ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ ᠣᠷᠣᠯᠠᠬᠤ ᠪᠠᠢ᠌ᠭᠤᠯᠤᠮᠵᠢ ᠵᠢ ᠳᠠᠭ᠋ᠠᠭ᠋ᠠᠴᠢᠯᠠᠯᠲᠠ ᠵᠠᠷᠯᠠᠬᠤ ᠨᠡᠷ᠎ᠡ ᠮᠡᠳᠡᠭᠦᠯᠬᠦ ᠠᠯᠪᠠᠨ ᠨᠡᠢ᠌ᠲᠡᠯᠡᠯ
ᠨᠡᠶ᠋ᠢᠲᠡᠯᠡᠭᠰᠡᠨ ᠴᠠᠭ᠄ 2023-02-22

   ᠨᠢᠭᠡ᠂ ᠲᠥᠷᠥᠯ ᠵᠦᠢᠯ᠎ᠤᠨ ᠲᠣᠢ᠌ᠮᠣᠴᠢᠯᠠᠯ

  1. ᠲᠥᠷᠥᠯ ᠵᠦᠢᠯ᠎ᠤᠨ ᠨᠡᠷᠡᠢ᠌ᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠨᠳᠦᠰᠦᠨ ᠤᠰᠤᠨ ᠰᠢᠨᠵᠢᠯᠡᠭᠡᠨ᠎ᠤ ᠬᠡᠮᠵᠢᠯᠲᠡ ᠵᠢᠨ ᠥᠷᠲᠡᠭᠡ ᠵᠢᠨ ᠲᠠᠰ ᠳᠡᠪᠰᠢᠭᠦᠯᠬᠦ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ (ᠬᠣᠶᠠᠳᠤᠭ᠋ᠠᠷ ᠬᠤᠭᠤᠴᠠᠭ᠎ᠠ)᠃

  2. ᠪᠦᠲᠦᠭᠡᠨ ᠪᠠᠢ᠌ᠭᠤᠯᠤᠯᠲᠠ ᠵᠢᠨ ᠬᠡᠪᠴᠢᠶ᠎ᠡ᠄ ᠤᠰᠤᠨ ᠰᠢᠨᠵᠢᠯᠡᠭᠡᠨ᠎ᠤ ᠥᠷᠲᠡᠭᠡ 10᠂ ᠤᠰᠤᠨ ᠲᠦᠪᠰᠢᠨ᠎ᠤ ᠥᠷᠲᠡᠭᠡ 2᠂ ᠪᠣᠷᠣᠭ᠋ᠠᠨ᠎ᠤ ᠬᠡᠮᠵᠢᠶ᠎ᠡ ᠵᠢᠨ ᠥᠷᠲᠡᠭᠡ 158 ᠵᠢ ᠲᠠᠰ ᠳᠡᠪᠰᠢᠭᠦᠯᠦᠨ᠎ᠡ᠃

  3. ᠬᠥᠷᠥᠩᠭᠡ ᠣᠷᠣᠭᠤᠯᠤᠯᠲᠠ ᠵᠢᠨ ᠪᠠᠢ᠌ᠳᠠᠯ᠄ ᠶᠡᠷᠦᠩᠬᠡᠢ ᠬᠥᠷᠥᠩᠭᠡ ᠣᠷᠣᠭᠤᠯᠤᠯᠲᠠ2828.31 ᠲᠦᠮᠡᠨ ᠲᠥᠭᠥᠷᠢᠭ᠃

  4. ᠪᠡᠶᠡᠯᠡᠭᠦᠯᠬᠦ ᠴᠠᠭ ᠪᠠ ᠭᠠᠵᠠᠷ᠄ 2023 ᠣᠨ᠂ ᠪᠦᠬᠦ ᠣᠷᠣᠨ᠎ᠤ ᠡᠯ᠎ᠡ ᠠᠢ᠌ᠮᠠᠭ ᠬᠣᠲᠠ᠃

 

