ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
2023 ᠣᠨ᠎ᠤ ᠨᠢᠭᠡᠳᠦᠭᠡᠷ ᠪᠦᠯᠦᠭ ᠠᠶᠤᠯᠭᠦᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠯᠲᠠ ᠵᠢᠨ ᠪᠠᠷᠢᠮᠵᠢᠶ᠎ᠠ᠎ᠳᠤ ᠬᠦᠷᠦᠭᠰᠡᠨ ᠨᠢᠭᠡᠴᠢ ᠵᠢ ᠵᠠᠷᠯᠠᠨ ᠨᠡᠶ᠋ᠢᠲᠡᠯᠡᠬᠦ ᠲᠤᠬᠠᠶ
ᠨᠡᠶ᠋ᠢᠲᠡᠯᠡᠭᠰᠡᠨ ᠴᠠᠭ᠄ 2023-09-08

  《ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠯᠲᠠ ᠵᠢ ᠬᠢᠨᠠᠨ ᠲᠣᠭᠲᠠᠭ᠋ᠠᠬᠤ ᠪᠠᠷᠢᠮᠵᠢᠶ᠎ᠠ ᠵᠢ ᠳᠠᠷᠤᠮᠠᠯᠯᠠᠨ ᠶᠠᠪᠤᠭᠤᠯᠬᠤ ᠲᠤᠬᠠᠶ ᠤᠰᠤᠨ ᠠᠰᠢᠭᠯᠠᠯᠲᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠠᠯᠪᠠᠨ ᠠᠶᠤᠯᠭᠦᠢ ᠵᠢᠨ ᠬᠢᠨᠠᠯᠲᠠ [2018] 52 ᠳ᠋ᠤᠭ᠋ᠠᠷ ᠲᠣᠭ᠋ᠠᠲᠤ)᠂ 《ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠯᠲᠠ ᠵᠢᠨ ᠪᠥᠲᠥᠭᠡᠨ ᠪᠠᠶ᠋ᠢᠭᠤᠯᠤᠯᠲᠠ ᠵᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ》 (ᠥᠪᠥᠷ ᠤᠰᠤᠨ ᠲᠡᠭᠡᠭᠡᠪᠦᠷᠢ ᠵᠢᠨ ᠬᠠᠮᠢᠶᠠᠷᠤᠯᠲᠠ [2020] 118 ᠳ᠋ᠤᠭ᠋ᠠᠷ ᠲᠣᠭ᠋ᠠᠲᠤ)᠂ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠬᠢᠨᠠᠨ ᠪᠠᠶ᠋ᠢᠴᠠᠭ᠋ᠠᠭ᠋ᠠᠳ᠂ ᠥᠪᠥᠷ ᠮᠣᠩᠭᠣᠯ᠎ᠤᠨ ᠷᠦᠨ ᠢᠦᠶ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠬᠢᠵᠠᠭ᠋ᠠᠷᠲᠤ ᠺᠣᠮᠫᠠᠨᠢ᠂ ᠲᠦᠩᠯᠢᠶᠣᠤ ᠬᠣᠲᠠ ᠵᠢᠨ ᠬᠤᠤ ᠱᠧᠩ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠢᠦᠶ ᠬᠣᠩ ᠪᠠᠷᠢᠯᠭ᠎ᠠ ᠵᠢᠨ ᠢᠨᠵᠧᠨᠧᠷᠢᠩ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠰᠧᠨ ᠡᠯ ᠪᠥᠲᠥᠭᠡᠨ ᠪᠠᠶ᠋ᠢᠭᠤᠯᠤᠯᠲᠠ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠰᠢᠩ ᠬᠣᠶ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠶᠤᠸᠠᠨ ᠲᠸᠩ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᡁᠢ ᠰᠢᠨ ᠪᠠᠷᠢᠯᠭ᠎ᠠ ᠵᠢᠨ ᠢᠨᠵᠧᠨᠧᠷᠢᠩ᠎ᠤᠨ ᠬᠢᠵᠠᠭ᠋ᠠᠷᠲᠤ ᠺᠣᠮᠫᠠᠨᠢ᠂ ᠰᠢᠩ ᠢ ᠪᠥᠲᠥᠭᠡᠨ ᠪᠠᠶ᠋ᠢᠭᠤᠯᠤᠯᠲᠠ ᠵᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠡᠷᠭᠡ 8 ᠨᠢᠭᠡᠴᠢ ᠵᠢ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠯᠲᠠ ᠵᠢᠨ ᠬᠣᠶᠠᠳᠤᠭ᠋ᠠᠷ ᠳᠡᠰ᠎ᠤᠨ ᠨᠢᠭᠡᠴᠢ᠎ᠪᠠᠷ ᠣᠯᠭᠣᠬᠤ᠎ᠪᠠᠷ ᠪᠣᠶ᠂ ᠣᠲᠣ ᠵᠠᠷᠯᠠᠨ ᠨᠡᠶ᠋ᠢᠲᠡᠯᠡᠶ᠎ᠡ᠃

   ᠢᠯᠡ ᠨᠡᠶ᠋ᠢᠲᠡᠯᠡᠬᠦ ᠴᠠᠭ᠄ 2023 ᠣᠨ᠎ᠤ 9 ᠳ᠋ᠦ᠍ᠭᠡᠷ ᠰᠠᠷ᠎ᠠ ᠵᠢᠨ 8᠎ᠤ ᠡᠳᠦᠷ᠎ᠠᠴᠠ 9 ᠳ᠋ᠦ᠍ᠭᠡᠷ ᠰᠠᠷ᠎ᠠ ᠵᠢᠨ 14᠎ᠤ ᠡᠳᠦᠷ ᠪᠣᠯᠲᠠᠯ᠎ᠠ

