ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
2023 ᠣᠨ᠎ᠤ ᠪᠥᠬᠥ ᠣᠷᠣᠨ᠎ᠤ ᠤᠰᠤᠨ ᠠᠰᠢᠭᠯᠠᠯᠲᠠ ᠵᠢᠨ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ ᠵᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2023-06-01

ᠡᠯ᠎ᠡ ᠠᠶ᠋ᠢᠮᠠᠭ ᠬᠣᠲᠠ ᠵᠢᠨ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠲᠣᠪᠴᠢᠶ᠎ᠠ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠠᠯᠪᠠᠨ ᠭᠡᠷ᠂ ᠲᠢᠩᠬᠢᠮ᠎ᠳᠤ ᠬᠠᠷᠢᠶᠠᠯᠠᠭᠳᠠᠬᠤ ᠡᠯ᠎ᠡ ᠨᠢᠭᠡᠴᠢ᠂ ᠡᠯ᠎ᠡ ᠬᠠᠮᠢᠶ᠎ᠠ ᠪᠦᠬᠦᠢ ᠨᠢᠭᠡᠴᠢ᠎ᠳᠤ᠄

  《2023 ᠣᠨ᠎ᠤ 〈ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ〉 ᠵᠢᠨ ᠠᠵᠢᠯᠯᠠᠭ᠎ᠠ ᠵᠢ ᠥᠷᠨᠢᠭᠦᠯᠬᠦ ᠲᠤᠬᠠᠶ ᠤᠰᠤᠨ ᠠᠰᠢᠭᠯᠠᠯᠲᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 ᠪᠠ 《2023 ᠣᠨ᠎ᠤ 〈ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ〉 ᠵᠢᠨ ᠠᠵᠢᠯᠯᠠᠭ᠎ᠠ ᠵᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢ᠍ᠯᠡᠳᠪᠦᠷᠢᠯᠡᠯ᠎ᠤᠨ ᠵᠥᠪᠯᠡᠯ᠎ᠤᠨ ᠮᠡᠳᠡᠭᠳᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠨ ᠰᠤᠳᠤᠯᠬᠤ᠎ᠪᠠᠷ ᠳᠡᠮᠵᠢᠨ᠂ 2023 ᠣᠨ᠎ᠤ 6 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠤᠰᠤᠨ ᠠᠰᠢᠭᠯᠠᠯᠲᠠ ᠵᠢᠨ ᠰᠢᠰᠲ᠋ᠧᠮ᠎ᠳᠤ 《ᠬᠥᠮᠦᠨ ᠪᠦᠬᠦᠨ ᠠᠮᠤᠷ ᠲᠦᠪᠰᠢᠨ᠎ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶ᠋ᠢᠳᠠᠯ᠎ᠢ ᠠᠷᠭ᠋ᠠᠴᠠᠬᠤ》᠎ᠪᠠᠷ ᠭᠤᠤᠯ ᠰᠡᠳᠦᠪ ᠪᠣᠯᠭ᠋ᠠᠭᠰᠠᠨ ᠤᠰᠤᠨ ᠠᠰᠢᠭᠯᠠᠯᠲᠠ ᠵᠢᠨ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ ᠵᠢ ᠥᠷᠨᠢᠭᠦᠯᠬᠦ᠎ᠪᠠᠷ ᠲᠣᠭᠲᠠᠪᠠ᠂ ᠡᠳᠦᠭᠡ ᠬᠣᠯᠪᠣᠭᠳᠠᠯ ᠪᠥᠬᠥᠶ ᠱᠠᠭ᠋ᠠᠷᠳᠠᠯᠭ᠎ᠠ ᠵᠢ ᠳᠤᠤᠷᠠᠬᠢ ᠮᠡᠲᠦ ᠮᠡᠳᠡᠭᠳᠡᠶ᠎ᠡ᠃

   ᠨᠢᠭᠡ᠂ ᠶᠡᠷᠦᠩᠬᠡᠶ ᠱᠠᠭ᠋ᠠᠷᠳᠠᠯᠭ᠎ᠠ

   ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠠᠶᠤᠯᠭᠦᠢ ᠦᠢ᠍ᠯᠡᠳᠪᠦᠷᠢᠯᠡᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠤᠬᠠᠭᠤᠯᠤᠨ ᠲᠤᠭᠤᠰᠢᠯᠠᠭᠤᠯᠪᠠ᠂ ᠠᠮᠤᠷ ᠲᠦᠪᠰᠢᠨ᠎ᠢ ᠲᠡᠷᠢᠭᠦᠨ᠎ᠳᠤ ᠲᠠᠯᠪᠢᠬᠤ ᠵᠢ ᠪᠠᠷᠢᠮᠳᠠᠯᠠᠵᠦ᠂ ᠰᠡᠷᠭᠡᠶ᠋ᠢᠯᠡᠬᠦ᠎ᠪᠠᠷ ᠭᠣᠣᠯ ᠪᠣᠯᠭ᠋ᠠᠬᠤ᠂ ᠠᠮᠤᠷ ᠲᠦᠪᠰᠢᠨ᠎ᠤ ᠤᠯᠠᠭ᠋ᠠᠨ ᠱᠤᠭᠤᠮ᠎ᠤᠨ ᠤᠬᠠᠮᠰᠠᠷ᠎ᠢ ᠦᠷᠭᠦᠯᠵᠢᠯᠡᠨ ᠪᠠᠲᠤ ᠪᠤᠢ ᠪᠣᠯᠭ᠋ᠠᠬᠤ      ᠬᠡᠷᠡᠭᠲᠡᠶ᠂ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠵᠦ᠂ ᠲᠦᠭᠰᠢᠭᠦᠷᠢ ᠵᠢᠨ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠶᠠᠰᠤ ᠴᠢᠨᠠᠷ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ᠂ ᠬᠥᠮᠦᠨ ᠪᠣᠯᠭ᠋ᠠᠨ ᠠᠮᠤᠷ ᠲᠦᠪᠰᠢᠨ᠎ᠢ ᠡᠷᠬᠢᠮᠯᠡᠬᠦ᠂ ᠨᠢᠭᠡ ᠨᠢᠭᠡ᠎ᠪᠠᠷ ᠵᠶ᠋ᠡᠨ ᠪᠠᠴᠢᠮ ᠪᠠᠶ᠋ᠢᠳᠠᠯ᠎ᠢ ᠠᠷᠭ᠋ᠠᠴᠠᠬᠤ᠎ᠪᠠᠷ ᠭᠣᠣᠯᠳᠠᠯᠭ᠎ᠠ ᠪᠣᠯᠭ᠋ᠠᠨ 2023 ᠣᠨ᠎ᠤ ᠪᠥᠬᠥ ᠣᠷᠣᠨ᠎ᠤ ᠤᠰᠤᠨ ᠠᠰᠢᠭᠯᠠᠯᠲᠠ ᠵᠢᠨ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ ᠵᠢ ᠭᠤᠤᠯᠳᠠᠯᠭ᠎ᠠ᠎ᠲᠠᠢ ᠥᠷᠨᠢᠭᠦᠯᠬᠦ ᠬᠡᠷᠡᠭᠲᠡᠶ᠂ ᠬᠥᠮᠦᠵᠢᠯ ᠪᠤᠯᠪᠠᠰᠤᠷᠠᠯ ᠥᠷᠨᠢᠭᠦᠯᠬᠦ᠂ ᠳᠠᠯᠳᠠ ᠭᠡᠮ᠎ᠢ ᠢᠯᠡᠴᠢᠯᠡᠬᠦ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ᠂ ᠲᠤᠷᠰᠢᠯᠭ᠎ᠠ ᠳᠡᠯᠭᠡᠷᠡᠭᠦᠯᠬᠦ᠂ ᠬᠡᠷᠡᠭ᠎ᠤᠨ ᠵᠢᠱ᠌ᠢᠶ᠎ᠡ ᠵᠢᠨ ᠰᠡᠷᠡᠮᠵᠢ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ᠂ ᠮᠡᠳᠡᠯᠭᠡ ᠲᠦᠭᠡᠮᠡᠯᠵᠢᠭᠦᠯᠬᠦ ᠵᠡᠷᠭᠡ ᠰᠦᠷ ᠬᠦᠴᠦᠨ᠎ᠲᠠᠢ ᠮᠥᠷᠲᠡᠭᠡᠨ ᠪᠣᠳᠠᠲᠤ ᠦᠷ᠎ᠡ ᠪᠦᠲᠦᠮᠵᠢᠲᠡᠶ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠦᠷᠨᠢᠭᠦᠯᠬᠦ᠎ᠪᠠᠷ ᠳᠠᠮᠵᠢᠭᠤᠯᠤᠨ᠂ ᠤᠰᠤᠨ ᠠᠰᠢᠭᠯᠠᠯᠲᠠ ᠵᠢᠨ ᠺᠠᠳ᠋ᠷ ᠠᠵᠢᠯᠲᠠᠨ ᠠᠵᠢᠯᠴᠢᠨ᠎ᠤ ᠠᠮᠤᠷ ᠲᠦᠪᠰᠢᠨ᠎ᠤ ᠬᠡᠪ ᠴᠢᠨᠠᠷ᠎ᠢ ᠳᠡᠭᠡᠭᠰᠢᠯᠡᠭᠦᠯᠵᠦ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠠᠶᠤᠯᠭᠦᠢ ᠦᠢ᠍ᠯᠡᠳᠪᠦᠷᠢᠯᠡᠯ᠎ᠤᠨ ᠦᠵᠡᠯ ᠤᠬᠠᠮᠰᠠᠷ ᠪᠣᠯᠤᠨ ᠠᠶᠤᠯ᠎ᠠᠴᠠ ᠵᠠᠶ᠋ᠢᠯᠠᠵᠤ ᠠᠮᠢ ᠵᠢᠭᠤᠲᠠᠬᠤ ᠴᠢᠳᠠᠪᠤᠷᠢ ᠵᠢ ᠴᠢᠩᠭ᠋ᠠᠷᠠᠭᠤᠯᠤᠨ᠂ ᠠᠶᠤᠯᠭᠦᠶ ᠦᠢ᠍ᠯᠡᠳᠪᠦᠷᠢᠯᠡᠯ᠎ᠤᠨ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠵᠤ᠂ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠪᠠᠶ᠋ᠢᠳᠠᠯ᠎ᠤᠨ ᠦᠷᠭᠦᠯᠵᠢᠯᠡᠨ ᠲᠣᠭᠲᠠᠭᠤᠨ ᠪᠠᠶ᠋ᠢᠬᠤ ᠵᠢ ᠠᠬᠢᠭᠤᠯᠤᠨ᠎ᠠ᠃

