ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠬᠦᠳᠡᠭᠡ ᠲᠤᠰᠬᠤᠨ ᠮᠠᠯᠵᠢᠬᠤ ᠣᠷᠣᠨ᠎ᠤ ᠤᠰᠤ ᠬᠠᠩᠭ᠋ᠠᠬᠤ 《ᠭᠤᠷᠪᠠᠨ ᠠᠷᠪᠠ》 ᠵᠢ ᠡᠭᠦᠳᠦᠨ ᠪᠠᠶ᠋ᠢᠭᠤᠯᠬᠤ ᠨᠡᠷᠡᠰ᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠵᠠᠷᠯᠠᠯ
ᠨᠡᠶ᠋ᠢᠲᠡᠯᠡᠭᠰᠡᠨ ᠴᠠᠭ᠄ 2024-03-13

   ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠡᠯ᠎ᠡ ᠭᠠᠵᠠᠷ᠎ᠲᠤ 《ᠭᠤᠷᠪᠠᠨ ᠠᠷᠪᠠ》 ᠵᠢ ᠡᠭᠦᠳᠦᠨ ᠪᠠᠶ᠋ᠢᠭᠤᠯᠬᠤ ᠲᠥᠰᠦᠯ᠎ᠢ ᠬᠢᠨᠠᠨ ᠲᠣᠭᠲᠠᠭ᠋ᠠᠬᠤ᠎ᠪᠠᠷ ᠳᠡᠮᠵᠢᠨ᠂ ᠣᠲᠣ ᠨᠥᠬᠦᠴᠡᠯ᠎ᠳᠤ ᠨᠡᠶ᠋ᠢᠴᠡᠬᠦ ᠬᠥᠬᠡᠬᠤᠲᠠ ᠵᠢᠨ ᠲᠦᠮᠡᠳ ᠵᠡᠭᠦᠨ ᠬᠤᠰᠢᠭᠤ ᠵᠡᠷᠭᠡ ᠬᠦᠳᠡᠭᠡ ᠲᠤᠰᠬᠤᠨ ᠮᠠᠯᠵᠢᠬᠤ ᠣᠷᠣᠨ᠎ᠤ ᠤᠰᠤ ᠬᠠᠩᠭ᠋ᠠᠬᠤ ᠰᠢᠶᠠᠨ᠎ᠤ ᠬᠡᠪᠴᠢᠶᠡᠨ᠎ᠳᠤ ᠨᠢᠭᠡᠳᠦᠯᠲᠡᠶ ᠬᠠᠮᠢᠶᠠᠷᠤᠭᠰᠠᠨ 10 ᠵᠢᠱ᠌ᠢᠶ᠎ᠡ ᠦᠵᠡᠭᠦᠯᠬᠦ ᠬᠤᠰᠢᠭᠤ ᠰᠢᠶᠠᠨ᠂ ᠪᠤᠭᠤᠲᠤ ᠬᠤᠲᠠ ᠵᠢᠨ ᠲᠦᠮᠡᠳ ᠪᠠᠷᠠᠭᠤᠨ ᠬᠤᠰᠢᠭᠤ ᠵᠡᠷᠭᠡ ᠬᠦᠳᠡᠭᠡ ᠲᠤᠰᠬᠤᠨ ᠮᠠᠯᠵᠢᠬᠤ ᠣᠷᠣᠨ᠎ᠤ ᠤᠰᠤ ᠬᠠᠩᠭ᠋ᠠᠬᠤ ᠲᠣᠰᠬᠤᠨ᠎ᠤ ᠠᠮᠠᠰᠠᠷ᠎ᠲᠤ ᠬᠥᠳᠡᠯᠦᠩᠭᠦᠶ ᠬᠢᠨᠠᠨ ᠬᠡᠮᠵᠢᠯᠲᠡ ᠵᠢ ᠪᠦᠬᠦᠨ᠎ᠢ ᠬᠠᠮᠤᠷᠤᠭᠰᠠᠨ ᠵᠢᠱ᠌ᠢᠶ᠎ᠡ ᠦᠵᠡᠭᠦᠯᠬᠦ ᠬᠤᠰᠢᠭᠤ ᠰᠢᠶᠠᠨ ᠪᠠ ᠬᠥᠯᠥᠨ ᠪᠤᠶ᠋ᠢᠷ ᠬᠤᠲᠠ ᠵᠢᠨ ᠬᠠᠭᠤᠴᠢᠨ ᠪᠠᠷᠭᠤ ᠬᠤᠰᠢᠭᠤᠨ᠎ᠤ ᠪᠣᠷᠣᠰᠢᠯᠢ ᠤᠰᠤ ᠬᠠᠩᠭ᠋ᠠᠬᠤ ᠦᠢ᠍ᠯᠡᠳᠪᠦᠷᠢ ᠵᠡᠷᠭᠡ 10 ᠪᠠᠷᠢᠮᠵᠢᠶᠠᠵᠢᠭᠤᠯᠤᠭᠰᠠᠨ ᠵᠢᠱ᠌ᠢᠶ᠎ᠡ ᠦᠵᠡᠭᠦᠯᠬᠦ ᠤᠰᠤᠨ᠎ᠤ ᠦᠢ᠍ᠯᠡᠳᠪᠦᠷᠢ ᠵᠢ ᠡᠭᠦᠳᠦᠨ ᠪᠠᠶ᠋ᠢᠭᠤᠯᠬᠤ ᠠᠵᠢᠯ᠎ᠢ ᠵᠠᠷᠯᠠᠨ ᠨᠡᠶ᠋ᠢᠲᠡᠯᠡᠪᠡ (ᠨᠡᠷᠡᠰ᠎ᠤᠨ ᠵᠢᠭᠰᠠᠭ᠋ᠠᠯᠲᠠ᠎ᠨᠢ ᠡᠮᠦᠨ᠎ᠡ ᠬᠤᠶ᠋ᠢᠨ᠎ᠠ ᠭᠡᠵᠦ ᠬᠤᠪᠢᠶᠠᠬᠤ ᠦᠭᠡᠢ)᠃ ᠣᠨᠳᠣᠣ ᠰᠠᠨᠠᠯ᠎ᠲᠠᠢ ᠪᠣᠯ ᠵᠠᠷᠯᠠᠨ ᠨᠡᠶ᠋ᠢᠲᠡᠯᠡᠬᠦ ᠬᠤᠭᠤᠴᠠᠭ᠋ᠠᠨ᠎ᠳᠤ ᠮᠠᠨ᠎ᠤ ᠲᠢᠩᠬᠢᠮ᠎ᠳᠤ ᠪᠢᠴᠢᠭ᠎ᠤᠨ ᠬᠡᠯᠪᠡᠷᠢ᠎ᠪᠠᠷ ᠲᠤᠰᠬᠠᠵᠤ ᠪᠣᠯᠣᠨ᠎ᠠ᠃

