ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠬᠠᠲᠤᠨ ᠭᠤᠤᠯ᠎ᠤᠨ ᠥᠪᠥᠷ ᠮᠣᠩᠭᠤᠯ᠎ᠳᠠᠬᠢ ᠬᠡᠰᠡᠭ᠎ᠤᠨ ᠭᠤᠤᠯ ᠤᠷᠤᠰᠬᠠᠯ᠎ᠤᠨ ᠨᠦᠯᠦᠮᠡᠯ᠎ᠤᠨ ᠵᠠᠳᠠᠯᠤᠯᠲᠠ ᠵᠢᠴᠢ ᠣᠳᠣᠬᠢ ᠪᠠᠶ᠋ᠢᠳᠠᠯ᠎ᠤᠨ ᠰᠢᠯᠵᠢᠯᠲᠡ ᠵᠢᠨ ᠴᠢᠳᠠᠪᠤᠷᠢ ᠵᠢ ᠳᠠᠬᠢᠨ ᠬᠢᠨᠠᠬᠤ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠯᠡ᠎ᠪᠠᠷ ᠠᠳᠠᠯᠢᠳᠬᠠᠬᠤ ᠠᠯᠪᠠᠨ ᠵᠠᠷ
ᠨᠡᠶ᠋ᠢᠲᠡᠯᠡᠭᠰᠡᠨ ᠴᠠᠭ᠄ 2024-03-18

  《ᠡᠷᠬᠡ ᠲᠡᠭᠰᠢ᠂ ᠲᠥᠪ ᠭᠤᠣᠯᠴᠢ᠂ ᠢᠯᠡ ᠲᠣᠳᠣ》 ᠪᠠᠶ᠋ᠢᠬᠤ ᠵᠠᠷᠴᠢᠮ ᠶᠣᠰᠣᠭ᠋ᠠᠷ᠂ ᠮᠠᠨ᠎ᠤ ᠲᠥᠪ ᠣᠲᠣ ᠢᠯᠡ᠎ᠪᠠᠷ ᠠᠳᠠᠯᠢᠳᠬᠠᠬᠤ᠎ᠪᠠᠷ ᠳᠠᠮᠵᠢᠭᠤᠯᠤᠨ ᠬᠠᠲᠤᠨ ᠭᠤᠤᠯ᠎ᠤᠨ ᠥᠪᠥᠷ ᠮᠣᠩᠭᠤᠯ᠎ᠳᠠᠬᠢ ᠬᠡᠰᠡᠭ᠎ᠤᠨ ᠭᠤᠤᠯ ᠤᠷᠤᠰᠬᠠᠯ᠎ᠤᠨ ᠨᠦᠯᠦᠮᠡᠯ ᠎ᠤᠨ ᠵᠠᠳᠠᠯᠤᠯᠲᠠ ᠵᠢᠴᠢ ᠣᠳᠣᠬᠢ ᠪᠠᠶ᠋ᠢᠳᠠᠯ᠎ᠤᠨ ᠰᠢᠯᠵᠢᠯᠲᠡ ᠵᠢᠨ ᠴᠢᠳᠠᠪᠤᠷᠢ ᠵᠢ ᠳᠠᠬᠢᠨ ᠬᠢᠨᠠᠬᠤ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢ ᠰᠣᠩᠭᠤᠬᠤ᠎ᠪᠠᠷ ᠳᠠᠮᠵᠢᠭᠤᠯᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠠᠵᠢᠯ᠎ᠢ ᠥᠷᠨᠢᠭᠦᠯᠵᠦ ᠪᠠᠶ᠋ᠢᠨ᠎ᠠ᠃ ᠡᠳᠦᠭᠡ ᠬᠤᠯᠪᠣᠭᠳᠠᠯ ᠪᠦᠬᠦᠢ ᠶᠠᠪᠤᠳᠠᠯ᠎ᠢ ᠳᠣᠣᠷᠠᠬᠢ ᠮᠡᠲᠦ ᠵᠠᠷᠯᠠᠶ᠎ᠠ᠄

