ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《2023 ᠣᠨ᠎ᠤ ᠪᠥᠬᠥ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠬᠥᠮᠦᠨ ᠨᠡᠶ᠋ᠢᠭᠡᠮ ᠠᠯᠪᠠᠨ ᠲᠠᠷᠬᠠᠭ᠋ᠠᠭᠰᠠᠨ [2023] 79 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠡᠳᠦᠭᠡ 2023 ᠣᠨ᠎ᠤ ᠵᠠᠰᠠᠮᠠᠯ ᠵᠠᠮ᠎ᠤᠨ ᠢᠨᠵᠧᠨᠧᠷᠢᠩ᠎ᠤᠨ ᠲᠤᠰᠬᠠᠶ ᠮᠡᠷᠭᠡᠵᠢᠯ᠎ᠤᠨ ᠬᠢᠷᠢ ᠬᠡᠮ ᠮᠡᠳᠡᠭᠦᠯᠦᠭᠰᠡᠨ ᠬᠥᠮᠦᠰ᠎ᠢ ᠢᠯᠡ ᠨᠡᠢ᠌ᠲᠡᠯᠡᠨ᠎ᠡ᠃
ᠨᠢᠭᠡ᠂ ᠵᠠᠰᠠᠮᠠᠯ ᠵᠠᠮ᠎ᠤᠨ ᠢᠨᠵᠧᠨᠧᠷᠢᠩ᠎ᠤᠨ ᠲᠤᠰᠬᠠᠶ ᠮᠡᠷᠭᠡᠵᠢᠯ᠎ᠤᠨ ᠳᠡᠭᠡᠳᠦ ᠵᠡᠷᠭᠡ ᠵᠢᠨ ᠢᠨᠵᠧᠨᠧᠷ᠎ᠤᠨ ᠬᠥᠮᠦᠰ᠎ᠤᠨ ᠨᠡᠷᠡᠰ᠎ᠢ ᠭᠤᠶᠤᠴᠢᠯᠠᠨ ᠮᠡᠳᠡᠭᠦᠯᠦᠨ᠎ᠡ
ᠭᠤᠤ ᠰᠢᠶᠤᠤ ᠸᠧᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ ᠬᠠᠶ᠋ᠢᠨ ᠬᠡᠮᠵᠢᠬᠦ ᠵᠢᠷᠤᠭ ᠲᠥᠯᠥᠪᠯᠡᠭᠡᠨ᠎ᠤ ᠬᠦᠷᠢᠶᠡᠯᠡᠩ᠎ᠤᠨ ᠬᠢᠵᠠᠭ᠋ᠠᠷᠲᠤ ᠺᠣᠮᠫᠠᠨᠢ
ᠬᠣᠶᠠᠷ᠂ ᠢᠯᠡ ᠨᠡᠶ᠋ᠢᠲᠡᠯᠡᠬᠦ ᠴᠠᠭ ᠬᠤᠭᠤᠴᠠᠭ᠎ᠠ
2023 ᠣᠨ᠎ᠤ 6 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ 2023 ᠣᠨ᠎ᠤ 6 ᠳ᠋ᠤᠭ᠋ᠠᠷ ᠰᠠᠷ᠎ᠠ ᠵᠢᠨ 27᠎ᠤ ᠡᠳᠦᠷ ᠪᠣᠯᠲᠠᠯ᠎ᠠ
ᠭᠤᠷᠪᠠ᠂ ᠬᠦᠯᠢᠶᠡᠨ ᠠᠪᠴᠤ ᠰᠢᠢ᠍ᠳᠪᠦᠷᠢᠯᠡᠬᠦ ᠠᠷᠭ᠎ᠠ ᠮᠠᠶᠢᠭ
