ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠤᠣᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠳᠦᠷᠢᠮ》᠎ᠢ 2023᠎ᠤᠨ᠎ᠤ 1 ᠳ᠋ᠣᠭᠡᠷ ᠰᠠᠷ᠎ᠠ ᠵᠢᠨ 1᠎ᠤ ᠡᠳᠦᠷ᠎ᠠᠴᠠ ᠭᠡᠷᠡᠭᠵᠢᠬᠦᠯᠦᠨ᠎ᠡ
ᠨᠡᠶ᠋ᠢᠲᠡᠯᠡᠭᠰᠡᠨ ᠴᠠᠭ᠄ 2022-11-25

     ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠠᠶ᠋ᠢᠩᠭᠤ ᠵᠢᠨ ᠬᠤᠷᠢᠶᠠᠨ᠎ᠤ ᠶᠡᠷᠡ ᠶᠢᠰᠦᠳᠦᠭᠡᠷ ᠳᠣᠭ᠋ᠠᠳᠦ ᠠᠯᠪᠠᠨ ᠵᠠᠷ

    2022᠎ᠤᠨ᠎ᠤ 11 ᠳ᠋ᠣᠭᠡᠷ ᠰᠠᠷ᠎ᠠ ᠵᠢᠨ 23᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠭᠤᠴᠢᠨ ᠨᠠᠢ᠍ᠮᠠᠳᠤᠭ᠋ᠠᠷ ᠬᠤᠷᠠᠯ᠎ᠠᠴᠠ ᠪᠠᠳᠣᠯᠠᠬᠰᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠤᠣᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠳᠦᠷᠢᠮ》᠎ᠢ ᠣᠲᠣ ᠨᠡᠶ᠋ᠢᠳᠡᠯᠡᠶ᠎ᠡ᠃ 2023᠎ᠤᠨ᠎ᠤ 1 ᠳ᠋ᠣᠭᠡᠷ ᠰᠠᠷ᠎ᠠ ᠵᠢᠨ 1᠎ᠤ ᠡᠳᠦᠷ᠎ᠠᠴᠠ ᠭᠡᠷᠡᠭᠵᠢᠬᠦᠯᠦᠨ᠎ᠡ᠃

     ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠤᠣᠯ ᠮᠦᠷᠡᠨ

     ᠨᠠᠭᠤᠷ ᠴᠦᠬᠦᠷᠡᠮ᠎ᠢ ᠬᠠᠮᠠᠭ᠋ᠠᠯᠠᠬᠤ ᠪᠠ ᠬᠠᠮᠢᠶᠠᠷᠬᠤ ᠳᠦᠷᠢᠮ

    (2022᠎ᠤᠨ᠎ᠤ 11 ᠳ᠋ᠣᠭᠡᠷ ᠰᠠᠷ᠎ᠠ ᠵᠢᠨ 23᠎ᠤ ᠡᠳᠦᠷ ᠪᠤᠯᠤᠬᠰᠠᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠭᠤᠴᠢᠨ ᠨᠠᠶ᠋ᠢᠮᠠᠳᠣᠭ᠋ᠠᠷ ᠬᠤᠷᠠᠯ ᠳᠡᠭᠡᠷ᠎ᠡ ᠬᠢᠨᠠᠨ ᠵᠦᠪᠰᠢᠶᠡᠷᠡᠪᠡ)

     ᠨᠢᠭᠡᠳᠦᠭᠡᠷ ᠵᠦᠢ᠍ᠯ᠂ ᠭᠤᠣᠯ ᠮᠦᠷᠡᠨ ᠨᠠᠭᠤᠷ ᠴᠦᠬᠦᠷᠡᠮ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢ ᠴᠢᠩᠭ᠋ᠠᠳᠬᠠᠵᠤ᠂ ᠭᠤᠤᠯ ᠮᠦᠷᠡᠨ ᠨᠠᠭᠤᠷ ᠴᠦᠬᠦᠷᠡᠮ᠎ᠤᠨ ᠠᠮᠢ ᠠᠬᠤᠢ ᠵᠢᠨ ᠣᠷᠴᠢᠨ ᠲᠣᠭᠤᠷᠢᠨ᠎ᠢ ᠰᠠᠶ᠋ᠢᠵᠢᠷᠠᠭᠤᠯᠤᠨ᠂ ᠳᠡᠬᠦᠨ᠎ᠤ ᠶᠡᠷᠦᠩᠬᠡᠶ᠋ᠢᠯᠡᠭᠰᠡᠨ ᠴᠢᠳᠠᠮᠵᠢ ᠵᠢ ᠪᠠᠳᠠᠷᠠᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ ᠵᠢᠨ ᠲᠤᠰᠠᠳᠠ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠶᠠᠪᠤᠳᠠᠯ᠎ᠤᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠤᠣᠯ᠎ᠤᠨ ᠬᠠᠮᠢᠶᠠᠷᠤᠯᠲᠠ ᠵᠢᠨ ᠳᠦᠷᠢᠮ》 ᠵᠡᠷᠭᠡ ᠤᠯᠤᠰ᠎ᠤᠨ ᠬᠠᠮᠢᠶᠠᠳᠠᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠣᠰ ᠳᠦᠷᠢᠮ᠎ᠢ      ᠲᠣᠭᠲᠠᠭ᠋ᠠᠪᠠ᠃

     ᠬᠤᠶᠠᠳᠤᠭ᠋ᠠᠷ ᠵᠦᠢ᠍ᠯ᠂ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠭᠤᠣᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠯᠲᠠ᠂ ᠬᠠᠮᠢᠶᠠᠷᠤᠯᠲᠠ ᠵᠢᠴᠢ ᠬᠠᠮᠢᠶᠠᠳᠠᠢ ᠠᠵᠢᠯᠯᠠᠭ᠎ᠠ᠎ᠳᠤ ᠡᠨᠡ ᠳᠦᠷᠢᠮ᠎ᠢ ᠬᠡᠷᠡᠭᠯᠡᠨ᠎ᠡ᠃ ᠳᠦᠷᠢᠮ᠎ᠳᠤ ᠬᠡᠯᠡᠵᠦ ᠪᠠᠶ᠋ᠢᠭ᠎ᠠ ᠭᠤᠣᠯ ᠮᠥᠷᠡᠨ ᠨᠠᠭᠤᠷ ᠴᠥᠭᠦᠷᠥᠮ᠎ᠳᠤ ᠭᠤᠣᠯ ᠮᠥᠷᠡᠨ᠂ ᠨᠠᠭᠤᠷ ᠪᠦᠷᠢᠳᠦ᠂ ᠤᠰᠤᠨ ᠴᠥᠭᠦᠷᠥᠮ ᠪᠤᠯᠤᠨ ᠭᠤᠤᠯ ᠮᠦᠷᠡᠨ ᠨᠠᠭᠤᠷ ᠴᠦᠬᠦᠷᠡᠮ᠎ᠢ ᠬᠤᠯᠪᠣᠭᠰᠠᠨ ᠳᠠᠳᠠᠮᠠᠯ ᠤᠰᠤᠨ ᠵᠠᠮ᠎ᠤᠨ ᠪᠠᠷᠢᠯᠭ᠎ᠠ ᠪᠤᠶᠤ ᠤᠰᠤᠳᠦ ᠭᠠᠵᠠᠷ ᠪᠠᠭᠲᠠᠨ᠎ᠠ᠃

     ᠭᠤᠷᠪᠠᠳᠤᠭ᠋ᠠᠷ ᠵᠦᠢ᠍ᠯ᠂ ᠭᠤᠣᠯ ᠮᠥᠷᠡᠨ ᠨᠠᠭᠤᠷ ᠲᠣᠭᠤᠷᠢᠮ᠎ᠢ ᠬᠠᠮᠠᠭ᠋ᠠᠯᠠᠬᠤ ᠪᠠ ᠬᠠᠮᠢᠶᠠᠷᠬᠤ᠎ᠳᠤ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠨᠢᠭᠡᠳᠦᠯᠲᠡᠢ ᠲᠥᠯᠥᠪᠵᠢᠭᠦᠯᠬᠦ᠂ ᠰᠢᠰᠲ᠋ᠧᠮ᠎ᠲᠠᠢ ᠵᠠᠰᠠᠬᠤ᠂ ᠵᠣᠬᠢᠰᠲᠠᠢ ᠠᠰᠢᠭᠯᠠᠬᠤ ᠵᠠᠷᠴᠢᠮ᠎ᠢ ᠵᠢᠷᠤᠮᠯᠠᠬᠤ ᠬᠡᠷᠡᠭᠲᠡᠢ᠃

     ᠳᠥᠷᠪᠡᠳᠦᠭᠡᠷ ᠵᠦᠢ᠍ᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠤᠤᠯ ᠮᠦᠷᠡᠨ ᠨᠠᠭᠤᠷ ᠴᠦᠬᠦᠷᠡᠮ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠠᠵᠢᠯ᠎ᠳᠠᠬᠢ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠭᠤᠤᠯ ᠮᠦᠷᠡᠨ ᠨᠠᠭᠤᠷ ᠴᠦᠬᠦᠷᠡᠮ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢ ᠲᠤᠰ ᠱᠠᠲᠤᠨ᠎ᠤ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠦᠪᠵᠢᠭᠦᠯᠭᠡ᠎ᠳᠡᠭᠡᠨ ᠣᠷᠣᠭᠤᠯᠵᠤ᠂ ᠭᠤᠤᠯ ᠮᠦᠷᠡᠨ ᠨᠠᠭᠤᠷ ᠴᠦᠬᠦᠷᠡᠮ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠦᠷᠢᠯᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠭᠤᠤᠯ ᠮᠦᠷᠡᠨ ᠨᠠᠭᠤᠷ ᠴᠦᠬᠦᠷᠡᠮ᠎ᠤᠨ ᠬᠠᠮᠠᠭ᠋ᠠᠯᠠᠯᠲᠠ ᠪᠠ ᠬᠠᠮᠢᠶᠠᠷᠤᠯᠲᠠ᠎ᠳᠤ ᠬᠡᠷᠡᠭᠰᠡᠬᠦ ᠵᠠᠷᠤᠳᠠᠯ᠎ᠢ ᠲᠤᠰ ᠱᠠᠲᠤᠨ᠎ᠤ ᠡᠳ᠋᠎ᠤᠨ ᠵᠠᠰᠠᠭ᠎ᠤᠨ ᠲᠥᠰᠥᠪ᠎ᠲᠡᠭᠡᠨ ᠣᠷᠣᠭᠤᠯᠬᠤ ᠬᠡᠷᠡᠭᠲᠡᠢ᠃

     ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠨᠢ ᠲᠣᠰ ᠬᠠᠷᠢᠶ᠎ᠠ ᠣᠷᠣᠨ᠎ᠤ᠎ᠪᠠᠨ ᠭᠤᠣᠯ ᠮᠥᠷᠡᠨ ᠨᠠᠭᠤᠷ ᠴᠥᠭᠦᠷᠥᠮ᠎ᠢ ᠬᠠᠮᠠᠭ᠋ᠠᠯᠠᠬᠤ ᠪᠠ ᠬᠠᠮᠢᠶᠠᠷᠬᠤ ᠬᠠᠮᠢᠶᠠᠳᠠᠢ ᠠᠵᠢᠯ᠎ᠢ ᠰᠠᠶ᠋ᠢᠲᠤᠷ ᠬᠢᠬᠦ ᠬᠡᠷᠡᠭᠲᠡᠢ᠃

     ᠲᠠᠪᠤᠳᠤᠭ᠋ᠠᠷ ᠵᠦᠢ᠍ᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠢ ᠭᠤᠣᠯᠴᠢᠯᠠᠨ ᠬᠠᠮᠢᠶᠠᠷᠬᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠭᠤᠣᠯ ᠮᠥᠷᠡᠨ ᠨᠠᠭᠤᠷ ᠴᠥᠭᠦᠷᠥᠮ᠎ᠢ ᠨᠢᠭᠡᠳᠦᠯᠲᠡᠢ ᠬᠠᠮᠠᠭ᠋ᠠᠯᠠᠬᠤ ᠪᠠ ᠬᠠᠮᠢᠶᠠᠷᠬᠤ ᠠᠵᠢᠯ᠎ᠢ ᠬᠠᠷᠢᠭᠤᠴᠠᠨ᠎ᠠ᠃ ᠭᠤᠣᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠡᠷᠬᠡ ᠮᠡᠳᠡᠯ᠎ᠤᠨ ᠬᠡᠪᠴᠢᠶᠠᠨ᠎ᠳᠡᠭᠡᠨ ᠭᠤᠣᠯ ᠮᠥᠷᠡᠨ ᠨᠠᠭᠤᠷ ᠴᠥᠭᠦᠷᠥᠮ᠎ᠤᠨ ᠶᠡᠷᠦᠳᠡ ᠵᠢᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃

     ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠯᠲᠡ ᠥᠭᠡᠷᠡᠴᠢᠯᠡᠯᠲᠡ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠂ ᠡᠳ᠋᠎ᠤᠨ ᠵᠠᠰᠠᠭ᠂ ᠪᠠᠶ᠋ᠢᠭ᠋ᠠᠯᠢ ᠵᠢᠨ ᠡᠬᠢ ᠪᠠᠶᠠᠯᠢᠭ᠂ ᠠᠮᠢ ᠠᠬᠤᠢ ᠵᠢᠨ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠠᠴᠢᠶ᠎ᠠ ᠵᠦᠬᠡᠬᠡᠪᠦᠷᠢ᠂ ᠲᠠᠷᠢᠶᠠᠯᠠᠩ ᠮᠠᠯ ᠠᠵᠤ ᠠᠬᠤᠢ᠂ ᠰᠣᠶᠣᠯ ᠵᠢᠭᠤᠯᠴᠢᠯᠠᠯ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠂ ᠣᠶ ᠰᠢᠭᠤᠢ ᠪᠠ ᠨᠤᠲᠤᠭ ᠪᠡᠯᠴᠢᠭᠡᠷ ᠵᠡᠷᠭᠡ ᠬᠠᠮᠢᠶᠠᠳᠠᠢ ᠰᠠᠯᠠᠭ᠎ᠠ ᠮᠥᠴᠢᠷ᠎ᠤᠳ ᠦᠪᠡᠷ ᠦᠪᠡᠷ᠎ᠤᠨ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠶᠣᠰᠣᠭ᠋ᠠᠷ᠂ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠭᠤᠣᠯ ᠮᠥᠷᠡᠨ ᠨᠠᠭᠤᠷ ᠴᠥᠭᠦᠷᠥᠮ᠎ᠢ ᠬᠠᠮᠠᠭ᠋ᠠᠯᠠᠬᠤ ᠪᠠ ᠬᠠᠮᠢᠶᠠᠷᠬᠤ ᠬᠠᠮᠢᠶᠠᠳᠠᠢ ᠠᠵᠢᠯ᠎ᠢ ᠬᠠᠷᠢᠭᠤᠴᠠᠨ᠎ᠠ᠃

     ᠤᠯᠤᠰ᠎ᠤᠨ ᠴᠡᠴᠡᠷᠯᠢᠭ᠂ ᠪᠠᠶ᠋ᠢᠭ᠋ᠠᠯᠢ ᠵᠢᠨ ᠳᠠᠷᠬᠠᠨ ᠴᠠᠭ᠋ᠠᠵᠠᠳᠦ ᠣᠷᠣᠨ᠂ ᠪᠠᠶ᠋ᠢᠭ᠋ᠠᠯᠢᠯᠢᠭ ᠴᠡᠴᠡᠷᠯᠢᠭ ᠵᠡᠷᠭᠡ᠎ᠨᠢ ᠭᠤᠣᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠤᠯᠲᠠ᠎ᠳᠤ ᠬᠤᠯᠪᠣᠭᠳᠠᠭᠰᠠᠨ ᠪᠠᠶ᠋ᠢᠪᠠᠯ᠂ ᠲᠡᠭᠦᠨ᠎ᠤ ᠬᠠᠮᠠᠭ᠋ᠠᠯᠠᠯᠲᠠ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠲᠤᠰ ᠲᠤᠰ᠎ᠤᠨ ᠲᠤᠰᠢᠶᠠᠯ ᠬᠠᠷᠢᠭᠤᠴᠠᠯᠭ᠎ᠠ ᠵᠢᠨ ᠳᠠᠭ᠋ᠠᠤ ᠭᠤᠣᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠬᠠᠮᠢᠶᠠᠳᠠᠢ ᠠᠵᠢᠯ᠎ᠢ ᠰᠠᠶ᠋ᠢᠲᠤᠷ ᠬᠢᠬᠦ ᠬᠡᠷᠡᠭᠲᠡᠢ᠃

     ᠵᠢᠷᠭᠤᠳᠤᠭ᠋ᠠᠷ ᠵᠦᠢ᠍ᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠤᠯᠤᠨ ᠲᠡᠭᠦᠨ᠎ᠤ ᠬᠠᠮᠢᠶᠠᠳᠠᠢ ᠰᠠᠯᠠᠭ᠎ᠠ ᠮᠥᠴᠢᠷ᠎ᠤᠳ ᠭᠤᠣᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠯᠲᠠ ᠵᠢᠨ ᠤᠬᠠᠭᠤᠯᠭ᠎ᠠ ᠬᠥᠮᠦᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠭᠤᠣᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠯᠲᠠ ᠵᠢᠨ ᠪᠥᠬᠦ ᠨᠡᠶ᠋ᠢᠭᠡᠮ᠎ᠤᠨ ᠦᠵᠡᠯ ᠤᠬᠠᠮᠰᠠᠷ᠎ᠢ ᠴᠢᠩᠭ᠋ᠠᠷᠠᠭᠤᠯᠤᠨ᠂ ᠭᠤᠣᠯ ᠮᠥᠷᠡᠨ ᠨᠠᠭᠤᠷ ᠴᠥᠭᠦᠷᠥᠮ᠎ᠢ ᠬᠠᠮᠠᠭ᠋ᠠᠯᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠢ᠃

     ᠷᠠᠳᠢᠣ᠋ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠮᠡᠳᠡᠭᠡ ᠵᠠᠭᠤᠴᠢ᠎ᠨᠤᠭᠤᠳ ᠤᠯᠠᠨ ᠵᠦᠢ᠍ᠯ᠎ᠤᠨ ᠬᠡᠯᠪᠡᠷᠢ᠎ᠪᠠᠷ ᠭᠤᠣᠯ ᠮᠥᠷᠡᠨ ᠨᠠᠭᠤᠷ ᠴᠥᠭᠦᠷᠥᠮ᠎ᠢ ᠬᠠᠮᠠᠭ᠋ᠠᠯᠠᠬᠤ ᠪᠠ ᠵᠠᠰᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠤᠯᠤᠨ ᠬᠠᠮᠢᠶᠠᠳᠠᠢ ᠮᠡᠳᠡᠯᠭᠡ ᠵᠢᠨ ᠤᠬᠠᠭᠤᠯᠭ᠎ᠠ ᠥᠷᠨᠢᠭᠦᠯᠬᠦ ᠵᠢᠨ ᠳᠠᠭ᠋ᠠᠤ ᠬᠡᠮᠳᠦ ᠠᠵᠢᠯᠯᠠᠭ᠎ᠠ᠎ᠳᠤ ᠬᠠᠤᠯᠢ ᠶᠣᠰᠣᠭ᠋ᠠᠷ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠬᠤ ᠬᠡᠷᠡᠭᠲᠡᠢ᠃

     ᠳᠣᠯᠣᠳᠤᠭ᠋ᠠᠷ ᠵᠦᠢ᠍ᠯ᠂ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠥᠨ ᠪᠤᠯᠭ᠋ᠠᠨ ᠪᠦᠷ ᠭᠤᠣᠯ ᠮᠥᠷᠡᠨ ᠨᠠᠭᠤᠷ ᠴᠥᠭᠦᠷᠥᠮ᠎ᠢ ᠬᠠᠮᠠᠭ᠋ᠠᠯᠠᠬᠤ ᠡᠭᠦᠷᠭᠡ᠎ᠲᠠᠢ᠂ ᠭᠤᠣᠯ ᠮᠥᠷᠡᠨ ᠨᠠᠭᠤᠷ ᠴᠥᠭᠦᠷᠥᠮ᠎ᠢ ᠡᠪᠳᠡᠭᠰᠡᠨ ᠬᠡᠮᠳᠦ ᠠᠵᠢᠯᠯᠠᠭ᠎ᠠ ᠵᠢ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠬᠠᠮᠢᠶᠠᠳᠠᠢ ᠰᠠᠯᠠᠭ᠎ᠠ ᠮᠥᠴᠢᠷ᠎ᠲᠤ ᠵᠠᠭ᠋ᠠᠯᠳᠤᠬᠤ᠂ ᠢᠯᠡᠴᠢᠯᠡᠨ ᠮᠡᠳᠡᠭᠦᠯᠬᠦ ᠡᠷᠬᠡ᠎ᠲᠠᠢ᠃ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠬᠠᠮᠢᠶᠠᠳᠠᠢ ᠰᠠᠯᠠᠭ᠎ᠠ ᠮᠥᠴᠢᠷ᠎ᠤᠳ ᠵᠠᠭ᠋ᠠᠯᠳᠤᠬᠤ᠂ ᠢᠯᠡᠴᠢᠯᠡᠨ ᠮᠡᠳᠡᠭᠦᠯᠬᠦ ᠵᠢ ᠭᠥᠯᠢᠶᠡᠨ ᠠᠪᠴᠤ ᠰᠢᠢ᠍ᠳᠪᠦᠷᠢᠯᠡᠬᠦ ᠠᠷᠭ᠎ᠠ ᠵᠠᠮ᠎ᠢ ᠨᠡᠶ᠋ᠢᠭᠡᠮ᠎ᠲᠤ ᠢᠯᠡ ᠪᠠᠶ᠋ᠢᠯᠭ᠋ᠠᠬᠤ ᠵᠢᠨ ᠬᠠᠮᠲᠤ ᠴᠠᠭ ᠲᠤᠬᠠᠢ᠎ᠲᠤᠨᠢ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ᠃

     ᠨᠠᠢ᠍ᠮᠠᠳᠤᠭ᠋ᠠᠷ ᠵᠦᠢ᠍ᠯ᠂ ᠨᠡᠶ᠋ᠢᠭᠡᠮ᠎ᠤᠨ ᠡᠯ᠎ᠡ ᠳᠠᠯ᠎ᠠ ᠵᠢᠨ᠎ᠬᠢᠨ ᠪᠡᠯᠡ ᠮᠥᠩᠭᠦ ᠭᠠᠷᠭ᠋ᠠᠬᠤ᠂ ᠬᠠᠨᠳᠢᠪᠯᠡᠬᠤ᠂ ᠰᠤᠳᠤᠯᠭ᠋ᠠᠨ ᠬᠢᠬᠦ᠂ ᠰᠠᠶ᠋ᠢᠨ ᠳᠤᠷ᠎ᠠ ᠵᠢᠨ ᠦᠢ᠍ᠯᠡᠴᠢᠯᠡᠭᠡ ᠬᠠᠩᠭ᠋ᠠᠬᠤ ᠵᠡᠷᠭᠡ ᠠᠷᠭ᠎ᠠ ᠮᠠᠶᠢᠭ ᠵᠶ᠋ᠠᠷ ᠭᠤᠣᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠯᠲᠠ ᠪᠠ ᠵᠠᠰᠠᠯᠲᠠ᠎ᠳᠤ ᠣᠷᠤᠯᠴᠠᠬᠤ ᠵᠢ ᠵᠣᠷᠢᠭᠵᠢᠭᠤᠯᠤᠨ ᠲᠡᠮᠵᠢᠨ᠎ᠠ᠃

     ᠶᠢᠰᠦᠳᠦᠭᠡᠷ ᠵᠦᠢ᠍ᠯ᠂ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠬᠠᠳᠤᠨ ᠭᠤᠣᠯ᠂ ᠨᠤᠨ ᠮᠥᠷᠡᠨ᠂ ᠪᠠᠷᠠᠭᠤᠨ ᠯᠢᠶᠣᠤᠾᠧ ᠭᠤᠣᠯ ᠵᠡᠷᠭᠡ ᠭᠤᠣᠯ ᠮᠥᠷᠡᠨ ᠨᠠᠭᠤᠷ ᠪᠦᠷᠢᠳᠦ ᠵᠢᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠥᠯᠦᠪᠵᠢᠭᠦᠯᠭᠡ ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠢ ᠭᠤᠣᠯᠴᠢᠯᠠᠨ ᠬᠠᠮᠢᠶᠠᠷᠬᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠤᠯᠤᠰ᠎ᠠᠴᠠ ᠲᠣᠭᠲᠠᠭ᠋ᠠᠭᠰᠠᠨ ᠴᠢᠬᠤᠯᠠ ᠭᠤᠣᠯ ᠮᠥᠷᠡᠨ᠂ ᠨᠠᠭᠤᠷ ᠴᠥᠭᠦᠷᠥᠮ᠎ᠤᠨ ᠰᠠᠪᠠ ᠭᠠᠵᠠᠷ᠎ᠤᠨ ᠶᠡᠷᠦᠩᠬᠡᠶ᠋ᠢᠯᠡᠭᠰᠡᠨ ᠲᠥᠯᠦᠪᠵᠢᠭᠦᠯᠭᠡ ᠵᠢ ᠦᠨᠳᠦᠰᠦᠯᠡᠨ᠂ ᠵᠣᠬᠢᠶᠠᠨ ᠪᠠᠶ᠋ᠢᠭᠤᠯᠤᠨ ᠨᠤᠤᠷᠠᠬᠯᠠᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠲᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠲᠠᠷᠠᠭ᠎ᠠ ᠬᠡᠷᠡᠭᠵᠢᠭᠦᠯᠦᠨ᠎ᠡ᠃

     ᠡᠷᠭᠦᠨ᠎ᠡ ᠭᠤᠣᠯ᠂ ᠬᠠᠷ᠎ᠠ ᠭᠤᠣᠯ᠂ ᠬᠥᠯᠥᠨ ᠨᠠᠭᠤᠷ᠂ ᠤᠯᠠᠭ᠋ᠠᠨᠰᠤᠬᠠᠢ᠂ ᠳᠠᠯᠠᠢ ᠨᠠᠭᠤᠷ᠂ ᠲᠠᠭ᠎ᠠ ᠵᠢᠨ     ᠨᠠᠭᠤᠷ᠂ ᠵᠡᠭᠦᠨ ᠵᠢᠦᠢ ᠶᠠᠨ ᠬᠠᠢ᠂ ᠬᠠᠷ᠎ᠠ ᠨᠠᠭᠤᠷ ᠵᠡᠷᠭᠡ ᠨᠠᠭᠤᠷ ᠪᠦᠷᠢᠳᠦ ᠵᠢᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠥᠯᠦᠪᠵᠢᠭᠦᠯᠭᠡ ᠵᠢ ᠬᠠᠮᠢᠶᠠᠳᠠᠢ ᠠᠶ᠋ᠢᠮᠠᠭ᠎ᠤᠨ ᠵᠠᠬᠢᠷᠭ᠎ᠠ᠂ ᠬᠠᠷᠢᠶ᠎ᠠ ᠳᠣᠭᠤᠷᠢᠭ᠎ᠤᠨ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠵᠣᠬᠢᠶᠠᠨ ᠪᠠᠶ᠋ᠢᠭᠤᠯᠤᠨ ᠨᠤᠤᠷᠠᠬᠯᠠᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠭᠦᠯᠦᠨ᠎ᠡ᠃

     ᠪᠤᠰᠤᠳ ᠭᠤᠣᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠥᠯᠦᠪᠵᠢᠭᠦᠯᠭᠡ ᠵᠢ ᠨᠤᠤᠷᠠᠬᠯᠠᠬᠤ ᠠᠵᠢᠯ᠎ᠢ ᠠᠶ᠋ᠢᠮᠠᠭ᠎ᠤᠨ ᠵᠠᠬᠢᠷᠭ᠎ᠠ᠂ ᠬᠠᠷᠢᠶ᠎ᠠ ᠲᠣᠭᠤᠷᠢᠭ ᠵᠢᠨ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠢᠶᠠᠷᠬᠤ ᠡᠷᠬᠡ ᠮᠡᠳᠡᠯ᠎ᠤᠨ ᠬᠡᠪᠴᠢᠶ᠎ᠡ᠎ᠪᠠᠨ ᠦᠵᠡᠵᠦ ᠪᠠᠶ᠋ᠢᠭ᠋ᠠᠳ ᠲᠣᠭᠲᠠᠭ᠋ᠠᠨ᠎ᠠ᠃ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠥᠯᠦᠪᠵᠢᠭᠦᠯᠭᠡ ᠵᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠬᠦ ᠵᠢᠨ ᠬᠠᠮᠲᠤ ᠳᠡᠭᠡᠷ᠎ᠡ ᠨᠢᠭᠡ ᠱᠠᠲᠤᠨ᠎ᠤ ᠤᠰᠤᠨ᠎ᠤ ᠶᠠᠪᠤᠳᠠᠯ᠎ᠢ ᠡᠷᠬᠢᠯᠡᠨ ᠬᠠᠮᠢᠶᠠᠷᠬᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠬᠤ ᠭᠡᠷᠡᠭᠳᠡᠢ᠃

     ᠠᠷᠪᠠᠳᠤᠭ᠋ᠠᠷ ᠵᠦᠢ᠍ᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠤᠤᠯ ᠮᠦᠷᠡᠨ ᠨᠠᠭᠤᠷ ᠴᠦᠬᠦᠷᠡᠮ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠥᠯᠦᠪᠵᠢᠭᠦᠯᠭᠡ ᠵᠢᠨ ᠱᠠᠭ᠋ᠠᠷᠳᠠᠯᠭ᠎ᠠ ᠶᠣᠰᠣᠭ᠋ᠠᠷ᠂ ᠭᠤᠤᠯ ᠮᠦᠷᠡᠨ ᠨᠠᠭᠤᠷ ᠴᠦᠬᠦᠷᠡᠮ᠎ᠤᠨ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ ᠵᠢᠨ ᠳᠦᠷᠢᠮ᠎ᠢ ᠬᠡᠷᠡᠭᠵᠢᠭᠦᠯᠵᠦ᠂ ᠭᠤᠤᠯ ᠮᠦᠷᠡᠨ ᠨᠠᠭᠤᠷ ᠴᠦᠬᠦᠷᠡᠮ᠎ᠤᠨ ᠬᠠᠮᠢᠶᠠᠷᠤᠯᠲᠠ ᠵᠢᠨ ᠬᠡᠪᠴᠢᠶ᠎ᠡ ᠵᠢ ᠬᠠᠤᠯᠢ ᠶᠣᠰᠣᠭ᠋ᠠᠷ ᠬᠤᠪᠢᠶᠠᠷᠢᠯᠠᠨ ᠲᠣᠭᠲᠠᠭ᠋ᠠᠬᠤ ᠵᠢᠨ ᠬᠠᠮᠲᠤ ᠨᠡᠶ᠋ᠢᠭᠡᠮ ᠨᠡᠶ᠋ᠢᠳᠡ᠎ᠳᠤ ᠨᠡᠶ᠋ᠢᠲᠡᠯᠡᠵᠦ᠂ ᠭᠤᠤᠯ ᠮᠦᠷᠡᠨ ᠨᠠᠭᠤᠷ ᠴᠦᠬᠦᠷᠡᠮ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠰᠠᠭᠤᠷᠢ ᠦᠨᠳᠦᠰᠦᠯᠡᠯ ᠪᠣᠯᠭ᠋ᠠᠬᠤ ᠬᠡᠷᠡᠭᠲᠡᠢ᠃

     ᠠᠷᠪᠠᠨ ᠨᠢᠭᠡᠳᠦᠭᠡᠷ ᠵᠦᠢ᠍ᠯ᠂ ᠭᠤᠣᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠤᠯᠲᠠ ᠵᠢᠨ ᠬᠡᠪᠴᠢᠶᠡᠨ ᠳᠣᠲᠣᠷ᠎ᠠ ᠳᠠᠷᠠᠭ᠋ᠠᠬᠢ ᠦᠢ᠍ᠯᠡ ᠠᠵᠢᠯᠯᠠᠭ᠎ᠠ ᠵᠢ ᠬᠤᠷᠢᠬᠯᠠᠨ᠎ᠠ᠄

    (ᠨᠢᠭᠡ) ᠬᠠᠰᠢᠯᠭ᠎ᠠ ᠳᠠᠯᠠᠩ᠂ ᠤᠰᠤ ᠬᠠᠰᠢᠬᠤ ᠰᠤᠪᠠᠭ᠂ ᠤᠰᠤ ᠬᠤᠷᠢᠬᠤ ᠭᠤᠤ ᠵᠢ ᠰᠢᠨ᠎ᠡ᠎ᠪᠠᠷ ᠮᠠᠯᠳᠠᠬᠤ᠂ ᠥᠭᠡᠷᠡᠴᠢᠯᠡᠨ ᠵᠠᠰᠠᠬᠤ᠂ ᠥᠷᠭᠡᠳᠬᠡᠨ ᠪᠠᠶ᠋ᠢᠭᠤᠯᠬᠤ ᠵᠢ ᠬᠤᠷᠢᠬᠯᠠᠨ᠎ᠠ᠃

    (ᠬᠤᠶᠠᠷ) ᠬᠠᠰᠢᠯᠭ᠎ᠠ ᠲᠡᠯᠡᠩ ᠪᠠ ᠬᠠᠰᠢᠯᠭ᠎ᠠ ᠬᠠᠮᠠᠭ᠋ᠠᠯᠠᠬᠤ ᠭᠠᠵᠠᠷ᠎ᠲᠤ ᠭᠡᠷ ᠪᠠᠷᠢᠬᠤ᠂ ᠮᠡᠯ ᠮᠠᠯᠵᠢᠬᠤ᠂ ᠰᠤᠪᠠᠭ ᠳᠠᠳᠠᠬᠤ᠂ ᠬᠤᠳᠳᠤᠭ ᠮᠠᠯᠲᠠᠬᠤ᠂ ᠵᠣᠭᠤᠷᠢ ᠮᠠᠯᠲᠠᠬᠤ᠂ ᠣᠩᠭᠤᠨ ᠪᠤᠯᠠᠰᠢ ᠪᠤᠰᠬᠠᠬᠤ᠂ ᠲᠠᠷᠢᠶ᠎ᠠ ᠪᠤᠳᠠᠭ᠎ᠠ ᠬᠠᠳᠠᠭ᠋ᠠᠬᠤ᠂ ᠡᠳ᠋ ᠮᠠᠲ᠋ᠧᠷᠢᠶᠠᠯ ᠬᠠᠳᠠᠭ᠋ᠠᠯᠠᠬᠤ ᠪᠤᠯᠤᠨ ᠴᠤᠭᠯᠠᠭ᠎ᠠ ᠮᠠᠶ᠋ᠢᠮᠠᠢ ᠬᠢᠬᠦ ᠵᠢ ᠬᠤᠷᠢᠬᠯᠠᠨ᠎ᠠ᠃

    (ᠭᠤᠷᠪᠠ) ᠭᠤᠣᠯ᠎ᠤᠨ ᠵᠡᠮ ᠣᠰᠣᠨ᠎ᠤ ᠬᠦᠪᠡᠬᠡᠨ᠎ᠲᠠᠬᠢ ᠭᠠᠵᠠᠷ᠎ᠤᠨ ᠡᠬᠢ ᠪᠠᠶᠠᠯᠢᠭ᠎ᠢ ᠳᠤᠷ᠎ᠠ᠎ᠪᠠᠷ ᠵᠶ᠋ᠠᠨ ᠨᠡᠭᠡᠭᠡᠨ ᠮᠠᠯᠲᠠᠵᠤ᠂ ᠬᠠᠭᠤᠴᠢ ᠰᠤᠳᠤᠯᠤᠯ᠎ᠤᠨ ᠮᠠᠯᠳᠠᠯᠭ᠎ᠠ ᠬᠢᠬᠦ ᠵᠢ ᠬᠤᠷᠢᠬᠯᠠᠨ᠎ᠠ᠃ 

    (ᠳᠥᠷᠪᠡ) ᠦᠶᠡᠷ᠎ᠢ ᠵᠠᠯᠠᠬᠤ᠎ᠳᠤ ᠰᠠᠭ᠋ᠠᠳ ᠪᠤᠯᠬᠤ ᠤᠢ ᠮᠣᠳᠣ ᠪᠤᠯᠤᠨ ᠥᠨᠳᠥᠷ ᠡᠰᠢᠲᠦ ᠲᠠᠷᠢᠮᠠᠯ ᠲᠠᠷᠢᠬᠤ ᠵᠢ ᠬᠤᠷᠢᠬᠯᠠᠨ᠎ᠠ᠃

    (ᠲᠠᠪᠤ) ᠨᠠᠭᠤᠷ᠎ᠢ ᠬᠠᠰᠢᠵᠦ ᠲᠠᠷᠢᠶ᠎ᠠ ᠲᠠᠷᠢᠬᠤ ᠵᠢ ᠬᠤᠷᠢᠬᠯᠠᠨ᠎ᠠ᠃

    (ᠵᠢᠷᠭᠤᠭ᠎ᠠ) ᠳᠦᠷᠢᠮ᠎ᠠᠴᠠ ᠭᠠᠳᠠᠭᠤᠷ ᠣᠰᠣ ᠳᠠᠳᠠᠵᠦ ᠵᠠᠷᠣᠬᠤ ᠵᠢ ᠬᠤᠷᠢᠬᠯᠠᠨ᠎ᠠ᠃

    (ᠲᠤᠯᠤᠭ᠎ᠠ) ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠳᠤ ᠪᠣᠬᠢᠷᠳᠤᠯ ᠭᠠᠳᠠᠭᠰᠢᠯᠠᠭᠤᠯᠬᠤ ᠠᠮᠠᠰᠠᠷ ᠭᠠᠷᠭ᠋ᠠᠬᠤ ᠵᠢ ᠬᠤᠷᠢᠬᠯᠠᠨ᠎ᠠ᠃

    (ᠨᠠᠢ᠍ᠮᠠ) ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠬᠠᠶᠠᠬᠤ᠂ ᠴᠢᠳᠬᠤᠬᠤ᠂ ᠣᠪᠣᠭ᠋ᠠᠯᠠᠬᠤ᠂ ᠪᠤᠯᠠᠬᠤ ᠵᠢ ᠬᠤᠷᠢᠬᠯᠠᠨ᠎ᠠ᠃

    (ᠶᠢᠰᠦ) ᠲᠤᠰᠦᠠ᠎ᠤ ᠵᠦᠢ᠍ᠯ᠂ ᠬᠦᠴᠢᠯᠯᠢᠭ ᠰᠢᠩᠭᠡᠨ᠂ ᠱᠦᠯᠲᠦ ᠵᠢᠨ ᠰᠢᠩᠭᠡᠨ ᠪᠤᠶᠤ ᠲᠤᠬᠰᠢᠠ ᠬᠤᠣᠷᠲᠠᠢ ᠬᠠᠶᠠᠭᠳᠠᠮᠠᠯ ᠰᠢᠩᠭᠡᠨ᠎ᠤ ᠪᠣᠬᠢᠷᠳᠤᠯ ᠪᠣᠳᠠᠰ᠎ᠢ ᠭᠤᠣᠯ ᠮᠥᠷᠡᠨ ᠨᠠᠭᠤᠷ ᠴᠥᠭᠦᠷᠥᠮ᠎ᠳᠤ ᠬᠠᠶᠠᠬᠤ ᠵᠢ ᠬᠤᠷᠢᠬᠯᠠᠨ᠎ᠠ᠃

    (ᠠᠷᠪᠠ) ᠭᠠᠳᠠᠨ᠎ᠠ᠎ᠠᠴᠠ ᠢᠷᠡᠭᠰᠡᠨ ᠠᠮᠢᠳᠤ ᠪᠣᠳᠠᠰ᠎ᠤᠨ ᠳᠦᠷᠦᠯ ᠵᠤᠶ᠋ᠢᠯ᠎ᠢ ᠵᠦᠪᠰᠢᠶᠡᠷᠡᠯ ᠦᠬᠡᠢ᠎ᠪᠠᠷ ᠣᠷᠣᠭᠤᠯᠬᠤ ᠵᠢ ᠬᠤᠷᠢᠬᠯᠠᠨ᠎ᠠ᠃

    (ᠠᠷᠪᠠᠨ ᠨᠢᠭᠡ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠲᠤ ᠴᠠᠭ᠋ᠠᠵᠠ᠎ᠲᠠᠢ ᠪᠤᠰᠤᠳ ᠥᠢ᠍ᠯᠡ ᠠᠵᠢᠯᠯᠠᠭ᠎ᠠ ᠵᠢ ᠬᠤᠷᠢᠬᠯᠠᠨ᠎ᠠ᠃

     ᠠᠷᠪᠠᠨ ᠬᠤᠶᠠᠳᠤᠭ᠋ᠠᠷ ᠵᠦᠢ᠍ᠯ᠂ ᠭᠤᠣᠯ᠎ᠤᠨ ᠵᠡᠮ᠎ᠢ ᠬᠦᠷᠢᠶᠡᠯᠡᠨ ᠬᠠᠭ᠋ᠠᠯᠪᠤᠷᠢᠯᠠᠬᠤ ᠵᠢ ᠴᠠᠭ᠋ᠠᠵᠠᠯᠠᠨ᠎ᠠ᠃ ᠦᠨᠡᠨᠬᠦ ᠬᠠᠭ᠋ᠠᠯᠪᠤᠷᠢᠯᠠᠬᠤ ᠴᠢᠬᠤᠯᠠ᠎ᠲᠠᠢ ᠪᠣᠯ᠂ ᠰᠢᠨᠵᠢᠯᠡᠬᠦ ᠤᠬᠠᠭ᠋ᠠᠨᠴᠢ ᠨᠤᠲᠠᠯᠠᠯᠲᠠ ᠬᠢᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠢ ᠭᠤᠣᠯᠴᠢᠯᠠᠨ ᠬᠠᠮᠢᠶᠠᠷᠬᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃ ᠤᠯᠤᠰ ᠵᠶ᠋ᠠᠷ ᠵᠥᠪᠰᠢᠶᠡᠷᠡᠭᠦᠯᠬᠦ ᠴᠢᠬᠤᠯᠠ᠎ᠲᠠᠢ ᠪᠣᠯ ᠲᠣᠭᠲᠠᠭ᠋ᠠᠭᠰᠠᠨ ᠵᠢᠷᠤᠮ ᠵᠶ᠋ᠠᠷ ᠮᠡᠳᠡᠭᠦᠯᠦᠨ ᠵᠦᠪᠰᠢᠶᠡᠷᠡᠬᠦᠯᠦᠨ᠎ᠡ᠃

     ᠠᠷᠪᠠᠨ ᠭᠤᠷᠪᠠᠳᠤᠭ᠋ᠠᠷ ᠵᠦᠢ᠍ᠯ᠂ ᠭᠤᠣᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠤᠯᠲᠠ ᠵᠢᠨ ᠬᠡᠪᠴᠢᠶᠡᠨ ᠳᠣᠲᠣᠷ᠎ᠠ ᠪᠠᠷᠢᠯᠭ᠎ᠠ ᠵᠢᠨ ᠲᠥᠬᠦᠭᠡᠷᠦᠮᠵᠢ ᠪᠠᠶ᠋ᠢᠭᠤᠯᠬᠤ᠎ᠳᠠᠭᠠᠨ ᠦᠶᠡᠷ᠎ᠢ ᠰᠡᠷᠭᠡᠶ᠋ᠢᠯᠡᠬᠦ ᠱᠠᠭ᠋ᠠᠷᠳᠠᠯᠭ᠎ᠠ᠂ ᠭᠤᠣᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠥᠯᠦᠪᠵᠢᠭᠦᠯᠭᠡ ᠪᠤᠯᠤᠨ ᠬᠠᠮᠢᠶᠠᠳᠠᠢ ᠮᠡᠷᠭᠡᠵᠢᠯ᠎ᠤᠨ ᠪᠠᠷᠢᠮᠵᠢᠶ᠎ᠠ᠂ ᠮᠡᠷᠭᠡᠵᠢᠯ᠎ᠤᠨ ᠵᠢᠷᠤᠮᠵᠢᠯ᠎ᠳᠤ ᠨᠡᠶ᠋ᠢᠴᠡᠭᠦᠯᠬᠦ ᠬᠡᠷᠡᠭᠲᠡᠢ᠂ ᠭᠤᠣᠯ᠎ᠤᠨ ᠵᠠᠮ ᠵᠶ᠋ᠠᠷ ᠦᠶᠡᠷ ᠵᠠᠯᠠᠵᠤ ᠤᠰᠤ ᠳᠠᠮᠵᠢᠭᠤᠯᠬᠤ᠂ ᠤᠰᠤᠨ ᠵᠠᠮ᠎ᠤᠨ ᠲᠡᠭᠡᠭᠡᠪᠦᠷᠢ ᠵᠢᠨ ᠰᠠᠭ᠋ᠠᠳ ᠦᠭᠡᠢ ᠨᠡᠪᠲᠡᠷᠡᠬᠦ ᠵᠢ ᠬᠠᠷᠰᠢᠯᠠᠵᠤ ᠪᠣᠯᠬᠤ ᠦᠭᠡᠢ᠂ ᠬᠠᠰᠢᠯᠭ᠎ᠠ ᠳᠠᠯᠠᠩ᠎ᠤᠨ ᠠᠶᠦᠯᠬᠦᠢ ᠵᠢ ᠡᠪᠳᠡᠨ᠂ ᠭᠤᠣᠯ᠎ᠤᠨ ᠤᠷᠤᠰᠬᠠᠯ᠎ᠤᠨ ᠲᠣᠭᠲᠠᠭᠤᠨ ᠪᠠᠶ᠋ᠢᠳᠠᠯ᠎ᠢ ᠨᠥᠯᠥᠭᠡᠯᠡᠵᠦ ᠪᠣᠯᠬᠤ ᠦᠭᠡᠢ᠃

     ᠵᠥᠪᠰᠢᠶᠡᠷᠡᠭᠦᠯᠦᠭᠰᠡᠨ ᠪᠠᠷᠢᠯᠭ᠎ᠠ ᠵᠢᠨ ᠲᠥᠬᠦᠭᠡᠷᠦᠮᠵᠢ ᠵᠢᠨ ᠰᠢᠨᠵᠢ ᠴᠢᠨᠠᠷ᠂ ᠬᠦᠷᠢᠶ᠎ᠡ ᠬᠡᠪᠴᠢᠶ᠎ᠡ᠂ ᠭᠠᠵᠠᠷ ᠰᠢᠷᠣᠢ᠂ ᠬᠡᠷᠡᠭᠴᠡᠭᠡ ᠱᠠᠭ᠋ᠠᠷᠳᠠᠯᠭ᠎ᠠ᠂ ᠪᠡᠶᠡᠴᠢ ᠴᠣᠭᠴᠠ ᠵᠢ ᠳᠤᠷ᠎ᠠ᠎ᠪᠠᠷ ᠵᠶ᠋ᠠᠨ ᠬᠤᠪᠢᠷᠠᠭᠤᠯᠵᠤ ᠪᠣᠯᠬᠤ ᠦᠬᠡᠢ᠃ ᠦᠨᠡᠨᠬᠦ ᠬᠤᠪᠢᠷᠠᠭᠤᠯᠬᠤ ᠴᠢᠬᠤᠯᠠᠲᠠᠢ ᠪᠤᠯ᠂ ᠪᠦᠲᠦᠭᠡᠨ ᠪᠠᠶ᠋ᠢᠭᠤᠯᠬᠤ ᠨᠢᠭᠡᠴᠢ ᠪᠤᠶᠤ ᠬᠤᠪᠢ ᠬᠥᠮᠥᠨ᠎ᠨᠢ ᠤᠰᠤᠨ᠎ᠤ ᠶᠠᠪᠤᠳᠠᠯ᠎ᠢ ᠡᠷᠬᠢᠯᠡᠨ ᠬᠠᠮᠢᠶᠠᠷᠬᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠬᠢᠨᠠᠨ ᠵᠥᠪᠰᠢᠶᠡᠷᠡᠭᠦᠯᠬᠦ ᠭᠠᠷ ᠭᠦᠢ᠍ᠴᠡᠳᠬᠡᠯ᠎ᠢ ᠲᠠᠬᠢᠵᠤ ᠬᠢᠬᠦ ᠬᠡᠷᠡᠭᠲᠡᠢ᠃

     ᠠᠷᠪᠠᠨ ᠳᠥᠷᠪᠡᠳᠦᠭᠡᠷ ᠵᠦᠢ᠍ᠯ᠂ ᠬᠡᠷᠡᠯ ᠴᠡᠨᠡᠭ᠎ᠤᠨ ᠴᠠᠬᠢᠯᠭ᠋ᠠᠨ ᠥᠷᠲᠡᠭᠡ᠂ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ ᠵᠡᠷᠭᠡ ᠲᠥᠷᠥᠯ ᠵᠦᠢ᠍ᠯ᠎ᠢ ᠭᠤᠣᠯ᠎ᠤᠨ ᠵᠠᠮ᠂ ᠨᠠᠭᠤᠷ ᠴᠥᠭᠦᠷᠥᠮ᠂ ᠤᠰᠤᠨ ᠴᠥᠭᠦᠷᠥᠮ᠎ᠤᠨ ᠳᠣᠲᠣᠷ᠎ᠠ ᠪᠤᠰᠬᠠᠵᠦ ᠪᠣᠯᠬᠤ ᠦᠭᠡᠢ᠃ ᠨᠠᠭᠤᠷ᠎ᠤᠨ ᠡᠷᠬᠢᠨ ᠲᠣᠭᠤᠷᠢᠨ᠂ ᠤᠰᠤᠨ ᠴᠥᠭᠦᠷᠥᠮ᠎ᠤᠨ ᠬᠠᠵᠠᠭᠤ᠎ᠳᠤ ᠬᠡᠷᠡᠯ ᠴᠡᠨᠡᠭ᠎ᠤᠨ᠂ ᠰᠠᠯᠬᠢᠨ ᠬᠦᠴᠦᠨ᠎ᠤ ᠴᠠᠬᠢᠯᠭ᠋ᠠᠨ᠎ᠤ ᠲᠥᠷᠥᠯ ᠵᠦᠢ᠍ᠯ᠎ᠢ ᠪᠠᠶ᠋ᠢᠭᠤᠯᠬᠤ᠎ᠳᠤ᠂ ᠰᠢᠨᠵᠢᠯᠡᠬᠦ ᠤᠬᠠᠭ᠋ᠠᠨᠴᠢ ᠨᠤᠲᠠᠯᠠᠯᠲᠠ ᠬᠢᠵᠦ᠂ ᠴᠢᠩᠭ᠎ᠠ ᠬᠠᠮᠢᠶᠠᠷᠤᠨ ᠡᠵᠡᠮᠳᠡᠬᠦ ᠬᠡᠷᠡᠭᠲᠡᠢ᠂ ᠦᠶᠡᠷ᠎ᠢ ᠰᠡᠷᠭᠡᠶ᠋ᠢᠯᠡᠬᠦ᠂ ᠤᠰᠤ ᠬᠠᠩᠭ᠋ᠠᠬᠤ ᠴᠢᠳᠠᠮᠵᠢ᠎ᠲᠠᠢ ᠪᠠ ᠤᠰᠤᠨ᠎ᠤ ᠠᠮᠢ ᠠᠬᠤᠢ᠂ ᠤᠰᠤᠨ᠎ᠤ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠣᠷᠣᠨ ᠪᠦᠰᠡ᠎ᠳᠤ ᠪᠠᠶ᠋ᠢᠷᠢᠯᠠᠭᠤᠯᠵᠤ ᠪᠣᠯᠬᠤ ᠦᠭᠡᠢ᠃

     ᠠᠷᠪᠠᠨ ᠲᠠᠪᠤᠳᠤᠭ᠋ᠠᠷ ᠵᠦᠢ᠍ᠯ᠂ ᠥᠪᠡᠷᠲᠡᠭᠡᠨ ᠵᠠᠰᠠᠬᠤ ᠣᠷᠣᠨ᠎ᠠᠴᠠ ᠭᠤᠤᠯ᠎ᠤᠨ ᠬᠦᠪᠡᠬᠡᠨ᠎ᠤ ᠠᠰᠢᠭᠯᠠᠯᠲᠠ ᠵᠢ ᠲᠣᠭᠤᠷᠢᠭ ᠬᠤᠪᠢᠶᠠᠨ ᠲᠥᠷᠥᠯ ᠬᠤᠪᠢᠶᠠᠨ ᠬᠠᠮᠢᠶᠠᠷᠬᠤ ᠵᠢ ᠬᠡᠷᠡᠭᠵᠢᠭᠦᠯᠵᠦ᠂ ᠪᠣᠳᠠᠲᠠᠢ ᠠᠷᠭ᠎ᠠ ᠬᠡᠮᠵᠢᠶ᠎ᠡ ᠵᠢ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠵᠣᠬᠢᠶᠠᠨ ᠪᠠᠶ᠋ᠢᠭᠤᠯᠤᠨ ᠲᠣᠭᠲᠠᠭ᠋ᠠᠬᠤ ᠵᠢᠨ ᠬᠠᠮᠲᠤ ᠬᠡᠷᠡᠭᠵᠢᠭᠦᠯᠦᠨ᠎ᠡ᠃

     ᠭᠤᠣᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠤᠯᠲᠠ ᠵᠢᠨ ᠬᠡᠪᠴᠢᠶᠡᠨ᠎ᠳᠠᠬᠢ ᠭᠤᠤᠯ᠎ᠤᠨ ᠬᠦᠪᠡᠭᠡ ᠵᠢ ᠠᠰᠢᠭᠯᠠᠬᠤ᠎ᠳᠠᠭᠠᠨ ᠦᠶᠡᠷ ᠵᠠᠯᠠᠬᠤ᠂ ᠤᠰᠤ ᠳᠠᠮᠵᠢᠭᠤᠯᠬᠤ ᠪᠤᠯᠤᠨ ᠡᠷᠭᠢ ᠳᠠᠭ᠋ᠠᠤ ᠭᠠᠵᠠᠷ᠎ᠢ ᠣᠷᠣᠨ ᠬᠤᠪᠢᠶᠠᠨ ᠬᠠᠮᠠᠭ᠋ᠠᠯᠠᠬᠤ ᠪᠠ ᠬᠠᠮᠢᠶᠠᠷᠬᠤ ᠱᠠᠭ᠋ᠠᠷᠳᠠᠯᠭ᠎ᠠ᠎ᠳᠤ ᠨᠡᠶ᠋ᠢᠴᠡᠭᠦᠯᠬᠦ ᠬᠡᠷᠡᠭᠲᠡᠢ᠃

