ᠬᠣᠯᠪᠣᠭᠳᠠᠯ ᠪᠦᠬᠦᠢ ᠨᠢᠭᠡᠴᠢ᠎ᠳᠤ᠄
《ᠤᠰᠤᠨ ᠠᠰᠢᠭᠯᠠᠯᠲᠠ ᠵᠢᠨ ᠡᠮᠦᠨᠡᠬᠢ ᠬᠤᠭᠤᠴᠠᠭ᠋ᠠᠨ᠎ᠤ ᠠᠵᠢᠯ᠎ᠤᠨ ᠮᠡᠷᠭᠡᠵᠢᠯ᠎ᠤᠨ ᠬᠢᠨᠠᠨ ᠪᠠᠶ᠋ᠢᠴᠠᠭ᠋ᠠᠬᠤ ᠲᠤᠰᠬᠠᠶ ᠮᠡᠷᠭᠡᠵᠢᠯᠲᠡᠨ᠎ᠤ ᠬᠥᠮᠥᠷᠭᠡ ᠵᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ》 (ᠥᠪᠥᠷ ᠤᠰᠤ ᠠᠯᠪᠠᠨ [2020] 3 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠭᠰᠠᠨ᠎ᠠᠴᠠ ᠨᠠᠭ᠋ᠠᠰᠢ᠂ ᠮᠠᠨ᠎ᠤ ᠣᠷᠣᠨ᠎ᠤ ᠤᠰᠤᠨ ᠠᠰᠢᠭᠯᠠᠯᠲᠠ ᠵᠢᠨ ᠡᠮᠦᠨᠡᠬᠢ ᠬᠤᠭᠤᠴᠠᠭ᠋ᠠᠨ᠎ᠤ ᠠᠵᠢᠯ᠎ᠤᠨ ᠮᠡᠷᠭᠡᠵᠢᠯ᠎ᠤᠨ ᠬᠢᠨᠠᠨ ᠪᠠᠶ᠋ᠢᠴᠠᠭ᠋ᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠎ᠳᠤ ᠢᠳᠡᠪᠬᠢᠲᠡᠶ ᠦᠢ᠍ᠯᠡᠳᠦᠯ ᠦᠵᠡᠭᠦᠯᠪᠡ᠂ ᠮᠠᠨ᠎ᠤ ᠣᠷᠣᠨ᠎ᠤ ᠤᠰᠤᠨ ᠠᠰᠢᠭᠯᠠᠯᠲᠠ ᠵᠢᠨ ᠡᠮᠦᠨᠡᠬᠢ ᠬᠤᠭᠤᠴᠠᠭ᠋ᠠᠨ᠎ᠤ ᠮᠡᠷᠭᠡᠵᠢᠯ᠎ᠤᠨ ᠬᠢᠨᠠᠨ ᠪᠠᠶ᠋ᠢᠴᠠᠭ᠋ᠠᠬᠤ ᠠᠵᠢᠯ᠎ᠤᠨ ᠵᠢᠷᠤᠮᠵᠢᠯ᠎ᠢ ᠤᠯᠠᠮ ᠨᠢᠭᠡ ᠠᠯᠬᠤᠮ ᠪᠠᠲᠤᠯᠠᠬᠤ ᠵᠢᠨ ᠲᠤᠰᠠᠳᠠ᠂ ᠡᠮᠬᠢ ᠵᠢᠷᠤᠮ᠎ᠲᠠᠢ ᠥᠷᠨᠢᠭᠦᠯᠬᠦ᠂ ᠮᠡᠷᠭᠡᠵᠢᠯ᠎ᠤᠨ ᠬᠢᠨᠠᠨ ᠪᠠᠶ᠋ᠢᠴᠠᠭ᠋ᠠᠬᠤ ᠠᠵᠢᠯ᠎ᠤᠨ ᠶᠠᠰᠤ ᠴᠢᠨᠠᠷ ᠪᠠ ᠦᠷ᠎ᠡ ᠪᠦᠲᠦᠮᠵᠢ ᠵᠢ ᠦᠨᠡᠨ ᠬᠦ᠌ ᠳᠡᠭᠡᠭᠰᠢᠯᠡᠭᠦᠯᠦᠨ᠎ᠡ᠂ ᠮᠡᠷᠭᠡᠵᠢᠯ᠎ᠤᠨ ᠬᠢᠨᠠᠨ ᠪᠠᠶ᠋ᠢᠴᠠᠭ᠋ᠠᠯᠲᠠ ᠵᠢᠨ ᠲᠤᠰᠬᠠᠶ ᠮᠡᠷᠭᠡᠵᠢᠯᠲᠡᠨ᠎ᠤ ᠪᠦᠲᠦᠮᠵᠢᠲᠡᠶ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ᠂ ᠰᠤᠳᠤᠯᠬᠤ᠎ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠡᠮᠦᠨᠡᠬᠢ ᠬᠤᠭᠤᠴᠠᠭ᠋ᠠᠨ᠎ᠤ ᠠᠵᠢᠯ᠎ᠤᠨ ᠮᠡᠷᠭᠡᠵᠢᠯ᠎ᠤᠨ ᠬᠢᠨᠠᠨ ᠪᠠᠶ᠋ᠢᠴᠠᠭ᠋ᠠᠬᠤ ᠲᠤᠰᠬᠠᠶ ᠮᠡᠷᠭᠡᠵᠢᠯᠲᠡᠨ᠎ᠤ ᠬᠥᠮᠥᠷᠭᠡ》 (ᠳᠣᠷᠣᠭᠰᠢ 《ᠲᠤᠰᠬᠠᠶ ᠮᠡᠷᠭᠡᠵᠢᠯᠲᠡᠨ᠎ᠤ ᠬᠥᠮᠥᠷᠭᠡ》 ᠭᠡᠵᠦ ᠲᠣᠪᠴᠢᠯᠠᠨ᠎ᠠ) ᠵᠢ ᠰᠢᠨᠡᠳᠬᠡᠨ ᠲᠡᠭᠦᠯᠳᠡᠷᠵᠢᠭᠦᠯᠬᠦ ᠵᠢ ᠬᠠᠷᠢᠭᠤᠴᠠᠨ᠎ᠠ᠂ ᠦᠨᠳᠦᠰᠦᠯᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠡᠮᠦᠨᠡᠬᠢ ᠬᠤᠭᠤᠴᠠᠭ᠋ᠠᠨ᠎ᠤ ᠠᠵᠢᠯ᠎ᠤᠨ ᠮᠡᠷᠭᠡᠵᠢᠯ᠎ᠤᠨ ᠬᠢᠨᠠᠨ ᠪᠠᠶ᠋ᠢᠴᠠᠭ᠋ᠠᠯᠲᠠ ᠬᠢᠭᠡᠳ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠠᠷᠭ᠎ᠠ (ᠵᠠᠰᠠᠪᠤᠷᠢ ᠣᠷᠣᠭᠤᠯᠤᠭᠰᠠᠨ)》᠂ ᠡᠳᠦᠭᠡ ᠬᠣᠯᠪᠣᠭᠳᠠᠯ ᠪᠥᠬᠥᠶ ᠵᠦᠢ᠍ᠯᠡᠰ᠎ᠢ ᠳᠤᠤᠷᠠᠬᠢ ᠮᠡᠲᠦ ᠮᠡᠳᠡᠭᠳᠡᠪᠡ᠄
ᠨᠢᠭᠡ᠂ ᠰᠢᠨᠡᠳᠬᠡᠨ ᠲᠡᠭᠦᠯᠳᠡᠷᠵᠢᠭᠦᠯᠬᠦ ᠵᠠᠷᠴᠢᠮ
ᠣᠲᠣ ᠵᠢᠨ ᠪᠠᠶ᠋ᠢᠭ᠎ᠠ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠰᠠᠭᠤᠷᠢᠨ ᠳᠡᠭᠡᠷ᠎ᠡ᠂ ᠮᠡᠷᠭᠡᠵᠢᠯ᠎ᠤᠨ ᠬᠢᠨᠠᠨ ᠪᠠᠶ᠋ᠢᠴᠠᠭ᠋ᠠᠬᠤ ᠠᠵᠢᠯ᠎ᠤᠨ ᠬᠡᠷᠡᠭᠴᠡᠭᠡ ᠪᠠ ᠬᠥᠮᠥᠷᠭᠡ᠎ᠳᠤ ᠣᠷᠣᠭᠤᠯᠬᠤ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠠᠵᠢᠯ᠎ᠤᠨ ᠪᠣᠳᠠᠲᠠᠶ ᠢᠯᠡᠷᠡᠯ᠎ᠢ ᠦᠨᠳᠦᠰᠦᠯᠡᠨ᠂ 2022 ᠣᠨ᠎ᠳᠤ ᠭᠤᠶᠤᠴᠢᠯᠠᠨ ᠮᠡᠳᠡᠭᠦᠯᠦᠭᠰᠡᠨ ᠬᠥᠭᠵᠢᠯᠲᠡ ᠵᠢᠨ ᠲᠥᠪ᠎ᠤᠨ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠬᠤᠷᠢᠶᠠᠩᠭᠤᠶ᠋ᠢᠯᠠᠭᠰᠠᠨ ᠨᠡᠷᠡᠰ᠎ᠲᠠᠢ ᠤᠶᠠᠯᠳᠤᠭᠤᠯᠤᠨ᠂ ᠲᠤᠰᠬᠠᠶ ᠮᠡᠷᠭᠡᠵᠢᠯᠲᠡᠨ᠎ᠤ ᠬᠢᠷᠢ ᠬᠡᠮ᠎ᠢ ᠶᠡᠷᠦᠩᠬᠡᠶ᠋ᠢᠯᠡᠨ ᠪᠣᠳᠣᠯᠬᠢᠯᠠᠵᠤ᠂ ᠲᠤᠰᠬᠠᠶ ᠮᠡᠷᠭᠡᠵᠢᠯ᠂ ᠪᠠᠶ᠋ᠢᠭ᠎ᠠ ᠨᠢᠭᠡᠴᠢ᠂ ᠣᠷᠣᠨ ᠪᠦᠰᠡ ᠵᠢᠨ ᠲᠠᠷᠬᠠᠯᠲᠠ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠵᠤ᠂ ᠬᠥᠮᠥᠷᠭᠡ᠎ᠳᠤ ᠣᠷᠣᠭᠤᠯᠬᠤ ᠲᠤᠰᠬᠠᠶ ᠮᠡᠷᠭᠡᠵᠢᠯᠲᠡᠨ᠎ᠤ ᠵᠢᠱ᠌ᠢᠭᠳᠡᠭᠴᠢ ᠵᠢᠨ ᠰᠢᠯᠢᠳᠡᠭ᠎ᠢ᠎ᠨᠢ ᠰᠣᠩᠭᠣᠨ ᠲᠣᠭᠲᠠᠭ᠋ᠠᠵᠤ᠂ ᠬᠢᠨᠠᠨ ᠲᠣᠭᠲᠠᠭ᠋ᠠᠵᠤ ᠨᠡᠶ᠋ᠢᠲᠡ᠎ᠳᠤ ᠵᠠᠷᠯᠠᠭᠰᠠᠨ᠎ᠤ ᠳᠠᠷᠠᠭ᠎ᠠ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠦᠨ᠎ᠡ᠃
ᠬᠣᠶᠠᠷ᠂ ᠲᠤᠰᠬᠠᠶ ᠮᠡᠷᠭᠡᠵᠢᠯᠲᠡᠨ᠎ᠤ ᠲᠤᠰᠬᠠᠶ ᠮᠡᠷᠭᠡᠵᠢᠯ᠎ᠤᠨ ᠬᠦᠷᠢᠶ᠎ᠡ ᠬᠡᠪᠴᠢᠶ᠎ᠡ᠃
ᠬᠥᠮᠥᠷᠭᠡ᠎ᠳᠤ ᠣᠷᠣᠭᠤᠯᠬᠤ ᠲᠤᠰᠬᠠᠶ ᠮᠡᠷᠭᠡᠵᠢᠯᠲᠡᠨ᠎ᠢ ᠲᠤᠰᠬᠠᠶ ᠮᠡᠷᠭᠡᠵᠢᠯ᠎ᠳᠤ᠄ ᠪᠠᠷᠢᠯᠭ᠎ᠠ ᠵᠢᠨ ᠲᠥᠯᠥᠪᠵᠢᠭᠦᠯᠭᠡ᠂ ᠤᠰᠤᠨ ᠰᠢᠨᠵᠢᠯᠡᠭᠡ ᠤᠰᠤᠨ᠎ᠤ ᠡᠬᠢ ᠪᠠᠶᠠᠯᠢᠭ᠂ ᠬᠥᠷᠥᠰᠥ ᠰᠢᠷᠣᠶ ᠵᠢ ᠬᠠᠮᠠᠭ᠋ᠠᠯᠠᠬᠤ᠂ ᠤᠰᠤᠨ ᠠᠰᠢᠭᠯᠠᠯᠲᠠ ᠵᠢᠨ ᠪᠠᠷᠢᠯᠭ᠎ᠠ᠂ ᠤᠰᠤ ᠬᠠᠩᠭ᠋ᠠᠬᠤ ᠪᠠᠷᠢᠯᠭ᠎ᠠ᠂ ᠲᠠᠷᠢᠶᠠᠨ ᠭᠠᠵᠠᠷ᠎ᠤᠨ ᠤᠰᠤᠨ ᠠᠰᠢᠭᠯᠠᠯᠲᠠ᠂ ᠭᠠᠵᠠᠷ ᠰᠢᠨᠵᠢᠯᠡᠭᠡᠨ᠂ ᠤᠰᠤᠨ ᠮᠠᠰᠢᠨ ᠵᠢᠴᠢ ᠴᠠᠬᠢᠯᠭ᠋ᠠᠨ ᠬᠡᠢ ᠵᠢᠨ ᠪᠠᠷᠢᠯᠭ᠎ᠠ᠂ ᠲᠡᠮᠦᠷᠯᠢᠭ᠎ᠤᠨ ᠪᠦᠲᠦᠴᠡ᠂ ᠪᠠᠷᠢᠯᠭ᠎ᠠ ᠪᠠᠷᠢᠬᠤ ᠵᠣᠬᠢᠶᠠᠨ ᠪᠠᠶ᠋ᠢᠭᠤᠯᠤᠯᠲᠠ ᠵᠢᠨ ᠵᠢᠷᠤᠭ ᠲᠥᠯᠥᠪᠯᠡᠭᠡ᠂ ᠲᠣᠶ᠋ᠢᠮᠣ ᠲᠥᠰᠦᠪ ᠬᠢᠭᠡᠳ ᠠᠵᠤ ᠠᠬᠤᠶ ᠵᠢᠨ ᠦᠨᠡᠯᠡᠯᠲᠡ᠂ ᠵᠠᠮ ᠬᠥᠭᠥᠷᠭᠡ᠂ ᠠᠵᠢᠯᠴᠢᠨ ᠠᠷᠠᠳ᠎ᠤᠨ ᠪᠠᠷᠢᠯᠭ᠎ᠠ᠂ ᠤᠰᠤ ᠬᠠᠩᠭ᠋ᠠᠬᠤ ᠤᠰᠤ ᠵᠠᠯᠠᠬᠤ᠂ ᠮᠡᠳᠡᠭᠡ ᠵᠠᠩᠭᠢᠵᠢᠯᠲᠠ᠂ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠬᠢᠭᠡᠳ ᠢᠨᠵᠧᠨᠧᠷᠢᠩ᠂ ᠠᠷᠠᠳ᠎ᠢ ᠨᠡᠭᠦᠯᠭᠡᠬᠦ᠂ ᠪᠤᠰᠤᠳ ᠵᠡᠷᠭᠡ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠵᠢᠴᠢ ᠬᠠᠮᠢᠶ᠎ᠠ ᠪᠦᠬᠦᠢ ᠲᠤᠰᠬᠠᠶ ᠮᠡᠷᠭᠡᠵᠢᠯ᠎ᠢ ᠪᠠᠭᠲᠠᠭ᠋ᠠᠨ᠎ᠠ᠃
ᠭᠤᠷᠪᠠ᠂ ᠲᠤᠰᠬᠠᠶ ᠮᠡᠷᠭᠡᠵᠢᠯᠲᠡᠳ᠎ᠢ ᠬᠥᠮᠥᠷᠭᠡ᠎ᠳᠤ ᠣᠷᠣᠭᠤᠯᠬᠤ ᠨᠥᠬᠥᠴᠡᠯ
(ᠨᠢᠭᠡ) ᠲᠤᠬᠠᠶ᠋ᠢᠯᠠᠭᠰᠠᠨ ᠠᠵᠢᠯ᠎ᠤᠨ ᠬᠡᠪ ᠴᠢᠨᠠᠷ ᠵᠶ᠋ᠠᠷ ᠨᠡᠯᠢᠶᠡᠳ ᠥᠨᠳᠥᠷ ᠪᠠ ᠲᠤᠬᠠᠶ᠋ᠢᠯᠠᠭᠰᠠᠨ ᠠᠵᠢᠯ᠎ᠤᠨ ᠰᠠᠢ᠍ᠢ᠍ᠨ ᠰᠠᠶ᠋ᠢᠬᠠᠨ ᠶᠣᠰᠣ ᠮᠣᠷᠠᠯ᠎ᠲᠠᠢ᠂ ᠣᠪᠣᠷ ᠰᠤᠷᠲᠠᠯ ᠲᠥᠪ ᠴᠢᠬᠡᠴᠢ᠂ ᠵᠠᠷᠴᠢᠮ᠎ᠢ ᠪᠠᠷᠢᠮᠲᠠᠯᠠᠳᠠᠭ᠂ ᠪᠤᠰᠤᠳᠴᠢ᠂ ᠲᠥᠪ ᠭᠣᠣᠯᠴᠢ᠂ ᠦᠨᠡᠨ᠎ᠠᠴᠠ ᠵᠥᠪ᠎ᠢ ᠡᠷᠢᠬᠦ᠂ ᠠᠷᠢᠭᠤᠨ ᠴᠢᠬᠡᠴᠢ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ ᠴᠢᠳᠠᠳᠠᠭ᠂ ᠬᠢᠨᠠᠨ ᠲᠣᠭᠲᠠᠭ᠋ᠠᠬᠤ ᠠᠵᠢᠯᠯᠠᠭ᠎ᠠ᠎ᠳᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠬᠢᠨᠠᠨ ᠪᠠᠶ᠋ᠢᠴᠠᠭ᠋ᠠᠬᠤ ᠨᠢᠭᠡᠴᠢ ᠭᠠᠷ ᠲᠦᠷᠦᠵᠤ ᠪᠣᠯᠬᠤ ᠦᠭᠡᠢ ᠪᠥᠭᠡᠳ ᠬᠣᠯᠪᠣᠭᠳᠠᠯ ᠪᠦᠬᠦᠢ ᠮᠡᠷᠭᠡᠵᠢᠯ᠎ᠤᠨ ᠮᠠᠲ᠋ᠧᠷᠢᠶᠠᠯ᠎ᠤᠨ ᠨᠢᠭᠤᠴᠠ ᠵᠢ ᠬᠠᠮᠠᠭ᠋ᠠᠯᠠᠵᠤ ᠴᠢᠳᠠᠳᠠᠭ;
