ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠬᠦᠬᠡᠬᠤᠲᠠ ᠵᠢᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ 2023 ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠢᠯᠡ᠎ᠪᠠᠷ ᠬᠠᠷᠢᠴᠠᠭᠤᠯᠤᠨ ᠰᠣᠩᠭᠤᠬᠤ ᠠᠯᠪᠠᠨ ᠵᠠᠷ
ᠨᠡᠶ᠋ᠢᠲᠡᠯᠡᠭᠰᠡᠨ ᠴᠠᠭ᠄ 2023-02-22

  《ᠢᠯᠡ᠂ ᠡᠷᠬᠡ ᠲᠡᠭᠰᠢ᠂ ᠲᠥᠪ ᠭᠤᠤᠯᠴᠢ》 ᠪᠠᠶ᠋ᠢᠬᠤ ᠵᠠᠷᠴᠢᠮ ᠶᠣᠰᠣᠭ᠋ᠠᠷ᠂ ᠬᠥᠬᠡᠬᠤᠲᠠ ᠵᠢᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ 2023 ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠢᠯᠡ᠎ᠪᠠᠷ ᠬᠠᠷᠢᠴᠠᠭᠤᠯᠤᠨ ᠰᠣᠩᠭᠤᠵᠤ᠂ ᠨᠥᠬᠦᠴᠡᠯ᠎ᠳᠤ ᠨᠡᠶ᠋ᠢᠴᠡᠬᠦ ᠨᠡᠶ᠋ᠢᠭᠡᠮ᠎ᠤᠨ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠨᠡᠷ᠎ᠡ ᠮᠡᠳᠡᠭᠦᠯᠵᠦ ᠣᠷᠣᠯᠴᠠᠬᠤ ᠵᠢ ᠪᠠᠶᠠᠷᠯᠠᠨ ᠤᠭᠲᠤᠵᠤ ᠪᠠᠶ᠋ᠢᠨ᠎ᠠ᠃

   ᠨᠢᠭᠡ᠂ ᠲᠥᠷᠥᠯ ᠵᠦᠶᠯ᠎ᠤᠨ ᠲᠣᠶ᠋ᠢᠮᠣᠴᠢᠯᠠᠯ

  1. ᠲᠥᠷᠥᠯ ᠵᠦᠶᠯ᠎ᠤᠨ ᠨᠡᠷᠡᠶ᠋ᠢᠳᠦᠯ᠄ ᠬᠦᠬᠡᠬᠤᠲᠠ ᠵᠢᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ 2023 ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠢᠯᠡ᠎ᠪᠠᠷ ᠬᠠᠷᠢᠴᠠᠭᠤᠯᠤᠨ ᠰᠣᠩᠭᠤᠬᠤ

  2. ᠪᠦᠲᠦᠭᠡᠨ ᠪᠠᠶ᠋ᠢᠭᠤᠯᠤᠯᠲᠠ ᠵᠢᠨ ᠬᠡᠪᠴᠢᠶ᠎ᠡ᠄ ᠬᠦᠬᠡᠬᠤᠲᠠ ᠵᠢᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ 2023 ᠣᠨ᠎ᠤ ᠭᠠᠵᠠᠷ ᠳᠣᠣᠷᠠᠬᠢ ᠤᠰᠤᠨ᠎ᠤ ᠠᠵᠢᠯᠯᠠᠭᠤᠯᠵᠤ ᠬᠠᠮᠠᠭ᠋ᠠᠯᠠᠬᠤ᠂ ᠤᠰᠤᠨ ᠰᠢᠨᠵᠢᠯᠡᠭᠡᠨ᠎ᠤ ᠥᠷᠲᠡᠭᠡ ᠵᠢᠨ ᠠᠵᠢᠯᠯᠠᠭᠤᠯᠵᠤ ᠬᠠᠮᠠᠭ᠋ᠠᠯᠠᠬᠤ᠂ ᠤᠰᠤᠨ᠎ᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠵᠡᠷᠭᠡ ᠲᠤᠰᠬᠠᠶ ᠵᠦᠶᠯ᠎ᠤᠨ ᠪᠠᠯᠠ ᠮᠥᠩᠭᠦ ᠵᠢᠨ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠵᠢ ᠣᠷᠣᠯᠠᠨ ᠭᠦᠶᠴᠡᠳᠬᠡᠬᠦ ᠲᠤᠬᠠᠶ᠋ᠢᠯᠠᠭᠰᠠᠨ ᠠᠵᠢᠯ᠎ᠢ ᠬᠠᠷᠢᠭᠤᠴᠠᠵᠤ᠂ ᠬᠡᠷᠪᠡ ᠴᠢᠬᠤᠯᠠ ᠶᠡᠭᠡ ᠬᠤᠪᠢᠷᠠᠯᠲᠠ᠎ᠲᠠᠢ ᠪᠣᠯ᠂ ᠬᠥᠬᠡ ᠲᠠᠯ᠎ᠠ ᠵᠢᠨ ᠬᠤᠳᠠᠯᠳᠤᠨ ᠠᠪᠬᠤ ᠬᠠᠮᠢᠶᠠᠷᠤᠯᠲᠠ ᠵᠢᠨ ᠠᠵᠢᠯ᠎ᠤᠨ ᠱᠠᠭ᠋ᠠᠷᠳᠠᠯᠭ᠎ᠠ ᠵᠢ ᠦᠨᠳᠦᠰᠦᠯᠡᠨ ᠴᠠᠭ ᠲᠤᠬᠠᠶ᠎ᠳᠤᠨᠢ ᠳᠠᠭᠤᠰᠬᠠᠬᠤ ᠬᠡᠷᠡᠭᠲᠡᠶ᠃

  3. ᠪᠡᠶᠡᠯᠡᠭᠦᠯᠬᠦ ᠴᠠᠭ ᠪᠠ ᠭᠠᠵᠠᠷ᠄ 2023 ᠣᠨ᠂ ᠬᠦᠬᠡᠬᠤᠲᠠ᠎ᠳᠤ

   ᠬᠤᠶᠠᠷ᠂ ᠣᠷᠣᠯᠠᠬᠤ ᠪᠠᠶ᠋ᠢᠭᠤᠯᠤᠮᠵᠢ ᠵᠢᠨ ᠬᠢᠷᠢ ᠬᠡᠮ᠎ᠤᠨ ᠱᠠᠭ᠋ᠠᠷᠳᠠᠯᠭ᠎ᠠ

  1. ᠪᠦᠭᠦᠲᠡ ᠨᠠᠶ᠋ᠢᠷᠠᠮᠲᠠᠬᠤ ᠲᠤᠮᠲᠠᠲᠤ ᠠᠷᠠᠳ ᠤᠯᠤᠰ᠎ᠤᠨ ᠬᠡᠪᠴᠢᠶᠠᠨ᠎ᠳᠤ ᠲᠠᠩᠰᠠᠯᠠᠭᠤᠯᠵᠦ᠂ ᠲᠤᠰᠠᠭ᠋ᠠᠷ ᠬᠠᠤᠯᠢ ᠵᠢᠨ ᠡᠷᠭᠡᠲᠡᠨ᠎ᠤ ᠬᠢᠷᠢ ᠬᠡᠮ᠎ᠲᠠᠢ ᠪᠠᠶ᠋ᠢᠬᠤ ᠪᠦᠬᠡᠳ 《ᠪᠦᠭᠦᠲᠡ ᠨᠠᠶ᠋ᠢᠷᠠᠮᠲᠠᠬᠤ ᠲᠤᠮᠲᠠᠲᠤ ᠠᠷᠠᠳ ᠤᠯᠤᠰ᠎ᠤᠨ ᠵᠠᠰᠠᠭ᠎ᠤᠨ ᠤᠷᠲᠤᠨ᠎ᠤ ᠬᠤᠳᠠᠯᠳᠤᠨ ᠠᠪᠬᠤ ᠬᠠᠤᠯᠢ》 ᠵᠢᠨ ᠬᠤᠷᠢᠨ ᠬᠤᠶᠠᠲᠤᠭ᠋ᠠᠷ ᠵᠦᠢ᠍ᠯ᠎ᠤᠨ ᠲᠤᠭᠲᠠᠭ᠋ᠠᠯ᠎ᠳᠤ ᠨᠡᠶ᠋ᠢᠴᠡᠨ᠎ᠡ᠄

  (1) ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠵᠢ ᠪᠡᠶ᠎ᠡ᠎ᠪᠠᠨ ᠳᠠᠭ᠋ᠠᠭ᠋ᠠᠵᠤ ᠡᠭᠦᠷᠭᠡᠯᠡᠬᠦ ᠴᠢᠳᠠᠪᠤᠷᠢ᠎ᠲᠠᠢ

  (2) ᠰᠠᠢ᠍ᠨ ᠰᠠᠢ᠍ᠬᠠᠨ ᠬᠤᠳᠠᠯᠳᠤᠭ᠋ᠠᠨ᠎ᠤ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋᠎ᠤᠨ ᠶᠠᠪᠤᠳᠠᠯ᠎ᠤᠨ ᠨᠢᠭᠲᠠᠯᠠᠨ ᠪᠣᠳᠣᠬᠤ ᠳᠦᠷᠢᠮ᠎ᠲᠠᠢ

