ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ 2023 ᠣᠨ᠎ᠤ ᠠᠩᠬᠠᠳᠠᠭᠴᠢ ᠪᠦᠯᠦᠭ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠵᠢᠨ ᠠᠵᠢᠯ᠎ᠤᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠶ ᠦᠢ᠍ᠯᠡᠳᠪᠦᠷᠢᠯᠡᠯ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2023-05-05

ᠡᠯ᠎ᠡ ᠬᠤᠯᠪᠣᠭᠳᠠᠯ ᠪᠦᠬᠦᠢ ᠨᠢᠭᠡᠴᠢ᠄
    

   ᠮᠠᠨ᠎ᠤ ᠲᠢᠩᠬᠢᠮ᠎ᠤᠨ 《2023 ᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠵᠢᠨ ᠠᠵᠢᠯ᠎ᠤᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠶ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠲᠥᠯᠥᠪᠯᠡᠭᠡ ᠵᠢ ᠨᠡᠶ᠋ᠢᠲᠡᠯᠡᠬᠦ ᠲᠤᠬᠠᠶ ᠮᠡᠳᠡᠭᠳᠡᠯ》 (ᠥᠪᠥᠷ ᠤᠰᠤᠨ ᠲᠡᠭᠡᠭᠡᠪᠦᠷᠢ ᠵᠢᠨ ᠬᠠᠮᠢᠶᠠᠷᠤᠯᠲᠠ [2023 ] 30 ᠳ᠋ᠤᠭ᠋ᠠᠷ ᠲᠣᠭ᠋ᠠᠲᠤ)᠎ᠢ ᠦᠨᠳᠦᠰᠦᠯᠡᠨ᠂ ᠡᠳᠦᠭᠡ 2023 ᠣᠨ᠎ᠤ ᠠᠩᠬᠠᠳᠤᠭ᠋ᠠᠷ ᠪᠦᠯᠦᠭ᠎ᠤᠨ ᠠᠶᠤᠯᠭᠦᠶ ᠦᠢ᠍ᠯᠡᠳᠪᠦᠷᠢᠯᠡᠯ᠎ᠤᠨ ᠮᠡᠳᠡᠯᠭᠡ ᠵᠢᠨ ᠰᠢᠯᠭ᠋ᠠᠯᠲᠠ᠎ᠳᠤ ᠨᠡᠷ᠎ᠡ ᠮᠡᠳᠡᠭᠦᠯᠬᠦ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠄

   ᠨᠢᠭᠡ᠂ ᠨᠡᠷ᠎ᠡ ᠮᠡᠳᠡᠭᠦᠯᠬᠦ ᠬᠡᠪᠴᠢᠶ᠎ᠡ

   ᠥᠪᠥᠷ ᠮᠣᠩᠭᠣᠯ᠎ᠤᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠵᠢᠨ ᠠᠵᠢᠯ᠎ᠤᠨ ᠠᠵᠤ ᠠᠬᠤᠶ᠋ᠢᠯᠠᠯ᠎ᠤᠨ ᠭᠣᠤᠯ ᠬᠠᠷᠢᠭᠤᠴᠠᠯᠭ᠋ᠠᠲᠠᠨ (A ᠲᠥᠷᠥᠯ)᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ (B ᠲᠥᠷᠥᠯ)᠂ ᠲᠤᠰᠬᠠᠶ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ (C ᠲᠥᠷᠥᠯ)᠎ᠤᠨ ᠦᠨᠡᠮᠯᠡᠯ᠎ᠤᠨ ᠬᠠᠮᠢᠶ᠎ᠠ ᠪᠦᠬᠦᠢ ᠠᠵᠢᠯ ᠡᠷᠬᠢᠯᠡᠭᠰᠡᠳ᠃ ᠨᠢᠭᠡᠨᠲᠡ ᠦᠨᠡᠮᠯᠡᠯ ᠣᠯᠣᠭᠰᠠᠨ ᠪᠣᠯ ᠦᠨᠡᠮᠯᠡᠯ᠎ᠢ ᠦᠷᠭᠦᠯᠵᠢᠯᠡᠭᠦᠯᠬᠦ ᠬᠥᠮᠥᠨ ᠲᠤᠰ ᠤᠳᠠᠭ᠋ᠠᠨ᠎ᠤ ᠰᠢᠯᠭ᠋ᠠᠯᠲᠠ᠎ᠳᠤ ᠣᠷᠣᠯᠴᠠᠬᠤ ᠦᠭᠡᠢ᠃

