ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
2023 ᠣᠨ᠎ᠤ ᠰᠢᠶᠠᠨ᠎ᠤ ᠬᠡᠪᠴᠢᠶᠡᠨ᠎ᠳᠠᠬᠢ ᠤᠰᠤ ᠠᠷᠪᠢᠯᠠᠬᠤ ᠮᠠᠶᠢᠭ᠎ᠤᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠦᠭᠦᠯᠬᠦ ᠪᠥᠲᠥᠭᠡᠨ ᠪᠠᠶ᠋ᠢᠭᠤᠯᠤᠯᠲᠠ ᠵᠢᠨ ᠰᠢᠯᠭ᠋ᠠᠨ ᠠᠪᠤᠭᠰᠠᠨ ᠦᠷ᠎ᠡ ᠳ᠋ᠦᠩ᠎ᠢ ᠢᠯᠡ ᠨᠡᠶ᠋ᠢᠲᠡᠯᠡᠨ᠎ᠡ
ᠨᠡᠶ᠋ᠢᠲᠡᠯᠡᠭᠰᠡᠨ ᠴᠠᠭ᠄ 2023-12-22

  《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠶᠠᠨ᠎ᠤ ᠬᠡᠪᠴᠢᠶᠡᠨ᠎ᠤ ᠤᠰᠤ ᠠᠷᠪᠢᠯᠠᠬᠤ ᠮᠠᠶᠢᠭ᠎ᠤᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠦᠭᠦᠯᠬᠦ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠬᠡᠷᠡᠭᠵᠢᠭᠦᠯᠬᠦ ᠲᠥᠰᠦᠯ》 (ᠥᠪᠥᠷ ᠤᠰᠤ ᠪᠠᠶᠠᠯᠢᠭ [2021] 765 ᠳ᠋ᠤᠭ᠋ᠠᠷ ᠲᠣᠭ᠋ᠠᠲᠤ) 《ᠰᠢᠶᠠᠨ᠎ᠤ ᠬᠡᠪᠴᠢᠶᠡᠨ᠎ᠤ ᠤᠰᠤ ᠠᠷᠪᠢᠯᠠᠬᠤ ᠮᠠᠶᠢᠭ᠎ᠤᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠦᠭᠦᠯᠬᠦ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠷᠭ᠎ᠠ》 (ᠤᠰᠤ ᠠᠷᠪᠢᠯᠠᠬᠤ [2021] 379 ᠳ᠋ᠦ᠍ᠭᠡᠷ ᠲᠣᠭ᠋ᠠᠲᠤ) ᠪᠣᠯᠤᠨ 《2023 ᠣᠨ᠎ᠤ ᠰᠢᠶᠠᠨ᠎ᠤ ᠬᠡᠪᠴᠢᠶᠡᠨ᠎ᠤ ᠤᠰᠤ ᠠᠷᠪᠢᠯᠠᠬᠤ ᠮᠠᠶᠢᠭ᠎ᠤᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠦᠭᠦᠯᠬᠦ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ》 (ᠥᠪᠥᠷ ᠤᠰᠤ ᠪᠠᠶᠠᠯᠢᠭ [2023] 237 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠲᠢᠩᠬᠢᠮ ᠪᠦᠬᠦ ᠣᠷᠣᠨ᠎ᠤ ᠬᠡᠪᠴᠢᠶᠡᠨ᠎ᠳᠤ 2023 ᠣᠨ᠎ᠤ ᠰᠢᠶᠠᠨ᠎ᠤ ᠬᠡᠪᠴᠢᠶᠡᠨ᠎ᠤ ᠤᠰᠤ ᠠᠷᠪᠢᠯᠠᠬᠤ ᠮᠠᠶᠢᠭ᠎ᠤᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠦᠭᠦᠯᠬᠦ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠪᠡ᠃