  (3) ᠭᠡᠷ᠎ᠡ ᠵᠢ ᠭᠦᠢ᠍ᠴᠡᠳᠭᠡᠬᠦ᠎ᠳᠤ ᠬᠡᠷᠡᠭᠰᠡᠬᠦ ᠲᠥᠬᠥᠭᠡᠷᠦᠮᠵᠢ ᠪᠣᠯᠤᠨ ᠲᠤᠰᠭ᠋ᠠᠢ ᠮᠡᠷᠭᠡᠵᠢᠯ᠎ᠤᠨ ᠴᠢᠳᠠᠪᠤᠷᠢ᠎ᠲᠠᠢ

  (4) ᠭᠠᠶ᠋ᠢᠯᠢ ᠲᠠᠲᠠᠪᠤᠷᠢ ᠪᠠ ᠨᠡᠢ᠍ᠭᠡᠮ᠎ᠤᠨ ᠪᠠᠲᠤᠯᠠᠭ᠎ᠠ ᠵᠢᠨ ᠪᠡᠯᠡ ᠮᠥᠩᠭᠦ ᠵᠢ ᠬᠠᠤᠯᠢ ᠶᠣᠰᠣᠭ᠋ᠠᠷ ᠲᠤᠱ᠌ᠢᠶᠠᠭᠰᠠᠨ ᠰᠠᠢ᠍ᠨ ᠰᠠᠢ᠍ᠬᠠᠨ ᠲᠡᠮᠳᠡᠭᠯᠡᠯ᠎ᠲᠠᠢ

  (5) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨ᠎ᠡ ᠭᠤᠷᠪᠠᠨ ᠵᠢᠯ᠎ᠤᠨ ᠳᠣᠲᠣᠷ᠎ᠠ ᠡᠵᠡᠩᠨᠡᠯᠲᠡ ᠵᠢᠨ ᠠᠵᠢᠯᠯᠠᠭ᠎ᠠ ᠳᠤᠮᠳᠠ ᠬᠠᠤᠯᠢ ᠵᠢ ᠬᠦᠨᠳᠦ ᠶᠡᠭᠡ ᠵᠥᠷᠢᠴᠡᠭᠰᠡᠨ ᠲᠡᠮᠳᠡᠭᠯᠡᠯ ᠪᠠᠶ᠋ᠢᠬᠤ ᠦᠭᠡᠢ