(ᠬᠣᠶᠠᠷ) ᠬᠠᠮᠢᠶ᠎ᠠ ᠪᠥᠬᠥᠶ ᠲᠤᠰᠬᠠᠶ ᠮᠡᠷᠭᠡᠵᠢᠯ᠎ᠤᠨ ᠬᠦᠷᠢᠶ᠎ᠡ ᠴᠠᠷᠠᠭ᠎ᠠ᠎ᠳᠤ ᠨᠡᠯᠢᠶᠡᠳ ᠥᠨᠳᠥᠷ ᠲᠤᠰᠬᠠᠶ ᠮᠡᠷᠭᠡᠵᠢᠯ᠎ᠤᠨ ᠣᠨᠣᠯ᠎ᠤᠨ ᠬᠢᠷᠢ ᠬᠡᠮᠵᠢᠶ᠎ᠡ ᠪᠠ ᠡᠯᠪᠡᠭ ᠪᠠᠶᠠᠯᠢᠭ ᠦᠢ᠍ᠯᠡᠳᠦᠯᠭᠡ ᠵᠢᠨ ᠲᠤᠷᠰᠢᠯᠭ᠎ᠠ᠎ᠲᠠᠢ ᠪᠠᠶ᠋ᠢᠵᠤ᠂ ᠵᠠᠷᠴᠢᠮ ᠳᠡᠭᠡᠷ᠎ᠡ᠎ᠪᠠᠨ ᠳᠡᠳ᠋ ᠳᠡᠭᠡᠳᠦ ᠲᠠᠰ᠎ᠠᠴᠠ ᠳᠡᠭᠡᠭᠰᠢᠬᠢ (ᠪᠠᠭᠲᠠᠨ᠎ᠠ) ᠲᠤᠰᠬᠠᠶ ᠮᠡᠷᠭᠡᠵᠢᠯ᠎ᠤᠨ ᠴᠣᠯᠠ᠎ᠲᠠᠢ ᠪᠠᠶ᠋ᠢᠵᠤ᠂ ᠬᠠᠮᠢᠶ᠎ᠠ ᠪᠥᠬᠥᠶ ᠲᠤᠰᠬᠠᠶ ᠮᠡᠷᠭᠡᠵᠢᠯ᠎ᠤᠨ ᠠᠵᠢᠯ᠎ᠢ 5 ᠵᠢᠯ᠎ᠠᠴᠠ ᠳᠡᠭᠡᠭᠰᠢ ᠬᠢᠭᠰᠡᠨ ᠪᠠᠶ᠋ᠢᠬᠤ ᠬᠡᠷᠡᠭᠲᠡᠶ;
(ᠭᠤᠷᠪᠠ) ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠣᠶ᠋ᠢᠯᠠᠭ᠋ᠠᠵᠤ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠳᠦᠷᠢᠮ ᠲᠣᠭᠲᠠᠭ᠋ᠠᠯ᠎ᠤᠨ ᠵᠢᠷᠤᠮᠵᠢᠯ ᠪᠣᠯᠤᠨ ᠬᠠᠮᠢᠶ᠎ᠠ ᠪᠦᠬᠦᠢ ᠮᠡᠷᠭᠡᠵᠢᠯ᠎ᠤᠨ ᠪᠠᠷᠢᠮᠵᠢᠶ᠎ᠠ ᠵᠢ ᠣᠨᠣᠪᠴᠢᠲᠠᠶ ᠡᠵᠡᠮᠰᠢᠬᠦ ᠬᠡᠷᠡᠭᠲᠡᠶ;
(ᠳᠥᠷᠪᠡ) ᠵᠠᠷᠴᠢᠮ ᠳᠡᠭᠡᠷ᠎ᠡ᠎ᠪᠠᠨ ᠪᠦᠬᠦᠯᠢ 65 ᠨᠠᠰᠤᠨ᠎ᠠᠴᠠ ᠳᠣᠷᠣᠭᠰᠢ (ᠣᠨᠴᠣᠭᠣᠶ ᠪᠠᠶ᠋ᠢᠳᠠᠯ᠎ᠳᠤ ᠪᠦᠬᠦᠯᠢ 70 ᠨᠠᠰᠤ ᠬᠦᠷᠲᠡᠯ᠎ᠡ ᠵᠣᠬᠢᠬᠤ ᠬᠡᠮᠵᠢᠶ᠎ᠡ᠎ᠪᠠᠷ ᠤᠷᠲᠤᠳᠬᠠᠵᠤ ᠪᠣᠯᠤᠨ᠎ᠠ)᠂ ᠪᠡᠶ᠎ᠡ ᠮᠠᠬᠠᠪᠣᠳ᠎ᠨᠢ ᠡᠷᠡᠭᠦᠯ ᠴᠢᠭᠢᠷᠠᠭ᠂ ᠮᠡᠷᠭᠡᠵᠢᠯ᠎ᠤᠨ ᠬᠢᠨᠠᠨ ᠪᠠᠶ᠋ᠢᠴᠠᠭ᠋ᠠᠬᠤ ᠠᠵᠢᠯ ᠬᠢᠬᠦ ᠴᠠᠭ ᠪᠠ ᠣᠶᠤᠨ ᠴᠢᠳᠠᠯ᠎ᠲᠠᠢ᠂ ᠮᠡᠷᠭᠡᠵᠢᠯ᠎ᠤᠨ ᠬᠢᠨᠠᠨ ᠪᠠᠶ᠋ᠢᠴᠠᠭ᠋ᠠᠬᠤ ᠠᠵᠢᠯ᠎ᠢ ᠡᠭᠦᠷᠭᠡᠯᠡᠵᠦ ᠳᠡᠶ᠋ᠢᠯᠬᠦ ᠵᠢ ᠪᠠᠲᠤᠯᠠᠭᠰᠠᠨ ᠪᠠᠶ᠋ᠢᠬᠤ ᠬᠡᠷᠡᠭᠲᠡᠶ᠃
