ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠣᠯ ᠬᠠᠷᠢᠭᠤᠴᠠᠯᠭ᠋ᠠᠲᠠᠨ᠂ ᠲᠥᠷᠥᠯ ᠵᠥᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠢ ᠲᠤᠰᠢᠶᠠᠯᠲᠤ ᠠᠶᠦᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠡᠯᠸᠺᠲᠷᠤᠨ ᠦᠨᠡᠮᠯᠡᠯ᠎ᠢ ᠬᠡᠷᠡᠭᠯᠡᠬᠦ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2023-04-14

ᠡᠯ᠎ᠡ ᠠᠶ᠋ᠢᠮᠠᠭ ᠬᠤᠲᠠ ᠵᠢᠨ ᠤᠰᠤᠨ ᠠᠰᠢᠭᠯᠠᠯᠲᠠ ᠵᠢᠨ (ᠤᠰᠤᠨ᠎ᠤ ᠶᠠᠪᠤᠳᠠᠯ)᠎ᠤᠨ ᠲᠣᠪᠴᠢᠶ᠎ᠠ᠂ ᠲᠢᠩᠬᠢᠮ᠎ᠤᠨ ᠬᠠᠷᠢᠶ᠎ᠠ ᠡᠯ᠎ᠡ ᠨᠢᠭᠡᠴᠢ᠂ ᠡᠯ᠎ᠡ ᠬᠤᠯᠪᠣᠭᠳᠠᠯ ᠪᠦᠬᠦᠢ ᠠᠵᠤ ᠠᠬᠤᠶ᠋ᠢᠯᠠᠯ᠎ᠳᠤ᠄

   ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠤᠰᠤᠨ ᠠᠰᠢᠭᠯᠠᠯᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮᠴᠢᠯᠡᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢᠨ ᠲᠤᠰᠠᠳᠠ᠂ ᠡᠳᠦᠭᠡ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂  ᠲᠥᠷᠦᠯ ᠵᠦᠢ᠍ᠯ ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ (ᠳᠣᠷᠣᠭᠰᠢ 《ᠠᠶᠦᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ》 ᠭᠡᠵᠦ ᠲᠣᠪᠴᠢᠯᠠᠨ᠎ᠠ)᠎ᠤ ᠠᠶᠦᠯᠭᠦᠢ ᠦᠢ᠍ᠯᠡᠳᠪᠦᠷᠢᠯᠡᠯ᠎ᠤᠨ ᠬᠢᠨᠠᠨ ᠰᠢᠯᠭ᠋ᠠᠯᠲᠠ ᠵᠢᠨ ᠡᠯᠸᠺᠲᠷᠤᠨ ᠬᠢᠷᠢ ᠲᠡᠩᠴᠡᠭᠰᠡᠨ ᠦᠨᠡᠮᠯᠡᠯ᠎ᠢ ᠬᠡᠷᠡᠭᠯᠡᠬᠦ ᠲᠤᠬᠠᠢ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠃

   ᠨᠢᠭᠡ᠂ ᠠᠶᠦᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠦᠯᠭᠦᠢ ᠦᠢ᠍ᠯᠡᠳᠪᠦᠷᠢᠯᠡᠯ᠎ᠤᠨ ᠬᠢᠨᠠᠨ ᠰᠢᠯᠭ᠋ᠠᠯᠲᠠ ᠵᠢᠨ ᠦᠨᠡᠮᠯᠡᠯ᠎ᠢ ᠠᠩᠬ᠎ᠠ ᠤᠳᠠᠭ᠎ᠠ ᠭᠤᠶᠤᠴᠢᠯᠠᠬᠤ  

  2023 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠳᠠᠩᠰᠠᠯᠠᠭᠤᠯᠤᠭᠰᠠᠨ ᠶᠡᠷᠦᠩᠬᠡᠶ ᠳᠠᠭ᠋ᠠᠭ᠋ᠠᠴᠢᠯᠠᠯᠲᠠ ᠵᠢᠴᠢ ᠲᠤᠰᠬᠠᠢ᠌ᠯᠠᠬᠰᠠᠨ ᠠᠵᠢᠯ᠎ᠤᠨ ᠳᠠᠭ᠋ᠠᠭ᠋ᠠᠴᠢᠯᠠᠯᠲᠠ ᠵᠢᠨ ᠬᠤᠶᠠᠳᠤᠭ᠋ᠠᠷ ᠳᠡᠰ (ᠬᠤᠶᠠᠳᠤᠭ᠋ᠠᠷ ᠳᠡᠰ ᠪᠠᠭᠲᠠᠨ᠎ᠠ)᠎ᠠᠴᠠ ᠳᠣᠷᠣᠭᠰᠢᠬᠢ ᠬᠢᠷᠢ ᠬᠡᠮ ᠪᠥᠬᠦᠢ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠡᠩ᠎ᠤᠨ ᠪᠠᠷᠢᠯᠭ᠎ᠠ ᠵᠢᠨ  ᠠᠵᠤ ᠠᠬᠤᠶ᠋ᠢᠯᠠᠯ᠎ᠤᠨ ᠠᠶᠦᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ ᠠᠶᠤᠯᠭᠦᠢ ᠦᠢ᠍ᠯᠡᠳᠪᠦᠷᠢᠯᠡᠯ᠎ᠤᠨ ᠬᠢᠨᠠᠨ ᠰᠢᠯᠭ᠋ᠠᠯᠲᠠ ᠵᠢᠨ ᠬᠢᠷᠢ ᠲᠡᠩᠴᠡᠭᠰᠡᠨ ᠦᠨᠡᠮᠯᠡᠯ᠎ᠢ ᠠᠩᠬ᠎ᠠ ᠤᠳᠠᠭ᠎ᠠ ᠭᠤᠶᠤᠴᠢᠯᠠᠬᠤ᠎ᠳᠤ᠂ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠪᠠᠢ᠌ᠪᠠᠯ ᠴᠥᠮ ᠡᠯᠸᠺᠲᠷᠤᠨ ᠦᠨᠡᠮᠯᠡᠯ ᠣᠯᠭᠤᠵᠤ᠂ ᠴᠠᠭ᠋ᠠᠰᠤᠨ᠎ᠪᠠᠷ᠎ᠤᠨ ᠦᠨᠡᠮᠯᠡᠯ᠎ᠢ ᠳᠠᠭᠢᠵᠤ ᠬᠢᠨᠠᠨ ᠣᠯᠭᠤᠬᠤ ᠥᠬᠡᠶ᠃

   ᠬᠤᠶᠠᠷ᠂ ᠴᠠᠭ᠋ᠠᠰᠤᠨ ᠎ᠪᠠᠷ᠎ᠤᠨ  ᠦᠨᠡᠮᠯᠡᠯ ᠵᠶ᠋ᠠᠨ ᠡᠯᠸᠺᠲᠷᠤᠨ ᠦᠨᠡᠮᠯᠡᠯ ᠵᠶ᠋ᠠᠷ ᠰᠤᠯᠢᠬᠤ ᠎ᠪᠠᠷ ᠭᠤᠶᠤᠴᠢᠯᠠᠬᠤ

   ᠬᠦᠴᠦᠨ᠎ᠲᠠᠢ ᠬᠤᠭᠤᠴᠠᠭ᠋ᠠᠨ᠎ᠳᠠᠬᠢ ᠠᠶᠦᠯᠭᠦᠢ ᠦᠢ᠍ᠯᠡᠳᠪᠦᠷᠢᠯᠡᠯ᠎ᠤᠨ ᠬᠢᠨᠠᠨ ᠰᠢᠯᠭ᠋ᠠᠯᠲᠠ ᠵᠢᠨ ᠴᠠᠭ᠋ᠠᠰᠤᠨ᠎ᠪᠠᠷ᠎ᠤᠨ ᠦᠨᠡᠮᠯᠡᠯ᠎ᠲᠠᠢ ᠠᠶᠦᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ 4 ᠳ᠋ᠦ᠍ᠭᠡᠷ ᠰᠠᠷ᠎ᠠ ᠵᠢᠨ 13᠎ᠤ ᠡᠳᠦᠷ᠎ᠠᠴᠠ ᠡᠬᠢᠯᠡᠨ ᠮᠠᠨ᠎ᠤ ᠲᠢᠩᠬᠢᠮ᠎ᠳᠤ ᠴᠠᠭ᠋ᠠᠰᠤᠨ ᠎ᠪᠠᠷ᠎ᠤᠨ  ᠦᠨᠡᠮᠯᠡᠯ ᠵᠶ᠋ᠡᠨ ᠡᠯᠸᠺᠲᠷᠤᠨ ᠦᠨᠡᠮᠯᠡᠯ ᠵᠶ᠋ᠠᠷ ᠰᠣᠯᠢᠬᠤ ᠲᠤᠬᠠᠶ᠋ᠢᠯᠠᠭᠰᠠᠨ ᠠᠵᠢᠯ᠎ᠢ ᠭᠤᠶᠤᠴᠢᠯᠠᠵᠤ ᠪᠣᠯᠤᠨ᠎ᠠ᠂ ᠭᠤᠶᠤᠴᠢᠯᠠᠬᠤ ᠦᠶ᠎ᠡ᠎ᠳᠡᠭᠡᠨ ᠳᠣᠤᠷᠠᠬᠢ ᠮᠠᠲ᠋ᠧᠷᠢᠶᠠᠯ᠎ᠤᠳ᠎ᠢ ᠲᠤᠰᠢᠶᠠᠬᠤ ᠬᠡᠷᠡᠭᠲᠡᠶ᠄