  (6) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠥᠬᠥᠴᠡᠯ᠎ᠳᠤ ᠨᠡᠶ᠋ᠢᠴᠡᠨ᠎ᠡ

  2. 《ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠢᠲᠡᠭᠡᠮᠵᠢ ᠵᠢᠨ ᠲᠡᠮᠳᠡᠭᠯᠡᠯ᠎ᠢ ᠪᠠᠶ᠋ᠢᠴᠠᠭ᠋ᠠᠨ ᠯᠠᠪᠯᠠᠬᠤ ᠵᠢᠴᠢ ᠬᠡᠷᠡᠭᠯᠡᠬᠦ ᠬᠤᠯᠪᠣᠭᠳᠠᠯ ᠪᠦᠬᠦᠢ ᠠᠰᠠᠭᠤᠳᠠᠯ᠎ᠤᠨ ᠲᠤᠬᠠᠶ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ》 (ᠡᠳ᠋᠎ᠤᠨ ᠵᠠᠰᠠᠭ᠎ᠤᠨ ᠲᠣᠪᠴᠢᠶ᠎ᠠ (2016 ᠣᠨ)᠎ᠤᠨ 125 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠲᠣᠭᠲᠠᠭ᠋ᠠᠯ᠎ᠢ ᠦᠨᠳᠦᠰᠦᠯᠡᠨ᠂ ᠬᠤᠳᠠᠯᠳᠤᠭ᠎ᠠ ᠬᠠᠩᠭ᠋ᠠᠭᠴᠢ 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn)᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.gov.cn) ᠵᠡᠷᠭᠡ ᠠᠷᠭ᠎ᠠ ᠵᠠᠮ ᠵᠶ᠋ᠠᠷ ᠢᠲᠡᠭᠡᠯ ᠵᠶ᠋ᠠᠨ ᠠᠯᠳᠠᠭᠰᠠᠨ ᠭᠦᠢ᠍ᠴᠡᠳᠬᠡᠭᠳᠡᠭᠴᠢ᠂ ᠴᠢᠬᠤᠯᠠ ᠶᠡᠬᠡ ᠭᠠᠶ᠋ᠢᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠶ᠋ᠢᠲᠠᠶ ᠬᠥᠮᠦᠨ᠎ᠤ ᠨᠡᠷᠡᠰ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠦᠢ᠍ᠯᠡ ᠠᠵᠢᠯᠯᠠᠭ᠎ᠠ ᠵᠢ ᠲᠡᠮᠳᠡᠭᠯᠡᠬᠦ ᠨᠡᠷᠡᠰ᠎ᠲᠤ ᠵᠢᠭᠰᠠᠭ᠋ᠠᠨ ᠣᠷᠣᠯᠠᠭᠳᠠᠭᠰᠠᠨ᠂ ᠳᠤᠮᠳᠠᠳᠤ ᠤᠯᠤᠰ᠎ᠤᠨ ᠲᠠᠰᠤᠯᠤᠨ ᠲᠣᠭᠲᠠᠭ᠋ᠠᠯᠲᠠ ᠵᠢᠨ ᠪᠢᠴᠢᠭ ᠬᠠᠷ᠎ᠠ ᠵᠢᠨ ᠰᠦᠯᠵᠢᠶᠡᠨ᠎ᠳᠤ ᠣᠢ᠍ᠷ᠎ᠠ ᠵᠢᠨ ᠭᠤᠷᠪᠠᠨ ᠵᠢᠯ᠎ᠳᠤ ᠬᠡᠭᠡᠯᠢ ᠲᠦᠯᠬᠢᠭᠰᠡᠨ ᠶᠠᠯᠠᠲᠤ ᠬᠡᠷᠡᠭ᠎ᠤᠨ ᠲᠡᠮᠳᠡᠭᠯᠡᠯ᠎ᠲᠠᠢ ᠪᠠᠶ᠋ᠢᠪᠠᠯ ᠲᠤᠰ ᠤᠳᠠᠭ᠋ᠠᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠵᠤ ᠪᠣᠯᠬᠤ ᠦᠭᠡᠢ᠃

  3. ᠲᠤᠰ ᠲᠥᠷᠥᠯ ᠵᠦᠢ᠍ᠯ᠎ᠨᠢ ᠬᠣᠯᠪᠣᠭ᠋ᠠᠲᠤ ᠴᠣᠭᠴᠠ ᠵᠢᠨ ᠳᠠᠭ᠋ᠠᠭ᠋ᠠᠴᠢᠯᠠᠯᠲᠠ ᠬᠦᠯᠢᠶᠡᠬᠦ ᠵᠢ ᠬᠦᠯᠢᠶᠡᠬᠦ ᠦᠭᠡᠶ᠃ ᠨᠢᠭᠡᠴᠡ ᠵᠢᠨ ᠬᠠᠷᠢᠭᠤᠴᠠᠯᠭ᠋ᠠᠲᠠᠨ᠎ᠨᠢ ᠠᠳᠠᠯᠢ ᠨᠢᠭᠡᠨ ᠬᠥᠮᠦᠨ ᠪᠤᠶᠤ ᠰᠢᠭᠤᠳ ᠬᠤᠪᠢ ᠡᠵᠡᠮᠳᠡᠵᠦ ᠪᠠᠶ᠋ᠢᠭ᠎ᠠ᠂ ᠬᠠᠮᠢᠶᠠᠷᠤᠯᠲᠠ ᠵᠢᠨ ᠬᠠᠷᠢᠴᠠᠭ᠎ᠠ ᠪᠦᠬᠦᠢ ᠠᠳᠠᠯᠢ ᠪᠤᠰᠤ ᠳᠠᠭ᠋ᠠᠭ᠋ᠠᠴᠢᠯᠠᠯᠲᠠ ᠬᠦᠯᠢᠶᠡᠭᠴᠢ᠂ ᠠᠳᠠᠯᠢ ᠨᠢᠭᠡ ᠳᠠᠭ᠋ᠠᠭ᠋ᠠᠴᠢᠯᠠᠯᠲᠠ᠎ᠳᠤ ᠣᠷᠣᠬᠤ ᠪᠤᠶᠤ ᠬᠤᠪᠢᠶᠠᠷᠢᠯᠠᠨ ᠳᠠᠭ᠋ᠠᠭ᠋ᠠᠴᠢᠯᠠᠭᠤᠯᠤᠭᠰᠠᠨ ᠤᠢ᠍ᠭᠡᠢ ᠠᠳᠠᠯᠢ ᠨᠢᠭᠡ ᠳᠠᠭ᠋ᠠᠭ᠋ᠠᠴᠢᠯᠠᠯᠲᠠ ᠵᠠᠷᠯᠠᠬᠤ ᠵᠦᠢ᠍ᠯᠡᠰ᠎ᠤᠨ ᠳᠠᠭ᠋ᠠᠭ᠋ᠠᠴᠢᠯᠠᠯᠲᠠ᠎ᠳᠤ ᠣᠷᠣᠵᠤ ᠪᠣᠯᠬᠤ ᠤᠢ᠍ᠭᠡᠢ᠃

  4. ᠭᠡᠷ᠎ᠡ ᠭᠦᠶᠴᠡᠳᠬᠡᠬᠦ ᠲᠤᠰᠬᠠᠶ ᠮᠡᠷᠭᠡᠵᠢᠯ᠎ᠤᠨ ᠲᠥᠬᠦᠭᠡᠷᠦᠮᠵᠢ ᠵᠢᠴᠢ ᠲᠠᠯᠠᠪᠤᠷ ᠭᠠᠵᠠᠷ᠎ᠢ ᠭᠡᠷᠡᠴᠢᠯᠡᠬᠦ ᠮᠠᠲ᠋ᠧᠷᠢᠶᠠᠯ ᠪᠠᠶ᠋ᠢᠬᠤ ᠬᠡᠷᠡᠭᠲᠡᠶ᠃

   ᠭᠤᠷᠪᠠ᠂ ᠨᠡᠷ᠎ᠡ ᠮᠡᠳᠡᠭᠦᠯᠬᠦ ᠦᠶᠡᠰ ᠬᠠᠩᠭ᠋ᠠᠬᠤ ᠴᠢᠬᠤᠯᠠᠲᠠᠢ ᠮᠠᠲ᠋ᠧᠷᠢᠶᠠᠯ

  1 . ᠨᠡᠷ᠎ᠡ ᠮᠡᠳᠡᠭᠦᠯᠦᠭᠴᠢ ᠵᠢᠨ ᠪᠡᠶ᠎ᠡ ᠵᠢᠨ ᠦᠨᠡᠮᠯᠡᠯ᠎ᠤᠨ ᠡᠬᠡ᠂ ᠬᠠᠭᠤᠯᠪᠤᠷᠢ ᠮᠠᠲ᠋ᠧᠷᠢᠶᠠᠯ ᠵᠶ᠋ᠠᠨ     ᠬᠠᠩᠭ᠋ᠠᠨ᠎ᠠ᠃

  2 . ᠨᠡᠷ᠎ᠡ ᠮᠡᠳᠡᠭᠦᠯᠦᠭᠴᠢ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷ᠎ᠤᠨ ᠥᠰᠥᠭ      ᠵᠢᠷᠤᠭᠰᠠᠨ᠂ ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠣᠯᠭᠤᠬᠤ ᠨᠠᠶ᠋ᠢᠳᠠᠯᠭ᠎ᠠ ᠵᠢᠨ ᠪᠢᠴᠢᠭ》 ᠭᠠᠷᠭ᠋ᠠᠵᠤ ᠥᠭᠭᠦᠨ᠎ᠡ᠃

  3 . ᠤᠯᠤᠰ᠎ᠤᠨ ᠠᠵᠤ ᠦᠶᠯᠡᠳᠪᠦᠷᠢ ᠬᠤᠳᠠᠯᠳᠤᠭ᠋ᠠᠨ᠎ᠤ ᠪᠠᠶ᠋ᠢᠭᠤᠯᠤᠯᠭ᠎ᠠ ᠵᠢᠨ ᠣᠨ᠎ᠤ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠬᠦᠴᠦᠨ᠎ᠲᠠᠢ ᠪᠥᠭᠡᠳ ᠳᠠᠭ᠋ᠠᠭ᠋ᠠᠴᠢᠯᠠᠯᠲᠠ ᠬᠦᠯᠢᠶᠡᠭᠰᠡᠨ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠤᠨ ᠬᠠᠭᠤᠯᠪᠤᠷᠢ ᠵᠢ ᠬᠠᠩᠭ᠋ᠠᠨ᠎ᠠ᠃

