢ᠍ᠳᠪᠦᠷᠢᠯᠡᠬᠦ  ᠬᠡᠪᠴᠢᠶ᠎ᠡ

   ᠪᠦᠬᠦ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠳᠤ ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠬᠤ ᠬᠡᠷᠡᠭᠲᠡᠶ᠄

  1. ᠦᠢ᠍ᠯᠡᠳᠪᠦᠷᠢᠯᠡᠯ᠎ᠤᠨ ᠠᠶᠤᠯᠭᠦᠢ ᠵᠢᠨ ᠡᠨᠳᠡᠯ᠎ᠢ ᠨᠢᠭᠤᠵᠤ ᠮᠡᠳᠡᠭᠦᠯᠦᠭᠰᠡᠨ ᠪᠤᠶᠤ ᠬᠤᠳᠠᠯ ᠵᠶ᠋ᠠᠷ ᠮᠡᠳᠡᠭᠦᠯᠦᠭᠰᠡᠨ ᠰᠡᠵᠢᠭᠯᠡᠯᠲᠡᠢ ᠪᠠᠶ᠋ᠢᠬᠤ;

  2. ᠬᠦᠨᠳᠦ ᠶᠡᠬᠡ ᠡᠨᠳᠡᠯ᠎ᠤᠨ ᠳᠠᠯᠳᠠ ᠭᠡᠮ ᠣᠷᠣᠰᠢᠵᠤ ᠪᠠᠶ᠋ᠢᠬᠤ ᠰᠡᠵᠢᠭᠯᠡᠯᠲᠡᠢ ᠪᠠᠶ᠋ᠢᠬᠤ;

  3. ᠠᠶᠤᠯᠭᠦᠢ  ᠦᠢ᠍ᠯᠡᠳᠪᠦᠷᠢᠯᠡᠯ᠎ᠤᠨ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠬᠢᠭᠰᠡᠨ ᠰᠡᠵᠢᠭᠯᠡᠯᠲᠡᠢ ᠪᠠᠶ᠋ᠢᠬᠤ᠃

   ᠬᠣᠶᠠᠷ᠂ ᠢᠯᠡᠴᠢᠯᠡᠨ ᠮᠡᠳᠡᠭᠦᠯᠬᠦ ᠤᠲᠠᠰᠤ ᠪᠠ ᠢᠮᠧᠯ

   ᠢᠯᠡᠴᠢᠯᠡᠨ ᠮᠡᠳᠡᠭᠦᠯᠬᠦ ᠤᠲᠠᠰᠤ᠄ 0471 - 5259382

   ᠢᠯᠡᠴᠢᠯᠡᠨ ᠮᠡᠳᠡᠭᠦᠯᠦᠭᠰᠡᠨ ᠢᠮᠧᠯ᠄ nmgzjz123456@163.com

   ᠭᠤᠷᠪᠠ᠂ ᠦᠯᠦ ᠬᠦᠯᠢᠶᠡᠨ ᠠᠪᠴᠤ ᠰᠢᠢ᠍ᠳᠪᠦᠷᠢᠯᠡᠬᠦ ᠪᠠᠶ᠋ᠢᠳᠠᠯ

  1. ᠠᠳᠠᠯᠢ ᠨᠢᠭᠡᠨ ᠢᠯᠡᠴᠢᠯᠡᠨ ᠮᠡᠳᠡᠭᠦᠯᠦᠭᠰᠡᠨ ᠵᠦᠢ᠍ᠯᠡᠰ᠎ᠢ ᠨᠢᠭᠡᠨᠲᠡ ᠬᠦᠯᠢᠶᠡᠨ ᠠᠪᠴᠤ ᠰᠢᠢ᠍ᠳᠪᠦᠷᠢᠯᠡᠭᠰᠡᠨ ᠪᠥᠭᠡᠳ ᠢᠯᠡᠴᠢᠯᠡᠨ ᠮᠡᠳᠡᠭᠦᠯᠦᠭᠴᠢ ᠳᠠᠬᠢᠨᠲᠠ ᠢᠯᠡᠴᠢᠯᠡᠨ ᠮᠡᠳᠡᠭᠦᠯᠦᠭᠰᠡᠨ;