  1. ᠠᠶᠦᠯᠭᠦᠢ ᠦᠢ᠍ᠯᠡᠳᠪᠦᠷᠢᠯᠡᠯ᠎ᠤᠨ ᠬᠢᠨᠠᠨ ᠰᠢᠯᠭ᠋ᠠᠯᠲᠠ ᠵᠢᠨ ᠬᠢᠷᠢ ᠲᠡᠩᠴᠡᠭᠰᠡᠨ ᠦᠨᠡᠮᠯᠡᠯ᠎ᠤᠨ ᠴᠠᠭ᠋ᠠᠰᠤᠨ ᠎ᠪᠠᠷ᠎ᠤᠨ ᠤᠭ ᠮᠠᠲ᠋ᠧᠷᠢᠶᠠᠯ᠃

  2. 《ᠦᠪᠦᠷ ᠮᠤᠩᠭᠤᠯ᠎ᠤᠨ ᠤᠰᠤᠨ ᠠᠰᠢᠭᠯᠠᠯᠳᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠳᠠᠨ᠂  ᠲᠥᠷᠦᠯ ᠵᠦᠢ᠍ᠯ ᠎ᠤᠨ ᠬᠠᠷᠢᠭᠤᠴᠠᠯᠭ᠋ᠠᠳᠠᠨ ᠪᠠ ᠲᠤᠰᠬᠠᠢ ᠲᠤᠰᠢᠶᠠᠯᠲᠤ ᠠᠶᠦᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠳᠠ ᠵᠢᠨ ᠠᠵᠢᠯᠳᠠᠨ᠎ᠤ ᠠᠶᠦᠯᠭᠦᠢ ᠦᠢ᠍ᠯᠡᠳᠪᠦᠷᠢᠯᠡᠯ᠎ᠤᠨ ᠬᠢᠨᠠᠨ ᠰᠢᠯᠭ᠋ᠠᠯᠳᠠ ᠵᠢᠨ ᠦᠨᠡᠮᠯᠡᠯ ᠰᠤᠯᠢᠬᠤ ᠬᠤᠷᠢᠶᠠᠩᠭᠤᠢ ᠬᠦᠰᠦᠨᠥᠭᠲᠦ》 (ᠳᠠᠭ᠋ᠠᠯᠳᠤᠭᠤᠯᠤᠯ 2)᠂  ᠴᠠᠭ᠋ᠠᠰᠤᠨ᠎ᠪᠠᠷ ᠪᠠ ᠡᠯᠸᠺᠲᠷᠤᠨ ᠎ᠪᠠᠷ᠎ᠤᠨ ᠲᠤᠰ ᠪᠦᠷᠢ 1 ᠬᠤᠪᠢ (ᠴᠠᠭ᠋ᠠᠰᠤᠨ ᠎ᠪᠠᠷ᠎ᠤᠨ  ᠲᠤᠰ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠬᠤ ᠴᠢᠬᠤᠯᠠᠲᠠᠢ; ᠡᠯᠧᠺᠳ᠋ᠷᠤᠨ ᠎ᠪᠠᠷ᠎ᠨᠢ excel ᠬᠡᠯᠪᠡᠷᠢ᠎ᠪᠠᠷ ᠪᠠᠢ᠌ᠬᠤ᠄ ᠠᠵᠤ ᠠᠬᠤᠶ᠋ᠢᠯᠠᠯ᠎ᠤᠨ ᠨᠡᠷᠡᠶ᠋ᠢᠳᠦᠯ + ᠠᠶᠦᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠳᠠᠨ᠎ᠤ ᠦᠨᠡᠮᠯᠡᠯ * * ᠬᠤᠪᠢ ᠭᠡᠵᠦ ᠨᠡᠷᠡᠢ᠌ᠳᠦᠨ᠎ᠡ)᠃

