ᠵᠠᠰᠠᠭ᠎ᠤᠨ ᠣᠷᠳᠣᠨ᠎ᠤ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ᠂ ᠠᠷᠠᠳᠴᠢᠯᠠᠯ ᠵᠶ᠋ᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠪᠠ ᠬᠠᠤᠯᠢ ᠶᠣᠰᠣᠭ᠋ᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠵᠢ ᠠᠬᠢᠭᠤᠯᠬᠤ ᠵᠢᠨ ᠲᠤᠰᠠᠳᠠ᠂ 《ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠴᠢᠬᠤᠯᠠ ᠶᠡᠬᠡ ᠲᠣᠭᠲᠠᠮᠠᠯ ᠬᠥᠷᠥᠨᠭᠭᠡ ᠵᠢᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠨᠡᠢ᠌ᠭᠡᠮ᠎ᠤᠨ ᠲᠣᠭᠲᠠᠭᠤᠨ ᠤ ᠲᠦᠭᠰᠢᠭᠦᠷᠢ ᠵᠢ ᠦᠨᠡᠯᠡᠨ ᠵᠢᠱ᠌ᠢᠬᠦ ᠲᠥᠷ ᠬᠡᠷᠡᠭᠵᠢᠭᠦᠯᠬᠦ ᠠᠷᠭ᠎ᠠ》 (ᠬᠥᠭᠵᠢᠭᠦᠯᠦᠯᠲᠡ ᠥᠭᠡᠷᠡᠴᠢᠯᠡᠯᠲᠡ ᠪᠡᠯᠡ ᠣᠷᠣᠭᠤᠯᠤᠯᠲᠠ [2012] 2492 ᠳ᠋ᠤᠭ᠋ᠠᠷ ᠲᠣᠭ᠋ᠠᠲᠤ) ᠵᠡᠷᠭᠡ ᠪᠢᠴᠢᠭ ᠮᠠᠲᠸᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳ᠋ᠸᠩᠺᠸᠤ ᠤᠰᠤ ᠲᠠᠲᠠᠬᠤ ᠤᠰᠤᠯᠠᠯᠲᠠ ᠵᠢᠨ ᠣᠷᠣᠨ ᠤ ᠭᠣᠣᠯᠯᠠᠬᠤ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠲᠠᠷᠢᠶᠠᠯᠠᠩ᠎ᠤᠨ ᠤᠰᠤ ᠬᠠᠩᠭ᠋ᠠᠬᠤ ᠦᠨ᠎ᠡ ᠬᠠᠩᠰᠢ ᠵᠢ ᠲᠤᠬᠢᠷᠠᠭᠤᠯᠬᠤ ᠲᠥᠷᠥᠯ ᠵᠦᠢ᠍ᠯ᠎ᠤᠨ ᠨᠡᠢ᠌ᠭᠡᠮ᠎ᠤᠨ ᠲᠣᠭᠲᠠᠭᠤᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠡᠭᠦᠨ᠎ᠲᠤ ᠲᠤᠰ ᠲᠥᠷᠥᠯ ᠵᠦᠢ᠍ᠯ᠎ᠢ ᠬᠡᠷᠡᠭᠵᠢᠭᠦᠯᠵᠦ ᠪᠠᠢ᠌ᠭ᠎ᠠ ᠠᠰᠢᠭ ᠲᠤᠰᠠ ᠵᠢᠨ ᠬᠠᠮᠢᠶ᠎ᠠ ᠪᠥᠬᠥᠢ ᠬᠥᠮᠦᠰ᠎ᠲᠤ ᠵᠠᠷᠯᠠᠨ ᠨᠡᠢ᠌ᠲᠡᠯᠡᠨ᠎ᠡ᠃
ᠨᠢᠭᠡ᠂ ᠤᠰᠤ ᠬᠠᠩᠭ᠋ᠠᠬᠤ ᠦᠨ᠎ᠡ ᠬᠠᠩᠰᠢ ᠵᠢ ᠲᠣᠬᠢᠷᠠᠭᠤᠯᠤᠭᠰᠠᠨ ᠲᠣᠢ᠌ᠮᠣ ᠪᠠᠢ᠌ᠳᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳ᠋ᠸᠩᠺᠸᠤ ᠤᠰᠤ ᠲᠠᠲᠠᠬᠤ ᠤᠰᠤᠯᠠᠯᠲᠠ ᠵᠢᠨ ᠣᠷᠣᠨ᠎ᠤ ᠨᠢᠷᠤᠭᠤᠪᠴᠢ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠲᠠᠷᠢᠶᠠᠯᠠᠩ᠎ᠤᠨ ᠤᠰᠤ ᠬᠠᠩᠭ᠋ᠠᠬᠤ ᠦᠨ᠎ᠡ ᠬᠠᠩᠰᠢ ᠵᠢ ᠲᠣᠬᠢᠷᠠᠭᠤᠯᠬᠤ ᠠᠩᠬ᠎ᠠ ᠠᠯᠬᠤᠮ᠎ᠤᠨ ᠲᠥᠰᠦᠯ᠄ ᠲᠠᠷᠢᠶᠠᠯᠠᠩ᠎ᠤᠨ ᠤᠰᠤ ᠬᠠᠩᠭ᠋ᠠᠬᠤ ᠨᠢᠷᠤᠭᠤᠪᠴᠢ ᠢᠨᠵᠧᠨᠧᠷᠢᠩ᠎ᠤᠨ ᠦᠨ᠎ᠡ ᠬᠠᠩᠰᠢ ᠵᠢ ᠣᠳᠣ ᠵᠢᠨ ᠬᠡᠷᠡᠭᠵᠢᠭᠦᠯᠵᠦ ᠪᠠᠢ᠌ᠭ᠎ᠠ 0.0812 ᠲᠥᠭᠥᠷᠢᠭ / m3 ᠪᠠᠢ᠌ᠭᠰᠠᠨ᠎ᠠᠴᠠ᠎ᠨᠢ 0.1195 ᠲᠥᠭᠥᠷᠢᠭ / m3 ᠪᠣᠯᠭ᠋ᠠᠨ ᠲᠣᠬᠢᠷᠠᠭᠤᠯᠵᠤ᠂ ᠬᠣᠶᠠᠷ ᠠᠯᠬᠤᠮ ᠬᠤᠪᠢᠶᠠᠨ ᠲᠣᠬᠢᠷᠠᠭᠤᠯᠤᠨ᠎ᠠ᠃
