《ᠡᠷᠬᠡ ᠲᠡᠭᠰᠢ᠂ ᠲᠥᠪ ᠭᠤᠤᠯᠴᠢ᠂ ᠢᠯᠡ ᠨᠡᠶ᠋ᠢᠲᠡᠯᠡᠬᠦ》 ᠵᠠᠷᠴᠢᠮ ᠶᠣᠰᠣᠭ᠋ᠠᠷ᠂ ᠮᠠᠨ᠎ᠤ ᠲᠥᠪ ᠣᠲᠣ ᠢᠯᠡ᠎ᠪᠠᠷ ᠠᠳᠠᠯᠢᠳᠬᠠᠬᠤ᠂ ᠰᠢᠯᠢᠳᠡᠭ᠎ᠢ ᠰᠣᠩᠭᠤᠵᠤ ᠳᠠᠭ᠋ᠠᠭ᠋ᠠᠴᠢᠯᠠᠯᠲᠠ ᠵᠠᠷᠯᠠᠬᠤ ᠣᠷᠣᠯᠠᠬᠤ ᠪᠠᠶ᠋ᠢᠭᠤᠯᠤᠮᠵᠢ ᠵᠢ ᠰᠣᠩᠭᠤᠬᠤ᠎ᠪᠠᠷ ᠳᠠᠮᠵᠢᠭᠤᠯᠤᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠡᠳ᠋ ᠪᠣᠳᠠᠰ ᠨᠥᠭᠡᠴᠡᠯᠡᠬᠦ ᠬᠥᠮᠥᠷᠭᠡ (ᠪᠠᠷᠠᠭᠤᠨ ᠬᠡᠰᠡᠭ᠎ᠤᠨ ᠣᠷᠣᠨ) ᠵᠢᠨ ᠬᠥᠮᠥᠷᠭᠡᠯᠡᠨ ᠬᠠᠳᠠᠭ᠋ᠠᠯᠠᠬᠤ ᠲᠥᠬᠦᠭᠡᠷᠦᠮᠵᠢ ᠬᠤᠳᠠᠯᠳᠤᠨ ᠠᠪᠬᠤ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠠᠵᠢᠯ᠎ᠢ ᠥᠷᠨᠢᠭᠦᠯᠵᠦ᠂ ᠡᠳᠦᠭᠡ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠵᠠᠷᠯᠠᠶ᠎ᠠ᠄
ᠨᠢᠭᠡ᠂ ᠲᠦᠷᠦᠯ ᠵᠦᠢ᠍ᠯ᠎ᠤᠨ ᠲᠦᠢ᠍ᠮᠦ ᠪᠠᠶ᠋ᠢᠳᠠᠯ
1. ᠲᠥᠷᠥᠯ ᠵᠦᠢ᠍ᠯ᠎ᠤᠨ ᠨᠡᠷᠡᠶ᠋ᠢᠳᠦᠯ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠡᠳ᠋ ᠪᠠᠷᠠᠭ᠎ᠠ ᠨᠥᠭᠡᠴᠡᠯᠡᠬᠦ ᠬᠥᠮᠥᠷᠭᠡ (ᠪᠠᠷᠠᠭᠤᠨ ᠬᠡᠰᠡᠭ᠎ᠤᠨ ᠣᠷᠣᠨ) ᠵᠢᠨ ᠬᠥᠮᠥᠷᠭᠡᠯᠡᠨ ᠬᠠᠳᠠᠭ᠋ᠠᠯᠠᠬᠤ ᠲᠥᠬᠦᠭᠡᠷᠦᠮᠵᠢ ᠵᠢ ᠬᠤᠳᠠᠯᠳᠤᠨ ᠠᠪᠬᠤ᠃
2. ᠬᠡᠷᠡᠭᠵᠢᠭᠦᠯᠬᠦ ᠴᠠᠭ ᠪᠠ ᠭᠠᠵᠠᠷ᠄ 2024 ᠣᠨ᠂ ᠪᠠᠶᠠᠨᠨᠠᠭᠤᠷ ᠬᠤᠲᠠ ᠵᠢᠨ ᠳ᠋ᠧᠩᠺᠸᠦ ᠰᠢᠶᠠᠨ᠃
3. ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠠᠭᠤᠯᠭ᠎ᠠ᠄ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ᠎ᠠ᠂ ᠡᠭᠦᠨ᠎ᠳᠤ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭ᠋ᠠᠬᠤ᠂ ᠠᠯᠪᠠᠨ ᠵᠠᠷ ᠨᠡᠶ᠋ᠢᠲᠡᠯᠡᠬᠦ᠂ ᠲᠥᠷᠥᠯ ᠵᠦᠢ᠍ᠯ᠎ᠢ ᠥᠷᠨᠢᠭᠦᠯᠬᠦ ᠳᠤᠮᠳᠠᠬᠢ ᠰᠡᠵᠢᠭᠯᠡᠯ (ᠵᠢᠱ᠌ᠢᠶᠡᠯᠡᠪᠡᠯ ᠪᠠᠶ᠋ᠢᠬᠤ)᠎ᠢ ᠰᠢᠢ᠍ᠳᠪᠦᠷᠢᠯᠡᠬᠦ᠂ ᠳᠠᠭ᠋ᠠᠭ᠋ᠠᠴᠢᠯᠠᠯᠲᠠ ᠨᠡᠶ᠋ᠢᠲᠡᠯᠡᠬᠦ ᠵᠢ ᠵᠣᠬᠢᠶᠠᠨ ᠪᠠᠶ᠋ᠢᠭᠤᠯᠬᠤ᠂ ᠳᠠᠭ᠋ᠠᠭ᠋ᠠᠴᠢᠯᠠᠯᠲᠠ ᠣᠯᠬᠤ ᠮᠡᠳᠡᠭᠳᠡᠯ᠎ᠤᠨ ᠪᠢᠴᠢᠭ ᠲᠠᠷᠬᠠᠭ᠋ᠠᠬᠤ᠂ ᠲᠥᠷᠥᠯ ᠵᠦᠢ᠍ᠯ᠎ᠢ ᠳᠠᠩᠰᠠ ᠡᠪᠬᠡᠮᠡᠯ᠎ᠳᠤ ᠣᠷᠣᠭᠤᠯᠬᠤ ᠵᠡᠷᠭᠡ ᠵᠢ ᠪᠠᠭᠲᠠᠭ᠋ᠠᠭᠰᠠᠨ ᠪᠣᠯᠪᠠᠴᠤ ᠦᠯᠦ ᠬᠢᠵᠠᠭ᠋ᠠᠷᠯᠠᠨ᠎ᠠ᠃
ᠬᠤᠶᠠᠷ᠂ ᠣᠷᠣᠯᠠᠬᠤ ᠪᠠᠶ᠋ᠢᠭᠤᠯᠤᠮᠵᠢ ᠵᠢᠨ ᠬᠢᠷᠢ ᠬᠡᠮ᠎ᠤᠨ ᠱᠠᠭ᠋ᠠᠷᠳᠠᠯᠭ᠎ᠠ
1. ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠡᠷᠬᠡᠪᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶᠡᠨ᠎ᠤ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠥᠮᠥᠷᠭᠡ᠎ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃
2. ᠲᠤᠰᠠᠭ᠋ᠠᠷ ᠲᠣᠭᠲᠠᠨᠢᠭᠰᠠᠨ ᠬᠠᠤᠯᠢ ᠵᠢᠨ ᠡᠷᠬᠡᠲᠡᠨ᠎ᠤ ᠬᠢᠷᠢ ᠭᠡᠮ᠎ᠲᠠᠢ ᠪᠠᠶ᠋ᠢᠭᠤᠯᠤᠮᠵᠢ ᠡᠷᠬᠡᠪᠰᠢ ᠰᠠᠶ᠋ᠢᠨ ᠰᠠᠶ᠋ᠢᠬᠠᠨ ᠡᠳ᠋᠎ᠤᠨ ᠶᠠᠪᠤᠳᠠᠯ᠎ᠤᠨ ᠪᠠᠶ᠋ᠢᠳᠠᠯ ᠪᠠ ᠬᠤᠳᠠᠯᠳᠤᠭ᠋ᠠᠨ᠎ᠤ ᠢᠲᠡᠭᠡᠯ ᠬᠦᠨᠳᠦ᠎ᠲᠠᠢ ᠪᠠᠶ᠋ᠢᠵᠤ᠂ ᠭᠦᠢ᠍ᠴᠡᠳ ᠡᠳ᠋ ᠬᠥᠷᠥᠩᠭᠡ ᠪᠠ ᠴᠢᠳᠠᠪᠤᠷᠢ᠎ᠲᠠᠢ ᠪᠠᠶ᠋ᠢᠵᠤ ᠭᠡᠷ᠎ᠡ ᠵᠢ ᠭᠦᠢ᠍ᠴᠡᠳᠬᠡᠬᠦ ᠬᠡᠷᠡᠭᠲᠡᠢ᠃
