ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
2023 ᠣᠨ᠎ᠤ ᠬᠣᠶᠠᠳᠤᠭ᠋ᠠᠷ ᠪᠦᠯᠦᠭ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠵᠢᠨ ᠠᠵᠤ ᠠᠬᠤᠶ᠋ᠢᠯᠠᠯ᠎ᠤᠨ 《ᠭᠤᠷᠪᠠᠨ ᠲᠥᠷᠥᠯ᠎ᠤᠨ ᠬᠥᠮᠦᠰ》᠎ᠤᠨ ᠠᠶᠤᠯᠭᠦᠶ ᠦᠢ᠍ᠯᠡᠳᠪᠦᠷᠢᠯᠡᠯ᠎ᠤᠨ ᠮᠡᠳᠡᠯᠭᠡ ᠵᠢᠨ ᠰᠢᠯᠭ᠋ᠠᠯᠲᠠ᠎ᠳᠤ ᠬᠢᠷᠢ ᠲᠡᠩᠴᠡᠭᠰᠡᠨ ᠬᠥᠮᠦᠰ᠎ᠤᠨ ᠨᠡᠷᠡᠰ᠎ᠢ ᠨᠡᠶ᠋ᠢᠲᠡᠯᠡᠪᠡ
ᠨᠡᠶ᠋ᠢᠲᠡᠯᠡᠭᠰᠡᠨ ᠴᠠᠭ᠄ 2023-12-15

  《ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠠᠵᠢᠯᠲᠠᠨ᠎ᠤ ᠠᠶᠤᠯᠭᠦᠢ ᠦᠢ᠍ᠯᠡᠳᠪᠦᠷᠢᠯᠡᠯ᠎ᠤᠨ ᠪᠣᠯᠪᠠᠰᠤᠷᠠᠯ ᠬᠢᠵᠦ ᠰᠢᠯᠭ᠋ᠠᠨ ᠬᠢᠨᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ》 (ᠥᠪᠥᠷ ᠤᠰᠤᠨ ᠪᠠᠶ᠋ᠢᠭᠤᠯᠤᠯᠲᠠ [2018] 65 ᠳ᠋ᠤᠭ᠋ᠠᠷ ᠲᠣᠭ᠋ᠠᠲᠤ)᠂ 《2023 ᠣᠨ᠎ᠤ ᠬᠣᠶᠠᠳᠤᠭ᠋ᠠᠷ ᠪᠦᠯᠦᠭ᠎ᠤᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠢ ᠦᠢ᠍ᠯᠡᠳᠪᠦᠷᠢᠯᠡᠯ᠎ᠤᠨ ᠮᠡᠳᠡᠯᠭᠡ ᠵᠢᠨ ᠰᠢᠯᠭ᠋ᠠᠯᠲᠠ ᠵᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ       ᠮᠡᠳᠡᠭᠳᠡᠯ》 (ᠦᠪᠦᠷ ᠤᠰᠤᠨ ᠠᠵᠢᠯᠯᠠᠭ᠋ᠠᠨ ᠬᠠᠮᠢᠶᠠᠷᠤᠯᠲᠠ [2023] 113 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠥᠪ᠎ᠲᠤ ᠨᠠᠶ᠋ᠢᠳᠠᠨ 2023 ᠣᠨ᠎ᠤ ᠬᠣᠶᠠᠳᠤᠭ᠋ᠠᠷ ᠪᠦᠯᠦᠭ᠎ᠤᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠵᠢᠨ ᠠᠵᠤ ᠠᠬᠤᠶ᠋ᠢᠯᠠᠯ᠎ᠤᠨ 《ᠭᠤᠷᠪᠠᠨ ᠲᠥᠷᠥᠯ᠎ᠤᠨ ᠬᠥᠮᠦᠰ》᠎ᠤᠨ ᠠᠶᠤᠯᠭᠦᠢ  ᠦᠢ᠍ᠯᠡᠳᠪᠦᠷᠢᠯᠡᠯ᠎ᠤᠨ ᠮᠡᠳᠡᠯᠭᠡ ᠵᠢᠨ ᠰᠢᠯᠭ᠋ᠠᠯᠲᠠ ᠵᠢ ᠵᠣᠬᠢᠶᠠᠨ ᠪᠠᠶ᠋ᠢᠭᠤᠯᠤᠨ        ᠥᠷᠨᠢᠭᠦᠯᠵᠦ᠂ ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠥᠷᠭᠡᠨ ᠵᠶ᠋ᠠᠷ ᠬᠦᠯᠢᠶᠡᠬᠦ ᠵᠢᠨ ᠲᠤᠰᠠᠳᠠ᠂ ᠡᠳᠦᠭᠡ ᠰᠢᠯᠭ᠋ᠠᠯᠲᠠ᠎ᠳᠤ ᠬᠢᠷᠢ ᠲᠡᠩᠴᠡᠭᠰᠡᠨ ᠬᠥᠮᠦᠰ᠎ᠤᠨ ᠨᠡᠷᠡᠰ᠎ᠢ ᠢᠯᠡ ᠨᠡᠶ᠋ᠢᠲᠡᠯᠡᠪᠡ (ᠳᠠᠭ᠋ᠠᠯᠳᠤᠭᠤᠯᠤᠯ᠎ᠢ ᠦᠵᠡ)᠂ ᠢᠯᠡ ᠨᠡᠶ᠋ᠢᠲᠡᠯᠡᠬᠦ ᠬᠤᠭᠤᠴᠠᠭ᠋ᠠᠨ᠎ᠳᠤ ᠬᠡᠷᠪᠡ ᠤᠨᠳᠤᠤ ᠰᠠᠨᠠᠯ᠎ᠲᠠᠢ ᠪᠣᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠬᠢᠨᠠᠯᠲᠠ ᠲᠠᠯᠪᠢᠬᠤ ᠭᠠᠵᠠᠷ᠎ᠲᠤ ᠲᠤᠰᠬᠠᠵᠤ ᠪᠤᠯᠤᠨ᠎ᠠ᠃

