ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠨ ᠱᠸᠩ ᠬᠦᠩ ᠤᠰᠤᠨ ᠠᠰᠢᠭᠯᠠᠯᠲᠠ ᠵᠢᠨ ᠬᠦᠢ᠍ᠰᠦ ᠬᠠᠮᠢᠶᠠᠷᠤᠯᠲᠠ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠢ᠌ᠭᠤᠯᠤᠮᠵᠢ ᠨᠡᠷ᠎ᠡ ᠮᠡᠳᠡᠭᠦᠯᠬᠦ ᠠᠯᠪᠠᠨ ᠵᠠᠷ
ᠨᠡᠶ᠋ᠢᠲᠡᠯᠡᠭᠰᠡᠨ ᠴᠠᠭ᠄ 2024-03-13

  《ᠡᠷᠬᠡ ᠲᠡᠭᠰᠢ᠂ ᠲᠥᠪ ᠭᠤᠣᠯᠴᠢ᠂ ᠢᠯᠡ ᠲᠣᠳᠣ》 ᠪᠠᠶ᠋ᠢᠬᠤ ᠵᠠᠷᠴᠢᠮ ᠶᠣᠰᠣᠭ᠋ᠠᠷ᠂ ᠮᠠᠨ᠎ᠤ ᠲᠥᠪ ᠣᠲᠣ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠰᠢᠯᠢᠳᠡᠭ᠎ᠢ᠎ᠨᠢ ᠰᠣᠩᠭᠤᠬᠤ᠎ᠪᠠᠷ ᠳᠠᠮᠵᠢᠭᠤᠯᠤᠨ ᠬᠠᠲᠤᠨ ᠭᠤᠤᠯ᠎ᠤᠨ ᠰᠠᠨ ᠱᠧᠩ ᠬᠥᠩ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠤᠰᠤᠨ ᠠᠰᠢᠭᠯᠠᠯᠲᠠ ᠵᠢᠨ ᠰᠠᠭᠤᠷᠢ ᠪᠡᠯᠡᠳᠬᠡᠮᠵᠢ ᠵᠢ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠵᠤ ᠣᠷᠣᠯᠠᠬᠤ ᠠᠵᠢᠯ᠎ᠢ ᠥᠷᠨᠢᠭᠦᠯᠬᠦ᠎ᠪᠠᠷ ᠲᠠᠮᠵᠢᠨ᠂ ᠡᠳᠦᠭᠡ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠵᠠᠷᠯᠠᠶ᠎ᠠ᠄

   ᠨᠢᠭᠡ᠂ ᠲᠦᠷᠦᠯ ᠵᠦᠢ᠍ᠯ᠎ᠤᠨ ᠲᠦᠢ᠍ᠮᠦ ᠪᠠᠶ᠋ᠢᠳᠠᠯ

  1. ᠲᠥᠷᠥᠯ ᠵᠦᠢ᠍ᠯ᠎ᠤᠨ ᠨᠡᠷᠡᠶ᠋ᠢᠳᠦᠯ᠄ ᠬᠠᠲᠤᠨ ᠭᠤᠣᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠬᠦᠢ᠍ᠰᠦ ᠤᠰᠤᠨ ᠠᠰᠢᠭᠯᠠᠯᠲᠠ ᠵᠢᠨ ᠰᠠᠭᠤᠷᠢ ᠪᠡᠯᠡᠳᠬᠡᠮᠵᠢ ᠵᠢ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠲᠥᠷᠥᠯ ᠵᠦᠢ᠍ᠯ᠃

