ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
《ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠨᠡᠶ᠋ᠢᠭᠡᠮ ᠵᠢᠷᠤᠮ᠎ᠤᠨ ᠬᠠᠤᠯᠢ᠎ᠪᠠᠷ ᠵᠠᠰᠠᠬᠤ ᠰᠣᠶᠣᠯ᠎ᠢ ᠪᠦᠲᠦᠭᠡᠨ ᠪᠠᠶ᠋ᠢᠭᠤᠯᠬᠤ》 ᠭᠤᠣᠯ ᠰᠡᠳᠦᠪᠲᠦ ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠵᠢ ᠥᠷᠨᠢᠭᠦᠯᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2023-12-01

ᠡᠯ᠎ᠡ ᠠᠶ᠋ᠢᠮᠠᠭ ᠬᠤᠲᠠ ᠵᠢᠨ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠲᠣᠪᠴᠢᠶ᠎ᠠ᠂ ᠲᠢᠩᠬᠢᠮ᠎ᠤᠨ ᠡᠯ᠎ᠡ ᠨᠢᠭᠡᠴᠢ᠂ ᠲᠢᠩᠬᠢᠮ᠎ᠤᠨ ᠪᠠᠶ᠋ᠢᠭᠤᠯᠭ᠎ᠠ ᠵᠢᠨ ᠡᠯ᠎ᠡ ᠭᠠᠵᠠᠷ ᠲᠠᠰᠤᠭ᠎ᠲᠤ᠄

   ᠡᠨᠡ ᠵᠢᠯ᠎ᠤᠨ 12 ᠳ᠋ᠤᠭ᠋ᠠᠷ ᠰᠠᠷ᠎ᠠ ᠵᠢᠨ 4᠎ᠤ ᠡᠳᠦᠷ ᠪᠣᠯ ᠠᠷᠪᠠᠳᠤᠭ᠋ᠠᠷ 《ᠤᠯᠤᠰ᠎ᠤᠨ ᠦᠨᠳᠦᠰᠦᠨ ᠬᠠᠤᠯᠢ ᠵᠢᠨ ᠡᠳᠦᠷ》 ᠪᠠᠢ᠌ᠵᠤ᠂ 12 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 7᠎ᠤ ᠡᠳᠦᠷ ᠪᠣᠯ ᠤᠯᠤᠰ᠎ᠤᠨ 《ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ》 ᠪᠣᠯᠤᠨ᠎ᠠ᠃ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠪᠣᠯᠤᠨ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠨ ᠬᠠᠤᠯᠢ ᠵᠢᠨ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠶ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠤᠰᠤᠨ ᠠᠰᠢᠭᠯᠠᠯᠲᠠ ᠵᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢ ᠭᠦᠨᠵᠡᠭᠡᠶ ᠥᠷᠨᠢᠭᠦᠯᠵᠦ᠂ ᠬᠠᠤᠯᠢ᠎ᠪᠠᠷ ᠤᠰᠤ ᠵᠢ ᠵᠠᠰᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠬᠤ ᠵᠢᠨ          ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠪᠥᠬᠦ ᠣᠷᠣᠨ᠎ᠤ ᠤᠰᠤᠨ ᠠᠰᠢᠭᠯᠠᠯᠲᠠ ᠵᠢᠨ ᠰᠢᠰᠲ᠋ᠧᠮ᠎ᠳᠤ 《ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠨᠡᠶ᠋ᠢᠭᠡᠮ ᠵᠢᠷᠤᠮ᠎ᠤᠨ ᠬᠠᠤᠯᠢ᠎ᠪᠠᠷ ᠵᠠᠰᠠᠬᠤ ᠰᠣᠶᠣᠯ᠎ᠢ ᠪᠦᠲᠦᠭᠡᠨ ᠪᠠᠶ᠋ᠢᠭᠤᠯᠬᠤ》 ᠭᠤᠤᠯ ᠰᠡᠳᠦᠪᠲᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠬᠦ᠎ᠪᠠᠷ ᠲᠣᠭᠲᠠᠪᠠ᠂ ᠪᠣᠳᠠᠲᠠᠶ ᠶᠠᠪᠤᠳᠠᠯ᠎ᠤᠨ ᠳᠣᠬᠢᠷᠠᠭᠤᠯᠤᠯᠲᠠ ᠳᠣᠤᠷᠠᠬᠢ ᠮᠡᠲᠦ᠃

   ᠨᠢᠭᠡ᠂ ᠬᠠᠤᠯᠢ ᠲᠦᠭᠡᠮᠡᠯᠵᠢᠭᠦᠯᠬᠦ ᠱᠠᠩᠨᠠᠯᠲᠤ ᠥᠷᠢᠰᠥᠯᠳᠦᠨ ᠬᠠᠷᠢᠭᠤᠯᠬᠤ ᠠᠵᠢᠯᠯᠠᠭ᠎ᠠ

   ᠣᠷᠣᠯᠴᠠᠬᠤ ᠠᠷᠭ᠎ᠠ ᠬᠡᠯᠪᠡᠷᠢ ᠨᠢᠭᠡ᠄ 《ᠥᠪᠥᠷ ᠮᠣᠩᠭᠤᠯ᠎ᠤᠨ ᠤᠰᠤᠨ ᠠᠰᠢᠭᠯᠠᠯᠲᠠ》 ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠎ᠢ ᠠᠩᠬᠠᠷᠴᠤ᠂ ᠪᠠᠷᠠᠭᠤᠨ ᠲᠠᠯ᠎ᠠ ᠵᠢᠨ 《ᠵᠠᠰᠠᠭ ᠠᠷᠠᠳ ᠬᠠᠷᠢᠯᠴᠠᠨ ᠬᠥᠳᠡᠯᠦᠯᠴᠡᠬᠦ》 ᠵᠢ ᠳᠣᠶᠢᠭ᠋ᠠᠳ 《ᠦᠨᠳᠦᠰᠦᠨ ᠬᠠᠤᠯᠢ ᠵᠢ ᠤᠬᠠᠭᠤᠯᠵᠤ᠂ ᠬᠠᠤᠯᠢ ᠲᠦᠭᠡᠮᠡᠯᠵᠢᠭᠦᠯᠬᠦ ᠰᠡᠳᠦᠪ᠎ᠢ ᠬᠠᠷᠢᠭᠤᠯᠬᠤ》᠎ᠳᠤ ᠣᠷᠣᠵᠤ᠂ ᠨᠢᠭᠡ ᠭᠠᠷᠠᠭ᠎ᠤᠨ ᠬᠤᠭᠤᠴᠠᠭ᠋ᠠᠲᠤ ᠱᠠᠩᠨᠠᠯ᠎ᠲᠠᠢ ᠮᠡᠳᠡᠯᠭᠡ ᠬᠠᠷᠢᠭᠤᠯᠬᠤ ᠰᠡᠳᠦᠪ᠎ᠤᠨ ᠠᠵᠢᠯᠯᠠᠭ᠎ᠠ (12 ᠳ᠋ᠤᠭ᠋ᠠᠷ ᠰᠠᠷ᠎ᠠ ᠵᠢᠨ 1᠎ᠤ ᠡᠳᠦᠷ᠎ᠤᠨ 8᠄ 00 — 7᠎ᠤ ᠡᠳᠦᠷ᠎ᠤᠨ 23᠄ 59 ᠪᠣᠯᠲᠠᠯ᠎ᠠ)᠃

   ᠣᠷᠣᠯᠴᠠᠬᠤ ᠠᠷᠭ᠎ᠠ ᠬᠡᠯᠪᠡᠷᠢ ᠬᠣᠶᠠᠷ᠄ ᠬᠤᠶᠠᠷ ᠬᠡᠮᠵᠢᠯᠳᠦ ᠺᠣᠳ᠋᠎ᠢ ᠰᠢᠷᠪᠢᠵᠦ ᠰᠡᠳᠦᠪ ᠬᠠᠷᠢᠭᠤᠯᠬᠤ ᠵᠤᠯᠭ᠋ᠠᠭᠤᠷ᠎ᠲᠤ ᠣᠷᠣᠨ᠎ᠠ


