ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
2023 ᠣᠨ᠎ᠤ ᠬᠣᠶᠠᠳᠤᠭ᠋ᠠᠷ ᠪᠦᠯᠦᠭ᠎ᠤᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠠᠷᠢᠮᠵᠢᠶᠠᠵᠢᠭᠤᠯᠬᠤ ᠬᠠᠮᠢᠶᠠᠷᠤᠯᠲᠠ ᠎ᠪᠠᠷ ᠳᠠᠮᠵᠢᠭᠰᠠᠨ ᠥᠪᠡᠷᠲᠡᠭᠡᠨ ᠵᠠᠰᠠᠬᠤ ᠣᠷᠣᠨ᠎ᠤ ᠦᠨᠡᠯᠡᠯᠲᠡ ᠵᠢᠨ ᠢᠨᠵᠧᠨᠧᠷᠢᠩ᠎ᠤᠨ ᠨᠡᠷᠡᠰ ᠎ᠤᠨ ᠵᠢᠭᠰᠠᠭ᠋ᠠᠯᠲᠠ ᠵᠢ ᠨᠡᠶ᠋ᠢᠲᠡᠯᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-02-19

ᠡᠯ᠎ᠡ ᠠᠶ᠋ᠢᠮᠠᠭ ᠬᠣᠲᠠ ᠵᠢᠨ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠲᠣᠪᠴᠢᠶ᠎ᠠ᠂ ᠡᠯ᠎ᠡ ᠲᠢᠩᠬᠢᠮ᠎ᠳᠤ ᠬᠠᠷᠢᠶᠠᠯᠠᠭᠳᠠᠬᠤ ᠬᠠᠮᠢᠶ᠎ᠠ ᠪᠦᠬᠦᠢ ᠨᠢᠭᠡᠴᠢ᠂ ᠥᠪᠥᠷ ᠮᠣᠩᠭᠣᠯ᠎ᠤᠨ ᠤᠰᠤᠨ᠎ᠤ ᠶᠠᠪᠤᠳᠠᠯ᠎ᠤᠨ ᠪᠡᠯᠡ ᠣᠷᠣᠭᠤᠯᠤᠯᠲᠠ ᠵᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠎ᠳᠤ᠄

  《ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠠᠷᠢᠮᠵᠢᠶᠠᠵᠢᠭᠤᠯᠬᠤ ᠬᠠᠮᠢᠶᠠᠷᠤᠯᠲᠠ ᠵᠢᠨ ᠠᠵᠢᠯ᠎ᠢ ᠪᠥᠬᠥ ᠲᠠᠯ᠎ᠠ᠎ᠪᠠᠷ ᠠᠬᠢᠭᠤᠯᠬᠤ ᠲᠤᠬᠠᠶ ᠤᠰᠤᠨ ᠠᠰᠢᠭᠯᠠᠯᠲᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠠᠯᠪᠠᠨ ᠲᠡᠭᠡᠭᠡᠪᠦᠷᠢ ᠬᠠᠮᠢᠶᠠᠷᠤᠯᠲᠠ ᠵᠠᠬᠢᠳᠠᠯ [2023] 110 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ       ᠦᠨᠳᠦᠰᠦᠯᠡᠨ᠂ ᠮᠠᠨ᠎ᠤ ᠲᠢᠩᠬᠢᠮ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠠᠷᠢᠮᠵᠢᠶᠠᠵᠢᠭᠤᠯᠬᠤ ᠬᠠᠮᠢᠶᠠᠷᠤᠯᠲᠠ ᠦᠨᠡᠯᠡᠯᠲᠡ ᠵᠢᠨ ᠠᠵᠢᠯ᠎ᠢ ᠢᠳᠡᠪᠬᠢᠲᠡᠶ ᠵᠣᠬᠢᠶᠠᠨ ᠪᠠᠶ᠋ᠢᠭᠤᠯᠤᠨ ᠥᠷᠨᠢᠭᠦᠯᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠠᠷᠢᠮᠵᠢᠶᠠᠵᠢᠭᠤᠯᠬᠤ ᠬᠠᠮᠢᠶᠠᠷᠤᠯᠲᠠ ᠵᠢᠨ ᠦᠨᠡᠯᠡᠯᠲᠡ ᠵᠢᠨ ᠠᠷᠭ᠎ᠠ (ᠲᠤᠷᠰᠢᠨ ᠬᠡᠷᠡᠭᠵᠢᠭᠦᠯᠬᠦ) ᠵᠢᠴᠢ ᠦᠨᠡᠯᠡᠬᠦ ᠪᠠᠷᠢᠮᠵᠢᠶ᠎ᠠ》 (ᠥᠪᠥᠷ ᠤᠰᠤᠨ ᠲᠡᠭᠡᠭᠡᠪᠦᠷᠢ ᠵᠢᠨ ᠬᠠᠮᠢᠶᠠᠷᠤᠯᠲᠠ [2022] 121 ᠳ᠋ᠦ᠍ᠭᠡᠷ ᠲᠣᠭ᠋ᠠᠲᠤ) ᠵᠢ ᠴᠢᠩᠭ᠎ᠠ ᠵᠢᠷᠤᠮᠯᠠᠨ ᠬᠢᠨᠠᠨ ᠬᠠᠷᠭᠤᠭᠤᠯᠵᠤ ᠦᠨᠡᠯᠡᠯᠲᠡ ᠬᠢᠨ᠎ᠠ᠃ ᠬᠢᠨᠠᠨ ᠪᠠᠶ᠋ᠢᠴᠠᠭ᠋ᠠᠭ᠋ᠠᠳ᠂ 2023 ᠣᠨ᠎ᠤ ᠬᠣᠶᠠᠳᠤᠭ᠋ᠠᠷ ᠪᠦᠯᠦᠭ ᠪᠥᠬᠥ ᠣᠷᠣᠨ᠎ᠤ ᠨᠡᠶ᠋ᠢᠲᠡ 10 ᠤᠰᠤᠨ ᠠᠰᠢᠭᠯᠠᠯᠲᠠ ᠵᠢᠨ ᠢᠨᠵᠧᠨᠧᠷᠢᠩ ᠥᠪᠡᠷᠲᠡᠭᠡᠨ ᠵᠠᠰᠠᠬᠤ ᠣᠷᠣᠨ᠎ᠤ ᠦᠨᠡᠯᠡᠬᠦ ᠪᠠᠷᠢᠮᠵᠢᠶ᠎ᠠ᠎ᠳᠤ ᠬᠦᠷᠴᠦ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ  ᠪᠠᠷᠢᠮᠵᠢᠶᠠᠵᠢᠭᠤᠯᠬᠤ ᠬᠠᠮᠢᠶᠠᠷᠤᠯᠲᠠ ᠵᠢᠨ ᠢᠨᠵᠧᠨᠧᠷᠢᠩ ᠵᠶ᠋ᠠᠷ ᠦᠨᠡᠮᠰᠢᠭᠳᠡᠭᠰᠡᠨ᠎ᠢ ᠡᠳᠦᠭᠡ ᠨᠡᠶ᠋ᠢᠲᠡᠯᠡᠪᠡ (ᠳᠠᠭ᠋ᠠᠯᠳᠤᠭᠤᠯᠤᠯ᠎ᠳᠤ ᠦᠵᠡ)᠃

   ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠬᠣᠶᠠᠳᠤᠭ᠋ᠠᠷ ᠪᠦᠯᠦᠭ ᠤᠰᠤᠨ ᠠᠰᠢᠭᠯᠠᠯᠲᠠ ᠵᠢᠨ ᠢᠨᠵᠧᠨᠧᠷᠢᠩ᠎ᠤᠨ  ᠪᠠᠷᠢᠮᠵᠢᠶᠠᠵᠢᠭᠤᠯᠬᠤ ᠬᠠᠮᠢᠶᠠᠷᠤᠯᠲᠠ᠎ᠳᠤ ᠬᠢᠷᠢ ᠲᠡᠩᠴᠡᠭᠰᠡᠨ ᠥᠪᠡᠷᠲᠡᠭᠡᠨ ᠵᠠᠰᠠᠬᠤ ᠣᠷᠣᠨ᠎ᠤ ᠦᠨᠡᠯᠡᠯᠲᠡ ᠵᠢᠨ ᠢᠨᠵᠧᠨᠧᠷᠢᠩ᠎ᠤᠨ ᠨᠡᠷᠡᠰ᠎ᠤᠨ ᠵᠢᠭᠰᠠᠭ᠋ᠠᠯᠲᠠ.et

  

          2024 ᠣᠨ᠎ᠤ 2 ᠳ᠋ᠤᠭ᠋ᠠᠷ ᠰᠠᠷ᠎ᠠ ᠵᠢᠨ 4᠎ᠤ ᠡᠳᠦᠷ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ 2023 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠣᠨ᠎ᠤ ᠮᠡᠳᠡᠭᠦᠯᠦᠯᠲᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠨ ᠱᠸᠩ ᠬᠦᠩ ᠤᠰᠤᠨ ᠠᠰᠢᠭᠯᠠᠯᠲᠠ ᠵᠢᠨ ᠬᠦᠢ᠍ᠰᠦ ᠬᠠᠮᠢᠶᠠᠷᠤᠯᠲᠠ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠢ᠌ᠭᠤᠯᠤᠮᠵᠢ ᠨᠡᠷ᠎ᠡ ᠮᠡᠳᠡᠭᠦᠯᠬᠦ ᠠᠯᠪᠠᠨ ᠵᠠᠷ
ᠬᠦᠳᠡᠭᠡ ᠲᠤᠰᠬᠤᠨ ᠮᠠᠯᠵᠢᠬᠤ ᠣᠷᠣᠨ᠎ᠤ ᠤᠰᠤ ᠬᠠᠩᠭ᠋ᠠᠬᠤ 《ᠭᠤᠷᠪᠠᠨ ᠠᠷᠪᠠ》 ᠵᠢ ᠡᠭᠦᠳᠦᠨ ᠪᠠᠶ᠋ᠢᠭᠤᠯᠬᠤ ᠨᠡᠷᠡᠰ᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠵᠠᠷᠯᠠᠯ
ᠬᠠᠲᠤᠨ ᠭᠤᠤᠯ᠎ᠤᠨ ᠥᠪᠥᠷ ᠮᠣᠩᠭᠤᠯ᠎ᠳᠠᠬᠢ ᠬᠡᠰᠡᠭ᠎ᠤᠨ ᠭᠤᠤᠯ ᠤᠷᠤᠰᠬᠠᠯ᠎ᠤᠨ ᠨᠦᠯᠦᠮᠡᠯ᠎ᠤᠨ ᠵᠠᠳᠠᠯᠤᠯᠲᠠ ᠵᠢᠴᠢ ᠣᠳᠣᠬᠢ ᠪᠠᠶ᠋ᠢᠳᠠᠯ᠎ᠤᠨ ᠰᠢᠯᠵᠢᠯᠲᠡ ᠵᠢᠨ ᠴᠢᠳᠠᠪᠤᠷᠢ ᠵᠢ ᠳᠠᠬᠢᠨ ᠬᠢᠨᠠᠬᠤ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠯᠡ᠎ᠪᠠᠷ ᠠᠳᠠᠯᠢᠳᠬᠠᠬᠤ ᠠᠯᠪᠠᠨ ᠵᠠᠷ
 
            