ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ 《ᠤᠰᠤᠨ᠎ᠤ ᠡᠬᠢ ᠪᠠᠶᠠᠯᠢᠭ᠎ᠤᠨ ᠬᠠᠮᠤᠭ᠎ᠤᠨ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠵᠤ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠵᠢ ᠪᠥᠬᠦ ᠲᠠᠯ᠎ᠠ᠎ᠪᠠᠷ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2022-11-22

     ᠶᠡᠷᠦᠩᠬᠡᠶ ᠱᠦᠵᠢ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠥᠬᠦ ᠣᠷᠣᠨ᠎ᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠬᠠᠮᠠᠭ᠋ᠠᠯᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠂ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠵᠢ ᠪᠥᠬᠦ ᠲᠠᠯ᠎ᠠ᠎ᠪᠠᠷ ᠠᠬᠢᠭᠤᠯᠬᠤ ᠵᠢᠨ ᠲᠤᠰᠠᠳᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠦᠪᠰᠢᠶᠡᠷᠡᠯ᠎ᠲᠠᠢ᠎ᠪᠠᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ 《ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠵᠢ ᠪᠥᠬᠦ ᠲᠠᠯ᠎ᠠ᠎ᠪᠠᠷ ᠠᠬᠢᠭᠤᠯᠬᠤ ᠵᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ》 (ᠳᠣᠷᠣᠭᠰᠢ 《ᠬᠡᠷᠡᠭᠵᠢᠭᠦᠯᠬᠦ ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃

    《ᠬᠡᠷᠡᠭᠵᠢᠭᠦᠯᠬᠦ ᠰᠠᠨᠠᠯ》᠎ᠳᠤ᠂ ᠪᠥᠬᠦ ᠨᠡᠶ᠋ᠢᠭᠡᠮ ᠵᠶ᠋ᠠᠷ ᠵᠶ᠋ᠠᠨ 《ᠤᠰᠤᠨ᠎ᠤ ᠬᠡᠮᠵᠢᠶ᠎ᠡ᠎ᠪᠠᠷ ᠬᠡᠷᠡᠭᠯᠡᠬᠦ》 ᠬᠥᠭᠵᠢᠯᠲᠡ ᠵᠢᠨ ᠤᠨᠤᠯ᠎ᠢ ᠪᠠᠲᠤ ᠪᠠᠬᠢ ᠪᠣᠶ ᠪᠣᠯᠭ᠋ᠠᠵᠤ᠂ ᠡᠯ᠎ᠡ ᠠᠶ᠋ᠢᠮᠠᠭ ᠬᠤᠲᠠ ᠵᠢᠨ ᠵᠠᠰᠠᠭ᠎ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠳ 《ᠶᠡᠷᠦᠩᠬᠡᠶ ᠬᠡᠮᠵᠢᠶ᠎ᠡ ᠵᠢ ᠡᠵᠡᠮᠳᠡᠬᠦ᠂ ᠬᠡᠷᠡᠭᠴᠡᠭᠡ ᠵᠢ ᠬᠠᠮᠢᠶᠠᠷᠬᠤ᠂ ᠨᠣᠷᠮ᠎ᠠ ᠲᠣᠭᠲᠠᠭ᠋ᠠᠨ ᠬᠠᠮᠢᠶᠠᠷᠬᠤ᠂ ᠱᠠᠲᠤᠯᠢᠭ᠎ᠪᠠᠷ ᠤᠰᠤᠨ᠎ᠤ ᠦᠨ᠎ᠡ ᠬᠠᠩᠰᠢ (ᠠᠬᠢᠭᠤᠯᠤᠨ ᠪᠤᠳᠤᠬᠤ)᠂ ᠤᠰᠤᠨ᠎ᠤ ᠦᠨ᠎ᠡ ᠬᠠᠩᠰᠢ ᠵᠢ ᠪᠦᠲᠦᠮᠵᠢᠲᠡᠶ ᠬᠡᠮᠵᠢᠬᠦ (ᠬᠢᠨᠠᠨ ᠰᠢᠨᠵᠢᠬᠦ)᠂ ᠡᠮᠬᠢ ᠵᠢᠷᠤᠮ᠎ᠲᠠᠢ ᠵᠠᠰᠠᠬᠤ》 ᠵᠠᠩᠭᠢᠯᠠᠭ᠎ᠠ ᠵᠢᠨ ᠠᠷᠭ᠎ᠠ ᠬᠡᠮᠵᠢᠶ᠎ᠡ ᠵᠢ ᠠᠳᠬᠤᠵᠤ᠂ ᠤᠰᠤᠨ᠎ᠤ ᠡᠬᠢ ᠪᠠᠶᠠᠯᠢᠭ᠎ᠢ ᠴᠢᠩᠭ᠎ᠠ ᠨᠢᠮᠪᠠᠶ ᠰᠠᠶ᠋ᠢᠲᠤᠷ ᠬᠠᠮᠢᠶᠠᠷᠴᠤ᠂ ᠤᠰᠤᠨ᠎ᠤ ᠡᠬᠢ ᠪᠠᠶᠠᠯᠢᠭ᠎ᠢ ᠨᠠᠷᠢᠨ ᠨᠢᠭᠲᠠ ᠪᠤᠳᠤᠵᠤ ᠰᠠᠶ᠋ᠢᠲᠤᠷ ᠬᠡᠷᠡᠭᠯᠡᠨ᠂ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠵᠢᠭᠦᠯᠦᠨ ᠠᠰᠢᠭᠯᠠᠬᠤ ᠠᠵᠤ ᠦᠶᠯᠡᠰ᠎ᠤᠨ ᠪᠦᠲᠦᠴᠡ᠂ ᠦᠶᠯᠡᠳᠪᠦᠷᠢᠯᠡᠯ᠎ᠤᠨ ᠠᠷᠭ᠎ᠠ ᠮᠠᠶᠢᠭ᠂ ᠠᠮᠢᠳᠤᠷᠠᠯ᠎ᠤᠨ ᠠᠷᠭ᠎ᠠ ᠮᠠᠶᠢᠭ᠂ ᠣᠷᠣᠨ ᠵᠠᠶ ᠵᠢᠨ ᠪᠠᠶ᠋ᠢᠷᠢᠰᠢᠯ᠎ᠢ ᠪᠦᠷᠢᠯᠳᠦᠭᠦᠯᠬᠦ ᠵᠢ ᠠᠬᠢᠭᠤᠯᠵᠤ᠂ ᠡᠷᠴᠢᠮᠵᠢᠭᠦᠯᠦᠨ ᠤᠰᠤ ᠬᠡᠷᠡᠭᠯᠡᠬᠦ ᠪᠣᠳᠠᠲᠤ ᠦᠷ᠎ᠡ ᠪᠦᠲᠦᠮᠵᠢ᠎ᠪᠠᠷ ᠴᠢᠨᠠᠷ ᠰᠠᠶ᠋ᠢᠲᠠᠶ ᠬᠥᠭᠵᠢᠯᠲᠡ ᠵᠢᠨ ᠣᠷᠣᠨ ᠵᠠᠶ ᠪᠠ ᠬᠢᠷᠢ ᠲᠦᠪᠰᠢᠨ᠎ᠢ ᠥᠷᠭᠡᠳᠬᠡᠨ ᠳᠡᠭᠡᠭᠰᠢᠯᠡᠭᠦᠯᠦᠨ᠎ᠡ᠃᠃