   ᠨᠢᠭᠡ᠂ ᠲᠥᠷᠥᠯ ᠵᠦᠢ᠍ᠯ᠎ᠤᠨ ᠲᠦᠢ᠍ᠮᠣ ᠪᠠᠶ᠋ᠢᠳᠠᠯ

  1. ᠲᠥᠷᠥᠯ ᠵᠦᠢ᠍ᠯ᠎ᠤᠨ ᠨᠡᠷᠡᠶ᠋ᠢᠳᠦᠯ᠄ ᠬᠠᠲᠤᠨ ᠭᠤᠤᠯ᠎ᠤᠨ ᠥᠪᠥᠷ ᠮᠣᠩᠭᠤᠯ᠎ᠳᠠᠬᠢ ᠬᠡᠰᠡᠭ᠎ᠤᠨ ᠭᠤᠤᠯ ᠤᠷᠤᠰᠬᠠᠯ᠎ᠤᠨ ᠨᠦᠯᠦᠮᠡᠯ᠎ᠤᠨ ᠵᠠᠳᠠᠯᠤᠯᠲᠠ ᠵᠢᠴᠢ ᠣᠳᠣᠬᠢ ᠪᠠᠶ᠋ᠢᠳᠠᠯ᠎ᠤᠨ ᠰᠢᠯᠵᠢᠯᠲᠡ ᠵᠢᠨ ᠴᠢᠳᠠᠪᠤᠷᠢ ᠵᠢ ᠳᠠᠬᠢᠨ ᠬᠢᠨᠠᠬᠤ ᠲᠥᠷᠥᠯ ᠵᠦᠢ᠍ᠯ

  2. ᠬᠡᠷᠡᠭᠵᠢᠭᠦᠯᠬᠦ ᠴᠠᠭ ᠬᠤᠭᠤᠴᠠᠭ᠎ᠠ ᠪᠠ ᠭᠠᠵᠠᠷ ᠣᠷᠣᠨ᠄ 2024 ᠣᠨ᠎ᠤ 3 ᠳ᠋ᠤᠭ᠋ᠠᠷ ᠰᠠᠷ᠎ᠠ᠎ᠳᠤ᠂ ᠬᠥᠬᠡᠬᠤᠲᠠ

  3. ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠠᠭᠤᠯᠭ᠎ᠠ᠄ ᠳᠠᠭ᠋ᠠᠭ᠋ᠠᠴᠢᠯᠠᠯᠲᠠ ᠵᠠᠷᠯᠠᠬᠤ ᠣᠷᠣᠯᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ᠎ᠠ᠂ ᠡᠭᠦᠨ᠎ᠳᠤ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭ᠋ᠠᠬᠤ᠂ ᠠᠯᠪᠠᠨ ᠵᠠᠷ ᠨᠡᠶ᠋ᠢᠲᠡᠯᠡᠬᠦ᠂ ᠲᠥᠷᠥᠯ ᠵᠦᠢ᠍ᠯ᠎ᠢ ᠥᠷᠨᠢᠭᠦᠯᠬᠦ ᠳᠤᠮᠳᠠᠬᠢ ᠰᠡᠵᠢᠭᠯᠡᠯ (ᠵᠢᠱ᠌ᠢᠶᠡᠯᠡᠪᠡᠯ ᠪᠠᠶ᠋ᠢᠬᠤ)᠎ᠢ ᠰᠢᠢ᠍ᠳᠪᠦᠷᠢᠯᠡᠬᠦ᠂ ᠳᠠᠭ᠋ᠠᠭ᠋ᠠᠴᠢᠯᠠᠯᠲᠠ ᠨᠡᠶ᠋ᠢᠲᠡᠯᠡᠬᠦ ᠵᠢ ᠵᠣᠬᠢᠶᠠᠨ ᠪᠠᠶ᠋ᠢᠭᠤᠯᠬᠤ᠂ ᠳᠠᠭ᠋ᠠᠭ᠋ᠠᠴᠢᠯᠠᠯᠲᠠ ᠣᠯᠬᠤ ᠮᠡᠳᠡᠭᠳᠡᠯ᠎ᠤᠨ ᠪᠢᠴᠢᠭ ᠲᠠᠷᠬᠠᠭ᠋ᠠᠬᠤ᠂ ᠲᠥᠷᠥᠯ ᠵᠦᠢ᠍ᠯ᠎ᠢ ᠳᠠᠩᠰᠠ ᠡᠪᠬᠡᠮᠡᠯ᠎ᠳᠤ ᠣᠷᠣᠭᠤᠯᠬᠤ ᠵᠡᠷᠭᠡ ᠵᠢ ᠪᠠᠭᠲᠠᠭ᠋ᠠᠭᠰᠠᠨ ᠪᠣᠯᠪᠠᠴᠤ ᠦᠯᠦ ᠬᠢᠵᠠᠭ᠋ᠠᠷᠯᠠᠨ᠎ᠠ᠃