   ᠬᠦᠯᠢᠶᠡᠨ ᠠᠪᠬᠤ ᠰᠠᠯᠠᠭ᠎ᠠ ᠮᠥᠴᠢᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠬᠢᠨᠠᠯᠲᠠ ᠲᠠᠯᠪᠢᠬᠤ ᠭᠠᠵᠠᠷ

   ᠬᠠᠷᠢᠯᠴᠠᠬᠤ ᠤᠲᠠᠰᠤ᠄ (0471) 5259658

   ᠢᠮᠸᠯ᠄ nmslyg@163.com

   ᠬᠠᠶᠢᠭ᠄ ᠬᠥᠬᠡᠬᠣᠲᠠ ᠵᠢᠨ ᠬᠥᠯᠥᠨ ᠡᠮᠦᠨ᠎ᠡ ᠵᠠᠮ᠎ᠤᠨ 119 ᠳ᠋ᠦ᠍ᠭᠡᠷ ᠲᠣᠭ᠋ᠠᠲᠤ (ᠰᠢᠤᠳᠠᠨ ᠨᠣᠮᠧᠷ 010020)

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
2023 ᠣᠨ᠎ᠤ ᠤᠰᠤᠨ ᠠᠰᠢᠭᠯᠠᠯᠲᠠ ᠵᠢᠨ 《ᠠᠶᠤᠯᠭᠦᠢ ᠦᠭᠡᠢ ᠦᠢ᠍ᠯᠡᠳᠪᠦᠷᠢᠯᠡᠯ᠎ᠤᠨ ᠰᠠᠷ᠎ᠠ》 ᠵᠢᠨ ᠰᠢᠷᠢᠰ ᠠᠵᠢᠯᠯᠠᠭ᠎ᠠ ᠵᠢᠨ ᠱᠠᠩᠨᠠᠯ ᠭᠥᠷᠳᠡᠬᠦ ᠨᠡᠷᠡᠰ᠎ᠢ ᠨᠡᠶ᠋ᠢᠲᠡᠯᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠡᠪᠲᠡᠷᠡᠭᠦᠯᠭᠡ
ᠳ᠋ᠸᠩᠺᠸᠤ ᠤᠰᠤ ᠲᠠᠲᠠᠬᠤ ᠤᠰᠤᠯᠠᠯᠲᠠ ᠵᠢᠨ ᠣᠷᠣᠨ᠎ᠤ ᠨᠢᠷᠤᠭᠤᠪᠴᠢ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠲᠠᠷᠢᠶᠠᠯᠠᠩ᠎ᠳᠤ ᠬᠠᠩᠭ᠋ᠠᠬᠤ ᠤᠰᠤᠨ᠎ᠤ ᠦᠨ᠎ᠡ ᠬᠠᠩᠰᠢ ᠵᠢ ᠲᠣᠬᠢᠷᠠᠭᠤᠯᠬᠤ ᠲᠥᠷᠥᠯ ᠵᠦᠢᠯ᠎ᠤᠨ ᠨᠡᠢ᠌ᠭᠡᠮ᠎ᠤᠨ ᠲᠣᠭᠲᠠᠭᠤᠨ᠎ᠤ ᠲᠦᠭᠰᠢᠭᠦᠷᠢ ᠵᠢ ᠦᠨᠡᠯᠡᠨ ᠵᠢᠱ᠌ᠢᠵᠦ ᠨᠡᠢ᠌ᠲᠡ᠎ᠳᠤ ᠵᠠᠷᠯᠠᠬᠤ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
2023 ᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠳᠤᠮᠳᠠ ᠵᠡᠷᠭᠡ ᠵᠢᠨ ᠲᠤᠰᠬᠠᠢ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠵᠤ ᠪᠠᠲᠤᠯᠠᠭᠳᠠᠭᠰᠠᠨ ᠬᠥᠮᠥᠰ᠎ᠢ ᠵᠠᠷᠯᠠᠨ ᠨᠡᠶ᠋ᠢᠲᠡᠯᠡᠬᠦ ᠲᠤᠬᠠᠢ ᠮᠡᠳᠡᠭᠳᠡᠯ
2023 ᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠵᠤ ᠪᠠᠲᠤᠯᠠᠭᠳᠠᠭᠰᠠᠨ ᠬᠥᠮᠥᠰ᠎ᠢ ᠨᠡᠶ᠋ᠢᠲᠡᠯᠡᠬᠦ ᠲᠤᠬᠠᠢ ᠮᠡᠳᠡᠭᠳᠡᠯ
2023 ᠣᠨ᠎ᠳᠤ ᠠᠵᠤ ᠠᠬᠤᠶ ᠵᠢᠨ ᠰᠢᠷᠢᠰ ᠲᠤᠰᠬᠠᠶ ᠮᠡᠷᠭᠡᠵᠢᠯ᠎ᠤᠨ ᠬᠢᠷᠢ ᠬᠡᠮ ᠮᠡᠳᠡᠭᠦᠯᠬᠦ ᠠᠵᠢᠯᠲᠠᠨ᠎ᠢ ᠵᠠᠷᠯᠠᠨ ᠨᠡᠶ᠋ᠢᠲᠡᠯᠡᠬᠦ ᠲᠤᠬᠠᠶ
 
            