    《ᠬᠡᠷᠡᠭᠵᠢᠭᠦᠯᠬᠦ ᠰᠠᠨᠠᠯ》᠎ᠳᠤ᠂ 103 ᠬᠤᠰᠢᠭᠤ ᠰᠢᠶᠠᠨ ᠲᠣᠭᠤᠷᠢᠭ ᠵᠶ᠋ᠠᠷ ᠬᠡᠷᠡᠭᠵᠢᠭᠦᠯᠬᠦ ᠨᠢᠭᠡᠴᠢ ᠪᠣᠯᠭ᠋ᠠᠵᠤ᠂ ᠪᠥᠬᠦ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠭᠦᠶᠴᠡᠳᠬᠡᠯ ᠲᠤᠭ᠎ᠠ ᠵᠢ ᠬᠤᠲᠠ ᠪᠠᠯᠭ᠋ᠠᠰᠤᠨ᠎ᠤ ᠤᠰᠤ ᠬᠠᠩᠭ᠋ᠠᠬᠤ᠂ ᠠᠮᠢ ᠠᠬᠤᠶ ᠵᠢᠨ ᠬᠡᠷᠡᠭᠴᠡᠭᠡ ᠱᠠᠭ᠋ᠠᠷᠳᠠᠯᠭ᠎ᠠ᠂ ᠠᠵᠤ ᠦᠶᠯᠡᠳᠪᠦᠷᠢ ᠵᠢᠨ ᠤᠰᠤ ᠬᠡᠷᠡᠭᠯᠡᠬᠦ᠂ ᠲᠠᠷᠢᠶᠠᠯᠠᠩ᠎ᠤᠨ ᠤᠰᠤ ᠬᠡᠷᠡᠭᠯᠡᠬᠦ ᠬᠦᠷᠲᠡᠯ᠎ᠡ ᠵᠦᠶ ᠵᠣᠬᠢᠰᠲᠠᠶ ᠵᠠᠳᠠᠯᠬᠤ ᠵᠢᠨ ᠬᠠᠮᠲᠤ ᠬᠦᠷᠢᠶᠡᠯᠡᠩ ᠲᠣᠭᠤᠷᠢᠭ᠂ ᠭᠠᠴᠠᠭ᠎ᠠ ᠲᠣᠰᠬᠤᠨ ᠪᠤᠶᠤ ᠤᠰᠤ ᠲᠠᠲᠠᠵᠤ ᠬᠡᠷᠡᠭᠯᠡᠬᠦ ᠡᠷᠦᠬᠡ ᠵᠡᠷᠭᠡ ᠵᠢᠨ ᠤᠰᠤ ᠬᠡᠷᠡᠭᠯᠡᠬᠦ ᠦᠨᠳᠦᠰᠦᠨ ᠨᠢᠭᠡᠴᠢ᠎ᠳᠤ ᠬᠦᠷᠲᠡᠯ᠎ᠡ ᠨᠠᠷᠢᠯᠢᠬ᠍ᠵᠢᠭᠤᠯᠤᠨ ᠨᠠᠶ᠋ᠢᠳᠠᠪᠤᠷᠢᠵᠢᠭᠤᠯᠤᠨ᠎ᠠ᠃ ᠭᠠᠵᠠᠷ ᠳᠣᠤᠷᠠᠬᠢ ᠤᠰᠤᠨ᠎ᠤ ᠬᠡᠮᠵᠢᠶ᠎ᠡ ᠵᠢ ᠬᠠᠮᠢᠶᠠᠷᠤᠨ ᠡᠵᠡᠮᠳᠡᠬᠦ ᠭᠦᠶᠴᠡᠳᠬᠡᠯ ᠲᠤᠭ᠎ᠠ ᠵᠢ ᠬᠤᠰᠢᠭᠤ ᠰᠢᠶᠠᠨ (ᠲᠣᠭᠤᠷᠢᠭ)᠎ᠤ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠤᠨ ᠤᠰᠤ ᠭᠠᠵᠠᠷ ᠰᠢᠨᠵᠢᠯᠡᠭᠡᠨ᠎ᠤ ᠨᠢᠭᠡᠴᠡ ᠵᠢᠨ 371 ᠬᠠᠮᠢᠶᠠᠷᠤᠯᠲᠠ ᠵᠢᠨ ᠨᠢᠭᠡᠴᠢ᠎ᠳᠤ ᠨᠠᠷᠢᠯᠢᠭᠵᠢᠭᠤᠯᠤᠨ ᠬᠤᠪᠢᠶᠠᠷᠢᠯᠠᠪᠠ᠃ ᠲᠡᠷᠡᠴᠢᠯᠡᠨ ᠬᠡᠮᠵᠢᠯᠲᠡ᠎ᠪᠠᠷ ᠬᠢᠨᠠᠨ ᠬᠡᠮᠵᠢᠬᠦ ᠵᠢᠨ ᠰᠠᠭᠤᠷᠢ ᠵᠢᠨ ᠴᠢᠨᠠᠷᠲᠠᠶ᠂ ᠲᠤᠯᠭ᠋ᠠᠭᠤᠷᠢᠯᠠᠬᠤ ᠴᠢᠨᠠᠷᠲᠠᠶ ᠦᠶᠯᠡᠳᠦᠯ᠎ᠢ ᠭᠦᠶᠴᠡᠳ ᠪᠠᠳᠠᠷᠠᠭᠤᠯᠵᠤ᠂ ᠡᠯ᠎ᠡ ᠠᠵᠢᠯ ᠲᠥᠷᠥᠯ ᠡᠯ᠎ᠡ ᠭᠤᠭᠴᠤᠭ᠎ᠠ ᠵᠢᠨ ᠤᠰᠤ ᠲᠠᠲᠠᠵᠤ ᠬᠡᠷᠡᠭᠯᠡᠵᠦ ᠪᠠᠶ᠋ᠢᠭ᠎ᠠ ᠪᠠᠶ᠋ᠢᠳᠠᠯ᠎ᠢ ᠪᠥᠬᠦ ᠲᠠᠯ᠎ᠠ᠎ᠪᠠᠷ᠂ ᠣᠨᠣᠪᠴᠢᠲᠠᠶ᠂ ᠴᠠᠭ ᠲᠤᠬᠠᠶ᠎ᠳᠤᠨᠢ ᠡᠵᠡᠮᠰᠢᠵᠦ᠂ ᠬᠡᠪᠰᠢᠭᠰᠡᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠡᠵᠡᠮᠳᠡᠯ᠎ᠢ ᠪᠥᠬᠦ ᠲᠠᠯ᠎ᠠ᠎ᠪᠠᠷ ᠴᠢᠩᠳᠠᠯᠠᠨ᠎ᠠ᠃ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠤᠯᠠᠮ ᠨᠢᠭᠡ ᠠᠯᠬᠤᠮ ᠴᠢᠩᠭ᠋ᠠᠳᠬᠠᠬᠤ᠎ᠪᠠᠷ ᠳᠠᠮᠵᠢᠭᠤᠯᠤᠨ᠂ 2025 ᠣᠨ ᠪᠣᠯᠬᠤ᠎ᠳᠤ᠂ ᠪᠥᠬᠦ ᠣᠷᠣᠨ᠎ᠤ ᠤᠰᠤ ᠲᠠᠲᠠᠬᠤ ᠶᠡᠷᠦᠩᠬᠡᠶ ᠬᠡᠮᠵᠢᠶ᠎ᠡ ᠵᠢ 196 . 3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ᠎ᠤᠨ ᠳᠣᠲᠣᠷ᠎ᠠ ᠬᠢᠵᠠᠭ᠋ᠠᠷᠯᠠᠵᠤ᠂ ᠪᠥᠬᠦ ᠣᠷᠣᠨ᠎ᠤ ᠲᠦᠮᠡᠨ ᠲᠥᠭᠦᠷᠢᠭ᠎ᠤᠨ GDP ᠵᠢᠨ ᠤᠰᠤ ᠬᠡᠷᠡᠭᠯᠡᠬᠦ ᠬᠡᠮᠵᠢᠶ᠎ᠡ ᠵᠢ 2020 ᠣᠨ᠎ᠤ᠎ᠬᠢ᠎ᠠᠴᠠ 12 %᠎ᠠᠴᠠ ᠳᠡᠭᠡᠭᠰᠢ ᠪᠠᠭᠤᠷᠠᠭᠤᠯᠵᠤ᠂ ᠪᠥᠬᠦ ᠣᠷᠣᠨ᠎ᠤ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤᠨ᠎ᠤ ᠠᠰᠢᠭᠯᠠᠯᠲᠠ ᠵᠢᠨ ᠢᠯᠡᠳᠬᠡᠮᠵᠢ ᠵᠢ 0 . 58 ᠪᠣᠯᠲᠠᠯ᠎ᠠ ᠳᠡᠭᠡᠭᠰᠢᠯᠡᠭᠦᠯᠦᠨ᠎ᠡ᠃