   ᠬᠤᠶᠠᠷ᠂ ᠣᠷᠣᠯᠠᠬᠤ ᠪᠠᠶ᠋ᠢᠭᠤᠯᠤᠮᠵᠢ ᠵᠢᠨ ᠬᠢᠷᠢ ᠬᠡᠮ᠎ᠤᠨ ᠱᠠᠭ᠋ᠠᠷᠳᠠᠯᠭ᠎ᠠ

  1. ᠂  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ ᠵᠢᠨ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠥᠮᠥᠷᠭᠡ ᠵᠢ ᠪᠦᠷᠢᠳᠬᠡᠨ ᠳᠠᠩᠰᠠᠯᠠᠬᠤ;

  2. ᠲᠤᠰᠠᠭ᠋ᠠᠷ ᠬᠠᠤᠯᠢ ᠵᠢᠨ ᠡᠷᠬᠡᠲᠡᠨ᠎ᠤ ᠬᠢᠷᠢ ᠭᠡᠮ᠎ᠲᠠᠢ ᠪᠠᠶ᠋ᠢᠭᠤᠯᠤᠮᠵᠢ ᠡᠷᠬᠡᠪᠰᠢ ᠰᠠᠶ᠋ᠢᠨ ᠰᠠᠶ᠋ᠢᠬᠠᠨ ᠡᠳ᠋᠎ᠤᠨ ᠶᠠᠪᠤᠳᠠᠯ᠎ᠤᠨ ᠪᠠᠶ᠋ᠢᠳᠠᠯ ᠪᠠ ᠬᠤᠳᠠᠯᠳᠤᠭ᠋ᠠᠨ᠎ᠤ ᠢᠲᠡᠭᠡᠯ ᠬᠦᠨᠳᠦ᠎ᠲᠠᠢ ᠪᠠᠶ᠋ᠢᠵᠤ᠂ ᠭᠦᠢ᠍ᠴᠡᠳ ᠡᠳ᠋ ᠬᠥᠷᠥᠩᠭᠡ ᠪᠠ ᠴᠢᠳᠠᠪᠤᠷᠢ᠎ᠲᠠᠢ ᠪᠠᠶ᠋ᠢᠵᠤ ᠭᠡᠷ᠎ᠡ ᠵᠢ ᠭᠦᠢ᠍ᠴᠡᠳᠬᠡᠬᠦ ᠬᠡᠷᠡᠭᠲᠡᠢ᠃

  3. ᠂  ᠲᠤᠰ ᠭᠠᠵᠠᠷ᠎ᠤᠨ ᠲᠤᠰᠠᠭ᠋ᠠᠷ ᠳᠠᠭ᠋ᠠᠭ᠋ᠠᠴᠢᠯᠠᠯᠲᠠ ᠵᠠᠷᠯᠠᠬᠤ ᠭᠠᠵᠠᠷ ᠪᠣᠯᠤᠨ ᠲᠥᠬᠥᠭᠡᠷᠦᠮᠵᠢ ᠵᠢ ᠪᠦᠷᠢᠳᠦᠭᠦᠯᠦᠭᠰᠡᠨ ᠪᠠᠢ᠌ᠬᠤ ᠬᠡᠷᠡᠭᠲᠡᠢ᠃