主题宪法宣传周活动的通知1.jpg


   ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ᠎ᠤᠨ ᠬᠠᠤᠯᠢ ᠲᠦᠭᠡᠮᠡᠯᠵᠢᠭᠦᠯᠬᠦ ᠱᠠᠩᠨᠠᠯᠲᠤ ᠥᠷᠢᠰᠦᠯᠳᠦᠨ ᠬᠠᠷᠢᠭᠤᠯᠬᠤ ᠵᠢᠨ ᠬᠣᠶᠠᠷ ᠬᠡᠮᠵᠢᠯᠲᠦ ᠺᠣᠳ᠋

   ᠬᠤᠶᠠᠷ᠂ ᠬᠠᠤᠯᠢ ᠴᠠᠭ᠋ᠠᠵᠠ ᠵᠢᠨ ᠮᠡᠳᠡᠯᠭᠡ ᠵᠢᠨ ᠰᠦᠯᠵᠢᠶᠡᠨ᠎ᠤ ᠰᠤᠷᠤᠯᠴᠠᠯᠭ᠎ᠠ

   ᠣᠷᠣᠯᠴᠠᠬᠤ ᠠᠷᠭ᠎ᠠ ᠬᠡᠯᠪᠡᠷᠢ ᠨᠢᠭᠡ᠄ 《ᠥᠪᠥᠷ ᠮᠣᠩᠭᠤᠯ᠎ᠤᠨ ᠤᠰᠤᠨ ᠠᠰᠢᠭᠯᠠᠯᠲᠠ》 ᠸᠢᠴᠠᠲ᠎ᠤᠨ ᠨᠡᠶ᠋ᠢᠲᠡ ᠵᠢᠨ ᠳ᠋ᠤᠭ᠋ᠠᠷ᠎ᠢ ᠠᠩᠬᠠᠷᠴᠤ᠂ ᠪᠠᠷᠠᠭᠤᠨ ᠳᠣᠤᠷ᠎ᠠ ᠥᠨᠴᠥᠭ᠎ᠤᠨ 《ᠵᠠᠰᠠᠭ ᠠᠷᠠᠳ ᠬᠠᠷᠢᠯᠴᠠᠨ ᠬᠥᠳᠡᠯᠦᠯᠴᠡᠬᠦ》 ᠵᠢ ᠳᠣᠶᠢᠭ᠋ᠠᠳ 《ᠬᠠᠤᠯᠢ ᠴᠠᠭ᠋ᠠᠵᠠ ᠵᠢᠨ ᠮᠡᠳᠡᠯᠭᠡ ᠵᠢᠨ ᠰᠦᠯᠵᠢᠶᠡᠨ᠎ᠤ ᠰᠤᠷᠤᠯᠴᠠᠯᠭ᠎ᠠ》᠎ᠳᠤ ᠣᠷᠣᠵᠤ᠂ ᠰᠢᠩᠭᠡᠭᠡᠨ ᠨᠡᠪᠲᠡᠷᠡᠭᠦᠯᠬᠦ ᠬᠡᠯᠪᠡᠷᠢ᠎ᠪᠠᠷ 《ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢ ᠵᠣᠯᠭ᠋ᠠᠭᠤᠯᠬᠤ ᠬᠠᠤᠯᠢ ᠴᠠᠭ᠋ᠠᠵᠠ ᠵᠢᠨ ᠠᠰᠠᠭᠤᠳᠠᠯ᠎ᠤᠨ ᠵᠠᠳᠠᠯᠤᠯᠲᠠ ᠵᠢᠴᠢ ᠬᠡᠷᠡᠭ᠎ᠤᠨ ᠵᠢᠱ᠌ᠢᠶ᠎ᠡ ᠵᠢᠨ ᠲᠠᠶ᠋ᠢᠯᠤᠮᠵᠢ》᠂ 《ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ》 ᠵᠢᠨ ᠲᠤᠰᠬᠠᠶ ᠰᠡᠳᠦᠪᠲᠦ ᠲᠠᠶ᠋ᠢᠯᠤᠮᠵᠢ (12 ᠳ᠋ᠤᠭ᠋ᠠᠷ ᠰᠠᠷ᠎ᠠ ᠵᠢᠨ 1᠎ᠤ ᠡᠳᠦᠷ᠎ᠤᠨ 8᠄ 00 — 7᠎ᠤ ᠡᠳᠦᠷ᠎ᠤᠨ 23᠄ 59 ᠪᠣᠯᠲᠠᠯ᠎ᠠ) ᠵᠢ ᠦᠵᠡᠨ᠎ᠡ᠃