   ᠬᠣᠶᠠᠷ᠂ ᠣᠷᠣᠯᠠᠬᠤ ᠪᠠᠢ᠌ᠭᠤᠯᠤᠮᠵᠢ ᠵᠢᠨ ᠬᠢᠷᠢ ᠬᠡᠮ᠎ᠤᠨ ᠱᠠᠭ᠋ᠠᠷᠳᠠᠯᠭ᠎ᠠ

  1. ᠣᠷᠣᠯᠠᠬᠤ ᠪᠠᠢ᠌ᠭᠤᠯᠤᠮᠵᠢ᠎ᠨᠢ ᠡᠷᠬᠡᠪᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ ᠵᠢᠨ ᠣᠷᠣᠯᠠᠬᠤ ᠪᠠᠢ᠌ᠭᠤᠯᠤᠮᠵᠢ ᠵᠢᠨ ᠬᠥᠮᠥᠷᠭᠡ᠎ᠳᠤ ᠪᠦᠷᠢᠳᠬᠡᠭᠦᠯᠦᠨ ᠳᠠᠩᠰᠠᠯᠠᠭᠤᠯᠬᠤ ᠬᠡᠷᠡᠭᠲᠡᠶ᠃

  2. ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠬᠢᠷᠢ ᠬᠡᠮ᠎ᠲᠠᠢ ᠪᠠᠢ᠌ᠭᠤᠯᠤᠮᠵᠢ᠂ ᠡᠷᠬᠡᠪᠰᠢ ᠰᠠᠢ᠌ᠨ ᠰᠠᠢ᠌ᠬᠠᠨ ᠡᠳ᠋᠎ᠤᠨ ᠶᠠᠪᠤᠳᠠᠯ᠎ᠤᠨ ᠪᠠᠢ᠌ᠳᠠᠯ ᠪᠠ ᠬᠤᠳᠠᠯᠳᠤᠭ᠋ᠠᠨ᠎ᠤ ᠢᠲᠡᠭᠡᠯ ᠬᠦᠨᠳᠦ᠎ᠲᠠᠢ᠂ ᠭᠦᠢ᠍ᠴᠡᠳ ᠭᠡᠷ᠎ᠡ ᠵᠢ ᠭᠦᠢ᠍ᠴᠡᠳᠬᠡᠬᠦ ᠡᠳ᠋ ᠬᠥᠷᠥᠩᠭᠡ ᠪᠠ ᠴᠢᠳᠠᠪᠤᠷᠢ᠎ᠲᠠᠢ ᠪᠠᠢ᠌ᠵᠤ ᠬᠡᠷᠡᠭᠲᠡᠶ᠃

   ᠭᠤᠷᠪᠠ᠂ ᠨᠡᠷ᠎ᠡ ᠮᠡᠳᠡᠭᠦᠯᠬᠦ ᠦᠶᠡᠰ ᠬᠠᠩᠭ᠋ᠠᠬᠤ ᠴᠢᠬᠤᠯᠠᠲᠠᠢ ᠮᠠᠲ᠋ᠧᠷᠢᠶᠠᠯ

  1 . ᠨᠡᠷ᠎ᠡ ᠮᠡᠳᠡᠭᠦᠯᠦᠭᠴᠢ ᠪᠡᠶ᠎ᠡ ᠵᠢᠨ ᠦᠨᠡᠮᠯᠡᠯ᠎ᠤᠨ ᠣᠭ ᠡᠬᠡ᠎ᠪᠠᠨ ᠭᠠᠷᠭ᠋ᠠᠨ ᠦᠵᠡᠭᠦᠯᠵᠦ᠂ ᠬᠠᠭᠤᠯᠪᠤᠷᠢ᠂ ᠬᠠᠷᠢᠯᠴᠠᠬᠤ ᠠᠷᠭ᠎ᠠ ᠮᠠᠶᠢᠭ ᠵᠶ᠋ᠠᠨ ᠬᠠᠩᠭ᠋ᠠᠨ᠎ᠠ᠃
2 . ᠨᠡᠷ᠎ᠡ ᠮᠡᠳᠡᠭᠦᠯᠦᠭᠴᠢ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷ᠎ᠤᠨ ᠥᠰᠥᠭ ᠵᠢᠷᠤᠭᠰᠠᠨ᠂ ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠣᠯᠭᠣᠬᠤ ᠨᠠᠢ᠌ᠳᠠᠯᠭ᠎ᠠ ᠵᠢᠨ ᠪᠢᠴᠢᠭ》 ᠭᠠᠷᠭ᠋ᠠᠵᠤ ᠥᠭᠭᠦᠨ᠎ᠡ᠃
3 . ᠤᠯᠤᠰ᠎ᠤᠨ ᠠᠵᠤ ᠦᠢᠯᠡᠳᠪᠦᠷᠢ ᠬᠤᠳᠠᠯᠳᠤᠭ᠋ᠠᠨ᠎ᠤ ᠪᠠᠢ᠌ᠭᠤᠯᠤᠯᠭ᠎ᠠ ᠵᠢᠨ ᠣᠨ᠎ᠤ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠬᠦᠴᠦᠨ᠎ᠲᠠᠢ ᠪᠥᠭᠡᠳ ᠳᠠᠭ᠋ᠠᠭ᠋ᠠᠴᠢᠯᠠᠯᠲᠠ ᠬᠦᠯᠢᠶᠡᠭᠰᠡᠨ ᠠᠵᠤ ᠠᠬᠤᠢ᠌ᠯᠠᠯ᠎ᠤᠨ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠤᠨ ᠬᠠᠭᠤᠯᠪᠤᠷᠢ ᠵᠢ ᠬᠠᠩᠭ᠋ᠠᠨ᠎ᠠ᠃