   ᠬᠤᠶᠠᠷ᠂ ᠨᠡᠷ᠎ᠡ ᠮᠡᠳᠡᠭᠦᠯᠬᠦ ᠠᠷᠭ᠎ᠠ ᠮᠠᠶᠢᠭ

   ᠨᠡᠷ᠎ᠡ ᠮᠡᠳᠡᠭᠦᠯᠦᠭᠴᠢ 《ᠥᠪᠥᠷ ᠮᠣᠩᠭᠤᠯ᠎ᠤᠨ 2023 ᠣᠨ᠎ᠤ ᠠᠩᠬᠠᠳᠤᠭ᠋ᠠᠷ ᠪᠦᠯᠦᠭ᠎ᠤᠨ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠰᠢᠯᠭ᠋ᠠᠯᠲᠠ ᠵᠢᠨ ᠨᠡᠷ᠎ᠡ ᠮᠡᠳᠡᠭᠦᠯᠬᠦ ᠬᠦᠰᠦᠨᠦᠭᠲᠦ》 (ᠳᠠᠭ᠋ᠠᠯᠳᠤᠭᠤᠯᠤᠯ᠎ᠳᠤ ᠨᠠᠷᠢᠨ ᠦᠵᠡᠭᠡᠷᠡᠶ ) ᠵᠢ  ᠲᠠᠭᠯᠠᠵᠤ᠂ ᠪᠠᠶ᠋ᠢᠭ᠎ᠠ ᠨᠢᠭᠡᠴᠡ᠎ᠠᠴᠠ᠎ᠪᠠᠨ ᠬᠤᠷᠢᠶᠠᠩᠭᠤᠶ᠋ᠢᠯᠠᠭᠰᠠᠨ᠎ᠤ ᠳᠠᠷᠠᠭ᠎ᠠ᠂ nmgzjz123456@163.com᠎ᠤᠨ ᠰᠢᠤᠳᠠᠨ ᠬᠠᠶ᠋ᠢᠷᠴᠠᠭ᠎ᠲᠤ ᠢᠯᠡᠭᠡᠪᠡ᠃

   ᠭᠤᠷᠪᠠ᠂ ᠨᠡᠷ᠎ᠡ ᠮᠡᠳᠡᠭᠦᠯᠬᠦ ᠴᠠᠭ

  2023 ᠣᠨ᠎ᠤ 4 ᠳ᠋ᠦ᠍ᠭᠡᠷ ᠰᠠᠷ᠎ᠠ ᠵᠢᠨ 28᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 12᠎ᠤᠨ ᠡᠳᠦᠷ ᠪᠣᠯᠲᠠᠯ᠎ᠠ᠃

   ᠳᠥᠷᠪᠡ᠂ ᠪᠤᠰᠤᠳ ᠵᠦᠢ᠍ᠯ

  (ᠨᠢᠭᠡ) ᠰᠦᠢ᠍ᠳᠬᠡᠯ ᠬᠤᠷᠢᠶᠠᠬᠤ ᠦᠭᠡᠢ᠎ᠪᠠᠷ ᠨᠡᠷ᠎ᠡ ᠮᠡᠳᠡᠭᠦᠯᠪᠡᠯ᠃

  (ᠬᠤᠶᠠᠷ) ᠲᠣᠰ ᠤᠳᠠᠭ᠋ᠠᠨ᠎ᠤ ᠰᠢᠯᠭ᠋ᠠᠯᠲᠠ ᠵᠢᠨ ᠳᠤᠲᠠᠭᠳᠠᠵᠤ ᠪᠠᠶ᠋ᠢᠭ᠎ᠠ ᠪᠤᠶᠤ ᠬᠢᠷᠢ ᠪᠦᠲᠦᠮᠵᠢ᠎ᠨᠢ ᠬᠢᠷᠢ ᠲᠡᠩᠴᠡᠭᠰᠡᠨ ᠥᠬᠡᠶ ᠪᠠᠶ᠋ᠢᠪᠠᠯ᠂ ᠮᠥᠨ ᠲᠣᠰ ᠵᠢᠯ᠎ᠤᠨ ᠬᠤᠶᠠᠳᠤᠭ᠋ᠠᠷ ᠪᠦᠯᠦᠭ (2023 ᠣᠨ᠎ᠤ 11 ᠰᠠᠷ᠎ᠠ᠎ᠳᠤ ᠨᠡᠷ᠎ᠡ ᠮᠡᠳᠡᠭᠦᠯᠵᠦ ᠪᠣᠯᠤᠨ᠎ᠠ᠃) ᠰᠢᠯᠭ᠋ᠠᠨ᠎ᠠ᠃

