ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠪᠠᠶ᠋ᠢᠷᠢᠯᠠᠭᠤᠯᠤᠯᠲᠠ ᠶᠣᠰᠣᠭ᠋ᠠᠷ᠂ ᠤᠰᠤᠨ ᠠᠰᠢᠭᠯᠠᠯᠲᠠ ᠵᠢᠨ ᠲᠢᠩᠬᠢᠮ 《ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢ ᠰᠢᠯᠢᠳᠡᠭᠵᠢᠭᠦᠯᠬᠦ ᠠᠵᠢᠯ᠎ᠤᠨ ᠴᠤᠪᠤᠷᠠᠯ》᠎ᠤᠨ ᠲᠤᠰᠬᠠᠶ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ 《ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢ ᠰᠢᠯᠢᠳᠡᠭᠵᠢᠭᠦᠯᠬᠦ ᠠᠵᠢᠯ᠎ᠤᠨ ᠴᠤᠪᠤᠷᠠᠯ᠎ᠤᠨ ᠲᠤᠰᠬᠠᠶ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ》᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠮᠠᠨ᠎ᠤ ᠲᠢᠩᠬᠢᠮ᠎ᠤᠨ ᠡᠷᠬᠡ ᠵᠢᠨ ᠲᠤᠬᠠᠢ ᠵᠦᠢ᠍ᠯ᠎ᠢ ᠵᠦᠶᠯ ᠳᠠᠷᠠᠭ᠋ᠠᠯᠠᠨ ᠡᠮᠬᠢᠯᠡᠨ ᠳᠢᠭᠯᠡᠵᠦ᠂ 《ᠡᠷᠬᠡ ᠵᠢ ᠳᠣᠷᠣᠭᠰᠢ ᠪᠠᠭᠤᠯᠭ᠋ᠠᠬᠤ᠂ ᠦᠶᠯᠡᠴᠢᠯᠡᠭᠡ ᠵᠢ ᠰᠢᠯᠢᠳᠡᠭᠵᠢᠭᠦᠯᠬᠦ᠂ ᠲᠠᠰ ᠳᠠᠷᠠᠭ᠋ᠠᠯᠠᠯ᠎ᠢ ᠳᠥᠭᠦᠮᠴᠢᠯᠡᠬᠦ᠂ ᠴᠠᠭ᠎ᠤᠨ ᠬᠢᠵᠠᠭ᠋ᠠᠷ᠎ᠢ ᠪᠣᠭᠤᠨᠢᠰᠬᠠᠬᠤ》 ᠵᠡᠷᠭᠡ 4 ᠲᠠᠯ᠎ᠠ ᠵᠢᠨ ᠲᠣᠭᠤᠷᠢᠨ᠎ᠳᠤ ᠡᠮᠬᠢ ᠵᠢᠷᠤᠮ᠎ᠲᠠᠢ ᠥᠷᠨᠢᠭᠦᠯᠵᠦ᠂ ᠡᠯ᠎ᠡ ᠵᠦᠶᠯ᠎ᠤᠨ ᠠᠵᠢᠯ᠎ᠢ ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠵᠢ ᠲᠦᠷᠭᠡᠳᠬᠡᠬᠦ ᠵᠡᠷᠭᠡ᠎ᠪᠠᠷ ᠳᠠᠮᠵᠢᠨ ᠤᠰᠤᠨ ᠠᠰᠢᠭᠯᠠᠯᠲᠠ ᠵᠢᠨ ᠵᠠᠰᠠᠭ᠎ᠤᠨ ᠶᠠᠪᠤᠳᠠᠯ᠎ᠤᠨ ᠦᠶᠯᠡᠴᠢᠯᠡᠭᠡ ᠵᠢ ᠰᠢᠯᠢᠳᠡᠭᠵᠢᠭᠦᠯᠬᠦ ᠵᠢ ᠠᠬᠢᠭᠤᠯᠤᠨ᠎ᠠ᠃
ᠡᠭᠦᠷᠭᠡ ᠴᠢᠳᠠᠪᠤᠷᠢ ᠵᠢ ᠰᠢᠯᠢᠳᠡᠭᠵᠢᠭᠦᠯᠬᠦ ᠲᠠᠯ᠎ᠠ᠎ᠪᠠᠷ᠂ 《ᠴᠢᠯᠥᠭᠡᠲᠡᠶ ᠲᠠᠯᠪᠢᠵᠤ ᠪᠣᠯᠬᠤ ᠵᠢ᠎ᠨᠢ ᠴᠢᠯᠥᠭᠡᠲᠡᠶ ᠲᠠᠯᠪᠢᠬᠤ》 ᠵᠠᠷᠴᠢᠮ᠎ᠢ ᠪᠠᠷᠢᠮᠲᠠᠯᠠᠨ᠂ ᠰᠢᠭᠤᠳ ᠳᠣᠷᠣᠭᠰᠢ ᠪᠠᠭᠤᠯᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠭᠠᠳᠠᠨᠠᠬᠢ ᠵᠦᠢ᠍ᠯᠡᠰ᠎ᠢ ᠦᠷᠭᠦᠯᠵᠢᠯᠡᠨ ᠳᠣᠷᠣᠭᠰᠢ ᠲᠤᠭᠤᠰᠢᠯᠠᠭᠤᠯᠬᠤ ᠵᠢ ᠠᠬᠢᠭᠤᠯᠵᠤ᠂ 《ᠦᠶᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠶᠯ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠢ ᠬᠢᠨᠠᠨ ᠵᠥᠪᠰᠢᠶᠡᠷᠡᠬᠦ》 ᠵᠡᠷᠭᠡ 17 ᠵᠦᠶᠯᠡᠰ᠎ᠢ ᠰᠢᠯᠢᠳᠡᠭᠵᠢᠭᠦᠯᠦᠨ᠂ ᠡᠭᠦᠨ᠎ᠳᠤ 7 ᠵᠦᠶᠯ᠎ᠢ ᠰᠢᠭᠤᠳ ᠳᠣᠷᠣᠭᠰᠢ ᠪᠠᠭᠤᠯᠭ᠋ᠠᠬᠤ᠎ᠪᠠᠷ ᠲᠥᠯᠥᠪᠯᠡᠵᠦ᠂ ᠬᠠᠤᠯᠢ ᠬᠡᠷᠡᠭᠵᠢᠭᠦᠯᠬᠦ ᠭᠤᠤᠯᠳᠠᠯᠭ᠎ᠠ ᠵᠢ ᠠᠶ᠋ᠢᠮᠠᠭ ᠬᠤᠲᠠ᠂ ᠬᠤᠰᠢᠭᠤ ᠰᠢᠶᠠᠨ᠎ᠤ 10 ᠵᠦᠶᠯ᠎ᠳᠤ ᠰᠢᠯᠵᠢᠭᠦᠯᠦᠨ᠎ᠡ᠃ (ᠰᠢᠭᠤᠳ ᠳᠣᠷᠣᠭᠰᠢ ᠪᠠᠭᠤᠯᠭ᠋ᠠᠬᠤ ᠵᠦᠶᠯᠡᠰ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠬᠢᠨᠠᠨ ᠲᠣᠭᠲᠠᠭ᠋ᠠᠯᠭ᠋ᠠᠵᠤ ᠵᠥᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠭᠦᠯᠬᠦ ᠬᠡᠷᠡᠭᠲᠡᠶ᠃ ᠳᠣᠲᠣᠭ᠋ᠠᠳᠤ ᠵᠢᠨ ᠬᠡᠷᠡᠭ ᠤᠴᠢᠷ᠎ᠤᠨ ᠲᠠᠯ᠎ᠠ᠎ᠪᠠᠷ᠂ ᠤᠰᠤᠨ ᠠᠰᠢᠭᠯᠠᠯᠲᠠ ᠵᠢᠨ ᠲᠢᠩᠬᠢᠮ᠎ᠤᠨ ᠭᠤᠷᠪᠠ ᠵᠢ ᠲᠣᠭᠲᠠᠭ᠋ᠠᠬᠤ》 ᠵᠢ ᠬᠡᠷᠡᠭᠵᠢᠭᠦᠯᠦᠭᠰᠡᠨ ᠪᠠᠶ᠋ᠢᠳᠠᠯ᠎ᠤᠨ ᠲᠤᠬᠠᠶ ᠡᠭᠦᠷᠭᠡ ᠴᠢᠳᠠᠪᠤᠷᠢ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ 《ᠲᠥᠪ᠎ᠤᠨ ᠪᠠᠯᠠ ᠮᠥᠩᠭᠦ᠎ᠠᠴᠠ ᠳᠣᠷᠣᠭᠰᠢ ᠰᠢᠯᠵᠢᠭᠦᠯᠦᠨ ᠥᠭᠬᠦ ᠪᠠᠯᠠ ᠮᠥᠩᠭᠦ ᠵᠢ ᠪᠠᠭᠤᠯᠭ᠋ᠠᠬᠤ》 ᠵᠡᠷᠭᠡ 2 ᠵᠦᠶᠯ᠎ᠤᠨ ᠳᠣᠲᠣᠭ᠋ᠠᠳᠤ ᠵᠢᠨ ᠬᠡᠷᠡᠭ ᠶᠠᠪᠤᠳᠠᠯ᠎ᠢ ᠡᠮᠬᠢᠯᠡᠨ ᠭᠠᠷᠭ᠋ᠠᠵᠤ᠂ ᠲᠡᠷᠢᠭᠦᠨ᠎ᠤ ᠮᠤᠵᠢ ᠬᠤᠲᠠ ᠵᠢᠨ ᠠᠷᠭ᠎ᠠ ᠬᠢᠳᠡᠯ᠎ᠲᠠᠢ ᠬᠠᠷᠢᠴᠠᠭᠤᠯᠬᠤ᠎ᠪᠠᠷ ᠳᠠᠮᠵᠢᠨ᠂ ᠡᠳ᠋᠎ᠤᠨ ᠵᠠᠰᠠᠭ᠎ᠤᠨ ᠲᠢᠩᠬᠢᠮ᠂ ᠠᠶ᠋ᠢᠮᠠᠭ ᠬᠤᠲᠠ᠎ᠲᠠᠢ ᠢᠳᠡᠪᠬᠢᠲᠡᠶ ᠨᠡᠪᠲᠡᠷᠡᠯᠴᠡᠵᠦ᠂ ᠳᠣᠷᠣᠭᠰᠢ ᠪᠠᠭᠤᠯᠭ᠋ᠠᠬᠤ ᠴᠠᠭ᠎ᠤᠨ ᠬᠢᠵᠠᠭ᠋ᠠᠷ᠎ᠢ 1030 ᠠᠵᠢᠯᠯᠠᠬᠤ ᠡᠳᠦᠷ᠎ᠠᠴᠠ 5 - 20 ᠠᠵᠢᠯᠯᠠᠬᠤ ᠡᠳᠦᠷ ᠪᠣᠯᠲᠠᠯ᠎ᠠ ᠪᠠᠭ᠋ᠠᠰᠬᠠᠵᠤ᠂ ᠬᠠᠮᠤᠭ᠎ᠤᠨ ᠥᠨᠳᠥᠷ ᠬᠠᠰᠤᠬᠤ ᠬᠠᠷᠢᠴᠠᠯ᠎ᠢ 50 %᠎ᠳᠤ ᠬᠦᠷᠭᠡᠪᠡ᠃
ᠦᠶᠯᠡᠴᠢᠯᠡᠭᠡ ᠵᠢ ᠰᠢᠯᠢᠳᠡᠭᠵᠢᠭᠦᠯᠬᠦ ᠲᠠᠯ᠎ᠠ᠎ᠪᠠᠷ᠂ 《ᠬᠠᠰᠤᠵᠤ ᠳᠡᠶ᠋ᠢᠯᠬᠦ ᠵᠢ᠎ᠨᠢ ᠪᠦᠬᠦᠨ᠎ᠢ ᠬᠠᠰᠤᠬᠤ》 ᠵᠠᠷᠴᠢᠮ᠎ᠢ ᠪᠠᠷᠢᠮᠲᠠᠯᠠᠵᠤ᠂ 《ᠤᠯᠤᠰ᠎ᠤᠨ ᠦᠨᠳᠦᠰᠦᠨ ᠤᠰᠤᠨ ᠰᠢᠨᠵᠢᠯᠡᠭᠡᠨ᠎ᠤ ᠥᠷᠲᠡᠭᠡ ᠵᠢ ᠪᠠᠶ᠋ᠢᠭᠤᠯᠬᠤ ᠪᠠ ᠲᠣᠬᠢᠷᠠᠭᠤᠯᠤᠯᠲᠠ ᠬᠢᠵᠦ ᠬᠢᠨᠠᠨ ᠵᠥᠪᠰᠢᠶᠡᠷᠡᠬᠦ》 ᠵᠡᠷᠭᠡ 27 ᠵᠦᠶᠯᠡᠰ᠎ᠢ ᠳᠠᠬᠢᠨ ᠴᠣᠮᠬᠠᠳᠬᠠᠪᠠ᠃ ᠮᠠᠲ᠋ᠧᠷᠢᠶᠠᠯ᠎ᠢ ᠬᠠᠰᠤᠬᠤ ᠲᠠᠯ᠎ᠠ᠎ᠪᠠᠷ᠂ ᠮᠡᠳᠡᠭᠳᠡᠬᠦ ᠠᠮᠠᠯᠠᠯᠲᠠ ᠵᠢᠨ ᠲᠦᠷᠢᠮ᠂ ᠳᠤᠲᠠᠭᠳᠠᠯ᠎ᠢ ᠠᠭᠤᠴᠢᠯᠠᠨ ᠭᠥᠯᠢᠶᠡᠨ ᠠᠪᠴᠤ ᠰᠢᠶᠳᠪᠦᠷᠢᠯᠡᠬᠦ᠂ ᠦᠨᠡᠮᠯᠡᠯ ᠪᠠ ᠭᠡᠷᠡᠴᠢ ᠵᠢ ᠬᠤᠯᠪᠣᠭᠳᠠᠭᠤᠯᠬᠤ᠂ ᠦᠨᠡᠮᠯᠡᠯ᠎ᠢ ᠬᠠᠰᠤᠵᠤ ᠠᠷᠠᠳ᠎ᠲᠤ ᠲᠥᠬᠦᠮ ᠦᠵᠡᠭᠦᠯᠬᠦ ᠵᠡᠷᠭᠡ ᠠᠷᠭ᠎ᠠ ᠮᠠᠶᠢᠭ᠎ᠢ ᠨᠠᠶ᠋ᠢᠳᠠᠪᠤᠷᠢᠵᠢᠭᠤᠯᠬᠤ᠎ᠪᠠᠷ ᠳᠠᠮᠵᠢᠭᠤᠯᠤᠨ᠂ 13 ᠬᠤᠪᠢ ᠭᠤᠶᠤᠴᠢᠯᠠᠯ᠎ᠤᠨ ᠮᠠᠲ᠋ᠧᠷᠢᠶᠠᠯ᠎ᠢ ᠴᠣᠮᠬᠠᠳᠬᠠᠪᠠ᠃ ᠭᠤᠭᠴᠤᠭ᠎ᠠ ᠵᠢ ᠪᠠᠭ᠋ᠠᠰᠬᠠᠬᠤ ᠲᠠᠯ᠎ᠠ᠎ᠪᠠᠷ᠂ ᠮᠡᠳᠡᠭᠳᠡᠬᠦ ᠠᠮᠠᠯᠠᠯᠲᠠ ᠵᠢᠨ ᠲᠦᠷᠢᠮ᠎ᠢ ᠬᠡᠷᠡᠭᠵᠢᠭᠦᠯᠵᠦ᠂ ᠮᠡᠷᠭᠡᠵᠢᠯ᠎ᠤᠨ ᠬᠢᠨᠠᠨ ᠪᠠᠶ᠋ᠢᠴᠠᠭ᠋ᠠᠯᠲᠠ ᠵᠢᠨ ᠭᠤᠭᠴᠤᠭ᠎ᠠ ᠵᠢ ᠪᠠᠭ᠋ᠠᠰᠬᠠᠵᠤ᠂ ᠬᠢᠨᠠᠨ ᠵᠥᠪᠰᠢᠶᠡᠷᠡᠬᠦ ᠭᠤᠭᠴᠤᠭ᠎ᠠ ᠵᠢ 3 ᠴᠣᠮᠬᠠᠳᠬᠠᠪᠠ᠃ ᠴᠠᠭ᠎ᠤᠨ ᠬᠢᠵᠠᠭ᠋ᠠᠷ᠎ᠢ ᠬᠠᠰᠤᠬᠤ ᠲᠠᠯ᠎ᠠ᠎ᠪᠠᠷ᠂ ᠬᠢᠨᠠᠨ ᠵᠥᠪᠰᠢᠶᠡᠷᠡᠬᠦ ᠴᠠᠭ᠎ᠤᠨ ᠬᠢᠵᠠᠭ᠋ᠠᠷ᠎ᠢ 5 - 45 ᠠᠵᠢᠯᠯᠠᠬᠤ ᠡᠳᠦᠷ ᠪᠠᠶ᠋ᠢᠭᠰᠠᠨ᠎ᠠᠴᠠ 1 - 15 ᠠᠵᠢᠯᠯᠠᠬᠤ ᠡᠳᠦᠷ ᠪᠣᠯᠲᠠᠯ᠎ᠠ ᠪᠣᠭᠤᠨᠢᠰᠬᠠᠵᠤ᠂ ᠨᠡᠶ᠋ᠢᠲᠡ 90 ᠠᠵᠢᠯᠯᠠᠬᠤ ᠡᠳᠦᠷ᠂ 160 ᠡᠳᠦᠷ ᠪᠣᠭᠤᠨᠢᠰᠬᠠᠬᠤ ᠵᠢᠨ ᠬᠠᠮᠲᠤ 6 ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠶᠯᠡᠰ᠎ᠤᠨ ᠮᠡᠷᠭᠡᠵᠢᠯ᠎ᠤᠨ ᠬᠢᠨᠠᠨ ᠪᠠᠶ᠋ᠢᠴᠠᠭ᠋ᠠᠯᠲᠠ ᠵᠢᠴᠢ ᠮᠡᠳᠡᠭᠦᠯᠦᠯᠲᠡ᠎ᠳᠤ ᠵᠠᠰᠠᠪᠤᠷᠢ ᠣᠷᠣᠭᠤᠯᠬᠤ ᠴᠠᠭ᠎ᠤᠨ ᠬᠢᠵᠠᠭ᠋ᠠᠷ᠎ᠢ 30 ᠠᠵᠢᠯᠯᠠᠬᠤ ᠡᠳᠦᠷ ᠪᠣᠯᠭ᠋ᠠᠨ ᠲᠣᠳᠣᠷᠬᠠᠶ᠋ᠢᠯᠠᠪᠠ᠃