   ᠭᠤᠷᠪᠠ᠂ ᠨᠡᠷ᠎ᠡ ᠮᠡᠳᠡᠭᠦᠯᠬᠦ᠎ᠳᠤ ᠠᠪᠬᠤ ᠴᠢᠬᠤᠯᠠᠲᠠᠢ ᠮᠠᠲ᠋ᠧᠷᠢᠶᠠᠯ

  1. ᠨᠡᠷ᠎ᠡ ᠮᠡᠳᠡᠭᠦᠯᠦᠭᠰᠡᠨ ᠬᠥᠮᠥᠨ ᠲᠤᠰ ᠬᠥᠮᠥᠨ᠎ᠤ ᠪᠡᠶ᠎ᠡ ᠵᠢᠨ ᠦᠨᠡᠮᠯᠡᠯ᠎ᠤᠨ ᠤᠭ ᠮᠠᠲ᠋ᠧᠷᠢᠶᠠᠯ ᠵᠶ᠋ᠠᠨ ᠭᠠᠷᠭ᠋ᠠᠨ ᠦᠵᠡᠭᠦᠯᠵᠦ᠂ ᠪᠠᠭᠤᠯᠭ᠋ᠠᠪᠤᠷᠢ ᠵᠢ ᠬᠠᠩᠭ᠋ᠠᠨ᠎ᠠ᠃

  2. ᠨᠡᠷ᠎ᠡ ᠮᠡᠳᠡᠭᠦᠯᠦᠭᠴᠢ᠎ᠨᠢ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷ᠎ᠤᠨ ᠦᠰᠦᠭ       ᠵᠢᠷᠤᠬᠤ᠂ ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠣᠯᠭᠤᠭᠰᠠᠨ ᠨᠠᠶ᠋ᠢᠳᠠᠯᠭ᠎ᠠ ᠵᠢᠨ ᠪᠢᠴᠢᠭ》 ᠭᠠᠷᠭ᠋ᠠᠵᠤ ᠥᠭᠭᠦᠨ᠎ᠡ;

  3. ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠪᠠᠢ᠌ᠭᠤᠯᠭ᠎ᠠ ᠵᠢᠨ ᠣᠨ᠎ᠤ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ᠎ᠨᠢ ᠬᠦᠴᠦᠨ᠎ᠲᠠᠢ ᠮᠥᠷᠲᠡᠭᠡᠨ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠤᠨ ᠬᠠᠭᠤᠯᠪᠤᠷᠢ᠃

  4. ᠣᠶ᠋ᠢᠷ᠎ᠠ ᠵᠢᠨ ᠬᠠᠭ᠋ᠠᠰ ᠵᠢᠯ ᠳᠠᠷᠠᠭ᠋ᠠᠯᠠᠨ ᠭᠤᠷᠪᠠᠨ ᠰᠠᠷ᠎ᠠ ᠨᠡᠶ᠋ᠢᠭᠡᠮ᠎ᠤᠨ ᠪᠠᠲᠤᠯᠠᠭ᠎ᠠ ᠵᠢᠨ ᠪᠡᠯᠡ ᠮᠥᠩᠭᠦ ᠲᠤᠰᠢᠶᠠᠭᠰᠠᠨ ᠭᠡᠷᠡᠴᠢ ᠮᠠᠲ᠋ᠧᠷᠢᠶᠠᠯ᠂ ᠪᠠᠷᠤᠭ ᠬᠠᠭ᠋ᠠᠰ ᠵᠢᠯ ᠳᠠᠷᠠᠭ᠋ᠠᠯᠠᠨ ᠭᠤᠷᠪᠠᠨ ᠰᠠᠷ᠎ᠠ ᠭᠠᠶ᠋ᠢᠯᠢ ᠲᠠᠲᠠᠪᠤᠷᠢ ᠲᠤᠰᠢᠶᠠᠭᠰᠠᠨ ᠭᠡᠷᠡᠴᠢ ᠮᠠᠲ᠋ᠧᠷᠢᠶᠠᠯ;

  5.2023 ᠪᠤᠶᠤ 2022 ᠣᠨ᠎ᠳᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ᠎ᠤᠨ ᠬᠢᠵᠦ ᠥᠭᠭᠦᠭᠰᠡᠨ ᠬᠢᠨᠠᠨ ᠪᠤᠳᠤᠬᠤ ᠮᠡᠳᠡᠭᠦᠯᠦᠯᠲᠡ ᠪᠤᠶᠤ ᠺᠣᠮᠫᠠᠨᠢ ᠵᠢᠨ ᠦᠨᠳᠦᠰᠦᠨ ᠡᠷᠦᠬᠡ ᠵᠢᠨ ᠳᠠᠩᠰᠠ ᠪᠠᠶ᠋ᠢᠭᠤᠯᠤᠭᠰᠠᠨ ᠪᠠᠩᠬᠢ ᠵᠢᠨ ᠬᠢᠵᠦ ᠥᠭᠭᠦᠭᠰᠡᠨ ᠬᠢᠷᠢ ᠬᠡᠮ᠎ᠤᠨ ᠢᠲᠡᠭᠡᠮᠵᠢ ᠵᠢᠨ ᠭᠡᠷᠡᠴᠢ;

