ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠳᠤ ᠬᠢᠨᠠᠯᠲᠠ ᠲᠠᠯᠪᠢᠵᠤ ᠬᠠᠮᠢᠶᠠᠷᠬᠤ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2023-07-28

ᠡᠯ᠎ᠡ ᠠᠶ᠋ᠢᠮᠠᠭ ᠬᠣᠲᠠ ᠵᠢᠨ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠲᠣᠪᠴᠢᠶ᠎ᠠ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠠᠯᠪᠠᠨ ᠭᠡᠷ᠂ ᠲᠢᠩᠬᠢᠮ᠎ᠳᠤ ᠬᠠᠷᠢᠶᠠᠯᠠᠭᠳᠠᠬᠤ ᠡᠯ᠎ᠡ ᠨᠢᠭᠡᠴᠢ᠂ ᠡᠯ᠎ᠡ ᠬᠠᠮᠢᠶ᠎ᠠ ᠪᠦᠬᠦᠢ ᠨᠢᠭᠡᠴᠢ᠎ᠳᠤ᠄

     ᠪᠦᠬᠦ ᠣᠷᠣᠨ᠎ᠤ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠠᠶᠤᠯᠭᠦᠢ ᠦᠢ᠍ᠯᠡᠳᠪᠦᠷᠢᠯᠡᠯ᠎ᠳᠤ ᠬᠢᠨᠠᠯᠲᠠ ᠲᠠᠯᠪᠢᠵᠤ ᠬᠠᠮᠢᠶᠠᠷᠬᠤ ᠬᠢᠷᠢ ᠬᠡᠮᠵᠢᠶ᠎ᠡ ᠵᠢ ᠴᠢᠩᠭ᠋ᠠᠳᠬᠠᠨ᠂ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ᠎ᠤᠨ ᠠᠶᠤᠯᠭᠦᠢ ᠵᠢᠨ ᠡᠨᠳᠡᠯ᠎ᠢ ᠰᠡᠷᠭᠡᠶ᠋ᠢᠯᠡᠬᠦ ᠪᠠ ᠬᠣᠷᠢᠭᠯᠠᠬᠤ ᠵᠢᠨ ᠲᠤᠰᠠᠳᠠ᠂ ᠮᠠᠨ᠎ᠤ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠳᠤ ᠬᠢᠨᠠᠯᠲᠠ ᠲᠠᠯᠪᠢᠵᠤ ᠬᠠᠮᠢᠶᠠᠷᠬᠤ ᠠᠷᠭ᠎ᠠ (ᠲᠤᠷᠰᠢᠨ ᠬᠡᠷᠡᠭᠵᠢᠭᠦᠯᠬᠦ)》 ᠵᠢ ᠵᠣᠬᠢᠶᠠᠨ ᠪᠠᠶ᠋ᠢᠭᠤᠯᠤᠨ ᠲᠣᠭᠲᠠᠭ᠋ᠠᠵᠤ᠂ ᠣᠳᠣᠬᠠᠨ᠎ᠳᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭ᠋ᠠᠶ ᠵᠢᠷᠤᠮᠯᠠᠨ ᠬᠡᠷᠡᠭᠵᠢᠭᠦᠯᠲᠦᠭᠡᠶ᠃

 

             ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ

            2023 ᠣᠨ᠎ᠤ 7 ᠳ᠋ᠤᠭ᠋ᠠᠷ ᠰᠠᠷ᠎ᠠ ᠵᠢᠨ 21᠎ᠤ ᠡᠳᠦᠷ

 

 

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠳᠤ ᠬᠢᠨᠠᠯᠲᠠ ᠲᠠᠯᠪᠢᠵᠤ ᠬᠠᠮᠢᠶᠠᠷᠬᠤ ᠠᠷᠭ᠎ᠠ

(ᠲᠤᠷᠰᠢᠨ ᠬᠡᠷᠡᠭᠵᠢᠭᠦᠯᠬᠦ)

ᠨᠢᠭᠡᠳᠦᠭᠡᠷ ᠪᠦᠯᠦᠭ ᠶᠡᠷᠦᠩᠬᠡᠶ ᠳᠦᠷᠢᠮ

   ᠨᠢᠭᠡᠳᠦᠭᠡᠷ ᠵᠤᠷᠪᠤᠰ  ᠪᠦᠬᠦ ᠣᠷᠣᠨ᠎ᠤ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠠᠶᠤᠯᠭᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ᠎ᠤᠨ ᠠᠶᠤᠯᠭᠦᠢ ᠵᠢᠨ ᠡᠨᠳᠡᠯ᠎ᠢ ᠰᠡᠷᠭᠡᠶ᠋ᠢᠯᠡᠬᠦ ᠪᠠ ᠬᠣᠷᠢᠭᠯᠠᠬᠤ ᠵᠢᠨ ᠲᠤᠰᠠᠳᠠ᠂ 《ᠠᠶᠤᠯᠭᠦᠢ ᠦᠢ᠍ᠯᠡᠳᠪᠦᠷᠢᠯᠡᠯ᠎ᠤᠨ ᠬᠦᠷᠢᠶᠡᠨ᠎ᠤ ᠥᠭᠡᠷᠡᠴᠢᠯᠡᠯᠲᠡ ᠬᠥᠭᠵᠢᠯᠲᠡ ᠵᠢ ᠲᠦᠯᠬᠢᠨ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠤᠨ ᠬᠣᠯᠪᠣᠭᠳᠠᠯ ᠪᠦᠬᠦᠢ ᠲᠣᠭᠲᠠᠭ᠋ᠠᠯ ᠪᠣᠯᠤᠨ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠶᠤᠯᠭᠦᠢ ᠦᠢ᠍ᠯᠡᠳᠪᠦᠷᠢᠯᠡᠯ᠎ᠤᠨ ᠬᠠᠤᠯᠢ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢ᠍ᠯᠡᠳᠪᠦᠷᠢᠯᠡᠯ᠎ᠤᠨ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ᠎ᠤᠨ ᠤᠳᠤᠷᠢᠳᠬᠤ ᠺᠠᠳ᠋ᠷ᠎ᠤᠨ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ᠎ᠢ ᠬᠡᠷᠡᠭᠵᠢᠭᠦᠯᠬᠦ ᠨᠠᠷᠢᠨ ᠳᠦᠷᠢᠮ》 ᠵᠡᠷᠭᠡ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠲᠤᠰ ᠠᠷᠭ᠎ᠠ ᠵᠢ ᠲᠣᠭᠲᠠᠭ᠋ᠠᠪᠠ᠃

   ᠬᠣᠶᠠᠳᠤᠭ᠋ᠠᠷ ᠵᠤᠷᠪᠤᠰ ᠲᠣᠰ ᠠᠷᠭ᠎ᠠ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠡᠷᠭᠢᠯᠡᠵᠦ ᠪᠠᠶ᠋ᠢᠭ᠎ᠠ   ᠨᠢᠭᠡᠴᠢ (ᠳᠣᠷᠣᠭᠰᠢ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠭᠡᠵᠦ ᠨᠢᠭᠡᠳᠦᠯᠲᠡᠶ ᠨᠡᠷᠡᠶ᠋ᠢᠳᠦᠨ᠎ᠡ) ᠵᠢᠨ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠪᠠ ᠪᠥᠬᠥ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠡᠷᠡᠭᠵᠢᠭᠦᠯᠦᠭᠰᠡᠨ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ᠎ᠳᠤ ᠬᠡᠷᠡᠭᠯᠡᠭᠳᠡᠨ᠎ᠡ᠃

   ᠭᠤᠷᠪᠠᠳᠤᠭ᠋ᠠᠷ ᠵᠤᠷᠪᠤᠰ  ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠳᠤ ᠬᠢᠨᠠᠯᠲᠠ ᠲᠠᠯᠪᠢᠵᠤ ᠬᠠᠮᠢᠶᠠᠷᠬᠤ᠎ᠳᠤ ᠬᠥᠮᠦᠨ ᠵᠶ᠋ᠠᠷ ᠦᠨᠳᠦᠰᠦ ᠪᠣᠯᠭ᠋ᠠᠨ᠂ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠪᠠᠷᠢᠮᠲᠠᠯᠠᠨ᠂ ᠬᠥᠭᠵᠢᠯᠲᠡ ᠪᠠ ᠠᠶᠤᠯ ᠦᠭᠡᠶ ᠵᠢ ᠨᠢᠭᠡᠳᠦᠯᠲᠡᠶ ᠲᠥᠯᠥᠪᠯᠡᠬᠦ ᠬᠡᠷᠡᠭᠲᠡᠶ; ᠠᠮᠤᠷ ᠲᠦᠪᠰᠢᠨ᠎ᠢ ᠲᠡᠷᠢᠭᠦᠨ᠎ᠳᠤ ᠲᠠᠯᠪᠢᠬᠤ᠂ ᠤᠷᠢᠳᠴᠢᠯᠠᠨ ᠰᠡᠷᠭᠡᠶ᠋ᠢᠯᠡᠬᠦ᠎ᠪᠠᠷ ᠭᠣᠣᠯ ᠪᠣᠯᠭ᠋ᠠᠬᠤ᠂ ᠶᠡᠷᠦᠩᠬᠡᠶ᠋ᠢᠯᠡᠨ ᠵᠠᠰᠠᠬᠤ ᠴᠢᠭᠯᠡᠯᠲᠡ ᠵᠢ ᠪᠠᠷᠢᠮᠲᠠᠯᠠᠵᠤ᠂ ᠬᠦᠨᠳᠦ ᠶᠡᠬᠡ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠡᠬᠢ ᠡᠭᠦᠰᠦᠯ᠎ᠠᠴᠠ᠎ᠨᠢ ᠰᠡᠷᠭᠡᠶ᠋ᠢᠯᠡᠨ ᠠᠷᠢᠯᠭ᠋ᠠᠨ᠎ᠠ; ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ᠎ᠤᠨ ᠪᠠᠶ᠋ᠢᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ᠎ᠪᠠᠷ ᠠᠳᠬᠤᠨ ᠬᠠᠮᠲᠤ᠎ᠪᠠᠷ ᠬᠠᠮᠢᠶᠠᠷᠬᠤ᠂ ᠲᠤᠰᠢᠶᠠᠯ᠎ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠵᠢ ᠪᠠᠷᠢᠮᠲᠠᠯᠠᠨ᠎ᠠ; ᠬᠠᠷᠢᠶ᠎ᠠ ᠭᠠᠵᠠᠷ᠎ᠲᠤᠨᠢ ᠬᠢᠨᠠᠨ ᠬᠠᠮᠢᠶᠠᠷᠤᠭᠤᠯᠬᠤ ᠬᠢᠭᠡᠳ ᠱᠠᠲᠤ ᠬᠤᠪᠢᠶᠠᠨ ᠬᠢᠨᠠᠨ ᠬᠠᠮᠢᠶᠠᠷᠬᠤ ᠵᠢ ᠬᠠᠷᠢᠯᠴᠠᠨ ᠤᠶᠠᠯᠳᠤᠭᠤᠯᠵᠤ᠂ ᠬᠠᠷᠢᠶ᠎ᠠ ᠭᠠᠵᠠᠷ᠎ᠲᠤᠨᠢ ᠬᠢᠨᠠᠨ ᠬᠠᠮᠢᠶᠠᠷᠤᠭᠤᠯᠬᠤ᠎ᠪᠠᠷ ᠭᠣᠣᠯ ᠪᠣᠯᠭ᠋ᠠᠬᠤ ᠵᠢ ᠬᠡᠷᠡᠭᠵᠢᠭᠦᠯᠬᠦ ᠬᠡᠷᠡᠭᠲᠡᠶ; ᠠᠵᠢᠯ ᠲᠦᠷᠦᠯ᠎ᠢ ᠬᠠᠮᠢᠶᠠᠷᠬᠤ᠎ᠳᠤ ᠡᠷᠬᠡᠪᠰᠢ ᠠᠮᠤᠷ ᠲᠦᠪᠰᠢᠨ᠎ᠢ ᠬᠠᠮᠢᠶᠠᠷᠬᠤ᠂ ᠲᠤᠬᠠᠶ᠋ᠢᠯᠠᠭᠰᠠᠨ ᠠᠵᠢᠯ᠎ᠢ ᠬᠠᠮᠢᠶᠠᠷᠬᠤ᠎ᠳᠤ ᠡᠷᠬᠡᠪᠰᠢ ᠠᠮᠤᠷ ᠲᠦᠪᠰᠢᠨ᠎ᠢ ᠬᠠᠮᠢᠶᠠᠷᠬᠤ᠂ ᠦᠢ᠍ᠯᠡᠳᠪᠦᠷᠢᠯᠡᠯ ᠡᠵᠡᠩᠨᠡᠯᠲᠡ ᠵᠢ ᠬᠠᠮᠢᠶᠠᠷᠬᠤ᠎ᠳᠤ ᠡᠷᠬᠡᠪᠰᠢ ᠠᠮᠤᠷ ᠲᠦᠪᠰᠢᠨ᠎ᠢ ᠬᠠᠮᠢᠶᠠᠷᠬᠤ       ᠬᠡᠷᠡᠭᠲᠡᠢ᠃

   ᠳᠥᠷᠪᠡᠳᠦᠭᠡᠷ ᠵᠤᠷᠪᠤᠰ  ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠠᠶᠤᠯᠭᠦᠢ ᠦᠢ᠍ᠯᠡᠳᠪᠦᠷᠢᠯᠡᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠵᠦ᠂ ᠪᠦᠬᠦ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠶᠣᠰᠣᠭ᠋ᠠᠷ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠳᠤ ᠬᠢᠨᠠᠯᠲᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠬᠦ ᠬᠡᠷᠡᠭᠲᠡᠶ᠃

   ᠲᠠᠪᠤᠳᠤᠭ᠋ᠠᠷ   ᠵᠤᠷᠪᠤᠰ   ᠪᠦᠬᠦ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠠᠶᠤᠯᠭᠦᠢ ᠦᠢ᠍ᠯᠡᠳᠪᠦᠷᠢᠯᠡᠯ᠎ᠤᠨ ᠺᠣᠮᠢᠰ (ᠤᠳᠤᠷᠢᠳᠬᠤ ᠳᠤᠭᠤᠶ᠋ᠢᠯᠠᠩ)᠎ᠤᠨ ᠨᠢᠭᠡᠳᠦᠯᠲᠡᠶ ᠤᠳᠤᠷᠢᠳᠤᠭᠰᠠᠨ ᠵᠣᠬᠢᠴᠠᠭᠤᠯᠬᠤ ᠲᠣᠭᠲᠠᠴᠠ ᠪᠠ ᠶᠡᠷᠦᠩᠬᠡᠶ᠋ᠢᠯᠡᠨ ᠬᠢᠨᠠᠨ ᠬᠠᠮᠢᠶᠠᠷᠬᠤ ᠬᠢᠭᠡᠳ ᠲᠤᠰᠬᠠᠶ ᠬᠢᠨᠠᠨ ᠬᠠᠮᠢᠶᠠᠷᠬᠤ ᠠᠵᠢᠯ᠎ᠤᠨ ᠬᠤᠪᠢᠶᠠᠷᠢᠯᠠᠯ ᠵᠶ᠋ᠠᠷ ᠬᠠᠷᠢᠭᠤᠴᠠᠬᠤ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠶ᠃

   ᠵᠢᠷᠭᠤᠳᠤᠭ᠋ᠠᠷ ᠵᠤᠷᠪᠤᠰ  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠪᠦᠬᠦ ᠣᠷᠣᠨ᠎ᠤ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ       ᠵᠢᠯᠣᠭᠣᠳᠴᠤ᠂ ᠲᠢᠩᠬᠢᠮ᠎ᠤᠨ ᠰᠢᠭᠤᠳ ᠬᠠᠷᠢᠶ᠎ᠠ ᠨᠢᠭᠡᠴᠢ ᠵᠢᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠳᠤ ᠬᠢᠨᠠᠯᠲᠠ ᠲᠠᠯᠪᠢᠵᠤ ᠬᠠᠮᠢᠶᠠᠷᠬᠤ ᠵᠢ ᠬᠠᠷᠢᠭᠤᠴᠠᠨ᠂ ᠳᠣᠤᠷᠠᠳᠤ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠵᠢᠯᠣᠭᠣᠳᠬᠤ ᠪᠠ ᠬᠢᠨᠠᠯᠲᠠ ᠲᠠᠯᠪᠢᠨ᠎ᠠ᠃ ᠲᠢᠩᠬᠢᠮ᠎ᠤᠨ ᠰᠢᠭᠤᠳ ᠬᠠᠷᠢᠶ᠎ᠠ ᠨᠢᠭᠡᠴᠢ ᠵᠢᠴᠢ ᠬᠠᠷᠢᠶ᠎ᠠ ᠪᠥᠬᠥᠶ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠠᠶᠤᠯᠭᠦᠢ ᠦᠢ᠍ᠯᠡᠳᠪᠦᠷᠢᠯᠡᠯ ᠎ᠤᠨ ᠭᠤᠤᠯ ᠴᠣᠭᠴᠠ ᠵᠢᠨ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ   ᠭᠦᠢ᠍ᠴᠡᠳᠭᠡᠵᠦ᠂ ᠳᠣᠲᠣᠭ᠋ᠠᠳᠤ ᠵᠢᠨ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠪᠠ ᠬᠢᠨᠠᠯᠲᠠ ᠪᠠᠶ᠋ᠢᠴᠠᠭ᠋ᠠᠯᠲᠠ᠎ᠪᠠᠨ ᠱᠠᠲᠤ ᠳᠠᠷᠠᠭ᠋ᠠᠯᠠᠨ ᠴᠢᠩᠭ᠋ᠠᠳᠬᠠᠵᠤ᠂ ᠬᠠᠷᠢᠶ᠎ᠠ ᠭᠠᠵᠠᠷ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠠᠶᠤᠯᠭᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠶ᠃ ᠠᠶ᠋ᠢᠮᠠᠭ ᠬᠤᠳᠠ᠂ ᠬᠣᠰᠢᠭᠤ ᠰᠢᠶᠠᠨ (ᠬᠤᠳᠠ᠂ ᠲᠣᠭᠣᠷᠢᠭ)᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ ᠎ᠤᠨ ᠠᠵᠢᠯ᠎ᠢ ᠵᠢᠯᠣᠭᠣᠳᠴᠤ᠂ ᠰᠢᠭᠤᠳ ᠬᠠᠷᠢᠶ᠎ᠠ ᠨᠢᠭᠡᠴᠢ ᠪᠣᠯᠤᠨ ᠬᠠᠷᠢᠶ᠎ᠠ ᠬᠡᠪᠴᠢᠶᠡᠨ᠎ᠲᠡᠭᠡᠨ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠬᠢᠵᠦ ᠪᠠᠶ᠋ᠢᠭ᠎ᠠ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠳᠤ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠳᠤ ᠬᠢᠨᠠᠯᠲᠠ ᠲᠠᠯᠪᠢᠵᠤ ᠬᠠᠮᠢᠶᠠᠷᠬᠤ ᠵᠢ ᠬᠠᠷᠢᠭᠤᠴᠠᠨ᠂ ᠲᠤᠤᠷᠠᠳᠤ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠵᠢᠯᠣᠭᠣᠳᠬᠤ ᠪᠠ ᠬᠢᠨᠠᠯᠲᠠ ᠲᠠᠯᠪᠢᠨ᠎ᠠ᠃

   ᠳᠣᠯᠣᠳᠤᠭ᠋ᠠᠷ ᠵᠤᠷᠪᠤᠰ  ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠨᠦᠭᠦᠳ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢ ᠬᠠᠤᠯᠢ ᠶᠣᠰᠣᠭ᠋ᠠᠷ ᠴᠢᠩᠭ᠋ᠠᠳᠬᠠᠨ᠂ ᠪᠦᠬᠦ ᠠᠵᠢᠯᠲᠠᠨ ᠠᠵᠢᠯᠴᠢᠨ᠎ᠤ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ ᠪᠣᠯᠤᠨ ᠠᠶᠤᠯᠭᠦᠢ ᠦᠢ᠍ᠯᠡᠳᠪᠦᠷᠢᠯᠡᠯ᠎ᠤᠨ ᠳᠦᠷᠢᠮ ᠲᠣᠭᠲᠠᠭ᠋ᠠᠯ᠎ᠢ ᠪᠠᠶ᠋ᠢᠭᠤᠯᠤᠨ ᠪᠦᠷᠢᠨᠰᠢᠭᠦᠯᠵᠦ᠂ ᠠᠶᠤᠯᠭᠦᠢ ᠦᠢ᠍ᠯᠡᠳᠪᠦᠷᠢᠯᠡᠯ ᠎ᠤᠨ ᠪᠡᠯᠡ ᠮᠥᠩᠭᠥ᠂ ᠡᠳ᠋ ᠪᠠᠷᠠᠭ᠎ᠠ᠂ ᠮᠡᠷᠭᠡᠵᠢᠯ᠂ ᠠᠵᠢᠯᠲᠠᠨ᠎ᠤ ᠣᠷᠣᠭᠤᠯᠤᠯᠲᠠ ᠵᠢᠨ ᠪᠠᠲᠤᠯᠠᠭ᠎ᠠ ᠵᠢᠨ ᠡᠷᠴᠢᠮ ᠵᠶ᠋ᠠᠨ ᠨᠡᠮᠡᠭᠳᠡᠭᠦᠯᠦᠨ᠂ ᠠᠶᠤᠯᠭᠦᠢ ᠦᠢ᠍ᠯᠡᠳᠪᠦᠷᠢᠯᠡᠯ ᠎ᠤᠨ ᠨᠥᠬᠥᠴᠡᠯ᠎ᠢ ᠰᠠᠶ᠋ᠢᠵᠢᠷᠠᠭᠤᠯᠵᠤ᠂ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ ᠪᠠᠶ᠋ᠢᠭᠤᠯᠤᠯᠲᠠ ᠵᠢ ᠴᠢᠩᠭ᠋ᠠᠳᠬᠠᠨ᠂ ᠠᠮᠤᠷ ᠲᠦᠪᠰᠢᠨ᠎ᠤ ᠲᠦᠭᠰᠢᠭᠦᠷᠢ ᠵᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠳᠠᠪᠬᠤᠷ ᠰᠡᠷᠭᠡᠶ᠋ᠢᠯᠡᠬᠦ ᠲᠣᠭᠲᠠᠴᠠ ᠵᠢ ᠪᠠᠶ᠋ᠢᠭᠤᠯᠵᠤ᠂ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠲᠣᠭᠲᠠᠴᠠ ᠵᠢ ᠪᠦᠷᠢᠨᠰᠢᠭᠦᠯᠦᠨ᠂ ᠠᠶᠤᠯᠭᠦᠢ ᠦᠢ᠍ᠯᠡᠳᠪᠦᠷᠢᠯᠡᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠠᠶᠤᠯᠭᠦᠢ ᠦᠢ᠍ᠯᠡᠳᠪᠦᠷᠢᠯᠡᠯ ᠎ᠢ ᠦᠨᠡᠨ ᠬᠦ᠌ ᠪᠠᠲᠤᠯᠠᠬᠤ ᠬᠡᠷᠡᠭᠲᠡᠶ᠃ ᠪᠦᠬᠦ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠠᠶᠤᠯᠭᠦᠢ ᠦᠢ᠍ᠯᠡᠳᠪᠦᠷᠢᠯᠡᠯ᠎ᠤᠨ ᠰᠠᠭᠤᠷᠢ ᠪᠦᠲᠦᠭᠡᠨ ᠪᠠᠶ᠋ᠢᠭᠤᠯᠤᠯᠲᠠ ᠪᠣᠯᠤᠨ ᠬᠢᠨᠠᠨ ᠬᠠᠮᠢᠶᠠᠷᠬᠤ ᠴᠢᠳᠠᠪᠤᠷᠢ ᠵᠢᠨ ᠪᠠᠶ᠋ᠢᠭᠤᠯᠤᠯᠲᠠ᠎ᠪᠠᠨ ᠴᠢᠩᠭ᠋ᠠᠳᠬᠠᠵᠤ᠂ ᠵᠠᠷᠤᠳᠠᠯ᠎ᠤᠨ ᠣᠷᠣᠭᠤᠯᠤᠯᠲᠠ ᠵᠢ ᠪᠠᠲᠤᠯᠠᠬᠤ ᠬᠡᠷᠡᠭᠲᠡᠶ᠃

   ᠬᠣᠶᠠᠳᠤᠭ᠋ᠠᠷ ᠪᠦᠯᠦᠭ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠨ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ

    ᠨᠠᠢ᠍ᠮᠠᠳᠤᠭ᠋ᠠᠷ ᠵᠤᠷᠪᠤᠰ  ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠨᠢ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠣᠯᠤᠨ ᠤᠯᠤᠰ᠎ᠤᠨ ᠪᠠᠷᠢᠮᠵᠢᠶ᠎ᠠ᠂ ᠠᠵᠢᠯ ᠲᠥᠷᠥᠯ᠎ᠤᠨ ᠪᠠᠷᠢᠮᠵᠢᠶ᠎ᠠ᠎ᠳᠤ ᠲᠣᠭᠲᠠᠭ᠋ᠠᠭᠰᠠᠨ   ᠠᠶᠤᠯᠭᠦᠢ ᠦᠢ᠍ᠯᠡᠳᠪᠦᠷᠢᠯᠡᠯ᠎ᠤᠨ ᠨᠥᠬᠥᠴᠡᠯ᠎ᠢ ᠪᠦᠷᠢᠯᠳᠦᠭᠦᠯᠬᠦ ᠬᠡᠷᠡᠭᠲᠡᠶ᠃ ᠠᠶᠤᠯᠭᠦᠢ ᠦᠢ᠍ᠯᠡᠳᠪᠦᠷᠢᠯᠡᠬᠦ ᠨᠥᠬᠥᠴᠡᠯ᠎ᠢ ᠪᠦᠷᠢᠯᠳᠦᠭᠦᠯᠦᠭᠡᠳᠦᠶ ᠪᠣᠯ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠬᠢᠵᠦ ᠪᠣᠯᠬᠤ ᠦᠭᠡᠶ᠃

   ᠶᠢᠰᠦᠳᠦᠭᠡᠷ   ᠵᠤᠷᠪᠤᠰ   ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠨᠦᠭᠦᠳ ᠠᠶᠤᠯᠭᠦᠢ ᠦᠢ᠍ᠯᠡᠳᠪᠦᠷᠢᠯᠡᠯ᠎ᠤᠨ ᠣᠷᠣᠭᠤᠯᠤᠯᠲᠠ ᠵᠢ ᠨᠠᠶ᠋ᠢᠳᠠᠪᠤᠷᠢᠵᠢᠭᠤᠯᠬᠤ ᠵᠢ ᠪᠠᠲᠤᠯᠠᠵᠤ᠂ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠰᠢᠰᠲᠸᠮᠵᠢ᠂ ᠲᠦᠭᠰᠢᠭᠦᠷᠢ ᠵᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠰᠢᠰᠲᠸᠮᠵᠢ᠂ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠰᠢᠰᠲᠸᠮᠵᠢ᠂ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠰᠢᠰᠲᠸᠮᠵᠢ ᠪᠠ ᠦᠢ᠍ᠯᠡᠳᠪᠦᠷᠢᠯᠡᠯ᠎ᠤᠨ ᠠᠶᠤᠯᠭᠦᠢ ᠵᠢᠨ ᠡᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠰᠢᠰᠲᠸᠮᠵᠢ ᠵᠢ ᠪᠠᠶ᠋ᠢᠭᠤᠯᠤᠨ ᠪᠦᠷᠢᠨᠰᠢᠭᠦᠯᠵᠦ᠂ ᠲᠣᠭᠲᠠᠭ᠋ᠠᠯ ᠶᠣᠰᠣᠭ᠋ᠠᠷ   ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠪᠠᠶ᠋ᠢᠭᠤᠯᠬᠤ ᠪᠤᠶᠤ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠲᠤᠰᠬᠠᠶ (ᠬᠠᠪᠰᠤᠷᠭ᠋ᠠᠭᠰᠠᠨ) ᠲᠤᠰᠢᠶᠠᠯ᠎ᠤᠨ ᠠᠵᠢᠯᠲᠠᠨ ᠲᠣᠬᠢᠷᠠᠭᠤᠯᠵᠤ᠂ ᠠᠶᠤᠯᠭᠦᠢ ᠦᠢ᠍ᠯᠡᠳᠪᠦᠷᠢᠯᠡᠯ᠎ᠤᠨ ᠬᠥᠮᠦᠵᠢᠯ   ᠪᠣᠯᠪᠠᠰᠤᠷᠠᠯ ᠥᠷᠨᠢᠭᠦᠯᠦᠨ᠂ ᠠᠶᠤᠯᠭᠦᠢ᠎ᠤᠨ ᠠᠮᠠᠯᠠᠯᠲᠠ ᠵᠢᠨ ᠳᠦᠷᠢᠮ᠎ᠢ ᠪᠠᠶ᠋ᠢᠭᠤᠯᠵᠤ᠂ ᠠᠶᠤᠯᠭᠦᠢ᠎ᠤᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠠᠶᠤᠯᠭᠦᠢ᠎ᠤᠨ ᠮᠡᠳᠡᠭᠡ ᠵᠠᠩᠭᠢ ᠵᠢ ᠴᠠᠭ ᠲᠤᠬᠠᠶ᠎ᠳᠤᠨᠢ᠂ ᠦᠨᠡᠨ ᠪᠣᠳᠠᠲᠠᠶ᠎ᠪᠠᠷ ᠮᠡᠳᠡᠭᠦᠯᠬᠦ ᠬᠡᠷᠡᠭᠲᠡᠶ᠃