  4.  ᠣᠢ᠌ᠷ᠎ᠠ ᠵᠢᠨ ᠬᠠᠭ᠋ᠠᠰ ᠵᠢᠯ᠎ᠳᠤ ᠨᠡᠢ᠌ᠭᠡᠮ᠎ᠤᠨ ᠪᠠᠲᠤᠯᠠᠭ᠎ᠠ ᠵᠢᠨ ᠪᠡᠯᠡ ᠮᠥᠩᠭᠥ ᠵᠢ ᠭᠤᠷᠪᠠᠨ ᠰᠠᠷ᠎ᠠ ᠳᠠᠷᠠᠭ᠋ᠠᠯᠠᠨ ᠲᠤᠰᠢᠶᠠᠭᠰᠠᠨ᠎ᠢ ᠭᠡᠷᠡᠴᠢᠯᠡᠬᠦ ᠮᠠᠲ᠋ᠧᠷᠢᠶᠠᠯ᠂ ᠣᠢ᠌ᠷ᠎ᠠ ᠵᠢᠨ ᠬᠠᠭ᠋ᠠᠰ ᠵᠢᠯ᠎ᠳᠤ ᠭᠤᠷᠪᠠᠨ ᠰᠠᠷ᠎ᠠ ᠳᠠᠷᠠᠭ᠋ᠠᠯᠠᠨ ᠭᠠᠢ᠌ᠯᠢ ᠲᠤᠰᠢᠶᠠᠭᠰᠠᠨ᠎ᠢ ᠭᠡᠷᠡᠴᠢᠯᠡᠬᠦ ᠮᠠᠲ᠋ᠧᠷᠢᠶᠠᠯ ᠬᠠᠩᠭ᠋ᠠᠨ᠎ᠠ᠃

  5. 2022 ᠣᠨ ᠪᠤᠶᠤ 2021 ᠣᠨ᠎ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ᠎ᠠᠴᠠ ᠭᠠᠷᠭ᠋ᠠᠭᠰᠠᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠵᠢᠨ ᠦᠨᠳᠦᠰᠦᠨ ᠲᠠᠩᠰᠠᠨ ᠡᠷᠦᠬᠡ ᠪᠠᠢ᠌ᠭᠤᠯᠤᠭᠰᠠᠨ ᠪᠠᠩᠬᠢ᠎ᠠᠴᠠ ᠭᠠᠷᠭ᠋ᠠᠭᠰᠠᠨ ᠬᠥᠷᠥᠩᠭᠡ ᠢᠲᠡᠭᠡᠮᠵᠢ ᠵᠢᠨ ᠭᠡᠷᠡᠴᠢ ᠵᠢ ᠬᠠᠩᠭ᠋ᠠᠨ᠎ᠠ᠃

  6. 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠣᠷᠣᠯᠠᠬᠤ ᠪᠠᠢ᠌ᠭᠤᠯᠤᠮᠵᠢ᠎ᠳᠤ ᠲᠡᠮᠳᠡᠭᠯᠡᠭᠦᠯᠦᠨ ᠬᠥᠮᠥᠷᠭᠡ᠎ᠳᠤ ᠣᠷᠣᠭᠤᠯᠬᠤ ᠵᠢᠷᠤᠭ᠎ᠤᠨ ᠭᠡᠷᠡᠴᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠃

  7. 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn) ᠵᠢᠨ ᠢᠲᠡᠭᠡᠮᠵᠢ ᠠᠯᠳᠠᠭᠰᠠᠨ ᠭᠦᠢᠴᠡᠳᠬᠡᠭᠳᠡᠭᠴᠢ ᠪᠣᠯᠤᠨ ᠬᠦᠨᠳᠦ ᠶᠡᠬᠡ ᠭᠠᠢ᠌ᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠎ᠤᠨ ᠲᠡᠮᠳᠡᠭᠯᠡᠯ᠎ᠤᠨ ᠵᠢᠷᠤᠭ ᠵᠢᠴᠢ 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 (www.ccgp.gov.cn) ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ᠎ᠠᠴᠠ ᠬᠦᠨᠳᠦ ᠨᠣᠴᠢᠲᠠᠶ ᠵᠥᠷᠢᠴᠡᠭᠰᠡᠨ ᠢᠲᠡᠭᠡᠮᠵᠢ ᠠᠯᠳᠠᠭᠰᠠᠨ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠤᠨ ᠲᠡᠮᠳᠡᠭᠯᠡᠯ᠎ᠤᠨ ᠵᠢᠷᠤᠭ᠎ᠢ ᠬᠠᠩᠭ᠋ᠠᠨ᠎ᠠ᠃

  8. ᠳᠤᠮᠳᠠᠳᠤ ᠤᠯᠤᠰ᠎ᠤᠨ ᠲᠠᠰᠣᠯᠣᠨ ᠲᠣᠭᠲᠠᠭ᠋ᠠᠯᠲᠠ ᠵᠢᠨ ᠪᠢᠴᠢᠭ ᠬᠠᠷ᠎ᠠ ᠵᠢᠨ ᠰᠦᠯᠵᠢᠶ᠎ᠡ ᠵᠢᠨ ᠨᠡᠷ᠎ᠡ ᠮᠡᠳᠡᠭᠦᠯᠦᠭᠰᠡᠨ ᠵᠢᠷᠤᠭ᠎ᠠᠴᠠ ᠦᠵᠡᠪᠡᠯ ᠣᠢ᠌ᠷ᠎ᠠ ᠵᠢᠨ ᠭᠤᠷᠪᠠᠨ ᠵᠢᠯ (2020 ᠣᠨ᠎ᠤ 1 ᠰᠠᠷ᠎ᠠ ᠵᠢᠨ 1᠎ᠤ ᠡᠳᠦᠷ᠎ᠠᠴᠠ ᠣᠲᠣ ᠪᠣᠯᠲᠠᠯ᠎ᠠ)᠎ᠳᠤ ᠬᠡᠭᠡᠯᠢ ᠲᠦᠯᠬᠢᠭᠰᠡᠨ ᠶᠠᠯᠠᠲᠤ ᠠᠵᠢᠯᠯᠠᠭ᠎ᠠ ᠵᠢᠨ ᠲᠡᠮᠳᠡᠭᠯᠡᠯ᠎ᠤᠨ ᠵᠢᠷᠤᠭ ᠪᠠᠢ᠌ᠬᠤ ᠥᠬᠡᠶ᠃

 

   ᠳᠥᠷᠪᠡ᠂ ᠨᠡᠷ᠎ᠡ ᠮᠡᠳᠡᠭᠦᠯᠬᠦ ᠴᠠᠭ ᠪᠠ ᠭᠠᠵᠠᠷ ᠣᠷᠣᠨ

   ᠳᠡᠭᠡᠷ᠎ᠡ ᠳᠤᠷᠠᠳᠤᠭᠰᠠᠨ ᠨᠥᠬᠥᠴᠡᠯ᠎ᠳᠤ ᠨᠡᠢ᠌ᠴᠡᠬᠦ ᠣᠷᠣᠯᠠᠬᠤ ᠪᠠᠢ᠌ᠭᠤᠯᠤᠮᠵᠢ 2023 ᠣᠨ᠎ᠤ 2 ᠳ᠋ᠤᠭ᠋ᠠᠷ ᠰᠠᠷ᠎ᠠ ᠵᠢᠨ 23᠎ᠤ ᠡᠳᠦᠷ᠎ᠠᠴᠠ 2023 ᠣᠨ᠎ᠤ 2 ᠳ᠋ᠤᠭ᠋ᠠᠷ ᠰᠠᠷ᠎ᠠ ᠵᠢᠨ 24᠎ᠤ ᠡᠳᠦᠷ ᠪᠣᠯᠲᠠᠯ᠎ᠠ᠂ ᠦᠳᠡ ᠵᠢᠨ ᠡᠮᠦᠨᠡᠬᠢ 9᠄ 00᠎ᠠᠴᠠ12᠄ 00᠂ ᠦᠳᠡ ᠵᠢᠨ ᠬᠣᠢ᠌ᠨᠠᠬᠢ 14᠄ 30᠎ᠠᠴᠠ17᠄ 30 ᠴᠠᠭ᠎ᠤᠨ ᠬᠣᠭᠣᠷᠣᠨᠳᠤ ᠨᠡᠷ᠎ᠡ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠨ᠎ᠠ᠃