  6. 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠣᠷᠣᠯᠠᠬᠤ ᠪᠠᠶ᠋ᠢᠭᠤᠯᠤᠮᠵᠢ᠎ᠳᠤ ᠳᠡᠩᠰᠡᠯᠡᠵᠦ ᠬᠥᠮᠥᠷᠭᠡ᠎ᠳᠤ ᠣᠷᠣᠭᠤᠯᠤᠭᠰᠠᠨ ᠵᠢᠷᠤᠭ᠎ᠢ ᠭᠡᠷᠡᠴᠢᠯᠡᠬᠦ ᠮᠠᠲ᠋ᠧᠷᠢᠶᠠᠯ᠃

  7.《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn ) ᠢᠲᠡᠭᠡᠯ ᠵᠶ᠋ᠠᠨ ᠠᠯᠳᠠᠭᠰᠠᠨ ᠭᠦᠢ᠍ᠴᠡᠳᠬᠡᠭᠴᠢ ᠪᠠ ᠬᠦᠨᠳᠦ ᠶᠡᠭᠡ ᠭᠠᠶ᠋ᠢᠯᠢ ᠲᠠᠲᠠᠪᠤᠷᠢ ᠵᠢᠨ ᠬᠠᠤᠯᠢ ᠵᠢ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠎ᠤᠨ ᠲᠡᠮᠳᠡᠭᠯᠡᠯ᠎ᠳᠤ ᠲᠠᠰᠤᠯᠬᠤ ᠵᠢᠷᠤᠭ ᠵᠢᠴᠢ 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠰᠦᠯᠵᠢᠶ᠎ᠡ (www.ccgp.gov.cn ) ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠵᠢ ᠵᠥᠷᠢᠴᠡᠵᠦ ᠢᠲᠡᠭᠡᠯ ᠠᠯᠳᠠᠭᠰᠠᠨ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠤᠨ ᠵᠢᠭᠰᠠᠭ᠋ᠠᠯᠲᠠ ᠵᠢᠨ ᠵᠢᠷᠤᠭ;

  8. ᠳᠤᠮᠳᠠᠳᠤ ᠤᠯᠤᠰ᠎ᠤᠨ ᠲᠠᠰᠤᠯᠤᠨ ᠲᠣᠭᠲᠠᠭ᠋ᠠᠯᠲᠠ ᠵᠢᠨ ᠪᠢᠴᠢᠭ ᠬᠠᠷ᠎ᠠ ᠰᠦᠯᠵᠢᠶᠡᠨ᠎ᠳᠤ ᠨᠡᠷ᠎ᠡ ᠮᠡᠳᠡᠭᠦᠯᠦᠭᠡᠳ ᠣᠶ᠋ᠢᠷ᠎ᠠ ᠵᠢᠨ ᠭᠤᠷᠪᠠᠨ ᠵᠢᠯ (2021 ᠣᠨ᠎ᠤ 1 ᠳ᠋ᠦ᠍ᠭᠡᠷ ᠰᠠᠷ᠎ᠠ ᠵᠢᠨ 1᠎ᠠᠴᠠ ᠤᠳᠤ ᠪᠣᠯᠲᠠᠯ᠎ᠠ) ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ᠎ᠢ ᠪᠠᠶ᠋ᠢᠴᠠᠭ᠋ᠠᠨ ᠠᠰᠠᠭᠤᠭᠰᠠᠨ ᠲᠡᠮᠳᠡᠭᠯᠡᠯ᠎ᠢ ᠣᠯᠤᠭᠰᠠᠨ ᠦᠭᠡᠢ᠃