   ᠠᠷᠪᠠᠳᠤᠭ᠋ᠠᠷ   ᠵᠤᠷᠪᠤᠰ   ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠨᠦᠭᠦᠳ ᠪᠦᠬᠦ ᠠᠵᠢᠯᠲᠠᠨ᠎ᠤ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠬᠦ ᠵᠢᠨ ᠬᠠᠮᠲᠤ ᠨᠠᠶ᠋ᠢᠳᠠᠪᠤᠷᠢᠵᠢᠭᠤᠯᠵᠤ᠂ ᠡᠯ᠎ᠡ ᠠᠵᠢᠯ᠎ᠤᠨ ᠪᠠᠶ᠋ᠢᠷᠢ ᠵᠢᠨ ᠬᠠᠷᠢᠭᠤᠴᠠᠯᠭ᠎ᠠ ᠡᠭᠦᠷᠭᠡᠯᠡᠭᠴᠢ᠂ ᠬᠠᠷᠢᠭᠤᠴᠠᠯᠭ᠎ᠠ ᠵᠢᠨ ᠬᠡᠪᠴᠢᠶ᠎ᠡ ᠪᠣᠯᠤᠨ ᠬᠢᠨᠠᠨ ᠰᠢᠯᠭ᠋ᠠᠬᠤ ᠪᠠᠷᠢᠮᠵᠢᠶ᠎ᠠ ᠵᠡᠷᠭᠡ ᠠᠭᠤᠯᠭ᠎ᠠ ᠵᠢ ᠲᠣᠳᠣᠷᠬᠠᠶ᠋ᠢᠯᠠᠨ᠂ ᠪᠦᠬᠦ ᠠᠵᠢᠯᠲᠠᠨ᠎ᠤ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ᠎ᠢ ᠨᠠᠶ᠋ᠢᠳᠠᠪᠤᠷᠢᠵᠢᠭᠤᠯᠵᠤ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠵᠤ ᠬᠢᠨᠠᠨ ᠰᠢᠯᠭ᠋ᠠᠬᠤ᠎ᠪᠠᠨ ᠴᠢᠩᠭ᠋ᠠᠳᠬᠠᠨ᠂ ᠪᠦᠬᠦ ᠠᠵᠢᠯᠲᠠᠨ᠎ᠤ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ᠎ᠢ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠶ᠃ ᠤᠰᠦᠠ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠨ ᠭᠣᠣᠯ ᠬᠠᠷᠢᠭᠤᠴᠠᠯᠭ᠋ᠠᠲᠠᠨ ᠪᠠ ᠪᠣᠳᠠᠲᠠᠢ ᠡᠵᠡᠮᠳᠡᠭᠴᠢ ᠪᠣᠯ ᠲᠤᠰ ᠨᠢᠭᠡᠴᠢ ᠵᠢᠨ ᠵᠶ᠋ᠠᠨ ᠠᠶᠤᠯᠭᠦᠢ ᠦᠢ᠍ᠯᠡᠳᠪᠦᠷᠢᠯᠡᠯ᠎ᠤᠨ ᠨᠢᠭᠡᠳᠦᠭᠡᠷ ᠬᠠᠷᠢᠭᠤᠴᠠᠯᠭ᠋ᠠᠲᠠᠨ ᠮᠥᠨ᠂ ᠲᠤᠰ ᠨᠢᠭᠡᠴᠢ ᠵᠢᠨ ᠵᠶ᠋ᠠᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠪᠦᠬᠦ ᠲᠠᠯ᠎ᠠ᠎ᠪᠠᠷ ᠬᠠᠷᠢᠭᠤᠴᠠᠵᠤ᠂ ᠪᠤᠰᠤᠳ ᠬᠠᠷᠢᠭᠤᠴᠠᠯᠭ᠋ᠠᠲᠠᠨ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠬᠡᠪᠴᠢᠶᠡᠨ᠎ᠳᠠᠬᠢ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠬᠠᠷᠢᠭᠤᠴᠠᠨ᠎ᠠ᠃ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠨᠦᠭᠦᠳ ᠲᠣᠭᠲᠠᠭ᠋ᠠᠯ ᠶᠣᠰᠣᠭ᠋ᠠᠷ ᠠᠶᠤᠯᠭᠦᠢ ᠦᠢ᠍ᠯᠡᠳᠪᠦᠷᠢᠯᠡᠯ᠎ᠤᠨ ᠬᠤᠪᠢᠳᠠᠨ ᠬᠠᠮᠢᠶᠠᠷᠬᠤ ᠲᠤᠰᠬᠠᠶ ᠲᠤᠰᠢᠶᠠᠯ᠎ᠤᠨ ᠬᠠᠷᠢᠭᠤᠴᠠᠯᠭ᠋ᠠᠲᠠᠨ ᠪᠤᠶᠤ ᠠᠶᠤᠯᠭᠦᠢ ᠵᠢᠨ ᠶᠡᠷᠦᠩᠬᠡᠶ ᠬᠢᠨᠠᠭᠴᠢ ᠲᠣᠬᠢᠷᠠᠭᠤᠯᠵᠤ᠂ ᠲᠤᠰ ᠨᠢᠭᠡᠴᠢ ᠵᠢᠨ ᠵᠶ᠋ᠠᠨ ᠭᠣᠣᠯ ᠬᠠᠷᠢᠭᠤᠴᠠᠯᠭ᠋ᠠᠲᠠᠨ᠎ᠢ ᠬᠠᠪᠰᠤᠷᠤᠨ   ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠶ᠃

   ᠠᠷᠪᠠᠨ ᠨᠢᠭᠡᠳᠦᠭᠡᠷ ᠵᠤᠷᠪᠤᠰ  ᠤᠰᠤᠨ ᠠᠰᠢᠭᠯᠠᠯᠲᠠ ᠵᠢᠨ   ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠨᠢ ᠠᠮᠤᠷ ᠲᠦᠪᠰᠢᠨ᠎ᠤ ᠲᠦᠭᠰᠢᠭᠦᠷᠢ ᠵᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠲᠦᠷᠢᠮ᠎ᠢ ᠪᠠᠶ᠋ᠢᠭᠤᠯᠵᠤ᠂ ᠠᠮᠤᠷ ᠲᠦᠪᠰᠢᠨ᠎ᠤ ᠲᠦᠭᠰᠢᠭᠦᠷᠢ ᠵᠢ ᠪᠠᠶ᠋ᠢᠴᠠᠭ᠋ᠠᠨ ᠡᠷᠢᠬᠦ᠂ ᠰᠤᠳᠤᠯᠤᠨ ᠮᠠᠭ᠋ᠠᠳᠯᠠᠬᠤ᠂ ᠤᠷᠢᠳᠴᠢᠯᠠᠨ ᠰᠡᠷᠡᠮᠵᠢᠯᠡᠭᠦᠯᠬᠦ᠂ ᠰᠡᠷᠭᠡᠶ᠋ᠢᠯᠡᠬᠦ᠂ ᠰᠢᠢ᠍ᠳᠪᠦᠷᠢᠯᠡᠬᠦ᠂ ᠬᠠᠷᠢᠭᠤᠴᠠᠯᠭ᠎ᠠ ᠵᠡᠷᠭᠡ ᠭᠣᠭᠴᠣᠭ᠋ᠠᠨ᠎ᠤ ᠪᠥᠬᠥ ᠬᠡᠯᠬᠢᠶᠡᠰᠦ ᠵᠢᠨ ᠬᠠᠮᠢᠶᠠᠷᠤᠨ ᠡᠵᠡᠮᠳᠡᠬᠦ ᠲᠣᠭᠲᠠᠴᠠ ᠵᠢ ᠨᠠᠶ᠋ᠢᠳᠠᠪᠤᠷᠢᠵᠢᠭᠤᠯᠤᠨ᠂ ᠲᠦᠭᠰᠢᠭᠦᠷᠢ ᠵᠢᠨ ᠡᠬᠢ ᠰᠤᠷᠪᠤᠯᠵᠢ ᠵᠢ ᠢᠯᠭ᠋ᠠᠨ ᠲᠠᠨᠢᠬᠤ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠲᠦᠭᠰᠢᠭᠦᠷᠢ ᠵᠢᠨ ᠡᠬᠢ ᠰᠤᠷᠪᠤᠯᠵᠢ ᠵᠢᠨ ᠲᠦᠭᠰᠢᠭᠦᠷᠢ ᠵᠢᠨ ᠲᠠᠰ᠎ᠢ ᠦᠨᠡᠯᠡᠨ ᠲᠣᠭᠲᠠᠭ᠋ᠠᠵᠤ᠂ ᠠᠮᠤᠷ ᠲᠦᠪᠰᠢᠨ᠎ᠤ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ ᠵᠢ ᠬᠡᠷᠡᠭᠵᠢᠭᠦᠯᠦᠨ᠂ ᠬᠢᠨᠠᠨ ᠰᠢᠨᠵᠢᠬᠦ᠂ ᠡᠵᠡᠮᠳᠡᠬᠦ ᠪᠠ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨᠴᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠵᠦᠷᠢᠶᠡᠴᠢᠯᠡᠭᠰᠡᠨ ᠰᠢᠢ᠍ᠳᠪᠦᠷᠢᠯᠡᠯᠲᠡ ᠬᠢᠵᠦ᠂ ᠡᠯ᠎ᠡ ᠱᠠᠲᠤ᠂ ᠡᠯ᠎ᠡ ᠠᠵᠢᠯ᠎ᠤᠨ ᠪᠠᠶ᠋ᠢᠷᠢ ᠵᠢᠨ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠵᠢ ᠲᠣᠳᠣᠷᠬᠠᠶ᠋ᠢᠯᠠᠬᠤ ᠪᠠ ᠨᠠᠶ᠋ᠢᠳᠠᠪᠤᠷᠢᠵᠢᠭᠤᠯᠬᠤ ᠵᠢᠨ ᠬᠠᠮᠲᠤ᠂ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠬᠥᠳᠡᠯᠦᠩᠭᠦᠶ᠎ᠪᠠᠷ ᠰᠢᠨᠡᠳᠬᠡᠵᠦ᠂ ᠲᠣᠭᠲᠠᠭ᠋ᠠᠯ ᠶᠣᠰᠣᠭ᠋ᠠᠷ ᠮᠡᠳᠡᠭᠦᠯᠬᠦ᠃

   ᠠᠷᠪᠠᠨ ᠬᠣᠶᠠᠳᠤᠭ᠋ᠠᠷ ᠵᠤᠷᠪᠤᠰ  ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠨᠦᠭᠦᠳ ᠦᠢ᠍ᠯᠡᠳᠪᠦᠷᠢᠯᠡᠯ᠎ᠤᠨ ᠠᠶᠤᠯᠭᠦᠢ ᠵᠢᠨ ᠡᠨᠳᠡᠯ᠎ᠤᠨ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠳᠦᠷᠢᠮ ᠪᠠᠶ᠋ᠢᠭᠤᠯᠤᠨ᠂ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠬᠠᠷᠢᠭᠤᠴᠠᠯᠭ᠎ᠠ᠎ᠪᠠᠨ ᠲᠣᠳᠣᠷᠬᠠᠶ᠋ᠢᠯᠠᠵᠤ᠂ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠵᠠᠷᠤᠳᠠᠯ᠎ᠢ ᠨᠠᠶ᠋ᠢᠳᠠᠪᠤᠷᠢᠵᠢᠭᠤᠯᠤᠨ᠂ ᠮᠡᠷᠭᠡᠵᠢᠯ᠂ ᠬᠠᠮᠢᠶᠠᠷᠤᠯᠲᠠ ᠵᠢᠨ ᠠᠷᠭ᠎ᠠ ᠬᠡᠮᠵᠢᠶ᠎ᠡ       ᠠᠪᠴᠤ᠂ ᠡᠨᠳᠡᠯ᠎ᠤᠨ ᠳᠠᠯᠳᠠ ᠭᠡᠮ᠎ᠢ ᠴᠠᠭ ᠲᠤᠬᠠᠶ᠎ᠳᠤᠨᠢ ᠣᠯᠵᠤ ᠮᠡᠳᠡᠬᠦ ᠵᠢᠨ ᠬᠠᠮᠲᠤ ᠠᠷᠢᠯᠭ᠋ᠠᠵᠤ᠂ ᠲᠣᠭᠲᠠᠭ᠋ᠠᠯ ᠶᠣᠰᠣᠭ᠋ᠠᠷ ᠨᠡᠪᠲᠡᠷᠡᠭᠦᠯᠬᠦ ᠪᠠ ᠮᠡᠳᠡᠭᠦᠯᠬᠦ ᠬᠡᠷᠡᠭᠲᠡᠶ᠃

   ᠠᠷᠪᠠᠨ ᠭᠤᠷᠪᠠᠳᠤᠭ᠋ᠠᠷ ᠵᠤᠷᠪᠤᠰ  ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠨᠦᠭᠦᠳ ᠠᠶᠤᠯᠭᠦᠢ ᠦᠢ᠍ᠯᠡᠳᠪᠦᠷᠢᠯᠡᠯ᠎ᠤᠨ ᠳᠦᠷᠢᠮ ᠲᠣᠭᠲᠠᠭ᠋ᠠᠯ᠂ ᠠᠵᠢᠯᠯᠠᠬᠤ ᠳᠦᠷᠢᠮ᠎ᠢ ᠲᠣᠭᠲᠠᠭ᠋ᠠᠨ ᠬᠡᠷᠡᠭᠵᠢᠭᠦᠯᠵᠦ᠂ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢ ᠬᠡᠷᠡᠭᠵᠢᠭᠦᠯᠵᠦ᠂ ᠦᠢ᠍ᠯᠡᠳᠪᠦᠷᠢᠯᠡᠯ᠎ᠤᠨ ᠡᠯ᠎ᠡ ᠵᠠᠩᠭᠢᠯᠠᠭ᠎ᠠ ᠵᠢ ᠬᠣᠯᠪᠣᠭᠳᠠᠯ ᠪᠦᠬᠦᠢ ᠠᠶᠤᠯᠭᠦᠢ ᠦᠢ᠍ᠯᠡᠳᠪᠦᠷᠢᠯᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠪᠠᠷᠢᠮᠵᠢᠶ᠎ᠠ ᠵᠢᠨ ᠵᠢᠷᠤᠮᠵᠢᠯ᠎ᠤᠨ ᠱᠠᠭ᠋ᠠᠷᠳᠠᠯᠭ᠎ᠠ᠎ᠳᠤ ᠨᠡᠶ᠋ᠢᠴᠡᠭᠦᠯᠵᠦ᠂ ᠠᠶᠤᠯᠭᠦᠢ ᠵᠢᠨ ᠬᠠᠮᠢᠶᠠᠷᠤᠯᠲᠠ᠂ ᠠᠵᠢᠯᠯᠠᠬᠤ ᠦᠢ᠍ᠯᠡ ᠠᠵᠢᠯᠯᠠᠭ᠎ᠠ᠂ ᠲᠥᠬᠥᠭᠡᠷᠦᠮᠵᠢ ᠪᠡᠯᠡᠳᠬᠡᠮᠵᠢ ᠪᠣᠯᠤᠨ ᠠᠵᠢᠯᠯᠠᠬᠤ ᠣᠷᠴᠢᠨ ᠲᠣᠭᠣᠷᠢᠨ᠎ᠤ ᠪᠠᠷᠢᠮᠵᠢᠶᠠᠵᠢᠭᠤᠯᠬᠤ ᠵᠢ ᠪᠡᠶᠡᠯᠡᠭᠦᠯᠬᠦ ᠬᠡᠷᠡᠭᠲᠡᠶ᠃

   ᠠᠷᠪᠠᠨ ᠳᠥᠷᠪᠡᠳᠦᠭᠡᠷ ᠵᠤᠷᠪᠤᠰ  ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠨᠦᠭᠦᠳ ᠦᠢ᠍ᠯᠡᠳᠪᠦᠷᠢᠯᠡᠯ᠎ᠤᠨ ᠠᠶᠤᠯᠭᠦᠢ ᠵᠢᠨ ᠡᠨᠳᠡᠯ᠎ᠤᠨ ᠶᠡᠷᠦᠩᠬᠡᠶ᠋ᠢᠯᠡᠭᠰᠡᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠂ ᠲᠤᠰᠬᠠᠶ ᠵᠦᠢ᠍ᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ ᠪᠣᠯᠤᠨ ᠲᠤᠬᠠᠶ ᠵᠢᠨ ᠲᠠᠯᠠᠪᠠᠶ ᠵᠢᠨ ᠰᠢᠢ᠍ᠳᠪᠦᠷᠢᠯᠡᠬᠦ ᠲᠥᠰᠦᠯ᠎ᠢ ᠲᠣᠭᠲᠠᠭ᠋ᠠᠯ ᠶᠣᠰᠣᠭ᠋ᠠᠷ ᠲᠣᠭᠲᠠᠭ᠋ᠠᠵᠤ᠂ ᠪᠠᠴᠢᠮ ᠪᠠᠶ᠋ᠢᠳᠠᠯ᠎ᠢ ᠠᠷᠭ᠋ᠠᠴᠠᠬᠤ᠎ᠳᠠᠬᠢ ᠠᠪᠤᠷᠠᠨ ᠲᠤᠰᠠᠯᠠᠬᠤ ᠪᠠᠭ᠋ᠠᠵᠢ ᠬᠡᠷᠡᠭᠰᠡᠯ᠂ ᠲᠥᠬᠥᠭᠡᠷᠦᠮᠵᠢ ᠪᠣᠯᠤᠨ ᠡᠳ᠋ ᠪᠠᠷᠠᠭ᠎ᠠ ᠲᠣᠬᠢᠷᠠᠭᠤᠯᠤᠨ᠂ ᠪᠠᠴᠢᠮ ᠪᠠᠶ᠋ᠢᠳᠠᠯ᠎ᠢ ᠠᠷᠭ᠋ᠠᠴᠠᠬᠤ᠎ᠳᠠᠬᠢ ᠠᠪᠤᠷᠠᠨ ᠲᠤᠰᠠᠯᠠᠬᠤ ᠡᠩᠨᠡᠭᠡ ᠪᠤᠶᠤ ᠠᠵᠢᠯᠲᠠᠨ᠎ᠢ ᠨᠠᠶ᠋ᠢᠳᠠᠪᠤᠷᠢᠵᠢᠭᠤᠯᠵᠤ᠂ ᠲᠣᠭᠲᠠᠭ᠋ᠠᠯ ᠶᠣᠰᠣᠭ᠋ᠠᠷ ᠬᠥᠮᠦᠵᠢᠯ ᠪᠤᠯᠪᠠᠰᠤᠷᠠᠯ ᠪᠣᠯᠤᠨ ᠰᠣᠷᠢᠯᠲᠠ ᠵᠢ ᠵᠣᠬᠢᠶᠠᠨ ᠪᠠᠶ᠋ᠢᠭᠤᠯᠬᠤ ᠬᠡᠷᠡᠭᠲᠡᠶ᠃ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠵᠢᠨ ᠠᠵᠤ ᠠᠬᠤᠶ᠋ᠢᠯᠠᠯ᠎ᠨᠢ ᠪᠠᠴᠢᠮ ᠪᠠᠶ᠋ᠢᠳᠠᠯ᠎ᠢ ᠠᠷᠭ᠋ᠠᠴᠠᠬᠤ ᠵᠢᠵᠢᠭᠦᠷ᠎ᠤᠨ ᠲᠦᠷᠢᠮ ᠪᠠᠶ᠋ᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠵᠢᠵᠢᠭᠦᠷ ᠲᠣᠬᠢᠷᠠᠭᠤᠯᠬᠤ ᠬᠡᠷᠡᠭᠲᠡᠶ᠃