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ 2023 ᠣᠨ᠎ᠤ ᠪᠦᠬᠦ ᠣᠷᠣᠨ᠎ᠤ ᠤᠰᠤᠨ ᠴᠥᠭᠥᠷᠥᠮ᠎ᠤᠨ ᠶᠡᠬᠡ ᠬᠠᠰᠢᠯᠭ᠎ᠠ ᠵᠢᠨ ᠠᠮᠤᠷ ᠲᠦᠪᠰᠢᠨ᠎ᠤ ᠬᠠᠷᠢᠭᠤᠴᠠᠯᠭ᠋ᠠᠲᠠᠨ ᠪᠠ ᠦᠶᠡᠷ᠎ᠢ ᠰᠡᠷᠭᠡᠶ᠋ᠢᠯᠡᠬᠦ ᠬᠠᠷᠢᠭᠤᠴᠠᠯᠭ᠋ᠠᠲᠠᠨ᠎ᠤ ᠨᠡᠷᠡᠰ᠎ᠢ ᠨᠡᠶ᠋ᠢᠲᠡᠯᠡᠬᠦ ᠲᠤᠬᠠᠢ ᠮᠡᠳᠡᠭᠳᠡᠯ
ᠲᠥᠪ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠳ᠋ᠤᠭ᠋ᠠᠷ ᠬᠠᠰᠤᠬᠤ ᠲᠤᠬᠠᠶ ᠵᠠᠷᠯᠠᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ 2023 ᠣᠨ᠎ᠤ ᠠᠩᠬᠠᠳᠠᠭᠴᠢ ᠪᠦᠯᠦᠭ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠵᠢᠨ ᠠᠵᠢᠯ᠎ᠤᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠶ ᠦᠢ᠍ᠯᠡᠳᠪᠦᠷᠢᠯᠡᠯ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠬᠦ ᠲᠤᠬᠠᠶ ᠮᠡᠳᠡᠭᠳᠡᠯ
ᠳᠥᠷᠪᠡᠳᠦᠭᠡᠷ ᠬᠤᠭᠤᠴᠠᠭ᠋ᠠᠨ᠎ᠤ 《ᠬᠠᠮᠤᠭ᠎ᠤᠨ ᠭᠣᠶᠣ ᠤᠰᠤᠨ ᠠᠰᠢᠭᠯᠠᠯᠲᠠ ᠵᠢᠨ ᠠᠵᠢᠯᠲᠠᠨ》᠎ᠢ ᠲᠠᠨᠢᠯᠴᠠᠭᠤᠯᠬᠤ ᠲᠤᠬᠠᠢ ᠰᠢᠯᠭ᠋ᠠᠷᠠᠭᠤᠯᠤᠭᠰᠠᠨ ᠦᠷ᠎ᠡ ᠳ᠋ᠦᠩ ᠎ᠤᠨ ᠵᠠᠷᠯᠠᠯ
2023 ᠣᠨ᠎ᠳᠤ ᠠᠯᠪᠠᠲᠠᠨ᠎ᠤ ᠬᠢᠷᠢ ᠬᠡᠮ᠎ᠢ ᠢᠯᠡ᠎ᠪᠠᠷ ᠰᠢᠯᠢᠨ ᠰᠣᠩᠭᠤᠬᠤ ᠳᠠᠬᠢᠨ ᠬᠢᠨᠠᠬᠤ ᠵᠢᠴᠢ ᠨᠢᠭᠤᠷᠳᠠᠯ ᠰᠢᠯᠭ᠋ᠠᠯᠲᠠ ᠵᠢᠨ ᠬᠤᠯᠪᠣᠭᠳᠠᠯ ᠪᠥᠬᠦᠶ ᠵᠦᠢ᠍ᠯᠡᠰ᠎ᠤᠨ ᠲᠤᠬᠠᠶ ᠮᠡᠳᠡᠭᠳᠡᠯ
 
            