《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤ ᠰᠢᠷᠤᠢ ᠵᠢ ᠬᠠᠮᠠᠭ᠋ᠠᠯᠠᠬᠤ ᠬᠠᠤᠯᠢ》 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠤᠨ ᠭᠣᠣᠯ᠎ᠢ ᠬᠠᠮᠠᠭ᠋ᠠᠯᠠᠬᠤ ᠬᠠᠤᠯᠢ》 ᠵᠢ ᠬᠢᠨᠠᠮᠠᠭ᠋ᠠᠶ ᠲᠤᠭᠤᠰᠢᠯᠠᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ 《ᠰᠢᠨ᠎ᠡ ᠴᠠᠭ ᠦᠶ᠎ᠡ ᠵᠢᠨ ᠤᠰᠤ ᠰᠢᠷᠤᠢ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠲᠥᠰᠦᠯ》᠎ᠢ ᠨᠠᠶ᠋ᠢᠳᠠᠪᠤᠷᠢᠵᠢᠭᠤᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠰᠤ ᠰᠢᠷᠤᠢ ᠵᠢ ᠬᠠᠮᠠᠭ᠋ᠠᠯᠠᠬᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠶ᠂ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠠᠴᠠ ᠪᠣᠯᠤᠭᠰᠠᠨ ᠤᠰᠤ ᠰᠢᠷᠣᠢ ᠵᠢᠨ ᠵᠣᠷᠢᠭᠤᠳᠠ ᠢᠳᠡᠭᠳᠡᠯ᠎ᠢ ᠴᠢᠩᠭ᠎ᠠ ᠬᠢᠵᠠᠭ᠋ᠠᠷᠯᠠᠨ᠎ᠠ᠂ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠴᠢ ᠵᠢ ᠰᠢᠮᠳᠠᠭᠤᠯᠵᠤ ᠪᠠᠶ᠋ᠢᠭ᠋ᠠᠳ ᠤᠰᠤ ᠰᠢᠷᠤᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠭᠤᠤᠯ ᠴᠣᠭᠴᠠ ᠵᠢᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠭᠦᠢ᠍ᠴᠡᠳᠭᠡᠯᠭᠡᠬᠦ ᠬᠡᠷᠡᠭᠲᠡᠶ᠂ ᠮᠠᠨ᠎ᠤ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠰᠤ ᠰᠢᠷᠤᠢ ᠵᠢ ᠬᠠᠮᠠᠭ᠋ᠠᠯᠠᠬᠤ᠎ᠳᠤ ᠬᠢᠨᠠᠯᠲᠠ ᠲᠠᠯᠪᠢᠵᠤ ᠬᠠᠮᠢᠶᠠᠷᠬᠤ ᠠᠷᠭ᠎ᠠ (ᠰᠠᠨᠠᠯ ᠬᠤᠷᠢᠶᠠᠬᠤ ᠨᠤᠤᠷᠠᠭ)》 ᠵᠢ ᠲᠤᠭᠤᠷᠪᠢᠪᠠ᠂ ᠣᠳᠣ ᠨᠡᠶ᠋ᠢᠭᠡᠮ᠎ᠠᠴᠠ ᠰᠠᠨᠠᠯ ᠬᠤᠷᠢᠶᠠᠵᠤ ᠪᠠᠢ᠌ᠨ᠎ᠠ᠃
ᠤᠲᠠᠰᠤ᠂ ᠢᠮᠧᠯ ᠵᠡᠷᠭᠡ ᠠᠷᠭ᠎ᠠ ᠮᠠᠶᠢᠭ ᠵᠶ᠋ᠠᠷ ᠰᠠᠨᠠᠯ ᠰᠠᠨᠠᠭᠤᠯᠭ᠎ᠠ ᠳᠤᠷᠠᠳᠬᠤ ᠵᠢ ᠪᠠᠶᠠᠷᠯᠠᠨ ᠤᠭᠲᠤᠵᠤ ᠪᠠᠢ᠌ᠨ᠎ᠠ᠃ ᠢᠯᠡ᠎ᠪᠠᠷ ᠰᠠᠨᠠᠯ ᠬᠤᠷᠢᠶᠠᠬᠤ ᠴᠠᠭ᠎ᠨᠢ 2024 ᠣᠨ᠎ᠤ 1 ᠳ᠋ᠦ᠍ᠭᠡᠷ ᠰᠠᠷ᠎ᠠ ᠵᠢᠨ 8᠎ᠤ ᠡᠳᠦᠷ ᠪᠣᠯᠲᠠᠯ᠎ᠠ ᠦᠷᠭᠦᠯᠵᠢᠯᠡᠨ᠎ᠡ᠃
ᠰᠢᠤᠳᠠᠨ ᠵᠶ᠋ᠠᠷ ᠢᠯᠡᠭᠡᠬᠦ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠬᠥᠯᠥᠨ ᠪᠣᠶ᠋ᠢᠷ ᠡᠮᠦᠨ᠎ᠡ ᠵᠠᠮ᠎ᠤᠨ 119 ᠳ᠋ᠦ᠍ᠭᠡᠷ ᠲᠣᠭ᠋ᠠᠲᠤ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠤᠰᠤ ᠬᠠᠮᠠᠭ᠋ᠠᠯᠠᠬᠤ ᠭᠠᠵᠠᠷ)
ᠬᠠᠷᠢᠯᠴᠠᠬᠤ ᠬᠥᠮᠦᠨ᠄ ᠶᠠᠨ ᠵᠧ
ᠰᠢᠦᠳᠠᠨ ᠳ᠋ᠤᠭ᠋ᠠᠷ᠄ 010020
ᠤᠲᠠᠰᠤ᠄ 0471 – 5259976
ᠢᠮᠧᠯ᠄ nmsbcli@163.com
2023 ᠣᠨ᠎ᠤ 12 ᠳ᠋ᠤᠭ᠋ᠠᠷ ᠰᠠᠷ᠎ᠠ ᠵᠢᠨ 8᠎ᠤ ᠡᠳᠦᠷ