  

   ᠢᠯᠡ ᠨᠡᠶ᠋ᠢᠲᠡᠯᠡᠬᠦ ᠴᠠᠭ᠄ 2023 ᠣᠨ᠎ᠤ 12 ᠳ᠋ᠤᠭ᠋ᠠᠷ ᠰᠠᠷ᠎ᠠ ᠵᠢᠨ 14᠎ᠤ ᠡᠳᠦᠷ᠎ᠠᠴᠠ 12 ᠳ᠋ᠤᠭ᠋ᠠᠷ ᠰᠠᠷ᠎ᠠ ᠵᠢᠨ 20᠎ᠤ ᠡᠳᠦᠷ ᠪᠣᠯᠲᠠᠯ᠎ᠠ᠃

   ᠬᠦᠯᠢᠶᠡᠨ ᠠᠪᠬᠤ ᠰᠠᠯᠠᠭ᠎ᠠ ᠮᠥᠴᠢᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠬᠢᠨᠠᠯᠲᠠ ᠲᠠᠯᠪᠢᠬᠤ ᠭᠠᠵᠠᠷ

   ᠬᠠᠷᠢᠯᠴᠠᠬᠤ ᠬᠥᠮᠦᠨ᠄ ᠴᠧᠩ ᠭᠤᠸᠠᠩ ᠶᠤᠸᠠᠨ

   ᠬᠠᠷᠢᠯᠴᠠᠬᠤ ᠤᠲᠠᠰᠤ᠄ (0471) 5259658

   ᠢᠮᠧᠯ᠄ nmslyg@163.com 

   ᠬᠠᠶᠢᠭ᠄ ᠬᠥᠬᠡᠬᠣᠲᠠ ᠵᠢᠨ ᠬᠥᠯᠥᠨ ᠡᠮᠦᠨ᠎ᠡ ᠵᠠᠮ᠎ᠤᠨ 119 ᠳ᠋ᠦ᠍ᠭᠡᠷ ᠲᠣᠭ᠋ᠠᠲᠤ (ᠰᠢᠤᠳᠠᠨ ᠨᠣᠮᠧᠷ 010020)

  