  3. ᠦᠨᠡᠮᠯᠡᠯ ᠪᠥᠬᠦᠢ ᠬᠥᠮᠦᠨ᠎ᠤ ᠡᠯᠧᠺᠲᠷᠣᠨ ᠭᠡᠷᠡᠯ ᠵᠢᠷᠤᠭ᠃ ᠭᠡᠷᠡᠯ ᠵᠢᠷᠤᠭ᠎ᠨᠢ 1 ᠢᠮᠠᠬᠤ ᠵᠢᠨ ᠬᠥᠬᠡ  ᠳᠡᠪᠢᠰᠭᠡᠷ ᠎ᠲᠠᠢ᠂ ᠨᠢᠭᠤᠷ ᠲᠠᠯ᠎ᠠ ᠵᠢᠨ ᠮᠠᠯᠠᠭ᠋ᠠᠢ ᠦᠭᠡᠢ ᠭᠡᠷᠡᠯ ᠵᠢᠷᠤᠭ᠂ jpg ᠬᠡᠯᠪᠡᠷᠢ᠂ ᠶᠡᠬᠡ ᠪᠠᠭ᠎ᠠ᠎ᠨᠢ 20K-100K ᠵᠢᠨ ᠬᠣᠭᠣᠷᠣᠨᠳᠣ ᠪᠠᠢ᠌ᠬᠤ᠂ ᠰᠠᠨᠠᠭᠤᠯᠬᠤ ᠬᠠᠷᠢᠴᠠᠯ᠎ᠨᠢ 5᠄ 7 (ᠭᠡᠷᠡᠯ ᠵᠢᠷᠤᠭ᠎ᠤᠨ ᠡᠯᠸᠺᠲᠷᠤᠨ᠎ᠪᠠᠷ ᠵᠶ᠋ᠠᠨ ᠣᠪᠣᠭ ᠨᠡᠷ᠎ᠡ + ᠪᠡᠶ᠎ᠡ ᠵᠢᠨ ᠦᠨᠡᠮᠯᠡᠯ᠎ᠤᠨ ᠨᠤᠮᠸᠷ ᠭᠡᠵᠦ ᠨᠡᠷᠡᠢ᠌ᠳᠦᠨ᠎ᠡ)᠃