ᠭᠤᠷᠪᠠ᠂ ᠨᠡᠷ᠎ᠡ ᠮᠡᠳᠡᠭᠦᠯᠬᠦ᠎ᠳᠡᠭᠡᠨ ᠮᠠᠲ᠋ᠧᠷᠢᠶᠠᠯ ᠬᠠᠩᠭ᠋ᠠᠬᠤ ᠬᠡᠷᠡᠭᠲᠡᠶ
1. ᠨᠡᠷ᠎ᠡ ᠮᠡᠳᠡᠭᠦᠯᠦᠭᠴᠢ᠎ᠨᠢ ᠪᠡᠶ᠎ᠡ ᠵᠢᠨ ᠦᠨᠡᠮᠯᠡᠯ᠎ᠤᠨ ᠬᠠᠭᠤᠯᠪᠤᠷᠢ ᠪᠠ ᠬᠠᠷᠢᠯᠴᠠᠬᠤ ᠠᠷᠭ᠎ᠠ ᠬᠡᠯᠪᠡᠷᠢ᠎ᠪᠠᠨ ᠭᠠᠷᠭ᠋ᠠᠵᠤ ᠦᠵᠡᠭᠦᠯᠦᠨ᠎ᠡ᠃
2. ᠨᠡᠷ᠎ᠡ ᠮᠡᠳᠡᠭᠦᠯᠦᠭᠴᠢ᠎ᠨᠢ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷᠤᠨ ᠦᠰᠦᠭ ᠵᠢᠷᠤᠬᠤ᠂ ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠣᠯᠭᠤᠭᠰᠠᠨ ᠨᠠᠶ᠋ᠢᠳᠠᠯᠭ᠎ᠠ ᠵᠢᠨ ᠪᠢᠴᠢᠭ》 ᠵᠶ᠋ᠡᠨ ᠭᠠᠷᠭ᠋ᠠᠵᠤ ᠥᠭᠭᠦᠨ᠎ᠡ᠃
3. ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠪᠠᠶ᠋ᠢᠭᠤᠯᠭ᠎ᠠ ᠵᠢᠨ ᠣᠨ᠎ᠤ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠬᠦᠴᠦᠨ᠎ᠲᠠᠢ ᠮᠥᠷᠲᠡᠭᠡᠨ ᠳᠠᠭ᠋ᠠᠭ᠋ᠠᠴᠢᠯᠠᠯᠲᠠ ᠬᠦᠯᠢᠶᠡᠬᠦ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠵᠢ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠤᠨ ᠬᠠᠭᠤᠯᠪᠤᠷᠢ ᠵᠢ ᠬᠠᠩᠭ᠋ᠠᠵᠤ ᠥᠭᠭᠦᠨ᠎ᠡ᠃
4. ᠤᠢ᠌ᠷ᠎ᠠ ᠵᠢᠨ ᠬᠠᠭ᠋ᠠᠰ ᠵᠢᠯ᠎ᠳᠤ ᠭᠤᠷᠪᠠᠨ ᠰᠠᠷ᠎ᠠ ᠳᠠᠷᠠᠭ᠋ᠠᠯᠠᠨ ᠨᠡᠢ᠌ᠭᠡᠮ᠎ᠤᠨ ᠪᠠᠲᠤᠯᠠᠭ᠎ᠠ ᠵᠢᠨ ᠪᠡᠯᠡ ᠮᠦᠩᠭᠦ ᠲᠤᠰᠢᠶᠠᠭᠰᠠᠨ ᠭᠡᠷᠡᠴᠢ ᠮᠠᠲᠸᠷᠢᠶᠠᠯ᠂ ᠪᠠᠷᠤᠭ ᠬᠠᠭ᠋ᠠᠰ ᠵᠢᠯ ᠳᠠᠷᠠᠭ᠋ᠠᠯᠠᠨ ᠭᠤᠷᠪᠠᠨ ᠰᠠᠷ᠎ᠠ ᠭᠠᠢ᠌ᠯᠢ ᠲᠤᠰᠢᠶᠠᠭᠰᠠᠨ ᠭᠡᠷᠡᠴᠢ ᠮᠠᠲᠸᠷᠢᠶᠠᠯ᠎ᠢ ᠬᠠᠩᠭ᠋ᠠᠨ᠎ᠠ᠃
