ᠡᠯ᠎ᠡ ᠰᠢᠯᠭ᠋ᠠᠭᠤᠯᠤᠭᠴᠢ᠄
2023 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠯᠪᠠᠲᠠᠨ᠎ᠢ ᠢᠯᠡ᠎ᠪᠠᠷ ᠰᠢᠯᠢᠨ ᠰᠣᠩᠭᠤᠬᠤ ᠠᠵᠢᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠡᠳᠦᠭᠡ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠬᠠᠮᠢᠶ᠎ᠠ ᠪᠥᠬᠦᠶ ᠠᠵᠢᠯ᠎ᠤᠨ ᠪᠠᠶ᠋ᠢᠷᠢ ᠵᠢᠨ ᠬᠢᠷᠢ ᠬᠡᠮ᠎ᠢ ᠳᠠᠬᠢᠨ ᠬᠢᠨᠠᠬᠤ ᠵᠢᠴᠢ ᠨᠢᠭᠤᠷᠲᠠᠨ ᠰᠢᠯᠭ᠋ᠠᠬᠤ ᠬᠤᠯᠪᠣᠭᠳᠠᠯ ᠪᠥᠬᠦᠶ ᠵᠦᠢ᠍ᠯᠡᠰ᠎ᠢ ᠮᠡᠳᠡᠭᠦᠯᠦᠨ ᠰᠢᠯᠭ᠋ᠠᠭᠤᠯᠬᠤ᠎ᠪᠠᠷ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠬᠢᠷᠢ ᠬᠡᠮ᠎ᠢ ᠳᠠᠬᠢᠨ ᠬᠢᠨᠠᠬᠤ
(ᠨᠢᠭᠡ) ᠬᠤᠭᠤᠴᠠᠭ᠎ᠠ
2023 ᠣᠨ᠎ᠤ 5 ᠳ᠋ᠤᠭ᠋ᠠᠷ ᠰᠠᠷ᠎ᠠ ᠵᠢᠨ 5᠎ᠤ ᠡᠳᠦᠷ᠎ᠤᠨ ᠦᠳᠡ ᠵᠢᠨ ᠡᠮᠦᠨ᠎ᠡ 9᠄ 00-12᠄ 00 ᠴᠠᠭ
(ᠬᠣᠶᠠᠷ) ᠭᠠᠵᠠᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠶᠡᠷᠦᠩᠬᠡᠶ᠋ᠢᠯᠡᠭᠰᠡᠨ ᠠᠰᠠᠷ (ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠬᠥᠯᠥᠨ ᠡᠮᠦᠨ᠎ᠡ ᠵᠠᠮ᠎ᠤᠨ 119 ᠳ᠋ᠦ᠍ᠭᠡᠷ ᠲᠣᠭ᠋ᠠᠲᠤ) 2318 ᠬᠤᠷᠠᠯ᠎ᠤᠨ ᠬᠡᠷ᠂ ᠬᠢᠷᠢ ᠬᠡᠮ᠎ᠢ ᠳᠠᠬᠢᠨ ᠬᠢᠨᠠᠬᠤ ᠦᠶ᠎ᠡ᠎ᠳᠤ᠂ ᠣᠬᠤᠷ ᠴᠢᠮᠡᠭᠡ ᠵᠢᠨ ᠮᠡᠳᠡᠭᠳᠡᠯ ᠵᠶ᠋ᠠᠷ ᠨᠢᠭᠡᠳᠦᠭᠡᠷ ᠳᠠᠪᠬᠤᠷᠯᠢᠭ᠎ᠤᠨ ᠶᠡᠭᠡ ᠲᠢᠩᠬᠢᠮ᠎ᠳᠤ ᠱᠠᠭ᠋ᠠᠷᠳᠠᠯᠭ᠎ᠠ ᠶᠣᠰᠣᠭ᠋ᠠᠷ ᠳᠠᠩᠰᠠᠯᠠᠭᠤᠯᠤᠭ᠋ᠠᠷᠠᠢ᠃
(ᠭᠤᠷᠪᠠ) ᠬᠢᠨᠠᠨ ᠬᠠᠷᠭᠤᠭᠤᠯᠬᠤ ᠦᠶᠡᠰ ᠬᠡᠷᠡᠭᠰᠡᠬᠦ ᠮᠠᠲ᠋ᠧᠷᠢᠶᠠᠯ
1. ᠬᠤᠪᠢ ᠬᠥᠮᠦᠨ᠎ᠤ ᠪᠡᠶ᠎ᠡ ᠵᠢᠨ ᠦᠨᠡᠮᠯᠡᠯ᠂ ᠰᠤᠷᠤᠯᠭ᠎ᠠ ᠵᠢᠨ ᠨᠠᠮᠲᠠᠷ᠎ᠤᠨ ᠡᠷᠳᠡᠮ᠎ᠤᠨ ᠴᠣᠯᠠ ᠵᠢᠨ ᠦᠨᠡᠮᠯᠡᠯ᠎ᠤᠨ ᠤᠭ ᠮᠠᠲ᠋ᠧᠷᠢᠶᠠᠯ ᠪᠠ ᠬᠠᠭᠤᠯᠪᠤᠷᠢ᠃
2. 《ᠨᠡᠷ᠎ᠡ ᠮᠡᠳᠡᠭᠦᠯᠬᠦ ᠬᠦᠰᠦᠨᠦᠭᠲᠦ》᠂ ᠰᠤᠷᠭ᠋ᠠᠨ ᠬᠥᠮᠦᠵᠢᠯ᠎ᠤᠨ ᠶᠠᠮᠤᠨ᠎ᠤ ᠰᠤᠷᠤᠯᠭ᠎ᠠ ᠵᠢᠨ ᠨᠠᠮᠲᠠᠷ᠎ᠤᠨ ᠦᠨᠡᠮᠯᠡᠯ᠎ᠤᠨ ᠡᠯᠸᠺᠲᠷᠤᠨ ᠳᠠᠩᠰᠠᠯᠠᠭᠤᠯᠤᠨ ᠳᠠᠩᠰᠠᠯᠠᠭᠤᠯᠬᠤ ᠬᠦᠰᠦᠨᠦᠭᠲᠦ ᠪᠤᠶᠤ ᠳᠤᠮᠳᠠᠳᠤ ᠤᠯᠤᠰ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠤᠷᠤᠯᠭ᠎ᠠ ᠵᠢᠨ ᠨᠠᠮᠲᠠᠷ᠎ᠤᠨ ᠭᠡᠷᠡᠴᠢᠯᠡᠯ᠎ᠤᠨ ᠮᠡᠳᠡᠭᠦᠯᠦᠯᠲᠡ (ᠳᠤᠮᠳᠠᠳᠤ ᠤᠯᠤᠰ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠣᠷᠣᠭᠴᠢ ᠵᠢᠨ ᠮᠡᠳᠡᠭᠡ ᠵᠠᠩᠭᠢ ᠵᠢᠨ ᠰᠦᠯᠵᠢᠶ᠎ᠡ http://www.chsi.com.cn᠎ᠠᠴᠠ ᠪᠠᠭᠤᠯᠭ᠋ᠠᠨ ᠬᠠᠭᠤᠯ) ᠡᠬᠡ ᠮᠠᠲ᠋ᠧᠷᠢᠶᠠᠯ᠃