   ᠭᠤᠷᠪᠠ᠂ ᠡᠯᠸᠺᠲᠷᠤᠨ ᠦᠨᠡᠮᠯᠡᠯ᠎ᠤᠨ ᠬᠦᠴᠦᠨ

   ᠡᠯᠸᠺᠲᠷᠤᠨ ᠦᠨᠡᠮᠯᠡᠯ ᠪᠤᠯᠤᠨ ᠴᠠᠭ᠋ᠠᠰᠤᠨ᠎ᠪᠠᠷ᠎ᠤᠨ ᠦᠨᠡᠮᠯᠡᠯ᠎ᠨᠢ ᠠᠳᠠᠯᠢᠬᠠᠨ ᠬᠠᠤᠯᠢ ᠵᠢᠨ ᠬᠦᠴᠦᠨ᠎ᠲᠠᠢ᠃ ᠡᠯ᠎ᠡ ᠭᠠᠵᠠᠷ᠎ᠤᠨ ᠤᠰᠤᠨ ᠠᠰᠢᠭᠯᠠᠯᠲᠠ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶ᠎ᠠ ᠵᠡᠷᠭᠡ ᠭᠣᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠡᠯ᠎ᠡ ᠨᠢᠭᠡᠴᠢ᠎ᠨᠦᠭᠦᠳ ᠪᠠᠷᠢᠯᠭ᠎ᠠ ᠵᠢᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ᠂ ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠵᠢᠨ ᠶᠠᠰᠤ ᠴᠢᠨᠠᠷ᠎ᠤᠨ ᠠᠮᠤᠷ ᠲᠥᠪᠰᠢᠨ᠂ ᠬᠠᠤᠯᠢ ᠬᠡᠷᠡᠭᠵᠢᠭᠦᠯᠦᠯᠲᠡ ᠵᠢᠨ ᠬᠢᠨᠠᠨ ᠪᠠᠢ᠌ᠴᠠᠭ᠋ᠠᠯᠲᠠ᠂ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠬᠤ ᠵᠢᠴᠢ ᠳᠠᠩᠰᠠᠯᠠᠭᠤᠯᠬᠤ ᠵᠡᠷᠭᠡ ᠬᠢᠨᠠᠯᠲᠠ ᠬᠠᠮᠢᠶᠠᠷᠤᠯᠲᠠ ᠵᠢᠨ ᠳᠤᠮᠳᠠ ᠬᠢᠨᠠᠨ ᠣᠯᠭᠣᠭᠰᠠᠨ ᠡᠯᠧᠺᠲᠷᠣᠨ ᠦᠨᠡᠮᠯᠡᠯ᠎ᠢ ᠵᠥᠪᠰᠢᠶᠡᠷᠡᠬᠦ ᠬᠡᠷᠡᠭᠲᠡᠶ᠃ ᠴᠠᠭ᠋ᠠᠰᠤᠨ᠎ᠪᠠᠷ᠎ᠤᠨ ᠦᠨᠡᠮᠯᠡᠯ᠎ᠨᠢ ᠡᠯᠧᠺᠲᠷᠣᠨ ᠦᠨᠡᠮᠯᠡᠯ ᠰᠣᠯᠢᠬᠤ᠎ᠪᠠᠷ ᠭᠤᠶᠤᠴᠢᠯᠠᠵᠤ ᠪᠠᠢ᠌ᠭ᠎ᠠ ᠬᠤᠭᠤᠴᠠᠭ᠋ᠠᠨ᠎ᠳᠤ ᠮᠥᠨ ᠬᠦᠴᠦᠨ᠎ᠲᠠᠢ᠃ ᠴᠠᠭ᠋ᠠᠰᠤᠨ᠎ᠪᠠᠷ᠎ᠤᠨ  ᠦᠨᠡᠮᠯᠡᠯ᠎ᠨᠢ ᠡᠯᠧᠺᠲᠷᠣᠨ ᠦᠨᠡᠮᠯᠡᠯ ᠪᠣᠯᠵᠤ ᠬᠤᠪᠢᠷᠠᠬᠰᠠᠨ᠎ᠤ ᠳᠠᠷᠠᠭ᠎ᠠ ᠴᠠᠭ᠋ᠠᠰᠤᠨ᠎ᠪᠠᠷ᠎ᠤᠨ ᠦᠨᠡᠮᠯᠡᠯ᠎ᠨᠢ ᠠᠶᠠᠨᠳᠠᠭ᠋ᠠᠨ ᠬᠦᠴᠦᠨ ᠦᠭᠡᠢ ᠪᠣᠯᠤᠨ᠎ᠠ᠃ ᠴᠠᠭ᠋ᠠᠰᠤᠨ᠎ᠪᠠᠷ ᠎ᠤᠨ  ᠦᠨᠡᠮᠯᠡᠯ ᠵᠶ᠋ᠠᠨ ᠡᠯᠸᠺᠲᠷᠤᠨ ᠦᠨᠡᠮᠯᠡᠯ ᠵᠶ᠋ᠠᠷ ᠰᠣᠯᠢᠬᠤ᠎ᠪᠠᠷ ᠭᠤᠶᠤᠴᠢᠯᠠᠭᠰᠠᠨ ᠦᠭᠡᠢ ᠪᠠᠶ᠋ᠢᠪᠠᠯ᠂ ᠴᠠᠭ᠋ᠠᠰᠤᠨ᠎ᠪᠠᠷ᠎ᠤᠨ ᠦᠨᠡᠮᠯᠡᠯ᠎ᠨᠢ 2023 ᠣᠨ᠎ᠤ 6 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ ᠡᠬᠢᠯᠡᠵᠦ ᠬᠦᠴᠦᠨ ᠦᠭᠡᠢ ᠪᠣᠯᠤᠨ᠎ᠠ᠃