  4. ᠣᠶ᠋ᠢᠷ᠎ᠠ ᠵᠢᠨ ᠬᠠᠭ᠋ᠠᠰ ᠵᠢᠯ᠎ᠳᠤ ᠨᠡᠶ᠋ᠢᠭᠡᠮ᠎ᠤᠨ ᠪᠠᠲᠤᠯᠠᠭ᠎ᠠ ᠵᠢᠨ ᠪᠡᠯᠡ ᠮᠥᠩᠭᠦ ᠵᠢ ᠭᠤᠷᠪᠠᠨ ᠰᠠᠷ᠎ᠠ ᠳᠠᠷᠠᠭ᠋ᠠᠯᠠᠨ ᠲᠤᠰᠢᠶᠠᠭᠰᠠᠨ᠎ᠢ ᠭᠡᠷᠡᠴᠢᠯᠡᠬᠦ ᠮᠠᠲ᠋ᠧᠷᠢᠶᠠᠯ᠂ ᠣᠶ᠋ᠢᠷ᠎ᠠ ᠵᠢᠨ ᠬᠠᠭ᠋ᠠᠰ ᠵᠢᠯ᠎ᠳᠤ ᠭᠤᠷᠪᠠᠨ ᠰᠠᠷ᠎ᠠ ᠳᠠᠷᠠᠭ᠋ᠠᠯᠠᠨ ᠭᠠᠶ᠋ᠢᠯᠢ ᠲᠤᠰᠢᠶᠠᠭᠰᠠᠨ᠎ᠢ ᠭᠡᠷᠡᠴᠢᠯᠡᠬᠦ ᠮᠠᠲ᠋ᠧᠷᠢᠶᠠᠯ ᠬᠠᠩᠭ᠋ᠠᠨ᠎ᠠ᠃

  5. 2022 ᠣᠨ ᠪᠤᠶᠤ 2021 ᠣᠨ᠎ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ᠎ᠠᠴᠠ ᠭᠠᠷᠭ᠋ᠠᠭᠰᠠᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠵᠢᠨ ᠦᠨᠳᠦᠰᠦᠨ ᠲᠠᠩᠰᠠᠨ ᠡᠷᠦᠬᠡ ᠪᠠᠶ᠋ᠢᠭᠤᠯᠤᠭᠰᠠᠨ ᠪᠠᠩᠬᠢ᠎ᠠᠴᠠ ᠭᠠᠷᠭ᠋ᠠᠭᠰᠠᠨ ᠬᠥᠷᠥᠩᠭᠡ ᠢᠲᠡᠭᠡᠮᠵᠢ ᠵᠢᠨ ᠭᠡᠷᠡᠴᠢ ᠵᠢ ᠬᠠᠩᠭ᠋ᠠᠨ᠎ᠠ᠃

  6. 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠣᠷᠣᠯᠠᠬᠤ ᠪᠠᠶ᠋ᠢᠭᠤᠯᠤᠮᠵᠢ᠎ᠳᠤ ᠲᠡᠮᠳᠡᠭᠯᠡᠭᠦᠯᠦᠨ ᠬᠥᠮᠥᠷᠭᠡ᠎ᠳᠤ ᠣᠷᠣᠭᠤᠯᠬᠤ ᠵᠢᠷᠤᠭ᠎ᠤᠨ ᠭᠡᠷᠡᠴᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠃

  7. 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn) ᠵᠢᠨ ᠢᠲᠡᠭᠡᠮᠵᠢ ᠠᠯᠳᠠᠭᠰᠠᠨ ᠭᠦᠶᠴᠡᠳᠬᠡᠭᠳᠡᠭᠴᠢ ᠪᠣᠯᠤᠨ ᠬᠦᠨᠳᠦ ᠶᠡᠭᠡ ᠭᠠᠶ᠋ᠢᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠎ᠤᠨ ᠲᠡᠮᠳᠡᠭᠯᠡᠯ᠎ᠤᠨ ᠵᠢᠷᠤᠭ ᠵᠢᠴᠢ 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 (www.ccgp.gov.cn) ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ᠎ᠠᠴᠠ ᠬᠦᠨᠳᠦ ᠨᠣᠴᠢᠲᠠᠶ ᠵᠥᠷᠢᠴᠡᠭᠰᠡᠨ ᠢᠲᠡᠭᠡᠮᠵᠢ ᠠᠯᠳᠠᠭᠰᠠᠨ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠤᠨ ᠲᠡᠮᠳᠡᠭᠯᠡᠯ᠎ᠤᠨ ᠵᠢᠷᠤᠭ᠎ᠢ ᠬᠠᠩᠭ᠋ᠠᠨ᠎ᠠ᠃