   ᠬᠣᠶᠠᠷ᠂ ᠠᠵᠢᠯᠯᠠᠭ᠎ᠠ ᠵᠢᠨ ᠠᠭᠤᠯᠭ᠎ᠠ

  (ᠨᠢᠭᠡ) ᠶᠡᠷᠦᠩᠬᠡᠶ ᠱᠦᠵᠢ ᠰᠢ ᠵᠢᠨ ᠫᠢᠩ᠎ᠤᠨ ᠠᠶᠤᠯᠭᠦᠢ ᠦᠢ᠍ᠯᠡᠳᠪᠦᠷᠢᠯᠡᠯ ᠎ᠤᠨ ᠲᠤᠬᠠᠶ ᠴᠢᠬᠤᠯᠠ ᠥᠭᠦᠯᠡᠯᠲᠡ ᠵᠢ ᠤᠬᠠᠭᠤᠯᠤᠨ ᠲᠤᠭᠤᠰᠢᠯᠠᠭᠤᠯᠬᠤ ᠠᠵᠢᠯᠯᠠᠭ᠎ᠠ ᠵᠢ ᠭᠦᠨᠵᠡᠭᠡᠶ ᠥᠷᠨᠢᠭᠦᠯᠦᠨ᠎ᠡ

   ᠶᠡᠷᠦᠩᠬᠡᠶ ᠱᠦᠵᠢ ᠰᠢ ᠵᠢᠨ ᠫᠢᠩ᠎ᠤᠨ ᠠᠶᠤᠯᠭᠦᠢ ᠦᠢ᠍ᠯᠡᠳᠪᠦᠷᠢᠯᠡᠯ᠎ᠤᠨ ᠢᠯᠠᠩᠭᠤᠶ᠎ᠠ ᠠᠮᠤᠷ ᠲᠦᠪᠰᠢᠨ᠎ᠤ ᠤᠯᠠᠭ᠋ᠠᠨ ᠱᠤᠭᠤᠮ᠎ᠤᠨ ᠲᠤᠬᠠᠶ ᠴᠢᠬᠤᠯᠠ ᠥᠭᠦᠯᠡᠯᠲᠡ ᠵᠢᠨ ᠲᠣᠭᠣᠷᠢᠨ᠎ᠳᠤ ᠤᠬᠠᠭᠤᠯᠤᠨ ᠲᠤᠭᠤᠰᠢᠯᠠᠭᠤᠯᠬᠤ ᠠᠵᠢᠯᠯᠠᠭ᠎ᠠ ᠥᠷᠨᠢᠭᠦᠯᠦᠨ᠂ ᠡᠯ᠎ᠡ ᠠᠶ᠋ᠢᠮᠠᠭ ᠬᠣᠲᠠ ᠡᠯ᠎ᠡ ᠬᠣᠰᠢᠭᠤ ᠰᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠠᠷᠢᠶ᠎ᠠ ᠣᠷᠣᠨ᠎ᠤ᠎ᠪᠠᠨ ᠳᠣᠲᠣᠷᠠᠬᠢ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠨ ᠭᠤᠤᠯ ᠬᠠᠷᠢᠭᠤᠴᠠᠯᠭ᠋ᠠᠲᠠᠨ᠎ᠢ ᠵᠣᠬᠢᠶᠠᠨ ᠪᠠᠶ᠋ᠢᠭᠤᠯᠤᠨ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠰᠢᠭᠦᠮᠵᠢ ᠵᠢᠨ ᠵᠣᠬᠢᠶᠠᠯ ᠪᠤᠶᠤ ᠣᠯᠤᠯᠲᠠ ᠲᠥᠷᠥᠭᠳᠡᠯ ᠵᠶ᠋ᠠᠨ ᠨᠡᠶ᠋ᠢᠲᠡᠯᠡᠬᠦ ᠬᠡᠷᠡᠭᠲᠡᠶ᠃ ᠡᠯ᠎ᠡ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠨᠦᠭᠦᠳ 《ᠠᠶᠤᠯᠭᠦᠢ ᠦᠢ᠍ᠯᠡᠳᠪᠦᠷᠢᠯᠡᠯ᠎ᠢ ᠣᠯᠠᠨ ᠵᠶ᠋ᠠᠷ ᠵᠶ᠋ᠠᠨ ᠶᠠᠷᠢᠯᠴᠠᠬᠤ》᠂ 《ᠠᠩᠭᠢ ᠵᠢᠨ ᠡᠮᠦᠨᠡᠬᠢ ᠬᠤᠷᠠᠯ》᠂ 《ᠬᠡᠷᠡᠭ ᠵᠶ᠋ᠠᠷ ᠬᠠᠤᠯᠢ ᠲᠠᠶ᠋ᠢᠯᠪᠤᠷᠢᠯᠠᠬᠤ》 ᠵᠡᠷᠭᠡ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ ᠪᠠᠶ᠋ᠢᠭ᠋ᠠᠳ ᠰᠤᠷᠤᠯᠴᠠᠭᠰᠠᠨ ᠲᠥᠷᠥᠭᠳᠡᠯ ᠵᠶ᠋ᠠᠨ ᠰᠣᠯᠢᠯᠴᠠᠨ᠂ ᠰᠡᠷᠡᠮᠵᠢᠯᠡᠭᠦᠯᠬᠦ ᠬᠥᠮᠦᠵᠢᠯ ᠬᠢᠬᠦ ᠬᠡᠷᠡᠭᠲᠡᠶ᠃ ᠲᠢᠩᠬᠢᠮ᠎ᠤᠨ ᠰᠢᠭᠤᠳ ᠬᠠᠷᠢᠶ᠎ᠠ ᠡᠯ᠎ᠡ ᠨᠢᠭᠡᠴᠢ ᠵᠢᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠠᠶᠤᠯᠭᠦᠢ ᠦᠢ᠍ᠯᠡᠳᠪᠦᠷᠢᠯᠡᠯ᠎ᠤᠨ ᠲᠤᠬᠠᠢ ᠴᠢᠬᠤᠯᠠ ᠥᠭᠦᠯᠡᠯᠲᠡ ᠵᠢ ᠤᠬᠠᠭᠤᠯᠤᠨ ᠲᠤᠭᠤᠰᠢᠯᠠᠭᠤᠯᠬᠤ ᠠᠵᠢᠯᠯᠠᠭ᠎ᠠ ᠵᠢ ᠰᠠᠶ᠋ᠢᠲᠤᠷ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠢ᠃ ᠠᠵᠢᠯᠯᠠᠭ᠎ᠠ᠎ᠪᠠᠷ ᠳᠠᠮᠵᠢᠭᠤᠯᠤᠨ᠂ ᠲᠤᠶ᠋ᠢᠯ᠎ᠤᠨ ᠲᠣᠳᠣᠷᠬᠠᠢ᠂ ᠲᠤᠶ᠋ᠢᠯ᠎ᠤᠨ ᠡᠷᠡᠰ ᠴᠢᠩᠭ᠎ᠠ ᠣᠪᠣᠷ ᠵᠶ᠋ᠠᠷ ᠠᠮᠤᠷ ᠲᠦᠪᠰᠢᠨ᠎ᠤ ᠤᠯᠠᠭ᠋ᠠᠨ ᠱᠤᠭᠤᠮ᠎ᠤᠨ ᠤᠬᠠᠮᠰᠠᠷ᠎ᠢ ᠪᠠᠲᠤ ᠪᠤᠢ ᠪᠣᠯᠭ᠋ᠠᠬᠤ ᠬᠡᠷᠡᠭᠲᠡᠢ᠃

  (ᠬᠣᠶᠠᠷ) ᠪᠦᠬᠦ ᠣᠷᠣᠨ᠎ᠤ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ ᠵᠢ ᠬᠢᠨᠠᠮᠠᠭ᠋ᠠᠶ ᠥᠷᠨᠢᠭᠦᠯᠬᠦ ᠬᠡᠷᠡᠭᠲᠡᠶ