 

   ᠲᠠᠪᠤ᠂ ᠬᠠᠷᠢᠯᠴᠠᠬᠤ ᠠᠷᠭ᠎ᠠ

   ᠬᠠᠷᠢᠯᠴᠠᠬᠤ ᠨᠢᠭᠡᠴᠡ᠄ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ

   ᠬᠠᠶᠢᠭ᠄ ᠥᠪᠥᠷ ᠮᠣᠩᠭᠣᠯ᠎ᠤᠨ ᠬᠥᠬᠡᠬᠣᠲᠠ ᠵᠢᠨ ᠶᠡᠬᠡ ᠰᠤᠷᠭ᠋ᠠᠭᠤᠯᠢ ᠵᠢᠨ ᠵᠡᠭᠦᠨ ᠵᠠᠮ᠎ᠤᠨ120 ᠳ᠋ᠤᠭ᠋ᠠᠷ᠎ᠤᠨ ᠬᠣᠶᠠᠳᠤᠭ᠋ᠠᠷ ᠳᠠᠪᠬᠤᠷᠭ᠎ᠠ ᠵᠢᠨ209 ᠲᠠᠰᠤᠭ᠃

   ᠰᠢᠦᠳᠠᠨ ᠳ᠋ᠤᠭ᠋ᠠᠷ᠄ 010010

   ᠬᠠᠷᠢᠯᠴᠠᠬᠤ ᠬᠥᠮᠦᠨ᠄ ᠵᠧᠦ ᠬᠠᠩ

   ᠬᠠᠷᠢᠯᠴᠠᠬᠤ ᠤᠲᠠᠰᠤ᠄180 4834 0509

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠬᠦᠬᠡᠬᠤᠲᠠ ᠵᠢᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ 2023 ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠢᠯᠡ᠎ᠪᠠᠷ ᠬᠠᠷᠢᠴᠠᠭᠤᠯᠤᠨ ᠰᠣᠩᠭᠤᠬᠤ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠢ᠌ᠭᠤᠯᠤᠮᠵᠢ ᠵᠢᠨ ᠨᠡᠷ᠎ᠡ ᠮᠡᠳᠡᠭᠦᠯᠬᠦ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠢᠯᠡ᠎ᠪᠠᠷ ᠬᠠᠷᠢᠴᠠᠭᠤᠯᠤᠨ ᠰᠣᠩᠭᠤᠬᠤ ᠠᠯᠪᠠᠨ ᠵᠠᠷ
《ᠤᠰᠤᠨ ᠠᠰᠢᠭᠯᠠᠯᠲᠠ ᠵᠢᠨ ᠠᠷᠢᠭᠤᠨ ᠴᠢᠭᠡᠴᠢ ᠰᠤᠷᠲᠠᠯ᠎ᠢ ᠮᠠᠭᠲᠠᠵᠤ᠂ ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠶ᠎ᠠ — ᠰᠠᠶ᠋ᠢᠨ ᠭᠡᠷ ᠪᠦᠯᠢ᠂ ᠰᠠᠶ᠋ᠢᠨ ᠭᠡᠷ᠎ᠤᠨ ᠰᠤᠷᠲᠠᠯ᠂ ᠰᠠᠶ᠋ᠢᠨ ᠭᠡᠷ᠎ᠤᠨ ᠰᠤᠷᠭ᠋ᠠᠯ》 ᠭᠣᠣᠯ ᠰᠡᠳᠦᠪᠲᠦ ᠵᠣᠬᠢᠶᠠᠯ ᠡᠯᠰᠡᠬᠦ ᠬᠥᠳᠡᠯᠭᠡᠭᠡᠨ᠎ᠤ ᠰᠢᠯᠭ᠋ᠠᠷᠠᠭᠤᠯᠤᠯᠲᠠ ᠵᠢᠨ ᠦᠷ᠎ᠡ ᠳ᠋ᠦᠩ᠎ᠤᠨ ᠲᠤᠬᠠᠢ ᠮᠡᠳᠡᠭᠳᠡᠯ
2023 ᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠦᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠶ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠲᠥᠯᠥᠪᠯᠡᠭᠡ ᠵᠢ ᠨᠡᠶ᠋ᠢᠲᠡᠯᠡᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
 
            