ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
2024 ᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠶ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠲᠥᠯᠥᠪᠯᠡᠭᠡ ᠵᠢ ᠨᠡᠶ᠋ᠢᠲᠡᠯᠡᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-03-26

ᠡᠯ᠎ᠡ ᠬᠤᠯᠪᠣᠭᠳᠠᠯ ᠪᠦᠬᠦᠢ ᠨᠢᠭᠡᠴᠢ᠄

  《ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠶ ᠦᠢ᠍ᠯᠡᠳᠪᠦᠷᠢᠯᠡᠯ᠎ᠤᠨ ᠬᠢᠨᠠᠨ ᠰᠢᠯᠭ᠋ᠠᠬᠤ ᠬᠠᠮᠢᠶᠠᠷᠤᠯᠲᠠ ᠵᠢᠨ ᠠᠷᠭ᠎ᠠ》 (ᠤᠰᠤᠨ᠎ᠤ ᠬᠢᠨᠠᠯᠲᠠ ᠬᠠᠮᠢᠶᠠᠷᠤᠯᠲᠠ [2022] 326 ᠳ᠋ᠤᠭ᠋ᠠᠷ ᠲᠣᠭ᠋ᠠᠲᠤ) ᠵᠡᠷᠭᠡ ᠲᠣᠭᠲᠠᠭ᠋ᠠᠯ᠎ᠢ ᠦᠨᠳᠦᠰᠦᠯᠡᠨ᠂ ᠣᠲᠣ 2024 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ (ᠪᠠᠷᠢᠯᠭ᠎ᠠ ᠪᠠᠷᠢᠬᠤ ᠶᠡᠷᠦᠩᠬᠡᠶ ᠳᠠᠭ᠋ᠠᠭ᠋ᠠᠴᠢᠯᠠᠯᠲᠠ ᠵᠢᠨ ᠬᠤᠶᠠᠳᠤᠭ᠋ᠠᠷ ᠳᠡᠰ (ᠬᠤᠶᠠᠳᠤᠭ᠋ᠠᠷ ᠳᠡᠰ ᠪᠠᠭᠲᠠᠨ᠎ᠠ)᠎ᠠᠴᠠ ᠳᠣᠷᠣᠭᠰᠢᠬᠢ ᠬᠢᠷᠢ ᠬᠡᠮ ᠪᠠ ᠲᠤᠰᠬᠠᠶ ᠠᠵᠢᠯ᠎ᠤᠨ ᠳᠠᠭ᠋ᠠᠭ᠋ᠠᠴᠢᠯᠠᠯᠲᠠ ᠵᠢᠨ ᠬᠤᠶᠠᠳᠤᠭ᠋ᠠᠷ ᠳᠡᠰ (ᠬᠤᠶᠠᠳᠤᠭ᠋ᠠᠷ ᠳᠡᠰ ᠪᠠᠭᠲᠠᠨ᠎ᠠ)᠎ᠠᠴᠠ ᠳᠣᠷᠣᠭᠰᠢᠬᠢ ᠬᠢᠷᠢ ᠬᠡᠮ᠎ᠲᠠᠢ ᠪᠠᠷᠢᠯᠭ᠎ᠠ ᠪᠠᠷᠢᠬᠤ ᠠᠵᠤ ᠠᠬᠤᠶ᠋ᠢᠯᠠᠯ᠎ᠢ ᠪᠠᠭᠲᠠᠭ᠋ᠠᠨ᠎ᠠ᠂ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ᠂ ᠲᠤᠰᠬᠠᠶ ᠲᠤᠰᠢᠶᠠᠯᠲᠤ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ (ᠳᠣᠷᠣᠭᠰᠢ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ ᠭᠡᠵᠦ ᠲᠣᠪᠴᠢᠯᠠᠨ᠎ᠠ) ᠠᠶᠤᠯᠭᠦᠶ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠄

   ᠨᠢᠬᠡ᠂ ᠰᠢᠯᠭ᠋ᠠᠯᠳᠠ ᠵᠢᠨ ᠪᠠᠶ᠋ᠢᠭᠤᠯᠤᠮᠵᠢ

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠶᠤᠯᠭᠦᠢ ᠵᠢᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠥᠪ (ᠳᠣᠷᠣᠭᠰᠢ ᠰᠢᠯᠭ᠋ᠠᠯᠲᠠ ᠵᠢᠨ ᠪᠠᠶ᠋ᠢᠭᠤᠯᠤᠮᠵᠢ ᠭᠡᠵᠦ ᠲᠣᠪᠴᠢᠯᠠᠨ᠎ᠠ)᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠠᠵᠢᠯ᠎ᠢ ᠶᠡᠷᠦᠩᠬᠡᠶ᠋ᠢᠯᠡᠨ ᠳᠠᠭ᠋ᠠᠭ᠋ᠠᠴᠢᠯᠠᠭᠰᠠᠨ ᠬᠤᠶᠠᠳᠤᠭ᠋ᠠᠷ ᠳᠡᠰ (ᠪᠠᠭᠲᠠᠨ᠎ᠠ)᠎ᠠᠴᠠ ᠳᠣᠷᠣᠭᠰᠢᠬᠢ ᠬᠢᠷᠢ ᠬᠡᠮ᠂ ᠲᠤᠰᠬᠠᠶ ᠠᠵᠢᠯ᠎ᠤᠨ ᠳᠠᠭ᠋ᠠᠭ᠋ᠠᠴᠢᠯᠠᠯᠲᠠ ᠵᠢᠨ ᠬᠤᠶᠠᠳᠤᠭ᠋ᠠᠷ ᠳᠡᠰ (ᠪᠠᠭᠲᠠᠨ᠎ᠠ)᠎ᠠᠴᠠ ᠳᠣᠷᠣᠭᠰᠢᠬᠢ ᠬᠢᠷᠢ ᠬᠡᠮ᠎ᠲᠠᠢ ᠠᠵᠤ ᠠᠬᠤᠶ᠋ᠢᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠠᠵᠢᠯ᠎ᠢ ᠡᠭᠦᠷᠭᠡᠯᠡᠨ᠎ᠡ᠃

   ᠬᠤᠶᠠᠷ᠂ ᠰᠢᠯᠭ᠋ᠠᠯᠳᠠ ᠵᠢᠨ ᠠᠭᠤᠯᠭ᠎ᠠ

  《ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠶ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠬᠥᠲᠥᠯᠪᠦᠷᠢ》 (ᠠᠯᠪᠠᠨ ᠬᠢᠨᠠᠨ ᠬᠠᠮᠢᠶᠠᠷᠤᠯᠲᠠ ᠵᠠᠬᠢᠳᠠᠯ [2023 ] 718 ᠳ᠋ᠤᠭ᠋ᠠᠷ ᠲᠣᠭ᠋ᠠᠲᠤ) ᠵᠢ ᠦᠨᠳᠦᠰᠦᠯᠡᠨ ᠲᠣᠭᠲᠠᠭ᠋ᠠᠵᠤ᠂ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠶ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠠᠭᠤᠯᠭ᠎ᠠ᠎ᠳᠤ ᠠᠶᠤᠯᠭᠦᠶ ᠦᠢ᠍ᠯᠡᠳᠪᠦᠷᠢᠯᠡᠯ᠎ᠤᠨ ᠮᠡᠳᠡᠯᠭᠡ ᠪᠠ ᠬᠠᠮᠢᠶᠠᠷᠤᠯᠲᠠ ᠵᠢᠨ ᠴᠢᠳᠠᠪᠤᠷᠢ ᠬᠤᠶᠠᠷ ᠬᠡᠰᠡᠭ᠎ᠢ ᠪᠠᠭᠲᠠᠭ᠋ᠠᠨ᠎ᠠ᠃ ᠠᠶᠤᠯᠭᠦᠢ ᠦᠢ᠍ᠯᠡᠳᠪᠦᠷᠢᠯᠡᠯ᠎ᠤᠨ ᠮᠡᠳᠡᠯᠭᠡ᠎ᠳᠤ ᠭᠣᠤᠯᠳᠠᠭᠤ ᠠᠶᠤᠯᠭᠦᠢ ᠦᠢ᠍ᠯᠡᠳᠪᠦᠷᠢᠯᠡᠯ᠎ᠤᠨ ᠬᠠᠮᠢᠶ᠎ᠠ ᠪᠦᠬᠦᠢ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠪᠣᠯᠤᠨ ᠠᠶᠤᠯᠭᠦᠢ ᠦᠢ᠍ᠯᠡᠳᠪᠦᠷᠢᠯᠡᠯ᠎ᠤᠨ ᠮᠡᠷᠭᠡᠵᠢᠯ ᠪᠠᠭᠲᠠᠨ᠎ᠠ᠃ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠴᠢᠳᠠᠪᠤᠷᠢ᠎ᠳᠤ ᠭᠣᠤᠯᠳᠠᠭᠤ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠦᠨᠳᠦᠰᠦᠨ ᠮᠡᠳᠡᠯᠭᠡ ᠪᠣᠯᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠵᠢ ᠪᠠᠭᠲᠠᠭ᠋ᠠᠨ᠎ᠠ᠃