   ᠠᠷᠪᠠᠨ ᠲᠠᠪᠤᠳᠤᠭ᠋ᠠᠷ ᠵᠤᠷᠪᠤᠰ  ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠨᠦᠭᠦᠳ ᠪᠦᠬᠦ ᠠᠵᠢᠯᠲᠠᠨ ᠠᠵᠢᠯᠴᠢᠨ᠎ᠤ ᠠᠶᠤᠯᠭᠦᠢ ᠦᠢ᠍ᠯᠡᠳᠪᠦᠷᠢᠯᠡᠯ᠎ᠤᠨ ᠪᠤᠯᠪᠠᠰᠤᠷᠠᠯ᠎ᠤᠨ ᠳᠦᠷᠢᠮ ᠪᠠᠶ᠋ᠢᠭᠤᠯᠵᠤ᠂ ᠠᠵᠢᠯᠯᠠᠭᠰᠠᠳ᠎ᠲᠤ ᠠᠶᠤᠯᠭᠦᠢ ᠦᠢ᠍ᠯᠡᠳᠪᠦᠷᠢᠯᠡᠯ᠎ᠤᠨ ᠬᠥᠮᠦᠵᠢᠯ ᠪᠤᠯᠪᠠᠰᠤᠷᠠᠯ ᠬᠢᠵᠦ᠂ ᠠᠵᠢᠯᠯᠠᠭᠰᠠᠳ᠎ᠤᠨ ᠴᠢᠬᠤᠯᠠ ᠪᠦᠬᠦᠢ ᠠᠶᠤᠯᠭᠦᠢ ᠦᠢ᠍ᠯᠡᠳᠪᠦᠷᠢᠯᠡᠯ᠎ᠤᠨ ᠮᠡᠳᠡᠯᠭᠡ᠎ᠲᠠᠢ ᠪᠠᠶ᠋ᠢᠬᠤ ᠵᠢ ᠪᠠᠲᠤᠯᠠᠬᠤ ᠬᠡᠷᠡᠭᠲᠡᠶ᠃ ᠠᠶᠤᠯᠭᠦᠢ ᠦᠢ᠍ᠯᠡᠳᠪᠦᠷᠢᠯᠡᠯ᠎ᠤᠨ ᠬᠥᠮᠦᠵᠢᠯ ᠪᠣᠯᠪᠠᠰᠤᠷᠠᠯ᠎ᠳᠤ ᠬᠢᠷᠢ ᠲᠡᠩᠴᠡᠭᠰᠡᠨ ᠤᠢ᠍ᠭᠡᠢ ᠬᠥᠮᠦᠨ᠎ᠢ ᠠᠵᠢᠯ᠎ᠤᠨ ᠪᠠᠶ᠋ᠢᠷᠢ᠎ᠳᠤ ᠭᠠᠷᠭ᠋ᠠᠵᠤ ᠠᠵᠢᠯᠯᠠᠭᠤᠯᠵᠤ ᠪᠣᠯᠬᠤ ᠤᠢ᠍ᠭᠡᠢ᠃ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠬᠥᠳᠡᠯᠮᠦᠷᠢ ᠦᠢ᠍ᠯᠡᠴᠢᠯᠡᠭᠡ ᠲᠣᠮᠢᠯᠠᠬᠤ ᠬᠡᠯᠪᠡᠷᠢ᠎ᠪᠠᠷ ᠠᠵᠢᠯᠴᠢᠨ ᠬᠡᠷᠡᠭᠯᠡᠬᠦ᠎ᠳᠤ ᠬᠦᠷᠪᠡᠯ᠂ ᠬᠥᠳᠡᠯᠮᠦᠷᠢ ᠦᠢ᠍ᠯᠡᠴᠢᠯᠡᠭᠡ ᠲᠣᠮᠢᠯᠠᠬᠤ ᠬᠥᠮᠦᠰ᠎ᠢ ᠲᠤᠰ ᠨᠢᠭᠡᠴᠢ ᠵᠢᠨ ᠵᠶ᠋ᠠᠨ ᠠᠵᠢᠯᠯᠠᠵᠤ ᠪᠠᠶ᠋ᠢᠭ᠎ᠠ ᠬᠥᠮᠦᠰ᠎ᠲᠡᠭᠡᠨ ᠣᠷᠣᠭᠤᠯᠤᠨ ᠨᠢᠭᠡᠳᠦᠯᠲᠡᠢ ᠠᠶᠤᠯᠭᠦᠢ ᠵᠢᠨ ᠬᠠᠮᠢᠶᠠᠷᠤᠯᠲᠠ ᠶᠠᠪᠤᠭᠤᠯᠬᠤ ᠬᠡᠷᠡᠭᠲᠡᠢ᠃ ᠤᠰᠦᠠ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠨ ᠣᠨᠴᠠ ᠲᠤᠢ᠍ᠷᠦᠯ᠎ᠤᠨ ᠠᠵᠢᠯ ᠬᠢᠭᠰᠡᠳ ᠪᠠ ᠣᠨᠴᠠ ᠲᠤᠢ᠍ᠷᠦᠯ᠎ᠤᠨ ᠲᠤᠨᠦᠬ ᠲᠥᠬᠥᠭᠡᠷᠦᠮᠵᠢ ᠵᠢᠨ ᠠᠵᠢᠯ ᠬᠢᠭᠰᠡᠳ ᠡᠷᠬᠡᠪᠰᠢ ᠵᠣᠬᠢᠴᠠᠩᠭᠤᠢ ᠬᠢᠷᠢ ᠬᠡᠮ ᠣᠯᠪᠠᠯ ᠰᠠᠶᠢ ᠠᠵᠢᠯ᠎ᠤᠨ ᠪᠠᠶ᠋ᠢᠷᠢ᠎ᠳᠤ ᠭᠠᠷᠴᠤ ᠠᠵᠢᠯᠯᠠᠵᠤ ᠪᠣᠯᠤᠨ᠎ᠠ᠃ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠣᠣᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠣᠯᠤᠨ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠲᠤᠰᠬᠠᠶ ᠲᠤᠰᠢᠶᠠᠯ᠎ᠲᠠᠢ ᠠᠵᠢᠯᠲᠠᠨ᠎ᠨᠢ ᠤᠰᠤᠨ ᠠᠰᠢᠭᠯᠠᠯᠲᠠ ᠵᠢᠨ ᠶᠠᠮᠤᠨ ᠪᠤᠶᠤ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠶᠤᠯᠭᠦᠢ ᠦᠢ᠍ᠯᠡᠳᠪᠦᠷᠢᠯᠡᠯ᠎ᠤᠨ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠪᠠᠶ᠋ᠢᠬᠤ ᠬᠡᠷᠡᠭᠲᠡᠶ᠃

   ᠠᠷᠪᠠᠨ ᠵᠢᠷᠭᠤᠳᠤᠭ᠋ᠠᠷ ᠵᠤᠷᠪᠤᠰ  ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠨᠦᠭᠦᠳ ᠠᠶᠤᠯᠭᠦᠢ ᠦᠢ᠍ᠯᠡᠳᠪᠦᠷᠢᠯᠡᠯ᠎ᠤᠨ ᠠᠮᠠᠯᠠᠯᠲᠠ ᠵᠢᠨ ᠳᠦᠷᠢᠮ᠎ᠢ ᠪᠠᠶ᠋ᠢᠭᠤᠯᠵᠤ᠂ ᠭᠣᠣᠯ ᠬᠠᠷᠢᠭᠤᠴᠠᠯᠭ᠋ᠠᠲᠠᠨ (ᠪᠣᠳᠠᠲᠠᠶ ᠡᠵᠡᠮᠳᠡᠭᠴᠢ)᠎ᠠᠴᠠ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠭᠦᠢ᠍ᠴᠡᠳᠬᠡᠬᠦ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠠᠵᠢᠯᠯᠠᠬᠤ ᠳᠦᠷᠢᠮ᠎ᠢ ᠬᠡᠷᠡᠭᠵᠢᠭᠦᠯᠬᠦ᠂ ᠡᠯ᠎ᠡ ᠵᠦᠢ᠍ᠯ᠎ᠤᠨ ᠠᠶᠤᠯᠭᠦᠢ ᠵᠢᠨ ᠬᠠᠮᠢᠶᠠᠷᠤᠯᠲᠠ ᠵᠢᠨ ᠳᠦᠷᠢᠮ᠎ᠢ ᠨᠠᠶ᠋ᠢᠳᠠᠪᠤᠷᠢᠵᠢᠭᠤᠯᠬᠤ ᠵᠡᠷᠭᠡ᠎ᠳᠤ ᠵᠢᠯ ᠪᠦᠷᠢ ᠨᠡᠶ᠋ᠢᠭᠡᠮ ᠪᠣᠯᠤᠨ ᠠᠵᠢᠯᠲᠠᠨ ᠠᠵᠢᠯᠴᠢᠨ᠎ᠳᠤ ᠢᠯᠡ᠎ᠪᠠᠷ ᠠᠮᠠᠯᠠᠯᠲᠠ ᠬᠢᠬᠦ ᠬᠡᠷᠡᠭᠲᠡᠶ᠃

   ᠠᠷᠪᠠᠨ ᠳᠣᠯᠣᠳᠤᠭ᠋ᠠᠷ ᠵᠤᠷᠪᠤᠰ  ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠨᠦᠭᠦᠳ ᠠᠶᠤᠯᠭᠦᠢ ᠦᠢ᠍ᠯᠡᠳᠪᠦᠷᠢᠯᠡᠯ᠎ᠤᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ᠎ᠪᠠᠨ ᠴᠢᠩᠭ᠋ᠠᠳᠬᠠᠨ᠂ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲᠸᠮ᠎ᠢ ᠬᠡᠷᠡᠭᠯᠡᠵᠦ᠂ ᠮᠡᠳᠡᠭᠡ ᠵᠠᠩᠭᠢ ᠵᠢᠨ ᠮᠡᠷᠭᠡᠵᠢᠯ᠎ᠤᠨ ᠠᠷᠭ᠎ᠠ ᠪᠠᠷᠢᠯ᠎ᠢ ᠳᠡᠯᠭᠡᠷᠡᠭᠦᠯᠦᠨ ᠬᠡᠷᠡᠭᠯᠡᠵᠦ᠂ ᠠᠶᠤᠯᠭᠦᠢ ᠦᠢ᠍ᠯᠡᠳᠪᠦᠷᠢᠯᠡᠯ᠎ᠢ ᠪᠠᠲᠤᠯᠠᠬᠤ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠶ᠃

   ᠠᠷᠪᠠᠨ ᠨᠠᠢ᠍ᠮᠠᠳᠤᠭ᠋ᠠᠷ ᠵᠤᠷᠪᠤᠰ  ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠨᠦᠭᠦᠳ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠳᠤ ᠬᠠᠤᠯᠢ ᠶᠣᠰᠣᠭ᠋ᠠᠷ ᠣᠷᠣᠯᠴᠠᠵᠤ᠂ ᠠᠵᠢᠯᠯᠠᠭᠰᠠᠳ᠎ᠲᠤ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠬᠡᠷᠡᠭᠲᠡᠶ᠃ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠪᠠᠷᠢᠬᠤ ᠠᠵᠤ ᠠᠬᠤᠶ᠋ᠢᠯᠠᠯ᠎ᠨᠢ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠲᠦᠷᠢᠮ᠎ᠢ ᠨᠠᠶ᠋ᠢᠳᠠᠪᠤᠷᠢᠵᠢᠭᠤᠯᠵᠤ᠂ ᠪᠠᠷᠢᠯᠭ᠎ᠠ᠎ᠪᠠᠷ ᠨᠢᠭᠡᠴᠢ ᠪᠣᠯᠭ᠋ᠠᠨ ᠲᠥᠷᠥᠯ ᠵᠦᠢ᠍ᠯ᠎ᠤᠨ ᠪᠠᠷᠢᠯᠭ᠎ᠠ ᠪᠠᠷᠢᠵᠤ ᠪᠠᠶ᠋ᠢᠭ᠎ᠠ ᠭᠠᠵᠠᠷ᠎ᠲᠤ ᠳᠠᠭ᠋ᠠᠳᠬᠠᠭᠤᠯᠬᠤ ᠬᠡᠷᠡᠭᠲᠡᠶ᠃

   ᠠᠷᠪᠠ ᠶᠢᠰᠦᠳᠦᠭᠡᠷ ᠵᠤᠷᠪᠤᠰ  ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠂ ᠦᠢ᠍ᠯᠡᠳᠪᠦᠷᠢᠯᠡᠯ ᠡᠵᠡᠩᠨᠡᠯᠲᠡ ᠵᠢᠨ ᠲᠥᠷᠥᠯ       ᠵᠦᠢ᠍ᠯ᠂ ᠭᠠᠵᠠᠷ ᠲᠠᠯᠠᠪᠤᠷ ᠵᠡᠷᠭᠡ ᠵᠢ ᠪᠤᠰᠤᠳ ᠨᠢᠭᠡᠴᠢ᠎ᠳᠤ ᠳᠠᠭ᠋ᠠᠭ᠋ᠠᠴᠢᠯᠠᠭᠤᠯᠤᠭᠰᠠᠨ ᠪᠤᠶᠤ ᠲᠦᠷᠢᠶᠡᠰᠦᠯᠡᠭᠦᠯᠦᠭᠰᠡᠨ᠂ ᠡᠰᠡᠬᠦᠯ᠎ᠡ ᠬᠣᠶᠠᠷ᠎ᠠᠴᠠ ᠳᠡᠭᠡᠭᠰᠢᠬᠢ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠠᠳᠠᠯᠢ ᠨᠢᠭᠡᠨ ᠠᠵᠢᠯ᠎ᠤᠨ ᠣᠷᠣᠨ᠎ᠤ ᠳᠣᠲᠣᠷ᠎ᠠ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠬᠢᠬᠦ᠎ᠳᠤ ᠨᠥᠭᠥᠭᠡ ᠡᠲᠡᠭᠡᠳ᠎ᠤᠨ ᠵᠶ᠋ᠠᠨ ᠦᠢ᠍ᠯᠡᠳᠪᠦᠷᠢᠯᠡᠯ᠎ᠤᠨ ᠠᠶᠤᠯᠭᠦᠢ ᠵᠢ ᠰᠦᠷᠳᠡᠭᠦᠯᠵᠦ ᠮᠡᠳᠡᠪᠡᠯ᠂ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠲᠤᠰᠬᠠᠶ ᠵᠥᠪᠯᠡᠯᠴᠡᠭᠡᠷ ᠲᠣᠭᠲᠠᠬᠤ ᠪᠤᠶᠤ ᠭᠡᠷ᠎ᠡ᠎ᠳᠡᠭᠡᠨ ᠲᠤᠰ ᠲᠤᠰ᠎ᠤᠨ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠪᠣᠯᠵᠣᠨ ᠲᠣᠭᠲᠠᠬᠤ ᠬᠡᠷᠡᠭᠲᠡᠶ᠃