ᠳᠠᠭ᠋ᠠᠯᠳᠤᠭᠤᠯᠤᠯ᠄ 2023 ᠣᠨ᠎ᠤ ᠬᠣᠶᠠᠳᠤᠭ᠋ᠠᠷ ᠪᠦᠯᠦᠭ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠵᠢᠨ ᠠᠵᠤ ᠠᠬᠤᠶ᠋ᠢᠯᠠᠯ᠎ᠤᠨ 《ᠭᠤᠷᠪᠠᠨ ᠲᠥᠷᠥᠯ᠎ᠤᠨ ᠬᠥᠮᠦᠰ》᠎ᠤᠨ ᠠᠶᠤᠯᠭᠦᠶ ᠦᠢ᠍ᠯᠡᠳᠪᠦᠷᠢᠯᠡᠯ᠎ᠤᠨ ᠮᠡᠳᠡᠯᠭᠡ ᠵᠢᠨ ᠰᠢᠯᠭ᠋ᠠᠯᠲᠠ᠎ᠳᠤ ᠬᠢᠷᠢ ᠲᠡᠩᠴᠡᠭᠰᠡᠨ ᠬᠥᠮᠦᠰ᠎ᠤᠨ ᠨᠡᠷᠡᠰ.xls

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
2023 ᠣᠨ᠎ᠤ ᠰᠢᠶᠠᠨ᠎ᠤ ᠬᠡᠪᠴᠢᠶᠡᠨ᠎ᠳᠠᠬᠢ ᠤᠰᠤ ᠠᠷᠪᠢᠯᠠᠬᠤ ᠮᠠᠶᠢᠭ᠎ᠤᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠦᠭᠦᠯᠬᠦ ᠪᠥᠲᠥᠭᠡᠨ ᠪᠠᠶ᠋ᠢᠭᠤᠯᠤᠯᠲᠠ ᠵᠢᠨ ᠰᠢᠯᠭ᠋ᠠᠨ ᠠᠪᠤᠭᠰᠠᠨ ᠦᠷ᠎ᠡ ᠳ᠋ᠦᠩ᠎ᠢ ᠢᠯᠡ ᠨᠡᠶ᠋ᠢᠲᠡᠯᠡᠨ᠎ᠡ
ᠲᠥᠪ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠳ᠋ᠤᠭ᠋ᠠᠷ᠎ᠢ ᠬᠠᠰᠤᠬᠤ ᠲᠤᠬᠠᠶ ᠵᠠᠷᠯᠠᠯ
2023 ᠣᠨ᠎ᠤ ᠨᠢᠭᠡᠳᠦᠭᠡᠷ ᠪᠦᠯᠦᠭ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠠᠷᠢᠮᠵᠢᠶᠠᠵᠢᠯ᠎ᠤᠨ ᠬᠠᠮᠢᠶᠠᠷᠤᠯᠲᠠ᠎ᠳᠤ ᠪᠠᠲᠤᠯᠠᠭᠳᠠᠭᠰᠠᠨ ᠥᠪᠡᠷᠲᠡᠭᠡᠨ ᠵᠠᠰᠠᠬᠤ ᠣᠷᠣᠨ᠎ᠤ ᠦᠨᠡᠯᠡᠯᠲᠡ ᠵᠢᠨ ᠢᠨᠵᠸᠨ᠋ᠸᠷᠢᠩ᠎ᠤᠨ ᠨᠡᠷᠡᠰ᠎ᠢ ᠨᠡᠶ᠋ᠢᠲᠡᠯᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠤᠤᠯ ᠮᠥᠷᠡᠨ᠎ᠤ ᠳᠠᠷᠤᠭ᠎ᠠ ᠵᠢᠨ ᠲᠦᠷᠢᠮ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠬᠦ ᠠᠵᠢᠯ᠎ᠤᠨ ᠲᠡᠷᠢᠭᠦᠨ᠎ᠤ ᠬᠠᠮᠲᠤ ᠪᠠ ᠲᠡᠷᠢᠭᠦᠨ᠎ᠤ ᠬᠤᠪᠢ ᠬᠥᠮᠦᠨ᠎ᠢ ᠬᠥᠬᠢᠭᠦᠯᠦᠨ ᠰᠠᠶ᠋ᠢᠰᠢᠶᠠᠬᠤ᠎ᠪᠠᠷ ᠪᠠᠶ᠋ᠢᠭ᠎ᠠ ᠡᠲᠡᠭᠡᠳ᠎ᠢ ᠢᠯᠡ ᠨᠡᠶ᠋ᠢᠲᠡᠯᠡᠬᠦ ᠲᠤᠬᠠᠶ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠢᠯᠡ᠎ᠪᠠᠷ ᠬᠠᠷᠢᠴᠠᠭᠤᠯᠤᠨ ᠰᠣᠩᠭᠤᠬᠤ ᠠᠯᠪᠠᠨ ᠵᠠᠷ
 
            