ᠬᠣᠯᠪᠣᠭᠳᠠᠯ ᠪᠦᠬᠦᠢ ᠨᠢᠭᠡᠴᠢ᠎ᠨᠦᠭᠦᠳ᠎ᠲᠤ᠄
《2023 ᠣᠨ᠎ᠤ ᠤᠰᠤᠨ ᠠᠰᠢᠭᠯᠠᠯᠲᠠ ᠵᠢᠨ 〈ᠠᠶᠤᠯᠭᠦᠢ ᠦᠭᠡᠢ ᠦᠢ᠍ᠯᠡᠳᠪᠦᠷᠢᠯᠡᠯ᠎ᠤᠨ ᠰᠠᠷ᠎ᠠ〉 ᠵᠢᠨ ᠠᠵᠢᠯᠯᠠᠭ᠎ᠠ ᠵᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ》 (ᠥᠪᠥᠷ ᠤᠰᠤᠨ ᠲᠡᠭᠡᠭᠡᠪᠦᠷᠢ ᠵᠢᠨ ᠬᠠᠮᠢᠶᠠᠷᠤᠯᠲᠠ ᠵᠢᠨ [2023] 54 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠪᠥᠬᠥ ᠣᠷᠣᠨ᠎ᠤ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ 《ᠬᠥᠮᠦᠨ ᠪᠦᠬᠦᠨ ᠠᠮᠤᠷ ᠲᠦᠪᠰᠢᠨ᠎ᠢ ᠡᠷᠬᠢᠮᠯᠡᠵᠦ᠂ ᠬᠤᠷᠠᠯ ᠨᠢᠭᠡᠪᠦᠷᠢ ᠪᠠᠴᠢᠮ ᠪᠠᠶ᠋ᠢᠳᠠᠯ᠎ᠢ ᠠᠷᠭ᠋ᠠᠴᠠᠬᠤ》 ᠭᠤᠤᠯ ᠰᠡᠳᠦᠪ᠎ᠤᠨ ᠲᠣᠭᠣᠷᠢᠨ᠎ᠳᠤ᠂ ᠠᠯᠢ ᠣᠯᠠᠨ ᠭᠤᠤᠯ ᠰᠡᠳᠦᠪ᠎ᠨᠢ ᠢᠯᠡ ᠲᠣᠳᠣ᠂ ᠭᠤᠤᠯᠳᠠᠯᠭ᠎ᠠ᠎ᠨᠢ ᠲᠣᠪᠣᠶ᠋ᠢᠮ᠎ᠠ᠂ ᠡᠯᠪᠡᠭ ᠪᠠᠶᠠᠯᠢᠭ ᠪᠥᠭᠡᠳ ᠦᠷ᠎ᠡ ᠪᠦᠲᠦᠮᠵᠢ᠎ᠲᠠᠢ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠪᠡ᠃ ᠨᠡᠶ᠋ᠢᠲᠡᠯᠢᠭ ᠵᠢᠱ᠌ᠢᠶ᠎ᠡ ᠵᠢ ᠪᠣᠶ ᠪᠣᠯᠭ᠋ᠠᠵᠤ᠂ ᠲᠡᠷᠢᠭᠦᠨ᠎ᠤ᠎ᠬᠢ ᠵᠢ ᠬᠥᠬᠢᠭᠦᠯᠦᠨ ᠰᠠᠶ᠋ᠢᠰᠢᠶᠠᠬᠤ ᠵᠢᠨ ᠲᠤᠰᠠᠳᠠ᠂ ᠰᠤᠳᠤᠯᠬᠤ᠎ᠪᠠᠷ ᠳᠡᠮᠵᠢᠨ᠂ ᠤᠰᠤᠨ ᠠᠰᠢᠭᠯᠠᠯᠲᠠ ᠵᠢᠨ ᠠᠶᠤᠯᠭᠦᠢ ᠦᠭᠡᠢ ᠦᠢ᠍ᠯᠡᠳᠪᠦᠷᠢᠯᠡᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ 《ᠵᠢᠷᠭᠤᠭ᠋ᠠᠨ ᠵᠦᠢ᠍ᠯ᠎ᠤᠨ ᠲᠣᠭᠲᠠᠴᠠ》 ᠵᠢᠨ ᠰᠦᠯᠵᠢᠶᠡᠨ᠎ᠤ ᠰᠡᠳᠦᠪ ᠬᠠᠷᠢᠭᠤᠯᠬᠤ ᠠᠵᠢᠯᠯᠠᠭ᠎ᠠ᠂ ᠤᠰᠤᠨ ᠠᠰᠢᠭᠯᠠᠯᠲᠠ ᠵᠢᠨ ᠠᠶᠤᠯᠭᠦᠢ ᠦᠭᠡᠢ ᠦᠢ᠍ᠯᠡᠳᠪᠦᠷᠢᠯᠡᠯ᠎ᠤᠨ ᠮᠡᠳᠡᠯᠭᠡ ᠵᠢᠨ ᠰᠦᠯᠵᠢᠶᠡᠨ᠎ᠤ ᠤᠷᠤᠯᠳᠤᠭ᠋ᠠᠨ 《ᠤᠰᠤᠨ᠎ᠤ ᠠᠮᠤᠷ ᠲᠦᠪᠰᠢᠨ᠎ᠤ ᠵᠠᠩᠵᠤᠨ》᠎ᠤ ᠠᠵᠢᠯᠯᠠᠭ᠎ᠠ ᠪᠠ 2023 ᠣᠨ᠎ᠤ ᠪᠥᠬᠥ ᠣᠷᠣᠨ᠎ᠤ ᠤᠰᠤᠨ ᠠᠰᠢᠭᠯᠠᠯᠲᠠ ᠵᠢᠨ ᠠᠶᠤᠯᠭᠦᠢ ᠦᠭᠡᠢ ᠦᠢ᠍ᠯᠡᠳᠪᠦᠷᠢᠯᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢᠨ ᠦᠷ᠎ᠡ ᠪᠦᠲᠦᠭᠡᠯ᠎ᠢ ᠰᠢᠯᠭ᠋ᠠᠷᠠᠭᠤᠯᠤᠨ ᠳᠡᠯᠭᠡᠨ ᠦᠵᠡᠭᠦᠯᠬᠦ ᠠᠵᠢᠯᠯᠠᠭ᠎ᠠ᠎ᠳᠤ ᠣᠷᠣᠯᠴᠠᠭᠰᠠᠨ ᠲᠡᠷᠢᠭᠦᠨ᠎ᠤ ᠨᠢᠭᠡᠴᠢ ᠪᠠ ᠬᠤᠪᠢ ᠬᠥᠮᠦᠨ᠎ᠢ ᠵᠠᠷᠯᠠᠨ ᠰᠠᠶ᠋ᠢᠰᠢᠶᠠᠪᠠ᠃ ᠡᠯ᠎ᠡ ᠭᠠᠵᠠᠷ ᠣᠷᠣᠨ᠂ ᠡᠯ᠎ᠡ ᠨᠢᠭᠡᠴᠢ᠎ᠨᠦᠭᠦᠳ ᠲᠡᠷᠢᠭᠦᠨ᠎ᠤ᠎ᠬᠢ᠎ᠪᠠᠷ ᠳᠠᠭᠤᠷᠢᠶᠠᠯ ᠪᠣᠯᠭ᠋ᠠᠨ᠂ ᠠᠶᠤᠯᠭᠦᠢ ᠦᠢ᠍ᠯᠡᠳᠪᠦᠷᠢᠯᠡᠯ᠎ᠤᠨ ᠤᠬᠠᠭᠤᠯᠭ᠎ᠠ ᠬᠥᠮᠦᠵᠢᠯ᠎ᠤᠨ ᠠᠵᠢᠯ᠎ᠢ ᠴᠥᠬᠥᠷᠡᠯ ᠦᠭᠡᠶ ᠰᠠᠶ᠋ᠢᠲᠤᠷ ᠬᠢᠵᠦ᠂ ᠦᠢ᠍ᠯᠡᠳᠪᠦᠷᠢᠯᠡᠯ᠎ᠤᠨ ᠠᠶᠤᠯᠭᠦᠢ ᠵᠢᠨ ᠡᠨᠳᠡᠯ᠎ᠢ ᠪᠦᠲᠦᠮᠵᠢᠲᠡᠶ ᠰᠡᠷᠭᠡᠶ᠋ᠢᠯᠡᠬᠦ ᠪᠠ ᠡᠷᠡᠰ ᠬᠣᠷᠢᠭᠯᠠᠵᠤ᠂ ᠪᠦᠬᠦ ᠣᠷᠣᠨ᠎ᠤ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠠᠶᠤᠯᠭᠦᠢ ᠦᠢ᠍ᠯᠡᠳᠪᠦᠷᠢᠯᠡᠯ᠎ᠤᠨ ᠪᠠᠶ᠋ᠢᠳᠠᠯ᠎ᠤᠨ ᠲᠣᠭᠲᠠᠭᠤᠨ ᠵᠶ᠋ᠠᠷ ᠰᠠᠶ᠋ᠢᠵᠢᠷᠠᠬᠤ ᠵᠢ ᠠᠬᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠵᠢ ᠬᠦᠰᠡᠵᠦ ᠪᠠᠶ᠋ᠢᠨ᠎ᠠ᠃