1. ᠨᠢᠭᠡᠳᠦᠭᠡᠷ ᠠᠯᠬᠤᠮ᠎ᠤᠨ 2024 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ ᠲᠠᠷᠢᠶᠠᠯᠠᠩ᠎ᠤᠨ ᠤᠰᠤ ᠬᠠᠩᠭ᠋ᠠᠬᠤ ᠭᠣᠤᠯ ᠢᠨᠵᠧᠨᠧᠷᠢᠩ᠎ᠤᠨ ᠦᠨ᠎ᠡ ᠬᠠᠩᠰᠢ ᠵᠢ ᠣᠲᠣ ᠵᠢᠨ ᠬᠡᠷᠡᠭᠵᠢᠭᠦᠯᠵᠦ ᠪᠠᠢ᠌ᠭ᠎ᠠ 0.0812 ᠲᠥᠭᠥᠷᠢᠭ / m3 ᠪᠠᠢ᠌ᠭᠰᠠᠨ᠎ᠠᠴᠠ 0.1036 ᠲᠥᠭᠥᠷᠢᠭ / m3 ᠪᠣᠯᠭ᠋ᠠᠨ ᠲᠣᠬᠢᠷᠠᠭᠤᠯᠪᠠ᠃
2. ᠬᠣᠶᠠᠳᠤᠭ᠋ᠠᠷ ᠠᠯᠬᠤᠮ 2026᠎ᠤᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ ᠲᠠᠷᠢᠶᠠᠯᠠᠩ᠎ᠤᠨ ᠤᠰᠤ ᠬᠠᠩᠭ᠋ᠠᠬᠤ ᠨᠢᠷᠤᠭᠤᠪᠴᠢ ᠢᠨᠵᠧᠨᠧᠷᠢᠩ᠎ᠤᠨ ᠦᠨ᠎ᠡ ᠵᠢ 0.1036 ᠲᠥᠭᠥᠷᠢᠭ / m3 ᠪᠠᠢ᠌ᠭᠰᠠᠨ᠎ᠠᠴᠠ 0.1195 ᠲᠥᠭᠥᠷᠢᠭ / m3 ᠪᠣᠯᠭ᠋ᠠᠨ ᠲᠣᠬᠢᠷᠠᠭᠤᠯᠪᠠ᠃
ᠬᠣᠶᠠᠷ᠂ ᠣᠯᠠᠨ ᠨᠡᠢ᠌ᠲᠡ ᠵᠢᠨ ᠰᠠᠨᠠᠯ᠎ᠢ ᠬᠤᠷᠢᠶᠠᠬᠤ ᠬᠡᠪᠴᠢᠶ᠎ᠡ ᠪᠠ ᠭᠣᠣᠯ ᠵᠦᠢ᠍ᠯᠡᠰ
《ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠴᠢᠬᠤᠯᠠ ᠶᠡᠬᠡ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠨᠡᠢ᠌ᠭᠡᠮ᠎ᠤᠨ ᠲᠣᠭᠲᠠᠭᠤᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠲᠦᠷ ᠬᠡᠷᠡᠭᠵᠢᠭᠦᠯᠬᠦ ᠠᠷᠭ᠎ᠠ》 (ᠬᠥᠭᠵᠢᠭᠦᠯᠦᠯᠲᠡ ᠥᠭᠡᠷᠡᠴᠢᠯᠡᠯᠲᠡ ᠵᠢᠨ ᠪᠡᠯᠡ ᠣᠷᠣᠭᠤᠯᠤᠯᠲᠠ [2012] 2492 ᠳ᠋ᠤᠭ᠋ᠠᠷ ᠲᠣᠭ᠋ᠠᠲᠤ) ᠵᠢ ᠦᠨᠳᠦᠰᠦᠯᠡᠨ᠂ ᠡᠳᠦᠭᠡ ᠲᠤᠰ ᠲᠥᠷᠥᠯ ᠵᠦᠢ᠍ᠯ᠎ᠢ ᠨᠡᠢ᠌ᠲᠡ᠎ᠳᠤ ᠵᠠᠷᠯᠠᠶ᠎ᠠ᠂ ᠭᠣᠣᠯᠳᠠᠭᠤ ᠳᠣᠣᠷᠠᠬᠢ ᠬᠡᠳᠦᠨ ᠲᠠᠯ᠎ᠠ᠎ᠪᠠᠷ ᠨᠡᠢ᠌ᠲᠡ ᠣᠯᠠᠨ᠎ᠤ ᠲᠤᠰ ᠲᠥᠷᠥᠯ ᠵᠦᠢ᠍ᠯ᠎ᠤᠨ ᠲᠤᠬᠠᠶ ᠰᠠᠨᠠᠯ᠎ᠢ ᠬᠤᠷᠢᠶᠠᠵᠤ᠂ ᠬᠡᠷᠪᠡ ᠪᠤᠰᠤᠳ ᠲᠠᠯ᠎ᠠ ᠵᠢᠨ ᠰᠠᠨᠠᠯ ᠪᠤᠶᠤ ᠰᠠᠨᠠᠭᠤᠯᠭ᠎ᠠ ᠵᠢ ᠳᠤᠷᠠᠳᠤᠭᠰᠠᠨ ᠴᠤ᠌ ᠪᠣᠯᠤᠨ᠎ᠠ᠄
1 . ᠲᠠ ᠲᠣᠰ ᠤᠳᠠᠭ᠋ᠠᠨ᠎ᠤ ᠦᠨ᠎ᠡ ᠵᠢᠨ ᠲᠣᠬᠢᠷᠠᠭᠤᠯᠤᠯᠲᠠ ᠵᠢ ᠵᠥᠪᠰᠢᠶᠡᠷᠡᠨ᠎ᠡ ᠤᠤ ᠃
2. ᠲᠥᠷᠥᠯ ᠵᠦᠢᠯ᠎ᠤᠨ ᠬᠡᠷᠡᠭᠵᠢᠭᠦᠯᠦᠯᠲᠡ᠎ᠨᠢ ᠲᠠᠨ᠎ᠤ ᠣᠷᠣᠯᠭ᠎ᠠ ᠵᠢ ᠨᠥᠯᠥᠭᠡᠯᠡᠭᠰᠡᠨ ᠪᠠᠢ᠌ᠳᠠᠯ᠃
3. ᠲᠥᠷᠥᠯ ᠵᠦᠢᠯ᠎ᠤᠨ ᠬᠡᠷᠡᠭᠵᠢᠭᠦᠯᠦᠯᠲᠡ᠎ᠨᠢ ᠲᠤᠬᠠᠶ ᠵᠢᠨ ᠭᠠᠵᠠᠷ᠎ᠤᠨ ᠲᠠᠷᠢᠶᠠᠯᠠᠩ᠎ᠤᠨ ᠤᠰᠤᠯᠠᠯᠲᠠ ᠵᠢᠨ ᠤᠰᠤ ᠬᠡᠷᠡᠭᠯᠡᠬᠦ ᠵᠢᠴᠢ ᠤᠰᠤ ᠬᠠᠩᠭ᠋ᠠᠬᠤ ᠪᠡᠯᠡᠳᠬᠡᠮᠵᠢ ᠵᠢ ᠬᠠᠮᠠᠭ᠋ᠠᠯᠠᠬᠤ ᠪᠠ ᠤᠰᠤᠯᠠᠯᠲᠠ ᠵᠢᠨ ᠣᠷᠣᠨ᠎ᠤ ᠰᠠᠢ᠌ᠨ ᠠᠵᠢᠯᠯᠠᠭ᠋ᠠᠨ᠎ᠲᠠᠢ ᠪᠠᠢ᠌ᠬᠤ᠎ᠳᠤ ᠦᠵᠡᠭᠦᠯᠬᠦ ᠨᠥᠯᠥᠭᠡ᠃
4. ᠪᠤᠰᠤᠳ ᠰᠠᠨᠠᠯ ᠪᠠ ᠰᠠᠨᠠᠭᠤᠯᠭ᠎ᠠ
ᠭᠤᠷᠪᠠ᠂ ᠣᠯᠠᠨ ᠨᠡᠢ᠌ᠲᠡ᠎ᠪᠠᠷ ᠵᠶ᠋ᠡᠨ ᠣᠷᠣᠯᠴᠠᠬᠤ ᠠᠷᠭ᠎ᠠ ᠮᠠᠶᠢᠭ
ᠲᠠ ᠲᠣᠰ ᠲᠥᠷᠥᠯ ᠵᠦᠢᠯ᠎ᠤᠨ ᠲᠤᠬᠠᠶ ᠰᠠᠨᠠᠯ ᠪᠤᠶᠤ ᠰᠠᠨᠠᠭᠤᠯᠭ᠎ᠠ᠎ᠪᠠᠨ 2023 ᠣᠨ᠎ᠤ 9 ᠳ᠋ᠦ᠍ᠭᠡᠷ ᠰᠠᠷ᠎ᠠ ᠵᠢᠨ 20᠎ᠤ ᠡᠳᠦᠷ — 2023᠎ᠤᠨ᠎ᠤ 10 ᠳ᠋ᠤᠭ᠋ᠠᠷ ᠰᠠᠷ᠎ᠠ ᠵᠢᠨ 5᠎ᠤ ᠡᠳᠦᠷ ᠤᠲᠠᠰᠤ᠂ ᠹᠠᠺᠰ᠂ ᠢᠮᠧᠯ᠂ ᠵᠠᠬᠢᠳᠠᠯ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠪᠢᠳᠡᠨ᠎ᠳᠤ ᠬᠠᠷᠢᠭᠤ ᠲᠤᠰᠬᠠᠵᠤ ᠪᠣᠯᠤᠨ᠎ᠠ᠃ ᠲᠠᠨ᠎ᠤ ᠰᠠᠨᠠᠯ ᠰᠠᠨᠠᠭᠤᠯᠭ᠎ᠠ ᠲᠣᠰ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ᠎ᠳᠤ ᠢᠳᠡᠪᠬᠢᠲᠡᠶ ᠠᠴᠢ ᠬᠣᠯᠪᠣᠭᠳᠠᠯ ᠲᠠᠢ᠂ ᠡᠨᠳᠡ ᠲᠠᠨ᠎ᠤ ᠢᠳᠡᠪᠬᠢᠲᠡᠶ ᠣᠷᠣᠯᠴᠠᠭᠰᠠᠨ᠎ᠳᠤ ᠪᠢᠳᠡ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠢ᠌ᠨ᠎ᠠ!
ᠳᠥᠷᠪᠡ᠂ ᠬᠡᠷᠡᠭᠵᠢᠭᠦᠯᠬᠦ ᠨᠢᠭᠡᠴᠢ ᠵᠢᠨ ᠨᠡᠷᠡᠢ᠌ᠳᠦᠯ ᠵᠢᠴᠢ ᠬᠠᠷᠢᠯᠴᠠᠬᠤ ᠠᠷᠭ᠎ᠠ ᠮᠠᠶᠢᠭ
ᠬᠡᠷᠡᠭᠵᠢᠭᠦᠯᠬᠦ ᠨᠢᠭᠡᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ ᠳ᠋ᠸᠩᠺᠸᠤ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ
ᠨᠢᠭᠡᠴᠢ ᠵᠢᠨ ᠬᠠᠶᠢᠭ᠄ ᠪᠤᠭᠤᠲᠤ ᠬᠣᠲᠠ ᠵᠢᠨ ᠬᠣᠪᠣᠷ ᠰᠢᠷᠣᠶ ᠵᠢᠨ ᠳᠡᠭᠡᠳᠦ ᠰᠢᠨ᠎ᠡ ᠲᠣᠭᠣᠷᠢᠭ᠎ᠤᠨ ᠬᠣᠪᠣᠷ ᠰᠢᠷᠣᠶ ᠵᠢᠨ ᠵᠡᠭᠡᠯᠢ ᠵᠢᠨ 29 ᠳ᠋ᠦ᠍ᠭᠡᠷ ᠨᠣᠮᠧᠷ
ᠬᠠᠷᠢᠯᠴᠠᠬᠤ ᠬᠥᠮᠦᠨ᠄ ᠭᠦᠸᠧ ᠫᠦ᠋
ᠤᠲᠠᠰᠤ᠄ 0472 - 5210615
ᠢᠮᠧᠯ᠎ᠤᠨ ᠬᠠᠶᠢᠭ᠄ nmhgjbgs @ 163 . com
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
2023᠎ᠤᠨ᠎ᠤ 9 ᠳ᠋ᠦ᠍ᠭᠡᠷ ᠰᠠᠷ᠎ᠠ ᠵᠢᠨ 20᠎ᠤ ᠡᠳᠦᠷ