5᠂ 2023 ᠪᠤᠶᠤ 2022 ᠣᠨ᠎ᠳᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ᠎ᠠᠴᠠ ᠭᠠᠷᠭ᠋ᠠᠵᠤ ᠥᠭᠭᠦᠭᠰᠡᠨ ᠬᠢᠨᠠᠨ ᠪᠤᠳᠤᠬᠤ ᠮᠡᠳᠡᠭᠦᠯᠦᠯᠲᠡ ᠪᠤᠶᠤ ᠺᠣᠮᠫᠠᠨᠢ ᠵᠢᠨ ᠦᠨᠳᠦᠰᠦᠨ ᠳᠠᠩᠰᠠᠨ ᠡᠷᠦᠬᠡ ᠪᠠᠶ᠋ᠢᠭᠤᠯᠤᠭᠰᠠᠨ ᠪᠠᠩᠬᠢ ᠵᠢᠨ ᠬᠢᠵᠦ ᠥᠭᠭᠦᠭᠰᠡᠨ ᠬᠢᠷᠢ ᠬᠡᠮ᠎ᠤᠨ ᠢᠲᠡᠭᠡᠮᠵᠢ ᠵᠢᠨ ᠭᠡᠷᠡᠴᠢ ᠬᠠᠩᠭ᠋ᠠᠨ᠎ᠠ᠃
6. 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 (ᠥᠪᠡᠷᠲᠡᠭᠡᠨ ᠵᠠᠰᠠᠬᠤ ᠣᠷᠣᠨ᠎ᠤ ᠲᠠᠰ) ᠵᠢᠨ ᠣᠷᠣᠯᠠᠬᠤ ᠪᠠᠶ᠋ᠢᠭᠤᠯᠤᠮᠵᠢ᠎ᠳᠤ ᠳᠡᠩᠰᠡᠯᠡᠵᠦ ᠬᠥᠮᠥᠷᠭᠡ᠎ᠳᠤ ᠣᠭᠲᠣᠯᠣᠭᠰᠠᠨ ᠵᠢᠷᠤᠭ᠎ᠢ ᠭᠡᠷᠡᠴᠢᠯᠡᠬᠦ ᠮᠠᠲ᠋ᠧᠷᠢᠶᠠᠯ᠎ᠢ ᠬᠠᠩᠭ᠋ᠠᠨ᠎ᠠ᠃
7. 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn ) ᠢᠲᠡᠭᠡᠮᠵᠢ ᠠᠯᠳᠠᠭᠰᠠᠨ ᠭᠦᠢ᠍ᠴᠡᠳᠬᠡᠭᠴᠢ ᠪᠠ ᠬᠦᠨᠳᠦ ᠶᠡᠭᠡ ᠭᠠᠶ᠋ᠢᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠎ᠤᠨ ᠲᠡᠮᠳᠡᠭᠯᠡᠯ᠎ᠢ ᠣᠭᠲᠣᠯᠣᠭᠰᠠᠨ ᠵᠢᠷᠤᠭ ᠵᠢᠴᠢ 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠰᠦᠯᠵᠢᠶ᠎ᠡ (www.ccgp.gov.cn ) ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠵᠢ ᠵᠥᠷᠢᠴᠡᠵᠦ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠤᠨ ᠣᠭᠲᠣᠯᠣᠭᠰᠠᠨ ᠵᠢᠷᠤᠭ᠎ᠢ ᠬᠠᠩᠭ᠋ᠠᠨ᠎ᠠ᠃