     ᠨᠠᠭᠤᠷ ᠴᠦᠬᠦᠷᠡᠮ᠎ᠤᠨ ᠭᠤᠤᠯ ᠣᠷᠣᠨ᠎ᠳᠤ ᠲᠠᠷᠢᠮᠠᠯ᠎ᠤᠨ ᠲᠠᠯᠠᠪᠠᠢ ᠵᠢ ᠰᠢᠨ᠎ᠡ᠎ᠪᠠᠷ ᠨᠡᠮᠡᠭᠳᠡᠭᠦᠯᠵᠦ ᠪᠣᠯᠬᠤ ᠦᠭᠡᠢ᠂ ᠨᠢᠭᠡᠨᠲᠡ ᠳᠠᠷᠢᠭᠰᠠᠨ ᠪᠠᠶ᠋ᠢᠪᠠᠯ ᠠᠯᠬᠤᠮ ᠠᠯᠬᠤᠮ ᠵᠶ᠋ᠠᠷ ᠪᠠᠶ᠋ᠢᠯᠭ᠋ᠠᠬᠤ ᠬᠡᠷᠡᠭᠲᠡᠢ᠃

     ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠦᠷᠢᠯᠡᠬᠦ ᠵᠢ ᠲᠡᠩᠴᠡᠭᠦᠷᠢᠲᠡᠢ ᠪᠠᠶ᠋ᠢᠯᠭ᠋ᠠᠬᠤ᠎ᠳᠤ ᠬᠡᠷᠡᠭᠯᠡᠬᠦ ᠭᠠᠵᠠᠷ ᠪᠠ ᠲᠠᠷᠢᠶᠠᠨ ᠭᠠᠵᠠᠷ᠎ᠤᠨ ᠨᠦᠬᠡᠴᠡ ᠡᠬᠢ ᠪᠠᠶᠠᠯᠢᠭ᠎ᠢ ᠭᠤᠣᠯ ᠮᠥᠷᠡᠨ ᠨᠠᠭᠤᠷ ᠴᠥᠭᠦᠷᠥᠮ᠎ᠠᠴᠠ ᠳᠠᠳᠠᠵᠦ ᠨᠥᠬᠦᠪᠦᠷᠢᠯᠡᠵᠦ ᠪᠣᠯᠬᠤ ᠦᠭᠡᠢ᠂ ᠦᠶᠡᠷ᠎ᠢ ᠵᠠᠯᠠᠬᠤ ᠪᠠ ᠤᠰᠤ ᠬᠠᠩᠭ᠋ᠠᠬᠤ ᠠᠶᠤᠯᠭᠦᠢ ᠪᠠᠶ᠋ᠢᠳᠠᠯ᠎ᠳᠤ ᠰᠠᠭ᠋ᠠᠳ ᠪᠤᠯᠬᠤ ᠲᠠᠷᠢᠶᠠᠨ ᠭᠠᠵᠠᠷ᠎ᠢ ᠠᠯᠬᠤᠮ ᠠᠯᠬᠤᠮ ᠵᠶ᠋ᠠᠷ ᠪᠠᠶ᠋ᠢᠯᠭ᠋ᠠᠬᠤ ᠬᠡᠷᠡᠭᠲᠡᠢ᠃

     ᠠᠷᠪᠠᠨ ᠵᠢᠷᠭᠤᠳᠤᠭ᠋ᠠᠷ ᠵᠦᠢ᠍ᠯ᠂ ᠥᠪᠡᠷᠲᠡᠭᠡᠨ ᠵᠠᠰᠠᠬᠤ ᠣᠷᠣᠨ᠎ᠠᠴᠠ ᠭᠤᠤᠯ ᠮᠦᠷᠡᠨ ᠨᠠᠭᠤᠷ ᠴᠦᠬᠦᠷᠡᠮ᠎ᠤᠨ ᠡᠷᠭᠢ ᠳᠠᠭ᠋ᠠᠤ ᠭᠠᠵᠠᠷ᠎ᠢ ᠲᠣᠭᠤᠷᠢᠭ ᠬᠤᠪᠢᠶᠠᠨ ᠬᠠᠮᠢᠶᠠᠷᠣᠨ᠎ᠠ᠃

     ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠦᠪᠵᠢᠭᠦᠯᠭᠡ ᠪᠠ ᠦᠶᠡᠷ᠎ᠢ ᠰᠡᠷᠭᠡᠶ᠋ᠢᠯᠡᠬᠦ ᠵᠡᠷᠬᠡ ᠲᠥᠯᠦᠪᠵᠢᠭᠦᠯᠭᠡ ᠵᠢᠨ ᠶᠣᠰᠣᠭ᠋ᠠᠷ᠂ ᠭᠤᠤᠯ ᠮᠦᠷᠡᠨ ᠨᠠᠭᠤᠷ ᠴᠦᠬᠦᠷᠡᠮ᠎ᠤᠨ ᠤᠰᠤᠨ ᠣᠷᠣᠨ᠎ᠤ ᠡᠷᠭᠢ ᠵᠢᠨ ᠬᠠᠮᠠᠭ᠋ᠠᠯᠠᠯᠲᠠ ᠵᠢᠨ ᠪᠦᠰᠡ᠂ ᠬᠠᠳᠠᠭ᠋ᠠᠯᠠᠬᠤ ᠪᠦᠰᠡ᠂ ᠡᠵᠡᠮᠳᠡᠨ ᠠᠰᠢᠭᠯᠠᠬᠤ ᠪᠦᠰᠡ᠂ ᠨᠡᠭᠡᠭᠡᠨ ᠠᠰᠢᠭᠯᠠᠬᠤ ᠪᠦᠰᠡ ᠵᠢ ᠰᠢᠨᠵᠢᠯᠡᠬᠦ ᠤᠬᠠᠭ᠋ᠠᠨᠴᠢ᠎ᠪᠠᠷ ᠬᠤᠪᠢᠶᠠᠷᠢᠯᠠᠵᠤ᠂ ᠣᠷᠣᠨ ᠬᠤᠪᠢᠶᠠᠨ ᠬᠠᠮᠠᠭ᠋ᠠᠯᠠᠬᠤ ᠪᠠ ᠬᠠᠮᠢᠶᠠᠷᠬᠤ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠬᠤ ᠬᠡᠷᠡᠭᠲᠡᠢ᠃

     ᠠᠷᠪᠠᠨ ᠳᠣᠯᠣᠳᠤᠭ᠋ᠠᠷ ᠵᠦᠢ᠍ᠯ᠂ ᠭᠤᠣᠯ ᠠᠯᠤᠰᠯᠠᠭᠰᠠᠨ᠂ ᠭᠤᠣᠯ ᠳᠠᠮᠨᠠᠬᠰᠠᠨ᠂ ᠳᠠᠯᠠᠩ ᠠᠯᠠᠭ᠋ᠠᠰᠠᠬᠰᠠᠨ᠂ ᠭᠤᠣᠯ ᠳᠠᠭ᠋ᠠᠭᠰᠠᠨ ᠬᠥᠭᠦᠷᠭᠡ᠂ ᠭᠠᠷᠠᠮ᠂ ᠵᠠᠮ᠂ ᠣᠯᠣᠮ᠂ ᠬᠤᠭᠤᠯᠠᠢ᠂ ᠲᠠᠲᠠᠯᠭ᠎ᠠ᠂ ᠤᠰᠤ ᠲᠠᠲᠠᠬᠤ᠂ ᠤᠰᠤ ᠵᠠᠯᠠᠬᠤ ᠵᠡᠷᠭᠡ ᠪᠠᠷᠢᠯᠭ᠎ᠠ ᠪᠤᠯᠤᠨ ᠲᠥᠬᠦᠭᠡᠷᠦᠮᠵᠢ ᠵᠢ ᠪᠤᠰᠬᠠᠬᠤ᠎ᠳᠤ᠂ ᠪᠦᠲᠦᠭᠡᠨ ᠪᠠᠶ᠋ᠢᠭᠤᠯᠬᠤ ᠨᠢᠭᠡᠴᠢ᠎ᠨᠢ ᠬᠠᠮᠢᠶᠠᠷᠤᠯᠲᠠ ᠵᠢᠨ ᠡᠷᠬᠡ ᠮᠡᠳᠡᠯ᠎ᠤᠨ ᠬᠡᠪᠴᠢᠶ᠎ᠡ ᠶᠣᠰᠣᠭ᠋ᠠᠷ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠰᠥᠯ ᠵᠶ᠋ᠠᠨ ᠤᠰᠤᠨ᠎ᠤ ᠶᠠᠪᠤᠳᠠᠯ᠎ᠢ ᠡᠷᠬᠢᠯᠡᠨ ᠬᠠᠮᠢᠶᠠᠷᠬᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠵᠦ ᠬᠢᠨᠠᠨ ᠪᠠᠶ᠋ᠢᠴᠠᠭ᠋ᠠᠯᠭ᠋ᠠᠭ᠋ᠠᠳ ᠵᠥᠪᠰᠢᠶᠡᠷᠡᠭᠦᠯᠬᠦ ᠬᠡᠷᠡᠭᠲᠡᠢ᠃ ᠦᠬᠡᠢ ᠪᠤᠯ ᠪᠦᠲᠦᠭᠡᠨ ᠪᠠᠶ᠋ᠢᠭᠤᠯᠬᠤ ᠨᠢᠭᠡᠴᠢ᠎ᠨᠢ ᠪᠠᠷᠢᠯᠭ᠎ᠠ ᠵᠢᠨ ᠠᠵᠢᠯ ᠵᠶ᠋ᠠᠨ ᠡᠬᠢᠯᠡᠭᠦᠯᠵᠦ ᠪᠣᠯᠬᠤ ᠦᠬᠡᠢ᠃ ᠪᠣᠳᠠᠲᠠᠢ ᠬᠢᠨᠠᠨ ᠪᠠᠶ᠋ᠢᠴᠠᠭ᠋ᠠᠬᠤ ᠲᠣᠭᠲᠠᠭ᠋ᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠤᠪᠢᠨ᠎ᠳᠠᠭᠠᠨ ᠲᠣᠭᠲᠠᠭ᠋ᠠᠨ᠎ᠠ᠃

     ᠭᠤᠤᠯ ᠮᠦᠷᠡᠨ ᠨᠠᠭᠤᠷ ᠴᠦᠬᠦᠷᠡᠮ᠎ᠤᠨ ᠤᠰᠤᠨ ᠣᠷᠣᠨ᠎ᠤ ᠡᠷᠭᠢ ᠵᠢᠨ ᠣᠷᠣᠨ ᠵᠠᠢ ᠵᠢ ᠠᠰᠢᠭᠯᠠᠨ ᠬᠠᠤᠯᠢ ᠶᠣᠰᠣᠭ᠋ᠠᠷ ᠵᠢᠭᠤᠯᠴᠢᠯᠠᠯ᠂ ᠰᠣᠶᠣᠯ ᠪᠡᠶ᠎ᠡ ᠵᠢᠨ ᠲᠠᠮᠢᠷ ᠵᠤᠭ᠎ᠠ ᠴᠡᠩᠬᠡᠬᠦᠨ᠂ ᠰᠢᠨᠵᠢᠯᠡᠬᠦ ᠤᠬᠠᠭ᠋ᠠᠨ᠎ᠤ ᠲᠤᠷᠰᠢᠯᠲᠠ᠂ ᠦᠵᠡᠮᠵᠢ ᠵᠢᠨ ᠣᠷᠣᠨ᠎ᠤ ᠪᠠᠶ᠋ᠢᠭᠤᠯᠤᠯᠲᠠ ᠵᠡᠷᠭᠡ ᠠᠵᠢᠯᠯᠠᠭ᠎ᠠ ᠬᠢᠬᠦ᠎ᠳᠤ᠂ ᠭᠤᠤᠯ ᠮᠦᠷᠡᠨ ᠨᠠᠭᠤᠷ ᠴᠦᠬᠦᠷᠡᠮ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠬᠠᠮᠢᠶᠠᠳᠠᠢ ᠱᠠᠭ᠋ᠠᠷᠳᠠᠯᠭ᠎ᠠ ᠵᠢ ᠵᠢᠷᠣᠮᠯᠠᠬᠰᠠᠨ ᠪᠠᠶ᠋ᠢᠬᠤ ᠬᠡᠷᠡᠭᠲᠡᠢ᠃

     ᠠᠷᠪᠠᠨ ᠨᠠᠢ᠍ᠮᠠᠳᠤᠭ᠋ᠠᠷ ᠵᠦᠢ᠍ᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠠᠮᠢᠶᠠᠷᠤᠯᠲᠠ ᠵᠢᠨ ᠡᠷᠬᠡ ᠮᠡᠳᠡᠯ ᠵᠶ᠋ᠠᠨ ᠦᠨᠳᠦᠰᠦᠯᠡᠨ᠂ ᠪᠠᠶ᠋ᠢᠭ᠋ᠠᠯᠢ ᠵᠢᠨ ᠡᠬᠢ ᠪᠠᠶᠠᠯᠢᠭ᠂ ᠠᠮᠢ ᠠᠬᠤᠢ ᠵᠢᠨ ᠣᠷᠴᠢᠨ ᠲᠣᠭᠤᠷᠢᠨ᠂ ᠤᠢ ᠰᠢᠭᠤᠢ ᠪᠣᠯᠣᠨ ᠨᠤᠲᠤᠭ ᠪᠡᠯᠴᠢᠭᠡᠷ᠂ ᠲᠡᠦᠬᠡ ᠵᠢᠨ ᠳᠤᠷᠠᠰᠬᠠᠯᠲᠤ ᠵᠦᠢ᠍ᠯ ᠵᠡᠷᠭᠡ ᠬᠠᠮᠢᠶᠠᠳᠠᠢ ᠰᠠᠯᠠᠭ᠎ᠠ ᠮᠥᠴᠢᠷ᠎ᠲᠠᠢ ᠬᠠᠮᠲᠤᠷᠠᠨ᠂ ᠭᠤᠣᠯ᠎ᠠᠴᠠ ᠬᠠᠶ᠋ᠢᠷ ᠮᠠᠯᠲᠠᠬᠤ ᠲᠥᠯᠦᠪᠵᠢᠭᠦᠯᠭᠡ ᠵᠢ ᠵᠣᠬᠢᠶᠠᠨ ᠪᠠᠶ᠋ᠢᠭᠤᠯᠤᠨ ᠨᠤᠤᠷᠠᠬᠯᠠᠵᠦ᠂ ᠳᠡᠭᠡᠷ᠎ᠡ ᠨᠢᠭᠡ ᠱᠠᠲᠤᠨ᠎ᠤ ᠤᠰᠤᠨ᠎ᠤ ᠶᠠᠪᠤᠳᠠᠯ᠎ᠢ ᠭᠤᠣᠯᠴᠢᠯᠠᠨ ᠬᠠᠮᠢᠶᠠᠷᠬᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠬᠢᠨᠠᠨ ᠪᠠᠶ᠋ᠢᠴᠠᠭ᠋ᠠᠯᠭ᠋ᠠᠭᠰᠠᠨ᠎ᠤ ᠲᠠᠷᠠᠭ᠎ᠠ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠠᠭᠠᠨ ᠮᠡᠳᠡᠭᠦᠯᠵᠦ ᠵᠥᠪᠰᠢᠶᠡᠷᠡᠭᠦᠯᠦᠭᠡᠳ ᠬᠡᠷᠡᠭᠵᠢᠭᠦᠯᠬᠦ ᠬᠡᠷᠡᠭᠲᠡᠢ᠃

     ᠭᠤᠣᠯ᠎ᠠᠴᠠ ᠬᠠᠶ᠋ᠢᠷ ᠮᠠᠯᠲᠠᠬᠤ ᠵᠢ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠢ ᠭᠤᠣᠯᠴᠢᠯᠠᠨ ᠬᠠᠮᠢᠶᠠᠷᠬᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ ᠬᠢᠨᠠᠨ ᠵᠥᠪᠰᠢᠶᠡᠷᠡᠬᠦ ᠬᠡᠷᠡᠭᠲᠡᠢ᠃ ᠦᠭᠡᠢ ᠪᠣᠯ ᠶᠠᠮᠠᠷᠪᠠ ᠵᠣᠬᠢᠶᠠᠨ ᠪᠠᠶ᠋ᠢᠭᠤᠯᠤᠯᠲᠠ ᠪᠤᠶᠤ ᠬᠤᠪᠢ ᠬᠥᠮᠥᠨ ᠭᠤᠣᠯ᠎ᠠᠴᠠ ᠡᠯᠡᠰᠦ ᠮᠠᠯᠳᠠᠵᠦ ᠪᠣᠯᠬᠤ ᠦᠭᠡᠢ᠃

     ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠢ ᠭᠤᠣᠯᠴᠢᠯᠠᠨ ᠬᠠᠮᠢᠶᠠᠷᠬᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠠᠮᠢᠶᠠᠷᠤᠯᠲᠠ ᠵᠢᠨ ᠡᠷᠬᠡ ᠮᠡᠳᠡᠯ ᠵᠶ᠋ᠠᠨ ᠦᠵᠡᠵᠦ ᠪᠠᠶ᠋ᠢᠭ᠋ᠠᠳ ᠮᠠᠯᠲᠠᠬᠤ ᠵᠢ ᠴᠠᠭ᠋ᠠᠵᠠᠯᠠᠬᠤ ᠣᠷᠣᠨ᠎ᠢ ᠬᠠᠤᠯᠢ ᠶᠣᠰᠣᠭ᠋ᠠᠷ ᠬᠤᠪᠢᠶᠠᠷᠢᠯᠠᠨ ᠲᠣᠭᠲᠠᠭ᠋ᠠᠵᠤ᠂ ᠮᠠᠯᠲᠠᠬᠤ ᠵᠢ ᠴᠠᠭ᠋ᠠᠵᠠᠯᠠᠬᠤ ᠬᠤᠭᠤᠴᠠᠭ᠎ᠠ ᠵᠢ ᠲᠣᠭᠲᠠᠭ᠋ᠠᠬᠤ ᠵᠢᠨ ᠬᠠᠮᠲᠤ ᠵᠠᠷᠯᠠᠨ ᠨᠡᠶ᠋ᠢᠲᠡᠯᠡᠬᠦ ᠬᠡᠷᠡᠭᠲᠡᠢ᠃

     ᠠᠷᠪᠠ ᠶᠢᠰᠦᠳᠦᠭᠡᠷ ᠵᠦᠢ᠍ᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠰ ᠱᠠᠲᠤᠨ᠎ᠤ᠎ᠪᠠᠨ ᠤᠰᠤᠨ᠎ᠤ ᠡᠬᠢ ᠪᠠᠶᠠᠯᠢᠭ᠎ᠢ ᠡᠵᠡᠮᠳᠡᠬᠦ ᠬᠦᠢ᠍ᠴᠡᠳᠬᠡᠯ ᠲᠤᠭ᠎ᠠ ᠵᠢ ᠦᠨᠳᠦᠰᠦᠯᠡᠨ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠳᠦᠯᠦᠪᠵᠢᠬᠦᠯᠬᠡ ᠪᠣᠯᠣᠨ ᠬᠡᠪᠴᠢᠶ᠎ᠡ ᠵᠢ ᠨᠢᠭᠡᠳᠦᠯᠲᠡᠢ ᠲᠥᠯᠥᠪᠯᠡᠨ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠣᠯᠣᠨ ᠡᠷᠴᠢᠮ᠎ᠢ ᠴᠢᠩᠭ᠎ᠠ ᠡᠵᠡᠮᠳᠡᠵᠦ᠂ ᠭᠤᠣᠯ ᠮᠥᠷᠡᠨ ᠨᠠᠭᠤᠷ ᠪᠦᠷᠢᠳᠦ ᠵᠢᠨ ᠣᠷᠣᠰᠬᠠᠯᠳᠦ ᠣᠭᠲᠣᠯᠣᠭ᠋ᠠᠰᠤ ᠵᠢᠨ ᠠᠮᠢ ᠠᠬᠤᠢ ᠵᠢᠨ ᠤᠷᠤᠰᠬᠠᠯ᠎ᠤᠨ ᠬᠡᠮᠵᠢᠶ᠎ᠡ (ᠤᠰᠤᠨ᠎ᠤ ᠬᠡᠮᠵᠢᠶ᠎ᠡ) ᠵᠢ ᠪᠠᠲᠤᠯᠠᠬᠤ ᠬᠡᠷᠡᠭᠲᠡᠢ᠃

     ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠢ ᠭᠤᠣᠯᠴᠢᠯᠠᠨ ᠬᠠᠮᠢᠶᠠᠷᠬᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠳᠡᠭᠡᠷ᠎ᠡ ᠨᠢᠭᠡ ᠱᠠᠲᠤᠨ᠎ᠤ ᠲᠣᠭᠲᠠᠭ᠋ᠠᠭᠰᠠᠨ ᠤᠰᠤᠨ᠎ᠤ ᠡᠬᠢ ᠪᠠᠶᠠᠯᠢᠭ᠎ᠤᠨ ᠭᠦᠢ᠍ᠴᠡᠳᠬᠡᠬᠦ ᠲᠤᠭ᠎ᠠ ᠵᠢ ᠦᠨᠳᠦᠰᠦᠯᠡᠨ᠂ ᠳᠣᠣᠷ᠎ᠠ ᠨᠢᠭᠡ ᠱᠠᠲᠤᠨ᠎ᠤ ᠤᠰᠤ ᠲᠠᠲᠠᠵᠤ ᠬᠡᠷᠡᠭᠯᠡᠬᠦ ᠶᠡᠷᠦᠩᠬᠡᠢ ᠬᠡᠮᠵᠢᠶ᠎ᠡ᠂ ᠠᠮᠢ ᠠᠬᠤᠢ ᠵᠢᠨ ᠤᠷᠤᠰᠬᠠᠯ᠎ᠤᠨ ᠬᠡᠮᠵᠢᠶ᠎ᠡ (ᠤᠰᠤᠨ᠎ᠤ ᠬᠡᠮᠵᠢᠶ᠎ᠡ) ᠪᠣᠯᠣᠨ ᠠᠯᠪᠠᠳᠠᠯᠭ᠎ᠠ ᠵᠢᠨ ᠴᠢᠨᠠᠷᠲᠠᠢ ᠤᠰᠤ ᠬᠡᠷᠡᠭᠯᠡᠬᠦ ᠲᠣᠭᠲᠠᠭᠰᠠᠨ ᠨᠤᠷᠮ᠎ᠠ ᠵᠡᠷᠭᠡ ᠤᠰᠤᠨ᠎ᠤ ᠡᠬᠢ ᠪᠠᠶᠠᠯᠢᠭ᠎ᠢ ᠡᠵᠡᠮᠳᠡᠬᠦ ᠭᠦᠢ᠍ᠴᠡᠳᠬᠡᠬᠦ ᠲᠤᠭ᠎ᠠ ᠵᠢ ᠵᠣᠬᠢᠶᠠᠨ ᠪᠠᠶ᠋ᠢᠭᠤᠯᠤᠨ ᠲᠣᠭᠲᠠᠭ᠋ᠠᠬᠤ ᠬᠡᠷᠡᠭᠲᠡᠢ᠃

     ᠤᠰᠤᠨ ᠴᠥᠭᠦᠷᠥᠮ᠂ ᠤᠰᠤᠨ ᠴᠠᠬᠢᠯᠭ᠋ᠠᠨ᠎ᠤ ᠦᠷᠳᠡᠭᠡ᠂ ᠤᠰᠤᠨ ᠠᠰᠢᠭᠯᠠᠯᠲᠠ ᠵᠢᠨ ᠬᠦᠢ᠍ᠰᠦ ᠵᠡᠷᠭᠡ ᠤᠰᠤᠨ᠎ᠤ ᠢᠨᠵᠧᠨᠧᠷᠢᠩ᠎ᠤᠨ ᠬᠠᠮᠢᠶᠠᠷᠤᠯᠲᠠ ᠵᠢᠨ ᠨᠢᠭᠡᠴᠢ᠎ᠨᠦᠭᠦᠳ ᠵᠥᠪᠰᠢᠶᠡᠷᠡᠭᠦᠯᠦᠭᠰᠡᠨ ᠠᠵᠢᠯᠯᠠᠬᠤ ᠲᠥᠰᠥᠯ᠎ᠤᠨ ᠶᠣᠰᠣᠭ᠋ᠠᠷ᠂ ᠭᠤᠣᠯ ᠮᠥᠷᠡᠨ ᠨᠠᠭᠤᠷ ᠴᠥᠭᠦᠷᠥᠮ᠎ᠤᠨ ᠵᠦᠢ ᠵᠣᠬᠢᠰᠲᠠᠢ ᠠᠮᠢ ᠠᠬᠤᠢ ᠵᠢᠨ ᠤᠷᠤᠰᠬᠠᠯ᠎ᠤᠨ ᠬᠡᠮᠵᠢᠶ᠎ᠡ (ᠤᠰᠤᠨ᠎ᠤ ᠬᠡᠮᠵᠢᠶ᠎ᠡ) ᠵᠢ ᠪᠠᠲᠤᠯᠠᠬᠤ ᠬᠡᠷᠡᠭᠲᠡᠢ᠃

     ᠬᠤᠷᠢᠳᠤᠭ᠋ᠠᠷ ᠵᠦᠢ᠍ᠯ᠂ ᠥᠪᠡᠷᠲᠡᠭᠡᠨ ᠵᠠᠰᠠᠬᠤ ᠣᠷᠣᠨ᠎ᠠᠴᠠ ᠭᠤᠣᠯ ᠮᠥᠷᠡᠨ᠎ᠤ ᠵᠠᠰᠠᠭ ᠵᠠᠬᠢᠷᠭ᠋ᠠᠨ᠎ᠤ ᠣᠷᠣᠨ ᠠᠯᠤᠰᠯᠠᠭᠰᠠᠨ ᠣᠭᠲᠣᠯᠣᠭ᠋ᠠᠰᠤ ᠵᠢᠨ ᠳᠣᠰᠢᠶᠠᠵᠦ ᠳᠣᠰᠬᠤ ᠳᠦᠷᠢᠮ᠎ᠢ ᠬᠡᠷᠡᠭᠵᠢᠭᠦᠯᠦᠨ᠎ᠡ᠃

     ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠭᠤᠣᠯ ᠮᠥᠷᠡᠨ᠎ᠤ ᠠᠭᠤᠯᠵᠠᠷ ᠣᠭᠲᠣᠯᠣᠭ᠋ᠠᠰᠤ ᠵᠢᠨ ᠤᠰᠤᠨ᠎ᠤ ᠴᠢᠨᠠᠷ ᠤᠰᠤᠨ᠎ᠤ ᠬᠡᠮᠵᠢᠶ᠎ᠡ ᠵᠡᠷᠭᠡ ᠭᠦᠢ᠍ᠴᠡᠳᠬᠡᠬᠦ ᠲᠤᠭ᠎ᠠ ᠵᠢ ᠵᠦᠢ ᠵᠣᠬᠢᠰᠲᠠᠢ ᠲᠣᠭᠲᠠᠭ᠋ᠠᠵᠤ᠂ ᠭᠤᠣᠯ ᠮᠥᠷᠡᠨ᠎ᠤ ᠵᠠᠰᠠᠭ ᠵᠠᠬᠢᠷᠭ᠋ᠠᠨ᠎ᠤ ᠣᠷᠣᠨ ᠠᠯᠤᠰᠯᠠᠭᠰᠠᠨ ᠣᠭᠲᠣᠯᠣᠭ᠋ᠠᠰᠤ ᠵᠢᠨ ᠬᠢᠨᠠᠨ ᠬᠡᠮᠵᠢᠬᠦ ᠪᠡᠯᠡᠳᠬᠡᠮᠵᠢ ᠵᠢ ᠲᠡᠭᠦᠯᠳᠡᠷᠵᠢᠭᠦᠯᠦᠨ᠂ ᠠᠭᠤᠯᠵᠠᠷ ᠣᠭᠲᠣᠯᠣᠭ᠋ᠠᠰᠤ ᠵᠢᠨ ᠤᠰᠤᠨ᠎ᠤ ᠴᠢᠨᠠᠷ ᠤᠰᠤᠨ᠎ᠤ ᠬᠡᠮᠵᠢᠶ᠎ᠡ᠎ᠨᠢ ᠪᠠᠷᠢᠮᠵᠢᠶ᠎ᠠ᠎ᠠᠴᠠ ᠬᠡᠲᠦᠷᠡᠭᠰᠡᠨ᠎ᠢ ᠰᠡᠷᠡᠮᠵᠢᠯᠡᠬᠦᠯᠬᠦ᠂ ᠬᠡᠳᠦᠷᠡᠳᠡᠯ᠎ᠡ ᠬᠠᠶᠠᠬᠳᠠᠮᠠᠯ ᠬᠠᠶᠠᠬᠰᠠᠨ᠎ᠳᠤ᠎ᠨᠢ ᠨᠦᠬᠦᠪᠦᠷᠢ ᠣᠯᠭᠤᠬᠤ ᠳᠣᠬᠳᠠᠴᠠ ᠵᠢ ᠪᠠᠶ᠋ᠢᠭᠤᠯᠤᠨ᠎ᠠ᠃

     ᠬᠤᠷᠢᠨ ᠨᠢᠭᠡᠳᠦᠭᠡᠷ ᠵᠦᠢ᠍ᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠂ ᠠᠮᠢ ᠠᠬᠤᠢ ᠵᠢᠨ ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ᠎ᠤᠳ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠶᠣᠰᠣᠭ᠋ᠠᠷ᠂ ᠭᠤᠣᠯ ᠮᠥᠷᠡᠨ ᠨᠠᠭᠤᠷ ᠴᠥᠭᠦᠷᠥᠮ᠎ᠢ ᠬᠢᠨᠠᠨ ᠬᠡᠮᠵᠢᠬᠦ ᠥᠷᠲᠡᠭᠡ ᠲᠣᠣᠷ᠎ᠢ ᠨᠢᠭᠡᠳᠦᠯᠲᠡᠢ ᠲᠥᠯᠥᠪᠯᠡᠨ ᠪᠠᠶ᠋ᠢᠭᠤᠯᠵᠤ᠂ ᠭᠤᠣᠯ ᠮᠥᠷᠡᠨ ᠨᠠᠭᠤᠷ ᠴᠥᠭᠦᠷᠥᠮ᠎ᠤᠨ ᠤᠰᠤᠨ᠎ᠤ ᠡᠬᠢ ᠪᠠᠶᠠᠯᠢᠭ᠂ ᠤᠰᠤᠨ᠎ᠤ ᠣᠷᠴᠢᠨ ᠲᠣᠭᠤᠷᠢᠨ᠎ᠢ ᠬᠢᠨᠠᠨ ᠬᠡᠮᠵᠢᠬᠦ ᠥᠷᠲᠡᠭᠡ ᠴᠡᠭ᠎ᠢ ᠵᠣᠬᠢᠰᠲᠠᠢ ᠪᠠᠶ᠋ᠢᠷᠢᠯᠠᠭᠤᠯᠤᠨ᠂ ᠭᠤᠣᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠯᠤᠰ᠎ᠠᠴᠠ ᠡᠵᠡᠮᠳᠡᠬᠦ᠂ ᠲᠣᠮᠣ ᠳ᠋ᠠᠶ᠋ᠢᠲ᠋ᠠ ᠵᠡᠷᠭᠡ ᠲᠡᠷᠢᠭᠦᠨ᠎ᠤ ᠮᠡᠷᠭᠡᠵᠢᠯ᠎ᠢ ᠭᠦᠢ᠍ᠴᠡᠳ ᠠᠰᠢᠬᠯᠠᠨ᠂ ᠭᠤᠣᠯ ᠮᠥᠷᠡᠨ ᠨᠠᠭᠤᠷ ᠴᠥᠭᠦᠷᠥᠮ᠎ᠤᠨ ᠤᠰᠤᠨ᠎ᠤ ᠬᠡᠮᠵᠢᠶ᠎ᠡ᠂ ᠤᠰᠤᠨ᠎ᠤ ᠴᠢᠨᠠᠷ᠂ ᠤᠰᠤᠨ᠎ᠤ ᠠᠮᠢ ᠠᠬᠤᠢ᠂ ᠪᠣᠬᠢᠷᠳᠤᠯ ᠭᠠᠳᠠᠭᠰᠢᠯᠠᠭᠤᠯᠬᠤ ᠠᠮᠠ᠂ ᠡᠯᠡᠰᠦ ᠮᠠᠯᠲᠠᠬᠤ ᠪᠤᠯᠤᠨ ᠭᠤᠣᠯ ᠮᠥᠷᠡᠨ ᠨᠠᠭᠤᠷ ᠴᠥᠭᠦᠷᠥᠮ᠎ᠤᠨ ᠡᠷᠭᠢ ᠵᠡᠷᠭᠡ᠎ᠳᠤ ᠬᠥᠳᠡᠯᠦᠩᠭᠦᠢ ᠬᠢᠨᠠᠨ ᠬᠡᠮᠵᠢᠯᠲᠡ ᠪᠠ ᠰᠡᠷᠡᠮᠵᠢᠯᠡᠭᠦᠯᠦᠯ ᠬᠢᠵᠦ᠂ ᠭᠤᠣᠯ ᠮᠥᠷᠡᠨ ᠨᠠᠭᠤᠷ ᠴᠥᠭᠦᠷᠥᠮ᠎ᠤᠨ ᠬᠢᠨᠠᠨ ᠬᠡᠮᠵᠢᠯᠲᠡ ᠵᠢᠨ ᠮᠡᠳᠡᠭᠡ ᠵᠠᠩᠭᠢ ᠪᠠ ᠲᠤᠭ᠎ᠠ ᠪᠠᠷᠢᠮᠲᠠ ᠵᠢ ᠬᠠᠮᠲᠤ᠎ᠪᠠᠷ ᠠᠰᠢᠬᠯᠠᠬᠤ ᠲᠣᠭᠲᠠᠴᠠ ᠵᠢ ᠪᠠᠶ᠋ᠢᠭᠤᠯᠤᠨ᠂ ᠭᠤᠣᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠯᠲᠠ ᠵᠢᠨ ᠬᠢᠨᠠᠨ ᠬᠡᠮᠵᠢᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃

     ᠬᠤᠷᠢᠨ ᠬᠤᠶᠠᠳᠤᠭ᠋ᠠᠷ ᠵᠦᠢ᠍ᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠤᠤᠯ ᠮᠦᠷᠡᠨ ᠨᠠᠭᠤᠷ ᠴᠦᠬᠦᠷᠡᠮ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠥᠯᠦᠪᠵᠢᠭᠦᠯᠭᠡ ᠵᠢᠨ ᠳᠠᠭ᠋ᠠᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠬᠠᠮᠢᠶᠠᠷᠤᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠭᠠᠳᠠᠨ᠎ᠠ᠎ᠠᠴᠠ ᠣᠷᠣᠵᠤ ᠢᠷᠡᠭᠰᠡᠨ ᠠᠮᠢᠳᠤ ᠪᠣᠳᠠᠰ᠎ᠤᠨ ᠳᠦᠷᠦᠯ ᠵᠣᠶ᠋ᠢᠯ᠎ᠢ ᠰᠡᠷᠭᠡᠶ᠋ᠢᠯᠡᠨ ᠬᠢᠨᠠᠬᠤ ᠵᠢ ᠴᠢᠩᠭ᠋ᠠᠳᠬᠠᠨ᠂ ᠭᠤᠤᠯ ᠮᠦᠷᠡᠨ ᠨᠠᠭᠤᠷ ᠴᠦᠬᠦᠷᠡᠮ᠎ᠤᠨ ᠠᠮᠢ ᠠᠬᠤᠢ ᠵᠢ ᠬᠠᠮᠠᠭ᠋ᠠᠯᠠᠬᠤ ᠪᠠ ᠰᠡᠷᠭᠦᠭᠡᠬᠦ ᠢᠨᠵᠧᠨᠧᠷᠢᠩ᠎ᠢ ᠬᠡᠷᠡᠭᠵᠢᠭᠦᠯᠵᠦ᠂ ᠬᠥᠷᠥᠰᠥ ᠰᠢᠷᠣᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠬᠡᠷᠡᠭᠲᠡᠢ᠃