  2023 ᠣᠨ᠎ᠤ ᠪᠥᠬᠥ ᠣᠷᠣᠨ᠎ᠤ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠡᠯ᠎ᠡ ᠵᠦᠢ᠍ᠯ᠎ᠤᠨ ᠠᠵᠢᠯᠯᠠᠭ᠎ᠠ᠎ᠳᠤ ᠢᠳᠡᠪᠬᠢᠲᠡᠶ ᠣᠷᠣᠯᠴᠠᠵᠤ᠂ ᠪᠥᠬᠥ ᠣᠷᠣᠨ᠎ᠤ ᠤᠰᠤᠨ ᠠᠰᠢᠭᠯᠠᠯᠲᠠ ᠵᠢᠨ ᠬᠦᠨᠳᠦ ᠶᠡᠬᠡ ᠡᠨᠳᠡᠯ᠎ᠤᠨ ᠳᠠᠯᠳᠡ ᠭᠡᠮ᠎ᠢ ᠲᠤᠰᠬᠠᠶ᠋ᠢᠯᠠᠨ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ 2023 ᠠᠵᠢᠯᠯᠠᠭ᠎ᠠ ᠵᠢᠨ ᠱᠠᠭ᠋ᠠᠷᠳᠠᠯᠭ᠎ᠠ ᠵᠢᠨ ᠲᠣᠭᠣᠷᠢᠨ᠎ᠳᠤ᠂ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠨ ᠭᠤᠤᠯ ᠬᠠᠷᠢᠭᠤᠴᠠᠯᠭ᠋ᠠᠲᠠᠨ᠎ᠤ 《ᠲᠠᠪᠤ ᠵᠢ ᠲᠦᠷᠦᠭᠦᠯᠡᠨ ᠬᠢᠬᠦ》 (ᠲᠣᠰ ᠨᠢᠭᠡᠴᠢ ᠵᠢᠨ ᠬᠦᠨᠳᠦ ᠶᠡᠬᠡ ᠡᠨᠳᠡᠯ᠎ᠤᠨ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠵᠢ ᠲᠦᠷᠦᠭᠦᠯᠡᠨ ᠰᠤᠳᠤᠯᠵᠤ ᠵᠣᠬᠢᠶᠠᠨ ᠪᠠᠢ᠌ᠭᠤᠯᠬᠤ᠂ ᠪᠥᠬᠥ ᠠᠵᠢᠯᠲᠠᠨ᠎ᠤ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠤᠨ ᠪᠠᠶ᠋ᠢᠷᠢ ᠵᠢᠨ ᠬᠠᠷᠢᠭᠤᠴᠠᠯᠭ᠎ᠠ ᠵᠢ ᠲᠦᠷᠦᠭᠦᠯᠡᠨ ᠨᠠᠶ᠋ᠢᠳᠠᠪᠤᠷᠢᠵᠢᠭᠤᠯᠵᠤ ᠬᠠᠮᠢᠶᠠᠷᠤᠯᠲᠠ ᠵᠢᠨ ᠪᠦᠯᠬᠦᠮ ᠨᠡᠶ᠋ᠢᠲᠡ ᠪᠠ ᠲᠤᠰᠬᠠᠶ ᠮᠡᠷᠭᠡᠵᠢᠯᠲᠡᠨ᠎ᠤ ᠦᠢ᠍ᠯᠡᠳᠦᠯ᠎ᠢ ᠪᠠᠳᠠᠷᠠᠭᠤᠯᠬᠤ᠂ ᠲᠦᠷᠦᠭᠦᠯᠡᠨ ᠭᠠᠯ ᠭᠠᠷᠤᠭᠰᠠᠨ ᠵᠡᠷᠭᠡ ᠠᠶᠤᠯᠲᠠᠶ ᠠᠵᠢᠯ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ᠂ ᠲᠦᠷᠦᠭᠦᠯᠡᠨ ᠭᠠᠳᠠᠭᠰᠢ ᠳᠠᠭ᠋ᠠᠭ᠋ᠠᠴᠢᠯᠠᠭᠤᠯᠤᠨ ᠲᠦᠷᠢᠶᠡᠰᠦᠯᠡᠭᠦᠯᠬᠦ ᠵᠡᠷᠭᠡ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠵᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ᠂ ᠲᠦᠷᠦᠭᠦᠯᠡᠨ ᠡᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠰᠣᠷᠢᠯᠲᠠ ᠵᠢᠨ ᠠᠵᠢᠯᠯᠠᠭ᠎ᠠ ᠦᠷᠨᠢᠭᠦᠯᠬᠦ) ᠠᠬᠢᠴᠠ ᠵᠢᠨ ᠪᠠᠶ᠋ᠢᠳᠠᠯ᠎ᠢ ᠢᠳᠡᠪᠬᠢᠲᠡᠶ᠎ᠪᠠᠷ ᠵᠣᠬᠢᠶᠠᠨ ᠪᠠᠶ᠋ᠢᠭᠤᠯᠤᠨ ᠤᠬᠠᠭᠤᠯᠤᠨ ᠮᠡᠳᠡᠭᠡᠯᠡᠵᠦ᠂ ᠠᠮᠤᠷ ᠲᠦᠪᠰᠢᠨ᠎ᠤ ᠤᠬᠠᠭᠤᠯᠭ᠎ᠠ ᠵᠢᠨ 《ᠲᠠᠪᠤ ᠵᠢ ᠣᠷᠣᠭᠤᠯᠬᠤ》᠂ ᠪᠥᠬᠥ ᠠᠵᠢᠯᠲᠠᠨ᠎ᠤ ᠳᠡᠷᠭᠡᠳᠡᠬᠢ ᠳᠠᠯᠳᠠ ᠬᠡᠮ᠎ᠢ ᠡᠷᠢᠬᠦ ᠤᠬᠠᠭᠤᠯᠭ᠎ᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠡᠪᠰᠢᠭᠰᠡᠨ ᠰᠣᠷᠢᠯᠲᠠ᠂ 《ᠠᠮᠤᠷ ᠲᠦᠪᠰᠢᠨ᠎ᠤ ᠤᠬᠠᠭᠤᠯᠭ᠎ᠠ ᠵᠢᠨ ᠯᠠᠪᠯᠠᠭ᠎ᠠ ᠵᠢᠨ       ᠡᠳᠦᠷ》 ᠵᠡᠷᠭᠡ ᠠᠵᠢᠯᠯᠠᠭ᠎ᠠ ᠵᠢ ᠵᠣᠬᠢᠶᠠᠨ ᠪᠠᠶ᠋ᠢᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃

  (ᠭᠤᠷᠪᠠ) ᠪᠥᠬᠥ ᠣᠷᠣᠨ᠎ᠤ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ ᠵᠢ ᠯᠠᠪᠳᠠᠭᠤᠨ ᠪᠠᠲᠤᠲᠠᠶ ᠥᠷᠨᠢᠭᠦᠯᠦᠨ᠎ᠡ

  1 . 《ᠨᠢᠭᠡᠳᠦᠭᠡᠷ ᠭᠠᠷ》 ᠠᠶᠤᠯᠭᠦᠢ ᠦᠢ᠍ᠯᠡᠳᠪᠦᠷᠢᠯᠡᠯ᠎ᠤᠨ ᠠᠵᠢᠯᠯᠠᠭ᠎ᠠ ᠵᠢᠨ ᠲᠤᠬᠠᠶ ᠶᠠᠷᠢᠪᠠ᠃ 《ᠬᠥᠮᠦᠨ ᠪᠦᠬᠦᠨ ᠠᠮᠤᠷ ᠲᠦᠪᠰᠢᠨ᠎ᠢ ᠡᠷᠬᠢᠮᠯᠡᠵᠦ᠂ ᠬᠤᠪᠢ ᠬᠥᠮᠦᠨ ᠪᠠᠴᠢᠮ ᠪᠠᠶ᠋ᠢᠳᠠᠯ᠎ᠢ ᠠᠷᠭ᠋ᠠᠴᠠᠬᠤ》᠎ᠪᠠᠷ ᠭᠤᠤᠯ ᠰᠡᠳᠦᠪ ᠪᠣᠯᠭ᠋ᠠᠨ᠂ ᠲᠢᠩᠬᠢᠮ᠎ᠤᠨ ᠰᠢᠭᠤᠳ ᠬᠠᠷᠢᠶ᠎ᠠ ᠡᠯ᠎ᠡ ᠨᠢᠭᠡᠴᠢ ᠪᠣᠯᠤᠨ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠭᠤᠤᠯ ᠬᠠᠷᠢᠭᠤᠴᠠᠯᠭ᠋ᠠᠲᠠᠨ᠎ᠢ ᠤᠷᠢᠵᠤ ᠠᠵᠢᠯ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠤᠨ ᠣᠯᠤᠯᠲᠠ ᠲᠥᠷᠥᠭᠳᠡᠯ᠎ᠢ ᠶᠠᠷᠢᠭᠤᠯᠤᠨ᠎ᠠ (ᠲᠥᠰᠦᠯ᠎ᠢ ᠳᠠᠭ᠋ᠠᠯᠳᠤᠭᠤᠯᠤᠯ 1 ᠵᠢ ᠦᠵᠡ)᠃