  9. ᠲᠣᠰ ᠭᠠᠵᠠᠷ᠎ᠤᠨ ᠲᠤᠰᠠᠭ᠋ᠠᠷ ᠳᠠᠭ᠋ᠠᠭ᠋ᠠᠴᠢᠯᠠᠯᠲᠠ ᠵᠠᠷᠯᠠᠬᠤ ᠲᠠᠯᠠᠪᠤᠷ ᠵᠢᠴᠢ ᠪᠡᠯᠡᠳᠬᠡᠮᠵᠢ (ᠲᠣᠰ ᠭᠠᠵᠠᠷ᠎ᠤᠨ ᠬᠡᠷ ᠪᠠᠶ᠋ᠢᠰᠢᠩ ᠲᠦᠷᠢᠶᠡᠰᠦᠯᠡᠬᠦ ᠭᠡᠷ᠎ᠡ ᠪᠤᠶᠤ ᠬᠡᠷ ᠪᠠᠶ᠋ᠢᠰᠢᠩ ᠭᠠᠵᠠᠷ ᠬᠥᠷᠥᠩᠭᠡ ᠵᠢᠨ ᠦᠨᠡᠮᠯᠡᠯ ᠵᠢᠴᠢ ᠲᠠᠯᠠᠪᠤᠷ ᠭᠠᠵᠠᠷ᠂ ᠪᠡᠯᠡᠳᠬᠡᠮᠵᠢ ᠵᠢᠨ ᠬᠡᠷᠡᠯ ᠵᠢᠷᠤᠭ ᠵᠡᠷᠭᠡ ᠵᠢ ᠬᠠᠩᠭ᠋ᠠᠨ᠎ᠠ;

  10. ᠪᠤᠰᠤᠳ ᠬᠠᠮᠢᠶ᠎ᠠ ᠪᠦᠬᠦᠢ ᠮᠠᠲ᠋ᠧᠷᠢᠶᠠᠯ᠃

   ᠲᠠᠶ᠋ᠢᠯᠪᠤᠷᠢ᠄ ᠳᠡᠭᠡᠷᠡᠬᠢ ᠪᠤᠢ ᠪᠦᠬᠦᠢ ᠮᠠᠲ᠋ᠧᠷᠢᠶᠠᠯ᠎ᠨᠢ ᠴᠥᠮ ᠤᠭ ᠮᠠᠲ᠋ᠧᠷᠢᠶᠠᠯ (ᠰᠦᠯᠵᠢᠶᠡᠨ᠎ᠤ ᠨᠢᠭᠤᠷ᠎ᠤᠨ ᠣᠭᠲᠣᠯᠤᠭᠰᠠᠨ ᠵᠢᠷᠤᠭ᠎ᠠᠴᠠ ᠭᠠᠳᠠᠨ᠎ᠠ) ᠵᠢᠴᠢ ᠪᠠᠭᠤᠯᠭ᠋ᠠᠪᠤᠷᠢ ᠵᠢ ᠬᠠᠩᠭ᠋ᠠᠬᠤ ᠴᠢᠬᠤᠯᠠᠲᠠᠢ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠬᠤ ᠴᠢᠬᠤᠯᠠᠲᠠᠢ᠂ ᠡᠰᠡ ᠲᠡᠶ᠋ᠢᠮᠦ ᠪᠣᠯ ᠬᠦᠴᠦᠨ ᠦᠭᠡᠢ᠃

   ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ

   ᠳᠡᠭᠡᠷ᠎ᠡ ᠳᠤᠷᠠᠳᠤᠭᠰᠠᠨ ᠨᠥᠬᠦᠴᠡᠯ᠎ᠳᠤ ᠨᠡᠶ᠋ᠢᠴᠡᠬᠦ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ 2024 ᠣᠨ᠎ᠤ 3 ᠳ᠋ᠤᠭ᠋ᠠᠷ ᠰᠠᠷ᠎ᠠ ᠵᠢᠨ 18᠎ᠤ ᠡᠳᠦᠷ᠎ᠠᠴᠠ 2024 ᠣᠨ᠎ᠤ 3 ᠳ᠋ᠤᠭ᠋ᠠᠷ ᠰᠠᠷ᠎ᠠ ᠵᠢᠨ 19᠎ᠤ ᠡᠳᠦᠷ ᠪᠣᠯᠲᠠᠯ᠎ᠠ᠂ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9᠄ 00 — 12᠄ 00᠂ ᠦᠳᠡ ᠵᠢᠨ ᠬᠤᠶ᠋ᠢᠨ᠎ᠠ 14᠄ 30 — 17᠄ 00 ᠨᠡᠷ᠎ᠡ ᠮᠡᠳᠡᠭᠦᠯᠦᠭᠰᠡᠨ ᠮᠠᠲ᠋ᠧᠷᠢᠶᠠᠯ᠎ᠢ ᠲᠤᠰᠢᠶᠠᠨ᠎ᠠ᠃