ᠳᠥᠷᠪᠡ᠂ ᠲᠤᠰᠬᠠᠶ ᠮᠡᠷᠭᠡᠵᠢᠯᠲᠡᠳ᠎ᠢ ᠬᠥᠮᠥᠷᠭᠡ᠎ᠳᠤ ᠣᠷᠣᠭᠤᠯᠬᠤ ᠴᠤᠪᠤᠷᠠᠯ
(ᠨᠢᠭᠡ) ᠬᠤᠪᠢ ᠬᠥᠮᠦᠨ ᠭᠤᠶᠤᠴᠢᠯᠠᠬᠤ᠃ ᠨᠥᠬᠥᠴᠡᠯ᠎ᠳᠤ ᠨᠡᠶ᠋ᠢᠴᠡᠬᠦ ᠮᠥᠷᠲᠡᠭᠡᠨ ᠰᠠᠶ᠋ᠢᠨ ᠳᠤᠷ᠎ᠠ᠎ᠠᠴᠠ᠎ᠪᠠᠨ ᠬᠥᠮᠥᠷᠭᠡ᠎ᠳᠤ ᠣᠷᠣᠭᠤᠯᠬᠤ᠎ᠪᠠᠷ ᠭᠤᠶᠤᠴᠢᠯᠠᠭᠰᠠᠨ ᠲᠤᠰᠬᠠᠶ ᠮᠡᠷᠭᠡᠵᠢᠯᠲᠡᠨ ᠪᠣᠯ ᠱᠠᠭ᠋ᠠᠷᠳᠠᠯᠭ᠎ᠠ ᠶᠣᠰᠣᠭ᠋ᠠᠷ ᠲᠤᠰᠬᠠᠶ ᠮᠡᠷᠭᠡᠵᠢᠯᠲᠡᠨ᠎ᠤ ᠪᠠᠲᠤᠯᠠᠨ ᠲᠠᠨᠢᠯᠴᠠᠭᠤᠯᠬᠤ ᠬᠦᠰᠦᠨᠦᠭᠲᠦ ᠵᠢ ᠦᠨᠡᠨ ᠪᠣᠳᠠᠲᠠᠶ᠎ᠪᠠᠷ ᠲᠠᠭᠯᠠᠨ ᠪᠢᠴᠢᠵᠦ (ᠳᠠᠭ᠋ᠠᠯᠳᠤᠭᠤᠯᠤᠯ 1 ᠵᠢ ᠦᠵᠡ)᠂ ᠪᠠᠶ᠋ᠢᠭ᠎ᠠ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠠᠴᠠ ᠠᠩᠬᠠᠨ᠎ᠤ ᠬᠢᠨᠠᠯᠲᠠ ᠬᠢᠬᠦ ᠵᠢᠨ ᠬᠠᠮᠲᠤ ᠭᠠᠷᠤᠨ ᠥᠰᠥᠭ ᠵᠢᠷᠤᠨ᠎ᠠ᠃
(ᠬᠣᠶᠠᠷ) ᠨᠢᠭᠡᠴᠢ᠎ᠠᠴᠠ ᠬᠢᠨᠠᠨ ᠬᠠᠷᠭᠤᠭᠤᠯᠵᠤ ᠪᠠᠲᠤᠯᠠᠨ ᠲᠠᠨᠢᠯᠴᠠᠭᠤᠯᠤᠨ᠎ᠠ᠃ ᠲᠤᠰᠬᠠᠶ ᠮᠡᠷᠭᠡᠵᠢᠯᠲᠡᠨ᠎ᠤ ᠪᠠᠶ᠋ᠢᠭ᠎ᠠ ᠨᠢᠭᠡᠴᠢ᠎ᠨᠢ ᠲᠠᠨᠢᠯᠴᠠᠭᠤᠯᠬᠤ ᠬᠦᠰᠦᠨᠦᠭᠲᠦ᠎ᠳᠤ ᠲᠠᠭᠯᠠᠭᠰᠠᠨ ᠠᠭᠤᠯᠭ᠎ᠠ ᠵᠢ ᠳᠠᠬᠢᠨ ᠬᠢᠨᠠᠬᠤ ᠵᠢᠨ ᠬᠠᠮᠲᠤ ᠲᠠᠨᠢᠯᠴᠠᠭᠤᠯᠬᠤ ᠰᠠᠨᠠᠯ (ᠠᠯᠪᠠᠨ ᠲᠠᠮᠠᠭ᠎ᠠ ᠳᠠᠷᠤᠨ᠎ᠠ)᠎ᠢ ᠭᠠᠷᠭ᠋ᠠᠬᠤ ᠵᠢᠨ ᠬᠠᠮᠲᠤ᠂ ᠲᠠᠨᠢᠯᠴᠠᠭᠤᠯᠬᠤ᠎ᠪᠠᠷ ᠪᠠᠶ᠋ᠢᠭ᠎ᠠ ᠲᠤᠰᠬᠠᠶ ᠮᠡᠷᠭᠡᠵᠢᠯᠲᠡᠨ᠎ᠢ ᠬᠤᠷᠢᠶᠠᠩᠭᠤᠶ᠋ᠢᠯᠠᠭᠰᠠᠨ᠎ᠤ ᠳᠠᠷᠠᠭ᠎ᠠ ᠬᠤᠷᠢᠶᠠᠩᠭᠤᠶ᠋ᠢᠯᠠᠬᠤ ᠬᠦᠰᠦᠨᠦᠭᠲᠦ (ᠳᠠᠭ᠋ᠠᠯᠳᠤᠭᠤᠯᠤᠯ 2᠎ᠢ ᠦᠵᠡ) ᠵᠢ ᠲᠠᠭᠯᠠᠭᠰᠠᠨ᠎ᠤ ᠳᠠᠷᠠᠭ᠎ᠠ ᠬᠠᠮᠲᠤᠳᠤᠨᠢ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠠᠵᠢᠯ ᠦᠢ᠍ᠯᠡᠰ᠎ᠤᠨ ᠬᠥᠭᠵᠢᠯᠲᠡ ᠵᠢᠨ ᠲᠥᠪ᠎ᠲᠤ ᠮᠡᠳᠡᠭᠦᠯᠦᠨ ᠬᠦᠷᠭᠡᠨ᠎ᠡ᠃