  2. ᠬᠡᠷᠡᠭᠵᠢᠭᠦᠯᠬᠦ ᠴᠠᠭ ᠪᠠ ᠭᠠᠵᠠᠷ᠄ 2024 ᠣᠨ᠂ ᠪᠠᠶᠠᠨᠨᠠᠭᠤᠷ ᠬᠤᠲᠠ ᠵᠢᠨ ᠳ᠋ᠧᠩᠺᠸᠦ ᠰᠢᠶᠠᠨ᠃

  3. ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠠᠭᠤᠯᠭ᠎ᠠ᠄ ᠳᠠᠭ᠋ᠠᠭ᠋ᠠᠴᠢᠯᠠᠯᠲᠠ ᠵᠠᠷᠯᠠᠬᠤ ᠣᠷᠣᠯᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ᠎ᠠ᠂ ᠡᠭᠦᠨ᠎ᠳᠤ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭ᠋ᠠᠬᠤ᠂ ᠠᠯᠪᠠᠨ ᠵᠠᠷ ᠨᠡᠶ᠋ᠢᠲᠡᠯᠡᠬᠦ᠂ ᠲᠥᠷᠥᠯ ᠵᠦᠢ᠍ᠯ᠎ᠢ ᠥᠷᠨᠢᠭᠦᠯᠬᠦ ᠳᠤᠮᠳᠠᠬᠢ ᠰᠡᠵᠢᠭᠯᠡᠯ (ᠵᠢᠱ᠌ᠢᠶᠡᠯᠡᠪᠡᠯ ᠪᠠᠶ᠋ᠢᠬᠤ)᠎ᠢ ᠰᠢᠢ᠍ᠳᠪᠦᠷᠢᠯᠡᠬᠦ᠂ ᠳᠠᠭ᠋ᠠᠭ᠋ᠠᠴᠢᠯᠠᠯᠲᠠ ᠨᠡᠶ᠋ᠢᠲᠡᠯᠡᠬᠦ ᠵᠢ ᠵᠣᠬᠢᠶᠠᠨ ᠪᠠᠶ᠋ᠢᠭᠤᠯᠬᠤ᠂ ᠳᠠᠭ᠋ᠠᠭ᠋ᠠᠴᠢᠯᠠᠯᠲᠠ ᠣᠯᠬᠤ ᠮᠡᠳᠡᠭᠳᠡᠯ᠎ᠤᠨ ᠪᠢᠴᠢᠭ ᠲᠠᠷᠬᠠᠭ᠋ᠠᠬᠤ᠂ ᠲᠥᠷᠥᠯ ᠵᠦᠢ᠍ᠯ᠎ᠢ ᠳᠠᠩᠰᠠ ᠡᠪᠬᠡᠮᠡᠯ᠎ᠳᠤ ᠣᠷᠣᠭᠤᠯᠬᠤ ᠵᠡᠷᠭᠡ ᠵᠢ ᠪᠠᠭᠲᠠᠭ᠋ᠠᠭᠰᠠᠨ ᠪᠣᠯᠪᠠᠴᠤ ᠦᠯᠦ ᠬᠢᠵᠠᠭ᠋ᠠᠷᠯᠠᠨ᠎ᠠ᠃

   ᠬᠤᠶᠠᠷ᠂ ᠣᠷᠣᠯᠠᠬᠤ ᠪᠠᠶ᠋ᠢᠭᠤᠯᠤᠮᠵᠢ ᠵᠢᠨ ᠬᠢᠷᠢ ᠬᠡᠮ᠎ᠤᠨ ᠱᠠᠭ᠋ᠠᠷᠳᠠᠯᠭ᠎ᠠ

  1. ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠡᠷᠬᠡᠪᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶᠡᠨ᠎ᠤ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠥᠮᠥᠷᠭᠡ᠎ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃

  2. ᠲᠤᠰᠠᠭ᠋ᠠᠷ ᠲᠣᠭᠲᠠᠨᠢᠭᠰᠠᠨ ᠬᠠᠤᠯᠢ ᠵᠢᠨ ᠡᠷᠬᠡᠲᠡᠨ᠎ᠤ ᠬᠢᠷᠢ ᠭᠡᠮ᠎ᠲᠠᠢ ᠪᠠᠶ᠋ᠢᠭᠤᠯᠤᠮᠵᠢ ᠡᠷᠬᠡᠪᠰᠢ ᠰᠠᠶ᠋ᠢᠨ  ᠡᠳ᠋᠎ᠤᠨ ᠶᠠᠪᠤᠳᠠᠯ᠎ᠤᠨ ᠪᠠᠶ᠋ᠢᠳᠠᠯ ᠪᠠ ᠬᠤᠳᠠᠯᠳᠤᠭ᠋ᠠᠨ᠎ᠤ ᠢᠲᠡᠭᠡᠯ ᠬᠦᠨᠳᠦ᠎ᠲᠠᠢ ᠪᠠᠶ᠋ᠢᠵᠤ᠂ ᠭᠦᠢ᠍ᠴᠡᠳ ᠡᠳ᠋ ᠬᠥᠷᠥᠩᠭᠡ ᠪᠠ ᠴᠢᠳᠠᠪᠤᠷᠢ᠎ᠲᠠᠢ ᠪᠠᠶ᠋ᠢᠵᠤ ᠭᠡᠷ᠎ᠡ ᠵᠢ ᠭᠦᠢ᠍ᠴᠡᠳᠬᠡᠬᠦ ᠬᠡᠷᠡᠭᠲᠡᠢ᠃