     ᠬᠤᠷᠢᠨ ᠭᠤᠷᠪᠠᠳᠤᠭ᠋ᠠᠷ ᠵᠦᠢ᠍ᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠤᠣᠯ ᠮᠥᠷᠡᠨ ᠨᠠᠭᠤᠷ ᠴᠥᠭᠦᠷᠥᠮ᠎ᠤᠨ ᠤᠰᠤᠨ ᠳᠡᠭᠡᠷᠡᠬᠢ᠂ ᠡᠷᠭᠢ ᠳᠡᠭᠡᠷᠡᠬᠢ ᠪᠣᠬᠢᠷᠳᠤᠯ᠎ᠢ ᠵᠠᠰᠠᠬᠤ ᠵᠢ ᠨᠢᠭᠡᠳᠦᠯᠲᠡᠢ ᠲᠥᠯᠥᠪᠯᠡᠵᠦ᠂ ᠭᠤᠣᠯ ᠮᠥᠷᠡᠨ ᠨᠠᠭᠤᠷ ᠴᠥᠭᠦᠷᠥᠮ᠎ᠤᠨ ᠤᠰᠤᠨ᠎ᠤ ᠪᠠᠶ᠋ᠢᠳᠠᠯ᠂ ᠤᠰᠤ ᠵᠢ ᠴᠢᠨᠠᠷᠵᠢᠭᠤᠯᠬᠤ ᠬᠠᠷᠠᠯᠲᠠ᠂ ᠪᠣᠬᠢᠷᠳᠤᠯ᠎ᠢ ᠰᠢᠩᠬᠡᠬᠡᠬᠦ ᠴᠢᠳᠠᠪᠤᠷᠢ ᠵᠡᠷᠭᠡ ᠵᠢ ᠦᠨᠳᠦᠰᠦᠯᠡᠨ᠂ ᠭᠤᠣᠯ ᠮᠥᠷᠡᠨ ᠨᠠᠭᠤᠷ ᠴᠥᠭᠦᠷᠥᠮ᠎ᠳᠤ ᠴᠢᠳᠬᠤᠬᠤ ᠪᠣᠬᠢᠷᠳᠤᠯ ᠪᠣᠳᠠᠰ᠎ᠢ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠲᠣᠭᠲᠠᠭ᠋ᠠᠬᠤ ᠬᠡᠷᠡᠭᠲᠡᠢ᠃

     ᠤᠰᠤ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ᠎ᠳᠠᠭᠠᠨ ᠤᠯᠤᠰ ᠪᠤᠶᠤ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ ᠪᠠᠷᠢᠮᠵᠢᠶ᠎ᠠ ᠪᠣᠯᠣᠨ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ ᠵᠢᠭ᠋ᠠᠯᠳᠠ ᠲᠤᠭ᠎ᠠ᠎ᠠᠴᠠ ᠬᠡᠲᠦᠷᠡᠭᠦᠯᠵᠦ ᠪᠣᠯᠬᠤ ᠦᠭᠡᠢ᠃

     ᠬᠤᠷᠢᠨ ᠳᠥᠷᠪᠡᠳᠦᠭᠡᠷ ᠵᠦᠢ᠍ᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠠᠮᠢᠶᠠᠳᠠᠢ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠤᠨ᠂ ᠭᠤᠤᠯ ᠮᠦᠷᠡᠨ ᠨᠠᠭᠤᠷ ᠴᠦᠬᠦᠷᠡᠮ᠎ᠤᠨ ᠬᠠᠮᠢᠶᠠᠷᠤᠯᠲᠠ ᠵᠢᠨ ᠬᠡᠪᠴᠢᠶᠡᠨ ᠳᠣᠲᠣᠷ᠎ᠠ ᠳᠤᠷ᠎ᠠ᠎ᠪᠠᠷ ᠵᠶ᠋ᠠᠨ ᠬᠤᠷᠢᠭ ᠲᠠᠯᠪᠢᠬᠤ᠂ ᠲᠡᠵᠢᠭᠡᠨ ᠦᠷᠡᠵᠢᠭᠦᠯᠬᠦ᠂ ᠡᠯᠡᠰᠦ ᠮᠠᠯᠲᠠᠬᠤ᠂ ᠠᠭᠤᠷᠬᠠᠢ ᠮᠠᠯᠲᠠᠬᠤ᠂ ᠬᠦᠷᠢᠶᠡᠯᠡᠨ ᠬᠠᠭ᠋ᠠᠯᠪᠤᠷᠢᠯᠠᠬᠤ ᠪᠤᠯᠤᠨ ᠭᠤᠤᠯ ᠮᠦᠷᠡᠨ ᠨᠠᠭᠤᠷ ᠴᠦᠬᠦᠷᠡᠮ᠎ᠤᠨ ᠤᠰᠤᠨ ᠣᠷᠣᠨ᠎ᠤ ᠡᠷᠭᠢ ᠵᠢ ᠡᠵᠡᠯᠡᠨ ᠪᠠᠷᠢᠯᠭ᠎ᠠ ᠪᠠᠶ᠋ᠢᠭᠤᠯᠤᠯᠳᠠ ᠪᠤᠰᠬᠠᠬᠤ ᠵᠡᠷᠭᠡ ᠬᠠᠤᠯᠢ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠢ᠃

     ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠤᠣᠯ ᠮᠥᠷᠡᠨ ᠨᠠᠭᠤᠷ ᠴᠥᠭᠦᠷᠥᠮ᠎ᠤᠨ ᠠᠷᠢᠭᠤᠨ ᠴᠡᠪᠡᠷ᠎ᠢ ᠪᠠᠶ᠋ᠢᠩᠭᠤ ᠲᠣᠭᠤᠷᠢᠨ ᠪᠠᠶ᠋ᠢᠴᠠᠭ᠋ᠠᠬᠤ ᠳᠦᠷᠢᠮ᠎ᠢ ᠪᠠᠶ᠋ᠢᠭᠤᠯᠵᠤ᠂ ᠭᠤᠣᠯ ᠴᠠᠭᠳᠠᠭᠴᠢ᠂ ᠭᠤᠣᠯ ᠬᠠᠮᠠᠭ᠋ᠠᠯᠠᠭᠴᠢ ᠭᠠᠷᠭ᠋ᠠᠬᠤ ᠪᠤᠶᠤ ᠬᠦᠨᠳᠡᠯᠡᠨ᠎ᠤ ᠳᠠᠯ᠎ᠠ᠎ᠳᠤ ᠨᠠᠶ᠋ᠢᠳᠠᠬᠤ ᠵᠡᠷᠭᠡ ᠬᠡᠯᠪᠡᠷᠢ᠎ᠪᠠᠷ᠂ ᠭᠤᠣᠯ ᠮᠥᠷᠡᠨ ᠨᠠᠭᠤᠷ ᠴᠥᠭᠦᠷᠥᠮ᠎ᠤᠨ ᠠᠷᠢᠭᠤᠨ ᠴᠡᠪᠡᠷ᠎ᠢ ᠬᠠᠮᠠᠭ᠋ᠠᠯᠠᠬᠤ ᠬᠡᠷᠡᠭᠲᠡᠢ᠃

     ᠲᠡᠦᠬᠡᠨ᠎ᠠᠴᠠ ᠦᠯᠡᠳᠡᠭᠳᠡᠵᠦ ᠢᠷᠡᠭᠰᠡᠨ ᠭᠤᠣᠯ ᠮᠥᠷᠡᠨ ᠨᠠᠭᠤᠷ ᠴᠥᠭᠦᠷᠥᠮ᠎ᠢ ᠳᠤᠷ᠎ᠠ᠎ᠪᠠᠷ ᠵᠶ᠋ᠠᠨ ᠡᠵᠡᠯᠡᠭᠰᠡᠨ᠂ ᠳᠤᠷ᠎ᠠ᠎ᠪᠠᠷ ᠵᠶ᠋ᠠᠨ ᠪᠠᠶ᠋ᠢᠭᠤᠯᠤᠬᠰᠠᠨ᠂ ᠳᠤᠷ᠎ᠠ᠎ᠪᠠᠷ ᠵᠶ᠋ᠠᠨ ᠮᠠᠯᠳᠠᠬᠰᠠᠨ᠂ ᠳᠤᠷ᠎ᠠ᠎ᠪᠠᠷ ᠵᠶ᠋ᠠᠨ ᠤᠪᠤᠭ᠋ᠠᠯᠠᠬᠰᠠᠨ ᠵᠡᠷᠬᠡ ᠠᠰᠠᠭᠤᠳᠠᠯ᠎ᠳᠤ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠠᠮᠢᠶᠠᠳᠠᠢ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠤᠨ ᠴᠡᠭᠴᠡᠯᠡᠨ ᠰᠠᠶ᠋ᠢᠵᠢᠷᠠᠭᠤᠯᠬᠤ ᠲᠥᠰᠥᠯ ᠲᠣᠭᠲᠠᠭ᠋ᠠᠬᠤ ᠬᠡᠷᠡᠭᠲᠡᠢ᠃ ᠴᠡᠭᠴᠡᠯᠡᠨ ᠥᠭᠡᠷᠡᠴᠢᠯᠡᠬᠦ ᠲᠥᠰᠥᠯ᠎ᠢ ᠬᠠᠮᠢᠶᠠᠷᠤᠯᠲᠠ ᠵᠢᠨ ᠡᠷᠬᠡ ᠮᠡᠳᠡᠯ᠎ᠲᠠᠢ ᠤᠰᠤᠨ᠎ᠤ ᠶᠠᠪᠤᠳᠠᠯ᠎ᠢ ᠡᠷᠭᠢᠯᠡᠨ ᠬᠠᠮᠢᠶᠠᠷᠬᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠮᠡᠳᠡᠭᠦᠯᠦᠨ ᠵᠥᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠭᠦᠯᠦᠨ᠎ᠡ᠃

     ᠬᠤᠷᠢᠨ ᠲᠠᠪᠤᠳᠤᠭ᠋ᠠᠷ ᠵᠦᠢ᠍ᠯ᠂ ᠭᠤᠣᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠤᠯᠲᠠ ᠵᠢᠨ ᠬᠡᠪᠴᠢᠶᠡᠨ᠎ᠳᠠᠬᠢ ᠣᠷᠣᠰᠬᠠᠯ᠎ᠳᠤ ᠰᠠᠭ᠋ᠠᠳ ᠪᠣᠳᠠᠰ᠎ᠢ ᠬᠡᠨ ᠬᠠᠶᠠᠬᠰᠠᠨ ᠪᠣᠯ ᠬᠡᠨ ᠴᠡᠪᠡᠷᠯᠡᠬᠦ ᠵᠠᠷᠴᠢᠮ ᠶᠣᠰᠣᠭ᠋ᠠᠷ᠂ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠤᠭᠤᠳᠬᠤ ᠪᠠᠶ᠋ᠢᠭᠤᠯᠤᠮᠵᠢ᠎ᠠᠴᠠ ᠬᠡᠷᠡᠭ ᠬᠢᠭᠰᠡᠨ ᠬᠥᠮᠥᠨ᠎ᠢ ᠱᠠᠭ᠋ᠠᠷᠳᠠᠵᠦ ᠪᠠᠶ᠋ᠢᠭ᠋ᠠᠳ ᠲᠣᠭᠲᠠᠭᠰᠠᠨ ᠬᠤᠭᠤᠴᠠᠭ᠋ᠠᠨ᠎ᠤ ᠳᠣᠲᠣᠷ᠎ᠠ ᠴᠡᠪᠡᠷᠯᠡᠭᠦᠯᠦᠨ᠎ᠡ᠃ ᠴᠠᠭ᠎ᠲᠠᠭᠠᠨ ᠴᠡᠪᠡᠷᠯᠡᠭᠰᠡᠨ ᠦᠭᠡᠢ ᠪᠠᠶ᠋ᠢᠪᠠᠯ᠂ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠤᠭᠤᠳᠬᠤ ᠪᠠᠶ᠋ᠢᠭᠤᠯᠤᠮᠵᠢ᠎ᠠᠴᠠ ᠵᠣᠬᠢᠶᠠᠨ ᠪᠠᠶ᠋ᠢᠭᠤᠯᠵᠤ ᠪᠠᠶ᠋ᠢᠭ᠋ᠠᠳ ᠠᠯᠪᠠᠳᠠᠯᠭ᠎ᠠ᠎ᠪᠠᠷ ᠴᠡᠪᠡᠷᠯᠡᠬᠦᠯᠬᠦ ᠵᠢᠨ ᠬᠠᠮᠲᠤ ᠪᠦᠬᠦ ᠵᠠᠷᠤᠳᠠᠯ᠎ᠢ ᠳᠣᠬᠠᠢ ᠵᠢᠨ ᠬᠥᠮᠥᠨ ᠵᠶ᠋ᠠᠷ ᠡᠭᠦᠷᠭᠡᠯᠡᠭᠦᠯᠦᠨ᠎ᠡ᠃

     ᠭᠠᠵᠠᠷ ᠵᠦᠢ ᠵᠢᠨ ᠭᠠᠢ ᠭᠠᠮᠰᠢᠭ ᠵᠡᠷᠭᠡ ᠠᠷᠭ᠋ᠠᠴᠠᠭ᠋ᠠᠬᠤ ᠠᠷᠭ᠎ᠠ ᠦᠬᠡᠢ ᠬᠦᠴᠦᠨ ᠵᠤᠶ᠋ᠢᠯ᠎ᠠᠴᠠ ᠪᠣᠯᠣᠭ᠋ᠠᠳ ᠭᠤᠣᠯ᠎ᠤᠨ ᠦᠶᠡᠷ ᠵᠠᠯᠠᠬᠤ ᠵᠢ ᠰᠠᠭ᠋ᠠᠳ ᠪᠣᠯᠤᠭᠰᠠᠨ ᠪᠠᠶ᠋ᠢᠪᠠᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠴᠠᠭ ᠲᠤᠬᠠᠢ᠎ᠲᠤᠨᠢ ᠵᠣᠬᠢᠶᠠᠨ ᠪᠠᠶ᠋ᠢᠭᠤᠯᠤᠨ ᠴᠡᠪᠡᠷᠯᠡᠬᠦ ᠬᠡᠷᠡᠭᠲᠡᠢ᠃

     ᠤᠰᠤ ᠵᠢ ᠬᠠᠭ᠋ᠠᠵᠦ᠂ ᠤᠷᠤᠰᠬᠠᠯ᠎ᠢ ᠨᠣᠴᠢᠲᠠᠢ ᠬᠠᠰᠢᠵᠦ ᠪᠠᠶ᠋ᠢᠭ᠎ᠠ ᠬᠥᠭᠦᠷᠭᠡ᠂ ᠵᠠᠯᠠᠬᠤ ᠵᠠᠮ᠂ ᠭᠠᠷᠠᠮ ᠪᠣᠯᠣᠨ ᠭᠤᠣᠯ ᠠᠯᠤᠰᠯᠠᠭᠰᠠᠨ ᠪᠤᠰᠤᠳ ᠪᠠᠷᠢᠯᠭ᠎ᠠ ᠵᠢᠨ ᠳᠦᠬᠦᠬᠡᠷᠦᠮᠵᠢ ᠵᠢ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠢ ᠭᠤᠣᠯᠴᠢᠯᠠᠨ ᠬᠠᠮᠢᠶᠠᠷᠬᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠤᠯᠤᠰ᠎ᠠᠴᠠ ᠲᠣᠭᠲᠠᠭ᠋ᠠᠭᠰᠠᠨ ᠦᠶᠡᠷ᠎ᠢ ᠰᠡᠷᠭᠡᠶ᠋ᠢᠯᠡᠬᠦ ᠪᠠᠷᠢᠮᠵᠢᠶ᠎ᠠ ᠶᠣᠰᠣᠭ᠋ᠠᠷ ᠰᠢᠢ᠍ᠳᠪᠦᠷᠢᠯᠡᠬᠦ ᠰᠠᠨᠠᠯ ᠵᠶ᠋ᠠᠨ ᠳᠤᠷᠠᠳᠴᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠲᠠᠭᠠᠨ ᠮᠡᠳᠡᠭᠦᠯᠵᠦ ᠵᠥᠪᠰᠢᠶᠡᠷᠡᠭᠦᠯᠦᠭᠰᠡᠨ᠎ᠤ ᠳᠠᠷᠠᠭ᠎ᠠ᠂ ᠤᠤᠯ᠎ᠤᠨ ᠪᠠᠷᠢᠯᠭ᠎ᠠ ᠪᠠᠷᠢᠭᠤᠯᠤᠭᠰᠠᠨ ᠨᠢᠭᠡᠴᠡ ᠵᠢ ᠱᠠᠭ᠋ᠠᠷᠳᠠᠵᠦ ᠪᠠᠶ᠋ᠢᠭ᠋ᠠᠳ ᠲᠣᠭᠲᠠᠭᠰᠠᠨ ᠬᠤᠭᠤᠴᠠᠭ᠋ᠠᠨ᠎ᠳᠤ ᠥᠭᠡᠷᠡᠴᠢᠯᠡᠨ ᠪᠠᠶ᠋ᠢᠭᠤᠯᠬᠤ ᠪᠤᠶᠤ ᠨᠤᠷᠠᠭ᠋ᠠᠯᠭ᠋ᠠᠨ᠎ᠠ᠃ ᠦᠶᠡᠷ᠎ᠤᠨ ᠬᠤᠭᠤᠴᠠᠭ᠎ᠠ᠎ᠨᠢ ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠎ᠢ ᠨᠥᠯᠥᠭᠡᠯᠡᠬᠦ᠎ᠳᠤ ᠬᠦᠷᠪᠡᠯ᠂ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠤᠭᠤᠳᠬᠤ ᠪᠠᠶ᠋ᠢᠭᠤᠯᠤᠮᠵᠢ ᠵᠢᠨ ᠪᠠᠴᠢᠮ ᠰᠢᠢ᠍ᠳᠪᠦᠷᠢᠯᠡᠬᠦ ᠲᠣᠭᠲᠠᠭ᠋ᠠᠯ᠎ᠢ ᠲᠠᠭ᠋ᠠᠬᠤ ᠬᠡᠷᠡᠭᠲᠡᠢ᠃