   ᠳᠥᠷᠪᠡ᠂ ᠪᠤᠰᠤᠳ ᠵᠦᠢ᠍ᠯ

  1. ᠡᠯᠸᠺᠲᠷᠤᠨ ᠦᠨᠡᠮᠯᠡᠯ᠎ᠳᠤ OFD ᠬᠡᠯᠪᠡᠷᠢ ᠵᠢ ᠬᠡᠷᠡᠭᠯᠡᠵᠦ᠂ ᠦᠨᠡᠮᠯᠡᠯ ᠣᠯᠭᠤᠬᠰᠠᠨ ᠰᠠᠯᠠᠭ᠎ᠠ ᠮᠥᠴᠢᠷ᠎ᠤᠨ ᠲᠣᠭ᠋ᠠᠵᠢᠭᠤᠯᠤᠬᠰᠠᠨ ᠦᠨᠡᠮᠯᠡᠯ (CA)᠎ᠪᠠᠷ ᠭᠡᠷᠡᠴᠢᠯᠡᠭᠦᠯᠦᠭᠰᠡᠨ ᠡᠯᠸᠺᠲᠷᠤᠨ᠎ᠤ ᠭᠠᠷ᠎ᠤᠨ ᠥᠰᠥᠭ ᠵᠢᠷᠤᠵᠤ ᠲᠠᠮᠠᠭ᠎ᠠ ᠳᠠᠷᠤᠬᠰᠠᠨ ᠪᠠᠢ᠌ᠬᠤ ᠵᠢᠨ ᠬᠠᠮᠲᠤ ᠦᠨᠡᠮᠯᠡᠯ᠎ᠤᠨ ᠬᠤᠶᠠᠷ ᠬᠡᠮᠵᠢᠯᠳᠦ ᠺᠣᠳ᠋᠎ᠢ ᠢᠵᠢ ᠪᠦᠷᠢᠳᠦᠭᠦᠯᠦᠨ ᠪᠤᠢ ᠪᠤᠯᠭ᠋ᠠᠬᠰᠠᠨ ᠪᠠᠢ᠌ᠬᠤ ᠪᠠ ᠦᠨᠡᠮᠯᠡᠯ᠎ᠤᠨ ᠬᠡᠮ ᠬᠡᠮᠵᠢᠶ᠎ᠡ᠎ᠨᠢ A4 (ᠪᠣᠰᠤᠭ᠎ᠠ ᠬᠡᠪᠯᠡᠯ) ᠪᠤᠯᠤᠨ᠎ᠠ᠃ ᠡᠯᠸᠺᠲᠷᠤᠨ ᠦᠨᠡᠮᠯᠡᠯ᠎ᠳᠤ ᠠᠵᠢᠯᠲᠠᠨ᠎ᠤ ᠦᠨᠳᠦᠰᠦᠨ ᠮᠡᠳᠡᠭᠡ ᠵᠠᠩᠭᠢ᠂ ᠰᠢᠯᠭ᠋ᠠᠨ ᠪᠠᠲᠤᠯᠠᠬᠤ ᠬᠤᠶᠠᠷ ᠬᠡᠮᠵᠢᠯᠳᠦ ᠺᠣᠳ᠋᠂ ᠦᠨᠡᠮᠯᠡᠯ ᠣᠯᠭᠤᠬᠰᠠᠨ ᠪᠠᠶ᠋ᠢᠭᠤᠯᠤᠮᠵᠢ᠂ ᠡᠯᠸᠺᠲᠷᠤᠨ ᠲᠠᠮᠠᠭ᠎ᠠ ᠵᠡᠷᠭᠡ ᠮᠡᠳᠡᠭᠡ ᠵᠠᠩᠭᠢ ᠪᠠᠬᠲᠠᠭ᠋ᠠᠨ᠎ᠠ᠃

  2. ᠡᠯᠸᠺᠲᠷᠤᠨ ᠦᠨᠡᠮᠯᠡᠯ ᠵᠶ᠋ᠠᠷ ᠰᠣᠯᠢᠭᠤᠯᠬᠤ᠎ᠪᠠᠷ ᠭᠤᠶᠤᠴᠢᠯᠠᠭᠰᠠᠨ ᠪᠠᠶ᠋ᠢᠪᠠᠯ᠂ ᠴᠠᠭ᠋ᠠᠰᠤᠨ᠎ᠪᠠᠷ᠎ᠤᠨ ᠦᠨᠡᠮᠯᠡᠯ᠎ᠤᠨ ᠮᠠᠲ᠋ᠧᠷᠢᠶᠠᠯ᠎ᠢ ᠪᠦᠷᠢᠨ ᠲᠤᠰᠢᠶᠠᠭᠰᠠᠨ᠎ᠤ ᠳᠠᠷᠠᠭ᠋ᠠᠬᠢ 10 ᠠᠵᠢᠯᠯᠠᠬᠤ ᠡᠳᠦᠷ᠎ᠤᠨ ᠳᠤᠲᠤᠷ᠎ᠠ ᠡᠯᠸᠺᠲᠷᠤᠨ ᠦᠨᠡᠮᠯᠡᠯ ᠰᠣᠯᠢᠬᠤ ᠠᠵᠢᠯ᠎ᠢ ᠳᠠᠭᠤᠰᠬᠠᠬᠤ ᠵᠢᠨ ᠬᠠᠮᠲᠤ ᠠᠵᠤ ᠠᠬᠤᠶ᠋ᠢᠯᠠᠯ᠎ᠤᠨ ᠤᠷᠢᠳᠴᠢᠯᠠᠨ ᠦᠯᠡᠳᠡᠭᠡᠭᠰᠡᠨ ᠡᠯᠸᠺᠲᠷᠤᠨ ᠵᠠᠬᠢᠳᠠᠯ᠎ᠤᠨ ᠬᠠᠶ᠋ᠢᠷᠴᠠᠭ ᠵᠶ᠋ᠠᠷ ᠳᠠᠮᠵᠢᠭᠤᠯᠤᠨ ᠡᠯᠸᠺᠲᠷᠤᠨ ᠦᠨᠡᠮᠯᠡᠯ᠎ᠢ ᠬᠦᠷᠭᠡᠨ᠎ᠡ᠃