  2 . ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ 《ᠵᠢᠷᠭᠤᠭ᠋ᠠᠨ ᠵᠦᠢ᠍ᠯ᠎ᠤᠨ ᠲᠣᠭᠲᠠᠴᠠ》 ᠵᠢᠨ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠠᠵᠢᠯᠯᠠᠭ᠎ᠠ᠃ ᠶᠡᠷᠦᠩᠬᠡᠶ ᠱᠦᠵᠢ ᠰᠢ ᠵᠢᠨ ᠫᠢᠩ᠎ᠤᠨ ᠠᠶᠤᠯᠭᠦᠢ ᠦᠢ᠍ᠯᠡᠳᠪᠦᠷᠢᠯᠡᠯ᠎ᠤᠨ ᠲᠤᠬᠠᠶ ᠴᠢᠬᠤᠯᠠ ᠥᠭᠦᠯᠡᠯᠲᠡ᠂ ᠠᠶᠤᠯᠭᠦᠢ ᠦᠢ᠍ᠯᠡᠳᠪᠦᠷᠢᠯᠡᠯ᠎ᠤᠨ ᠬᠠᠤᠯᠢ ᠪᠣᠯᠤᠨ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ 《ᠵᠢᠷᠭᠤᠭ᠋ᠠᠨ ᠵᠦᠢ᠍ᠯ᠎ᠤᠨ ᠲᠣᠭᠲᠠᠴᠠ》᠎ᠪᠠᠷ ᠭᠤᠤᠯ ᠠᠭᠤᠯᠭ᠎ᠠ ᠪᠣᠯᠭ᠋ᠠᠵᠤ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠠᠵᠢᠯ ᠡᠷᠭᠢᠯᠡᠭᠰᠡᠳ᠎ᠤᠨ ᠰᠦᠯᠵᠢᠶᠡᠨ᠎ᠤ ᠤᠷᠤᠯᠳᠤᠭ᠋ᠠᠨ᠎ᠤ ᠰᠡᠳᠦᠪ ᠬᠠᠷᠢᠭᠤᠯᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ (ᠲᠥᠰᠦᠯ᠎ᠢ ᠳᠠᠭ᠋ᠠᠯᠳᠤᠭᠤᠯᠤᠯ 2᠎ᠢ       ᠦᠵᠡ)᠃

  3 . ᠪᠦᠬᠦ ᠣᠷᠣᠨ᠎ᠤ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢᠨ ᠰᠢᠯᠭ᠋ᠠᠷᠠᠭᠤᠯᠵᠤ ᠳᠡᠯᠭᠡᠨ ᠦᠵᠡᠭᠦᠯᠬᠦ ᠠᠵᠢᠯᠯᠠᠭ᠎ᠠ᠃ ᠡᠨᠳᠡᠯ᠎ᠢ ᠰᠡᠷᠭᠡᠶ᠋ᠢᠯᠡᠬᠦ ᠪᠠ ᠠᠷᠭ᠋ᠠᠴᠠᠬᠤ ᠴᠢᠳᠠᠪᠤᠷᠢ ᠵᠢ ᠳᠡᠭᠡᠭᠰᠢᠯᠡᠭᠦᠯᠬᠦ᠎ᠪᠠᠷ ᠭᠣᠣᠯᠳᠠᠯᠭ᠎ᠠ ᠪᠣᠯᠭ᠋ᠠᠨ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠨᠡᠶ᠋ᠢᠲᠡ ᠵᠢᠨ ᠠᠰᠠᠷᠠᠮᠵᠢ ᠵᠢᠨ ᠲᠠᠶ᠋ᠢᠯᠤᠮᠵᠢ (ᠲᠥᠰᠦᠯ᠎ᠢ ᠳᠠᠭ᠋ᠠᠯᠳᠤᠭᠤᠯᠤᠯ 3 ᠵᠢ ᠦᠵᠡ) ᠵᠢ ᠵᠣᠬᠢᠶᠠᠨ ᠪᠠᠶ᠋ᠢᠭᠤᠯᠵᠤ᠂ ᠪᠥᠬᠥ ᠣᠷᠣᠨ᠎ᠤ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢᠨ ᠰᠢᠯᠭ᠋ᠠᠷᠠᠭᠤᠯᠵᠤ ᠳᠡᠯᠭᠡᠨ ᠦᠵᠡᠭᠦᠯᠬᠦ ᠠᠵᠢᠯᠯᠠᠭ᠎ᠠ ᠥᠷᠨᠢᠭᠦᠯᠦᠨ᠎ᠡ (ᠲᠥᠰᠦᠯ᠎ᠢ ᠳᠠᠭ᠋ᠠᠯᠳᠤᠭᠤᠯᠤᠯ 4 ᠵᠢ ᠦᠵᠡ)᠃ ᠲᠢᠩᠬᠢᠮ᠎ᠤᠨ ᠰᠢᠭᠤᠳ ᠬᠠᠷᠢᠶ᠎ᠠ ᠡᠯ᠎ᠡ ᠨᠢᠭᠡᠴᠢ᠂ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠠᠷᠢᠶ᠎ᠠ ᠬᠡᠪᠴᠢᠶᠡᠨ᠎ᠤ᠎ᠪᠠᠨ ᠳᠣᠲᠣᠷᠠᠬᠢ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢ ᠵᠣᠬᠢᠶᠠᠨ ᠪᠠᠶ᠋ᠢᠭᠤᠯᠤᠨ ᠡᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠨᠢᠭᠡ ᠤᠳᠠᠭ᠋ᠠᠨ᠎ᠤ ᠰᠣᠷᠢᠯᠲᠠ ᠪᠣᠯᠤᠨ ᠠᠵᠢᠯ ᠡᠷᠬᠢᠯᠡᠭᠰᠡᠳ᠎ᠤᠨ ᠥᠪᠡᠷ᠎ᠢ᠎ᠪᠠᠨ ᠠᠪᠤᠷᠠᠬᠤ ᠬᠠᠷᠢᠯᠴᠠᠨ ᠠᠪᠤᠷᠠᠬᠤ ᠮᠡᠷᠭᠡᠵᠢᠯ᠎ᠤᠨ ᠴᠢᠳᠠᠪᠤᠷᠢ ᠵᠢᠨ ᠪᠤᠯᠪᠠᠰᠤᠷᠠᠯ᠎ᠢ ᠥᠷᠨᠢᠭᠦᠯᠬᠦ      ᠬᠡᠷᠡᠭᠲᠡᠶ᠃

  4 . ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠮᠡᠳᠡᠯᠭᠡ ᠵᠢᠨ ᠰᠦᠯᠵᠢᠶᠡᠨ᠎ᠤ      ᠠᠵᠢᠯᠯᠠᠭ᠎ᠠ — 《ᠤᠰᠤᠨ ᠠᠶᠤᠯᠭᠦᠶ ᠵᠢᠨ ᠵᠠᠩᠵᠤᠨ》᠎ᠤ ᠠᠵᠢᠯᠯᠠᠭ᠎ᠠ᠃ ᠠᠮᠤᠷ ᠲᠦᠪᠰᠢᠨ᠎ᠤ ᠤᠬᠠᠭᠤᠯᠭ᠎ᠠ ᠵᠢᠨ 《ᠲᠠᠪᠤ ᠵᠢ ᠠᠬᠢᠭᠤᠯᠬᠤ》 ᠵᠢ ᠳᠥᠯᠭᠢᠨ ᠠᠬᠢᠭᠤᠯᠬᠤ᠂ ᠪᠥᠬᠥ ᠠᠵᠢᠯᠲᠠᠨ᠎ᠤ ᠠᠮᠤᠷ ᠲᠦᠪᠰᠢᠨ᠎ᠤ ᠤᠬᠠᠮᠰᠠᠷ ᠪᠠ ᠠᠮᠤᠷ ᠲᠦᠪᠰᠢᠨ᠎ᠤ ᠬᠡᠪ ᠴᠢᠨᠠᠷ᠎ᠢ ᠳᠡᠭᠡᠭᠰᠢᠯᠡᠭᠦᠯᠬᠦ᠎ᠪᠠᠷ ᠭᠤᠤᠯᠳᠠᠯᠭ᠎ᠠ ᠪᠣᠯᠭ᠋ᠠᠵᠤ᠂ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠮᠡᠳᠡᠯᠭᠡ ᠵᠢᠨ ᠰᠦᠯᠵᠢᠶᠡᠨ᠎ᠤ ᠤᠷᠤᠯᠳᠤᠭ᠋ᠠᠨ 《ᠤᠰᠤᠨ ᠠᠶᠤᠯᠭᠦᠶ ᠵᠢᠨ ᠵᠠᠩᠵᠤᠨ》᠎ᠤ ᠬᠦᠳᠡᠯᠭᠡᠭᠡᠨ ᠥᠷᠨᠢᠭᠦᠯᠦᠨ᠎ᠡ (ᠲᠥᠰᠦᠯ᠎ᠢ ᠳᠠᠭ᠋ᠠᠯᠳᠤᠭᠤᠯᠤᠯ 5 ᠵᠢ ᠦᠵᠡ)᠃