     ᠬᠤᠷᠢᠨ ᠵᠢᠷᠭᠤᠳᠤᠭ᠋ᠠᠷ ᠵᠦᠢ᠍ᠯ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠪᠣᠯᠣᠨ ᠲᠣᠭᠤᠷᠢᠭ᠎ᠲᠠᠢ ᠬᠤᠳᠠ᠂ ᠬᠤᠰᠢᠭᠤ ᠰᠢᠶᠠᠨ᠂ ᠰᠤᠮᠤ ᠰᠢᠶᠠᠩ ᠪᠠᠯᠭ᠋ᠠᠰᠤ ᠲᠦᠷᠪᠡᠨ ᠱᠠᠲᠤᠨ᠎ᠤ ᠭᠤᠤᠯ ᠮᠦᠷᠡᠨ ᠨᠠᠭᠤᠷ ᠴᠦᠬᠦᠷᠡᠮ᠎ᠤᠨ ᠳᠠᠷᠤᠭ᠎ᠠ ᠵᠢᠨ ᠵᠣᠬᠢᠶᠠᠨ ᠪᠠᠶ᠋ᠢᠭᠤᠯᠤᠯᠲᠠ ᠵᠢᠨ ᠰᠢᠰᠲ᠋ᠧᠮ᠎ᠢ ᠪᠠᠶ᠋ᠢᠭᠤᠯᠵᠤ᠂ ᠰᠤᠮᠤ ᠰᠢᠶᠠᠩ ᠪᠠᠯᠭ᠋ᠠᠰᠤ᠎ᠠᠴᠠ ᠳᠡᠭᠡᠭᠰᠢ ᠭᠤᠤᠯ ᠮᠦᠷᠡᠨ ᠨᠠᠭᠤᠷ ᠴᠦᠬᠦᠷᠡᠮ᠎ᠤᠨ ᠶᠡᠷᠦᠩᠬᠡᠢ ᠳᠠᠷᠤᠭ᠎ᠠ ᠭᠠᠷᠭ᠋ᠠᠵᠤ᠂ ᠡᠯ᠎ᠡ ᠭᠤᠤᠯ ᠮᠦᠷᠡᠨ ᠨᠠᠭᠤᠷ ᠴᠦᠬᠦᠷᠡᠮ᠎ᠤᠨ ᠪᠠᠶ᠋ᠢᠭ᠎ᠠ ᠠᠶ᠋ᠢᠮᠠᠭ ᠬᠤᠳᠠ᠂ ᠬᠤᠰᠢᠭᠤ ᠰᠢᠶᠠᠨ᠂ ᠰᠤᠮᠤ ᠰᠢᠶᠠᠩ ᠪᠠᠯᠭ᠋ᠠᠰᠤ᠎ᠳᠤ ᠴᠥᠮ ᠱᠠᠲᠤ ᠬᠤᠪᠢᠶᠠᠨ᠂ ᠬᠡᠰᠡᠭ ᠢᠯᠭ᠋ᠠᠵᠦ᠂ ᠭᠤᠤᠯ ᠮᠦᠷᠡᠨ ᠨᠠᠭᠤᠷ ᠴᠦᠬᠦᠷᠡᠮ᠎ᠤᠨ ᠳᠠᠷᠤᠭ᠎ᠠ ᠳᠣᠮᠢᠯᠠᠨ᠎ᠠ᠃ ᠭᠠᠴᠠᠭ᠋ᠠᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠎ᠨᠢ ᠪᠣᠳᠠᠲᠤ ᠬᠡᠷᠡᠭᠴᠡᠭᠡ᠎ᠪᠠᠨ ᠦᠨᠳᠦᠰᠦᠯᠡᠨ ᠲᠣᠰᠬᠤᠨ᠎ᠤ ᠲᠠᠰ᠎ᠤᠨ ᠭᠤᠤᠯ ᠮᠦᠷᠡᠨ ᠨᠠᠭᠤᠷ ᠴᠦᠬᠦᠷᠡᠮ᠎ᠤᠨ ᠳᠠᠷᠤᠭ᠎ᠠ ᠵᠢ ᠳᠣᠮᠢᠯᠠᠨ᠎ᠠ᠃

     ᠬᠤᠷᠢᠨ ᠳᠣᠯᠣᠳᠤᠭ᠋ᠠᠷ ᠵᠦᠢ᠍ᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠤᠤᠯ ᠮᠦᠷᠡᠨ ᠨᠠᠭᠤᠷ ᠴᠦᠬᠦᠷᠡᠮ᠎ᠤᠨ ᠳᠠᠷᠤᠭ᠎ᠠ ᠵᠢᠨ ᠳᠦᠷᠢᠮ᠎ᠤᠨ ᠠᠯᠪᠠᠨ ᠭᠡᠷ ᠲᠣᠬᠢᠷᠠᠭᠤᠯᠵᠤ᠂ ᠬᠡᠷᠡᠭᠴᠡᠭᠡ᠎ᠪᠠᠨ ᠦᠨᠳᠦᠰᠦᠯᠡᠨ ᠭᠤᠤᠯ ᠮᠦᠷᠡᠨ ᠨᠠᠭᠤᠷ ᠴᠦᠬᠦᠷᠡᠮ᠎ᠤᠨ ᠳᠠᠷᠤᠭ᠎ᠠ ᠵᠢᠨ ᠳᠦᠷᠢᠮ᠎ᠤᠨ ᠠᠯᠪᠠᠨ ᠭᠡᠷ᠎ᠤᠨ ᠪᠦᠷᠢᠯᠳᠦᠭᠦᠨ᠎ᠢ ᠲᠣᠭᠲᠠᠭ᠋ᠠᠵᠤ᠂ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠶᠣᠰᠣᠭ᠋ᠠᠷ᠂ ᠪᠣᠳᠠᠲᠠᠢ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢ ᠬᠠᠷᠢᠭᠤᠴᠠᠵᠤ᠂ ᠭᠤᠤᠯ ᠮᠦᠷᠡᠨ ᠨᠠᠭᠤᠷ ᠴᠦᠬᠦᠷᠡᠮ᠎ᠤᠨ ᠳᠠᠷᠤᠭ᠎ᠠ ᠵᠢᠨ ᠲᠣᠭᠲᠠᠭ᠋ᠠᠭᠰᠠᠨ ᠵᠦᠢ᠍ᠯ᠎ᠢ ᠨᠠᠶ᠋ᠢᠳᠠᠪᠤᠷᠢᠵᠢᠭᠤᠯᠬᠤ ᠬᠡᠷᠡᠭᠲᠡᠢ᠃

     ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠪᠣᠳᠠᠲᠠᠢ ᠬᠡᠷᠡᠭᠴᠡᠭᠡ᠎ᠪᠠᠨ ᠦᠨᠳᠦᠰᠦᠯᠡᠨ᠂ ᠭᠤᠤᠯ ᠮᠦᠷᠡᠨ ᠨᠠᠭᠤᠷ ᠴᠦᠬᠦᠷᠡᠮ ᠴᠥᠭᠦᠷᠥᠮ᠎ᠤᠨ ᠳᠠᠷᠤᠭ᠎ᠠ ᠵᠢᠨ ᠳᠦᠷᠢᠮ᠎ᠤᠨ ᠠᠵᠢᠯ᠎ᠢ ᠬᠠᠷᠢᠭᠤᠴᠠᠬᠤ ᠪᠠᠶ᠋ᠢᠭᠤᠯᠤᠮᠵᠢ ᠵᠢ ᠲᠣᠳᠣᠷᠬᠠᠶ᠋ᠢᠯᠠᠬᠤ ᠬᠡᠷᠡᠭᠲᠡᠢ᠃

     ᠬᠤᠷᠢᠨ ᠨᠠᠢ᠍ᠮᠠᠳᠤᠭ᠋ᠠᠷ ᠵᠦᠢ᠍ᠯ᠂ ᠡᠯ᠎ᠡ ᠱᠠᠲᠤᠨ᠎ᠤ ᠶᠡᠷᠦᠩᠬᠡᠢ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠪᠣᠯ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠭᠤᠣᠯ ᠮᠥᠷᠡᠨ ᠨᠠᠭᠤᠷ ᠴᠥᠭᠦᠷᠥᠮ᠎ᠤᠨ ᠠᠵᠢᠯ᠎ᠤᠨ ᠨᠢᠭᠡᠳᠦᠭᠡᠷ ᠬᠠᠷᠢᠭᠤᠴᠠᠯᠭ᠋ᠠᠲᠠᠨ ᠪᠠᠶ᠋ᠢᠵᠤ᠂ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠎ᠤᠨ ᠠᠵᠢᠯ᠎ᠢ ᠵᠣᠬᠢᠶᠠᠨ ᠪᠠᠶ᠋ᠢᠭᠤᠯᠵᠤ ᠤᠳᠤᠷᠢᠳᠬᠤ᠂ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠠ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠬᠠᠷᠢᠭᠤᠴᠠᠵᠤ᠂ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠎ᠤᠨ ᠡᠭᠦᠷᠭᠡ ᠵᠢ ᠨᠠᠶ᠋ᠢᠳᠠᠪᠤᠷᠢᠵᠢᠭᠤᠯᠬᠤ ᠳᠤᠮᠳᠠᠬᠢ ᠴᠢᠬᠤᠯᠠ ᠶᠡᠭᠡ ᠠᠰᠠᠭᠤᠳᠠᠯ᠎ᠢ ᠨᠢᠭᠡᠳᠦᠯᠲᠡᠢ ᠲᠥᠯᠥᠪᠯᠡᠨ ᠰᠢᠢ᠍ᠳᠪᠦᠷᠢᠯᠡᠨ᠎ᠡ᠃

     ᠡᠯ᠎ᠡ ᠱᠠᠲᠤᠨ᠎ᠤ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠨᠠᠷ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠭᠤᠣᠯ ᠮᠥᠷᠡᠨ ᠨᠠᠭᠤᠷ ᠴᠥᠭᠦᠷᠥᠮ᠎ᠤᠨ ᠤᠰᠤᠨ᠎ᠤ ᠡᠬᠢ ᠪᠠᠶᠠᠯᠢᠭ᠎ᠤᠨ ᠬᠠᠮᠠᠭ᠋ᠠᠯᠠᠯᠲᠠ᠂ ᠤᠰᠤᠨ ᠣᠷᠣᠨ᠎ᠤ ᠡᠷᠭᠢ ᠵᠢᠨ ᠬᠠᠮᠢᠶᠠᠷᠤᠯᠲᠠ᠂ ᠤᠰᠤᠨ᠎ᠤ ᠪᠣᠬᠢᠷᠳᠤᠯ᠎ᠢ ᠰᠡᠷᠭᠡᠶ᠋ᠢᠯᠡᠨ ᠵᠠᠰᠠᠬᠤ᠂ ᠤᠰᠤᠨ᠎ᠤ ᠣᠷᠴᠢᠨ ᠲᠣᠭᠤᠷᠢᠨ᠎ᠢ ᠵᠠᠰᠠᠬᠤ᠂ ᠤᠰᠤᠨ᠎ᠤ ᠠᠮᠢ ᠠᠬᠤᠢ ᠵᠢ ᠰᠡᠷᠭᠦᠭᠡᠬᠦ ᠵᠡᠷᠭᠡ ᠠᠵᠢᠯ᠎ᠳᠤ ᠱᠠᠲᠤ ᠬᠤᠪᠢᠶᠠᠨ ᠬᠡᠰᠡᠭ ᠢᠯᠭ᠋ᠠᠵᠦ᠂ ᠲᠣᠥᠷᠵᠢᠭᠤᠯᠤᠭᠰᠠᠨ ᠬᠠᠮᠢᠶᠠᠷᠤᠯᠲᠠ ᠵᠢ ᠬᠡᠷᠡᠭᠵᠢᠭᠦᠯᠵᠦ᠂ ᠬᠠᠮᠢᠶᠠᠳᠠᠢ ᠰᠠᠯᠠᠭ᠎ᠠ ᠮᠥᠴᠢᠷ ᠪᠠ ᠨᠢᠭᠡᠴᠡ ᠪᠤᠯᠤᠨ ᠳᠣᠣᠷ᠎ᠠ ᠨᠢᠭᠡ ᠱᠠᠲᠤᠨ᠎ᠤ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠵᠣᠬᠢᠴᠠᠭᠤᠯᠤᠨ ᠱᠠᠭ᠋ᠠᠷᠳᠠᠬᠤ ᠬᠡᠷᠡᠭᠲᠡᠢ᠃

     ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠎ᠤᠨ ᠪᠦᠷᠢᠯᠳᠦᠭᠦᠨ ᠨᠢᠭᠡᠴᠡ᠎ᠨᠦᠭᠦᠳ ᠠᠵᠢᠯ᠎ᠤᠨ ᠬᠤᠪᠢᠶᠠᠷᠢᠯᠠᠯ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠎ᠤᠨ ᠬᠠᠮᠢᠶᠠᠳᠠᠢ ᠠᠵᠢᠯ᠎ᠢ ᠨᠠᠶ᠋ᠢᠳᠠᠪᠤᠷᠢᠵᠢᠭᠤᠯᠤᠨ᠎ᠠ᠃

     ᠬᠤᠷᠢ ᠶᠢᠰᠦᠳᠦᠭᠡᠷ ᠵᠦᠢ᠍ᠯ᠂ ᠭᠤᠣᠯ ᠮᠥᠷᠡᠨ ᠨᠠᠭᠤᠷ ᠴᠥᠭᠦᠷᠥᠮ᠎ᠤᠨ ᠶᠡᠷᠦᠩᠬᠡᠢ ᠳᠠᠷᠤᠭ᠎ᠠ᠎ᠨᠢ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠦᠭᠡᠢ ᠪᠤᠶᠤ ᠠᠨᠠᠢ ᠭᠦᠢ᠍ᠴᠡᠳᠬᠡᠭᠰᠡᠨ ᠲᠤᠰ ᠱᠠᠲᠤᠨ᠎ᠤ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠪᠤᠯᠤᠨ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮᠲᠦ ᠪᠦᠷᠢᠯᠳᠦᠭᠦᠨ ᠨᠢᠭᠡᠴᠢ ᠵᠢᠨ ᠬᠠᠷᠢᠭᠤᠴᠠᠯᠭ᠋ᠠᠲᠠᠨ᠂ ᠳᠣᠣᠷ᠎ᠠ ᠨᠢᠭᠡ ᠱᠠᠲᠤᠨ᠎ᠤ ᠭᠤᠣᠯ ᠮᠥᠷᠡᠨ ᠨᠠᠭᠤᠷ ᠴᠥᠭᠦᠷᠥᠮ᠎ᠤᠨ ᠶᠡᠷᠦᠩᠬᠡᠢ ᠳᠠᠷᠤᠭ᠎ᠠ᠎ᠲᠠᠢ ᠪᠣᠯᠵᠣᠨ ᠶᠠᠷᠢᠯᠴᠠᠵᠤ᠂ ᠬᠤᠭᠤᠴᠠᠭ᠎ᠠ ᠲᠣᠭᠲᠠᠭ᠋ᠠᠨ ᠴᠡᠭᠴᠡᠯᠡᠨ ᠰᠠᠶ᠋ᠢᠵᠢᠷᠠᠭᠤᠯᠬᠤ ᠱᠠᠭ᠋ᠠᠷᠳᠠᠯᠭ᠎ᠠ ᠳᠤᠷᠠᠳᠴᠤ ᠪᠣᠯᠣᠨ᠎ᠠ᠃

     ᠭᠤᠴᠢᠳᠤᠭ᠋ᠠᠷ ᠵᠦᠢ᠍ᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ᠎ᠨᠢ ᠶᠡᠷᠦᠳᠡ ᠵᠢᠨ ᠬᠢᠨᠠᠨ ᠰᠢᠯᠭ᠋ᠠᠯᠳᠠ ᠪᠠ ᠵᠢᠯ᠎ᠤᠨ ᠡᠴᠦᠰ᠎ᠤᠨ ᠬᠢᠨᠠᠨ ᠰᠢᠯᠭ᠋ᠠᠯᠳᠠ ᠵᠢ ᠬᠠᠷᠢᠯᠴᠠᠨ ᠤᠶᠠᠯᠳᠠᠭᠤᠯᠵᠦ ᠪᠠᠶ᠋ᠢᠭ᠋ᠠᠳ᠂ ᠳᠣᠣᠷ᠎ᠠ ᠨᠢᠭᠡ ᠱᠠᠲᠤᠨ᠎ᠤ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠪᠠ ᠳᠣᠣᠷ᠎ᠠ ᠨᠢᠭᠡ ᠱᠠᠲᠤᠨ᠎ᠤ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠭᠰᠡᠨ ᠪᠠᠶ᠋ᠢᠳᠠᠯ᠎ᠳᠤ ᠬᠢᠨᠠᠨ ᠰᠢᠯᠭ᠋ᠠᠯᠳᠠ ᠬᠢᠬᠦ ᠠᠵᠢᠯ᠎ᠢ ᠬᠠᠷᠢᠭᠤᠴᠠᠨ ᠵᠣᠬᠢᠶᠠᠨ ᠪᠠᠶ᠋ᠢᠭᠤᠯᠵᠤ᠂ ᠰᠢᠯᠭ᠋ᠠᠨ ᠬᠢᠨᠠᠭᠰᠠᠨ ᠦᠷ᠎ᠡ ᠳ᠋ᠦᠩ᠎ᠢ ᠨᠠᠮ ᠵᠠᠰᠠᠭ᠎ᠤᠨ ᠤᠳᠤᠷᠢᠳᠬᠤ ᠺᠠᠳ᠋ᠷ᠎ᠢ ᠶᠡᠷᠦᠩᠬᠡᠶ᠋ᠢᠯᠡᠨ ᠰᠢᠯᠭ᠋ᠠᠨ ᠬᠢᠨᠠᠵᠤ ᠦᠨᠡᠯᠡᠬᠦ ᠵᠢᠨ ᠴᠢᠬᠤᠯᠠ ᠦᠨᠳᠦᠰᠦᠯᠡᠯ ᠪᠣᠯᠭ᠋ᠠᠨ᠎ᠠ᠃

     ᠭᠤᠴᠢᠨ ᠨᠢᠭᠡᠳᠦᠭᠡᠷ ᠵᠦᠢ᠍ᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠤᠯᠭ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠂ ᠠᠮᠢ ᠠᠬᠤᠢ ᠵᠢᠨ ᠣᠷᠴᠢᠨ ᠲᠣᠭᠤᠷᠢᠨ᠂ ᠣᠷᠣᠨ ᠰᠠᠭᠤᠴᠠ ᠪᠣᠯᠣᠨ ᠬᠤᠳᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠠᠴᠢᠶ᠎ᠠ ᠵᠦᠬᠡᠬᠡᠪᠦᠷᠢ᠂ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠎ᠠ᠂ ᠲᠠᠷᠢᠶᠠᠯᠠᠩ ᠮᠠᠯ ᠠᠵᠤ ᠠᠬᠤᠢ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ᠂ ᠤᠢ ᠰᠢᠭᠤᠢ ᠪᠣᠯᠣᠨ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠢ᠃ ᠰᠠᠯᠠᠭ᠎ᠠ ᠮᠥᠴᠢᠷ᠎ᠤᠳ ᠵᠥᠪᠳᠡᠯᠴᠡᠬᠦ᠂ ᠮᠡᠳᠡᠭᠡ ᠵᠠᠩᠭᠢ ᠵᠢ ᠬᠠᠮᠲᠤ᠎ᠪᠠᠷ ᠠᠰᠢᠬᠯᠠᠬᠤ᠂ ᠬᠡᠮᠳᠦ ᠬᠡᠷᠡᠭ᠎ᠢ ᠰᠢᠯᠵᠢᠭᠦᠯᠦᠨ ᠲᠤᠰᠢᠶᠠᠬᠤ ᠪᠤᠯᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠪᠤᠯᠤᠨ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢ ᠠᠪᠤᠴᠠᠯᠳᠣᠭᠤᠯᠬᠤ ᠵᠡᠷᠭᠡ ᠠᠵᠢᠯ᠎ᠤᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠴᠢᠩᠭ᠋ᠠᠷᠠᠭᠤᠯᠤᠨ᠎ᠠ᠃