   ᠵᠠᠷᠯᠠᠨ ᠨᠡᠶ᠋ᠢᠲᠡᠯᠡᠬᠦ ᠴᠠᠭ᠄ 2024 ᠣᠨ᠎ᠤ 3 ᠳ᠋ᠤᠭ᠋ᠠᠷ ᠰᠠᠷ᠎ᠠ ᠵᠢᠨ 12᠎ᠤᠨ ᠡᠳᠦᠷ᠎ᠠᠴᠠ 3 ᠳ᠋ᠤᠭ᠋ᠠᠷ ᠰᠠᠷ᠎ᠠ ᠵᠢᠨ 18᠎ᠤ ᠡᠳᠦᠷ ᠪᠣᠯᠲᠠᠯ᠎ᠠ

   ᠬᠠᠷᠢᠯᠴᠠᠬᠤ ᠬᠥᠮᠦᠨ᠄ ᠤᠰᠤᠨ ᠠᠰᠢᠭᠯᠠᠯᠲᠠ ᠵᠢᠨ ᠲᠢᠩᠬᠢᠮ᠎ᠤᠨ ᠬᠥᠳᠡᠭᠡ ᠲᠣᠰᠬᠤᠨ ᠮᠠᠯᠵᠢᠬᠤ ᠣᠷᠣᠨ᠎ᠤ ᠣᠰᠣᠨ ᠠᠰᠢᠭᠯᠠᠯᠲᠠ ᠵᠢᠨ ᠭᠠᠵᠠᠷ   ᠹᠠᠨ ᠶᠠᠨ ᠰᠢᠨ

   ᠬᠠᠷᠢᠯᠴᠠᠬᠤ ᠣᠳᠠᠰᠣ᠄ 0471 — 5259406

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠬᠠᠲᠤᠨ ᠭᠤᠤᠯ᠎ᠤᠨ ᠥᠪᠥᠷ ᠮᠣᠩᠭᠤᠯ᠎ᠳᠠᠬᠢ ᠬᠡᠰᠡᠭ᠎ᠤᠨ ᠭᠤᠤᠯ ᠤᠷᠤᠰᠬᠠᠯ᠎ᠤᠨ ᠨᠦᠯᠦᠮᠡᠯ᠎ᠤᠨ ᠵᠠᠳᠠᠯᠤᠯᠲᠠ ᠵᠢᠴᠢ ᠣᠳᠣᠬᠢ ᠪᠠᠶ᠋ᠢᠳᠠᠯ᠎ᠤᠨ ᠰᠢᠯᠵᠢᠯᠲᠡ ᠵᠢᠨ ᠴᠢᠳᠠᠪᠤᠷᠢ ᠵᠢ ᠳᠠᠬᠢᠨ ᠬᠢᠨᠠᠬᠤ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠯᠡ᠎ᠪᠠᠷ ᠠᠳᠠᠯᠢᠳᠬᠠᠬᠤ ᠠᠯᠪᠠᠨ ᠵᠠᠷ
ᠤᠰᠤ ᠠᠪᠬᠤ ᠵᠥᠪᠰᠢᠶᠡᠷᠡᠯ᠎ᠳᠤ ᠣᠷᠣᠭᠤᠯᠬᠤ ᠪᠠ ᠰᠡᠶ᠋ᠢᠷᠡᠭᠦᠯᠦᠨ ᠬᠠᠳᠠᠭ᠋ᠠᠬᠤ ᠤᠰᠤ ᠭᠠᠳᠠᠭᠰᠢᠯᠠᠭᠤᠯᠬᠤ ᠬᠡᠮᠵᠢᠶ᠎ᠡ ᠵᠢᠨ ᠬᠡᠪᠴᠢᠶᠡᠨ᠎ᠤ ᠪᠠᠷᠢᠮᠵᠢᠶ᠎ᠠ ᠵᠢ ᠳᠠᠩᠰᠠᠯᠠᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
2024 ᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠶ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠲᠥᠯᠥᠪᠯᠡᠭᠡ ᠵᠢ ᠨᠡᠶ᠋ᠢᠲᠡᠯᠡᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠲᠥᠪ᠎ᠤᠨ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠳ᠋ᠤᠭ᠋ᠠᠷ ᠬᠠᠰᠤᠬᠤ ᠲᠤᠬᠠᠶ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠱᠢᠨᠵᠢᠯᠡᠭᠡᠨ ᠤᠰᠤᠨ᠎ᠤ ᠡᠬᠢ ᠰᠤᠷᠪᠤᠯᠵᠢ᠎ᠶ᠋ᠢᠨ ᠲᠥᠪ᠎ᠦᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠢᠯᠡ᠎ᠪᠡᠷ ᠠᠳᠠᠯᠢᠳᠭᠠᠨ ᠰᠣᠩᠭᠣᠬᠤ ᠠᠯᠪᠠᠨ ᠵᠠᠷ
 
            