  12 ᠳ᠋ᠤᠭ᠋ᠠᠷ ᠰᠠᠷ᠎ᠠ ᠵᠢᠨ 11᠎ᠤ ᠡᠳᠦᠷ᠎ᠠᠴᠠ 20᠎ᠤ ᠡᠳᠦᠷ ᠪᠣᠯᠲᠠᠯ᠎ᠠ᠂ ᠮᠠᠨ᠎ᠤ ᠲᠢᠩᠬᠢᠮ ᠬᠠᠮᠢᠶ᠎ᠠ ᠪᠥᠬᠥᠶ ᠨᠢᠭᠡᠴᠢ ᠵᠢ ᠵᠣᠬᠢᠶᠠᠨ ᠪᠠᠶ᠋ᠢᠭᠤᠯᠵᠤ ᠪᠠᠶ᠋ᠢᠭ᠋ᠠᠳ 《ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠦᠨᠡᠯᠡᠯᠲᠡ ᠵᠢᠨ ᠪᠠᠷᠢᠮᠵᠢᠶ᠎ᠠ》 ᠵᠢᠨ ᠱᠠᠭ᠋ᠠᠷᠳᠠᠯᠭ᠎ᠠ᠎ᠳᠤ ᠭᠦᠷᠦᠭᠰᠡᠨ 12 ᠬᠣᠰᠢᠭᠤ ᠰᠢᠶᠠᠨ (ᠬᠣᠲᠠ᠂ ᠲᠣᠭᠣᠷᠢᠭ)᠎ᠤ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠦᠭᠦᠯᠬᠦ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠪᠡᠶᠡᠯᠡᠭᠦᠯᠦᠭᠰᠡᠨ ᠪᠠᠶ᠋ᠢᠳᠠᠯ᠎ᠢ ᠲᠤᠬᠠᠶ ᠵᠢᠨ ᠲᠠᠯᠠᠪᠠᠶ᠎ᠳᠤ ᠰᠢᠯᠭ᠋ᠠᠨ ᠠᠪᠬᠤ ᠵᠢ ᠪᠡᠶᠡᠯᠡᠭᠦᠯᠦᠨ᠎ᠡ᠂ ᠡᠳᠦᠭᠡ ᠰᠢᠯᠭ᠋ᠠᠨ ᠠᠪᠬᠤ ᠵᠢ ᠥᠩᠭᠡᠷᠡᠭᠡᠭᠰᠡᠨ ᠬᠣᠰᠢᠭᠤ ᠰᠢᠶᠠᠨ (ᠬᠣᠲᠠ᠂ ᠲᠣᠭᠣᠷᠢᠭ)᠎ᠤ ᠨᠡᠷᠡᠰ᠎ᠢ ᠢᠯᠡ ᠨᠡᠶ᠋ᠢᠲᠡᠯᠡᠨ᠎ᠡ (ᠳᠠᠭ᠋ᠠᠯᠳᠤᠭᠤᠯᠤᠯ᠎ᠢ ᠦᠵᠡ)᠃ ᠢᠯᠡ ᠨᠡᠶ᠋ᠢᠲᠡᠯᠡᠬᠦ ᠬᠤᠭᠤᠴᠠᠭ᠋ᠠᠨ᠎ᠳᠤ ᠬᠡᠷᠪᠡ ᠤᠨᠳᠤᠤ ᠰᠠᠨᠠᠯ᠎ᠲᠠᠢ ᠪᠣᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠳᠤ ᠪᠢᠴᠢᠭ ᠵᠶ᠋ᠠᠷ ᠬᠠᠷᠢᠭᠤ ᠲᠤᠰᠬᠠᠵᠤ᠂ ᠬᠠᠷᠢᠭᠤ ᠲᠤᠰᠬᠠᠭᠰᠠᠨ ᠠᠭᠤᠯᠭ᠎ᠠ᠎ᠨᠢ ᠪᠣᠳᠠᠲᠤ ᠬᠡᠷᠡᠭ᠎ᠤᠨ ᠦᠨᠳᠦᠰᠦᠯᠡᠯ᠂ ᠦᠨᠡᠨ ᠣᠪᠣᠭ ᠨᠡᠷ᠎ᠡ ᠵᠢᠴᠢ ᠬᠠᠷᠢᠯᠴᠠᠬᠤ ᠠᠷᠭ᠎ᠠ ᠮᠠᠶᠢᠭ ᠵᠶ᠋ᠠᠨ ᠬᠠᠩᠭ᠋ᠠᠬᠤ ᠴᠢᠬᠤᠯᠠᠲᠠᠶ᠃

   ᠢᠯᠡ ᠨᠡᠶ᠋ᠢᠲᠡᠯᠡᠬᠦ ᠴᠠᠭ᠄ 2023 ᠣᠨ᠎ᠤ 12 ᠳ᠋ᠤᠭ᠋ᠠᠷ ᠰᠠᠷ᠎ᠠ ᠵᠢᠨ 21᠎ᠤ ᠡᠳᠦᠷ — 12 ᠳ᠋ᠤᠭ᠋ᠠᠷ ᠰᠠᠷ᠎ᠠ ᠵᠢᠨ 27᠎ᠤ ᠡᠳᠦᠷ

   ᠬᠠᠷᠢᠯᠴᠠᠬᠤ ᠤᠲᠠᠰᠤ᠄ 0471 - 5259344

   ᠢᠮᠧᠯ᠄ nmgszyglc@163.com

 

