2023 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 《ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠬᠡᠷᠡᠭᠵᠢᠭᠦᠯᠬᠦ ᠬᠥᠲᠥᠯᠪᠦᠷᠢ (2021— 2025 ᠣᠨ)》 ᠪᠣᠯᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠲᠥᠰᠦᠯ᠎ᠤᠨ ᠱᠠᠭ᠋ᠠᠷᠳᠠᠯᠭ᠎ᠠ ᠶᠣᠰᠣᠭ᠋ᠠᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠤᠯ ᠱᠤᠭᠤᠮ᠎ᠢ ᠪᠠᠷᠢᠮᠲᠠᠯᠠᠵᠤ᠂ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ ᠪᠥᠬᠦ ᠲᠠᠯ᠎ᠠ᠎ᠪᠠᠷ ᠭᠦᠢ᠍ᠴᠡᠳᠭᠡᠵᠦ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠯᠠᠪᠳᠠᠭᠤᠨ ᠪᠠᠲᠤᠲᠠᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠶ ᠬᠥᠭᠵᠢᠯᠲᠡ᠎ᠳᠤ ᠪᠠᠲᠤ ᠴᠢᠩᠭ᠎ᠠ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠪᠠ᠃
ᠨᠢᠭᠡ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ᠎ᠳᠠᠬᠢ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠨ᠎ᠠ
ᠨᠢᠭᠡ᠎ᠳᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ᠃ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠤᠣᠯ ᠳᠤᠭᠤᠶ᠋ᠢᠯᠠᠩ᠎ᠤᠨ ᠣᠨ᠎ᠤ ᠰᠤᠷᠤᠯᠴᠠᠬᠤ ᠲᠥᠯᠥᠪᠯᠡᠭᠡ᠎ᠳᠤ ᠣᠷᠣᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠭᠤᠣᠯ ᠰᠡᠳᠦᠪᠲᠦ ᠬᠥᠮᠦᠵᠢᠯ᠎ᠤᠨ ᠴᠢᠬᠤᠯᠠ ᠰᠤᠷᠤᠯᠴᠠᠬᠤ ᠠᠭᠤᠯᠭ᠎ᠠ ᠪᠣᠯᠭ᠋ᠠᠵᠤ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠂ ᠭᠤᠣᠯ ᠳᠤᠭᠤᠶ᠋ᠢᠯᠠᠩ᠎ᠤᠨ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠲᠥᠪ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ 《ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠋ᠠᠨ᠎ᠤ ᠰᠤᠷᠤᠯᠴᠠᠯᠭ᠎ᠠ ᠵᠢᠨ ᠬᠥᠲᠥᠯᠪᠦᠷᠢ》 ᠵᠢ ᠤᠯᠠᠨ ᠤᠳᠠᠭ᠎ᠠ ᠲᠤᠰᠬᠠᠢ ᠰᠡᠳᠦᠪ ᠵᠶ᠋ᠠᠷ ᠰᠤᠷᠤᠯᠴᠠᠵᠤ᠂ ᠥᠪᠥᠷ ᠮᠣᠩᠭᠤᠯ᠎ᠤᠨ ᠨᠠᠮ᠎ᠤᠨ ᠰᠤᠷᠭ᠋ᠠᠭᠤᠯᠢ ᠵᠢᠨ ᠫᠷᠤᠹᠧᠰᠰᠤᠷ᠎ᠢ ᠤᠷᠢᠵᠤ ᠲᠤᠰᠬᠠᠢ ᠰᠡᠳᠦᠪᠲᠦ ᠵᠢᠯᠤᠭᠤᠳᠤᠯᠭ᠎ᠠ ᠬᠢᠯᠭᠡᠵᠦ᠂ 《ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠬᠠᠤᠯᠢ ᠶᠣᠰᠣᠭ᠋ᠠᠷ ᠤᠰᠤ ᠵᠢ ᠵᠠᠰᠠᠵᠤ ᠴᠢᠨᠠᠷ ᠰᠠᠶ᠋ᠢᠲᠠᠶ ᠬᠥᠭᠵᠢᠯᠲᠡ ᠵᠢ ᠪᠠᠲᠤᠯᠠᠶ᠎ᠠ》 ᠭᠡᠬᠦ ᠭᠤᠤᠯ ᠰᠡᠳᠦᠪ᠎ᠤᠨ ᠲᠣᠭᠤᠷᠢᠨ᠎ᠳᠤ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠬᠤ ᠵᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠺᠠᠳ᠋ᠷ ᠠᠵᠢᠯᠲᠠᠨ ᠠᠵᠢᠯᠴᠢᠨ᠎ᠢ ᠬᠥᠮᠦᠵᠢᠭᠦᠯᠦᠨ ᠵᠢᠯᠣᠭᠤᠳᠴᠤ ᠪᠠᠶ᠋ᠢᠭ᠋ᠠᠳ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠋ᠠᠨ᠎ᠤ ᠪᠠᠶᠠᠯᠢᠭ ᠠᠭᠤᠯᠤᠭᠳᠠᠬᠤᠨ᠂ ᠵᠣᠷᠢᠭ ᠰᠠᠨᠠᠭ᠋ᠠᠨ᠎ᠤ ᠮᠥᠨ ᠴᠢᠨᠠᠷ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠶ ᠣᠶ᠋ᠢᠯᠠᠭ᠋ᠠᠭᠤᠯᠵᠤ᠂ ᠬᠠᠤᠯᠢ᠎ᠪᠠᠷ ᠵᠠᠰᠠᠬᠤ ᠦᠵᠡᠯᠲᠡ᠎ᠪᠠᠨ ᠲᠠᠰᠤᠷᠠᠯᠲᠠ ᠥᠬᠡᠶ ᠴᠢᠩᠭ᠋ᠠᠳᠬᠠᠨ᠂ ᠬᠠᠤᠯᠢ᠎ᠪᠠᠷ ᠵᠠᠰᠠᠬᠤ ᠬᠡᠪ ᠪᠣᠯᠪᠠᠰᠤᠷᠠᠯ᠎ᠢ᠎ᠨᠢ ᠳᠡᠭᠡᠭᠰᠢᠯᠡᠭᠦᠯᠵᠦ᠂ ᠤᠳᠤᠷᠢᠳᠬᠤ ᠺᠠᠳ᠋ᠷ ᠲᠦᠷᠦᠭᠦᠯᠡᠨ ᠬᠠᠤᠯᠢ ᠵᠢ ᠬᠦᠨᠳᠦᠳᠬᠡᠨ ᠬᠠᠤᠯᠢ ᠵᠢ ᠰᠠᠬᠢᠬᠤ ᠵᠢ ᠠᠬᠢᠭᠤᠯᠵᠤ᠂ ᠬᠠᠤᠯᠢ᠎ᠪᠠᠷ ᠵᠠᠰᠠᠬᠤ ᠰᠡᠳᠬᠢᠬᠦᠶ ᠪᠠ ᠬᠠᠤᠯᠢ᠎ᠪᠠᠷ ᠵᠠᠰᠠᠬᠤ ᠠᠷᠭ᠎ᠠ ᠬᠡᠯᠪᠡᠷᠢ᠎ᠪᠠᠷ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ ᠴᠢᠳᠠᠪᠤᠷᠢ ᠵᠢ᠎ᠨᠢ ᠳᠡᠭᠡᠭᠰᠢᠯᠡᠭᠦᠯᠪᠡ᠃ ᠬᠤᠶᠠᠷ᠎ᠲᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠬᠠᠤᠯᠢ᠎ᠪᠠᠷ ᠤᠰᠤ ᠵᠢ ᠵᠠᠰᠠᠬᠤ ᠤᠳᠤᠷᠢᠳᠬᠤ ᠳᠤᠭᠤᠶ᠋ᠢᠯᠠᠩ᠎ᠢ ᠴᠠᠭ ᠲᠤᠬᠠᠶ᠎ᠳᠤᠨᠢ ᠲᠣᠬᠢᠷᠠᠭᠤᠯᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠣᠨ᠎ᠤ ᠠᠵᠢᠯ᠎ᠤᠨ ᠲᠥᠯᠥᠪᠯᠡᠭᠡ᠎ᠳᠤ ᠵᠢᠭᠰᠠᠭ᠋ᠠᠨ ᠣᠷᠣᠭᠤᠯᠵᠤ᠂ ᠲᠢᠩᠬᠢᠮ᠎ᠤᠨ ᠬᠠᠷᠢᠶ᠎ᠠ ᠨᠢᠭᠡᠴᠢ ᠵᠢᠨ ᠤᠳᠤᠷᠢᠳᠬᠤ ᠪᠠᠭ ᠪᠠ ᠲᠢᠩᠬᠢᠮ᠎ᠤᠨ ᠪᠠᠶ᠋ᠢᠭᠤᠯᠭ᠎ᠠ ᠵᠢᠨ ᠠᠵᠢᠯᠲᠠᠨ᠎ᠤ ᠣᠨ᠎ᠤ ᠰᠢᠯᠭ᠋ᠠᠨ ᠬᠢᠨᠠᠬᠤ ᠭᠦᠢ᠍ᠴᠡᠳᠬᠡᠯ ᠲᠤᠭᠠᠳᠤ ᠣᠷᠣᠭᠤᠯᠤᠨ᠎ᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠠᠵᠢᠯ᠎ᠢ 8 ᠤᠳᠠᠭ᠎ᠠ ᠲᠤᠰᠬᠠᠶ ᠰᠡᠳᠦᠪ ᠵᠶ᠋ᠠᠷ ᠰᠤᠳᠤᠯᠤᠨ ᠪᠠᠶ᠋ᠢᠷᠢᠯᠠᠭᠤᠯᠵᠤ᠂ ᠡᠯ᠎ᠡ ᠵᠦᠢ᠍ᠯ᠎ᠤᠨ ᠡᠭᠦᠷᠭᠡ ᠵᠢ ᠰᠦᠪᠡᠭᠴᠢᠯᠡᠨ ᠨᠠᠶ᠋ᠢᠳᠠᠪᠤᠷᠢᠵᠢᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠬᠤᠯᠪᠣᠭᠳᠠᠯ ᠪᠥᠬᠦᠶ ᠠᠰᠠᠭᠤᠳᠠᠯ᠎ᠢ ᠴᠠᠭ ᠲᠤᠬᠠᠶ᠎ᠳᠤᠨᠢ ᠰᠤᠳᠤᠯᠤᠨ ᠰᠢᠢ᠍ᠳᠪᠦᠷᠢᠯᠡᠪᠡ᠃ ᠭᠤᠷᠪᠠ᠎ᠳᠤ᠂ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠪᠡ᠃ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠴᠢᠬᠤᠯᠠ ᠠᠵᠢᠯ᠎ᠢ ᠪᠡᠶ᠎ᠡ᠎ᠪᠠᠷ ᠵᠶ᠋ᠠᠨ ᠪᠠᠶ᠋ᠢᠷᠢᠯᠠᠭᠤᠯᠵᠤ᠂ ᠴᠢᠬᠤᠯᠠ ᠶᠡᠭᠡ ᠠᠰᠠᠭᠤᠳᠠᠯ᠎ᠢ ᠪᠡᠶ᠎ᠡ᠎ᠪᠠᠷ ᠵᠶ᠋ᠠᠨ ᠠᠰᠠᠭᠤᠵᠤ᠂ ᠭᠤᠣᠯᠳᠠᠯᠭ᠎ᠠ᠎ᠲᠠᠢ ᠭᠤᠭᠴᠤᠭ᠎ᠠ ᠵᠢ ᠪᠡᠶ᠎ᠡ᠎ᠪᠠᠷ ᠵᠶ᠋ᠠᠨ ᠵᠣᠬᠢᠴᠠᠭᠤᠯᠵᠤ᠂ ᠴᠢᠬᠤᠯᠠ ᠡᠭᠦᠷᠭᠡ ᠵᠢ ᠪᠡᠶ᠎ᠡ᠎ᠪᠠᠷ ᠵᠶ᠋ᠠᠨ ᠬᠢᠨᠠᠨ ᠭᠦᠢ᠍ᠴᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠣᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠠᠵᠢᠯ᠎ᠤᠨ ᠭᠤᠣᠯᠳᠠᠯᠭ᠎ᠠ ᠵᠢ ᠵᠣᠬᠢᠶᠠᠨ ᠪᠠᠶ᠋ᠢᠭᠤᠯᠤᠨ ᠲᠣᠭᠲᠠᠭ᠋ᠠᠵᠤ᠂ ᠵᠢᠯ᠎ᠤᠨ ᠡᠬᠢᠨ᠎ᠤ ᠪᠥᠬᠦ ᠣᠷᠣᠨ᠎ᠤ ᠤᠰᠤᠨ ᠠᠰᠢᠭᠯᠠᠯᠲᠠ ᠵᠢᠨ ᠰᠢᠰᠲ᠋ᠧᠮ᠎ᠤᠨ ᠤᠰᠤᠨ ᠠᠰᠢᠭᠯᠠᠯᠲᠠ ᠵᠢᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠲᠦᠷᠭᠡᠳᠬᠡᠬᠦ᠎ᠳᠤ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠪᠠ; ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠂ ᠲᠢᠩᠬᠢᠮ᠎ᠤᠨ ᠶᠠᠪᠤᠳᠠᠯ᠎ᠤᠨ ᠬᠤᠷᠠᠯ᠂ ᠲᠢᠩᠬᠢᠮ᠎ᠤᠨ ᠶᠠᠪᠤᠳᠠᠯ᠎ᠤᠨ ᠲᠢᠩᠬᠢᠮ᠎ᠤᠨ ᠳᠠᠷᠤᠭ᠎ᠠ ᠵᠢᠨ ᠠᠯᠪᠠᠨ ᠠᠵᠢᠯ᠎ᠤᠨ ᠬᠤᠷᠠᠯ ᠵᠡᠷᠭᠡ ᠵᠢ ᠤᠯᠠᠨ ᠤᠳᠠᠭ᠎ᠠ ᠡᠷᠬᠢᠯᠡᠨ ᠬᠤᠷᠠᠯᠳᠤᠭᠤᠯᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠠᠬᠢᠭᠤᠯᠬᠤ ᠭᠤᠣᠯᠳᠠᠯᠭ᠎ᠠ᠎ᠲᠠᠢ ᠠᠵᠢᠯ᠎ᠢ ᠰᠤᠳᠤᠯᠤᠨ ᠪᠠᠶ᠋ᠢᠷᠢᠯᠠᠭᠤᠯᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠤᠰᠤᠨ ᠠᠰᠢᠭᠯᠠᠯᠲᠠ ᠵᠢᠨ ᠬᠦᠷᠢᠶᠡᠨ᠎ᠳᠤ ᠲᠡᠷᠡ ᠶᠣᠰᠣᠭ᠋ᠠᠷ᠎ᠨᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠪᠠ᠃
ᠬᠣᠶᠠᠷ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠦᠬᠦ ᠲᠠᠯ᠎ᠠ᠎ᠪᠠᠷ ᠴᠢᠩᠭ᠋ᠠᠳᠬᠠᠨ᠎ᠠ
ᠨᠢᠭᠡ᠎ᠳᠤ᠂ ᠬᠠᠤᠯᠢ ᠶᠣᠰᠣᠭ᠋ᠠᠷ ᠰᠢᠨᠵᠢᠯᠡᠬᠦ ᠤᠬᠠᠭ᠋ᠠᠨᠴᠢ᠎ᠪᠠᠷ ᠠᠷᠠᠳᠴᠢᠯᠠᠯ ᠵᠶ᠋ᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠵᠢ ᠪᠠᠷᠢᠮᠲᠠᠯᠠᠨ᠎ᠠ᠃ ᠬᠠᠤᠯᠢ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠦᠵᠡᠯ ᠤᠬᠠᠮᠰᠠᠷ᠎ᠢ ᠪᠠᠲᠤ ᠪᠠᠬᠢ ᠪᠤᠢ ᠪᠣᠯᠭ᠋ᠠᠵᠤ᠂ ᠬᠠᠤᠯᠢ᠎ᠪᠠᠷ ᠲᠣᠭᠲᠠᠭ᠋ᠠᠭᠰᠠᠨ ᠡᠷᠬᠡ ᠵᠢᠨ ᠬᠢᠵᠠᠭ᠋ᠠᠷ ᠪᠠ ᠬᠠᠤᠯᠢ᠎ᠪᠠᠷ ᠲᠣᠭᠲᠠᠭ᠋ᠠᠭᠰᠠᠨ ᠳᠡᠰ ᠳᠠᠷᠠᠭ᠋ᠠᠯᠠᠯ᠎ᠢ ᠴᠢᠩᠭ᠎ᠠ ᠵᠢᠷᠤᠮᠯᠠᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠨ᠎ᠠ᠃ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯ᠎ᠤᠨ ᠲᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯ᠎ᠤᠨ ᠲᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠠᠰ ᠳᠠᠷᠠᠭ᠋ᠠᠯᠠᠯ᠎ᠤᠨ ᠲᠣᠭᠲᠠᠭ᠋ᠠᠯ》 ᠵᠡᠷᠭᠡ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠂ ᠲᠢᠩᠬᠢᠮ᠎ᠤᠨ ᠶᠠᠪᠤᠳᠠᠯ᠎ᠤᠨ ᠬᠤᠷᠠᠯ᠎ᠢ ᠡᠷᠭᠢᠯᠡᠨ ᠬᠤᠷᠠᠯᠳᠤᠭᠤᠯᠬᠤ ᠵᠢ ᠪᠠᠷᠢᠮᠲᠠᠯᠠᠨ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠦᠢ᠍ᠯᠡᠰ᠎ᠢ ᠰᠤᠳᠤᠯᠤᠨ ᠶᠠᠷᠢᠯᠴᠠᠪᠠ᠃ ᠤᠰᠤᠨ ᠠᠰᠢᠭᠯᠠᠯᠲᠠ ᠵᠢᠨ ᠴᠢᠬᠤᠯᠠ ᠲᠥᠯᠥᠪᠵᠢᠭᠦᠯᠭᠡ᠂ ᠲᠥᠷᠥᠯ ᠵᠦᠢ᠍ᠯ᠂ ᠠᠷᠭ᠎ᠠ ᠬᠡᠮᠵᠢᠶ᠎ᠡ ᠵᠡᠷᠭᠡ ᠵᠢ ᠲᠣᠭᠲᠠᠭ᠋ᠠᠬᠤ ᠪᠠ ᠬᠡᠷᠡᠭᠵᠢᠭᠦᠯᠬᠦ ᠡᠷᠬᠡ ᠮᠡᠳᠡᠯ᠂ ᠳᠡᠰ ᠳᠠᠷᠠᠭ᠋ᠠᠯᠠᠯ᠂ ᠠᠭᠤᠯᠭ᠎ᠠ᠎ᠳᠤ ᠬᠠᠤᠯᠢ ᠶᠣᠰᠣᠴᠢ ᠴᠢᠨᠠᠷ᠎ᠤᠨ ᠬᠢᠨᠠᠨ ᠪᠠᠶ᠋ᠢᠴᠠᠭ᠋ᠠᠯᠲᠠ ᠬᠢᠬᠦ ᠵᠢ ᠬᠤᠷᠠᠯ᠎ᠳᠤ ᠳᠡᠪᠰᠢᠭᠦᠯᠵᠦ ᠬᠢᠨᠠᠨ ᠵᠥᠪᠯᠡᠭᠦᠯᠬᠦ ᠵᠢᠨ ᠤᠷᠢᠳᠠᠴᠢ ᠨᠥᠬᠦᠴᠡᠯ ᠪᠣᠯᠭ᠋ᠠᠨ᠎ᠠ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠪᠢᠴᠢᠭ ᠮᠠᠲ᠋ᠧᠷᠢᠶᠠᠯ᠎ᠤᠨ ᠬᠠᠤᠯᠢ ᠶᠣᠰᠣᠴᠢ ᠴᠢᠨᠠᠷ᠎ᠢ ᠬᠢᠨᠠᠨ ᠬᠠᠷᠭᠤᠭᠤᠯᠬᠤ ᠠᠷᠭ᠎ᠠ》 ᠵᠢ ᠲᠣᠭᠲᠠᠭ᠋ᠠᠵᠤ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠵᠢᠴᠢ ᠪᠤᠰᠤᠳ ᠭᠤᠶᠤᠴᠢᠯᠠᠨ ᠮᠡᠳᠡᠭᠦᠯᠬᠦ ᠲᠥᠷᠥᠯ᠎ᠤᠨ ᠪᠢᠴᠢᠭ ᠮᠠᠲ᠋ᠧᠷᠢᠶᠠᠯ᠎ᠤᠨ ᠬᠠᠤᠯᠢ ᠶᠣᠰᠣᠴᠢ ᠴᠢᠨᠠᠷ᠎ᠢ ᠬᠢᠨᠠᠨ ᠬᠠᠷᠭᠤᠭᠤᠯᠬᠤ ᠠᠵᠢᠯ᠎ᠢ ᠬᠠᠤᠯᠢ ᠲᠣᠭᠲᠠᠭ᠋ᠠᠯ ᠶᠣᠰᠣᠭ᠋ᠠᠷ ᠰᠠᠶ᠋ᠢᠲᠤᠷ ᠬᠢᠨ᠎ᠠ᠃ ᠠᠯᠪᠠᠨ ᠲᠤᠰᠢᠶᠠᠯᠲᠤ ᠬᠠᠤᠯᠢᠴᠢ᠂ ᠬᠠᠤᠯᠢ ᠴᠠᠭ᠋ᠠᠵᠠ ᠵᠢᠨ ᠵᠥᠪᠯᠡᠭᠴᠢ ᠵᠢᠨ ᠬᠠᠤᠯᠢ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠤᠮᠳᠠᠬᠢ ᠴᠢᠬᠤᠯᠠ ᠦᠢ᠍ᠯᠡᠳᠦᠯ᠎ᠢ ᠦᠨᠡᠨ ᠬᠦ᠌ ᠪᠠᠳᠠᠷᠠᠭᠤᠯᠵᠤ᠂ ᠬᠠᠤᠯᠢ ᠴᠠᠭ᠋ᠠᠵᠠ ᠵᠢᠨ ᠵᠥᠪᠯᠡᠭᠴᠢ ᠵᠢᠨ ᠪᠦᠯᠬᠦᠮ᠎ᠨᠢ ᠪᠥᠬᠦ ᠵᠢᠯ᠎ᠳᠤ ᠰᠢᠢ᠍ᠳᠪᠦᠷᠢᠲᠦ ᠪᠣᠳᠣᠯᠭ᠎ᠠ ᠵᠢᠨ ᠯᠠᠪᠯᠠᠭ᠎ᠠ᠂ ᠬᠠᠤᠯᠢ ᠶᠣᠰᠣᠴᠢ ᠴᠢᠨᠠᠷ᠎ᠤᠨ ᠬᠢᠨᠠᠨ ᠪᠠᠶ᠋ᠢᠴᠠᠭ᠋ᠠᠯᠲᠠ᠂ ᠤᠰᠤᠨ ᠠᠰᠢᠭᠯᠠᠯᠲᠠ ᠵᠢᠨ ᠬᠠᠤᠯᠢ ᠲᠣᠭᠲᠠᠭ᠋ᠠᠬᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠂ ᠵᠠᠰᠠᠭ ᠵᠠᠬᠢᠷᠭ᠋ᠠᠨ᠎ᠤ ᠵᠠᠷᠭᠤ ᠬᠢᠬᠦ᠂ ᠵᠠᠬᠢᠳᠠᠯ ᠰᠤᠷᠪᠤᠯᠵᠢᠯᠠᠯ᠎ᠢ ᠭᠦᠢ᠍ᠴᠡᠳᠭᠡᠬᠦ ᠵᠡᠷᠭᠡ ᠲᠠᠯ᠎ᠠ᠎ᠪᠠᠷ ᠬᠠᠤᠯᠢ ᠴᠠᠭ᠋ᠠᠵᠠ ᠵᠢᠨ ᠰᠠᠨᠠᠯ 35 ᠤᠳᠠᠭ᠎ᠠ ᠭᠠᠷᠭ᠋ᠠᠪᠠ᠃ ᠬᠤᠶᠠᠷ᠎ᠲᠤ᠂ ᠡᠷᠬᠡ ᠵᠢᠨ ᠠᠵᠢᠯᠯᠠᠭ᠋ᠠᠨ᠎ᠳᠤ ᠬᠢᠨᠠᠯᠲᠠ ᠲᠠᠯᠪᠢᠬᠤ ᠪᠠ ᠬᠢᠵᠠᠭ᠋ᠠᠷᠯᠠᠬᠤ ᠵᠢ ᠴᠢᠩᠭ᠋ᠠᠳᠬᠠᠨ᠎ᠠ᠃ ᠨᠠᠮ᠎ᠤᠨ ᠳᠣᠲᠣᠭ᠋ᠠᠳᠤ ᠵᠢᠨ ᠬᠢᠨᠠᠯᠲᠠ ᠲᠠᠯᠪᠢᠬᠤ ᠲᠣᠭᠲᠠᠴᠠ ᠵᠢ ᠴᠢᠩᠭ᠋ᠠᠳᠬᠠᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠪᠣᠯᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠢ ᠲᠤᠰᠬᠠᠢ ᠰᠡᠳᠦᠪ ᠵᠶ᠋ᠠᠷ ᠵᠥᠪᠳᠡᠯᠴᠡᠵᠦ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠭᠠᠷ ᠳᠡᠪᠲᠡᠷ᠎ᠲᠤ ᠵᠠᠰᠠᠪᠤᠷᠢ ᠣᠷᠣᠭᠤᠯᠵᠤ᠂ 《ᠨᠢᠭᠡᠳᠦᠭᠡᠷ ᠭᠠᠷ》 ᠪᠠ ᠤᠳᠤᠷᠢᠳᠬᠤ ᠪᠠᠭ᠎ᠲᠤ ᠬᠢᠨᠠᠯᠲᠠ ᠲᠠᠯᠪᠢᠬᠤ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠦᠯ᠎ᠢ ᠲᠣᠭᠲᠠᠭ᠋ᠠᠵᠤ᠂ ᠯᠢ ᠵᠢᠶᠧ ᠰᠢᠶᠠᠩ᠎ᠤᠨ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠬᠦᠨᠳᠦ ᠨᠣᠴᠢᠲᠠᠢ ᠵᠥᠷᠢᠴᠡᠭᠰᠡᠨ ᠬᠡᠷᠡᠭ᠎ᠤᠨ ᠬᠡᠷᠡᠭ ᠵᠶ᠋ᠠᠷ ᠥᠭᠡᠷᠡᠴᠢᠯᠡᠯᠲᠡ ᠵᠢ ᠠᠬᠢᠭᠤᠯᠬᠤ ᠠᠵᠢᠯ᠎ᠢ ᠥᠷᠨᠢᠭᠦᠯᠪᠡ᠃ ᠨᠡᠶ᠋ᠢᠭᠡᠮ᠎ᠤᠨ ᠬᠢᠨᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠵᠦ᠂ ᠤᠰᠤᠨ ᠠᠰᠢᠭᠯᠠᠯᠲᠠ ᠵᠢᠨ ᠶᠠᠮᠤᠨ᠎ᠤ 12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ᠂ ᠥᠪᠡᠷᠲᠡᠭᠡᠨ ᠵᠠᠰᠠᠬᠤ ᠣᠷᠣᠨ᠎ᠤ 12345 ᠬᠠᠯᠠᠮᠰᠢᠯ ᠤᠲᠠᠰᠤ ᠵᠡᠷᠭᠡ ᠵᠦᠢ᠍ᠯᠡᠰ᠎ᠢ ᠨᠠᠷᠢᠨ ᠬᠢᠨᠠᠮᠠᠭ᠋ᠠᠢ ᠰᠢᠢ᠍ᠳᠪᠦᠷᠢᠯᠡᠵᠦ᠂ ᠪᠦᠬᠦ ᠵᠢᠯ᠎ᠳᠤ ᠡᠯ᠎ᠡ ᠲᠥᠷᠥᠯ᠎ᠤᠨ ᠵᠠᠬᠢᠳᠠᠯ ᠰᠤᠷᠪᠤᠯᠵᠢᠯᠠᠯ᠂ ᠢᠯᠡᠴᠢᠯᠡᠨ ᠮᠡᠳᠡᠭᠦᠯᠦᠯᠲᠡ᠂ ᠵᠠᠭ᠋ᠠᠯᠳᠤᠯᠭ᠎ᠠ᠂ ᠵᠥᠪᠯᠡᠯᠭᠡ ᠵᠢᠨ ᠵᠦᠢ᠍ᠯᠡᠰ᠎ᠢ 318 ᠬᠤᠪᠢ ᠭᠦᠢ᠍ᠴᠡᠳᠬᠡᠪᠡ; ᠫᠤᠷᠲ᠋ᠧᠯ ᠰᠦᠯᠵᠢᠶ᠎ᠡ᠎ᠳᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ 1600 ᠭᠠᠷᠤᠢ ᠵᠤᠷᠪᠤᠰ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠵᠤ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠳᠤ ᠬᠠᠤᠯᠢ ᠶᠣᠰᠣᠭ᠋ᠠᠷ ᠬᠠᠷᠢᠭᠤᠯᠲᠠ ᠥᠭᠴᠦ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠲᠤ ᠬᠤᠶᠠᠷ ᠶᠡᠭᠡ ᠬᠡᠷᠡᠭ ᠶᠠᠪᠤᠳᠠᠯ᠎ᠳᠤ ᠪᠠᠲᠤ ᠴᠢᠩᠭ᠎ᠠ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ᠂ ᠪᠦᠬᠦ ᠣᠷᠣᠨ᠎ᠤ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠦᠷ᠎ᠡ ᠪᠦᠲᠦᠮᠵᠢ ᠵᠡᠷᠭᠡ 2 ᠲᠠᠯᠠᠪᠤᠷ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠡ᠃ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠢᠨᠠᠯᠲᠠ ᠲᠠᠯᠪᠢᠬᠤ ᠪᠠ ᠠᠷᠠᠳᠴᠢᠯᠠᠯ ᠵᠶ᠋ᠠᠷ ᠬᠢᠨᠠᠯᠲᠠ ᠲᠠᠯᠪᠢᠬᠤ ᠵᠢ ᠤᠬᠠᠮᠰᠠᠷ᠎ᠠᠴᠠ᠎ᠪᠠᠨ ᠬᠦᠯᠢᠶᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠰᠠᠨᠠᠭᠤᠯᠭ᠎ᠠ ᠪᠠ ᠤᠯᠤᠰ ᠲᠥᠷᠥ ᠵᠢᠨ ᠵᠥᠪᠯᠡᠯᠭᠡᠨ᠎ᠤ ᠳᠤᠷᠠᠳᠤᠯᠭ᠎ᠠ ᠵᠢ 74 ᠬᠤᠪᠢ ᠭᠦᠢ᠍ᠴᠡᠳᠬᠡᠵᠦ᠂ ᠴᠠᠭ ᠲᠤᠬᠠᠶ᠎ᠳᠤᠨᠢ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ᠂ ᠲᠤᠭᠲᠠᠭᠰᠠᠨ ᠴᠠᠭ᠎ᠲᠤ ᠰᠢᠢ᠍ᠳᠪᠦᠷᠢᠯᠡᠵᠦ ᠳᠠᠭᠤᠰᠬᠠᠬᠤ ᠨᠤᠷᠮ᠎ᠠ᠂ ᠨᠡᠪᠲᠡᠷᠡᠯᠴᠡᠬᠦ ᠨᠤᠷᠮ᠎ᠠ᠂ ᠲᠥᠯᠥᠭᠡᠯᠡᠭᠴᠢ ᠭᠡᠰᠢᠭᠦᠳ᠎ᠤᠨ ᠰᠡᠳᠬᠢᠯ ᠬᠠᠨᠤᠮᠵᠢᠲᠠᠶ ᠪᠠᠶ᠋ᠢᠬᠤ ᠨᠣᠷᠮ᠎ᠠ 《ᠭᠤᠷᠪᠠᠨ ᠵᠠᠭᠤᠨ᠎ᠤ ᠵᠠᠭᠤ》 ᠵᠢ ᠪᠡᠶᠡᠯᠡᠭᠦᠯᠪᠡ᠃ ᠵᠠᠰᠠᠭ ᠵᠠᠬᠢᠷᠭ᠋ᠠᠨ᠎ᠤ ᠵᠠᠷᠭᠤ ᠬᠦᠯᠢᠶᠡᠬᠦ ᠬᠡᠷᠡᠭ᠎ᠢ 2 ᠬᠤᠪᠢ ᠰᠢᠢ᠍ᠳᠪᠦᠷᠢᠯᠡᠵᠦ᠂ ᠬᠡᠷᠡᠭ᠎ᠢ ᠳᠠᠭᠤᠰᠬᠠᠬᠰᠠᠨ᠎ᠨᠢ 2 ᠬᠤᠪᠢ (ᠴᠥᠮ ᠵᠠᠷᠭᠤ ᠢᠯᠠᠪᠠ)᠂ ᠵᠠᠰᠠᠭ ᠵᠠᠬᠢᠷᠭ᠋ᠠᠨ᠎ᠤ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠵᠤ ᠵᠠᠷᠭᠤ ᠬᠦᠯᠢᠶᠡᠬᠦ ᠳᠦᠷᠢᠮ᠎ᠢ ᠴᠢᠩᠭ᠎ᠠ ᠬᠡᠷᠡᠭᠵᠢᠭᠦᠯᠵᠦ᠂ ᠤᠰᠤᠨ᠎ᠤ ᠶᠠᠪᠤᠳᠠᠯ᠎ᠤᠨ ᠬᠠᠮᠢᠶᠠᠷᠤᠯᠲᠠ ᠵᠢᠨ ᠡᠮᠬᠢ ᠵᠢᠷᠤᠮ ᠪᠠ ᠲᠤᠬᠠᠢ ᠵᠢᠨ ᠬᠥᠮᠥᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠪᠠ᠃ ᠭᠤᠷᠪᠠ᠎ᠳᠤ᠂ ᠤᠰᠤᠨ ᠠᠰᠢᠭᠯᠠᠯᠲᠠ ᠵᠢᠨ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠵᠢ ᠭᠦᠨᠵᠡᠭᠡᠶ᠋ᠢᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠡᠷᠬᠡ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠡᠮᠬᠢᠯᠡᠨ ᠨᠡᠶ᠋ᠢᠲᠡᠯᠡᠵᠦ᠂ 36 ᠵᠦᠢ᠍ᠯ᠎ᠤᠨ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ᠎ᠢ ᠲᠣᠬᠢᠷᠠᠭᠤᠯᠤᠨ ᠦᠯᠡᠳᠡᠭᠡᠵᠦ᠂ ᠠᠶ᠋ᠢᠮᠠᠭ ᠬᠤᠲᠠ᠂ ᠬᠤᠰᠢᠭᠤ ᠰᠢᠶᠠᠨ᠎ᠳᠤ 120 ᠵᠦᠢ᠍ᠯ᠎ᠤᠨ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ᠎ᠢ ᠳᠣᠷᠣᠭᠰᠢ ᠪᠠᠭᠤᠯᠭ᠋ᠠᠨ᠎ᠠ᠃ ᠡᠷᠬᠡ ᠵᠢ ᠳᠣᠷᠣᠭᠰᠢ ᠪᠠᠭᠤᠯᠭ᠋ᠠᠬᠤ ᠵᠦᠢ᠍ᠯᠡᠰ᠎ᠢ ᠰᠢᠯᠵᠢᠭᠦᠯᠦᠨ ᠲᠤᠰᠢᠶᠠᠵᠤ ᠵᠣᠯᠭ᠋ᠠᠭᠤᠯᠬᠤ ᠠᠵᠢᠯ᠎ᠢ ᠵᠣᠬᠢᠶᠠᠨ ᠪᠠᠶ᠋ᠢᠭᠤᠯᠤᠨ ᠰᠠᠶ᠋ᠢᠲᠤᠷ ᠬᠢᠵᠦ᠂ ᠭᠥᠯᠢᠶᠡᠨ ᠠᠪᠴᠤ ᠳᠡᠶ᠋ᠢᠯᠬᠦ᠂ ᠰᠠᠶ᠋ᠢᠲᠤᠷ ᠬᠠᠮᠢᠶᠠᠷᠬᠤ ᠵᠢ ᠦᠨᠡᠨᠬᠦ ᠪᠠᠲᠤᠯᠠᠬᠤ ᠬᠡᠷᠡᠭᠲᠡᠶ᠃ 《ᠬᠤᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠡᠷᠭᠡ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠴᠢᠩᠭ᠋ᠠᠷᠠᠭᠤᠯᠵᠤ᠂ 12 ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠪᠠ 7 ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠬᠢᠨᠠᠨ ᠬᠠᠮᠢᠶᠠᠷᠬᠤ ᠨᠢᠭᠡᠴᠢ᠂ ᠬᠥᠬᠡᠭᠴᠢᠨ ᠲᠠᠰ᠎ᠤᠨ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠬᠤ 7 ᠨᠢᠭᠡᠴᠢ᠎ᠳᠤ 《ᠬᠣᠣᠰ ᠲᠤᠬᠢᠶᠠᠯᠳᠤᠮᠵᠢ ᠨᠢᠭᠡ ᠢᠯᠡ》 ᠬᠢᠨᠠᠯᠲᠠ ᠲᠠᠯᠪᠢᠵᠤ ᠪᠠᠶ᠋ᠢᠴᠠᠭ᠋ᠠᠯᠲᠠ ᠥᠷᠨᠢᠭᠦᠯᠪᠡ; ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠳᠤ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠢᠲᠡᠭᠡᠮᠵᠢ ᠵᠢᠨ ᠲᠠᠩᠰᠠ ᠡᠪᠬᠡᠮᠡᠯ᠎ᠢ 210 ᠪᠠᠶ᠋ᠢᠭᠤᠯᠵᠤ᠂ ᠠᠵᠢᠯ ᠡᠷᠭᠢᠯᠡᠭᠰᠡᠳ᠎ᠤᠨ ᠮᠡᠳᠡᠭᠡ ᠵᠠᠩᠭᠢ ᠵᠢ ᠨᠡᠶ᠋ᠢᠲᠡ 2599 ᠵᠤᠷᠪᠤᠰ ᠨᠡᠶ᠋ᠢᠲᠡᠯᠡᠪᠡ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠎ᠢ ᠰᠢᠯᠢᠳᠡᠭᠵᠢᠭᠦᠯᠬᠦ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠵᠤ᠂ ᠪᠠᠭᠲᠠᠭ᠋ᠠᠮᠵᠢᠲᠠᠶ ᠬᠢᠨᠠᠭᠤᠷ ᠪᠣᠯᠭᠤᠮᠵᠢᠲᠠᠶ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠬᠦᠷᠢᠶᠡᠨ᠎ᠳᠠᠬᠢ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠭᠡᠨ ᠲᠣᠷᠭ᠋ᠠᠬᠤ ᠤᠴᠢᠷ ᠶᠠᠪᠤᠳᠠᠯ᠎ᠤᠨ ᠵᠢᠯᠣᠭᠤᠳᠬᠤ ᠨᠠᠷᠢᠨ ᠬᠠᠭᠤᠳᠠᠰᠤ (ᠨᠢᠭᠡᠳᠦᠭᠡᠷ ᠪᠦᠯᠦᠭ)》 ᠵᠢ ᠲᠣᠭᠲᠠᠭ᠋ᠠᠵᠤ᠂ ᠠᠵᠤ ᠠᠬᠤᠶ᠋ᠢᠯᠠᠯ ᠪᠠ ᠣᠯᠠᠨ ᠲᠦᠮᠡᠨ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠤᠬᠠᠮᠰᠠᠷ᠎ᠠᠴᠠ᠎ᠪᠠᠨ ᠵᠠᠯᠠᠷᠠᠭᠤᠯᠵᠤ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠠᠮᠢᠵᠢᠷᠠᠯ᠎ᠤᠨ ᠬᠦᠴᠦᠨ ᠪᠠ ᠨᠡᠶ᠋ᠢᠭᠡᠮ᠎ᠤᠨ ᠪᠦᠲᠦᠭᠡᠯᠴᠢ ᠬᠦᠴᠦᠨ᠎ᠢ ᠬᠥᠭᠵᠢᠭᠡᠨ᠎ᠡ᠃ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠬᠦᠷᠢᠶᠡᠨ᠎ᠳᠠᠬᠢ ᠲᠣᠪᠤᠶ᠋ᠢᠮ᠎ᠠ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠵᠢ ᠦᠷᠭᠦᠯᠵᠢᠯᠡᠨ ᠴᠡᠭᠴᠡᠯᠡᠨ ᠵᠠᠰᠠᠵᠤ᠂ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠤ ᠥᠪᠡᠰᠦᠪᠡᠨ ᠪᠠᠶ᠋ᠢᠴᠠᠭ᠋ᠠᠬᠤ ᠪᠠ ᠭᠤᠤᠯᠳᠠᠯᠭ᠎ᠠ᠎ᠲᠠᠢ ᠰᠤᠭᠤᠴᠢᠨ ᠪᠠᠶ᠋ᠢᠴᠠᠭ᠋ᠠᠬᠤ ᠵᠢ ᠥᠷᠨᠢᠭᠦᠯᠵᠦ᠂ ᠠᠰᠠᠭᠤᠳᠠᠯ᠎ᠢ ᠣᠯᠵᠤ ᠮᠡᠳᠡᠪᠡᠯ ᠪᠦᠬᠦᠨ᠎ᠢ ᠴᠡᠭᠴᠡᠯᠡᠨ ᠰᠠᠶ᠋ᠢᠵᠢᠷᠠᠭᠤᠯᠬᠤ ᠵᠢ ᠪᠡᠶᠡᠯᠡᠭᠦᠯᠦᠨ᠎ᠡ᠃ ᠤᠰᠤᠨ ᠠᠰᠢᠭᠯᠠᠯᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ 32 ᠵᠦᠢ᠍ᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠡᠮᠬᠢᠯᠡᠨ ᠲᠣᠭᠲᠠᠭ᠋ᠠᠵᠤ᠂ ᠪᠦᠬᠦᠨ᠎ᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠡᠭᠡ ᠲᠢᠩᠬᠢᠮ᠎ᠳᠤ 《ᠨᠢᠭᠡ ᠴᠣᠩᠬᠤᠪᠴᠢ ᠮᠠᠶᠢᠭ》 ᠵᠶ᠋ᠠᠷ ᠭᠥᠯᠢᠶᠡᠨ ᠠᠪᠴᠤ ᠰᠢᠢ᠍ᠳᠪᠦᠷᠢᠯᠡᠨ᠎ᠡ᠃ 27 ᠵᠦᠢ᠍ᠯ᠎ᠤᠨ ᠤᠴᠢᠷ ᠶᠠᠪᠤᠳᠠᠯ᠎ᠢ ᠰᠢᠢ᠍ᠳᠪᠦᠷᠢᠯᠡᠬᠦ ᠴᠤᠪᠤᠷᠠᠯ᠎ᠢ ᠰᠢᠯᠢᠳᠡᠭᠵᠢᠭᠦᠯᠵᠦ᠂ 13 ᠬᠤᠪᠢ ᠭᠤᠶᠤᠴᠢᠯᠠᠬᠤ ᠮᠠᠲ᠋ᠧᠷᠢᠶᠠᠯ᠎ᠢ ᠴᠣᠮᠬᠠᠳᠬᠠᠵᠤ᠂ ᠤᠴᠢᠷ ᠶᠠᠪᠤᠳᠠᠯ᠎ᠢ ᠰᠢᠢ᠍ᠳᠪᠦᠷᠢᠯᠡᠬᠦ ᠳᠤᠮᠳᠠᠴᠢ ᠴᠠᠭ᠎ᠤᠨ ᠬᠢᠵᠠᠭ᠋ᠠᠷ᠎ᠢ 20 ᠠᠵᠢᠯᠯᠠᠬᠤ ᠡᠳᠦᠷ ᠪᠠᠶ᠋ᠢᠭᠰᠠᠨ᠎ᠠᠴᠠ 15 ᠠᠵᠢᠯᠯᠠᠬᠤ ᠡᠳᠦᠷ ᠪᠣᠯᠭ᠋ᠠᠨ ᠪᠣᠭᠤᠨᠢᠰᠬᠠᠵᠤ᠂ 25%᠎ᠪᠠᠷ ᠪᠠᠭ᠋ᠠᠰᠬᠠᠪᠠ᠃ ᠳᠤᠲᠠᠭᠳᠠᠯ᠎ᠢ ᠠᠭᠤᠴᠢᠯᠠᠨ ᠭᠥᠯᠢᠶᠡᠨ ᠠᠪᠴᠤ ᠰᠢᠢ᠍ᠳᠪᠦᠷᠢᠯᠡᠬᠦ ᠪᠠ ᠠᠮᠠᠯᠠᠯᠲᠠ ᠵᠢᠨ ᠲᠦᠷᠢᠮ᠎ᠢ ᠴᠢᠩᠭ᠎ᠠ ᠬᠡᠷᠡᠭᠵᠢᠭᠦᠯᠵᠦ᠂ ᠤᠰᠤ ᠠᠪᠬᠤ ᠵᠥᠪᠰᠢᠶᠡᠷᠡᠯ᠎ᠤᠨ ᠦᠨᠡᠮᠯᠡᠯ ᠵᠡᠷᠭᠡ 4 ᠵᠦᠢ᠍ᠯ᠎ᠤᠨ ᠦᠨᠡᠮᠯᠡᠯ᠎ᠤᠨ ᠬᠡᠷᠡᠭᠯᠡᠭᠡᠨ᠎ᠤ ᠡᠯᠸᠺᠲᠷᠣᠨ ᠦᠨᠡᠮᠯᠡᠯ᠎ᠢ ᠬᠡᠷᠡᠭᠯᠡᠨ᠎ᠡ᠃ 《ᠣᠷᠣᠯᠠᠨ ᠬᠠᠪᠰᠤᠷᠤᠨ ᠭᠦᠢ᠍ᠴᠡᠳᠭᠡᠬᠦ》 ᠲᠤᠰᠬᠠᠶ ᠲᠤᠰᠢᠶᠠᠯᠲᠤ ᠡᠩᠨᠡᠭᠡ ᠵᠢ ᠵᠣᠬᠢᠶᠠᠨ ᠪᠠᠶ᠋ᠢᠭᠤᠯᠵᠤ᠂ ᠠᠵᠤ ᠠᠬᠤᠶ᠋ᠢᠯᠠᠯ᠎ᠳᠤ ᠬᠤᠯᠪᠣᠭᠳᠠᠯ ᠪᠥᠬᠦᠶ ᠥᠨᠳᠥᠷ ᠳᠠᠪᠲᠠᠮᠵᠢᠲᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠣᠷᠣᠯᠠᠨ ᠬᠠᠪᠰᠤᠷᠤᠨ ᠭᠦᠢ᠍ᠴᠡᠳᠭᠡᠬᠦ ᠦᠢ᠍ᠯᠡᠴᠢᠯᠡᠭᠡ ᠬᠠᠩᠭ᠋ᠠᠨ᠎ᠠ᠃ ᠪᠥᠬᠦ ᠵᠢᠯ᠎ᠳᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ 2280 ᠬᠤᠪᠢ ᠰᠢᠢ᠍ᠳᠪᠦᠷᠢᠯᠡᠵᠦ᠂ ᠲᠤᠬᠠᠶ ᠵᠢᠨ ᠬᠥᠮᠦᠨ᠎ᠤ ᠰᠠᠨᠠᠭ᠋ᠠᠴᠢᠯᠠᠭ᠎ᠠ᠎ᠠᠴᠠ᠎ᠪᠠᠨ ᠦᠨᠡᠯᠡᠭᠰᠡᠨ ᠬᠠᠨᠤᠮᠵᠢ ᠵᠢᠨ ᠨᠣᠷᠮ᠎ᠠ ᠵᠢ 100%᠎ᠳᠤ ᠬᠦᠷᠭᠡᠪᠡ᠃
ᠭᠤᠷᠪᠠ᠂ ᠤᠰᠤᠨ᠎ᠤ ᠬᠠᠤᠯᠢ ᠲᠣᠭᠲᠠᠭ᠋ᠠᠯ᠎ᠤᠨ ᠳᠦᠷᠢᠮ᠎ᠤᠨ ᠰᠢᠰᠲ᠋ᠧᠮᠵᠢ ᠵᠢ ᠲᠥᠷᠭᠡᠳᠬᠡᠨ ᠲᠡᠭᠦᠯᠳᠡᠷᠵᠢᠭᠦᠯᠦᠨ᠎ᠡ