   ᠭᠤᠷᠪᠠ᠂ ᠨᠡᠷ᠎ᠡ ᠮᠡᠳᠡᠭᠦᠯᠬᠦ᠎ᠳᠡᠭᠡᠨ ᠮᠠᠲ᠋ᠧᠷᠢᠶᠠᠯ ᠬᠠᠩᠭ᠋ᠠᠬᠤ ᠬᠡᠷᠡᠭᠲᠡᠶ

  1. ᠨᠡᠷ᠎ᠡ ᠮᠡᠳᠡᠭᠦᠯᠦᠭᠰᠡᠨ ᠬᠥᠮᠦᠨ ᠪᠡᠶ᠎ᠡ ᠵᠢᠨ ᠦᠨᠡᠮᠯᠡᠯ᠎ᠤᠨ ᠬᠠᠭᠤᠯᠪᠤᠷᠢ᠂ ᠬᠠᠷᠢᠯᠴᠠᠬᠤ ᠠᠷᠭ᠎ᠠ ᠬᠡᠯᠪᠡᠷᠢ᠎ᠪᠠᠨ ᠭᠠᠷᠭ᠋ᠠᠵᠤ ᠦᠭᠭᠦᠨ᠎ᠡ᠃

  2. ᠨᠡᠷ᠎ᠡ ᠮᠡᠳᠡᠭᠦᠯᠦᠭᠴᠢ᠎ᠨᠢ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷ᠎ᠤᠨ ᠦᠰᠦᠭ       ᠵᠢᠷᠤᠬᠤ᠂ ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠣᠯᠭᠤᠭᠰᠠᠨ ᠨᠠᠶ᠋ᠢᠳᠠᠯᠭ᠎ᠠ ᠵᠢᠨ ᠪᠢᠴᠢᠭ》 ᠭᠠᠷᠭ᠋ᠠᠵᠤ ᠥᠭᠭᠦᠨ᠎ᠡ᠃

  3. ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠪᠠᠶ᠋ᠢᠭᠤᠯᠭ᠎ᠠ ᠵᠢᠨ ᠣᠨ᠎ᠤ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ᠎ᠨᠢ ᠬᠦᠴᠦᠨ᠎ᠲᠠᠢ ᠮᠥᠷᠲᠡᠭᠡᠨ ᠳᠠᠭ᠋ᠠᠭ᠋ᠠᠴᠢᠯᠠᠯᠲᠠ ᠬᠦᠯᠢᠶᠡᠬᠦ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠵᠢ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠤᠨ ᠬᠠᠭᠤᠯᠪᠤᠷᠢ ᠵᠢ ᠬᠠᠩᠭ᠋ᠠᠵᠤ ᠥᠭᠭᠦᠨ᠎ᠡ᠃

  4. ᠤᠢ᠌ᠷ᠎ᠠ ᠵᠢᠨ ᠬᠠᠭ᠋ᠠᠰ ᠵᠢᠯ᠎ᠳᠤ ᠭᠤᠷᠪᠠᠨ ᠰᠠᠷ᠎ᠠ ᠳᠠᠷᠠᠭ᠋ᠠᠯᠠᠨ ᠨᠡᠢ᠌ᠭᠡᠮ᠎ᠤᠨ ᠪᠠᠲᠤᠯᠠᠭ᠎ᠠ ᠵᠢᠨ ᠪᠡᠯᠡ ᠮᠦᠩᠭᠦ ᠲᠤᠰᠢᠶᠠᠭᠰᠠᠨ ᠭᠡᠷᠡᠴᠢ ᠮᠠᠲᠸᠷᠢᠶᠠᠯ᠂ ᠪᠠᠷᠤᠭ ᠬᠠᠭ᠋ᠠᠰ ᠵᠢᠯ ᠳᠠᠷᠠᠭ᠋ᠠᠯᠠᠨ ᠭᠤᠷᠪᠠᠨ ᠰᠠᠷ᠎ᠠ ᠭᠠᠢ᠌ᠯᠢ ᠲᠤᠰᠢᠶᠠᠭᠰᠠᠨ ᠭᠡᠷᠡᠴᠢ ᠮᠠᠲᠸᠷᠢᠶᠠᠯ᠎ᠢ ᠬᠠᠩᠭ᠋ᠠᠨ᠎ᠠ᠃