  8. ᠳᠤᠮᠳᠠᠳᠤ ᠤᠯᠤᠰ᠎ᠤᠨ ᠲᠠᠰᠣᠯᠣᠨ ᠲᠣᠭᠲᠠᠭ᠋ᠠᠯᠲᠠ ᠵᠢᠨ ᠪᠢᠴᠢᠭ ᠬᠠᠷ᠎ᠠ ᠵᠢᠨ ᠰᠦᠯᠵᠢᠶ᠎ᠡ ᠵᠢᠨ ᠨᠡᠷ᠎ᠡ ᠮᠡᠳᠡᠭᠦᠯᠦᠭᠰᠡᠨ ᠵᠢᠷᠤᠭ᠎ᠠᠴᠠ ᠦᠵᠡᠪᠡᠯ ᠣᠶ᠋ᠢᠷ᠎ᠠ ᠵᠢᠨ ᠭᠤᠷᠪᠠᠨ ᠵᠢᠯ (2020 ᠣᠨ᠎ᠤ 1 ᠰᠠᠷ᠎ᠠ ᠵᠢᠨ 1᠎ᠤ ᠡᠳᠦᠷ᠎ᠠᠴᠠ ᠣᠲᠣ ᠪᠣᠯᠲᠠᠯ᠎ᠠ)᠎ᠳᠤ ᠬᠡᠭᠡᠯᠢ ᠲᠦᠯᠬᠢᠭᠰᠡᠨ ᠶᠠᠯᠠᠲᠤ ᠠᠵᠢᠯᠯᠠᠭ᠎ᠠ ᠵᠢᠨ ᠲᠡᠮᠳᠡᠭᠯᠡᠯ᠎ᠤᠨ ᠵᠢᠷᠤᠭ ᠪᠠᠶ᠋ᠢᠬᠤ ᠥᠬᠡᠶ᠃

   ᠠᠩᠬᠠᠷ᠄ ᠳᠡᠭᠡᠷᠡᠬᠢ ᠪᠤᠶ ᠪᠦᠬᠦᠢ ᠮᠠᠲ᠋ᠧᠷᠢᠶᠠᠯ᠎ᠢ ᠴᠥᠮ ᠡᠬᠡ ᠮᠠᠲ᠋ᠧᠷᠢᠶᠠᠯ (ᠨᠧᠲ ᠨᠢᠭᠤᠷ᠎ᠤᠨ ᠵᠢᠷᠤᠭ᠎ᠠᠴᠠ ᠪᠤᠰᠤᠳ) ᠵᠢᠴᠢ ᠬᠠᠭᠤᠯᠪᠤᠷᠢ (ᠨᠢᠭᠡ ᠢᠵᠢ) ᠵᠢ ᠬᠠᠩᠭ᠋ᠠᠬᠤ ᠴᠢᠬᠤᠯᠠ᠎ᠲᠠᠢ ᠪᠣᠯ ᠨᠢᠭᠡᠴᠡ ᠵᠢᠨ ᠲᠠᠮᠠᠭ᠎ᠠ ᠵᠢ ᠳᠠᠷᠤᠬᠤ ᠬᠡᠷᠡᠭᠲᠡᠶ᠂ ᠲᠡᠶ᠋ᠢᠮᠦ ᠪᠢᠰᠢ ᠪᠣᠯ ᠬᠦᠴᠦᠨ ᠦᠭᠡᠶ᠃

   ᠳᠥᠷᠪᠡ᠂ ᠨᠡᠷ᠎ᠡ ᠮᠡᠳᠡᠭᠦᠯᠬᠦ ᠴᠠᠭ ᠪᠠ ᠭᠠᠵᠠᠷ ᠣᠷᠣᠨ

   ᠳᠡᠭᠡᠷ᠎ᠡ ᠳᠤᠷᠠᠳᠤᠭᠰᠠᠨ ᠨᠥᠬᠦᠴᠡᠯ᠎ᠳᠤ ᠨᠡᠶ᠋ᠢᠴᠡᠬᠦ ᠣᠷᠣᠯᠠᠬᠤ ᠪᠠᠶ᠋ᠢᠭᠤᠯᠤᠮᠵᠢ 2023 ᠣᠨ᠎ᠤ 2 ᠳ᠋ᠤᠭ᠋ᠠᠷ ᠰᠠᠷ᠎ᠠ ᠵᠢᠨ 22᠎ᠤ ᠡᠳᠦᠷ᠎ᠠᠴᠠ 2023 ᠣᠨ᠎ᠤ 2 ᠳ᠋ᠤᠭ᠋ᠠᠷ ᠰᠠᠷ᠎ᠠ ᠵᠢᠨ 24᠎ᠤ ᠡᠳᠦᠷ ᠪᠣᠯᠲᠠᠯ᠎ᠠ᠂ ᠦᠳᠡ ᠵᠢᠨ ᠡᠮᠦᠨᠡᠬᠢ 9᠄ 00᠎ᠠᠴᠠ 12᠄ 00᠂ ᠦᠳᠡ ᠵᠢᠨ ᠬᠤᠶ᠋ᠢᠨᠠᠬᠢ 14᠄ 30᠎ᠠᠴᠠ 17᠄ 00 ᠴᠠᠭ᠎ᠤᠨ ᠬᠤᠭᠤᠷᠣᠨᠳᠤ ᠨᠡᠷ᠎ᠡ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠨ᠎ᠠ᠃