ᠳᠠᠭ᠋ᠠᠯᠳᠤᠭᠤᠯᠤᠯ

 

  

             ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ

          2023 ᠣᠨ᠎ᠤ 12 ᠳ᠋ᠤᠭ᠋ᠠᠷ ᠰᠠᠷ᠎ᠠ ᠵᠢᠨ 21᠎ᠤ ᠡᠳᠦᠷ

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠲᠥᠪ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠳ᠋ᠤᠭ᠋ᠠᠷ᠎ᠢ ᠬᠠᠰᠤᠬᠤ ᠲᠤᠬᠠᠶ ᠵᠠᠷᠯᠠᠯ
2023 ᠣᠨ᠎ᠤ ᠨᠢᠭᠡᠳᠦᠭᠡᠷ ᠪᠦᠯᠦᠭ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠠᠷᠢᠮᠵᠢᠶᠠᠵᠢᠯ᠎ᠤᠨ ᠬᠠᠮᠢᠶᠠᠷᠤᠯᠲᠠ᠎ᠳᠤ ᠪᠠᠲᠤᠯᠠᠭᠳᠠᠭᠰᠠᠨ ᠥᠪᠡᠷᠲᠡᠭᠡᠨ ᠵᠠᠰᠠᠬᠤ ᠣᠷᠣᠨ᠎ᠤ ᠦᠨᠡᠯᠡᠯᠲᠡ ᠵᠢᠨ ᠢᠨᠵᠸᠨ᠋ᠸᠷᠢᠩ᠎ᠤᠨ ᠨᠡᠷᠡᠰ᠎ᠢ ᠨᠡᠶ᠋ᠢᠲᠡᠯᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠤᠤᠯ ᠮᠥᠷᠡᠨ᠎ᠤ ᠳᠠᠷᠤᠭ᠎ᠠ ᠵᠢᠨ ᠲᠦᠷᠢᠮ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠬᠦ ᠠᠵᠢᠯ᠎ᠤᠨ ᠲᠡᠷᠢᠭᠦᠨ᠎ᠤ ᠬᠠᠮᠲᠤ ᠪᠠ ᠲᠡᠷᠢᠭᠦᠨ᠎ᠤ ᠬᠤᠪᠢ ᠬᠥᠮᠦᠨ᠎ᠢ ᠬᠥᠬᠢᠭᠦᠯᠦᠨ ᠰᠠᠶ᠋ᠢᠰᠢᠶᠠᠬᠤ᠎ᠪᠠᠷ ᠪᠠᠶ᠋ᠢᠭ᠎ᠠ ᠡᠲᠡᠭᠡᠳ᠎ᠢ ᠢᠯᠡ ᠨᠡᠶ᠋ᠢᠲᠡᠯᠡᠬᠦ ᠲᠤᠬᠠᠶ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠢᠯᠡ᠎ᠪᠠᠷ ᠬᠠᠷᠢᠴᠠᠭᠤᠯᠤᠨ ᠰᠣᠩᠭᠤᠬᠤ ᠠᠯᠪᠠᠨ ᠵᠠᠷ
ᠪᠦᠯᠬᠦᠮ᠎ᠤᠨ ᠪᠠᠷᠢᠮᠵᠢᠶ᠎ᠠ 《ᠥᠪᠥᠷ ᠮᠣᠩᠭᠤᠯ᠎ᠤᠨ ᠤᠰᠤ ᠰᠢᠷᠣᠶ ᠵᠢ ᠬᠠᠮᠠᠭ᠋ᠠᠯᠠᠬᠤ ᠣᠷᠣᠨ ᠪᠦᠰᠡ ᠵᠢᠨ ᠦᠨᠡᠯᠡᠨ ᠵᠢᠱ᠌ᠢᠬᠦ ᠮᠡᠷᠭᠡᠵᠢᠯ᠎ᠤᠨ ᠪᠠᠷᠢᠮᠵᠢᠶ᠎ᠠ》 ᠵᠢᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠰᠢᠷᠣᠶ ᠵᠢᠨ ᠬᠠᠮᠠᠭ᠋ᠠᠯᠠᠯᠲᠠ ᠵᠢᠨ ᠰᠤᠳᠤᠯᠭ᠋ᠠᠨ᠎ᠤ ᠨᠡᠶ᠋ᠢᠭᠡᠮᠯᠢᠭ᠎ᠤᠨ ᠰᠠᠨᠠᠯ ᠬᠤᠷᠢᠶᠠᠬᠤ ᠵᠠᠬᠢᠳᠠᠯ
 
            