   ᠨᠡᠷ᠎ᠡ ᠮᠡᠳᠡᠭᠦᠯᠬᠦ ᠬᠠᠶᠢᠭ᠄ ᠥᠪᠥᠷ ᠮᠣᠩᠭᠤᠯ᠎ᠤᠨ ᠬᠥᠬᠡᠬᠤᠲᠠ ᠵᠢᠨ ᠬᠥᠯᠥᠨ ᠪᠤᠶ᠋ᠢᠷ ᠡᠮᠦᠨ᠎ᠡ ᠵᠠᠮ᠎ᠤᠨ 9 ᠳ᠋ᠦ᠍ᠭᠡᠷ ᠲᠣᠭ᠋ᠠᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠤᠨ 1 ᠳ᠋ᠦ᠍ᠭᠡᠷ ᠠᠰᠠᠷ᠎ᠤᠨ 207 ᠳ᠋ᠤᠭ᠋ᠠᠷ ᠲᠠᠰᠤᠭ

   ᠰᠢᠦᠳᠠᠨ ᠨᠣᠮᠧᠷ᠄ 010010

   ᠬᠠᠷᠢᠯᠴᠠᠬᠤ ᠬᠥᠮᠥ᠄ ᠸᠠᠩ ᠵᠧᠨ ᠶᠧ

   ᠬᠠᠷᠢᠯᠴᠠᠬᠤ ᠤᠲᠠᠰᠤ᠄ 15124827232

  

       ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ ᠵᠢᠨ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠭᠦᠯᠦᠯᠲᠡ ᠵᠢᠨ ᠲᠥᠪ

      2024 ᠣᠨ᠎ᠤ 3  ᠳ᠋ᠤᠭ᠋ᠠᠷ  ᠰᠠᠷ᠎ᠠ ᠵᠢᠨ 18᠎ᠤ

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠤᠰᠤ ᠠᠪᠬᠤ ᠵᠥᠪᠰᠢᠶᠡᠷᠡᠯ᠎ᠳᠤ ᠣᠷᠣᠭᠤᠯᠬᠤ ᠪᠠ ᠰᠡᠶ᠋ᠢᠷᠡᠭᠦᠯᠦᠨ ᠬᠠᠳᠠᠭ᠋ᠠᠬᠤ ᠤᠰᠤ ᠭᠠᠳᠠᠭᠰᠢᠯᠠᠭᠤᠯᠬᠤ ᠬᠡᠮᠵᠢᠶ᠎ᠡ ᠵᠢᠨ ᠬᠡᠪᠴᠢᠶᠡᠨ᠎ᠤ ᠪᠠᠷᠢᠮᠵᠢᠶ᠎ᠠ ᠵᠢ ᠳᠠᠩᠰᠠᠯᠠᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
2024 ᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠶ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠲᠥᠯᠥᠪᠯᠡᠭᠡ ᠵᠢ ᠨᠡᠶ᠋ᠢᠲᠡᠯᠡᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠲᠥᠪ᠎ᠤᠨ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠳ᠋ᠤᠭ᠋ᠠᠷ ᠬᠠᠰᠤᠬᠤ ᠲᠤᠬᠠᠶ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠱᠢᠨᠵᠢᠯᠡᠭᠡᠨ ᠤᠰᠤᠨ᠎ᠤ ᠡᠬᠢ ᠰᠤᠷᠪᠤᠯᠵᠢ᠎ᠶ᠋ᠢᠨ ᠲᠥᠪ᠎ᠦᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠢᠯᠡ᠎ᠪᠡᠷ ᠠᠳᠠᠯᠢᠳᠭᠠᠨ ᠰᠣᠩᠭᠣᠬᠤ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
 
            