  5᠂ 2023 ᠪᠤᠶᠤ 2022 ᠣᠨ᠎ᠳᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ᠎ᠠᠴᠠ ᠭᠠᠷᠭ᠋ᠠᠵᠤ ᠥᠭᠭᠦᠭᠰᠡᠨ ᠬᠢᠨᠠᠨ ᠪᠤᠳᠤᠬᠤ ᠮᠡᠳᠡᠭᠦᠯᠦᠯᠲᠡ ᠪᠤᠶᠤ ᠺᠣᠮᠫᠠᠨᠢ ᠵᠢᠨ ᠦᠨᠳᠦᠰᠦᠨ ᠳᠠᠩᠰᠠᠨ ᠡᠷᠦᠬᠡ ᠪᠠᠶ᠋ᠢᠭᠤᠯᠤᠭᠰᠠᠨ ᠪᠠᠩᠬᠢ ᠵᠢᠨ ᠬᠢᠵᠦ ᠥᠭᠭᠦᠭᠰᠡᠨ ᠬᠢᠷᠢ ᠬᠡᠮ᠎ᠤᠨ ᠢᠲᠡᠭᠡᠮᠵᠢ ᠵᠢᠨ ᠭᠡᠷᠡᠴᠢ ᠬᠠᠩᠭ᠋ᠠᠨ᠎ᠠ᠃

  6. 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 (ᠥᠪᠡᠷᠲᠡᠭᠡᠨ ᠵᠠᠰᠠᠬᠤ ᠣᠷᠣᠨ᠎ᠤ ᠲᠠᠰ) ᠵᠢᠨ ᠣᠷᠣᠯᠠᠬᠤ ᠪᠠᠶ᠋ᠢᠭᠤᠯᠤᠮᠵᠢ᠎ᠳᠤ ᠳᠡᠩᠰᠡᠯᠡᠵᠦ ᠬᠥᠮᠥᠷᠭᠡ᠎ᠳᠤ ᠣᠷᠣᠭᠤᠯᠤᠭᠰᠠᠨ ᠵᠢᠷᠤᠭ᠎ᠢ ᠭᠡᠷᠡᠴᠢᠯᠡᠬᠦ ᠮᠠᠲ᠋ᠧᠷᠢᠶᠠᠯ᠎ᠢ ᠬᠠᠩᠭ᠋ᠠᠨ᠎ᠠ᠃

  7. 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn ) ᠢᠲᠡᠭᠡᠮᠵᠢ ᠠᠯᠳᠠᠭᠰᠠᠨ ᠭᠦᠢ᠍ᠴᠡᠳᠬᠡᠭᠴᠢ ᠪᠠ ᠬᠦᠨᠳᠦ ᠶᠡᠭᠡ ᠭᠠᠶ᠋ᠢᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠎ᠤᠨ ᠲᠡᠮᠳᠡᠭᠯᠡᠯ᠎ᠢ ᠲᠠᠰᠤᠯᠤᠭᠰᠠᠨ ᠵᠢᠷᠤᠭ ᠵᠢᠴᠢ 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠰᠦᠯᠵᠢᠶ᠎ᠡ (www.ccgp.gov.cn ) ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠵᠢ ᠵᠥᠷᠢᠴᠡᠵᠦ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠤᠨ ᠣᠭᠲᠣᠯᠣᠭᠰᠠᠨ ᠵᠢᠷᠤᠭ᠎ᠢ ᠬᠠᠩᠭ᠋ᠠᠨ᠎ᠠ᠃