  3. ᠬᠢᠵᠢᠭ᠎ᠤᠨ ᠪᠠᠶ᠋ᠢᠳᠠᠯ᠎ᠤᠨ ᠰᠢᠯᠲᠠᠭ᠋ᠠᠨ᠎ᠠᠴᠠ ᠪᠤᠯᠵᠤ᠂ ᠴᠠᠭ᠋ᠠᠰᠤᠨ᠎ᠪᠠᠷ᠎ᠤᠨ ᠦᠨᠡᠮᠯᠡᠯ᠎ᠤᠨ ᠮᠡᠳᠡᠭᠡ ᠵᠠᠩᠭᠢ᠎ᠪᠠᠨ ᠬᠤᠪᠢᠷᠠᠭᠤᠯᠵᠤ ᠴᠢᠳᠠᠭᠰᠠᠨ ᠦᠭᠡᠢ ᠠᠵᠤ ᠠᠬᠤᠶ᠋ᠢᠯᠠᠯ᠎ᠨᠢ ᠴᠠᠭ᠋ᠠᠰᠤᠨ᠎ᠪᠠᠷ᠎ᠤᠨ ᠦᠨᠡᠮᠯᠡᠯ ᠵᠶ᠋ᠠᠨ ᠡᠯᠧᠺᠲᠷᠣᠨ ᠦᠨᠡᠮᠯᠡᠯ ᠵᠶ᠋ᠠᠷ ᠰᠣᠯᠢᠬᠤ᠎ᠪᠠᠷ ᠭᠤᠶᠤᠴᠢᠯᠠᠬᠤ ᠦᠶ᠎ᠡ᠎ᠳᠡᠭᠡᠨ ᠬᠠᠮᠲᠤ᠎ᠳᠤᠨᠢ ᠭᠤᠶᠤᠴᠢᠯᠠᠯᠲᠠ ᠭᠠᠷᠭ᠋ᠠᠵᠤ ᠬᠤᠪᠢᠷᠠᠭᠤᠯᠵᠤ ᠪᠣᠯᠤᠨ᠎ᠠ᠂ ᠬᠤᠪᠢᠷᠠᠭᠤᠯᠬᠤ ᠨᠥᠬᠥᠴᠡᠯ᠎ᠳᠤ ᠨᠡᠶ᠋ᠢᠴᠡᠭᠰᠡᠨ ᠪᠠᠶ᠋ᠢᠪᠠᠯ᠂ ᠡᠯᠧᠺᠲᠷᠣᠨ ᠦᠨᠡᠮᠯᠡᠯ᠎ᠳᠤ ᠬᠤᠪᠢᠷᠠᠭᠤᠯᠵᠤ ᠥᠭᠬᠦ ᠪᠤᠯᠤᠨ᠎ᠠ᠃  

   ᠬᠠᠷᠢᠯᠴᠠᠬᠤ ᠬᠥᠮᠦᠨ᠄ ᠶᠠᠩ ᠢᠦᠶ ᠬᠤᠸᠠ 0471-5259382 15247469545

   ᠵᠢᠢ ᠬᠤᠢ 0471 – 5259319

   ᠰᠢᠤᠳᠠᠨ᠎ᠤ ᠬᠠᠢ᠌ᠷᠴᠠᠭ᠄ nmgzjz123456@163.com 

   ᠬᠠᠶᠢᠭ᠄ ᠬᠥᠬᠡᠬᠤᠲᠠ ᠵᠢᠨ ᠬᠥᠯᠥᠨ ᠡᠮᠦᠨ᠎ᠡ ᠵᠠᠮ᠎ᠤᠨ 119 ᠳ᠋ᠦ᠍ᠭᠡᠷ  ᠨᠤᠮᠸᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ 2223 ᠳ᠋ᠤᠭ᠋ᠠᠷ ᠠᠯᠪᠠᠨ ᠭᠡᠷ