   ᠭᠤᠷᠪᠠᠳᠤᠭ᠋ᠠᠷ ᠪᠦᠯᠦᠭ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠳᠤ ᠬᠢᠨᠠᠯᠲᠠ ᠲᠠᠯᠪᠢᠵᠤ ᠬᠠᠮᠢᠶᠠᠷᠬᠤ

   ᠬᠣᠷᠢᠳᠤᠭ᠋ᠠᠷ  ᠵᠤᠷᠪᠤᠰ   ᠪᠦᠬᠦ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠶᠤᠯᠭᠦᠢ ᠦᠢ᠍ᠯᠡᠳᠪᠦᠷᠢᠯᠡᠯ᠎ᠤᠨ ᠺᠣᠮᠢᠰ (ᠤᠳᠤᠷᠢᠳᠬᠤ ᠳᠤᠭᠤᠶ᠋ᠢᠯᠠᠩ)᠎ᠨᠢ ᠳᠡᠭᠡᠳᠦ ᠱᠠᠲᠤᠨ᠎ᠤ ᠠᠶᠤᠯᠭᠦᠢ ᠦᠢ᠍ᠯᠡᠳᠪᠦᠷᠢᠯᠡᠯ᠎ᠤᠨ ᠬᠣᠯᠪᠣᠭᠳᠠᠯ ᠪᠦᠬᠦᠢ ᠰᠢᠢ᠍ᠳᠪᠦᠷᠢᠲᠦ ᠪᠣᠳᠣᠯᠭ᠎ᠠ ᠵᠢᠨ ᠱᠠᠭ᠋ᠠᠷᠳᠠᠯᠭ᠎ᠠ ᠵᠢ ᠪᠠᠶ᠋ᠢᠷᠢᠯᠠᠭᠤᠯᠤᠨ ᠨᠠᠶ᠋ᠢᠳᠠᠪᠤᠷᠢᠵᠢᠭᠤᠯᠵᠤ᠂ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠴᠢᠬᠤᠯᠠ ᠶᠡᠬᠡ ᠲᠥᠷᠥ ᠵᠢᠨ ᠪᠣᠳᠣᠯᠭ᠎ᠠ ᠵᠢ ᠰᠤᠳᠤᠯᠤᠨ ᠳᠤᠷᠠᠳᠴᠤ᠂ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠤᠨ ᠳᠤᠮᠳᠠᠬᠢ ᠴᠢᠬᠤᠯᠠ ᠶᠡᠬᠡ ᠠᠰᠠᠭᠤᠳᠠᠯ ᠪᠣᠯᠤᠨ ᠵᠦᠢ᠍ᠯᠡᠰ᠎ᠢ ᠵᠣᠬᠢᠴᠠᠭᠤᠯᠤᠨ ᠰᠢᠢ᠍ᠳᠪᠦᠷᠢᠯᠡᠵᠦ᠂ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠭᠣᠣᠯᠳᠠᠯᠭ᠎ᠠ᠎ᠲᠠᠢ ᠠᠵᠢᠯ᠎ᠢ ᠰᠢᠮᠳᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠶ᠃

   ᠬᠣᠷᠢᠨ ᠨᠢᠭᠡᠳᠦᠭᠡᠷ ᠵᠤᠷᠪᠤᠰ   ᠪᠦᠬᠦ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ ᠪᠣᠯ ᠲᠤᠰ ᠨᠢᠭᠡᠴᠢ ᠵᠢᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠤᠨ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠣᠯᠬᠤ ᠪᠥᠭᠡᠳ ᠪᠦᠬᠦ ᠲᠠᠯ᠎ᠠ ᠵᠢᠨ ᠤᠳᠤᠷᠢᠳᠬᠤ ᠬᠠᠷᠢᠭᠤᠴᠠᠯᠭ᠎ᠠ ᠵᠢ ᠡᠭᠦᠷᠭᠡᠯᠡᠵᠦ᠂ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠬᠤᠪᠢᠳᠠᠨ ᠬᠠᠮᠢᠶᠠᠷᠴᠤ ᠪᠠᠶ᠋ᠢᠭ᠎ᠠ ᠬᠠᠷᠢᠭᠤᠴᠠᠯᠭ᠋ᠠᠲᠠᠨ ᠶᠡᠷᠦᠩᠬᠡᠶ᠋ᠢᠯᠡᠭᠰᠡᠨ ᠬᠢᠨᠠᠨ ᠬᠠᠮᠢᠶᠠᠷᠬᠤ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠪᠤᠰᠤᠳ ᠬᠠᠷᠢᠭᠤᠴᠠᠯᠭ᠋ᠠᠲᠠᠨ ᠬᠤᠪᠢᠳᠠᠨ ᠬᠠᠮᠢᠶᠠᠷᠴᠤ ᠪᠦᠬᠦᠢ ᠬᠡᠪᠴᠢᠶᠡᠨ ᠳᠣᠲᠣᠷᠠᠬᠢ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠳᠤ ᠲᠤᠰᠬᠠᠶ ᠬᠢᠨᠠᠨ ᠬᠠᠮᠢᠶᠠᠷᠬᠤ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃

   ᠬᠣᠷᠢᠨ ᠬᠣᠶᠠᠳᠤᠭ᠋ᠠᠷ ᠵᠤᠷᠪᠤᠰ   ᠪᠦᠬᠦ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠶᠤᠯᠭᠦᠢ ᠦᠢ᠍ᠯᠡᠳᠪᠦᠷᠢᠯᠡᠯ᠎ᠤᠨ ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠠᠵᠢᠯ᠎ᠤᠨ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠲᠤᠰ ᠱᠠᠲᠤᠨ᠎ᠤ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠳᠦᠷᠢᠮ ᠲᠣᠭᠲᠠᠭ᠋ᠠᠯ᠎ᠢ ᠵᠣᠬᠢᠶᠠᠨ ᠪᠠᠶ᠋ᠢᠭᠤᠯᠤᠨ ᠪᠦᠷᠢᠨᠰᠢᠭᠦᠯᠬᠦ ᠵᠢ ᠬᠠᠷᠢᠭᠤᠴᠠᠵᠤ᠂ ᠠᠶᠤᠯᠭᠦᠢ   ᠦᠢ᠍ᠯᠡᠳᠪᠦᠷᠢᠯᠡᠯ᠎ᠤᠨ ᠲᠦᠭᠰᠢᠭᠦᠷᠢ ᠵᠢ ᠦᠨᠡᠯᠡᠨ ᠵᠢᠱ᠌ᠢᠬᠦ᠂ ᠬᠢᠨᠠᠯᠲᠠ ᠲᠠᠯᠪᠢᠵᠤ ᠪᠠᠶ᠋ᠢᠴᠠᠭ᠋ᠠᠬᠤ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ᠂ ᠪᠦᠷᠢᠳᠬᠡᠨ ᠵᠠᠳᠠᠯᠬᠤ᠂ ᠤᠬᠠᠭᠤᠯᠤᠨ ᠬᠥᠮᠦᠵᠢᠭᠦᠯᠬᠦ ᠪᠤᠯᠪᠠᠰᠤᠷᠠᠯ ᠵᠡᠷᠭᠡ ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠥᠷᠨᠢᠭᠦᠯᠦᠨ᠎ᠡ᠃

   ᠬᠣᠷᠢᠨ ᠭᠤᠷᠪᠠᠳᠤᠭ᠋ᠠᠷ ᠵᠤᠷᠪᠤᠰ   ᠪᠥᠬᠥ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠶᠤᠯᠭᠦᠢ ᠦᠢ᠍ᠯᠡᠳᠪᠦᠷᠢᠯᠡᠯ᠎ᠤᠨ ᠲᠤᠰᠬᠠᠢ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠠᠵᠢᠯ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠲᠤᠰ ᠲᠤᠰᠬᠠᠢ ᠮᠡᠷᠭᠡᠵᠢᠯ᠎ᠤᠨ ᠬᠦᠷᠢᠶᠡᠨ᠎ᠤ᠎ᠪᠠᠨ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠳᠤ ᠬᠢᠨᠠᠯᠲᠠ ᠲᠠᠯᠪᠢᠵᠤ ᠬᠠᠮᠢᠶᠠᠷᠤᠨ᠂ ᠲᠤᠰ ᠲᠤᠰᠬᠠᠢ ᠮᠡᠷᠭᠡᠵᠢᠯ᠎ᠤᠨ ᠬᠦᠷᠢᠶᠡᠨ᠎ᠤ ᠬᠣᠯᠪᠣᠭᠳᠠᠯ ᠪᠥᠬᠥᠢ ᠲᠥᠷᠢᠮ ᠪᠣᠯᠤᠨ ᠮᠡᠷᠭᠡᠵᠢᠯ᠎ᠤᠨ ᠪᠠᠷᠢᠮᠵᠢᠶ᠎ᠠ ᠵᠢ ᠪᠥᠷᠢᠨᠰᠢᠬᠥᠯᠥᠨ ᠨᠠᠶ᠋ᠢᠳᠠᠪᠤᠷᠢᠵᠢᠭᠤᠯᠵᠤ᠂ ᠲᠤᠰ ᠲᠤᠰᠬᠠᠢ ᠮᠡᠷᠭᠡᠵᠢᠯ᠎ᠤᠨ ᠬᠦᠷᠢᠶᠡᠨ᠎ᠤ᠎ᠪᠠᠨ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠨ ᠠᠶᠤᠯᠭᠦᠢ ᠦᠢ᠍ᠯᠡᠳᠪᠦᠷᠢᠯᠡᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠬᠤ ᠵᠢ ᠬᠢᠨᠠᠨ ᠵᠢᠯᠣᠭᠣᠳᠬᠤ ᠬᠡᠷᠡᠭᠲᠡᠢ᠃

   ᠬᠣᠷᠢᠨ ᠳᠥᠷᠪᠡᠳᠦᠭᠡᠷ ᠵᠤᠷᠪᠤᠰ   ᠪᠥᠬᠥ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠶᠤᠯᠭᠦᠢ   ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠵᠦ᠂ ᠠᠶᠤᠯᠭᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠨ ᠪᠥᠬᠥ ᠠᠵᠢᠯᠲᠠᠨ᠎ᠤ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠬᠤ᠎ᠳᠤ ᠬᠢᠨᠠᠯᠲᠠ ᠲᠠᠯᠪᠢᠬᠤ ᠪᠠ ᠵᠢᠯᠣᠭᠣᠳᠬᠤ ᠬᠡᠷᠡᠭᠲᠡᠶ᠃

   ᠬᠣᠷᠢᠨ ᠲᠠᠪᠤᠳᠤᠭ᠋ᠠᠷ ᠵᠤᠷᠪᠤᠰ   ᠪᠦᠬᠦ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠠᠶᠤᠯᠭᠦᠢ ᠦᠢ᠍ᠯᠡᠳᠪᠦᠷᠢᠯᠡᠯ᠎ᠤᠨ ᠲᠦᠭᠰᠢᠭᠦᠷᠢ ᠵᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠰᠢᠰᠲᠸᠮᠵᠢ ᠵᠢ ᠪᠠᠶ᠋ᠢᠭᠤᠯᠤᠨ ᠪᠦᠷᠢᠨᠰᠢᠭᠦᠯᠵᠦ᠂ ᠠᠶᠤᠯᠭᠦᠢ ᠵᠢᠨ ᠲᠦᠭᠰᠢᠭᠦᠷᠢ ᠵᠢᠨ ᠳ᠋ᠡᠢ᠌ᠲ᠋ᠠ   ᠬᠦᠮᠦᠷᠭᠡ ᠵᠢ ᠪᠠᠶ᠋ᠢᠭᠤᠯᠤᠨ᠂ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠵᠦ᠂ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ   ᠨᠢᠭᠡᠴᠢ ᠵᠢ ᠰᠢᠮᠳᠠᠭᠤᠯᠤᠨ ᠵᠢᠯᠣᠭᠣᠳᠴᠤ ᠪᠠᠶ᠋ᠢᠭ᠋ᠠᠳ ᠠᠶᠤᠯ᠎ᠤᠨ ᠡᠬᠢ ᠰᠤᠷᠪᠤᠯᠵᠢ ᠵᠢ ᠢᠯᠭ᠋ᠠᠨ ᠲᠠᠨᠢᠬᠤ ᠪᠠ ᠲᠦᠭᠰᠢᠭᠦᠷᠢ ᠵᠢᠨ ᠦᠨᠡᠯᠡᠯᠲᠡ ᠬᠢᠯᠭᠡᠵᠦ᠂ ᠬᠦᠨᠳᠦ ᠶᠡᠬᠡ ᠠᠶᠤᠯ᠎ᠤᠨ ᠡᠬᠢ ᠰᠤᠷᠪᠤᠯᠵᠢ ᠪᠠ ᠲᠦᠭᠰᠢᠭᠦᠷᠢ ᠵᠢᠨ ᠵᠡᠷᠭᠡ ᠳᠡᠰ᠎ᠢ ᠬᠦᠨᠳᠦ ᠶᠡᠬᠡ ᠡᠩ᠎ᠤᠨ ᠠᠶᠤᠯ᠎ᠤᠨ ᠡᠬᠢ ᠰᠤᠷᠪᠤᠯᠵᠢ ᠪᠣᠯᠭ᠋ᠠᠨ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠬᠤ ᠬᠡᠷᠡᠭᠲᠡᠶ᠃