ᠨᠢᠭᠡᠴᠢ ᠪᠠ ᠬᠤᠪᠢ ᠬᠥᠮᠦᠨ ᠰᠤᠷᠪᠤᠯᠵᠢᠯᠠᠬᠤ᠎ᠪᠠᠷ ᠢᠷᠡᠬᠦ᠂ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠬᠡᠯᠪᠡᠷᠢ᠎ᠪᠠᠷ ᠳᠡᠭᠡᠷᠡᠬᠢ ᠢᠯᠡ᠎ᠪᠠᠷ ᠨᠡᠶ᠋ᠢᠲᠡᠯᠡᠭᠰᠡᠨ ᠬᠥᠮᠦᠰ᠎ᠤᠨ ᠬᠣᠯᠪᠣᠭᠳᠠᠯ ᠪᠥᠬᠥᠶ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ᠎ᠢ ᠪᠠᠶ᠋ᠢᠴᠠᠭ᠋ᠠᠨ ᠬᠠᠷᠭᠤᠭᠤᠯᠬᠤ᠎ᠳᠤ ᠲᠥᠬᠥᠮ᠎ᠤᠨ ᠲᠤᠰᠠᠳᠠ᠂ ᠠᠰᠠᠭᠤᠳᠠᠯ᠎ᠢ ᠲᠤᠰᠬᠠᠬᠤ ᠦᠶ᠎ᠡ᠎ᠳᠤ ᠬᠣᠯᠪᠣᠭᠳᠠᠯ ᠪᠥᠬᠥᠶ ᠰᠦᠪᠡᠭᠴᠢ ᠵᠢᠴᠢ ᠲᠣᠰ ᠬᠥᠮᠦᠨ᠎ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠪᠤᠶᠤ ᠠᠵᠢᠯᠯᠠᠬᠤ ᠨᠢᠭᠡᠴᠢ ᠵᠡᠷᠭᠡ ᠮᠡᠳᠡᠭᠡ ᠵᠠᠩᠭᠢ᠎ᠪᠠᠨ ᠬᠠᠩᠭ᠋ᠠᠭ᠋ᠠᠷᠠᠶ᠂ ᠪᠢᠳᠡ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ᠂ ᠨᠢᠭᠤᠴᠠ ᠵᠢ ᠬᠠᠮᠠᠭ᠋ᠠᠯᠠᠬᠤ ᠡᠭᠦᠷᠭᠡ᠎ᠪᠠᠨ ᠭᠦᠢ᠍ᠴᠡᠳᠭᠡᠵᠦ᠂ ᠬᠢᠨᠠᠨ ᠬᠠᠷᠭᠤᠭᠤᠯᠤᠭᠰᠠᠨ ᠪᠠᠶ᠋ᠢᠳᠠᠯ ᠵᠶ᠋ᠠᠨ ᠴᠠᠭ ᠲᠤᠬᠠᠶ᠎ᠳᠤᠨᠢ ᠬᠠᠷᠢᠭᠤ ᠲᠤᠰᠬᠠᠨ᠎ᠠ᠃
ᠢᠯᠡ ᠨᠡᠶ᠋ᠢᠲᠡᠯᠡᠬᠦ ᠠᠯᠪᠠᠨ ᠬᠡᠷ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ᠎ᠤᠨ 2512 ᠥᠷᠥᠭᠡᠨ᠎ᠳᠤ ᠲᠣᠬᠢᠷᠠᠭᠤᠯᠪᠠ᠃
ᠬᠦᠯᠢᠶᠡᠨ ᠠᠪᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨᠡᠬᠢ 9᠄ 00 —12᠄ 00 ᠴᠠᠭ᠂ ᠦᠳᠡ ᠵᠢᠨ ᠬᠣᠶ᠋ᠢᠨᠠᠬᠢ 13᠄ 30 —17᠄ 00 ᠴᠠᠭ᠃
ᠬᠦᠯᠢᠶᠡᠨ ᠠᠪᠬᠤ ᠤᠲᠠᠰᠤ᠄ (0471) 5259607
ᠡᠭᠦᠨ᠎ᠤ ᠲᠤᠯᠠ ᠣᠨᠴᠠᠭ᠋ᠠᠶ᠋ᠢᠯᠠᠨ ᠵᠠᠷᠯᠠᠪᠠ
2023 ᠣᠨ᠎ᠤ 6 ᠳ᠋ᠤᠭ᠋ᠠᠷ ᠰᠠᠷ᠎ᠠ ᠵᠢᠨ 19᠎ᠤ ᠡᠳᠦᠷ