ᠨᠢᠭᠡ᠎ᠳᠤ᠂ ᠤᠰᠤᠨ ᠠᠰᠢᠭᠯᠠᠯᠲᠠ ᠵᠢᠨ ᠭᠤᠣᠯᠳᠠᠯᠭ᠎ᠠ᠎ᠲᠠᠢ ᠬᠦᠷᠢᠶᠡᠨ᠎ᠳᠠᠬᠢ ᠬᠠᠤᠯᠢ ᠲᠣᠭᠲᠠᠭ᠋ᠠᠬᠤ ᠵᠢ ᠠᠬᠢᠭᠤᠯᠪᠠ᠃ ᠬᠠᠤᠯᠢ ᠲᠣᠭᠲᠠᠭ᠋ᠠᠬᠤ ᠡᠬᠢ ᠪᠠᠶᠠᠯᠢᠭ᠎ᠢ ᠢᠳᠡᠪᠬᠢᠯᠡᠨ ᠣᠯᠵᠤ᠂ ᠥᠪᠡᠷᠲᠡᠭᠡᠨ ᠵᠠᠰᠠᠬᠤ ᠣᠷᠣᠨ᠎ᠤ ᠤᠰᠤ ᠰᠢᠷᠣᠶ ᠵᠢ ᠬᠠᠮᠠᠭ᠋ᠠᠯᠠᠬᠤ ᠲᠦᠷᠢᠮ᠂ ᠭᠠᠵᠠᠷ ᠳᠣᠤᠷᠠᠬᠢ ᠤᠰᠤ ᠵᠢ ᠬᠠᠮᠠᠭ᠋ᠠᠯᠠᠬᠤ ᠪᠠ ᠬᠠᠮᠢᠶᠠᠷᠬᠤ ᠲᠦᠷᠢᠮ᠎ᠳᠤ ᠵᠠᠰᠠᠪᠤᠷᠢ ᠣᠷᠣᠭᠤᠯᠬᠤ ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠬᠠᠤᠯᠢ ᠲᠣᠭᠲᠠᠭ᠋ᠠᠵᠤ ᠬᠢᠨᠠᠨ ᠵᠥᠪᠯᠡᠬᠦ ᠲᠥᠷᠥᠯ ᠵᠦᠢ᠍ᠯ᠎ᠳᠤ ᠵᠢᠭᠰᠠᠭ᠋ᠠᠨ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤ ᠵᠢ ᠠᠷᠪᠢᠯᠠᠨ ᠬᠡᠷᠡᠭᠯᠡᠬᠦ ᠲᠦᠷᠢᠮ᠎ᠳᠤ ᠵᠠᠰᠠᠪᠤᠷᠢ ᠣᠷᠣᠭᠤᠯᠬᠤ᠂ ᠴᠤᠤᠯ ᠭᠤᠤᠯ᠎ᠤᠨ ᠤᠰᠤ ᠵᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠲᠦᠷᠢᠮ᠎ᠳᠤ ᠬᠠᠤᠯᠢ ᠲᠣᠭᠲᠠᠭ᠋ᠠᠬᠤ ᠪᠠᠶ᠋ᠢᠴᠠᠭ᠋ᠠᠨ ᠰᠤᠳᠤᠯᠤᠯᠲᠠ ᠵᠢᠨ ᠲᠥᠷᠥᠯ ᠵᠦᠢ᠍ᠯ᠎ᠳᠤ ᠵᠢᠭᠰᠠᠭ᠋ᠠᠨ ᠣᠷᠣᠭᠤᠯᠪᠠ᠃ ᠬᠤᠯᠪᠣᠭᠳᠠᠯ ᠪᠦᠬᠦᠢ ᠠᠶ᠋ᠢᠮᠠᠭ ᠬᠤᠲᠠ ᠵᠢᠨ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠮᠵᠢᠯᠴᠠᠨ ᠬᠠᠤᠯᠢ ᠲᠣᠭᠲᠠᠭ᠋ᠠᠬᠤ ᠵᠢ ᠵᠢᠯᠣᠭᠤᠳᠴᠤ᠂ 《ᠣᠷᠳᠣᠰ ᠬᠤᠲᠠ ᠵᠢᠨ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠳᠦᠷᠢᠮ》᠂ 《ᠪᠤᠭᠤᠲᠤ ᠬᠤᠲᠠ ᠵᠢᠨ ᠳᠠᠬᠢᠯᠲᠠ ᠤᠰᠤᠨ᠎ᠤ ᠬᠠᠮᠢᠶᠠᠷᠤᠯᠲᠠ ᠵᠢᠨ ᠳᠦᠷᠢᠮ》᠂ 《ᠪᠠᠶᠠᠨᠨᠠᠭᠤᠷ ᠬᠤᠲᠠ ᠵᠢᠨ ᠤᠯᠠᠭ᠋ᠠᠨᠰᠤᠬᠠᠢ ᠵᠢᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠳᠦᠷᠢᠮ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠤᠷᠠᠯ ᠵᠶ᠋ᠠᠷ ᠵᠥᠪᠰᠢᠶᠡᠷᠡᠭᠦᠯᠦᠨ᠎ᠡ᠃ ᠬᠣᠶᠠᠷ᠎ᠲᠤ᠂ ᠤᠰᠤᠨ ᠠᠰᠢᠭᠯᠠᠯᠲᠠ ᠵᠢᠨ ᠲᠥᠷᠥ ᠵᠢᠨ ᠪᠣᠳᠣᠯᠭ᠎ᠠ ᠵᠢᠨ ᠰᠤᠳᠤᠯᠤᠯ ᠪᠣᠯᠤᠨ ᠳᠦᠷᠢᠮ᠎ᠤᠨ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠯᠡᠨ᠎ᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠤ ᠰᠡᠳᠦᠪ᠎ᠤᠨ ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠵᠤ᠂ ᠤᠰᠤᠨ ᠠᠰᠢᠭᠯᠠᠯᠲᠠ ᠵᠢᠨ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠤ ᠰᠡᠳᠦᠪ᠎ᠤᠨ ᠣᠨ᠎ᠤ ᠲᠥᠯᠥᠪᠯᠡᠭᠡ᠂ ᠰᠤᠳᠤᠯᠤᠨ ᠬᠡᠷᠡᠭᠵᠢᠭᠦᠯᠬᠦ᠂ ᠦᠷ᠎ᠡ ᠪᠦᠲᠦᠭᠡᠯ᠎ᠢ ᠦᠨᠡᠯᠡᠨ ᠲᠣᠭᠲᠠᠭ᠋ᠠᠬᠤ ᠵᠢᠴᠢ ᠤᠯᠠᠷᠢᠭᠤᠯᠤᠨ ᠬᠡᠷᠡᠭᠯᠡᠬᠦ ᠵᠡᠷᠭᠡ ᠠᠵᠢᠯ᠎ᠤᠨ ᠲᠣᠭᠲᠠᠴᠠ ᠵᠢ ᠪᠦᠷᠢᠨᠰᠢᠭᠦᠯᠵᠦ᠂ ᠰᠢᠢ᠍ᠳᠪᠦᠷᠢᠲᠦ ᠪᠣᠳᠣᠯᠭ᠎ᠠ ᠵᠢᠨ ᠵᠥᠪᠯᠡᠯᠭᠡ ᠥᠭᠬᠦ ᠴᠢᠳᠠᠪᠤᠷᠢ ᠪᠠ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠱᠠᠭ᠋ᠠᠷᠳᠠᠯᠭ᠎ᠠ᠎ᠪᠠᠷ ᠪᠠᠷᠢᠮᠵᠢᠶᠠᠯᠠᠵᠤ᠂ ᠤᠰᠤᠨ ᠠᠰᠢᠭᠯᠠᠯᠲᠠ ᠵᠢᠨ ᠠᠵᠢᠯ᠎ᠤᠨ ᠪᠣᠯᠪᠠᠰᠤᠷᠠᠩᠭᠤᠶ ᠦᠢ᠍ᠯᠡᠳᠦᠯᠭᠡ ᠪᠠ ᠠᠰᠢᠭᠲᠠᠢ ᠲᠤᠷᠰᠢᠯᠭ᠎ᠠ ᠵᠢ ᠲᠣᠭᠲᠠᠪᠤᠷᠢᠵᠢᠭᠤᠯᠵᠤ᠂ ᠤᠷᠢᠳ ᠬᠤᠵᠢᠳ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ ᠪᠤᠶᠤ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠪᠢᠴᠢᠭ ᠮᠠᠲ᠋ᠧᠷᠢᠶᠠᠯ᠎ᠤᠨ ᠬᠡᠯᠪᠡᠷᠢ᠎ᠪᠠᠷ 《ᠰᠢᠨ᠎ᠡ ᠴᠠᠭ ᠦᠶ᠎ᠡ ᠵᠢᠨ ᠤᠰᠤ ᠰᠢᠷᠣᠶ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠲᠥᠰᠦᠯ》᠂ 《ᠥᠪᠥᠷ ᠮᠣᠩᠭᠤᠯ᠎ᠤᠨ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ 〈ᠤᠰᠤᠨ᠎ᠤ ᠬᠡᠮᠵᠢᠶ᠎ᠡ᠎ᠪᠠᠷ ᠤᠰᠤ ᠲᠣᠬᠢᠷᠠᠭᠤᠯᠬᠤ〉 ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ》᠂ 《ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠵᠢ ᠠᠬᠢᠭᠤᠯᠬᠤ ᠶᠡᠷᠦᠩᠬᠡᠶ ᠲᠥᠰᠦᠯ》᠂ 《ᠤᠰᠤᠨ᠎ᠤ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠦᠨ ᠠᠰᠢᠭᠯᠠᠬᠤ 〈ᠨᠢᠭᠡ ᠠᠶ᠋ᠢᠮᠠᠭ (ᠬᠤᠲᠠ)᠎ᠳᠤ ᠨᠢᠭᠡ ᠠᠷᠭ᠎ᠠ ᠪᠣᠳᠣᠯᠭ᠎ᠠ》᠂ 《〈ᠶᠡᠭᠡ ᠤᠰᠤ᠎ᠪᠠᠷ ᠨᠡᠯᠦᠶ᠋ᠢᠲᠡᠯ᠎ᠡ ᠤᠰᠤᠯᠠᠬᠤ》 ᠠᠰᠠᠭᠤᠳᠠᠯ᠎ᠢ ᠰᠢᠢ᠍ᠳᠪᠦᠷᠢᠯᠡᠵᠦ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠠᠵᠢᠯ᠎ᠤᠨ ᠲᠥᠰᠦᠯ》 ᠪᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠡᠷᠭᠡ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠵᠤ᠂ ᠲᠥᠷᠥ ᠵᠢᠨ ᠪᠣᠳᠣᠯᠭ᠎ᠠ ᠵᠢ ᠨᠡᠶ᠋ᠢᠲᠡᠯᠡᠭᠰᠡᠨ ᠳᠠᠪᠲᠠᠮᠵᠢ ᠣᠯᠠᠨ᠂ ᠲᠤᠭ᠎ᠠ ᠬᠡᠮᠵᠢᠶ᠎ᠡ᠎ᠨᠢ ᠠᠷᠪᠢᠲᠠᠶ᠂ ᠣᠶ᠋ᠢᠷ᠎ᠠ ᠵᠢᠨ ᠵᠢᠯ᠎ᠳᠤ ᠬᠠᠮᠤᠭ᠎ᠤᠨ ᠰᠠᠶ᠋ᠢᠨ᠂ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠲᠡᠶ ᠲᠦᠷᠢᠮ᠎ᠤᠨ ᠪᠠᠲᠤᠯᠠᠭ᠎ᠠ ᠬᠠᠩᠭ᠋ᠠᠪᠠ᠃ ᠭᠤᠷᠪᠠ᠎ᠳᠤ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭ᠋ᠠᠬᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠪᠠ᠃ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ᠎ᠢ ᠲᠤᠭᠲᠠᠭ᠋ᠠᠬᠤ ᠳᠡᠰ ᠳᠠᠷᠠᠭ᠋ᠠᠯᠠᠯ ᠵᠢᠴᠢ ᠬᠦᠴᠦᠨ᠎ᠲᠠᠢ ᠬᠤᠭᠤᠴᠠᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠳᠤᠮᠳᠠᠲᠤ ᠵᠢᠨ ᠦᠨᠳᠦᠰᠦᠲᠡᠨ᠎ᠤ ᠬᠠᠮᠲᠤ ᠵᠢᠨ ᠴᠤᠭᠴᠠ ᠵᠢᠨ ᠦᠵᠡᠯ ᠤᠬᠠᠮᠰᠠᠷ᠎ᠢ ᠪᠠᠲᠤ ᠴᠤᠭᠴᠠᠯᠠᠬᠤ᠎ᠪᠠᠷ ᠠᠵᠢᠯ᠎ᠤᠨ ᠭᠤᠤᠯ ᠱᠤᠭᠤᠮ ᠪᠤᠯᠭ᠋ᠠᠨ᠂ ᠲᠤᠭᠲᠠᠭ᠋ᠠᠬᠤ ᠦᠭᠡᠷᠡᠴᠢᠯᠡᠬᠦ ᠬᠦᠴᠦᠨ ᠦᠭᠡᠢ ᠪᠤᠯᠭ᠋ᠠᠬᠤ ᠲᠠᠶ᠋ᠢᠯᠪᠤᠷᠢᠯᠠᠬᠤ ᠵᠢ ᠵᠡᠷᠭᠡ᠎ᠪᠡᠷ ᠠᠳᠬᠤᠬᠤ ᠵᠢ ᠪᠠᠷᠢᠮᠲᠠᠯᠠᠵᠤ᠂ ᠦᠪᠡᠷᠲᠡᠭᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠲᠤᠭᠲᠠᠮᠠᠯ ᠬᠤᠭᠤᠴᠠᠭ᠎ᠠ᠎ᠲᠠᠢ᠎ᠪᠠᠷ ᠢᠯᠭ᠋ᠠᠷᠠᠭᠤᠯᠬᠤ ᠵᠢᠴᠢ ᠰᠢᠨ᠎ᠡ᠎ᠪᠠᠷ ᠲᠤᠭᠲᠠᠭ᠋ᠠᠵᠤ ᠲᠠᠷᠬᠠᠭ᠋ᠠᠭᠰᠠᠨ ᠪᠢᠴᠢᠭ ᠮᠠᠲ᠋ᠧᠷᠢᠶᠠᠯ᠎ᠢ ᠨᠡᠢ᠍ᠲᠡᠯᠡᠬᠦ᠂ ᠳᠠᠩᠰᠠᠯᠠᠬᠤ ᠠᠵᠢᠯ᠎ᠢ ᠪᠡᠶᠡᠯᠡᠭᠦᠯᠦᠨ᠂ ᠵᠠᠰᠠᠭ᠎ᠤᠨ ᠤᠷᠳᠤᠨ᠎ᠤ ᠮᠡᠳᠡᠭᠡ ᠵᠠᠩᠬᠢ ᠵᠢ ᠢᠯᠡ ᠪᠤᠯᠭ᠋ᠠᠬᠤ ᠲᠠᠪᠴᠠᠩ ᠵᠶ᠋ᠠᠷ ᠳᠠᠮᠵᠢᠨ ᠣᠳᠣ ᠵᠢᠨ ᠬᠡᠷᠡᠭᠵᠢᠭᠦᠯᠵᠦ ᠪᠠᠶ᠋ᠢᠭ᠎ᠠ ᠬᠦᠴᠦᠨ᠎ᠲᠠᠢ 11 ᠵᠦᠢ᠍ᠯ᠎ᠤᠨ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠲᠦᠪᠯᠡᠷᠡᠭᠦᠯᠦᠨ ᠨᠢᠭᠡᠳᠦᠯᠲᠡᠢ ᠨᠡᠢ᠍ᠲᠡᠯᠡᠨᠡ᠃
ᠳᠥᠷᠪᠡ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠦᠨ᠎ᠡ
ᠨᠢᠭᠡ᠎ᠳᠤ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠷᠴᠢᠮ᠎ᠢ ᠴᠢᠩᠭ᠋ᠠᠷᠠᠭᠤᠯᠤᠨ᠎ᠠ᠃ ᠬᠠᠤᠯᠢ ᠬᠡᠷᠡᠭᠵᠢᠭᠦᠯᠬᠦ ᠵᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠵᠢᠯᠣᠭᠤᠳᠬᠤ᠎ᠪᠠᠨ ᠴᠢᠩᠭ᠋ᠠᠳᠬᠠᠵᠤ᠂ ᠪᠥᠬᠦ ᠣᠷᠣᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠠᠮᠤᠷ ᠲᠦᠪᠰᠢᠨ᠎ᠤ ᠬᠠᠮᠠᠭ᠋ᠠᠯᠠᠯᠲᠠ᠂ ᠬᠠᠲᠤᠨ ᠭᠤᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠬᠠᠮᠠᠭ᠋ᠠᠯᠠᠯᠲᠠ᠂ ᠬᠠᠲᠤᠨ ᠭᠤᠤᠯ᠎ᠤᠨ ᠰᠠᠪᠠ ᠭᠠᠵᠠᠷ᠎ᠤᠨ ᠭᠤᠤᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠤᠯᠲᠠ ᠵᠡᠷᠭᠡ ᠭᠤᠷᠪᠠᠨ ᠶᠡᠭᠡ ᠲᠤᠰᠬᠠᠶ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠥᠷᠨᠢᠭᠦᠯᠵᠦ᠂ ᠪᠥᠬᠦ ᠵᠢᠯ᠎ᠳᠤ 12.8 ᠲᠦᠮᠡᠨ ᠺᠢᠯᠤᠮᠸᠲᠷ ᠭᠤᠤᠯ᠎ᠤᠨ ᠵᠠᠮ᠎ᠢ ᠲᠣᠭᠤᠷᠢᠨ ᠪᠠᠶ᠋ᠢᠴᠠᠭ᠋ᠠᠵᠤ᠂ 1.9 ᠲᠦᠮᠡᠨ ᠲᠡᠭᠰᠢ ᠳᠥᠷᠪᠡᠯᠵᠢᠨ ᠺᠢᠯᠤᠮᠸᠲᠷ ᠤᠰᠤᠨ ᠣᠷᠣᠨ᠎ᠢ ᠲᠣᠭᠤᠷᠢᠨ ᠪᠠᠶ᠋ᠢᠴᠠᠭ᠋ᠠᠵᠤ᠂ ᠬᠠᠤᠯᠢ ᠬᠡᠷᠡᠭᠵᠢᠭᠦᠯᠬᠦ ᠠᠵᠢᠯᠲᠠᠨ᠎ᠢ 3.7 ᠲᠦᠮᠡᠨ ᠬᠥᠮᠦᠨ ᠤᠳᠠᠭ᠎ᠠ ᠬᠥᠳᠡᠯᠭᠡᠵᠦ᠂ ᠬᠠᠤᠯᠢ ᠬᠡᠷᠡᠭᠵᠢᠭᠦᠯᠬᠦ ᠲᠡᠷᠭᠡ ᠬᠥᠰᠬᠡ ᠵᠢ 1.7 ᠲᠦᠮᠡᠨ ᠤᠳᠠᠭ᠎ᠠ ᠬᠥᠳᠡᠯᠭᠡᠵᠦ᠂ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠤᠬᠠᠶ ᠵᠢᠨ ᠲᠠᠯᠠᠪᠠᠶ᠎ᠳᠤ 356 ᠬᠤᠷᠢᠭᠯᠠᠨ ᠵᠣᠭᠰᠣᠭ᠋ᠠᠵᠤ᠂ ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ ᠬᠡᠷᠡᠭ᠎ᠢ 354 ᠬᠡᠷᠡᠭ ᠪᠣᠯᠭ᠋ᠠᠨ ᠳᠡᠩᠰᠡᠯᠡᠵᠦ ᠪᠠᠶ᠋ᠢᠴᠠᠭ᠋ᠠᠨ ᠰᠢᠢ᠍ᠳᠪᠦᠷᠢᠯᠡᠪᠡ᠃ ᠬᠤᠶᠠᠷ᠎ᠲᠤ᠂ ᠬᠠᠤᠯᠢ ᠬᠡᠷᠡᠭᠵᠢᠭᠦᠯᠦᠯᠲᠡ ᠵᠢᠨ ᠬᠠᠮᠵᠢᠯᠴᠠᠭ᠎ᠠ ᠵᠢ ᠶᠡᠬᠡᠪᠡᠷ ᠠᠬᠢᠭᠤᠯᠪᠠ᠃ ᠰᠠᠯᠠᠭ᠎ᠠ ᠮᠥᠴᠢᠷ ᠠᠯᠤᠰᠯᠠᠭᠰᠠᠨ ᠬᠠᠤᠯᠢ ᠬᠡᠷᠡᠭᠵᠢᠭᠦᠯᠦᠯᠲᠡ ᠵᠢᠨ ᠬᠠᠮᠵᠢᠯᠴᠠᠬᠤ ᠲᠣᠭᠲᠠᠴᠠ ᠵᠢ ᠴᠢᠩᠭ᠋ᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶ᠎ᠠ᠂ ᠠᠷᠠᠳ᠎ᠤᠨ ᠪᠠᠶ᠋ᠢᠴᠠᠭ᠋ᠠᠬᠤ ᠬᠤᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠲᠠᠢ ᠬᠠᠮᠲᠤᠷᠠᠨ 《ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠵᠢᠨ ᠬᠠᠤᠯᠢ ᠴᠠᠭ᠋ᠠᠵᠠ ᠵᠢᠨ ᠵᠣᠯᠭ᠋ᠠᠯᠴᠠᠭ᠎ᠠ ᠬᠢᠭᠡᠳ ᠨᠡᠶ᠋ᠢᠲᠡ ᠵᠢᠨ ᠠᠰᠠᠷᠠᠮᠵᠢ ᠵᠢᠨ ᠵᠠᠷᠭᠤ ᠵᠢᠨ ᠬᠠᠮᠵᠢᠯᠴᠠᠭ᠎ᠠ ᠵᠢ ᠴᠢᠩᠭ᠋ᠠᠳᠬᠠᠬᠤ ᠲᠤᠬᠠᠶ ᠰᠠᠨᠠᠯ》᠎ᠢ ᠭᠠᠷᠤᠨ ᠦᠰᠦᠭ ᠵᠢᠷᠤᠵᠤ᠂ ᠪᠥᠬᠦ ᠣᠷᠣᠨ᠎ᠤ ᠬᠡᠪᠴᠢᠶᠡᠨ᠎ᠳᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠬᠠᠤᠯᠢ ᠴᠠᠭ᠋ᠠᠵᠠ ᠵᠢᠨ ᠬᠠᠮᠵᠢᠯᠴᠠᠭ᠋ᠠᠨ᠎ᠤ ᠠᠵᠢᠯ᠎ᠤᠨ ᠲᠣᠭᠲᠠᠴᠠ ᠵᠢ ᠪᠥᠬᠦ ᠲᠠᠯ᠎ᠠ᠎ᠪᠠᠷ ᠪᠠᠶ᠋ᠢᠭᠤᠯᠤᠨ᠎ᠠ᠃ ᠠᠶ᠋ᠢᠮᠠᠭ ᠬᠤᠲᠠ᠂ ᠬᠤᠰᠢᠭᠤ ᠰᠢᠶᠠᠨ᠎ᠤ ᠬᠠᠤᠯᠢ ᠬᠡᠷᠡᠭᠵᠢᠭᠦᠯᠦᠯᠲᠡ ᠵᠢᠨ ᠬᠠᠮᠵᠢᠯᠴᠠᠭ᠋ᠠᠨ᠎ᠤ ᠲᠣᠭᠲᠠᠴᠠ ᠵᠢ ᠪᠦᠷᠢᠨᠰᠢᠭᠦᠯᠬᠦ ᠵᠢ ᠵᠡᠷᠭᠡ᠎ᠪᠡᠷ ᠠᠬᠢᠭᠤᠯᠵᠤ᠂ ᠡᠯ᠎ᠡ ᠭᠠᠵᠠᠷ᠎ᠤᠨ᠎ᠬᠢᠨ ᠬᠠᠮᠵᠢᠯᠴᠠᠬᠤ ᠪᠢᠴᠢᠭ ᠮᠠᠲ᠋ᠧᠷᠢᠶᠠᠯ 44 ᠬᠤᠪᠢ ᠨᠡᠶ᠋ᠢᠲᠡᠯᠡᠪᠡ᠃ ᠭᠤᠷᠪᠠ᠎ᠳᠤ᠂ ᠬᠠᠤᠯᠢ ᠬᠡᠷᠡᠭᠵᠢᠭᠦᠯᠬᠦ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠬᠠᠦᠯᠢ ᠭᠡᠷᠡᠭᠵᠢᠬᠦᠯᠬᠦ ᠦᠢ᠍ᠯᠡ ᠠᠵᠢᠯᠯᠠᠭ᠎ᠠ ᠵᠢ ᠴᠢᠩᠭ᠎ᠠ ᠵᠢᠷᠦᠮᠵᠢᠭᠤᠯᠵᠦ᠂ 《ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ᠎ᠤ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠣᠯᠥᠯᠳᠡ ᠵᠢᠨ ᠡᠷᠬᠡ ᠵᠢᠨ ᠭᠡᠷᠡᠭᠯᠡᠬᠦ ᠳᠥᠷᠢᠮ (ᠲᠣᠷᠰᠢᠨ ᠭᠡᠷᠡᠭᠵᠢᠬᠦᠯᠬᠦ)》 ᠪᠤᠯᠥᠨ 《ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ᠎ᠤ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠣᠯᠥᠯᠳᠡ ᠵᠢᠨ ᠡᠷᠬᠡ ᠵᠢᠨ ᠰᠠᠭᠤᠷᠢ ᠪᠠᠷᠢᠮᠵᠢᠶ᠎ᠠ (ᠲᠣᠷᠰᠢᠨ ᠭᠡᠷᠡᠭᠵᠢᠬᠦᠯᠬᠦ)》 ᠵᠢ ᠲᠣᠠᠠᠳᠠᠭ᠋ᠠᠵᠦ᠂ ᠣᠰᠣᠨ᠎ᠤ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠣᠯᠥᠯᠳᠡ ᠵᠢᠨ ᠡᠷᠬᠡ ᠵᠢᠨ ᠭᠡᠷᠡᠭᠵᠢᠬᠦᠯᠥᠯᠳᠡ ᠵᠢ ᠵᠢᠷᠦᠮᠵᠢᠭᠤᠯᠵᠦ᠂ ᠣᠰᠣᠨ᠎ᠳᠤ ᠬᠤᠯᠪᠤᠠᠠᠳ᠋ᠬᠠᠰᠠᠨ ᠬᠠᠦᠯᠢ ᠴᠠᠭ᠋ᠠᠵᠠ ᠬᠠᠦᠯᠢ ᠲᠣᠠᠠᠳᠠᠭ᠋ᠠᠯ᠎ᠤᠨ ᠪᠦᠳᠦᠮᠵᠢᠳᠡᠢ ᠭᠡᠷᠡᠭᠵᠢᠬᠦᠯᠬᠦ ᠵᠢ ᠪᠠᠳᠣᠯᠠᠨ᠎ᠠ᠃ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠮᠡᠳᠡᠭᠡ ᠵᠠᠩᠭᠢᠵᠢᠯᠲᠠ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠲᠤᠰᠠᠯᠠᠬᠤ ᠰᠢᠰᠲ᠋ᠧᠮ᠎ᠢ ᠪᠠᠶ᠋ᠢᠭᠤᠯᠤᠨ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠤᠨ ᠨᠠᠷᠢᠨ ᠬᠠᠭᠤᠳᠠᠰᠤ᠂ ᠬᠠᠤᠯᠢ ᠬᠡᠷᠡᠭᠵᠢᠭᠦᠯᠬᠦ ᠦᠨᠳᠦᠰᠦᠯᠡᠯ᠂ ᠲᠤᠬᠠᠶ᠋ᠢᠯᠠᠭᠰᠠᠨ ᠠᠵᠢᠯ᠎ᠤᠨ ᠴᠤᠪᠤᠷᠠᠯ ᠵᠡᠷᠭᠡ ᠵᠢ ᠵᠢᠷᠤᠮᠵᠢᠭᠤᠯᠬᠤ ᠪᠠ ᠪᠠᠷᠢᠮᠵᠢᠶᠠᠵᠢᠭᠤᠯᠤᠨ ᠬᠠᠮᠢᠶᠠᠷᠬᠤ ᠵᠢ ᠠᠬᠢᠭᠤᠯᠤᠨ᠎ᠠ᠃ ᠪᠥᠬᠦ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠭᠡ ᠰᠤᠷᠤᠯᠴᠠᠯᠭ᠎ᠠ ᠶᠡᠭᠡ ᠪᠣᠯᠪᠠᠰᠤᠷᠠᠯ᠎ᠢ ᠥᠷᠨᠢᠭᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ 2 ᠬᠤᠭᠤᠴᠠᠭ᠋ᠠᠨ᠎ᠤ ᠬᠠᠤᠯᠢ ᠬᠡᠷᠡᠭᠵᠢᠭᠦᠯᠬᠦ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠵᠢ ᠡᠷᠬᠢᠯᠡᠬᠦ᠎ᠲᠠᠢ ᠤᠶᠠᠯᠳᠤᠭᠤᠯᠤᠨ᠂ ᠪᠥᠬᠦ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠤᠬᠠᠶ᠋ᠢᠯᠠᠭᠰᠠᠨ ᠠᠵᠢᠯ᠎ᠤᠨ 1500 ᠭᠠᠷᠤᠶ ᠭᠤᠤᠯᠯᠠᠭᠴᠢ ᠬᠦᠴᠦᠨ᠎ᠳᠤ ᠪᠣᠯᠪᠠᠰᠤᠷᠠᠯ ᠥᠷᠨᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ᠎ᠤ ᠬᠠᠤᠯᠢ ᠴᠠᠭ᠋ᠠᠵᠠ ᠵᠢᠨ ᠬᠡᠪ ᠪᠣᠯᠪᠠᠰᠤᠷᠠᠯ ᠪᠠ ᠲᠤᠰᠬᠠᠶ ᠮᠡᠷᠭᠡᠵᠢᠯ᠎ᠤᠨ ᠬᠢᠷᠢ ᠲᠦᠪᠰᠢᠨ᠎ᠢ ᠬᠦᠴᠦᠲᠡᠶ ᠳᠡᠭᠡᠭᠰᠢᠯᠡᠭᠦᠯᠪᠡ᠃
ᠲᠠᠪᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠨ᠎ᠠ
《ᠨᠠᠢ᠍ᠮᠠᠳᠤᠭ᠋ᠠᠷ ᠲᠠᠪᠤᠨ ᠵᠢᠯ》᠎ᠤᠨ ᠬᠠᠥᠯᠢ ᠲᠦᠭᠡᠮᠡᠯᠵᠢᠭᠦᠯᠬᠦ ᠲᠥᠯᠥᠪᠵᠢᠭᠦᠯᠭᠡ ᠵᠢ ᠬᠢᠨᠠᠮᠠᠭ᠋ᠠᠶ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ 《ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ》 ᠬᠠᠷᠢᠭᠤᠴᠠᠯᠭ᠎ᠠ ᠵᠢᠨ ᠲᠦᠷᠢᠮ᠎ᠢ ᠭᠦᠨᠵᠡᠭᠡᠶ ᠨᠠᠶ᠋ᠢᠳᠠᠪᠤᠷᠢᠵᠢᠭᠤᠯᠤᠨ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠦᠷᠭᠦᠯᠵᠢᠯᠡᠨ ᠴᠢᠩᠭ᠋ᠠᠳᠬᠠᠵᠤ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠦᠭᠡᠮᠡᠯᠵᠢᠭᠦᠯᠬᠦ ᠤᠬᠠᠭᠤᠯᠭ᠎ᠠ ᠵᠢ ᠪᠠᠶ᠋ᠢᠩᠭᠤᠵᠢᠭᠤᠯᠤᠨ ᠥᠷᠨᠢᠭᠦᠯᠵᠦ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠤᠰᠤᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠤᠬᠠᠶ ᠣᠶ᠋ᠢᠯᠠᠭ᠋ᠠᠯᠲᠠ ᠵᠢᠨ ᠬᠡᠮᠵᠢᠶ᠎ᠡ ᠵᠢ ᠳᠡᠭᠡᠭᠰᠢᠯᠡᠭᠦᠯᠦᠨ᠂ ᠪᠥᠬᠦ ᠨᠡᠶ᠋ᠢᠭᠡᠮ᠎ᠤᠨ ᠤᠰᠤᠨ᠎ᠤ ᠬᠠᠤᠯᠢ᠎ᠪᠠᠷ ᠵᠠᠰᠠᠬᠤ ᠦᠵᠡᠯᠲᠡ ᠪᠠ ᠤᠰᠤᠨ᠎ᠤ ᠬᠠᠤᠯᠢ᠎ᠪᠠᠷ ᠵᠠᠰᠠᠬᠤ ᠤᠬᠠᠮᠰᠠᠷ᠎ᠢ ᠴᠢᠩᠭ᠋ᠠᠷᠠᠭᠤᠯᠤᠨ᠎ᠠ᠃ 《ᠳᠡᠯᠡᠬᠡᠶ ᠵᠢᠨ ᠤᠰᠤᠨ᠎ᠤ ᠡᠳᠦᠷ》 《ᠳᠤᠮᠳᠠᠳᠤ ᠤᠯᠤᠰ᠎ᠤᠨ ᠤᠰᠤᠨ᠎ᠤ ᠭᠠᠷᠠᠭ》᠂ ᠬᠢᠯᠢ ᠵᠢᠨ ᠬᠠᠮᠠᠭ᠋ᠠᠯᠠᠯᠲᠠ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢᠨ ᠰᠠᠷ᠎ᠠ᠂ ᠪᠥᠬᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠂ ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ᠂ 《ᠰᠠᠶ᠋ᠢᠨ ᠰᠠᠶ᠋ᠢᠬᠠᠨ ᠠᠮᠢᠳᠤᠷᠠᠯ · ᠢᠷᠭᠡᠨ᠎ᠤ ᠬᠠᠤᠯᠢ ᠵᠢᠨ ᠪᠢᠴᠢᠭ ᠬᠠᠨᠢ ᠪᠤᠯᠤᠯᠴᠠᠬᠤ》᠂ ᠠᠷᠪᠠᠳᠤᠭ᠋ᠠᠷ ᠦᠨᠳᠦᠰᠦᠨ ᠬᠠᠤᠯᠢ ᠵᠢᠨ ᠡᠳᠦᠷ ᠵᠢᠴᠢ ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ ᠵᠡᠷᠭᠡ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠨᠠᠷᠢᠨ ᠨᠢᠮᠪᠠᠶ ᠵᠣᠬᠢᠶᠠᠨ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠳᠤ ᠢᠳᠡᠪᠬᠢᠲᠡᠶ ᠠᠭᠤᠰᠤᠯᠴᠠᠵᠤ᠂ ᠤᠰᠤᠨ ᠠᠰᠢᠭᠯᠠᠯᠲᠠ ᠵᠢᠨ ᠬᠠᠤᠯᠢ ᠲᠦᠭᠡᠮᠡᠯᠵᠢᠭᠦᠯᠬᠦ ᠶᠠᠰᠤ ᠴᠢᠨᠠᠷ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠪ᠎ᠤᠨ ᠰᠣᠨᠢᠨ ᠮᠡᠳᠡᠭᠡᠨ᠎ᠤ ᠨᠢᠭᠡᠴᠢ ᠪᠣᠯᠤᠨ ᠥᠪᠡᠷᠲᠡᠭᠡᠨ ᠵᠠᠰᠠᠬᠤ ᠣᠷᠣᠨ᠎ᠤ ᠭᠤᠤᠯ ᠵᠠᠭᠤᠴᠢᠯᠠᠭᠤᠷ᠎ᠲᠠᠢ ᠵᠣᠬᠢᠴᠠᠭᠤᠯᠤᠨ ᠤᠬᠠᠭᠤᠯᠭ᠎ᠠ ᠵᠢᠨ ᠰᠣᠨᠢᠨ ᠮᠡᠳᠡᠭᠡᠨ᠎ᠤ ᠡᠬᠡ ᠪᠢᠴᠢᠭ᠎ᠢ 1500 ᠭᠠᠷᠤᠶ ᠬᠤᠪᠢ ᠨᠡᠪᠲᠡᠷᠡᠭᠦᠯᠵᠦ᠂ ᠨᠡᠷ᠎ᠡ ᠪᠢᠴᠢᠭᠰᠡᠨ ᠵᠣᠬᠢᠶᠠᠯ ᠪᠠ ᠲᠤᠰᠬᠠᠶ ᠰᠡᠳᠦᠪᠲᠦ ᠮᠡᠳᠡᠭᠡᠯᠡᠯ᠎ᠢ 16 ᠬᠤᠪᠢ ᠨᠡᠶ᠋ᠢᠲᠡᠯᠡᠪᠡ; ᠲᠢᠩᠬᠢᠮ᠎ᠤᠨ ᠰᠦᠯᠵᠢᠶᠡᠨ ᠳᠡᠭᠡᠷ᠎ᠡ ᠤᠬᠠᠭᠤᠯᠭ᠎ᠠ ᠵᠢᠨ ᠡᠬᠡ ᠪᠢᠴᠢᠭ᠎ᠢ 281 ᠬᠤᠪᠢ ᠨᠠᠶ᠋ᠢᠷᠠᠭᠤᠯᠤᠨ ᠨᠡᠶ᠋ᠢᠲᠡᠯᠡᠪᠡ᠃ ᠬᠠᠤᠯᠢ ᠶᠣᠰᠣᠭ᠋ᠠᠷ ᠤᠰᠤ ᠵᠠᠰᠠᠬᠤ ᠵᠢ ᠰᠦᠯᠵᠢᠶᠡᠨ ᠳᠡᠭᠡᠷ᠎ᠡ ᠨᠡᠶ᠋ᠢᠲᠡ 2000 ᠭᠠᠷᠤᠶ ᠬᠥᠮᠦᠨ ᠤᠳᠠᠭ᠎ᠠ ᠣᠷᠣᠯᠴᠠᠭᠰᠠᠨ ᠰᠡᠳᠦᠪ ᠬᠠᠷᠢᠭᠤᠯᠬᠤ ᠠᠵᠢᠯᠯᠠᠭ᠎ᠠ ᠵᠢ ᠡᠷᠬᠢᠯᠡᠵᠡᠶ᠃ ᠥᠪᠡᠷᠲᠡᠭᠡᠨ ᠵᠠᠰᠠᠬᠤ ᠣᠷᠣᠨ᠎ᠤ 9 ᠰᠠᠯᠠᠭ᠎ᠠ ᠮᠥᠴᠢᠷ ᠪᠣᠯᠤᠨ ᠳᠡᠭᠡᠳᠦ ᠰᠤᠷᠭ᠋ᠠᠭᠤᠯᠢ ᠵᠢᠨ ᠲᠤᠰᠬᠠᠶ ᠮᠡᠷᠭᠡᠵᠢᠯᠲᠡᠨ ᠡᠷᠳᠡᠮᠲᠡᠳ ᠣᠷᠣᠯᠴᠠᠭᠰᠠᠨ ᠬᠠᠲᠤᠨ ᠭᠤᠤᠯ᠎ᠤᠨ ᠬᠠᠮᠠᠭ᠋ᠠᠯᠠᠯᠲᠠ ᠵᠢᠨ ᠬᠠᠤᠯᠢ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠰᠤᠳᠤᠯᠤᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ; ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠤᠯ᠎ᠤᠨ ᠬᠠᠮᠠᠭ᠋ᠠᠯᠠᠯᠲᠠ ᠵᠢᠨ ᠬᠠᠤᠯᠢ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠬᠡᠷᠡᠭᠵᠢᠭᠦᠯᠬᠦ ᠲᠥᠰᠦᠯ᠎ᠢ ᠲᠤᠭᠤᠷᠪᠢᠵᠤ᠂ ᠬᠠᠤᠯᠢ᠎ᠪᠠᠷ ᠲᠣᠭᠲᠠᠭ᠋ᠠᠭᠰᠠᠨ ᠡᠯ᠎ᠡ ᠵᠦᠢ᠍ᠯ᠎ᠤᠨ ᠡᠭᠦᠷᠭᠡ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠵᠢᠨ ᠲᠣᠭᠤᠷᠢᠨ᠎ᠳᠤ᠂ 49 ᠵᠦᠢ᠍ᠯ᠎ᠤᠨ ᠪᠣᠳᠠᠲᠠᠶ ᠠᠷᠭ᠎ᠠ ᠬᠡᠮᠵᠢᠶ᠎ᠡ ᠵᠢᠴᠢ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ᠎ᠤᠨ ᠬᠡᠯᠪᠡᠷᠢ᠎ᠪᠠᠷ ᠳᠠᠷᠤᠮᠠᠯᠯᠠᠨ ᠲᠠᠷᠬᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠂ ᠬᠠᠤᠯᠢ ᠴᠠᠭ᠋ᠠᠵᠠ ᠵᠢᠨ ᠲᠢᠩᠬᠢᠮ᠎ᠠᠴᠠ ᠪᠥᠬᠦ ᠣᠷᠣᠨ᠎ᠤ 《ᠬᠠᠤᠯᠢ᠎ᠪᠠᠷ ᠵᠠᠰᠠᠬᠤ ᠵᠣᠷᠢᠭ ᠰᠠᠨᠠᠭ᠎ᠠ ᠵᠢ ᠪᠠᠳᠠᠷᠠᠭᠤᠯᠤᠨ ᠠᠷᠠᠳ ᠢᠷᠭᠡᠳ᠎ᠤᠨ ᠬᠠᠤᠯᠢ᠎ᠪᠠᠷ ᠵᠠᠰᠠᠬᠤ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ》 ᠬᠠᠤᠯᠢ᠎ᠪᠠᠷ ᠵᠠᠰᠠᠬᠤ ᠤᠳᠬ᠎ᠠ ᠤᠷᠠᠯᠢᠭ᠎ᠤᠨ ᠰᠢᠯᠢᠳᠡᠭ ᠪᠦᠲᠦᠭᠡᠯ᠎ᠢ ᠴᠤᠭᠯᠠᠭᠤᠯᠬᠤ ᠠᠵᠢᠯᠯᠠᠭ᠎ᠠ ᠵᠢᠨ ᠰᠢᠯᠢᠳᠡᠭ ᠵᠣᠬᠢᠶᠠᠨ ᠪᠠᠶ᠋ᠢᠭᠤᠯᠬᠤ ᠨᠢᠭᠡᠴᠢ᠎ᠪᠠᠷ ᠦᠨᠡᠯᠡᠭᠳᠡᠪᠡ᠃
2023 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠠᠵᠢᠯ ᠢᠳᠡᠪᠬᠢᠲᠡᠶ ᠦᠷ᠎ᠡ ᠪᠦᠲᠦᠮᠵᠢ ᠣᠯᠤᠭᠰᠠᠨ ᠪᠣᠯᠪᠠᠴᠤ ᠪᠠᠰᠠ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶ᠋ᠢᠨ᠎ᠠ᠂ ᠨᠢᠭᠡ᠎ᠳᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠠᠵᠢᠯ᠎ᠢ ᠦᠷᠭᠦᠯᠵᠢᠯᠡᠨ ᠭᠦᠨᠵᠡᠭᠡᠶ᠋ᠢᠷᠡᠭᠦᠯᠬᠦ ᠴᠢᠬᠤᠯᠠᠲᠠᠶ ᠪᠠᠶ᠋ᠢᠨ᠎ᠠ᠂ ᠬᠤᠶᠠᠷ᠎ᠲᠤ᠂ ᠤᠰᠤᠨ᠎ᠤ ᠬᠠᠤᠯᠢ ᠲᠣᠭᠲᠠᠭ᠋ᠠᠯ ᠲᠦᠷᠢᠮ᠎ᠤᠨ ᠰᠢᠰᠲ᠋ᠧᠮ᠎ᠢ ᠪᠠᠰᠠ ᠲᠡᠭᠦᠯᠳᠡᠷᠵᠢᠭᠦᠯᠬᠦ ᠴᠢᠬᠤᠯᠠᠲᠠᠶ ᠪᠠᠶ᠋ᠢᠨ᠎ᠠ᠂ ᠭᠤᠷᠪᠠ᠎ᠳᠤ᠂ ᠦᠨᠳᠦᠰᠦᠨ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡᠳᠦᠯ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ᠂ ᠳᠥᠷᠪᠡ᠎ᠳᠤ᠂ ᠤᠰᠤᠨ ᠠᠰᠢᠭᠯᠠᠯᠲᠠ ᠵᠢᠨ ᠬᠠᠤᠯᠢ ᠲᠦᠭᠡᠮᠡᠯᠵᠢᠭᠦᠯᠬᠦ ᠬᠠᠨᠳᠤᠯᠭ᠋ᠠᠲᠤ ᠴᠢᠨᠠᠷᠲᠠᠶ ᠪᠦᠲᠦᠮᠵᠢᠲᠦ ᠴᠢᠨᠠᠷ᠎ᠢ ᠤᠯᠠᠮ ᠨᠢᠭᠡ ᠠᠯᠬᠤᠮ ᠴᠢᠩᠭ᠋ᠠᠳᠬᠠᠬᠤ ᠴᠢᠬᠤᠯᠠᠲᠠᠶ ᠪᠠᠶ᠋ᠢᠨ᠎ᠠ᠃ 2024 ᠣᠨ ᠪᠣᠯ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ 75 ᠵᠢᠯ᠎ᠤᠨ ᠤᠢ᠂ ᠶᠡᠷᠦᠩᠬᠡᠢ ᠱᠦᠵᠢ ᠰᠢ ᠵᠢᠨ ᠫᠢᠩ᠎ᠤᠨ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠴᠢᠬᠤᠯᠠ ᠶᠠᠷᠢᠶ᠎ᠠ ᠨᠡᠶ᠋ᠢᠲᠡᠯᠡᠭᠰᠡᠨ 10 ᠵᠢᠯ᠎ᠤᠨ ᠤᠢ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠡᠭᠦᠷᠭᠡ ᠵᠢ ᠪᠡᠶᠡᠯᠡᠭᠦᠯᠬᠦ ᠵᠠᠩᠭᠢᠯᠠᠭ᠎ᠠ ᠵᠢᠨ ᠵᠢᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠠᠬᠢᠭᠤᠯᠬᠤ ᠬᠠᠷᠢᠭᠤᠴᠠᠯᠭ᠋ᠠᠲᠤ ᠰᠡᠳᠬᠢᠯᠭᠡ ᠪᠣᠯᠤᠨ ᠲᠤᠯᠭ᠋ᠠᠮ᠎ᠠ ᠰᠡᠳᠬᠢᠯᠭᠡ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠵᠢᠭ᠋ᠠᠪᠤᠷᠢ ᠪᠣᠯᠤᠨ ᠤᠰᠤ ᠵᠢ ᠵᠠᠰᠠᠬᠤ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠤᠯ ᠰᠢᠵᠢᠮ᠎ᠲᠠᠢ ᠨᠢᠭᠲᠠ ᠤᠶᠠᠯᠳᠤᠭᠤᠯᠤᠨ᠂ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠪᠥᠬᠦ ᠲᠠᠯ᠎ᠠ᠎ᠪᠠᠷ ᠭᠦᠢ᠍ᠴᠡᠳᠭᠡᠵᠦ᠂ ᠤᠰᠤᠨ᠎ᠤ ᠬᠠᠤᠯᠢ ᠲᠣᠭᠲᠠᠭ᠋ᠠᠯ ᠲᠦᠷᠢᠮ᠎ᠤᠨ ᠰᠢᠰᠲ᠋ᠧᠮ᠎ᠢ ᠬᠦᠴᠦᠯᠡᠨ ᠪᠦᠷᠢᠨᠰᠢᠭᠦᠯᠵᠦ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠷᠴᠢᠮ᠎ᠢ ᠴᠢᠩᠭ᠋ᠠᠷᠠᠭᠤᠯᠵᠤ᠂ ᠬᠠᠤᠯᠢ᠎ᠪᠠᠷ ᠵᠠᠰᠠᠬᠤ ᠤᠰᠤᠨ ᠠᠰᠢᠭᠯᠠᠯᠲᠠ ᠵᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠪᠣᠶ ᠪᠣᠯᠭ᠋ᠠᠵᠤ᠂ ᠤᠰᠤᠨ ᠠᠰᠢᠭᠯᠠᠯᠲᠠ ᠵᠢᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠵᠦ᠂ ᠬᠠᠤᠯᠢ ᠶᠣᠰᠣᠭ᠋ᠠᠷ ᠤᠰᠤ ᠵᠢ ᠵᠠᠰᠠᠵᠤ ᠤᠰᠤ ᠵᠢ ᠬᠠᠮᠢᠶᠠᠷᠬᠤ ᠵᠢ ᠪᠥᠬᠦ ᠲᠠᠯ᠎ᠠ᠎ᠪᠠᠷ ᠴᠢᠩᠭ᠋ᠠᠳᠬᠠᠵᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠴᠢᠳᠠᠪᠤᠷᠢ ᠪᠣᠯᠤᠨ ᠲᠦᠪᠰᠢᠨ᠎ᠢ ᠳᠡᠭᠡᠭᠰᠢᠯᠡᠭᠦᠯᠵᠦ᠂ ᠬᠠᠤᠯᠢ᠎ᠪᠠᠷ ᠵᠠᠰᠠᠬᠤ ᠵᠠᠮ ᠵᠶ᠋ᠠᠷ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠶ ᠬᠥᠭᠵᠢᠯᠲᠡ᠎ᠳᠤ ᠰᠢᠨ᠎ᠡ ᠦᠷ᠎ᠡ ᠪᠦᠲᠦᠮᠵᠢ ᠤᠯᠬᠤ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠵᠦ᠂ ᠰᠢᠨ᠎ᠡ ᠵᠠᠮ᠎ᠢ ᠨᠡᠭᠡᠭᠡᠨ ᠳᠤᠮᠳᠠ ᠤᠷᠤᠰᠬᠠᠯ ᠳᠤ ᠤᠷᠤᠬᠣ ᠬᠠᠷᠠᠯᠲᠠ ᠵᠢ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠎ᠳᠤ ᠬᠦᠴᠦᠲᠠᠢ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠨ᠎ᠠ᠃