   ᠨᠡᠷ᠎ᠡ ᠮᠡᠳᠡᠭᠦᠯᠬᠦ ᠬᠠᠶᠢᠭ᠄ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠴᠡᠯᠡᠭᠡᠷ ᠲᠠᠯ᠎ᠠ ᠶᠡᠭᠡ ᠵᠠᠮ᠎ᠤᠨ ᠯᠢᠩ ᠬᠠᠢ ᠶᠡᠭᠡ ᠠᠰᠠᠷ᠎ᠤᠨ ᠲᠠᠪᠤᠳᠤᠭ᠋ᠠᠷ ᠳᠠᠪᠬᠤᠷᠭ᠎ᠠ ᠵᠢᠨ ᠬᠥᠬᠡᠬᠤᠲᠠ ᠵᠢᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ ᠠᠯᠪᠠᠨ ᠭᠡᠷ

   ᠰᠢᠦᠳᠠᠨ ᠳ᠋ᠤᠭ᠋ᠠᠷ᠄ 010010

   ᠬᠠᠷᠢᠯᠴᠠᠬᠤ ᠬᠥᠮᠦᠨ᠄ ᠴᠧᠨ ᠵᠢᠩ

   ᠬᠠᠷᠢᠯᠴᠠᠬᠤ ᠤᠲᠠᠰᠤ᠄ 157 5497 6747

 

ᠢᠷᠡᠯᠲᠡ᠄ ᠬᠦᠬᠡᠬᠤᠲᠠ ᠵᠢᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠢ᠌ᠭᠤᠯᠤᠮᠵᠢ ᠵᠢᠨ ᠨᠡᠷ᠎ᠡ ᠮᠡᠳᠡᠭᠦᠯᠬᠦ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠢᠯᠡ᠎ᠪᠠᠷ ᠬᠠᠷᠢᠴᠠᠭᠤᠯᠤᠨ ᠰᠣᠩᠭᠤᠬᠤ ᠠᠯᠪᠠᠨ ᠵᠠᠷ
《ᠤᠰᠤᠨ ᠠᠰᠢᠭᠯᠠᠯᠲᠠ ᠵᠢᠨ ᠠᠷᠢᠭᠤᠨ ᠴᠢᠭᠡᠴᠢ ᠰᠤᠷᠲᠠᠯ᠎ᠢ ᠮᠠᠭᠲᠠᠵᠤ᠂ ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠶ᠎ᠠ — ᠰᠠᠶ᠋ᠢᠨ ᠭᠡᠷ ᠪᠦᠯᠢ᠂ ᠰᠠᠶ᠋ᠢᠨ ᠭᠡᠷ᠎ᠤᠨ ᠰᠤᠷᠲᠠᠯ᠂ ᠰᠠᠶ᠋ᠢᠨ ᠭᠡᠷ᠎ᠤᠨ ᠰᠤᠷᠭ᠋ᠠᠯ》 ᠭᠣᠣᠯ ᠰᠡᠳᠦᠪᠲᠦ ᠵᠣᠬᠢᠶᠠᠯ ᠡᠯᠰᠡᠬᠦ ᠬᠥᠳᠡᠯᠭᠡᠭᠡᠨ᠎ᠤ ᠰᠢᠯᠭ᠋ᠠᠷᠠᠭᠤᠯᠤᠯᠲᠠ ᠵᠢᠨ ᠦᠷ᠎ᠡ ᠳ᠋ᠦᠩ᠎ᠤᠨ ᠲᠤᠬᠠᠢ ᠮᠡᠳᠡᠭᠳᠡᠯ
2023 ᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠦᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠶ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠲᠥᠯᠥᠪᠯᠡᠭᠡ ᠵᠢ ᠨᠡᠶ᠋ᠢᠲᠡᠯᠡᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠣᠯ ᠬᠠᠷᠢᠭᠤᠴᠠᠯᠭ᠋ᠠᠲᠠᠨ᠂ ᠲᠥᠷᠥᠯ ᠵᠥᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠢ ᠲᠤᠰᠢᠶᠠᠯᠲᠤ ᠠᠶᠦᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠡᠯᠸᠺᠲᠷᠤᠨ ᠦᠨᠡᠮᠯᠡᠯ᠎ᠢ ᠬᠡᠷᠡᠭᠯᠡᠬᠦ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
 
            