  8. ᠳᠤᠮᠳᠠᠳᠤ ᠤᠯᠤᠰ᠎ᠤᠨ ᠲᠠᠰᠤᠯᠤᠨ ᠲᠣᠭᠲᠠᠭ᠋ᠠᠯᠲᠠ ᠵᠢᠨ ᠪᠢᠴᠢᠭ ᠬᠠᠷ᠎ᠠ ᠵᠢᠨ ᠰᠦᠯᠵᠢᠶᠡᠨ᠎ᠳᠤ ᠨᠡᠷ᠎ᠡ ᠮᠡᠳᠡᠭᠦᠯᠦᠭᠡᠳ ᠣᠶ᠋ᠢᠷ᠎ᠠ ᠵᠢᠨ ᠭᠤᠷᠪᠠᠨ ᠵᠢᠯ (2021 ᠣᠨ᠎ᠤ 1 ᠳ᠋ᠦ᠍ᠭᠡᠷ ᠰᠠᠷ᠎ᠠ ᠵᠢᠨ 1᠎ᠠᠴᠠ ᠤᠳᠤ ᠪᠣᠯᠲᠠᠯ᠎ᠠ) ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ᠎ᠢ ᠪᠠᠶ᠋ᠢᠴᠠᠭ᠋ᠠᠨ ᠠᠰᠠᠭᠤᠭᠰᠠᠨ ᠲᠡᠮᠳᠡᠭᠯᠡᠯ᠎ᠢ ᠣᠯᠤᠭᠰᠠᠨ ᠦᠭᠡᠢ᠃

   ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ

   ᠳᠡᠭᠡᠷ᠎ᠡ ᠳᠤᠷᠠᠳᠤᠭᠰᠠᠨ ᠨᠥᠬᠦᠴᠡᠯ᠎ᠳᠤ ᠨᠡᠶ᠋ᠢᠴᠡᠬᠦ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ᠎ᠨᠢ 2024 ᠣᠨ᠎ᠤ 3 ᠳ᠋ᠤᠭ᠋ᠠᠷ ᠰᠠᠷ᠎ᠠ ᠵᠢᠨ 13᠎ᠤ ᠡᠳᠦᠷ᠎ᠠᠴᠠ 2024 ᠣᠨ᠎ᠤ 3 ᠳ᠋ᠤᠭ᠋ᠠᠷ ᠰᠠᠷ᠎ᠠ ᠵᠢᠨ 15᠎ᠤ ᠡᠳᠦᠷ ᠪᠣᠯᠲᠠᠯ᠎ᠠ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9᠄ 00 — 12᠄ 00᠂ ᠦᠳᠡ ᠵᠢᠨ ᠬᠤᠶ᠋ᠢᠨ᠎ᠠ 15᠄ 00 — 18᠄ 00 ᠴᠠᠭ᠎ᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠤᠯ᠎ᠤᠨ ᠰᠠᠨ ᠱᠧᠩ ᠬᠥᠩ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠬᠠᠮᠢᠶᠠᠷᠤᠯᠲᠠ ᠵᠢᠨ ᠲᠥᠪ᠎ᠲᠤ ᠨᠡᠷ᠎ᠡ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠨ᠎ᠠ᠃

   ᠲᠠᠪᠤ᠂ ᠬᠠᠷᠢᠯᠴᠠᠬᠤ ᠠᠷᠭ᠎ᠠ ᠮᠠᠶᠢᠭ

   ᠪᠠᠢ᠌ᠭᠤᠯᠭ᠎ᠠ ᠵᠢᠨ ᠨᠡᠷᠡᠢ᠌ᠳᠦᠯ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠤᠯ᠎ᠤᠨ ᠰᠠᠨ ᠱᠧᠩ ᠭᠦᠩ ᠣᠰᠣᠨ ᠠᠰᠢᠭᠯᠠᠯᠲᠠ ᠵᠢᠨ ᠵᠠᠩᠭᠢᠯᠠᠭ᠎ᠠ ᠵᠢᠨ ᠬᠠᠮᠢᠶᠠᠷᠤᠯᠲᠠ ᠵᠢᠨ ᠲᠥᠪ

   ᠨᠡᠷ᠎ᠡ ᠮᠡᠳᠡᠭᠦᠯᠬᠦ ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠨᠨᠠᠭᠤᠷ ᠬᠤᠲᠠ ᠵᠢᠨ ᠳ᠋ᠧᠩᠺᠸᠦ ᠰᠢᠶᠠᠨ᠎ᠤ ᠪᠠᠶᠠᠨᠭᠤᠤᠯ ᠪᠠᠯᠭ᠋ᠠᠰᠤᠨ᠎ᠤ ᠲᠤᠸᠠᠨ ᠵᠢᠶᠧ ᠵᠠᠮ ᠬᠢᠭᠡᠳ ᠫᠢ ᠭ᠋ᠸ ᠵᠠᠮ᠎ᠤᠨ ᠠᠭᠤᠯᠵᠠᠷ᠎ᠤᠨ ᠪᠠᠷᠠᠭᠤᠨ ᠬᠤᠶ᠋ᠢᠲᠤ 60 ᠮᠸᠲᠷ