   ᠮᠡᠳᠡᠭᠦᠯᠦᠨ ᠰᠢᠯᠭ᠋ᠠᠭᠤᠯᠬᠤ ᠲᠥᠷᠥᠯ ᠵᠦᠢ᠍ᠯ ᠪᠣᠯ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠣᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠣᠯᠤᠨ ᠲᠤᠰᠬᠠᠶ ᠲᠤᠰᠢᠶᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ ᠵᠡᠷᠭᠡ ᠭᠤᠷᠪᠠᠨ ᠲᠥᠷᠥᠯ ᠵᠦᠢ᠍ᠯ ᠪᠣᠯᠤᠨ᠎ᠠ᠃

   ᠭᠤᠷᠪᠠ᠂ ᠰᠢᠯᠭ᠋ᠠᠯᠲᠠ ᠵᠢᠨ ᠬᠡᠯᠪᠡᠷᠢ ᠵᠢᠴᠢ ᠰᠡᠳᠦᠪ᠎ᠤᠨ ᠬᠡᠯᠪᠡᠷᠢ

   ᠠᠶᠤᠯᠭᠦᠢ ᠦᠢ᠍ᠯᠡᠳᠪᠦᠷᠢᠯᠡᠯ᠎ᠤᠨ ᠰᠢᠯᠭ᠋ᠠᠯᠲᠠ᠎ᠳᠤ ᠰᠡᠳᠦᠪ ᠬᠠᠷᠢᠭᠤᠯᠬᠤ ᠬᠡᠯᠪᠡᠷᠢ ᠵᠢ ᠠᠪᠴᠤ᠂ ᠰᠢᠯᠭ᠋ᠠᠯᠲᠠ ᠵᠢᠨ ᠴᠠᠭ᠎ᠨᠢ 150 ᠮᠢᠨᠦ᠋ᠲ᠂ ᠰᠢᠯᠭ᠋ᠠᠯᠲᠠ ᠵᠢᠨ ᠪᠦᠷᠢᠨ ᠬᠤᠪᠢ᠎ᠨᠢ 100 ᠬᠤᠪᠢ᠂ 60 ᠬᠤᠪᠢ ᠵᠢᠨ ᠬᠢᠷᠢ ᠲᠡᠩᠴᠡᠭᠰᠡᠨ ᠬᠢᠷᠢ ᠪᠦᠲᠦᠮᠵᠢ᠎ᠠᠴᠠ ᠪᠠᠭ᠎ᠠ ᠪᠠᠶ᠋ᠢᠵᠤ ᠪᠣᠯᠬᠤ ᠦᠭᠡᠢ᠃ ᠰᠢᠯᠭ᠋ᠠᠯᠲᠠ ᠵᠢᠨ ᠬᠠᠭᠤᠳᠠᠰᠤ ᠵᠢᠨ ᠰᠡᠳᠦᠪ᠎ᠲᠤ ᠭᠠᠭᠴᠠ ᠰᠣᠩᠭᠣᠬᠤ ᠰᠡᠳᠦᠪ  ᠂ ᠣᠯᠠᠨ ᠰᠣᠩᠭᠣᠬᠤ ᠰᠡᠳᠦᠪ ᠪᠠ ᠮᠠᠭ᠋ᠠᠳᠯᠠᠬᠤ ᠰᠡᠳᠦᠪ ᠵᠡᠷᠭᠡ ᠪᠠᠭᠲᠠᠨ᠎ᠠ᠃ ᠡᠭᠦᠨ᠎ᠳᠤ ᠳᠠᠩ ᠰᠤᠩᠭᠤᠬᠤ ᠰᠡᠳᠦᠪ 100 ᠪᠠᠢ᠌ᠵᠤ᠂ ᠰᠡᠳᠦᠪ ᠪᠦᠷᠢ 0.5       ᠬᠤᠪᠢ᠂ ᠤᠯᠠᠨ ᠰᠤᠩᠭᠤᠬᠤ ᠰᠡᠳᠦᠪ 20 ᠪᠠᠢ᠌ᠵᠤ᠂ ᠰᠡᠳᠦᠪ ᠪᠦᠷᠢ 2 ᠬᠤᠪᠢ; ᠮᠠᠭ᠋ᠠᠳᠯᠠᠬᠤ ᠰᠡᠳᠦᠪ 20 ᠪᠠᠶ᠋ᠢᠵᠤ᠂ ᠰᠡᠳᠦᠪ ᠪᠦᠷᠢ 0.5 ᠬᠤᠪᠢ᠃

   ᠳᠥᠷᠪᠡ᠂ ᠰᠢᠯᠭ᠋ᠠᠯᠲᠠ ᠵᠢᠨ ᠨᠡᠷ᠎ᠡ ᠮᠡᠳᠡᠭᠦᠯᠬᠦ ᠶᠠᠪᠤᠳᠠᠯ

  2024 ᠣᠨ᠎ᠳᠤ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠠᠵᠢᠯᠲᠠᠨ᠎ᠤ ᠰᠢᠯᠭ᠋ᠠᠯᠲᠠ ᠵᠢᠨ ᠲᠥᠯᠥᠪᠯᠡᠭᠡ ᠵᠢ 2 ᠤᠳᠠᠭ᠎ᠠ ᠵᠣᠬᠢᠶᠠᠨ ᠪᠠᠶ᠋ᠢᠭᠤᠯᠵᠤ᠂ ᠰᠢᠯᠭ᠋ᠠᠯᠲᠠ ᠵᠢᠨ ᠴᠠᠭ᠎ᠨᠢ 6 ᠰᠠᠷ᠎ᠠ᠂ 12 ᠰᠠᠷ᠎ᠠ᠂ ᠰᠢᠯᠭ᠋ᠠᠯᠲᠠ ᠵᠢᠨ ᠠᠷᠭ᠎ᠠ ᠮᠠᠶᠢᠭ᠎ᠨᠢ ᠲᠤᠬᠠᠶ ᠵᠢᠨ ᠲᠠᠯᠠᠪᠤᠷ᠎ᠲᠤ ᠮᠠᠰᠢᠨ ᠰᠢᠯᠭ᠋ᠠᠬᠤ ᠪᠤᠶᠤ ᠰᠦᠯᠵᠢᠶᠡᠨ ᠳᠡᠭᠡᠷ᠎ᠡ ᠰᠢᠯᠭ᠋ᠠᠬᠤ ᠵᠡᠷᠭᠡ ᠠᠷᠭ᠎ᠠ ᠮᠠᠶᠢᠭ ᠪᠣᠯᠤᠨ᠎ᠠ᠂ ᠪᠣᠳᠠᠲᠠᠶ ᠰᠢᠯᠭ᠋ᠠᠯᠲᠠ ᠵᠢᠨ ᠴᠠᠭ᠂ ᠠᠷᠭ᠎ᠠ ᠮᠠᠶᠢᠭ᠂ ᠭᠠᠵᠠᠷ ᠣᠷᠣᠨ᠎ᠳᠤ ᠠᠰ᠎ᠲᠤᠨᠢ ᠮᠡᠳᠡᠭᠳᠡᠬᠦ (ᠰᠢᠯᠭ᠋ᠠᠯᠲᠠ ᠵᠢᠨ 20 ᠠᠵᠢᠯᠯᠠᠬᠤ ᠡᠳᠦᠷ᠎ᠲᠤ ᠮᠡᠳᠡᠭᠳᠡᠯ ᠨᠡᠶ᠋ᠢᠲᠡᠯᠡᠨ᠎ᠡ) ᠪᠣᠯᠤᠨ᠎ᠠ᠃