   ᠬᠣᠷᠢᠨ ᠵᠢᠷᠭᠤᠳᠤᠭ᠋ᠠᠷ ᠵᠣᠷᠪᠤᠰ   ᠪᠦᠬᠦ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠰᠢᠰᠲᠸᠮᠵᠢ ᠵᠢ ᠪᠠᠶ᠋ᠢᠭᠤᠯᠤᠨ ᠪᠦᠷᠢᠨᠰᠢᠭᠦᠯᠵᠦ᠂ ᠬᠠᠮᠢᠶ᠎ᠠ ᠪᠦᠬᠦᠢ ᠳᠦᠷᠢᠮ᠂ ᠪᠠᠷᠢᠮᠵᠢᠶ᠎ᠠ ᠵᠢ ᠲᠣᠭᠲᠠᠭ᠋ᠠᠨ ᠲᠡᠭᠦᠯᠳᠡᠷᠵᠢᠭᠦᠯᠵᠦ᠂ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠵᠢ ᠲᠤᠰ ᠬᠠᠷᠢᠶ᠎ᠠ ᠣᠷᠣᠨ (ᠨᠢᠭᠡᠴᠢ)᠎ᠤ᠎ᠪᠠᠨ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠳᠤ ᠬᠢᠨᠠᠯᠲᠠ ᠲᠠᠯᠪᠢᠵᠤ ᠬᠠᠮᠢᠶᠠᠷᠬᠤ ᠵᠢᠨ ᠴᠢᠬᠤᠯᠠ ᠠᠭᠤᠯᠭ᠎ᠠ ᠪᠣᠯᠭ᠋ᠠᠨ᠂ ᠰᠢᠮᠳᠠᠭᠤᠯᠤᠨ ᠵᠢᠯᠣᠭᠣᠳᠬᠤ ᠪᠠ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠳᠤ ᠡᠨᠳᠡᠯ᠎ᠤᠨ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠳᠦᠷᠢᠮ ᠪᠠᠶ᠋ᠢᠭᠤᠯᠤᠭᠰᠠᠨ ᠦᠭᠡᠶ᠂ ᠴᠠᠭ ᠲᠤᠬᠠᠶ᠎ᠳᠤᠨᠢ ᠵᠢᠭᠰᠠᠭ᠋ᠠᠨ ᠪᠠᠶ᠋ᠢᠴᠠᠭ᠋ᠠᠭᠰᠠᠨ ᠦᠭᠡᠶ ᠪᠥᠭᠡᠳ ᠠᠷᠭ᠎ᠠ ᠬᠡᠮᠵᠢᠶ᠎ᠡ ᠠᠪᠴᠤ ᠡᠨᠳᠡᠯ᠎ᠤᠨ ᠳᠠᠯᠳᠠ ᠭᠡᠮ᠎ᠢ ᠠᠷᠢᠯᠭ᠋ᠠᠭᠰᠠᠨ ᠦᠭᠡᠶ᠂ ᠡᠨᠳᠡᠯ᠎ᠤᠨ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠭᠰᠠᠨ ᠪᠠᠶ᠋ᠢᠳᠠᠯ ᠵᠶ᠋ᠠᠨ ᠦᠨᠡᠨ ᠪᠣᠳᠠᠲᠠᠶ᠎ᠪᠠᠷ ᠲᠡᠮᠳᠡᠭᠯᠡᠭᠰᠡᠨ ᠦᠭᠡᠶ ᠪᠤᠶᠤ ᠠᠵᠢᠯ ᠡᠷᠬᠢᠯᠡᠭᠰᠡᠳ᠎ᠲᠤ ᠮᠡᠳᠡᠭᠳᠡᠭᠰᠡᠨ ᠦᠭᠡᠶ ᠵᠡᠷᠭᠡ ᠦᠢ᠍ᠯᠡ ᠠᠵᠢᠯᠯᠠᠭ᠎ᠠ ᠵᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠪᠦᠬᠦ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠦᠨᠳᠦ ᠶᠡᠬᠡ ᠡᠨᠳᠡᠯ᠎ᠤᠨ ᠳᠠᠯᠳᠠ ᠭᠡᠮ᠎ᠢ ᠰᠢᠮᠳᠠᠭᠤᠯᠤᠨ ᠭᠦᠢ᠍ᠴᠡᠳᠬᠡᠯᠭᠡᠬᠦ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢ ᠰᠢᠮᠳᠠᠭᠤᠯᠤᠨ ᠵᠢᠯᠣᠭᠣᠳᠴᠤ ᠪᠠᠶ᠋ᠢᠭ᠋ᠠᠳ ᠬᠦᠨᠳᠦ ᠶᠡᠬᠡ ᠡᠨᠳᠡᠯ᠎ᠤᠨ ᠳᠠᠯᠳᠠ ᠭᠡᠮ᠎ᠢ ᠴᠠᠭ ᠲᠤᠬᠠᠶ᠎ᠳᠤᠨᠢ ᠠᠷᠢᠯᠭ᠋ᠠᠬᠤ ᠬᠡᠷᠡᠭᠲᠡᠶ᠃

   ᠬᠣᠷᠢᠨ ᠳᠣᠯᠣᠳᠤᠭ᠋ᠠᠷ  ᠵᠤᠷᠪᠤᠰ   ᠪᠥᠬᠥ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠰᠢᠰᠲᠸᠮᠵᠢ ᠵᠢ ᠪᠠᠶ᠋ᠢᠭᠤᠯᠤᠨ ᠪᠥᠷᠢᠨᠰᠢᠬᠥᠯᠵᠤ᠂ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠨ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠪᠥᠳᠥᠭᠡᠨ ᠪᠠᠶ᠋ᠢᠭᠤᠯᠤᠯᠲᠠ ᠥᠷᠨᠢᠭᠦᠯᠬᠦ᠎ᠲᠤ ᠬᠢᠨᠠᠯᠲᠠ ᠲᠠᠯᠪᠢᠨ ᠵᠢᠯᠣᠭᠣᠳᠴᠤ᠂ ᠬᠢᠨᠠᠨ ᠲᠣᠭᠲᠠᠭ᠋ᠠᠬᠤ ᠡᠷᠬᠡ ᠮᠡᠳᠡᠯ ᠎ᠤᠨ ᠶᠣᠰᠣᠭ᠋ᠠᠷ ᠪᠠᠷᠢᠮᠵᠢᠶᠠᠵᠢᠭᠤᠯᠬᠤ ᠲᠡᠰ᠎ᠢ ᠬᠢᠨᠠᠨ ᠲᠣᠭᠲᠠᠭ᠋ᠠᠬᠤ ᠵᠢ ᠥᠷᠨᠢᠭᠦᠯᠦᠨ᠂ ᠬᠥᠳᠡᠯᠦᠩᠭᠦᠢ ᠬᠢᠨᠠᠨ ᠬᠠᠮᠢᠶᠠᠷᠬᠤ ᠪᠠ ᠮᠡᠳᠡᠭᠡ ᠵᠠᠩᠭᠢ ᠵᠢ ᠬᠠᠮᠲᠤᠪᠠᠷ ᠡᠳ᠋ᠯᠡᠬᠦ ᠵᠢ ᠬᠡᠷᠡᠭᠵᠢᠭᠦᠯᠵᠦ᠂ ᠬᠣᠯᠪᠣᠭᠳᠠᠯ ᠪᠥᠬᠥᠢ ᠤᠷᠮᠠᠰᠢᠭᠤᠯᠬᠤ ᠪᠠ ᠵᠠᠯᠬᠠᠭ᠋ᠠᠨ ᠴᠡᠭᠡᠷᠯᠡᠭᠦᠯᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠲᠡᠰ᠎ᠢ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ᠂ ᠠᠵᠢᠯ ᠲᠥᠷᠥᠯ᠎ᠢ ᠰᠠᠶ᠋ᠢᠰᠢᠶᠠᠨ ᠬᠥᠬᠢᠭᠦᠯᠬᠦ᠂ ᠠᠵᠢᠯ᠎ᠤᠨ ᠠᠮᠵᠢᠯᠲᠠ ᠵᠢ ᠬᠢᠨᠠᠨ ᠰᠢᠯᠭ᠋ᠠᠬᠤ᠂ ᠢᠲᠡᠭᠡᠮᠵᠢ ᠵᠢ ᠦᠨᠡᠯᠡᠬᠦ ᠵᠡᠷᠭᠡ ᠬᠣᠯᠪᠣᠭᠳᠠᠯ ᠪᠥᠬᠥᠢ ᠠᠵᠢᠯ᠎ᠤᠨ ᠴᠢᠬᠤᠯᠠ ᠯᠠᠪᠯᠠᠬᠤ ᠦᠨᠳᠦᠰᠦᠯᠡᠯ ᠪᠣᠯᠭ᠋ᠠᠵᠤ᠂ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠭᠰᠠᠨ ᠦᠷ᠎ᠡ ᠪᠦᠲᠦᠭᠡᠯ᠃

   ᠬᠣᠷᠢᠨ ᠨᠠᠢ᠍ᠮᠠᠳᠤᠭ᠋ᠠᠷ ᠵᠤᠷᠪᠤᠰ   ᠪᠦᠬᠦ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠰᠢᠰᠲᠸᠮᠵᠢ ᠵᠢ ᠪᠠᠶ᠋ᠢᠭᠤᠯᠤᠨ ᠪᠦᠷᠢᠨᠰᠢᠭᠦᠯᠵᠦ᠂ ᠲᠤᠰ ᠬᠠᠷᠢᠶ᠎ᠠ ᠣᠷᠣᠨ (ᠨᠢᠭᠡᠴᠢ)᠎ᠤ᠎ᠪᠠᠨ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ᠎ᠤᠨ ᠠᠶᠤᠯᠭᠦᠢ ᠵᠢᠨ ᠡᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠲᠣᠭᠲᠠᠭ᠋ᠠᠨ᠂ ᠪᠠᠴᠢᠮ ᠪᠠᠶ᠋ᠢᠳᠠᠯ᠎ᠢ ᠠᠷᠭ᠋ᠠᠴᠠᠬᠤ ᠵᠢᠵᠢᠭᠦᠷ᠎ᠤᠨ ᠳᠦᠷᠢᠮ ᠪᠠᠶ᠋ᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠵᠢᠵᠢᠭᠦᠷ ᠲᠣᠬᠢᠷᠠᠭᠤᠯᠵᠤ᠂ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠠᠵᠢᠯ᠎ᠳᠤ ᠬᠢᠨᠠᠯᠲᠠ ᠲᠠᠯᠪᠢᠨ ᠵᠢᠯᠣᠭᠣᠳᠬᠤ ᠬᠡᠷᠡᠭᠲᠡᠶ᠃

   ᠬᠣᠷᠢ ᠶᠢᠰᠦᠳᠦᠭᠡᠷ ᠵᠤᠷᠪᠤᠰ   ᠪᠦᠬᠦ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠠᠶᠤᠯᠭᠦᠢ ᠦᠢ᠍ᠯᠡᠳᠪᠦᠷᠢᠯᠡᠯ᠎ᠤᠨ ᠲᠦᠭᠰᠢᠭᠦᠷᠢ ᠵᠢᠨ ᠦᠨᠡᠯᠡᠨ ᠵᠢᠱ᠌ᠢᠯᠲᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠬᠢᠵᠦ᠂ ᠠᠶᠤᠯ᠎ᠤᠨ ᠡᠬᠢ ᠰᠤᠷᠪᠤᠯᠵᠢ᠂ ᠳᠠᠯᠳᠠ ᠭᠡᠮ᠂ ᠡᠨᠳᠡᠯ ᠵᠡᠷᠭᠡ ᠠᠶᠤᠯᠭᠦᠢ ᠦᠢ᠍ᠯᠡᠳᠪᠦᠷᠢᠯᠡᠯ᠎ᠤᠨ ᠬᠠᠮᠢᠶ᠎ᠠ ᠪᠦᠬᠦᠢ ᠮᠡᠳᠡᠭᠡ ᠵᠠᠩᠭᠢ ᠵᠢ ᠬᠤᠷᠢᠶᠠᠩᠭᠤᠶ᠋ᠢᠯᠠᠨ ᠵᠠᠳᠠᠯᠵᠤ᠂ ᠠᠶᠤᠯᠭᠦᠢ ᠦᠢ᠍ᠯᠡᠳᠪᠦᠷᠢᠯᠡᠯ᠎ᠤᠨ ᠪᠠᠶ᠋ᠢᠳᠠᠯ᠎ᠤᠨ ᠦᠨᠡᠯᠡᠨ ᠵᠢᠱ᠌ᠢᠯᠲᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠬᠦ ᠵᠢᠨ ᠬᠠᠮᠲᠤ ᠦᠷ᠎ᠡ   ᠳ᠋ᠦᠩ᠎ᠢ ᠨᠡᠶ᠋ᠢᠲᠡᠯᠡᠨ ᠰᠡᠷᠡᠮᠵᠢᠯᠡᠭᠦᠯᠵᠦ᠂ ᠲᠦᠭᠰᠢᠭᠦᠷᠢ ᠵᠢᠨ ᠪᠠᠶ᠋ᠢᠳᠠᠯ᠎ᠢ ᠦᠨᠳᠦᠰᠦᠯᠡᠨ ᠬᠢᠨᠠᠯᠲᠠ ᠬᠠᠮᠢᠶᠠᠷᠤᠯᠲᠠ ᠵᠢᠨ ᠬᠡᠪᠴᠢᠶᠡᠨ ᠳᠣᠲᠣᠷᠠᠬᠢ ᠬᠦᠨᠳᠦ ᠶᠡᠬᠡ ᠡᠨᠳᠡᠯ᠎ᠤᠨ ᠳᠠᠯᠳᠠ ᠭᠡᠮ᠂ ᠬᠦᠨᠳᠦ ᠶᠡᠬᠡ ᠠᠶᠤᠯᠭᠦᠢ ᠵᠢᠨ ᠲᠦᠭᠰᠢᠭᠦᠷᠢ᠂ ᠡᠨᠳᠡᠯ ᠣᠯᠠᠨᠲᠠ ᠭᠠᠷᠳᠠᠭ ᠭᠠᠵᠠᠷ ᠣᠷᠣᠨ ᠪᠣᠯᠤᠨ ᠨᠢᠭᠡᠴᠢ᠎ᠳᠤ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠠᠨ ᠨᠡᠮᠡᠭᠳᠡᠭᠦᠯᠬᠦ ᠬᠡᠷᠡᠭᠲᠡᠶ᠃

   ᠭᠤᠴᠢᠳᠤᠭ᠋ᠠᠷ ᠵᠤᠷᠪᠤᠰ   ᠪᠦᠬᠦ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠠᠶᠤᠯᠭᠦᠢ ᠦᠢ᠍ᠯᠡᠳᠪᠦᠷᠢᠯᠡᠯ᠎ᠤᠨ ᠣᠨ᠎ᠤ ᠬᠢᠨᠠᠯᠲᠠ ᠲᠠᠯᠪᠢᠵᠤ ᠪᠠᠶ᠋ᠢᠴᠠᠭ᠋ᠠᠬᠤ ᠲᠥᠯᠥᠪᠯᠡᠭᠡ ᠲᠣᠭᠲᠠᠭ᠋ᠠᠵᠤ᠂ ᠶᠡᠷᠦᠩᠬᠡᠶ᠋ᠢᠯᠡᠨ ᠬᠢᠨᠠᠨ ᠬᠠᠮᠢᠶᠠᠷᠬᠤ ᠪᠠ ᠲᠤᠰᠬᠠᠶ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠥᠷᠨᠢᠭᠦᠯᠦᠨ᠂ ᠣᠯᠵᠤ ᠮᠡᠳᠡᠭᠰᠡᠨ ᠠᠰᠠᠭᠤᠳᠠᠯ᠎ᠳᠤ ᠬᠣᠯᠪᠣᠭᠳᠠᠯ ᠪᠦᠬᠦᠢ ᠬᠠᠷᠢᠭᠤᠴᠠᠯᠭ᠋ᠠᠲᠤ ᠨᠢᠭᠡᠴᠢ ᠵᠢ ᠰᠢᠮᠳᠠᠭᠤᠯᠵᠤ ᠪᠠᠶ᠋ᠢᠭ᠋ᠠᠳ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠬᠦᠨᠳᠦ ᠶᠡᠬᠡ ᠡᠨᠳᠡᠯ᠎ᠤᠨ ᠳᠠᠯᠳᠠ ᠭᠡᠮ᠂ ᠡᠨᠳᠡᠯ ᠣᠯᠠᠨ ᠭᠠᠷᠳᠠᠭ ᠭᠠᠵᠠᠷ ᠣᠷᠣᠨ ᠪᠣᠯᠤᠨ ᠨᠢᠭᠡᠴᠢ᠎ᠳᠤ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠵᠢ ᠬᠡᠷᠡᠭᠵᠢᠭᠦᠯᠬᠦ ᠬᠡᠷᠡᠭᠲᠡᠶ᠃ ᠬᠢᠨᠠᠯᠲᠠ ᠲᠠᠯᠪᠢᠵᠤ ᠪᠠᠶ᠋ᠢᠴᠠᠭ᠋ᠠᠭ᠋ᠠᠳ ᠣᠯᠵᠤ ᠮᠡᠳᠡᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠣᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ; ᠨᠠᠮ᠎ᠤᠨ ᠰᠠᠬᠢᠯᠭ᠎ᠠ ᠪᠠᠲᠤ ᠵᠠᠰᠠᠭ᠎ᠤᠨ ᠰᠠᠬᠢᠯᠭ᠎ᠠ ᠪᠠᠲᠤ ᠵᠢ ᠵᠥᠷᠢᠴᠡᠭᠰᠡᠨ ᠵᠶ᠋ᠠᠷ ᠰᠡᠵᠢᠭᠯᠡᠭᠳᠡᠭᠰᠡᠨ ᠦᠢ᠍ᠯᠡ ᠠᠵᠢᠯᠯᠠᠭ᠎ᠠ ᠵᠢ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠳᠤ ᠴᠠᠭ ᠲᠤᠬᠠᠢ᠎ᠳᠤᠨᠢ ᠠᠰᠠᠭᠤᠳᠠᠯ᠎ᠤᠨ ᠰᠦᠪᠡᠭᠴᠢ ᠵᠢ ᠰᠢᠯᠵᠢᠭᠦᠯᠦᠨ ᠬᠦᠷᠭᠡᠪᠡ; ᠬᠠᠤᠯᠢ᠎ᠠᠴᠠ ᠵᠥᠷᠢᠴᠡᠨ ᠶᠠᠯ᠎ᠠ ᠬᠢᠭᠰᠡᠨ ᠰᠡᠵᠢᠭᠯᠡᠯᠲᠡᠶ ᠦᠢ᠍ᠯᠡ ᠠᠵᠢᠯᠯᠠᠭ᠎ᠠ ᠵᠢ ᠬᠠᠤᠯᠢ ᠴᠠᠭ᠋ᠠᠵᠠ ᠵᠢᠨ ᠪᠠᠢ᠌ᠭᠤᠯᠭ᠎ᠠ᠎ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭ᠋ᠠᠷ ᠰᠢᠢ᠍ᠳᠪᠦᠷᠢᠯᠡᠭᠦᠯᠬᠦ ᠬᠡᠷᠡᠭᠲᠡᠶ᠃