   ᠲᠠᠪᠤ᠂ ᠠᠰᠠᠭᠤᠨ ᠯᠠᠪᠯᠠᠬᠤ ᠤᠲᠠᠰᠤ

   ᠬᠠᠷᠢᠯᠴᠠᠬᠤ ᠬᠥᠮᠦᠨ᠄ ᠶᠠᠩ ᠢᠦᠶ ᠬᠤᠸᠠ 0471 – 5259382

   ᠮᠠ ᠮᠢᠩ 0471 – 5259319

   ᠳᠠᠭ᠋ᠠᠯᠳᠤᠭᠤᠯᠤᠯ᠄ ᠥᠪᠥᠷ ᠮᠣᠩᠭᠤᠯ᠎ᠤᠨ 2023 ᠣᠨ᠎ᠤ ᠠᠩᠬᠠᠳᠤᠭ᠋ᠠᠷ  ᠪᠦᠯᠦᠭ᠎ᠤᠨ ᠤᠰᠤᠨ ᠠᠰᠢᠭᠯᠠᠯᠲᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ᠎ᠤ ᠰᠢᠯᠭ᠋ᠠᠯᠲᠠ ᠵᠢᠨ ᠮᠡᠳᠡᠭᠦᠯᠬᠦ ᠬᠦᠰᠦᠨᠦᠭᠲᠦ.xlsx
    

         ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠲᠢᠩᠬᠢᠮ

    2023 ᠣᠨ᠎ᠤ 4 ᠳ᠋ᠦ᠍ᠭᠡᠷ ᠰᠠᠷ᠎ᠠ ᠵᠢᠨ 28᠎ᠤ ᠡᠳᠦᠷ

 

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠳᠥᠷᠪᠡᠳᠦᠭᠡᠷ ᠬᠤᠭᠤᠴᠠᠭ᠋ᠠᠨ᠎ᠤ 《ᠬᠠᠮᠤᠭ᠎ᠤᠨ ᠭᠣᠶᠣ ᠤᠰᠤᠨ ᠠᠰᠢᠭᠯᠠᠯᠲᠠ ᠵᠢᠨ ᠠᠵᠢᠯᠲᠠᠨ》᠎ᠢ ᠲᠠᠨᠢᠯᠴᠠᠭᠤᠯᠬᠤ ᠲᠤᠬᠠᠢ ᠰᠢᠯᠭ᠋ᠠᠷᠠᠭᠤᠯᠤᠭᠰᠠᠨ ᠦᠷ᠎ᠡ ᠳ᠋ᠦᠩ ᠎ᠤᠨ ᠵᠠᠷᠯᠠᠯ
2023 ᠣᠨ᠎ᠳᠤ ᠠᠯᠪᠠᠲᠠᠨ᠎ᠤ ᠬᠢᠷᠢ ᠬᠡᠮ᠎ᠢ ᠢᠯᠡ᠎ᠪᠠᠷ ᠰᠢᠯᠢᠨ ᠰᠣᠩᠭᠤᠬᠤ ᠳᠠᠬᠢᠨ ᠬᠢᠨᠠᠬᠤ ᠵᠢᠴᠢ ᠨᠢᠭᠤᠷᠳᠠᠯ ᠰᠢᠯᠭ᠋ᠠᠯᠲᠠ ᠵᠢᠨ ᠬᠤᠯᠪᠣᠭᠳᠠᠯ ᠪᠥᠬᠦᠶ ᠵᠦᠢ᠍ᠯᠡᠰ᠎ᠤᠨ ᠲᠤᠬᠠᠶ ᠮᠡᠳᠡᠭᠳᠡᠯ
2023 ᠣᠨ᠎ᠤ ᠪᠥᠬᠥ ᠣᠷᠣᠨ᠎ᠤ ᠤᠰᠤᠨ ᠠᠰᠢᠭᠯᠠᠯᠲᠠ ᠵᠢᠨ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ ᠵᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
2023 ᠣᠨ᠎ᠳᠤ ᠵᠠᠰᠠᠮᠠᠯ ᠵᠠᠮ᠎ᠤᠨ ᠢᠨᠵᠧᠨᠧᠷᠢᠩ᠎ᠤᠨ ᠲᠤᠰᠬᠠᠶ ᠮᠡᠷᠭᠡᠵᠢᠯ᠎ᠤᠨ ᠬᠢᠷᠢ ᠬᠡᠮ ᠭᠤᠶᠤᠴᠢᠯᠠᠨ ᠮᠡᠳᠡᠭᠦᠯᠬᠦ ᠬᠥᠮᠦᠰ᠎ᠢ ᠢᠯᠡ ᠨᠡᠶ᠋ᠢᠲᠡᠯᠡᠬᠦ ᠲᠤᠬᠠᠶ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠤᠤᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢᠨ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ᠎ᠠᠴᠠ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
 
            