(ᠭᠤᠷᠪᠠ) ᠬᠢᠨᠠᠨ ᠲᠣᠭᠲᠠᠭ᠋ᠠᠵᠤ ᠢᠯᠡ ᠨᠡᠶ᠋ᠢᠲᠡᠯᠡᠬᠦ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠠᠴᠠ ᠭᠤᠶᠤᠴᠢᠯᠠᠨ ᠮᠡᠳᠡᠭᠦᠯᠦᠭᠰᠡᠨ ᠮᠠᠲᠸᠷᠢᠶᠡᠯ᠎ᠳᠤ ᠳᠠᠬᠢᠨ ᠬᠢᠨᠠᠯᠲᠠ ᠬᠢᠬᠦ ᠵᠢᠨ ᠬᠠᠮᠲᠤ ᠰᠢᠯᠢᠳᠡᠭ᠎ᠢ᠎ᠨᠢ ᠰᠣᠩᠭᠣᠨ ᠬᠥᠮᠥᠷᠭᠡ᠎ᠳᠤ ᠣᠷᠣᠭᠤᠯᠬᠤ ᠲᠤᠰᠬᠠᠶ ᠮᠡᠷᠭᠡᠵᠢᠯᠲᠡᠨ᠎ᠤ ᠵᠢᠱ᠌ᠢᠭᠳᠡᠭᠴᠢ ᠵᠢ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠳᠤ ᠮᠡᠳᠡᠭᠦᠯᠵᠦ ᠬᠢᠨᠠᠨ ᠲᠣᠭᠲᠠᠭ᠋ᠠᠯᠭ᠋ᠠᠵᠤ ᠨᠡᠶ᠋ᠢᠲᠡ᠎ᠳᠤ ᠵᠠᠷᠯᠠᠭᠰᠠᠨ᠎ᠤ ᠳᠠᠷᠠᠭ᠎ᠠ ᠳᠠᠷᠤᠮᠠᠯᠯᠠᠨ ᠶᠠᠪᠤᠭᠤᠯᠵᠤ ᠬᠡᠷᠡᠭᠵᠢᠭᠦᠯᠦᠨ᠎ᠡ᠃
ᠲᠠᠪᠤ᠂ ᠬᠣᠯᠪᠣᠭᠳᠠᠯ ᠪᠦᠬᠦᠢ ᠱᠠᠭ᠋ᠠᠷᠳᠠᠯᠭ᠎ᠠ
ᠡᠯ᠎ᠡ ᠬᠣᠯᠪᠣᠭᠳᠠᠯ ᠪᠦᠬᠦᠢ ᠨᠢᠭᠡᠴᠢ᠎ᠨᠦᠭᠦᠳ ᠲᠤᠰᠬᠠᠶ ᠮᠡᠷᠭᠡᠵᠢᠯᠲᠡᠨ᠎ᠤ ᠬᠥᠮᠥᠷᠭᠡ ᠵᠢ ᠰᠢᠨᠡᠳᠬᠡᠨ ᠲᠡᠭᠦᠯᠳᠡᠷᠵᠢᠭᠦᠯᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠰᠤᠨ ᠠᠰᠢᠭᠯᠠᠯᠲᠠ ᠵᠢᠨ ᠡᠮᠦᠨᠡᠬᠢ ᠬᠤᠭᠤᠴᠠᠭ᠋ᠠᠨ᠎ᠤ ᠮᠡᠷᠭᠡᠵᠢᠯ᠎ᠤᠨ ᠬᠢᠨᠠᠨ ᠪᠠᠶ᠋ᠢᠴᠠᠭ᠋ᠠᠬᠤ ᠠᠵᠢᠯ᠎ᠢ ᠦᠨᠡᠨ ᠬᠦ᠌ ᠲᠦᠯᠬᠢᠨ ᠠᠬᠢᠭᠤᠯᠬᠤ᠎ᠠᠴᠠ ᠡᠭᠦᠰᠴᠦ᠂ ᠬᠥᠮᠥᠷᠭᠡ᠎ᠳᠤ ᠣᠷᠣᠭᠤᠯᠬᠤ ᠨᠥᠬᠥᠴᠡᠯ᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠬᠢᠨᠠᠮᠠᠭ᠋ᠠᠶ ᠰᠢᠯᠢᠨ ᠰᠣᠩᠭᠣᠵᠤ ᠪᠣᠭᠣᠮᠲᠠ ᠵᠢ ᠠᠳᠬᠤᠨ᠂ ᠮᠣᠷᠠᠯ ᠰᠤᠷᠲᠠᠯ᠎ᠨᠢ ᠡᠷᠬᠢᠮ ᠳᠡᠭᠡᠳᠦ᠂ ᠲᠤᠬᠠᠶ᠋ᠢᠯᠠᠭᠰᠠᠨ ᠠᠵᠢᠯ᠎ᠳᠠᠭᠠᠨ ᠴᠠᠭ᠋ᠠᠷᠠᠭᠰᠠᠨ᠂ ᠴᠢᠳᠠᠪᠤᠷᠢ᠎ᠨᠢ ᠣᠯᠠᠨ᠎ᠠᠴᠠ ᠬᠡᠲᠦᠶ᠋ᠢᠳᠦᠭᠰᠡᠨ ᠲᠤᠰᠬᠠᠶ ᠮᠡᠷᠭᠡᠵᠢᠯᠲᠡᠨ᠎ᠢ ᠦᠨᠡᠨ ᠬᠦ᠌ ᠪᠠᠲᠤᠯᠠᠨ ᠲᠠᠨᠢᠯᠴᠠᠭᠤᠯᠬᠤ ᠬᠡᠷᠡᠭᠲᠡᠶ᠃
ᠡᠯ᠎ᠡ ᠨᠢᠭᠡᠴᠢ ᠵᠢᠨ᠎ᠬᠢᠨ ᠡᠷᠬᠡᠪᠰᠢ 2023 ᠣᠨ᠎ᠤ 7 ᠳ᠋ᠤᠭ᠋ᠠᠷ ᠰᠠᠷ᠎ᠠ ᠵᠢᠨ 28᠎ᠤ ᠡᠳᠦᠷ᠎ᠠᠴᠠ ᠡᠮᠦᠨ᠎ᠡ ᠲᠠᠨᠢᠯᠴᠠᠭᠤᠯᠬᠤ ᠬᠦᠰᠦᠨᠦᠭᠲᠦ ᠪᠣᠯᠤᠨ ᠬᠤᠷᠢᠶᠠᠩᠭᠤᠶ᠋ᠢᠯᠠᠬᠤ ᠬᠦᠰᠦᠨᠦᠭᠲᠦ᠎ᠳᠤ ᠭᠠᠷᠤᠨ ᠥᠰᠥᠭ ᠵᠢᠷᠤᠵᠤ ᠲᠠᠮᠠᠭ᠎ᠠ ᠳᠠᠷᠤᠨ ᠰᠢᠷᠪᠢᠭᠰᠡᠨ ᠮᠠᠲ᠋ᠧᠷᠢᠶᠠᠯ ᠪᠣᠯᠤᠨ ᠡᠯᠧᠺᠲᠷᠣᠨ ᠬᠡᠪᠯᠡᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠠᠵᠢᠯ ᠦᠢ᠍ᠯᠡᠰ᠎ᠤᠨ ᠬᠥᠭᠵᠢᠯᠲᠡ ᠵᠢᠨ ᠲᠥᠪ᠎ᠤᠨ ᠡᠯᠧᠺᠲᠷᠣᠨ ᠢᠮᠧᠯ᠎ᠳᠤ ᠮᠡᠳᠡᠭᠦᠯᠦᠨ ᠬᠦᠷᠭᠡᠬᠦ ᠬᠡᠷᠡᠭᠲᠡᠶ᠃ 2022 ᠣᠨ᠎ᠳᠤ ᠬᠥᠭᠵᠢᠭᠦᠯᠦᠯᠲᠡ ᠵᠢᠨ ᠲᠥᠪ᠎ᠤᠨ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠭᠤᠶᠤᠴᠢᠯᠠᠯ᠎ᠤᠨ ᠮᠠᠲ᠋ᠧᠷᠢᠶᠠᠯ᠎ᠢ ᠮᠡᠳᠡᠭᠦᠯᠦᠨ ᠬᠦᠷᠭᠡᠬᠦ᠎ᠳᠤ ᠭᠦᠷᠪᠡᠯ᠂ ᠲᠣᠰ ᠤᠳᠠᠭ᠎ᠠ ᠭᠤᠶᠤᠴᠢᠯᠠᠯ᠎ᠤᠨ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠬᠦ ᠴᠢᠬᠤᠯᠠ ᠥᠬᠡᠶ᠃
ᠬᠠᠷᠢᠯᠴᠠᠬᠤ ᠬᠥᠮᠦᠨ᠄ ᠡᠤ ᠵᠢᠶᠠᠩ ᠸᠧᠶ 17678051177
ᠳ᠋ᠦᠸᠸ ᠵᠢᠩ 15849165880
ᠢᠮᠧᠯ᠄ nmslfzzgb@ 163. com
ᠳᠠᠭ᠋ᠠᠯᠳᠤᠭᠤᠯᠤᠯ᠄
2023 ᠣᠨ᠎ᠤ 7 ᠳ᠋ᠤᠭ᠋ᠠᠷ ᠰᠠᠷ᠎ᠠ ᠵᠢᠨ 21᠎ᠤ ᠡᠳᠦᠷ