   ᠭᠤᠷᠪᠠ᠂ ᠬᠣᠯᠪᠣᠭᠳᠠᠯ ᠪᠦᠬᠦᠢ ᠱᠠᠭ᠋ᠠᠷᠳᠠᠯᠭ᠎ᠠ

  (ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠶ᠃ ᠡᠯ᠎ᠡ ᠨᠢᠭᠡᠴᠢ᠎ᠨᠦᠭᠦᠳ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ ᠵᠢ ᠪᠦᠬᠦ ᠵᠢᠯ᠎ᠤᠨ ᠠᠶᠤᠯᠭᠦᠢ ᠦᠢ᠍ᠯᠡᠳᠪᠦᠷᠢᠯᠡᠯ᠎ᠤᠨ ᠭᠣᠣᠯᠳᠠᠯᠭ᠎ᠠ᠎ᠲᠠᠢ ᠠᠵᠢᠯ᠎ᠤᠨ ᠲᠥᠯᠥᠪᠯᠡᠭᠡ᠎ᠳᠡᠭᠡᠨ ᠣᠷᠣᠭᠤᠯᠵᠤ᠂ ᠣᠯᠠᠨ ᠰᠠᠯᠠᠭ᠎ᠠ ᠮᠥᠴᠢᠷ ᠬᠣᠷᠰᠢᠯᠴᠠᠬᠤ᠂ ᠬᠣᠯᠪᠣᠭᠳᠠᠯ ᠪᠦᠬᠦᠢ ᠲᠠᠯ᠎ᠠ ᠵᠢᠨ᠎ᠬᠢᠨ ᠬᠠᠮᠵᠢᠯᠴᠠᠨ ᠬᠠᠮᠲᠤᠷᠠᠨ ᠬᠥᠳᠡᠯᠦᠯᠴᠡᠬᠦ ᠠᠵᠢᠯ᠎ᠤᠨ ᠲᠣᠭᠲᠠᠴᠠ ᠵᠢ ᠪᠠᠶ᠋ᠢᠭᠤᠯᠤᠨ᠂ ᠨᠢᠭᠲᠠ ᠬᠠᠮᠵᠢᠯᠴᠠᠬᠤ᠎ᠪᠠᠨ ᠴᠢᠩᠭ᠋ᠠᠳᠬᠠᠵᠤ᠂ ᠬᠦᠴᠦ᠎ᠪᠠᠨ ᠨᠢᠭᠡᠳᠬᠡᠨ ᠬᠠᠮᠵᠢᠯᠴᠠᠬᠤ ᠵᠢ ᠰᠠᠶ᠋ᠢᠲᠤᠷ ᠬᠢᠬᠦ ᠬᠡᠷᠡᠭᠲᠡᠶ᠃ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠦᠨᠡᠨ ᠬᠦ᠌ ᠴᠢᠩᠭ᠋ᠠᠳᠬᠠᠨ᠂ ᠭᠣᠣᠯ ᠤᠳᠤᠷᠢᠳᠤᠯᠭ᠎ᠠ ᠪᠡᠶ᠎ᠡ᠎ᠪᠠᠷ ᠵᠶ᠋ᠠᠨ ᠠᠳᠬᠤᠵᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠳᠠᠲᠠᠶ ᠨᠠᠶ᠋ᠢᠳᠠᠪᠤᠷᠢᠵᠢᠭᠤᠯᠤᠨ᠂ ᠬᠠᠷᠢᠭᠤᠴᠠᠯᠭ᠎ᠠ᠎ᠲᠠᠢ ᠨᠢᠭᠡᠴᠢ᠂ ᠬᠠᠷᠢᠭᠤᠴᠠᠯᠭ᠎ᠠ ᠡᠭᠦᠷᠭᠡᠯᠡᠭᠴᠢ ᠪᠣᠯᠤᠨ ᠭᠣᠣᠯᠳᠠᠯᠭ᠎ᠠ᠎ᠲᠠᠢ ᠠᠵᠢᠯᠯᠠᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠶ᠋ᠢᠯᠠᠵᠤ᠂ ᠱᠠᠲᠤ ᠱᠠᠲᠤ᠎ᠪᠠᠷ ᠠᠳᠬᠤᠬᠤ ᠬᠥᠮᠦᠨ᠎ᠲᠠᠢ᠂ ᠶᠠᠪᠤᠳᠠᠯ ᠪᠣᠯᠭ᠋ᠠᠨ᠎ᠢ ᠬᠠᠮᠢᠶᠠᠷᠬᠤ ᠬᠥᠮᠦᠨ᠎ᠲᠠᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃

  (ᠬᠣᠶᠠᠷ) ᠤᠬᠠᠭᠤᠯᠬᠤ ᠡᠷᠴᠢᠮ ᠵᠶ᠋ᠠᠨ ᠨᠡᠮᠡᠭᠳᠡᠭᠦᠯᠬᠦ ᠬᠡᠷᠡᠭᠲᠡᠶ᠃ ᠡᠯ᠎ᠡ ᠨᠢᠭᠡᠴᠢ᠎ᠨᠦᠭᠦᠳ ᠭᠣᠣᠯ ᠪᠣᠯᠬᠤ ᠵᠠᠭᠤᠴᠢᠯᠠᠭᠤᠷ᠂ ᠠᠵᠢᠯ ᠲᠥᠷᠥᠯ᠎ᠤᠨ ᠵᠠᠭᠤᠴᠢᠯᠠᠭᠤᠷ ᠵᠢᠴᠢ ᠰᠢᠨ᠎ᠡ ᠵᠠᠭᠤᠴᠢᠯᠠᠭᠤᠷ᠎ᠢ ᠭᠦᠢ᠍ᠴᠡᠳ ᠠᠰᠢᠭᠯᠠᠨ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ ᠵᠢᠨ ᠲᠤᠰᠬᠠᠶ ᠪᠤᠯᠤᠩ ᠪᠠ ᠲᠤᠰᠬᠠᠶ ᠰᠡᠳᠦᠪᠲᠦ ᠡᠬᠡ ᠪᠢᠴᠢᠭ ᠥᠭᠬᠦ ᠤᠬᠠᠭᠤᠯᠭ᠎ᠠ ᠵᠢ ᠢᠳᠡᠪᠬᠢᠲᠡᠶ᠎ᠪᠠᠷ ᠥᠷᠨᠢᠭᠦᠯᠦᠨ᠂ ᠠᠵᠢᠯᠯᠠᠭ᠎ᠠ ᠵᠢᠨ ᠤᠬᠠᠭᠤᠯᠭ᠎ᠠ ᠵᠢᠨ ᠨᠢᠭᠤᠷ᠂ ᠴᠠᠭ ᠬᠤᠭᠤᠴᠠᠭ᠎ᠠ ᠪᠠ ᠳᠠᠪᠲᠠᠮᠵᠢ ᠵᠢ ᠴᠢᠷᠮᠠᠶ᠋ᠢᠨ ᠨᠡᠮᠡᠭᠳᠡᠭᠦᠯᠵᠦ᠂ ᠢᠯᠠᠩᠭᠤᠶ᠎ᠠ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢ ᠡᠬᠢᠯᠡᠭᠦᠯᠬᠦ᠂ 《ᠠᠶᠤᠯᠭᠦᠢ ᠦᠢ᠍ᠯᠡᠳᠪᠦᠷᠢᠯᠡᠯ᠎ᠤᠨ ᠤᠬᠠᠭᠤᠯᠭ᠎ᠠ ᠯᠠᠪᠯᠠᠯᠭ᠎ᠠ ᠵᠢᠨ ᠡᠳᠦᠷ》᠎ᠤᠨ ᠠᠵᠢᠯᠯᠠᠭ᠎ᠠ ᠵᠡᠷᠭᠡ ᠴᠢᠬᠤᠯᠠ ᠴᠠᠭ ᠬᠤᠭᠤᠴᠠᠭ᠎ᠠ ᠵᠢᠨ ᠵᠠᠩᠭᠢᠯᠠᠭ᠎ᠠ ᠵᠢᠨ ᠴᠡᠭ᠎ᠲᠤ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠵᠦ᠂ ᠱᠠᠲᠤ ᠦᠶ᠎ᠡ ᠵᠢᠨ ᠴᠢᠨᠠᠷᠲᠠᠶ ᠤᠬᠠᠭᠤᠯᠭ᠎ᠠ ᠵᠢᠨ ᠬᠠᠯᠠᠭᠤᠨ ᠥᠷᠨᠢᠯᠲᠡ ᠵᠢ ᠪᠣᠶ ᠪᠣᠯᠭ᠋ᠠᠨ᠂ ᠠᠵᠢᠯᠯᠠᠭ᠎ᠠ ᠵᠢᠨ ᠨᠥᠯᠥᠭᠡᠯᠡᠬᠦ ᠬᠦᠴᠦᠨ ᠪᠠ ᠨᠥᠯᠥᠭᠡᠯᠡᠬᠦ ᠬᠦᠴᠦᠨ᠎ᠢ ᠲᠠᠰᠤᠷᠠᠯᠲᠠ ᠤᠢ᠍ᠭᠡᠢ ᠨᠡᠮᠡᠭᠳᠡᠭᠦᠯᠬᠦ ᠬᠡᠷᠡᠭᠲᠡᠶ᠂ ᠮᠠᠨ᠎ᠤ ᠲᠢᠩᠬᠢᠮ᠎ᠠᠴᠠ ᠤᠰᠤᠨ ᠠᠰᠢᠭᠯᠠᠯᠲᠠ ᠵᠢᠨ ᠲᠢᠩᠬᠢᠮ᠎ᠤᠨ ᠠᠯᠪᠠᠨ᠎ᠤ ᠰᠦᠯᠵᠢᠶᠡᠨ ᠥᠷᠲᠡᠭᠡ᠎ᠳᠤ 2023 ᠣᠨ᠎ᠤ ᠤᠰᠤᠨ ᠠᠰᠢᠭᠯᠠᠯᠲᠠ ᠵᠢᠨ 《ᠠᠶᠤᠯᠭᠦᠢ ᠦᠢ᠍ᠯᠡᠳᠪᠦᠷᠢᠯᠡᠯ ᠎ᠤᠨ ᠰᠠᠷ᠎ᠠ》 ᠲᠤᠰᠬᠠᠢ ᠪᠤᠯᠤᠩ ᠭᠠᠷᠭ᠋ᠠᠵᠤ ᠠᠵᠢᠯᠯᠠᠭ᠎ᠠ ᠵᠢᠨ ᠤᠬᠠᠭᠤᠯᠭ᠎ᠠ ᠬᠢᠬᠦ ᠪᠤᠯᠤᠨ᠎ᠠ᠃ ᠡᠯ᠎ᠡ ᠨᠢᠭᠡᠴᠢ ᠵᠢᠨ ᠵᠣᠬᠢᠶᠠᠨ ᠪᠠᠶ᠋ᠢᠭᠤᠯᠵᠤ ᠦᠢ᠍ᠯᠡᠳᠦᠭᠰᠡᠨ ᠠᠶᠤᠯᠭᠦᠢ ᠦᠢ᠍ᠯᠡᠳᠪᠦᠷᠢᠯᠡᠯ ᠎ᠤᠨ ᠰᠠᠷ᠎ᠠ ᠵᠢᠨ ᠠᠵᠢᠯᠯᠠᠭ᠎ᠠ ᠵᠢᠨ ᠰᠢᠷᠢᠰ ᠤᠬᠠᠭᠤᠯᠭ᠎ᠠ ᠬᠥᠮᠦᠵᠢᠯ᠎ᠤᠨ ᠦᠢ᠍ᠯᠡᠳᠭᠦᠨ᠎ᠢ ᠤᠰᠤᠨ ᠠᠰᠢᠭᠯᠠᠯᠲᠠ ᠵᠢᠨ ᠶᠠᠮᠤᠨ᠎ᠤ ᠬᠠᠮᠢᠶ᠎ᠠ ᠪᠥᠬᠥᠶ ᠱᠠᠭ᠋ᠠᠷᠳᠠᠯᠭ᠎ᠠ ᠵᠢ ᠦᠨᠳᠦᠰᠦᠯᠡᠨ ᠰᠣᠩᠭᠣᠨ ᠬᠡᠷᠡᠭᠯᠡᠵᠦ ᠪᠣᠯᠤᠨ᠎ᠠ (ᠳᠠᠭ᠋ᠠᠯᠳᠤᠭᠤᠯᠤᠯ 6 ᠵᠢ ᠦᠵᠡ)᠃ ᠤᠰᠤᠨ ᠠᠰᠢᠭᠯᠠᠯᠲᠠ ᠵᠢᠨ ᠲᠢᠩᠬᠢᠮ᠎ᠤᠨ ᠰᠢᠷᠢᠰ ᠤᠬᠠᠭᠤᠯᠭ᠎ᠠ ᠬᠥᠮᠦᠵᠢᠯ᠎ᠤᠨ ᠪᠦᠲᠦᠭᠡᠭᠳᠡᠬᠦᠨ ᠦᠢ᠍ᠯᠡᠳᠬᠦ ᠠᠵᠢᠯ᠎ᠢ ᠤᠰᠤᠨ ᠠᠰᠢᠭᠯᠠᠯᠲᠠ ᠵᠢᠨ   ᠦᠢ᠍ᠯᠡᠰ᠎ᠤᠨ ᠬᠥᠭᠵᠢᠯᠲᠡ ᠵᠢᠨ ᠲᠥᠪ᠎ᠠᠴᠠ ᠬᠠᠷᠢᠭᠤᠴᠠᠨ᠎ᠠ᠃