8. ᠳᠤᠮᠳᠠᠳᠤ ᠤᠯᠤᠰ᠎ᠤᠨ ᠲᠠᠰᠤᠯᠤᠨ ᠲᠣᠭᠲᠠᠭ᠋ᠠᠯᠲᠠ ᠵᠢᠨ ᠪᠢᠴᠢᠭ ᠬᠠᠷ᠎ᠠ ᠵᠢᠨ ᠰᠦᠯᠵᠢᠶᠡᠨ᠎ᠳᠤ ᠨᠡᠷ᠎ᠡ ᠮᠡᠳᠡᠭᠦᠯᠦᠭᠡᠳ ᠣᠶ᠋ᠢᠷ᠎ᠠ ᠵᠢᠨ ᠭᠤᠷᠪᠠᠨ ᠵᠢᠯ (2021 ᠣᠨ᠎ᠤ 1 ᠳ᠋ᠦ᠍ᠭᠡᠷ ᠰᠠᠷ᠎ᠠ ᠵᠢᠨ 1᠎ᠠᠴᠠ ᠤᠳᠤ ᠪᠣᠯᠲᠠᠯ᠎ᠠ) ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ᠎ᠢ ᠪᠠᠶ᠋ᠢᠴᠠᠭ᠋ᠠᠨ ᠠᠰᠠᠭᠤᠭᠰᠠᠨ ᠲᠡᠮᠳᠡᠭᠯᠡᠯ᠎ᠤᠨ ᠣᠭᠲᠣᠯᠣᠭᠰᠠᠨ ᠵᠢᠷᠤᠭ᠎ᠢ ᠣᠯᠤᠭᠰᠠᠨ ᠦᠭᠡᠢ᠃
ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ
ᠳᠡᠭᠡᠷ᠎ᠡ ᠳᠤᠷᠠᠳᠤᠭᠰᠠᠨ ᠨᠥᠬᠥᠴᠡᠯ᠎ᠳᠤ ᠨᠡᠶ᠋ᠢᠴᠡᠬᠦ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠬᠠᠮᠢᠶᠠᠷᠤᠯᠲᠠ ᠵᠢᠨ ᠲᠥᠪ᠎ᠲᠤ ᠨᠡᠷ᠎ᠡ ᠮᠡᠳᠡᠭᠦᠯᠦᠭᠰᠡᠨ ᠮᠠᠲ᠋ᠧᠷᠢᠶᠠᠯ ᠵᠶ᠋ᠠᠨ ᠲᠤᠰᠢᠶᠠᠵᠤ ᠪᠣᠯᠤᠨ᠎ᠠ᠃
ᠲᠠᠪᠤ᠂ ᠬᠠᠷᠢᠯᠴᠠᠬᠤ ᠠᠷᠭ᠎ᠠ ᠮᠠᠶᠢᠭ
ᠨᠢᠭᠡᠴᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠤᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠬᠠᠮᠢᠶᠠᠷᠤᠯᠲᠠ ᠵᠢᠨ ᠲᠥᠪ
ᠨᠡᠷ᠎ᠡ ᠮᠡᠳᠡᠭᠦᠯᠬᠦ ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠨᠨᠠᠭᠤᠷ ᠬᠤᠲᠠ ᠵᠢᠨ ᠳ᠋ᠧᠩᠺᠸᠦ ᠰᠢᠶᠠᠨ᠎ᠤ ᠪᠠᠶᠠᠨᠭᠤᠤᠯ ᠪᠠᠯᠭ᠋ᠠᠰᠤᠨ᠎ᠤ ᠪᠦᠯᠬᠦᠮᠳᠡᠯ ᠵᠠᠮ ᠬᠢᠭᠡᠳ ᠫᠢ ᠭ᠋ᠸ ᠵᠠᠮ᠎ᠤᠨ ᠠᠭᠤᠯᠵᠠᠷ᠎ᠤᠨ ᠪᠠᠷᠠᠭᠤᠨ ᠬᠤᠶ᠋ᠢᠲᠤ 60 ᠮᠸᠲᠷ᠃
ᠰᠢᠦᠳᠠᠨ ᠨᠣᠮᠧᠷ᠄ 015200
ᠬᠠᠷᠢᠯᠴᠠᠬᠤ ᠬᠥᠮᠦᠨ᠄ ᠵᠠᠩ ᠵᠢᠶᠠ ᠮᠢᠩ᠂ ᠯᠢᠦ ᠰᠢᠶᠤᠤ ᠵᠢᠶᠧ
ᠬᠠᠷᠢᠯᠴᠠᠬᠤ ᠤᠳᠠᠰᠦ᠄ 0478—4234647᠂ 15048814372᠂ 18504840862