  2. ᠢᠯᠡᠴᠢᠯᠡᠨ ᠮᠡᠳᠡᠭᠦᠯᠦᠭᠰᠡᠨ ᠡᠲᠡᠭᠡᠳ᠂ ᠢᠯᠡᠴᠢᠯᠡᠨ ᠮᠡᠳᠡᠭᠦᠯᠦᠭᠰᠡᠨ ᠵᠦᠢ᠍ᠯᠡᠰ ᠵᠢᠴᠢ ᠬᠠᠤᠯᠢ ᠲᠣᠭᠲᠠᠭ᠋ᠠᠯ᠎ᠢ ᠵᠥᠷᠢᠴᠡᠭᠰᠡᠨ ᠪᠣᠳᠠᠲᠤ ᠬᠡᠷᠡᠭ᠎ᠨᠢ ᠲᠣᠳᠣᠷᠬᠠᠢ ᠦᠭᠡᠢ;

  3. ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠰᠠᠨᠠᠯ ᠰᠠᠨᠠᠭᠤᠯᠭ᠎ᠠ ᠳᠤᠷᠠᠳᠬᠤ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠵᠢᠴᠢ ᠠᠷᠠᠳ᠎ᠤᠨ ᠰᠢᠭᠦᠬᠦ ᠬᠣᠷᠢᠶ᠎ᠠ᠂ ᠬᠥᠨᠳᠡᠯᠡᠨ᠎ᠠᠴᠠ ᠲᠠᠰᠤᠯᠬᠤ ᠪᠠᠶ᠋ᠢᠭᠤᠯᠤᠮᠵᠢ ᠪᠣᠯᠤᠨ ᠪᠤᠰᠤᠳ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠪᠤᠶᠤ ᠨᠡᠶ᠋ᠢᠭᠡᠮ᠎ᠤᠨ ᠡᠶᠡᠳᠡᠭᠦᠯᠬᠦ ᠪᠠᠶ᠋ᠢᠭᠤᠯᠤᠮᠵᠢ ᠨᠢᠭᠡᠨᠲᠡ ᠬᠦᠯᠢᠶᠡᠨ ᠠᠪᠤᠭᠰᠠᠨ ᠪᠤᠶᠤ ᠰᠢᠢ᠍ᠳᠪᠦᠷᠢᠯᠡᠭᠰᠡᠨ᠃

  4. ᠬᠠᠤᠯᠢ ᠴᠠᠭ᠋ᠠᠵᠠ ᠬᠠᠤᠯᠢ ᠲᠣᠭᠲᠠᠭ᠋ᠠᠯ ᠶᠣᠰᠣᠭ᠋ᠠᠷ ᠦᠯᠦ ᠬᠦᠯᠢᠶᠡᠨ ᠠᠪᠬᠤ᠎ᠪᠠᠷ ᠲᠠᠰᠤᠯᠤᠨ ᠲᠣᠭᠲᠠᠭ᠋ᠠᠭᠰᠠᠨ ᠪᠤᠰᠤᠳ ᠪᠠᠶ᠋ᠢᠳᠠᠯ᠃

   ᠳᠥᠷᠪᠡ᠂ ᠡᠷᠬᠡ ᠠᠰᠢᠭ᠎ᠤᠨ ᠪᠠᠲᠤᠯᠠᠭ᠎ᠠ

   ᠢᠯᠡᠴᠢᠯᠡᠨ ᠮᠡᠳᠡᠭᠦᠯᠦᠭᠰᠡᠨ ᠬᠡᠷᠡᠭ᠎ᠢ ᠭᠥᠯᠢᠶᠡᠨ ᠠᠪᠴᠤ ᠰᠢᠢ᠍ᠳᠪᠦᠷᠢᠯᠡᠬᠦ ᠬᠥᠮᠦᠰ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ᠂ ᠢᠯᠡᠴᠢᠯᠡᠨ ᠮᠡᠳᠡᠭᠦᠯᠦᠭᠴᠢ ᠵᠢᠨ ᠬᠤᠪᠢ ᠬᠥᠮᠦᠨ᠎ᠤ ᠮᠡᠳᠡᠭᠡ ᠵᠠᠩᠭᠢ ᠵᠢᠴᠢ ᠬᠠᠩᠭ᠋ᠠᠭᠰᠠᠨ ᠢᠯᠡᠴᠢᠯᠡᠨ ᠮᠡᠳᠡᠭᠦᠯᠦᠭᠰᠡᠨ ᠮᠠᠲ᠋ᠧᠷᠢᠶᠠᠯ᠎ᠤᠨ ᠨᠢᠭᠤᠴᠠ ᠵᠢ ᠬᠠᠮᠠᠭ᠋ᠠᠯᠠᠬᠤ ᠬᠡᠷᠡᠭᠲᠡᠶ᠃

   ᠲᠠᠪᠤ᠂ ᠠᠩᠬᠠᠷᠬᠤ ᠵᠦᠢ᠍ᠯ

  1. ᠢᠯᠡᠴᠢᠯᠡᠨ ᠮᠡᠳᠡᠭᠦᠯᠦᠭᠴᠢ ᠠᠰᠠᠭᠤᠳᠠᠯ᠎ᠤᠨ ᠪᠠᠶ᠋ᠢᠳᠠᠯ᠎ᠢ ᠨᠠᠷᠢᠨ ᠲᠣᠳᠣᠷᠬᠠᠶ᠋ᠢᠯᠠᠬᠤ ᠵᠢᠨ ᠬᠠᠮᠲᠤ ᠵᠢᠷᠤᠭ ᠳᠠᠭ᠋ᠠᠯᠳᠤᠭᠤᠯᠵᠤ᠂ ᠬᠢᠨᠠᠨ ᠬᠠᠷᠭᠤᠭᠤᠯᠵᠤ ᠰᠢᠢ᠍ᠳᠪᠦᠷᠢᠡᠯᠬᠦ᠎ᠳᠤ ᠲᠥᠬᠥᠮ ᠪᠣᠯᠭ᠋ᠠᠬᠤ ᠬᠡᠷᠡᠭᠲᠡᠶ᠃