  (ᠭᠤᠷᠪᠠ) ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠴᠢᠩᠭ᠋ᠠᠷᠠᠭᠤᠯᠬᠤ ᠬᠡᠷᠡᠭᠲᠡᠶ᠃ ᠡᠯ᠎ᠡ ᠨᠢᠭᠡᠴᠢ᠎ᠨᠦᠭᠦᠳ ᠠᠶᠤᠯᠭᠦᠢ ᠦᠢ᠍ᠯᠡᠳᠪᠦᠷᠢᠯᠡᠯ ᠎ᠤᠨ ᠲᠤᠰᠬᠠᠶ ᠮᠡᠷᠭᠡᠵᠢᠯᠲᠡᠨ ᠪᠣᠯᠤᠨ ᠵᠠᠭᠤᠴᠢᠯᠠᠭᠤᠷ᠎ᠤᠨ ᠰᠤᠷᠪᠤᠯᠵᠢᠯᠠᠭᠴᠢ ᠵᠢ ᠵᠣᠬᠢᠶᠠᠨ ᠪᠠᠶ᠋ᠢᠭᠤᠯᠤᠨ᠂ ᠬᠠᠮᠢᠶ᠎ᠠ ᠪᠦᠬᠦᠢ ᠭᠠᠵᠠᠷ ᠣᠷᠣᠨ ᠪᠣᠯᠤᠨ ᠭᠣᠣᠯᠳᠠᠯᠭ᠎ᠠ᠎ᠲᠠᠢ ᠬᠦᠷᠢᠶᠡᠨ᠎ᠳᠤ ᠭᠦᠨᠵᠡᠭᠡᠶ᠋ᠢᠷᠡᠨ ᠰᠤᠷᠪᠤᠯᠵᠢᠯᠠᠵᠤ᠂ 《ᠬᠠᠤᠯᠢ ᠪᠤᠰᠤ ᠪᠠ ᠬᠠᠤᠯᠢ᠎ᠠᠴᠠ ᠵᠥᠷᠢᠴᠡᠭᠰᠡᠨ᠎ᠳᠤ ᠴᠣᠬᠢᠯᠲᠠ ᠥᠭᠬᠦ》᠂ 《ᠠᠶᠤᠯᠭᠦᠢ ᠦᠢ᠍ᠯᠡᠳᠪᠦᠷᠢᠯᠡᠯ ᠎ᠤᠨ ᠶᠡᠬᠡ ᠪᠠᠶ᠋ᠢᠴᠠᠭ᠋ᠠᠯᠲᠠ》᠂ 《ᠢᠯᠡ᠎ᠪᠠᠷ ᠪᠠᠶ᠋ᠢᠴᠠᠭ᠋ᠠᠵᠤ ᠳᠠᠯᠳᠠ᠎ᠠᠴᠠ ᠰᠤᠷᠪᠤᠯᠵᠢᠯᠠᠬᠤ》 ᠵᠡᠷᠭᠡ ᠠᠵᠢᠯ᠎ᠲᠠᠢ ᠤᠶᠠᠯᠳᠤᠭᠤᠯᠤᠨ᠂ ᠬᠦᠨᠳᠦ ᠶᠡᠬᠡ ᠡᠨᠳᠡᠯ᠎ᠤᠨ ᠳᠠᠯᠳᠠ ᠭᠡᠮ ᠪᠣᠯᠤᠨ ᠳᠣᠪᠣᠶ᠋ᠢᠮ᠎ᠠ ᠠᠰᠠᠭᠤᠳᠠᠯ᠎ᠢ ᠣᠯᠠᠨ᠎ᠳᠤ ᠢᠯᠡ ᠦᠵᠡᠭᠦᠯᠬᠦ ᠬᠡᠷᠡᠭᠲᠡᠶ᠃ ᠡᠯ᠎ᠡ ᠠᠶ᠋ᠢᠮᠠᠭ ᠬᠣᠲᠠ ᠵᠢᠨ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠵᠠᠷᠴᠢᠮ ᠳᠡᠭᠡᠷ᠎ᠡ᠎ᠪᠠᠨ ᠤᠯᠠᠷᠢᠯ ᠪᠦᠷᠢ ᠨᠠᠭ᠋ᠠᠳᠤ ᠵᠠᠬ᠎ᠠ᠎ᠳᠠᠭᠠᠨ ᠭᠤᠤᠯ ᠪᠣᠯᠬᠤ ᠵᠠᠭᠤᠴᠢᠯᠠᠭᠤᠷ ᠳᠡᠭᠡᠷ᠎ᠡ ᠨᠢᠭᠡ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠢᠯᠡᠴᠢᠯᠡᠵᠦ᠂ ᠵᠢᠩᠬᠢᠨᠢ ᠰᠦᠷᠳᠡᠭᠦᠯᠬᠦ ᠬᠦᠴᠦᠨ᠎ᠲᠠᠢ ᠪᠣᠯᠭ᠋ᠠᠬᠤ ᠵᠢᠨ ᠬᠠᠮᠲᠤ᠂ ᠤᠰᠤᠨ ᠠᠰᠢᠭᠯᠠᠯᠲᠠ ᠵᠢᠨ ᠲᠢᠩᠬᠢᠮ᠎ᠤᠨ ᠲᠡᠭᠡᠭᠡᠪᠦᠷᠢ ᠵᠢᠨ ᠬᠠᠮᠢᠶᠠᠷᠤᠯᠲᠠ ᠵᠢᠨ ᠭᠠᠵᠠᠷ᠎ᠲᠤ ᠮᠡᠳᠡᠭᠦᠯᠦᠨ ᠬᠦᠷᠭᠡᠬᠦ ᠬᠡᠷᠡᠭᠲᠡᠶ᠃ 《12314》 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ᠎ᠤᠨ ᠦᠢ᠍ᠯᠡᠳᠦᠯ᠎ᠢ ᠪᠠᠳᠠᠷᠠᠭᠤᠯᠤᠨ᠂ ᠥᠷᠭᠡᠨ ᠣᠯᠠᠨ ᠲᠦᠮᠡᠨ᠎ᠤ ᠤᠰᠤ᠎ᠲᠠᠢ ᠬᠣᠯᠪᠣᠭᠳᠠᠭᠰᠠᠨ ᠠᠶᠤᠯᠭᠦᠢ ᠦᠢ᠍ᠯᠡᠳᠪᠦᠷᠢᠯᠡᠯ ᠎ᠤᠨ ᠬᠦᠨᠳᠦ ᠶᠡᠬᠡ ᠲᠦᠭᠰᠢᠭᠦᠷᠢ᠂ ᠡᠨᠳᠡᠯ᠎ᠤᠨ ᠳᠠᠯᠳᠠ ᠭᠡᠮ ᠪᠣᠯᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠵᠢ ᠵᠣᠷᠢᠭᠵᠢᠭᠤᠯᠵᠤ᠂ ᠢᠯᠡᠴᠢᠯᠡᠨ ᠮᠡᠳᠡᠭᠦᠯᠦᠭᠰᠡᠨ ᠠᠶᠤᠯᠭᠦᠢ ᠦᠢ᠍ᠯᠡᠳᠪᠦᠷᠢᠯᠡᠯ ᠎ᠤᠨ ᠠᠰᠠᠭᠤᠳᠠᠯ᠎ᠤᠨ ᠰᠦᠪᠡᠭᠴᠢ ᠵᠢ ᠬᠢᠨᠠᠨ ᠬᠠᠷᠭᠤᠭᠤᠯᠬᠤ᠎ᠲᠠᠢ ᠵᠡᠷᠭᠡ ᠬᠠᠤᠯᠢ ᠶᠣᠰᠣᠭ᠋ᠠᠷ ᠴᠢᠩᠭ᠎ᠠ ᠪᠠᠶ᠋ᠢᠴᠠᠭ᠋ᠠᠨ   ᠰᠢᠢ᠍ᠳᠪᠦᠷᠢᠯᠡᠬᠦ ᠬᠡᠷᠡᠭᠲᠡᠶ᠃