   ᠭᠤᠴᠢᠨ ᠨᠢᠭᠡᠳᠦᠭᠡᠷ ᠵᠤᠷᠪᠤᠰ   ᠪᠦᠬᠦ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢ ᠬᠠᠤᠯᠢ ᠶᠣᠰᠣᠭ᠋ᠠᠷ ᠥᠷᠨᠢᠭᠦᠯᠵᠦ᠂ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠬᠠᠤᠯᠢ ᠬᠡᠷᠡᠭᠵᠢᠭᠦᠯᠬᠦ ᠵᠢ ᠲᠤᠰ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢᠨ ᠴᠢᠬᠤᠯᠠ ᠠᠭᠤᠯᠭ᠎ᠠ ᠪᠣᠯᠭ᠋ᠠᠵᠤ᠂ ᠬᠠᠤᠯᠢ ᠬᠡᠷᠡᠭᠵᠢᠭᠦᠯᠦᠭᠰᠡᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠶ᠃ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠬᠠᠤᠯᠢ ᠬᠡᠷᠡᠭᠵᠢᠭᠦᠯᠵᠦ ᠰᠢᠢ᠍ᠳᠭᠡᠨ ᠲᠣᠷᠭ᠋ᠠᠬᠤ ᠪᠠᠷᠢᠮᠵᠢᠶ᠎ᠠ ᠵᠢ ᠠᠶᠤᠯᠭᠦᠢ ᠦᠢ᠍ᠯᠡᠳᠪᠦᠷᠢᠯᠡᠯ᠎ᠤᠨ ᠵᠠᠰᠠᠭ ᠵᠠᠬᠢᠷᠭ᠋ᠠᠨ᠎ᠤ ᠰᠢᠢ᠍ᠳᠭᠡᠨ ᠲᠣᠷᠭ᠋ᠠᠬᠤ ᠬᠣᠯᠪᠣᠭᠳᠠᠯ ᠪᠦᠬᠦᠢ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠨ ᠬᠡᠷᠡᠭᠵᠢᠭᠦᠯᠵᠦ ᠪᠣᠯᠤᠨ᠎ᠠ᠂ ᠡᠰᠡᠬᠦᠯ᠎ᠡ ᠵᠠᠰᠠᠭ ᠵᠠᠬᠢᠷᠭ᠋ᠠᠨ᠎ᠤ ᠰᠢᠢ᠍ᠳᠭᠡᠨ ᠲᠣᠷᠭ᠋ᠠᠬᠤ ᠬᠣᠯᠪᠣᠭᠳᠠᠯ ᠪᠦᠬᠦᠢ ᠬᠠᠤᠯᠢ ᠲᠣᠭᠲᠠᠭ᠋ᠠᠯ ᠶᠣᠰᠣᠭ᠋ᠠᠷ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠲᠣᠭᠲᠠᠭ᠋ᠠᠨ᠎ᠠ᠃

   ᠭᠤᠴᠢᠨ ᠬᠣᠶᠠᠳᠤᠭ᠋ᠠᠷ ᠵᠤᠷᠪᠤᠰ  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠬᠢᠨᠠᠨ ᠰᠢᠯᠭ᠋ᠠᠬᠤ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨ᠋ᠸᠷᠢᠩ ᠵᠢᠨ ᠪᠠᠷᠢᠯᠭ᠎ᠠ ᠪᠠᠷᠢᠬᠤ ᠠᠵᠤ ᠠᠬᠤᠶ᠋ᠢᠯᠠᠯ᠎ᠤᠨ ᠭᠣᠣᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠣᠯᠤᠨ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠲᠤᠰᠬᠠᠢ ᠲᠤᠰᠢᠶᠠᠯᠳᠤ ᠠᠵᠢᠯᠳᠠᠨ᠎ᠤ ᠠᠶᠤᠯᠭᠦᠢ ᠦᠢ᠍ᠯᠡᠳᠪᠦᠷᠢᠯᠡᠯ ᠎ᠤᠨ ᠬᠢᠨᠠᠨ ᠰᠢᠯᠭ᠋ᠠᠬᠤ ᠬᠠᠮᠢᠶᠠᠷᠤᠯᠲᠠ ᠵᠢ ᠥᠷᠨᠢᠭᠦᠯᠵᠦ᠂ ᠬᠥᠳᠡᠯᠦᠩᠭᠦᠢ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠪᠦᠬᠦ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠬᠤ ᠬᠡᠷᠡᠭᠲᠡᠶ᠃

   ᠭᠤᠴᠢᠨ ᠭᠤᠷᠪᠠᠳᠤᠭ᠋ᠠᠷ ᠵᠤᠷᠪᠤᠰ   ᠪᠥᠬᠥ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰ ᠨᠢᠭᠡᠴᠢ ᠵᠢᠨ ᠵᠶ᠋ᠠᠨ ᠠᠶᠤᠯᠭᠦᠢ ᠦᠢ᠍ᠯᠡᠳᠪᠦᠷᠢᠯᠡᠯ᠎ᠤᠨ ᠬᠥᠮᠦᠵᠢᠯ ᠪᠣᠯᠤᠨ ᠪᠤᠯᠪᠠᠰᠤᠷᠠᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠲᠤᠰ ᠬᠠᠷᠢᠶ᠎ᠠ ᠣᠷᠣᠨ (ᠨᠢᠭᠡᠴᠢ)᠎ᠤ᠎ᠪᠠᠨ ᠳᠣᠲᠣᠷᠠᠬᠢ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠨ ᠲᠣᠭᠲᠠᠭ᠋ᠠᠯ ᠶᠣᠰᠣᠭ᠋ᠠᠷ ᠠᠶᠤᠯᠭᠦᠢ ᠦᠢ᠍ᠯᠡᠳᠪᠦᠷᠢᠯᠡᠯ᠎ᠤᠨ ᠬᠥᠮᠦᠵᠢᠯ ᠪᠣᠯᠤᠨ ᠪᠤᠯᠪᠠᠰᠤᠷᠠᠯ᠎ᠤᠨ ᠠᠵᠢᠯ᠎ᠲᠤ ᠬᠢᠨᠠᠯᠲᠠ ᠲᠠᠯᠪᠢᠬᠤ ᠪᠠ ᠵᠢᠯᠣᠭᠣᠳᠬᠤ ᠬᠡᠷᠡᠭᠲᠡᠢ᠃

   ᠭᠤᠴᠢᠨ ᠳᠥᠷᠪᠡᠳᠦᠭᠡᠷ ᠵᠤᠷᠪᠤᠰ   ᠪᠥᠬᠥ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠣᠳᠠᠲᠠᠶ᠎ᠲᠠᠢ᠎ᠪᠠᠨ ᠤᠶᠠᠯᠳᠤᠭᠤᠯᠤᠨ ᠠᠶᠤᠯᠭᠦᠢ ᠦᠢ᠍ᠯᠡᠳᠪᠦᠷᠢᠯᠡᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠮᠡᠳᠡᠭᠡ ᠵᠠᠩᠭᠢ ᠵᠢᠨ ᠬᠥᠮᠥᠷᠭᠡ ᠵᠢ ᠪᠠᠶ᠋ᠢᠭᠤᠯᠤᠨ ᠪᠦᠷᠢᠨᠰᠢᠭᠦᠯᠵᠦ᠂ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠡᠷᠭᠡ ᠮᠡᠳᠡᠭᠡ ᠵᠠᠩᠭᠢ ᠵᠢ ᠴᠤᠭᠯᠠᠭᠤᠯᠬᠤ᠂ ᠬᠠᠮᠲᠤᠪᠠᠷ ᠭᠥᠷᠳᠡᠬᠦ᠂ ᠬᠡᠷᠡᠭᠯᠡᠬᠦ ᠪᠠ ᠢᠯᠡ ᠪᠣᠯᠭ᠋ᠠᠬᠤ ᠵᠢ ᠴᠢᠩᠭ᠋ᠠᠳᠬᠠᠬᠤ ᠵᠢᠨ ᠬᠠᠮᠲᠤ᠂ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ᠎ᠳᠤ ᠣᠷᠣᠭᠤᠯᠬᠤ ᠬᠡᠷᠡᠭᠲᠡᠶ᠃

   ᠭᠤᠴᠢᠨ ᠲᠠᠪᠤᠳᠤᠭ᠋ᠠᠷ ᠵᠤᠷᠪᠤᠰ   ᠪᠥᠬᠥ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠠᠶᠤᠯᠭᠦᠢ ᠦᠢ᠍ᠯᠡᠳᠪᠦᠷᠢᠯᠡᠯ᠎ᠤᠨ ᠢᠯᠡᠴᠢᠯᠡᠨ ᠮᠡᠳᠡᠭᠦᠯᠦᠭᠰᠡᠨ᠎ᠢ ᠱᠠᠩᠨᠠᠬᠤ ᠲᠥᠷᠢᠮ ᠪᠠᠶ᠋ᠢᠭᠤᠯᠵᠤ᠂ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠲᠤᠬᠠᠢ ᠢᠯᠡᠴᠢᠯᠡᠨ ᠮᠡᠳᠡᠭᠦᠯᠦᠭᠰᠡᠨ᠎ᠢ ᠬᠠᠤᠯᠢ ᠶᠣᠰᠣᠭ᠋ᠠᠷ ᠬᠥᠯᠢᠶᠡᠨ ᠠᠪᠬᠤ ᠵᠢᠨ ᠬᠠᠮᠲᠤ ᠪᠠᠶ᠋ᠢᠴᠠᠭ᠋ᠠᠨ ᠬᠠᠷᠭᠤᠭᠤᠯᠬᠤ ᠬᠡᠷᠡᠭᠲᠡᠢ᠃ ᠲᠤᠰ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠎ᠳᠤ ᠬᠠᠷᠢᠶᠠᠯᠠᠭᠳᠠᠬᠤ ᠦᠭᠡᠶ᠂ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠪᠠᠶ᠋ᠢᠴᠠᠭ᠋ᠠᠨ ᠰᠢᠢ᠍ᠳᠪᠦᠷᠢᠯᠡᠬᠦ ᠴᠢᠬᠤᠯᠠᠲᠠᠶ ᠪᠣᠯ᠂ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠵᠤ ᠰᠢᠢ᠍ᠳᠪᠦᠷᠢᠯᠡᠭᠦᠯᠬᠦ ᠬᠡᠷᠡᠭᠲᠡᠶ᠃

   ᠳᠥᠷᠪᠡᠳᠦᠭᠡᠷ ᠪᠦᠯᠦᠭ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ᠎ᠤᠨ ᠠᠶᠤᠯᠭᠦᠢ ᠵᠢᠨ ᠡᠨᠳᠡᠯ᠎ᠢ ᠮᠡᠳᠡᠭᠦᠯᠬᠦ ᠪᠠ ᠰᠢᠢ᠍ᠳᠪᠦᠷᠢᠯᠡᠬᠦ

   ᠭᠤᠴᠢᠨ ᠵᠢᠷᠭᠤᠳᠤᠭ᠋ᠠᠷ ᠵᠤᠷᠪᠤᠰ   ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠳᠤ ᠦᠢ᠍ᠯᠡᠳᠪᠦᠷᠢᠯᠡᠯ᠎ᠤᠨ ᠠᠶᠤᠯᠭᠦᠢ ᠵᠢᠨ ᠡᠨᠳᠡᠯ ᠭᠠᠷᠤᠭᠰᠠᠨ᠎ᠤ ᠳᠠᠷᠠᠭ᠎ᠠ᠂ ᠡᠨᠳᠡᠯ᠎ᠤᠨ ᠲᠤᠬᠠᠶ ᠵᠢᠨ ᠲᠠᠯᠠᠪᠠᠶ ᠵᠢᠨ ᠬᠣᠯᠪᠣᠭᠳᠠᠯ ᠪᠦᠬᠦᠢ ᠬᠥᠮᠦᠰ ᠲᠤᠰ ᠨᠢᠭᠡᠴᠢ ᠵᠢᠨ ᠵᠶ᠋ᠠᠨ ᠬᠠᠷᠢᠭᠤᠴᠠᠯᠭ᠋ᠠᠲᠠᠨ᠎ᠳᠤ ᠳᠠᠷᠤᠶ᠋ᠢᠬᠠᠨ ᠮᠡᠳᠡᠭᠦᠯᠬᠦ ᠬᠡᠷᠡᠭᠲᠡᠶ᠃ ᠨᠢᠭᠡᠴᠢ ᠵᠢᠨ ᠬᠠᠷᠢᠭᠤᠴᠠᠯᠭ᠋ᠠᠲᠠᠨ ᠡᠨᠳᠡᠯ᠎ᠤᠨ ᠮᠡᠳᠡᠭᠦᠯᠦᠯᠲᠡ ᠵᠢ ᠬᠦᠯᠢᠶᠡᠨ ᠠᠪᠤᠭᠰᠠᠨ᠎ᠤ ᠳᠠᠷᠠᠭ᠎ᠠ᠂ 1 ᠴᠠᠭ᠎ᠤᠨ ᠳᠣᠲᠣᠷ᠎ᠠ ᠲᠤᠬᠠᠶ ᠵᠢᠨ ᠭᠠᠵᠠᠷ᠎ᠤᠨ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃ ᠪᠦᠬᠦ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠨᠳᠡᠯ᠎ᠤᠨ ᠮᠡᠳᠡᠭᠦᠯᠦᠯᠲᠡ ᠵᠢ ᠬᠦᠯᠢᠶᠡᠨ ᠠᠪᠤᠭᠰᠠᠨ᠎ᠤ ᠳᠠᠷᠠᠭ᠎ᠠ᠂ ᠲᠣᠭᠲᠠᠭ᠋ᠠᠯ ᠶᠣᠰᠣᠭ᠋ᠠᠷ ᠡᠨᠳᠡᠯ᠎ᠤᠨ ᠪᠠᠶ᠋ᠢᠳᠠᠯ᠎ᠢ ᠱᠠᠲᠤ ᠳᠠᠷᠠᠭ᠋ᠠᠯᠠᠨ ᠳᠡᠭᠡᠭᠰᠢ ᠮᠡᠳᠡᠭᠦᠯᠵᠦ᠂ ᠱᠠᠲᠤ ᠪᠦᠷᠢ ᠵᠢᠨ ᠳᠡᠭᠡᠭᠰᠢ ᠮᠡᠳᠡᠭᠦᠯᠬᠦ ᠴᠠᠭ᠎ᠢ 2 ᠴᠠᠭ᠎ᠠᠴᠠ ᠬᠡᠲᠦᠷᠡᠭᠦᠯᠵᠦ ᠪᠣᠯᠬᠤ ᠦᠭᠡᠶ᠃ ᠨᠡᠯᠢᠶᠡᠳ ᠶᠡᠬᠡ᠎ᠠᠴᠠ ᠳᠡᠭᠡᠭᠰᠢ ᠲᠠᠰ᠎ᠤᠨ ᠡᠨᠳᠡᠯ ᠭᠠᠷᠤᠭᠰᠠᠨ ᠪᠣᠯ ᠡᠨᠳᠡᠯ ᠭᠠᠷᠤᠭᠰᠠᠨ ᠨᠢᠭᠡᠴᠢ ᠪᠣᠯᠤᠨ ᠡᠨᠳᠡᠯ ᠭᠠᠷᠤᠭᠰᠠᠨ ᠭᠠᠵᠠᠷ᠎ᠤᠨ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠱᠠᠲᠤ ᠳᠠᠷᠠᠭ᠋ᠠᠯᠠᠨ ᠳᠡᠭᠡᠭᠰᠢ ᠮᠡᠳᠡᠭᠦᠯᠬᠦ ᠵᠢᠨ ᠬᠠᠮᠲᠤ ᠪᠠᠰᠠ 1 ᠴᠠᠭ᠎ᠤᠨ ᠳᠣᠲᠣᠷ᠎ᠠ ᠲᠦᠷᠭᠡᠨ ᠮᠡᠳᠡᠭᠦᠯᠬᠦ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠳᠤ ᠮᠡᠳᠡᠭᠦᠯᠬᠦ ᠬᠡᠷᠡᠭᠲᠡᠶ᠃ ᠪᠦᠬᠦ ᠣᠷᠣᠨ᠎ᠤ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠦᠷᠢᠶᠡᠨ᠎ᠤ ᠡᠨᠳᠡᠯ᠎ᠤᠨ ᠮᠡᠳᠡᠭᠦᠯᠦᠯᠲᠡ᠎ᠳᠤ ᠪᠠᠰᠠ ᠤᠰᠤᠨ ᠠᠰᠢᠭᠯᠠᠯᠲᠠ ᠵᠢᠨ ᠶᠠᠮᠤᠨ᠎ᠤ 《ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠮᠡᠳᠡᠭᠡ ᠵᠠᠩᠭᠢ ᠵᠢ ᠮᠡᠳᠡᠭᠦᠯᠬᠦ ᠪᠠ ᠰᠢᠢ᠍ᠳᠪᠦᠷᠢᠯᠡᠬᠦ ᠳᠦᠷᠢᠮ》᠎ᠤᠨ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃

   ᠭᠤᠴᠢᠨ ᠳᠣᠯᠣᠳᠤᠭ᠋ᠠᠷ ᠵᠤᠷᠪᠤᠰ   ᠡᠨᠳᠡᠯ ᠡᠭᠦᠰᠦᠭᠰᠡᠨ ᠨᠢᠭᠡᠴᠢ ᠵᠢᠨ ᠬᠠᠷᠢᠭᠤᠴᠠᠯᠭ᠋ᠠᠲᠠᠨ ᠡᠨᠳᠡᠯ᠎ᠤᠨ ᠮᠡᠳᠡᠭᠦᠯᠦᠯᠲᠡ ᠵᠢ ᠣᠯᠤᠭᠰᠠᠨ᠎ᠤ ᠲᠠᠷᠠᠭ᠎ᠠ᠂ ᠵᠣᠬᠢᠴᠠᠩᠭᠤᠢ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠲᠡᠷᠡ ᠳᠠᠷᠤᠢ᠎ᠳᠤᠨᠢ ᠡᠬᠢᠯᠡᠭᠦᠯᠬᠦ ᠬᠡᠷᠡᠭᠲᠡᠢ ᠪᠥᠭᠡᠳ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠡᠨᠳᠡᠯ᠎ᠢ ᠠᠪᠤᠷᠠᠨ ᠲᠤᠰᠠᠯᠠᠬᠤ ᠠᠵᠢᠯ᠎ᠢ ᠵᠣᠬᠢᠶᠠᠨ ᠪᠠᠶ᠋ᠢᠭᠤᠯᠬᠤ ᠬᠡᠷᠡᠭᠲᠡᠢ᠃ ᠬᠣᠯᠪᠣᠭᠳᠠᠯ ᠪᠦᠬᠦᠢ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠦᠢ᠍ᠯᠡᠳᠪᠦᠷᠢᠯᠡᠯ᠎ᠤᠨ ᠠᠶᠤᠯᠭᠦᠢ ᠵᠢᠨ ᠡᠨᠳᠡᠯ᠎ᠤᠨ ᠮᠡᠳᠡᠭᠦᠯᠦᠯᠲᠡ ᠵᠢ ᠬᠦᠯᠢᠶᠡᠨ ᠠᠪᠤᠭᠰᠠᠨ᠎ᠤ ᠳᠠᠷᠠᠭ᠎ᠠ᠂ ᠵᠣᠬᠢᠴᠠᠩᠭᠤᠶ ᠪᠦᠬᠦᠢ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ ᠵᠶ᠋ᠠᠨ ᠡᠬᠢᠯᠡᠭᠦᠯᠵᠦ᠂ ᠡᠨᠳᠡᠯ᠎ᠤᠨ ᠠᠪᠤᠷᠠᠨ ᠲᠤᠰᠠᠯᠠᠬᠤ ᠵᠢ ᠵᠣᠬᠢᠶᠠᠨ ᠪᠠᠶ᠋ᠢᠭᠤᠯᠬᠤ ᠪᠤᠶᠤ ᠣᠷᠣᠯᠴᠠᠬᠤ ᠬᠡᠷᠡᠭᠲᠡᠶ᠃

   ᠭᠤᠴᠢᠨ ᠨᠠᠢ᠍ᠮᠠᠳᠤᠭ᠋ᠠᠷ ᠵᠤᠷᠪᠤᠰ   ᠬᠣᠯᠪᠣᠭᠳᠠᠯ ᠪᠦᠬᠦᠢ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠡᠨᠳᠡᠯ᠎ᠢ ᠪᠠᠶ᠋ᠢᠴᠠᠭ᠋ᠠᠬᠤ ᠠᠵᠢᠯ᠎ᠢ ᠬᠠᠤᠯᠢ ᠶᠣᠰᠣᠭ᠋ᠠᠷ ᠥᠷᠨᠢᠭᠦᠯᠬᠦ ᠪᠤᠶᠤ ᠲᠡᠭᠦᠨ᠎ᠳᠤ ᠣᠷᠣᠯᠴᠠᠵᠤ᠂ ᠴᠣᠬᠣᠯᠪᠣᠷᠢᠯᠠᠭᠰᠠᠨ ᠡᠨᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ ᠲᠣᠭᠲᠠᠭ᠋ᠠᠯ ᠶᠣᠰᠣᠭ᠋ᠠᠷ᠂ ᠲᠣᠭᠲᠠᠭ᠋ᠠᠭᠰᠠᠨ ᠡᠷᠬᠡ ᠮᠡᠳᠡᠯ ᠪᠣᠯᠤᠨ ᠳᠡᠰ ᠳᠠᠷᠠᠭ᠋ᠠᠯᠠᠯ᠎ᠢ ᠦᠨᠳᠦᠰᠦᠯᠡᠨ ᠡᠨᠳᠡᠯ ᠭᠠᠷᠤᠭᠰᠠᠨ ᠨᠢᠭᠡᠴᠢ ᠪᠣᠯᠤᠨ ᠬᠣᠯᠪᠣᠭᠳᠠᠯ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠵᠢ ᠰᠢᠢ᠍ᠳᠪᠦᠷᠢᠯᠡᠬᠦ ᠬᠡᠷᠡᠭᠲᠡᠶ᠃

   ᠭᠤᠴᠢ ᠶᠢᠰᠦᠳᠦᠭᠡᠷ ᠵᠤᠷᠪᠤᠰ   ᠪᠦᠬᠦ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠨᠦᠭᠦᠳ ᠲᠤᠰ ᠬᠠᠷᠢᠶ᠎ᠠ ᠣᠷᠣᠨ (ᠨᠢᠭᠡᠴᠢ)᠎ᠤ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ᠎ᠤᠨ ᠠᠶᠤᠯᠭᠦᠢ ᠵᠢᠨ ᠡᠨᠳᠡᠯ᠎ᠤᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠤᠷᠢᠶᠠᠩᠭᠤᠶ᠋ᠢᠯᠠᠨ ᠵᠠᠳᠠᠯᠵᠤ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠦᠢ᠍ᠯᠡᠳᠪᠦᠷᠢᠯᠡᠯ᠎ᠤᠨ ᠠᠶᠤᠯ ᠦᠭᠡᠶ ᠵᠢᠨ ᠡᠨᠳᠡᠯ᠎ᠤᠨ ᠲᠣᠭ᠎ᠠ ᠪᠦᠷᠢᠳᠬᠡᠯ᠎ᠤᠨ ᠮᠡᠳᠡᠭᠦᠯᠬᠦ ᠬᠦᠰᠦᠨᠦᠭᠲᠦ ᠵᠢ ᠲᠣᠭᠲᠠᠭ᠋ᠠᠯ ᠶᠣᠰᠣᠭ᠋ᠠᠷ ᠱᠠᠲᠤ ᠳᠠᠷᠠᠭ᠋ᠠᠯᠠᠨ ᠳᠡᠭᠡᠭᠰᠢ ᠮᠡᠳᠡᠭᠦᠯᠬᠦ       ᠬᠡᠷᠡᠭᠲᠡᠶ᠃

   ᠲᠠᠪᠤᠳᠤᠭ᠋ᠠᠷ ᠪᠦᠯᠦᠭ   ᠳᠠᠭ᠋ᠠᠯᠳᠤᠭᠤᠯᠤᠯ ᠳᠦᠷᠢᠮ

   ᠳᠥᠴᠢᠳᠦᠭᠡᠷ ᠵᠤᠷᠪᠤᠰ  ᠲᠤᠰ ᠠᠷᠭ᠎ᠠ᠎ᠳᠠᠬᠢ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠭᠡᠳᠡᠭ᠎ᠨᠢ ᠤᠰᠤᠨ᠎ᠤ ᠡᠬᠢ ᠪᠠᠶᠠᠯᠢᠭ᠎ᠢ ᠨᠡᠭᠡᠭᠡᠬᠦ᠂ ᠠᠰᠢᠭᠯᠠᠬᠤ᠂ ᠠᠷᠪᠢᠯᠠᠬᠤ᠂ ᠬᠠᠮᠠᠭ᠋ᠠᠯᠠᠬᠤ᠂ ᠬᠠᠮᠢᠶᠠᠷᠬᠤ᠂ ᠤᠰᠤᠨ᠎ᠤ ᠣᠷᠴᠢᠨ ᠲᠣᠭᠣᠷᠢᠨ᠎ᠢ ᠵᠠᠰᠠᠬᠤ᠂ ᠤᠰᠤᠨ᠎ᠤ ᠠᠮᠢ ᠠᠬᠤᠶ ᠵᠢ ᠰᠡᠷᠭᠦᠭᠡᠬᠦ᠂ ᠤᠰᠤᠨ᠎ᠤ ᠭᠠᠮᠰᠢᠭ᠎ᠢ ᠰᠡᠷᠭᠡᠶ᠋ᠢᠯᠡᠨ ᠵᠠᠰᠠᠬᠤ ᠵᠡᠷᠭᠡ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠬᠢᠵᠦ ᠪᠠᠶ᠋ᠢᠭ᠎ᠠ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠂ ᠬᠤᠪᠢ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠡᠷᠭᠡ ᠨᠢᠭᠡᠴᠢ ᠵᠢ ᠵᠢᠭ᠋ᠠᠵᠤ ᠪᠤᠶ᠃

   ᠳᠥᠴᠢᠨ ᠨᠢᠭᠡᠳᠦᠭᠡᠷ ᠵᠤᠷᠪᠤᠰ   ᠲᠤᠰ ᠠᠷᠭ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃ ᠲᠣᠰ ᠠᠷᠭ᠎ᠠ ᠵᠢ ᠨᠡᠶ᠋ᠢᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
2023 ᠣᠨ᠎ᠤ ᠨᠢᠭᠡᠳᠦᠭᠡᠷ ᠪᠦᠯᠦᠭ ᠠᠶᠤᠯᠭᠦᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠯᠲᠠ ᠵᠢᠨ ᠪᠠᠷᠢᠮᠵᠢᠶ᠎ᠠ᠎ᠳᠤ ᠬᠦᠷᠦᠭᠰᠡᠨ ᠨᠢᠭᠡᠴᠢ ᠵᠢ ᠵᠠᠷᠯᠠᠨ ᠨᠡᠶ᠋ᠢᠲᠡᠯᠡᠬᠦ ᠲᠤᠬᠠᠶ
2023 ᠣᠨ᠎ᠤ ᠤᠰᠤᠨ ᠠᠰᠢᠭᠯᠠᠯᠲᠠ ᠵᠢᠨ 《ᠠᠶᠤᠯᠭᠦᠢ ᠦᠭᠡᠢ ᠦᠢ᠍ᠯᠡᠳᠪᠦᠷᠢᠯᠡᠯ᠎ᠤᠨ ᠰᠠᠷ᠎ᠠ》 ᠵᠢᠨ ᠰᠢᠷᠢᠰ ᠠᠵᠢᠯᠯᠠᠭ᠎ᠠ ᠵᠢᠨ ᠱᠠᠩᠨᠠᠯ ᠭᠥᠷᠳᠡᠬᠦ ᠨᠡᠷᠡᠰ᠎ᠢ ᠨᠡᠶ᠋ᠢᠲᠡᠯᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠡᠪᠲᠡᠷᠡᠭᠦᠯᠭᠡ
ᠳ᠋ᠸᠩᠺᠸᠤ ᠤᠰᠤ ᠲᠠᠲᠠᠬᠤ ᠤᠰᠤᠯᠠᠯᠲᠠ ᠵᠢᠨ ᠣᠷᠣᠨ᠎ᠤ ᠨᠢᠷᠤᠭᠤᠪᠴᠢ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠲᠠᠷᠢᠶᠠᠯᠠᠩ᠎ᠳᠤ ᠬᠠᠩᠭ᠋ᠠᠬᠤ ᠤᠰᠤᠨ᠎ᠤ ᠦᠨ᠎ᠡ ᠬᠠᠩᠰᠢ ᠵᠢ ᠲᠣᠬᠢᠷᠠᠭᠤᠯᠬᠤ ᠲᠥᠷᠥᠯ ᠵᠦᠢᠯ᠎ᠤᠨ ᠨᠡᠢ᠌ᠭᠡᠮ᠎ᠤᠨ ᠲᠣᠭᠲᠠᠭᠤᠨ᠎ᠤ ᠲᠦᠭᠰᠢᠭᠦᠷᠢ ᠵᠢ ᠦᠨᠡᠯᠡᠨ ᠵᠢᠱ᠌ᠢᠵᠦ ᠨᠡᠢ᠌ᠲᠡ᠎ᠳᠤ ᠵᠠᠷᠯᠠᠬᠤ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
2023 ᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠳᠤᠮᠳᠠ ᠵᠡᠷᠭᠡ ᠵᠢᠨ ᠲᠤᠰᠬᠠᠢ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠵᠤ ᠪᠠᠲᠤᠯᠠᠭᠳᠠᠭᠰᠠᠨ ᠬᠥᠮᠥᠰ᠎ᠢ ᠵᠠᠷᠯᠠᠨ ᠨᠡᠶ᠋ᠢᠲᠡᠯᠡᠬᠦ ᠲᠤᠬᠠᠢ ᠮᠡᠳᠡᠭᠳᠡᠯ
2023 ᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠵᠤ ᠪᠠᠲᠤᠯᠠᠭᠳᠠᠭᠰᠠᠨ ᠬᠥᠮᠥᠰ᠎ᠢ ᠨᠡᠶ᠋ᠢᠲᠡᠯᠡᠬᠦ ᠲᠤᠬᠠᠢ ᠮᠡᠳᠡᠭᠳᠡᠯ
 
            