  

   ᠳᠠᠭ᠋ᠠᠯᠳᠤᠭᠤᠯᠤᠯ᠄ ᠥᠪᠥᠷ ᠮᠣᠩᠭᠣᠯ᠎ᠤᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ 《ᠭᠤᠷᠪᠠᠨ ᠲᠥᠷᠥᠯ᠎ᠤᠨ ᠠᠵᠢᠯᠲᠠᠨ》᠎ᠤ ᠠᠶᠤᠯᠭᠦᠢ ᠦᠶᠯᠡᠳᠪᠦᠷᠢᠯᠡᠯ᠎ᠤᠨ ᠬᠢᠨᠠᠨ ᠰᠢᠯᠭ᠋ᠠᠯᠲᠠ ᠵᠢᠨ ᠦᠨᠡᠮᠯᠡᠯ ᠰᠤᠯᠢᠬᠤ ᠬᠤᠷᠢᠶᠠᠩᠭᠤᠶ ᠬᠦᠰᠦᠨᠦᠭᠲᠦ  

  

                   2023  ᠣᠨ᠎ᠤ 4  ᠳ᠋ᠦ᠍ᠭᠡᠷ ᠰᠠᠷ᠎ᠠ ᠵᠢᠨ 11᠎ᠤ ᠡᠳᠦᠷ


 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠲᠢᠩᠬᠢᠮ᠎ᠤᠨ《ᠬᠣᠶᠠᠷ ᠰᠢᠯᠢᠳᠡᠭ》ᠲᠤᠰᠬᠠᠶ ᠠᠵᠢᠯᠯᠠᠭ᠎ᠠ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠭᠡᠯ ᠤᠯᠪᠠ
2022 ᠣᠨ᠎ᠤ ᠠᠵᠤ ᠠᠬᠤᠶ ᠵᠢᠨ ᠡᠩᠨᠡᠭᠡ ᠵᠢᠨ ᠲᠤᠰᠬᠠᠶ ᠮᠡᠷᠭᠡᠵᠢᠯ᠎ᠤᠨ ᠬᠢᠷᠢ ᠬᠡᠮ ᠮᠡᠳᠡᠭᠦᠯᠬᠦ ᠠᠵᠢᠯᠲᠠᠨ᠎ᠢ ᠵᠠᠷᠯᠠᠨ ᠨᠡᠢ᠌ᠲᠡᠯᠡᠬᠦ ᠲᠤᠬᠠᠶ
2022 ᠣᠨ᠎ᠤ ᠠᠵᠤ ᠠᠬᠤᠶ ᠵᠢᠨ ᠡᠩᠨᠡᠭᠡ ᠵᠢᠨ ᠲᠤᠰᠬᠠᠶ ᠮᠡᠷᠭᠡᠵᠢᠯ᠎ᠤᠨ ᠬᠢᠷᠢ ᠬᠡᠮ ᠮᠡᠳᠡᠭᠦᠯᠬᠦ ᠠᠵᠢᠯᠲᠠᠨ᠎ᠢ ᠵᠠᠷᠯᠠᠨ ᠨᠡᠶ᠋ᠢᠲᠡᠯᠡᠬᠦ ᠲᠤᠬᠠᠶ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠤᠣᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠳᠦᠷᠢᠮ》᠎ᠢ 2023᠎ᠤᠨ᠎ᠤ 1 ᠳ᠋ᠣᠭᠡᠷ ᠰᠠᠷ᠎ᠠ ᠵᠢᠨ 1᠎ᠤ ᠡᠳᠦᠷ᠎ᠠᠴᠠ ᠭᠡᠷᠡᠭᠵᠢᠬᠦᠯᠦᠨ᠎ᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ 《ᠤᠰᠤᠨ᠎ᠤ ᠡᠬᠢ ᠪᠠᠶᠠᠯᠢᠭ᠎ᠤᠨ ᠬᠠᠮᠤᠭ᠎ᠤᠨ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠵᠤ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠵᠢ ᠪᠥᠬᠦ ᠲᠠᠯ᠎ᠠ᠎ᠪᠠᠷ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠪᠠ
 
            