   ᠣᠷᠣᠯᠴᠠᠬᠤ ᠠᠷᠭ᠎ᠠ ᠬᠡᠯᠪᠡᠷᠢ ᠬᠣᠶᠠᠷ᠄ ᠬᠤᠶᠠᠷ ᠬᠡᠮᠵᠢᠯᠳᠦ ᠺᠣᠳ᠋᠎ᠢ ᠰᠢᠷᠪᠢᠵᠦ ᠨᠡᠪᠲᠡᠷᠡᠭᠦᠯᠬᠦ ᠵᠤᠯᠭ᠋ᠠᠭᠤᠷ᠎ᠲᠤ ᠣᠷᠣᠨ᠎ᠠ


主题宪法宣传周活动的通知2.jpg


   ᠬᠠᠤᠯᠢ ᠴᠠᠭ᠋ᠠᠵᠠ ᠵᠢᠨ ᠮᠡᠳᠡᠯᠭᠡ ᠵᠢᠨ ᠰᠦᠯᠵᠢᠶᠡᠨ᠎ᠤ ᠨᠡᠪᠲᠡᠷᠡᠭᠦᠯᠭᠡ ᠵᠢᠨ ᠬᠤᠶᠠᠷ ᠬᠡᠮᠵᠢᠯᠲᠦ ᠺᠤᠳ᠋

   ᠭᠤᠷᠪᠠ᠂ ᠬᠠᠲᠤᠨ ᠭᠤᠤᠯ᠎ᠤᠨ ᠬᠠᠮᠠᠭ᠋ᠠᠯᠠᠯᠲᠠ ᠵᠢᠨ ᠬᠠᠤᠯᠢ ᠵᠢᠨ ᠪᠢᠴᠢᠯ ᠺᠢᠨᠣ᠋ ᠵᠢ ᠰᠣᠨᠢᠷᠬᠠᠬᠤ

   ᠣᠷᠣᠯᠴᠠᠬᠤ ᠠᠷᠭ᠎ᠠ ᠬᠡᠯᠪᠡᠷᠢ᠄ 《ᠥᠪᠥᠷ ᠮᠣᠩᠭᠤᠯ᠎ᠤᠨ ᠤᠰᠤᠨ ᠠᠰᠢᠭᠯᠠᠯᠲᠠ》 ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠎ᠢ ᠠᠩᠬᠠᠷᠴᠤ᠂ ᠬᠠᠲᠤᠨ ᠭᠣᠣᠯ᠎ᠤᠨ ᠬᠠᠮᠠᠭ᠋ᠠᠯᠠᠯᠲᠠ ᠵᠢᠨ ᠬᠠᠤᠯᠢ ᠵᠢᠨ ᠪᠢᠴᠢᠯ ᠺᠢᠨᠣ᠋ ᠪᠣᠯᠬᠤ 《ᠢᠲᠡᠭᠡᠯ ᠪᠢᠰᠢᠷᠡᠯ》᠎ᠢ ᠳᠣᠶᠢᠵᠣ ᠰᠣᠨᠢᠷᠬᠠᠨ᠎ᠠ᠃