  (ᠳᠥᠷᠪᠡ) ᠠᠵᠢᠯᠯᠠᠭ᠎ᠠ ᠵᠢᠨ ᠪᠣᠳᠠᠲᠤ ᠦᠷ᠎ᠡ ᠪᠦᠲᠦᠮᠵᠢ ᠵᠢ ᠦᠨᠡᠨ ᠬᠦ᠌ ᠪᠠᠲᠤᠯᠠᠬᠤ ᠬᠡᠷᠡᠭᠲᠡᠶ᠃ ᠡᠯ᠎ᠡ ᠨᠢᠭᠡᠴᠢ ᠵᠢᠨ᠎ᠬᠢᠨ ᠠᠵᠢᠯᠯᠠᠭ᠎ᠠ᠎ᠪᠠᠨ ᠣᠳᠣᠬᠠᠨ᠎ᠤ ᠤᠰᠤᠨ ᠠᠰᠢᠭᠯᠠᠯᠲᠠ ᠵᠢᠨ ᠠᠵᠢᠯ ᠲᠦᠷᠦᠯ᠎ᠤᠨ ᠠᠮᠤᠷ ᠲᠦᠪᠰᠢᠨ᠎ᠤ ᠬᠥᠭᠵᠢᠯᠲᠡ ᠵᠢᠨ ᠳᠤᠮᠳᠠᠬᠢ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠲᠠᠢ ᠤᠶᠠᠯᠳᠤᠭᠤᠯᠵᠤ᠂ ᠤᠰᠤᠨ ᠠᠰᠢᠭᠯᠠᠯᠲᠠ ᠵᠢᠨ ᠬᠦᠨᠳᠦ ᠶᠡᠬᠡ ᠡᠨᠳᠡᠯ᠎ᠤᠨ ᠳᠠᠯᠳᠠ ᠭᠡᠮ᠎ᠢ ᠲᠤᠰᠬᠠᠢ ᠲᠦᠷᠦᠯ ᠵᠶ᠋ᠠᠷ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ 2023 ᠠᠵᠢᠯᠯᠠᠭ᠎ᠠ ᠵᠡᠷᠭᠡ ᠭᠣᠣᠯᠳᠠᠯᠭ᠎ᠠ᠎ᠲᠠᠢ ᠠᠵᠢᠯ᠎ᠲᠠᠢ ᠤᠶᠠᠯᠳᠤᠭᠤᠯᠵᠤ᠂ ᠡᠯ᠎ᠡ ᠲᠠᠯ᠎ᠠ ᠵᠢᠨ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠵᠢ ᠠᠬᠢᠭᠤᠯᠬᠤ᠎ᠲᠠᠢ ᠤᠶᠠᠯᠳᠤᠭᠤᠯᠵᠤ᠂ ᠠᠵᠢᠯ᠎ᠤᠨ ᠠᠷᠭ᠎ᠠ ᠬᠡᠮᠵᠢᠶ᠎ᠡ ᠵᠢᠨ ᠰᠢᠨ᠎ᠡ ᠵᠢ ᠡᠭᠦᠳᠴᠦ᠂ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠵᠢ ᠠᠬᠢᠭᠤᠯᠵᠤ᠂ ᠠᠶᠤᠯᠭᠦᠢ ᠦᠢ᠍ᠯᠡᠳᠪᠦᠷᠢᠯᠡᠯ᠎ᠤᠨ ᠲᠦᠪᠰᠢᠨ᠎ᠤ ᠳᠡᠭᠡᠭᠰᠢᠯᠡᠯᠲᠡ ᠵᠢ ᠠᠬᠢᠭᠤᠯᠵᠤ᠂ ᠠᠷᠠᠳ ᠤᠯᠠᠨ᠎ᠤ ᠬᠦᠷᠲᠡᠮᠵᠢ ᠵᠢᠨ ᠲᠦᠷᠦᠭᠳᠡᠯ᠂ ᠵᠢᠷᠭ᠋ᠠᠯᠲᠤ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠦᠨᠡᠨ ᠬᠦ᠌ ᠨᠡᠮᠡᠭᠳᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

   ᠡᠯ᠎ᠡ ᠨᠢᠭᠡᠴᠢ᠎ᠨᠦᠭᠦᠳ 《ᠠᠶᠤᠯᠭᠦᠢ ᠦᠢ᠍ᠯᠡᠳᠪᠦᠷᠢᠯᠡᠯ ᠎ᠤᠨ ᠰᠠᠷ᠎ᠠ》 ᠵᠢᠨ ᠠᠵᠢᠯᠯᠠᠭ᠎ᠠ ᠵᠢᠨ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠠᠵᠢᠯ᠎ᠢ ᠰᠠᠶ᠋ᠢᠲᠤᠷ ᠬᠢᠵᠦ᠂ 1 ᠬᠣᠯᠪᠣᠭ᠋ᠠᠴᠢᠨ᠎ᠢ ᠲᠣᠳᠣᠷᠬᠠᠶ᠋ᠢᠯᠠᠨ᠂ ᠠᠵᠢᠯᠯᠠᠭ᠎ᠠ ᠵᠢᠨ ᠬᠤᠭᠤᠴᠠᠭ᠋ᠠᠨ᠎ᠳᠠᠬᠢ ᠰᠠᠶ᠋ᠢᠨ ᠬᠢᠳᠡᠯ ᠪᠠ ᠸᠢᠳᠤ᠋᠂ ᠵᠢᠷᠤᠭ ᠵᠡᠷᠭᠡ ᠮᠠᠲ᠋ᠧᠷᠢᠶᠠᠯ᠎ᠢ ᠴᠠᠭ ᠲᠤᠬᠠᠶ᠎ᠳᠤᠨᠢ ᠮᠡᠳᠡᠭᠦᠯᠦᠨ ᠬᠦᠷᠭᠡᠵᠦ᠂ 5 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ ᠡᠮᠦᠨ᠎ᠡ ᠬᠣᠯᠪᠣᠭ᠋ᠠᠴᠢᠨ᠎ᠤ ᠮᠡᠳᠡᠭᠡ ᠵᠠᠩᠭᠢ (ᠳᠠᠭ᠋ᠠᠯᠳᠤᠭᠤᠯᠤᠯ 7 ᠵᠢ ᠦᠵᠡ) ᠵᠢ ᠮᠡᠳᠡᠭᠦᠯᠦᠨ ᠬᠦᠷᠭᠡᠵᠦ᠂ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠮᠦᠨ᠎ᠡ ᠳ᠋ᠦᠩᠨᠡᠯᠲᠡ ᠵᠢᠨ ᠮᠡᠳᠡᠭᠦᠯᠦᠯᠲᠡ ᠪᠠ ᠪᠦᠷᠢᠳᠬᠡᠯ᠎ᠤᠨ ᠬᠦᠰᠦᠨᠦᠭᠲᠦ ᠵᠢ ᠮᠡᠳᠡᠭᠦᠯᠦᠨ ᠬᠦᠷᠭᠡᠬᠦ ᠬᠡᠷᠡᠭᠲᠡᠶ (ᠳᠠᠭ᠋ᠠᠯᠳᠤᠭᠤᠯᠤᠯ 8 ᠵᠢ ᠦᠵᠡ)᠃