   ᠰᠢᠦᠳᠠᠨ ᠨᠣᠮᠧᠷ᠄ 015200

   ᠬᠠᠷᠢᠯᠴᠠᠬᠤ ᠬᠥᠮᠦᠨ᠄ ᠶᠦᠨ ᠰᠢᠤᠢ ᠴᠧᠩ᠂ ᠯᠢᠦ ᠰᠢᠶᠤᠤ ᠵᠢᠶᠧ

   ᠬᠠᠷᠢᠯᠴᠠᠬᠤ ᠤᠲᠠᠰᠤ᠄ 15147869709  18504840862

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠬᠦᠳᠡᠭᠡ ᠲᠤᠰᠬᠤᠨ ᠮᠠᠯᠵᠢᠬᠤ ᠣᠷᠣᠨ᠎ᠤ ᠤᠰᠤ ᠬᠠᠩᠭ᠋ᠠᠬᠤ 《ᠭᠤᠷᠪᠠᠨ ᠠᠷᠪᠠ》 ᠵᠢ ᠡᠭᠦᠳᠦᠨ ᠪᠠᠶ᠋ᠢᠭᠤᠯᠬᠤ ᠨᠡᠷᠡᠰ᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠵᠠᠷᠯᠠᠯ
ᠬᠠᠲᠤᠨ ᠭᠤᠤᠯ᠎ᠤᠨ ᠥᠪᠥᠷ ᠮᠣᠩᠭᠤᠯ᠎ᠳᠠᠬᠢ ᠬᠡᠰᠡᠭ᠎ᠤᠨ ᠭᠤᠤᠯ ᠤᠷᠤᠰᠬᠠᠯ᠎ᠤᠨ ᠨᠦᠯᠦᠮᠡᠯ᠎ᠤᠨ ᠵᠠᠳᠠᠯᠤᠯᠲᠠ ᠵᠢᠴᠢ ᠣᠳᠣᠬᠢ ᠪᠠᠶ᠋ᠢᠳᠠᠯ᠎ᠤᠨ ᠰᠢᠯᠵᠢᠯᠲᠡ ᠵᠢᠨ ᠴᠢᠳᠠᠪᠤᠷᠢ ᠵᠢ ᠳᠠᠬᠢᠨ ᠬᠢᠨᠠᠬᠤ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠯᠡ᠎ᠪᠠᠷ ᠠᠳᠠᠯᠢᠳᠬᠠᠬᠤ ᠠᠯᠪᠠᠨ ᠵᠠᠷ
ᠤᠰᠤ ᠠᠪᠬᠤ ᠵᠥᠪᠰᠢᠶᠡᠷᠡᠯ᠎ᠳᠤ ᠣᠷᠣᠭᠤᠯᠬᠤ ᠪᠠ ᠰᠡᠶ᠋ᠢᠷᠡᠭᠦᠯᠦᠨ ᠬᠠᠳᠠᠭ᠋ᠠᠬᠤ ᠤᠰᠤ ᠭᠠᠳᠠᠭᠰᠢᠯᠠᠭᠤᠯᠬᠤ ᠬᠡᠮᠵᠢᠶ᠎ᠡ ᠵᠢᠨ ᠬᠡᠪᠴᠢᠶᠡᠨ᠎ᠤ ᠪᠠᠷᠢᠮᠵᠢᠶ᠎ᠠ ᠵᠢ ᠳᠠᠩᠰᠠᠯᠠᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
2024 ᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠶ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠲᠥᠯᠥᠪᠯᠡᠭᠡ ᠵᠢ ᠨᠡᠶ᠋ᠢᠲᠡᠯᠡᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠲᠥᠪ᠎ᠤᠨ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠳ᠋ᠤᠭ᠋ᠠᠷ ᠬᠠᠰᠤᠬᠤ ᠲᠤᠬᠠᠶ ᠵᠠᠷᠯᠠᠯ
 
            