3. 《ᠠᠯᠪᠠᠲᠠᠨ ᠡᠯᠰᠡᠨ ᠬᠡᠷᠡᠭᠯᠡᠬᠦ ᠵᠢ ᠬᠢᠨᠠᠨ ᠵᠥᠪᠰᠢᠶᠡᠷᠡᠭᠰᠡᠨ ᠬᠦᠰᠦᠨᠦᠭᠲᠦ》 (ᠪᠤᠶᠤ ᠥᠪᠡᠷᠲᠡᠭᠡᠨ ᠵᠠᠰᠠᠬᠤ ᠣᠷᠣᠨ᠎ᠤ ᠳᠠᠷᠤᠮᠠᠯᠯᠠᠨ ᠲᠠᠷᠬᠠᠭ᠋ᠠᠭᠰᠠᠨ ᠠᠯᠪᠠᠲᠠᠨ ᠡᠯᠰᠡᠨ ᠬᠡᠷᠡᠭᠯᠡᠭᠰᠡᠨ ᠪᠢᠴᠢᠭ ᠮᠠᠲ᠋ᠧᠷᠢᠶᠠᠯ)᠂ 《ᠠᠯᠪᠠᠲᠠᠨ᠎ᠤ ᠪᠦᠷᠢᠳᠬᠡᠯ᠎ᠤᠨ ᠬᠦᠰᠦᠨᠦᠭᠲᠦ》 (ᠪᠤᠶᠤ 《ᠠᠯᠪᠠᠲᠠᠨ᠎ᠤ ᠬᠠᠤᠯᠢ᠎ᠪᠠᠷ ᠯᠠᠪᠯᠠᠯᠲᠠ ᠪᠣᠯᠭ᠋ᠠᠨ ᠬᠠᠮᠢᠶᠠᠷᠬᠤ ᠨᠢᠭᠡᠴᠢ ᠵᠢᠨ ᠠᠵᠢᠯᠲᠠᠨ᠎ᠤ ᠳᠡᠩᠰᠡᠯᠡᠯᠲᠡ ᠵᠢᠨ ᠬᠦᠰᠦᠨᠦᠭᠲᠦ》)᠂ ᠲᠤᠰᠢᠶᠠᠯ ᠡᠭᠦᠷᠭᠡᠯᠡᠭᠰᠡᠨ ᠪᠢᠴᠢᠭ ᠮᠠᠲ᠋ᠧᠷᠢᠶᠠᠯ᠂ ᠪᠠᠶ᠋ᠢᠭ᠎ᠠ ᠪᠠᠶ᠋ᠢᠭᠤᠯᠭ᠎ᠠ ᠵᠢᠨ ᠪᠠᠶ᠋ᠢᠭᠤᠯᠤᠮᠵᠢ ᠵᠢᠨ ᠣᠷᠣᠨ ᠲᠤᠭ᠎ᠠ ᠵᠢᠨ ᠬᠠᠮᠢᠶᠠᠷᠤᠯᠲᠠ ᠵᠢᠨ ᠦᠨᠡᠮᠯᠡᠯ ᠵᠡᠷᠭᠡ ᠠᠯᠪᠠᠲᠠᠨ᠎ᠤ ᠪᠡᠶ᠎ᠡ ᠵᠢᠨ ᠭᠠᠷᠤᠯ᠎ᠤᠨ ᠬᠠᠭᠤᠯᠪᠤᠷᠢ (ᠡᠷᠬᠡᠪᠰᠢ ᠵᠣᠬᠢᠶᠠᠨ ᠪᠠᠶ᠋ᠢᠭᠤᠯᠬᠤ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ ᠭᠠᠷ ᠵᠶ᠋ᠠᠷ ᠭᠠᠷᠤᠨ ᠥᠰᠥᠭ ᠵᠢᠷᠤᠭᠤᠯᠬᠤ᠂ ᠬᠠᠷᠢᠯᠴᠠᠬᠤ ᠤᠲᠠᠰᠤ ᠵᠢᠴᠢ ᠬᠠᠮᠢᠶ᠎ᠠ ᠪᠥᠬᠦᠶ ᠨᠢᠭᠡᠴᠢ᠎ᠠᠴᠠ ᠲᠠᠮᠠᠭ᠎ᠠ ᠳᠠᠷᠤᠵᠤ ᠨᠤᠲᠠᠯᠠᠬᠤ);