     ᠭᠤᠴᠢᠨ ᠬᠤᠶᠠᠳᠤᠭ᠋ᠠᠷ ᠵᠦᠢ᠍ᠯ᠂ ᠡᠨᠡ ᠳᠦᠷᠢᠮ ᠲᠣᠭᠲᠠᠭ᠋ᠠᠯ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ ᠵᠢ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠶᠠᠪᠤᠳᠠᠯ᠎ᠤᠨ ᠬᠠᠤᠯᠢ》 ᠵᠡᠷᠭᠡ ᠤᠯᠤᠰ᠎ᠤᠨ ᠬᠠᠮᠢᠶᠠᠳᠠᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠲᠤ ᠳᠡᠮᠳᠡᠭᠯᠡᠭᠰᠡᠨ ᠪᠣᠳᠠᠲᠠᠢ ᠰᠢᠳᠬᠡᠨ ᠲᠣᠷᠭ᠋ᠠᠬᠤ ᠲᠣᠭᠲᠠᠭ᠋ᠠᠯ ᠵᠶ᠋ᠠᠷ ᠰᠢᠢ᠍ᠳᠬᠡᠨ᠎ᠡ᠃

     ᠭᠤᠴᠢᠨ ᠭᠤᠷᠪᠠᠳᠤᠭ᠋ᠠᠷ ᠵᠦᠢ᠍ᠯ᠂ ᠲᠤᠰ ᠳᠦᠷᠢᠮ᠎ᠤᠨ ᠠᠷᠪᠠᠨ ᠳᠥᠷᠪᠡᠳᠦᠭᠡᠷ ᠵᠣᠶ᠋ᠢᠯ᠎ᠠᠴᠠ ᠵᠦᠷᠢᠴᠡᠵᠦ᠂ ᠭᠡᠷᠡᠯ ᠵᠶ᠋ᠠᠷ ᠴᠠᠬᠢᠯᠭ᠋ᠠᠨ ᠭᠠᠷᠭ᠋ᠠᠬᠤ ᠥᠷᠳᠡᠭᠡ᠂ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ ᠳᠦᠬᠦᠬᠡᠷᠦᠮᠵᠢ ᠵᠢ ᠦᠶᠡᠷ᠎ᠢ ᠰᠡᠷᠭᠡᠶ᠋ᠢᠯᠡᠬᠦ᠂ ᠤᠰᠤ ᠬᠠᠩᠭ᠋ᠠᠬᠤ ᠴᠢᠳᠠᠮᠵᠢ᠎ᠲᠠᠢ ᠪᠠ ᠤᠰᠤᠨ᠎ᠤ ᠠᠮᠢ ᠠᠬᠤᠢ᠂ ᠤᠰᠤᠨ᠎ᠤ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠡᠷᠡᠭᠴᠡᠭᠡ ᠪᠦᠬᠦᠢ ᠣᠷᠣᠨ᠎ᠲᠤ ᠪᠠᠶ᠋ᠢᠷᠢᠯᠠᠭᠤᠯᠤᠭᠰᠠᠨ ᠪᠠᠶ᠋ᠢᠪᠠᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ ᠟᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠢ ᠭᠤᠣᠯᠴᠢᠯᠠᠨ ᠬᠠᠮᠢᠶᠠᠷᠬᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠠᠤᠯᠢ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ ᠵᠢ᠎ᠨᠢ ᠱᠠᠭ᠋ᠠᠷᠳᠠᠨ ᠵᠣᠭᠰᠣᠭ᠋ᠠᠵᠤ᠂ ᠲᠦᠮᠡᠨ ᠲᠥᠭᠦᠷᠢᠭ᠎ᠠᠴᠠ ᠳᠡᠭᠡᠭᠰᠢ 10 ᠲᠦᠮᠡᠨ ᠲᠥᠭᠦᠷᠢᠭ᠎ᠠᠴᠠ ᠳᠣᠷᠣᠭᠰᠢ ᠮᠦᠩᠬᠦ᠎ᠪᠠᠷ ᠳᠣᠷᠭᠤᠨ᠎ᠠ᠃

     ᠭᠤᠴᠢᠨ ᠳᠥᠷᠪᠡᠳᠦᠭᠡᠷ ᠵᠦᠢ᠍ᠯ᠂ ᠲᠤᠰ ᠳᠦᠷᠢᠮ᠎ᠤᠨ ᠠᠷᠪᠠᠨ ᠨᠠᠢ᠍ᠮᠠᠳᠤᠭ᠋ᠠᠷ ᠵᠦᠢ᠍ᠯ᠎ᠠᠴᠠ ᠵᠦᠷᠢᠴᠡᠵᠦ᠂ ᠵᠦᠪᠰᠢᠶᠡᠷᠡᠯ ᠦᠭᠡᠢ᠎ᠪᠠᠷ ᠭᠤᠣᠯ᠎ᠠᠴᠠ ᠬᠠᠶ᠋ᠢᠷ ᠮᠠᠯᠳᠠᠬᠰᠠᠨ ᠪᠠᠶ᠋ᠢᠪᠠᠯ᠂ ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠢ ᠭᠤᠣᠯᠴᠢᠯᠠᠨ ᠬᠠᠮᠢᠶᠠᠷᠬᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠠᠤᠯᠢ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ ᠵᠢ᠎ᠨᠢ ᠱᠠᠭ᠋ᠠᠷᠳᠠᠨ ᠵᠣᠭᠰᠣᠭ᠋ᠠᠵᠤ᠂ ᠬᠤᠭᠤᠴᠠᠭ᠎ᠠ ᠬᠢᠵᠠᠭ᠋ᠠᠷᠯᠠᠨ ᠰᠡᠯᠪᠢᠨ ᠵᠠᠰᠠᠵᠤ ᠨᠥᠬᠦᠪᠦᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠬᠠᠤᠯᠢ᠎ᠠᠴᠠ ᠵᠥᠷᠢᠴᠡᠵᠦ ᠣᠯᠣᠭᠰᠠᠨ ᠣᠯᠵᠠ ᠠᠰᠢᠭ᠎ᠢ᠎ᠨᠢ ᠬᠤᠷᠢᠶᠠᠨ ᠠᠪᠴᠤ᠂ ᠮᠠᠯᠲᠠᠭᠰᠠᠨ ᠬᠠᠶ᠋ᠢᠷ ᠴᠢᠯᠠᠭᠤ ᠵᠢᠨ ᠥᠷᠳᠡᠭ ᠵᠣᠭᠤᠰ᠎ᠤᠨ ᠳᠣᠭ᠋ᠠᠨ᠎ᠤ ᠬᠤᠶᠠᠷ ᠲᠠᠬᠢᠨ᠎ᠠᠴᠠ ᠳᠡᠭᠡᠭᠰᠢ ᠬᠤᠷᠢᠨ ᠲᠠᠬᠢᠨ᠎ᠠᠴᠠ ᠳᠣᠭᠤᠭᠰᠢ ᠮᠦᠩᠬᠦ᠎ᠪᠠᠷ ᠳᠣᠷᠭᠤᠨ᠎ᠠ᠃ ᠦᠷᠲᠡᠭ ᠵᠣᠭᠤᠰ᠎ᠤᠨ ᠲᠤᠭ᠎ᠠ᠎ᠨᠢ 10 ᠲᠦᠮᠡᠨ ᠲᠥᠭᠦᠷᠢᠭ᠎ᠠᠴᠠ ᠪᠠᠭ᠎ᠠ ᠪᠠᠶ᠋ᠢᠪᠠᠯ᠂ 20 ᠲᠦᠮᠡᠨ ᠲᠥᠭᠦᠷᠢᠭ᠎ᠠᠴᠠ ᠳᠡᠭᠡᠭᠰᠢ 200 ᠲᠦᠮᠡᠨ ᠲᠥᠭᠦᠷᠢᠭ᠎ᠠᠴᠠ ᠳᠣᠭᠤᠭᠰᠢ ᠮᠦᠩᠬᠦ᠎ᠪᠠᠷ ᠳᠣᠷᠭᠤᠨ᠎ᠠ᠃ ᠶᠠᠯ᠎ᠠ ᠪᠣᠯᠵᠤ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠭᠡᠷᠡᠭ᠎ᠤᠨ ᠬᠠᠷᠢᠭᠤᠴᠠᠯᠭ᠎ᠠ ᠨᠡᠬᠡᠮᠵᠢᠯᠡᠨ᠎ᠡ᠃

     ᠭᠤᠴᠢᠨ ᠲᠠᠪᠤᠳᠤᠭ᠋ᠠᠷ ᠵᠦᠢ᠍ᠯ᠂ ᠲᠤᠰ ᠳᠦᠷᠢᠮ᠎ᠤᠨ ᠠᠷᠪᠠ ᠶᠢᠰᠦᠳᠦᠭᠡᠷ ᠵᠦᠢ᠍ᠯ᠎ᠤᠨ ᠲᠣᠭᠲᠠᠭ᠋ᠠᠯ᠎ᠠᠴᠠ ᠵᠦᠷᠢᠴᠡᠵᠦ᠂ ᠤᠰᠤᠨ ᠴᠥᠭᠦᠷᠥᠮ᠂ ᠤᠰᠤᠨ ᠴᠠᠬᠢᠯᠭ᠋ᠠᠨ ᠥᠷᠳᠡᠭᠡ᠂ ᠤᠰᠤᠨ ᠠᠰᠢᠭᠯᠠᠯᠲᠠ ᠵᠢᠨ ᠬᠦᠢ᠍ᠰᠦ ᠵᠡᠷᠭᠡ ᠤᠰᠤᠨ᠎ᠤ ᠪᠠᠷᠢᠯᠭ᠎ᠠ ᠵᠢᠨ ᠬᠠᠮᠢᠶᠠᠷᠤᠯᠲᠠ ᠵᠢᠨ ᠨᠢᠭᠡᠴᠡ᠎ᠨᠦᠭᠦᠳ ᠵᠥᠪᠰᠢᠶᠡᠷᠡᠭᠰᠡᠨ ᠠᠵᠢᠯ᠎ᠤᠨ ᠲᠥᠰᠥᠯ ᠶᠣᠰᠣᠭ᠋ᠠᠷ᠂ ᠭᠤᠤᠯ ᠮᠦᠷᠡᠨ ᠨᠠᠭᠤᠷ ᠴᠦᠬᠦᠷᠡᠮ᠎ᠤᠨ ᠪᠠᠶ᠋ᠢᠬᠤ ᠶᠤᠰᠤᠳᠠᠢ ᠠᠮᠢ ᠠᠬᠤᠢ ᠵᠢᠨ ᠤᠷᠤᠰᠬᠠᠯ᠎ᠤᠨ ᠬᠡᠮᠵᠢᠶ᠎ᠡ (ᠤᠰᠤᠨ᠎ᠤ ᠬᠡᠮᠵᠢᠶ᠎ᠡ) ᠵᠢ ᠪᠠᠲᠤᠯᠠᠭᠰᠠᠨ ᠦᠭᠡᠢ ᠪᠠᠶ᠋ᠢᠪᠠᠯ᠂ ᠬᠤᠰᠢᠭᠤ ᠰᠢᠶᠠᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠢ ᠭᠤᠣᠯᠴᠢᠯᠠᠨ ᠬᠠᠮᠢᠶᠠᠷᠬᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠱᠠᠭ᠋ᠠᠷᠳᠠᠵᠦ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠵᠠᠰᠠᠭᠤᠯᠤᠨ᠎ᠠ᠃ ᠴᠠᠭ᠎ᠲᠠᠭᠠᠨ ᠵᠠᠰᠠᠬᠤ ᠦᠬᠡᠢ ᠪᠠᠶ᠋ᠢᠪᠠᠯ᠂ ᠲᠦᠮᠡᠨ ᠲᠥᠭᠦᠷᠢᠭ᠎ᠠᠴᠠ ᠳᠡᠭᠡᠭᠰᠢ᠂ 10 ᠲᠦᠮᠡᠨ ᠲᠥᠭᠦᠷᠢᠭ᠎ᠠᠴᠠ ᠳᠣᠭᠤᠭᠰᠢ ᠮᠦᠩᠬᠦ᠎ᠪᠠᠷ ᠳᠣᠷᠭᠤᠨ᠎ᠠ᠃

     ᠭᠤᠴᠢᠨ ᠵᠢᠷᠭᠤᠳᠤᠭ᠋ᠠᠷ ᠵᠦᠢ᠍ᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠤᠯᠤᠨ ᠬᠠᠮᠢᠶᠠᠳᠠᠢ ᠰᠠᠯᠠᠭ᠎ᠠ ᠮᠥᠴᠢᠷ ᠪᠤᠶᠤ ᠲᠡᠭᠦᠨ᠎ᠤ ᠠᠵᠢᠯᠲᠠᠨ ᠡᠭᠦᠷᠭᠡ ᠲᠤᠰᠢᠶᠠᠯ᠎ᠳᠠᠭᠠᠨ ᠣᠰᠣᠯᠳᠠᠵᠤ᠂ ᠡᠷᠬᠡ᠎ᠪᠠᠨ ᠳᠣᠷ᠎ᠠ᠎ᠪᠠᠷ ᠠᠰᠢᠬᠯᠠᠬᠰᠠᠨ᠂ ᠬᠤᠪᠢ ᠵᠢᠨ ᠨᠠᠶ᠋ᠢᠷ ᠵᠶ᠋ᠠᠷ ᠬᠠᠤᠯᠢ ᠳᠦᠷᠢᠮ᠎ᠢ ᠵᠥᠷᠢᠴᠡᠭᠰᠡᠨ ᠪᠠᠶ᠋ᠢᠪᠠᠯ᠂ ᠰᠢᠭᠤᠳ ᠬᠠᠷᠢᠭᠤᠴᠠᠵᠤ ᠪᠠᠶ᠋ᠢᠭ᠎ᠠ ᠭᠤᠣᠯᠴᠢᠯᠠᠨ ᠬᠠᠮᠢᠶᠠᠷᠬᠤ ᠠᠵᠢᠯᠲᠠᠨ ᠪᠣᠯᠣᠨ ᠪᠤᠰᠤᠳ ᠰᠢᠭᠤᠳ ᠬᠠᠷᠢᠭᠤᠴᠠᠯᠭ᠎ᠠ᠎ᠲᠠᠢ ᠬᠥᠮᠥᠰ᠎ᠲᠤ ᠬᠠᠤᠯᠢ ᠶᠣᠰᠣᠭ᠋ᠠᠷ ᠰᠢᠳᠬᠡᠯ ᠥᠭᠭᠦᠨ᠎ᠡ᠃ ᠶᠠᠯ᠎ᠠ ᠪᠣᠯᠵᠤ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠭᠡᠷᠡᠭ᠎ᠤᠨ ᠬᠠᠷᠢᠭᠤᠴᠠᠯᠭ᠎ᠠ ᠨᠡᠬᠡᠮᠵᠢᠯᠡᠨ᠎ᠡ᠃

     ᠭᠤᠴᠢᠨ ᠳᠣᠯᠣᠳᠤᠭ᠋ᠠᠷ ᠵᠦᠢ᠍ᠯ᠂ ᠡᠨᠡ ᠳᠦᠷᠢᠮ᠎ᠢ 2023᠎ᠤᠨ᠎ᠤ 1 ᠳ᠋ᠣᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠣᠰᠣᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ 《ᠤᠰᠤᠨ᠎ᠤ ᠡᠬᠢ ᠪᠠᠶᠠᠯᠢᠭ᠎ᠤᠨ ᠬᠠᠮᠤᠭ᠎ᠤᠨ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠵᠤ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠵᠢ ᠪᠥᠬᠦ ᠲᠠᠯ᠎ᠠ᠎ᠪᠠᠷ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ 2023 ᠣᠨ᠎ᠤ ᠪᠦᠬᠦ ᠣᠷᠣᠨ᠎ᠤ ᠤᠰᠤᠨ ᠴᠥᠭᠥᠷᠥᠮ᠎ᠤᠨ ᠶᠡᠬᠡ ᠬᠠᠰᠢᠯᠭ᠎ᠠ ᠵᠢᠨ ᠠᠮᠤᠷ ᠲᠦᠪᠰᠢᠨ᠎ᠤ ᠬᠠᠷᠢᠭᠤᠴᠠᠯᠭ᠋ᠠᠲᠠᠨ ᠪᠠ ᠦᠶᠡᠷ᠎ᠢ ᠰᠡᠷᠭᠡᠶ᠋ᠢᠯᠡᠬᠦ ᠬᠠᠷᠢᠭᠤᠴᠠᠯᠭ᠋ᠠᠲᠠᠨ᠎ᠤ ᠨᠡᠷᠡᠰ᠎ᠢ ᠨᠡᠶ᠋ᠢᠲᠡᠯᠡᠬᠦ ᠲᠤᠬᠠᠢ ᠮᠡᠳᠡᠭᠳᠡᠯ
ᠲᠥᠪ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠳ᠋ᠤᠭ᠋ᠠᠷ ᠬᠠᠰᠤᠬᠤ ᠲᠤᠬᠠᠶ ᠵᠠᠷᠯᠠᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ 2023 ᠣᠨ᠎ᠤ ᠠᠩᠬᠠᠳᠠᠭᠴᠢ ᠪᠦᠯᠦᠭ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠵᠢᠨ ᠠᠵᠢᠯ᠎ᠤᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠶ ᠦᠢ᠍ᠯᠡᠳᠪᠦᠷᠢᠯᠡᠯ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠬᠦ ᠲᠤᠬᠠᠶ ᠮᠡᠳᠡᠭᠳᠡᠯ
ᠳᠥᠷᠪᠡᠳᠦᠭᠡᠷ ᠬᠤᠭᠤᠴᠠᠭ᠋ᠠᠨ᠎ᠤ 《ᠬᠠᠮᠤᠭ᠎ᠤᠨ ᠭᠣᠶᠣ ᠤᠰᠤᠨ ᠠᠰᠢᠭᠯᠠᠯᠲᠠ ᠵᠢᠨ ᠠᠵᠢᠯᠲᠠᠨ》᠎ᠢ ᠲᠠᠨᠢᠯᠴᠠᠭᠤᠯᠬᠤ ᠲᠤᠬᠠᠢ ᠰᠢᠯᠭ᠋ᠠᠷᠠᠭᠤᠯᠤᠭᠰᠠᠨ ᠦᠷ᠎ᠡ ᠳ᠋ᠦᠩ ᠎ᠤᠨ ᠵᠠᠷᠯᠠᠯ
 
            