   ᠲᠠᠪᠤ᠂ ᠬᠠᠷᠢᠯᠴᠠᠬᠤ ᠠᠷᠭ᠎ᠠ ᠮᠠᠶᠢᠭ

   ᠥᠪᠡᠷᠲᠡᠭᠡᠨ ᠵᠠᠰᠠᠬᠤ ᠣᠷᠣᠨ᠎ᠤ ᠶᠠᠰᠤ ᠴᠢᠨᠠᠷ ᠬᠢᠭᠡᠳ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠥᠪ᠄ ᠯᠢ ᡁᠢ ᠸᠧᠨ (0471) 5259382

   ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠭᠠᠵᠠᠷ᠄ ᠴᠧᠩ ᠭᠤᠸᠠᠩ ᠶᠤᠸᠠᠨ (0471) 5259658

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠲᠥᠪ᠎ᠤᠨ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠳ᠋ᠤᠭ᠋ᠠᠷ ᠬᠠᠰᠤᠬᠤ ᠲᠤᠬᠠᠶ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠱᠢᠨᠵᠢᠯᠡᠭᠡᠨ ᠤᠰᠤᠨ᠎ᠤ ᠡᠬᠢ ᠰᠤᠷᠪᠤᠯᠵᠢ᠎ᠶ᠋ᠢᠨ ᠲᠥᠪ᠎ᠦᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠢᠯᠡ᠎ᠪᠡᠷ ᠠᠳᠠᠯᠢᠳᠭᠠᠨ ᠰᠣᠩᠭᠣᠬᠤ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠨ ᠱᠸᠩ ᠬᠦᠩ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠬᠠᠮᠢᠶᠠᠷᠤᠯᠲᠠ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠢ᠌ᠭᠤᠯᠤᠮᠵᠢ ᠵᠢᠨ ᠨᠡᠷ᠎ᠡ ᠮᠡᠳᠡᠭᠦᠯᠬᠦ ᠠᠯᠪᠠᠨ ᠵᠠᠷ
2024 ᠣᠨ᠎ᠳᠤ ᠠᠯᠪᠠᠲᠠᠨ᠎ᠤ ᠬᠢᠷᠢ ᠬᠡᠮ᠎ᠢ ᠢᠯᠡ᠎ᠪᠠᠷ ᠰᠢᠯᠢᠨ ᠰᠣᠩᠭᠤᠬᠤ ᠳᠠᠬᠢᠨ ᠬᠢᠨᠠᠯᠲᠠ ᠵᠢᠴᠢ ᠨᠢᠭᠤᠷᠳᠠᠨ ᠰᠢᠯᠭ᠋ᠠᠯᠲᠠ ᠵᠢᠨ ᠬᠤᠯᠪᠣᠭᠳᠠᠯ ᠪᠥᠬᠦᠶ ᠵᠦᠢ᠍ᠯᠡᠰ᠎ᠤᠨ ᠲᠤᠬᠠᠶ ᠮᠡᠳᠡᠭᠳᠡᠯ
 
            