4. ᠣᠶ᠋ᠢᠷ᠎ᠠ ᠵᠢᠨ ᠬᠤᠭᠤᠴᠠᠭ᠋ᠠᠨ᠎ᠳᠤ ᠬᠥᠬᠡ ᠳᠡᠪᠢᠰᠭᠡᠷᠲᠦ ᠮᠠᠯᠠᠭ᠋ᠠᠢ ᠦᠭᠡᠢ 2 ᠢᠮᠠᠬᠤ ᠵᠢᠨ ᠰᠡᠭᠦᠳᠡᠷ3 ᠬᠠᠭᠤᠳᠠᠰᠤ
5. ᠠᠢ᠌ᠮᠠᠭ ᠬᠣᠲᠠ ᠵᠢᠨ ᠨᠠᠮ ᠵᠠᠰᠠᠭ ᠣᠯᠠᠨ ᠲᠦᠮᠡᠨ᠎ᠤ ᠪᠠᠢ᠍ᠭᠤᠯᠤᠯᠭᠠ ᠵᠢᠨ ᠠᠯᠪᠠᠲᠠᠨ ᠬᠣᠶᠠᠷ ᠵᠢᠯ᠎ᠠᠴᠠ ᠳᠡᠭᠡᠭᠰᠢ ᠦᠨᠳᠦᠰᠦᠨ ᠱᠠᠲᠤᠨ᠎ᠤ ᠠᠵᠢᠯ᠎ᠤᠨ ᠥᠩᠭᠡᠷᠡᠯᠲᠡ ᠭᠡᠷᠡᠴᠢ ᠮᠠᠲ᠋ᠧᠷᠢᠶᠠᠯ (ᠦᠨᠳᠦᠰᠦᠨ ᠱᠠᠲᠤᠨ᠎ᠤ ᠨᠢᠭᠡᠴᠢ ᠵᠢᠨ ᠲᠠᠮᠠᠭ᠎ᠠ ᠳᠠᠷᠤᠭᠰᠠᠨ ᠭᠡᠷ᠎ᠡ᠂ ᠡᠯᠰᠡᠨ ᠬᠡᠷᠡᠭᠯᠡᠬᠦ ᠬᠦᠰᠦᠨᠦᠭᠲᠦ᠂ ᠺᠠᠳ᠋ᠷ᠎ᠢ ᠲᠣᠮᠢᠯᠠᠬᠤ ᠪᠠ ᠲᠤᠰᠢᠶᠠᠯ᠎ᠠᠴᠠ ᠪᠠᠭᠤᠯᠭ᠋ᠠᠬᠤ ᠵᠢ ᠬᠢᠨᠠᠨ ᠵᠥᠪᠰᠢᠶᠡᠷᠡᠬᠦ ᠬᠦᠰᠦᠨᠦᠭᠲᠦ᠂ ᠠᠵᠢᠯ᠎ᠤᠨ ᠦᠨᠡᠮᠯᠡᠯ᠎ᠨᠢ ᠲᠣᠳᠣᠷᠬᠠᠢ ᠪᠠᠢ᠌ᠬᠤ ᠬᠡᠷᠡᠭᠲᠡᠢ᠂ ᠳᠡᠭᠡᠷᠡᠬᠢ ᠮᠠᠲᠸᠷᠢᠶᠠᠯ᠎ᠳᠤ ᠡᠷᠬᠡᠪᠰᠢ ᠵᠣᠬᠢᠶᠠᠨ ᠪᠠᠢ᠍ᠭᠤᠯᠬᠤ ᠪᠠ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠦᠴᠢᠷ᠎ᠤᠨ ᠬᠠᠷᠢᠭᠤᠴᠠᠯᠭ᠋ᠠᠲᠠᠨ ᠭᠠᠷᠤᠨ ᠦᠰᠦᠭ ᠵᠢᠷᠤᠬᠤ᠂ ᠬᠠᠷᠢᠯᠴᠠᠬᠤ ᠤᠲᠠᠰᠤ ᠵᠢᠴᠢ ᠬᠠᠮᠢᠶ᠎ᠠ ᠪᠦᠬᠦᠢ ᠨᠢᠭᠡᠴᠢ ᠵᠢᠨ ᠲᠠᠮᠠᠭ᠎ᠠ ᠳᠠᠷᠤᠵᠤ ᠨᠣᠲᠠᠯᠠᠬᠤ)
ᠳᠡᠭᠡᠷᠡᠬᠢ ᠮᠠᠲ᠋ᠧᠷᠢᠶᠠᠯ᠎ᠢ A᠂ B ᠬᠤᠶᠠᠷ ᠵᠦᠢ᠍ᠯ᠎ᠤᠨ ᠮᠠᠲ᠋ᠧᠷᠢᠶᠠᠯ ᠵᠶ᠋ᠠᠷ ᠠᠩᠭᠢᠯᠠᠪᠠᠯ᠄ A ᠲᠥᠷᠥᠯ᠎ᠨᠢ ᠮᠠᠲ᠋ᠧᠷᠢᠶᠠᠯ᠎ᠤᠨ ᠤᠭ ᠮᠠᠲ᠋ᠧᠷᠢᠶᠠᠯ᠂ B ᠲᠥᠷᠥᠯ᠎ᠨᠢ ᠮᠠᠲ᠋ᠧᠷᠢᠶᠠᠯ᠎ᠤᠨ ᠬᠠᠭᠤᠯᠪᠤᠷᠢ ᠪᠠᠶ᠋ᠢᠵᠤ᠂ ᠳᠡᠭᠡᠷ᠎ᠡ ᠬᠠᠩᠭ᠋ᠠᠭᠰᠠᠨ ᠮᠠᠲ᠋ᠧᠷᠢᠶᠠᠯ᠎ᠤᠨ ᠳ᠋ᠤᠭ᠋ᠠᠷ᠎ᠤᠨ ᠳᠠᠷᠠᠭ᠋ᠠᠯᠠᠯ ᠵᠶ᠋ᠠᠷ ᠵᠢᠭᠰᠠᠭ᠋ᠠᠨ᠎ᠠ᠃
(ᠲᠦᠷᠪᠡ) ᠠᠰᠠᠭᠤᠨ ᠯᠠᠪᠯᠠᠬᠤ ᠤᠲᠠᠰᠤ
0471-5259439᠂ 0471-5259607
ᠬᠤᠶᠠᠷ᠂ ᠨᠢᠭᠤᠷᠳᠠᠯ ᠰᠢᠯᠭ᠋ᠠᠯᠲᠠ
ᠨᠢᠭᠤᠷᠳᠠᠯ ᠰᠢᠯᠭ᠋ᠠᠯᠲᠠ᠎ᠨᠢ ᠪᠥᠲᠥᠴᠢᠯᠡᠯᠲᠡ ᠨᠢᠭᠤᠷᠳᠠᠯ ᠰᠢᠯᠭ᠋ᠠᠬᠤ ᠬᠡᠯᠪᠡᠷᠢ ᠵᠢ ᠬᠡᠷᠡᠭᠯᠡᠨ᠎ᠡ᠃
(ᠨᠢᠭᠡ) ᠨᠢᠭᠤᠷᠳᠠᠯ ᠰᠢᠯᠭ᠋ᠠᠯᠲᠠ ᠵᠢᠨ ᠴᠠᠭ ᠵᠢᠴᠢ ᠭᠠᠵᠠᠷ
2023 ᠣᠨ᠎ᠤ 5 ᠳ᠋ᠤᠭ᠋ᠠᠷ ᠰᠠᠷ᠎ᠠ ᠵᠢᠨ 7᠎ᠤ ᠡᠳᠦᠷ᠂ ᠪᠣᠳᠠᠲᠠᠶ ᠴᠠᠭ ᠵᠢᠴᠢ ᠭᠠᠵᠠᠷ᠎ᠨᠢ 《ᠨᠢᠭᠤᠷᠳᠠᠯ ᠰᠢᠯᠭ᠋ᠠᠯᠲᠠ ᠵᠢᠨ ᠵᠥᠪᠰᠢᠶᠡᠷᠡᠯ᠎ᠤᠨ ᠦᠨᠡᠮᠯᠡᠯ》 (ᠬᠢᠷᠢ ᠬᠡᠮ᠎ᠢ ᠳᠠᠬᠢᠨ ᠬᠢᠨᠠᠬᠤ ᠦᠶ᠎ᠡ᠎ᠳᠤ ᠣᠯᠭᠣᠨ᠎ᠠ) ᠵᠶ᠋ᠠᠷ ᠪᠠᠷᠢᠮᠵᠢᠶ᠎ᠠ ᠪᠣᠯᠭ᠋ᠠᠨ᠎ᠠ᠃
(ᠬᠤᠶᠠᠷ) ᠪᠤᠰᠤᠳ ᠵᠦᠢ᠍ᠯ
1. ᠨᠢᠭᠤᠷᠳᠠᠯ ᠰᠢᠯᠭ᠋ᠠᠯᠲᠠ ᠵᠢᠨ ᠪᠣᠳᠠᠲᠠᠶ ᠱᠠᠭ᠋ᠠᠷᠳᠠᠯᠭ᠎ᠠ 《ᠨᠢᠭᠤᠷᠳᠠᠯ ᠰᠢᠯᠭ᠋ᠠᠯᠲᠠ ᠵᠢᠨ ᠵᠥᠪᠰᠢᠶᠡᠷᠡᠯ᠎ᠤᠨ ᠦᠨᠡᠮᠯᠡᠯ》 ᠣᠯᠪᠠ᠃