   ᠬᠠᠷᠢᠯᠴᠠᠬᠤ ᠬᠥᠮᠦᠨ᠄ ᠴᠧᠩ ᠭᠤᠸᠠᠩ ᠶᠤᠸᠠᠨ

   ᠬᠠᠷᠢᠯᠴᠠᠬᠤ ᠤᠲᠠᠰᠤ᠄ 0471 – 5259658

   ᠢᠮᠧᠯ᠄ nms1yg@163.com


ᠳᠠᠭ᠋ᠠᠯᠳᠤᠭᠤᠯᠤᠯ᠄ 1. ᠨᠢᠭᠡᠳᠦᠭᠡᠷ ᠭᠠᠷ ᠠᠶᠤᠯᠭᠦᠢ ᠦᠢ᠍ᠯᠡᠳᠪᠦᠷᠢᠯᠡᠯ᠎ᠤᠨ ᠠᠵᠢᠯᠯᠠᠭ᠎ᠠ ᠵᠢᠨ ᠲᠥᠰᠦᠯ᠎ᠢ ᠶᠠᠷᠢᠯᠴᠠᠨ᠎ᠠ · docx

2 . ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ 《ᠵᠢᠷᠭᠤᠭ᠋ᠠᠨ ᠵᠦᠢ᠍ᠯ᠎ᠤᠨ ᠲᠣᠭᠲᠠᠴᠠ》 ᠵᠢᠨ ᠲᠣᠣᠷ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠠᠵᠢᠯᠯᠠᠭ᠎ᠠ ᠵᠢᠨ ᠲᠥᠰᠦᠯ · doc  

3 . ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠨᠡᠶ᠋ᠢᠲᠡ ᠵᠢᠨ ᠠᠰᠠᠷᠠᠮᠵᠢ ᠵᠢᠨ ᠪᠤᠯᠪᠠᠰᠤᠷᠠᠯ᠎ᠤᠨ ᠲᠥᠰᠦᠯ · docx  

4 . 2023 ᠣᠨ᠎ᠤ ᠪᠥᠬᠥ ᠣᠷᠣᠨ᠎ᠤ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢᠨ ᠦᠷ᠎ᠡ ᠪᠦᠲᠦᠭᠡᠯ᠎ᠢ ᠰᠢᠯᠭ᠋ᠠᠷᠠᠭᠤᠯᠤᠨ ᠳᠡᠯᠭᠡᠨ ᠦᠵᠡᠭᠦᠯᠬᠦ ᠠᠵᠢᠯᠯᠠᠭ᠎ᠠ ᠵᠢᠨ ᠲᠥᠰᠦᠯ · doc

5 . ᠤᠰᠤᠨ ᠠᠰᠢᠭᠯᠠᠯᠲᠠ ᠵᠢᠨ ᠠᠶᠤᠯᠭᠦᠶ ᠦᠢ᠍ᠯᠡᠳᠪᠦᠷᠢᠯᠡᠯ᠎ᠤᠨ ᠮᠡᠳᠡᠯᠭᠡ ᠵᠢᠨ ᠰᠦᠯᠵᠢᠶᠡᠨ᠎ᠤ ᠤᠷᠤᠯᠳᠤᠭ᠋ᠠᠨ — 《ᠤᠰᠤᠨ ᠠᠶᠤᠯᠭᠦᠶ ᠵᠢᠨ ᠵᠠᠩᠵᠤᠨ》᠎ᠤ ᠠᠵᠢᠯᠯᠠᠭ᠎ᠠ ᠵᠢᠨ ᠲᠥᠰᠦᠯ · doc  

6 . 2023 ᠣᠨ᠎ᠤ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠰᠢᠷᠢᠰ ᠤᠬᠠᠭᠤᠯᠭ᠎ᠠ ᠵᠠᠬᠢᠶᠠᠯᠠᠬᠤ ᠠᠵᠢᠯ᠎ᠢ ᠵᠣᠬᠢᠶᠠᠨ ᠪᠠᠶ᠋ᠢᠭᠤᠯᠵᠤ ᠥᠷᠨᠢᠭᠦᠯᠬᠦ ᠲᠤᠬᠠᠶ ᠳᠤᠮᠳᠠᠳᠤ ᠤᠯᠤᠰ᠎ᠤᠨ ᠤᠰᠤᠨ ᠠᠰᠢᠭᠯᠠᠯᠲᠠ ᠵᠢᠨ ᠰᠣᠨᠢᠨ᠎ᠤ ᠬᠣᠷᠢᠶ᠎ᠠ ᠵᠢᠨ ᠵᠠᠬᠢᠳᠠᠯ · doc

7.   ᠤᠰᠤᠨ ᠠᠰᠢᠭᠯᠠᠯᠲᠠ ᠵᠢᠨ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ ᠵᠢᠨ ᠬᠣᠯᠪᠣᠭ᠋ᠠᠴᠢᠨ᠎ᠤ ᠲᠠᠨᠢᠯᠴᠠᠭᠤᠯᠤᠭᠰᠠᠨ ᠬᠦᠰᠦᠨᠦᠭᠲᠦ · doc

8 . ᠤᠰᠤᠨ ᠠᠰᠢᠭᠯᠠᠯᠲᠠ ᠵᠢᠨ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ ᠵᠢᠨ ᠠᠬᠢᠴᠠ ᠵᠢᠨ ᠪᠠᠶ᠋ᠢᠳᠠᠯ᠎ᠤᠨ ᠪᠦᠷᠢᠳᠬᠡᠯ᠎ᠤᠨ ᠬᠦᠰᠦᠨᠦᠭᠲᠦ · docx

  

        2023 ᠣᠨ᠎ᠤ 5 ᠳ᠋ᠤᠭ᠋ᠠᠷ ᠰᠠᠷ᠎ᠠ ᠵᠢᠨ 28᠎ᠤ ᠡᠳᠦᠷ


 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
2023 ᠣᠨ᠎ᠳᠤ ᠵᠠᠰᠠᠮᠠᠯ ᠵᠠᠮ᠎ᠤᠨ ᠢᠨᠵᠧᠨᠧᠷᠢᠩ᠎ᠤᠨ ᠲᠤᠰᠬᠠᠶ ᠮᠡᠷᠭᠡᠵᠢᠯ᠎ᠤᠨ ᠬᠢᠷᠢ ᠬᠡᠮ ᠭᠤᠶᠤᠴᠢᠯᠠᠨ ᠮᠡᠳᠡᠭᠦᠯᠬᠦ ᠬᠥᠮᠦᠰ᠎ᠢ ᠢᠯᠡ ᠨᠡᠶ᠋ᠢᠲᠡᠯᠡᠬᠦ ᠲᠤᠬᠠᠶ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠤᠤᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢᠨ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ᠎ᠠᠴᠠ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
2023 ᠣᠨ᠎ᠤ ᠲᠠᠩᠰᠠ ᠡᠪᠬᠡᠮᠡᠯ ᠭᠤᠶᠤᠴᠢᠯᠠᠨ ᠮᠡᠳᠡᠭᠦᠯᠬᠦ ᠰᠢᠷᠢᠰ ᠲᠤᠰᠬᠠᠶ ᠮᠡᠷᠭᠡᠵᠢᠯ᠎ᠤᠨ ᠬᠢᠷᠢ ᠬᠡᠮ᠎ᠤᠨ ᠠᠵᠢᠯᠲᠠᠨ᠎ᠤ ᠲᠤᠬᠠᠶ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠤᠤᠯ ᠮᠥᠷᠡᠨ ᠨᠠᠭᠤᠷ ᠴᠥᠭᠥᠷᠥᠮ᠎ᠤᠨ ᠠᠮᠤᠷ ᠲᠦᠪᠰᠢᠨ᠎ᠢ ᠬᠠᠮᠠᠭ᠋ᠠᠯᠠᠬᠤ ᠬᠠᠤᠯᠢ ᠬᠡᠷᠡᠭᠵᠢᠭᠦᠯᠬᠦ ᠲᠤᠰᠬᠠᠶ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠠᠷᠭ᠎ᠠ ᠮᠠᠶᠢᠭ᠎ᠢ ᠨᠡᠶ᠋ᠢᠲᠡᠯᠡᠬᠦ ᠲᠤᠬᠠᠶ ᠠᠯᠪᠠᠨ ᠵᠠᠷ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠡᠮᠦᠨᠡᠬᠢ ᠬᠤᠭᠤᠴᠠᠭ᠋ᠠᠨ᠎ᠤ ᠠᠵᠢᠯ᠎ᠤᠨ ᠮᠡᠷᠭᠡᠵᠢᠯ᠎ᠤᠨ ᠬᠢᠨᠠᠨ ᠪᠠᠶ᠋ᠢᠴᠠᠭ᠋ᠠᠬᠤ ᠲᠤᠰᠬᠠᠶ ᠮᠡᠷᠭᠡᠵᠢᠯᠲᠡᠨ᠎ᠤ ᠬᠥᠮᠥᠷᠭᠡ ᠵᠢ ᠰᠢᠨᠡᠳᠬᠡᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
 
            