   ᠡᠯ᠎ᠡ ᠨᠢᠭᠡᠴᠢ᠂ ᠡᠯ᠎ᠡ ᠭᠠᠵᠠᠷ ᠲᠠᠰᠤᠭ᠎ᠤᠨ᠎ᠬᠢᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠺᠠᠳ᠋ᠷ ᠠᠵᠢᠯᠲᠠᠨ ᠠᠵᠢᠯᠴᠢᠨ᠎ᠢ ᠵᠣᠬᠢᠶᠠᠨ ᠪᠠᠶ᠋ᠢᠭᠤᠯᠤᠨ ᠳᠠᠶ᠋ᠢᠴᠢᠯᠠᠨ ᠥᠷᠢᠰᠥᠯᠳᠦᠨ ᠬᠠᠷᠢᠭᠤᠯᠬᠤ᠂ ᠰᠤᠷᠤᠯᠴᠠᠬᠤ ᠵᠡᠷᠭᠡ ᠠᠵᠢᠯᠯᠠᠭ᠎ᠠ᠎ᠳᠤ ᠢᠳᠡᠪᠬᠢᠲᠡᠶ ᠣᠷᠣᠯᠴᠠᠭᠤᠯᠵᠤ᠂ ᠨᠡᠶ᠋ᠢᠭᠡᠮ ᠨᠡᠶ᠋ᠢᠲᠡ ᠵᠢᠨ ᠢᠳᠡᠪᠬᠢᠲᠡᠶ ᠣᠷᠣᠯᠴᠠᠬᠤ ᠵᠢ ᠥᠷᠭᠡᠨ ᠵᠶ᠋ᠠᠷ ᠳᠠᠶ᠋ᠢᠴᠢᠯᠠᠨ᠂ 2023 ᠣᠨ᠎ᠤ 12 ᠳ᠋ᠤᠭ᠋ᠠᠷ ᠰᠠᠷ᠎ᠠ ᠵᠢᠨ 12᠎ᠤ ᠡᠳᠦᠷ᠎ᠠᠴᠠ ᠡᠮᠦᠨ᠎ᠡ ᠲᠣᠰ ᠤᠳᠠᠭ᠋ᠠᠨ᠎ᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠣᠷᠣᠯᠴᠠᠭᠰᠠᠨ ᠪᠠᠶ᠋ᠢᠳᠠᠯ᠎ᠢ ᠲᠢᠩᠬᠢᠮ᠎ᠤᠨ ᠤᠰᠤᠨ᠎ᠤ ᠶᠠᠪᠤᠳᠠᠯ᠎ᠤᠨ ᠭᠠᠵᠠᠷ᠎ᠲᠤ ᠮᠡᠳᠡᠭᠦᠯᠬᠦ ᠬᠡᠷᠡᠭᠲᠡᠶ᠃

  

   ᠬᠠᠷᠢᠯᠴᠠᠬᠤ ᠬᠥᠮᠦᠨ᠄ ᠯᠢ ᠫᠢᠩ᠂ ᠯᠢᠦ ᠹᠠᠩ ᠹᠧᠢ

  

   ᠬᠠᠷᠢᠯᠴᠠᠬᠤ ᠤᠲᠠᠰᠤ᠄ 0471-5259713᠂ 5259715

  