2. ᠨᠢᠭᠤᠷᠳᠠᠨ ᠰᠢᠯᠭ᠋ᠠᠬᠤ ᠭᠤᠭᠴᠤᠭ᠎ᠠ᠎ᠳᠤ᠂ ᠪᠣᠳᠠᠲᠠᠶ ᠲᠤᠬᠠᠶ ᠵᠢᠨ ᠲᠠᠯᠠᠪᠠᠢ᠎ᠳᠤ ᠬᠦᠷᠴᠦ ᠰᠢᠯᠭ᠋ᠠᠯᠲᠠ᠎ᠳᠤ ᠣᠷᠣᠯᠴᠠᠬᠤ ᠬᠥᠮᠦᠨ᠎ᠤ ᠲᠤᠭ᠎ᠠ᠎ᠨᠢ ᠲᠣᠰ ᠲᠤᠰᠢᠶᠠᠯ᠎ᠤᠨ ᠪᠠᠶ᠋ᠢᠷᠢ ᠵᠢᠨ ᠡᠯᠰᠡᠨ ᠬᠡᠷᠡᠭᠯᠡᠬᠦ ᠬᠥᠮᠦᠨ᠎ᠤ ᠲᠤᠭ᠎ᠠ᠎ᠲᠠᠢ ᠲᠡᠩᠴᠡᠭᠦᠦ ᠪᠤᠶᠤ ᠴᠥᠭᠡᠨ ᠪᠠᠶ᠋ᠢᠪᠠᠯ᠂ ᠲᠣᠰ ᠠᠵᠢᠯ᠎ᠤᠨ ᠪᠠᠶ᠋ᠢᠷᠢ ᠵᠢᠨ ᠰᠢᠯᠭ᠋ᠠᠯᠲᠠ᠎ᠳᠤ ᠣᠷᠣᠯᠴᠠᠬᠤ ᠬᠥᠮᠦᠰ᠎ᠤᠨ ᠬᠢᠷᠢ ᠪᠦᠲᠦᠮᠵᠢ ᠵᠢ ᠡᠷᠬᠡᠪᠰᠢ ᠲᠡᠭᠦᠨ᠎ᠤ ᠪᠠᠶ᠋ᠢᠭ᠎ᠠ ᠰᠢᠯᠭ᠋ᠠᠯᠲᠠ ᠵᠢᠨ ᠲᠠᠯᠠᠪᠠᠶ (ᠠᠳᠠᠯᠢ ᠰᠢᠯᠭ᠋ᠠᠭᠴᠢ ᠵᠢᠨ ᠳᠤᠭᠤᠶ᠋ᠢᠯᠠᠩ) ᠵᠢᠨ ᠪᠣᠳᠠᠲᠠᠶ ᠰᠢᠯᠭ᠋ᠠᠯᠲᠠ᠎ᠳᠤ ᠣᠷᠣᠯᠴᠠᠬᠤ ᠬᠥᠮᠦᠰ᠎ᠤᠨ ᠳᠤᠮᠳᠠᠴᠢ ᠬᠢᠷᠢ ᠪᠦᠲᠦᠮᠵᠢ ᠵᠢ ᠰᠠᠶᠢ ᠰᠢᠯᠭ᠋ᠠᠨ ᠪᠠᠶ᠋ᠢᠴᠠᠭ᠋ᠠᠬᠤ ᠭᠤᠭᠴᠤᠭ᠎ᠠ᠎ᠳᠤ ᠣᠷᠣᠭᠤᠯᠵᠤ ᠪᠣᠯᠤᠨ᠎ᠠ᠃
3. ᠨᠢᠭᠤᠷᠳᠠᠨ ᠰᠢᠯᠭ᠋ᠠᠬᠤ ᠦᠶ᠎ᠡ᠎ᠳᠤ ᠠᠵᠢᠯ ᠲᠥᠷᠥᠯ ᠪᠤᠶᠤ ᠣᠨᠴᠠᠭ᠋ᠠᠢ ᠠᠵᠢᠯ ᠮᠡᠷᠭᠡᠵᠢᠯ᠎ᠤᠨ ᠳᠦᠷᠢᠮᠲᠦ ᠬᠤᠪᠴᠠᠰᠤ ᠡᠮᠦᠰᠴᠦ ᠪᠣᠯᠬᠤ ᠦᠭᠡᠢ᠂ ᠢᠯᠡ ᠲᠣᠳᠣ ᠣᠨᠴᠠᠭ᠋ᠠᠢ ᠲᠡᠮᠳᠡᠭ ᠵᠡᠭᠦᠵᠦ ᠪᠣᠯᠬᠤ ᠦᠭᠡᠢ᠃
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠲᠢᠩᠬᠢᠮ
2023 ᠣᠨ᠎ᠤ 4 ᠳ᠋ᠦ᠍ᠭᠡᠷ ᠰᠠᠷ᠎ᠠ ᠵᠢᠨ 27᠎ᠤ ᠡᠳᠦᠷ