  2. ᠢᠯᠡᠴᠢᠯᠡᠨ ᠮᠡᠳᠡᠭᠦᠯᠦᠭᠴᠢ ᠲᠡᠭᠦᠨ᠎ᠤ ᠬᠠᠩᠭ᠋ᠠᠭᠰᠠᠨ ᠢᠯᠡᠴᠢᠯᠡᠨ ᠮᠡᠳᠡᠭᠦᠯᠦᠯᠲᠡ ᠵᠢᠨ ᠠᠭᠤᠯᠭ᠎ᠠ ᠵᠢᠨ ᠦᠨᠡᠨ ᠪᠣᠳᠠᠲᠤ ᠴᠢᠨᠠᠷ᠎ᠲᠤ ᠬᠠᠷᠢᠭᠤᠴᠠᠬᠤ ᠬᠡᠷᠡᠭᠲᠡᠢ᠂ ᠪᠣᠳᠠᠲᠤ ᠬᠡᠷᠡᠭ᠎ᠢ ᠬᠤᠳᠠᠯ ᠵᠶ᠋ᠠᠷ ᠵᠣᠬᠢᠶᠠᠵᠤ᠂ ᠭᠠᠵᠢᠭᠤᠳᠠᠭᠤᠯᠵᠤ ᠪᠣᠯᠬᠤ ᠦᠭᠡᠢ᠂ ᠪᠤᠰᠤᠳ᠎ᠢ ᠭᠦᠳᠬᠡᠨ ᠵᠠᠭ᠋ᠠᠯᠳᠤᠵᠤ᠂ ᠬᠣᠣᠷᠯᠠᠵᠤ ᠪᠣᠯᠬᠤ ᠦᠭᠡᠢ᠂ ᠬᠣᠯᠪᠣᠭᠳᠠᠯ ᠪᠦᠬᠦᠢ ᠲᠣᠭᠲᠠᠭ᠋ᠠᠯ᠎ᠢ ᠵᠥᠷᠢᠴᠡᠪᠡᠯ ᠬᠠᠤᠯᠢ ᠶᠣᠰᠣᠭ᠋ᠠᠷ ᠬᠠᠤᠯᠢ ᠵᠢᠨ ᠬᠠᠷᠢᠭᠤᠴᠠᠯᠭ᠎ᠠ ᠡᠭᠦᠷᠭᠡᠯᠡᠨ᠎ᠡ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠰᠤ ᠰᠢᠷᠤᠢ ᠵᠢ ᠬᠠᠮᠠᠭ᠋ᠠᠯᠠᠬᠤ᠎ᠳᠤ ᠬᠢᠨᠠᠯᠲᠠ ᠲᠠᠯᠪᠢᠵᠤ ᠬᠠᠮᠢᠶᠠᠷᠬᠤ ᠠᠷᠭ᠎ᠠ (ᠰᠠᠨᠠᠯ ᠬᠤᠷᠢᠶᠠᠬᠤ ᠨᠤᠤᠷᠠᠭ)》 ᠵᠢᠨ ᠰᠠᠨᠠᠯ᠎ᠢ ᠬᠤᠷᠢᠶᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠯᠪᠠᠨ ᠵᠠᠷ
ᠮᠠᠯᠵᠢᠬᠤ ᠲᠠᠷᠢᠶᠠᠯᠠᠬᠤ ᠣᠷᠣᠨ᠎ᠤ ᠮᠢᠩᠭ᠋ᠠᠨ ᠲᠣᠨ᠎ᠤ ᠲᠦᠮᠡᠨ ᠬᠥᠮᠦᠨ᠎ᠳᠤ ᠤᠰᠤ ᠬᠠᠩᠭ᠋ᠠᠬᠤ ᠢᠨᠵᠧᠨᠧᠷᠢᠩ᠎ᠤᠨ ᠪᠠᠷᠢᠮᠵᠢᠶᠠᠵᠢᠯ᠎ᠤᠨ ᠬᠠᠮᠢᠶᠠᠷᠤᠯᠲᠠ ᠵᠢ ᠦᠨᠡᠯᠡᠭᠰᠡᠨ ᠦᠷ᠎ᠡ ᠳ᠋ᠦᠩ᠎ᠢ ᠨᠡᠶ᠋ᠢᠲᠡᠯᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠵᠠᠷᠯᠠᠯ
2023 ᠣᠨ᠎ᠤ ᠬᠣᠶᠠᠳᠤᠭ᠋ᠠᠷ ᠪᠦᠯᠦᠭ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠵᠢᠨ ᠠᠵᠤ ᠠᠬᠤᠶ᠋ᠢᠯᠠᠯ᠎ᠤᠨ 《ᠭᠤᠷᠪᠠᠨ ᠲᠥᠷᠥᠯ᠎ᠤᠨ ᠬᠥᠮᠦᠰ》᠎ᠤᠨ ᠠᠶᠤᠯᠭᠦᠶ ᠦᠢ᠍ᠯᠡᠳᠪᠦᠷᠢᠯᠡᠯ᠎ᠤᠨ ᠮᠡᠳᠡᠯᠭᠡ ᠵᠢᠨ ᠰᠢᠯᠭ᠋ᠠᠯᠲᠠ᠎ᠳᠤ ᠬᠢᠷᠢ ᠲᠡᠩᠴᠡᠭᠰᠡᠨ ᠬᠥᠮᠦᠰ᠎ᠤᠨ ᠨᠡᠷᠡᠰ᠎ᠢ ᠨᠡᠶ᠋ᠢᠲᠡᠯᠡᠪᠡ
2023 ᠣᠨ᠎ᠤ ᠰᠢᠶᠠᠨ᠎ᠤ ᠬᠡᠪᠴᠢᠶᠡᠨ᠎ᠳᠠᠬᠢ ᠤᠰᠤ ᠠᠷᠪᠢᠯᠠᠬᠤ ᠮᠠᠶᠢᠭ᠎ᠤᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠦᠭᠦᠯᠬᠦ ᠪᠥᠲᠥᠭᠡᠨ ᠪᠠᠶ᠋ᠢᠭᠤᠯᠤᠯᠲᠠ ᠵᠢᠨ ᠰᠢᠯᠭ᠋ᠠᠨ ᠠᠪᠤᠭᠰᠠᠨ ᠦᠷ᠎ᠡ ᠳ᠋ᠦᠩ᠎ᠢ ᠢᠯᠡ ᠨᠡᠶ᠋ᠢᠲᠡᠯᠡᠨ᠎ᠡ
ᠲᠥᠪ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠳ᠋ᠤᠭ᠋ᠠᠷ᠎ᠢ ᠬᠠᠰᠤᠬᠤ ᠲᠤᠬᠠᠶ ᠵᠠᠷᠯᠠᠯ
 
            