  2023 ᠣᠨ᠎ᠤ 11 ᠳ᠋ᠦ᠍ᠭᠡᠷ ᠰᠠᠷ᠎ᠠ ᠵᠢᠨ 30᠎ᠤ ᠡᠳᠦᠷ

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠶᠤᠯᠭᠦᠢ ᠦᠢ᠍ᠯᠡᠳᠪᠦᠷᠢᠯᠡᠯ᠎ᠤᠨ ᠢᠯᠡᠴᠢᠯᠡᠨ ᠮᠡᠳᠡᠭᠦᠯᠬᠦ ᠠᠷᠭ᠎ᠠ ᠵᠠᠮ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠰᠤ ᠰᠢᠷᠤᠢ ᠵᠢ ᠬᠠᠮᠠᠭ᠋ᠠᠯᠠᠬᠤ᠎ᠳᠤ ᠬᠢᠨᠠᠯᠲᠠ ᠲᠠᠯᠪᠢᠵᠤ ᠬᠠᠮᠢᠶᠠᠷᠬᠤ ᠠᠷᠭ᠎ᠠ (ᠰᠠᠨᠠᠯ ᠬᠤᠷᠢᠶᠠᠬᠤ ᠨᠤᠤᠷᠠᠭ)》 ᠵᠢᠨ ᠰᠠᠨᠠᠯ᠎ᠢ ᠬᠤᠷᠢᠶᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠯᠪᠠᠨ ᠵᠠᠷ
ᠮᠠᠯᠵᠢᠬᠤ ᠲᠠᠷᠢᠶᠠᠯᠠᠬᠤ ᠣᠷᠣᠨ᠎ᠤ ᠮᠢᠩᠭ᠋ᠠᠨ ᠲᠣᠨ᠎ᠤ ᠲᠦᠮᠡᠨ ᠬᠥᠮᠦᠨ᠎ᠳᠤ ᠤᠰᠤ ᠬᠠᠩᠭ᠋ᠠᠬᠤ ᠢᠨᠵᠧᠨᠧᠷᠢᠩ᠎ᠤᠨ ᠪᠠᠷᠢᠮᠵᠢᠶᠠᠵᠢᠯ᠎ᠤᠨ ᠬᠠᠮᠢᠶᠠᠷᠤᠯᠲᠠ ᠵᠢ ᠦᠨᠡᠯᠡᠭᠰᠡᠨ ᠦᠷ᠎ᠡ ᠳ᠋ᠦᠩ᠎ᠢ ᠨᠡᠶ᠋ᠢᠲᠡᠯᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠵᠠᠷᠯᠠᠯ
2023 ᠣᠨ᠎ᠤ ᠬᠣᠶᠠᠳᠤᠭ᠋ᠠᠷ ᠪᠦᠯᠦᠭ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠵᠢᠨ ᠠᠵᠤ ᠠᠬᠤᠶ᠋ᠢᠯᠠᠯ᠎ᠤᠨ 《ᠭᠤᠷᠪᠠᠨ ᠲᠥᠷᠥᠯ᠎ᠤᠨ ᠬᠥᠮᠦᠰ》᠎ᠤᠨ ᠠᠶᠤᠯᠭᠦᠶ ᠦᠢ᠍ᠯᠡᠳᠪᠦᠷᠢᠯᠡᠯ᠎ᠤᠨ ᠮᠡᠳᠡᠯᠭᠡ ᠵᠢᠨ ᠰᠢᠯᠭ᠋ᠠᠯᠲᠠ᠎ᠳᠤ ᠬᠢᠷᠢ ᠲᠡᠩᠴᠡᠭᠰᠡᠨ ᠬᠥᠮᠦᠰ᠎ᠤᠨ ᠨᠡᠷᠡᠰ᠎ᠢ ᠨᠡᠶ᠋ᠢᠲᠡᠯᠡᠪᠡ
2023 ᠣᠨ᠎ᠤ ᠰᠢᠶᠠᠨ᠎ᠤ ᠬᠡᠪᠴᠢᠶᠡᠨ᠎ᠳᠠᠬᠢ ᠤᠰᠤ ᠠᠷᠪᠢᠯᠠᠬᠤ ᠮᠠᠶᠢᠭ᠎ᠤᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠦᠭᠦᠯᠬᠦ ᠪᠥᠲᠥᠭᠡᠨ ᠪᠠᠶ᠋ᠢᠭᠤᠯᠤᠯᠲᠠ ᠵᠢᠨ ᠰᠢᠯᠭ᠋ᠠᠨ ᠠᠪᠤᠭᠰᠠᠨ ᠦᠷ᠎ᠡ ᠳ᠋ᠦᠩ᠎ᠢ ᠢᠯᠡ ᠨᠡᠶ᠋ᠢᠲᠡᠯᠡᠨ᠎ᠡ
 
            