ᠡᠯ᠎ᠡ ᠰᠢᠯᠭ᠋ᠠᠭᠤᠯᠤᠭᠴᠢ᠄
2024 ᠣᠨ᠎ᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠯᠪᠠᠲᠠᠨ᠎ᠢ ᠢᠯᠡ᠎ᠪᠠᠷ ᠰᠢᠯᠢᠨ ᠰᠣᠩᠭᠤᠬᠤ ᠠᠵᠢᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠡᠳᠦᠭᠡ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠬᠠᠮᠢᠶ᠎ᠠ ᠪᠥᠬᠦᠶ ᠠᠵᠢᠯ᠎ᠤᠨ ᠪᠠᠶ᠋ᠢᠷᠢ ᠵᠢᠨ ᠬᠢᠷᠢ ᠬᠡᠮ᠎ᠢ ᠳᠠᠬᠢᠨ ᠬᠢᠨᠠᠬᠤ ᠵᠢᠴᠢ ᠨᠢᠭᠤᠷᠲᠠᠨ ᠰᠢᠯᠭ᠋ᠠᠬᠤ ᠬᠤᠯᠪᠣᠭᠳᠠᠯ ᠪᠥᠬᠦᠶ ᠵᠦᠢ᠍ᠯᠡᠰ᠎ᠢ ᠮᠡᠳᠡᠭᠦᠯᠦᠨ ᠰᠢᠯᠭ᠋ᠠᠭᠤᠯᠬᠤ᠎ᠪᠠᠷ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠬᠢᠷᠢ ᠬᠡᠮ᠎ᠢ ᠳᠠᠬᠢᠨ ᠬᠢᠨᠠᠬᠤ
(ᠨᠢᠭᠡ) ᠬᠤᠭᠤᠴᠠᠭ᠎ᠠ
2024 ᠣᠨ᠎ᠤ 4 ᠳ᠋ᠦ᠍ᠭᠡᠷ ᠰᠠᠷ᠎ᠠ ᠵᠢᠨ 23᠎ᠤ ᠡᠳᠦᠷ᠎ᠤᠨ ᠦᠳᠡ ᠵᠢᠨ ᠡᠮᠦᠨ᠎ᠡ 9᠄ 00 —12᠄ 00
(ᠬᠤᠶᠠᠷ) ᠭᠠᠵᠠᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠶᠡᠷᠦᠩᠬᠡᠶ᠋ᠢᠯᠡᠭᠰᠡᠨ ᠠᠰᠠᠷ (ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠬᠥᠯᠥᠨ ᠡᠮᠦᠨ᠎ᠡ ᠵᠠᠮ᠎ᠤᠨ 119 ᠳ᠋ᠦ᠍ᠭᠡᠷ ᠲᠣᠭ᠋ᠠᠲᠤ) 2318 ᠬᠤᠷᠠᠯ᠎ᠤᠨ ᠬᠡᠷ᠂ ᠬᠢᠷᠢ ᠬᠡᠮ᠎ᠢ ᠳᠠᠬᠢᠨ ᠬᠢᠨᠠᠬᠤ ᠦᠶ᠎ᠡ᠎ᠳᠤ᠂ ᠣᠬᠤᠷ ᠴᠢᠮᠡᠭᠡ ᠵᠢᠨ ᠮᠡᠳᠡᠭᠳᠡᠯ ᠵᠶ᠋ᠠᠷ ᠨᠢᠭᠡᠳᠦᠭᠡᠷ ᠳᠠᠪᠬᠤᠷᠭ᠎ᠠ ᠵᠢᠨ ᠶᠡᠭᠡ ᠲᠢᠩᠬᠢᠮ᠎ᠳᠤ ᠱᠠᠭ᠋ᠠᠷᠳᠠᠯᠭ᠎ᠠ ᠶᠣᠰᠣᠭ᠋ᠠᠷ ᠳᠠᠩᠰᠠᠯᠠᠭᠤᠯᠤᠭ᠋ᠠᠷᠠᠢ᠃
(ᠭᠤᠷᠪᠠ) ᠬᠢᠨᠠᠨ ᠬᠠᠷᠭᠤᠭᠤᠯᠬᠤ ᠦᠶ᠎ᠡ ᠵᠢᠨ ᠬᠡᠷᠡᠭᠰᠡᠬᠦ ᠮᠠᠲᠸᠷᠢᠶᠠᠯ
1. ᠲᠤᠰ ᠬᠥᠮᠥᠨ᠎ᠤ ᠪᠡᠶ᠎ᠡ ᠵᠢᠨ ᠦᠨᠡᠮᠯᠡᠯ᠂ 《ᠰᠢᠯᠢᠨ ᠰᠣᠩᠭᠤᠵᠤ ᠨᠡᠷ᠎ᠡ ᠮᠡᠳᠡᠭᠦᠯᠬᠦ ᠬᠦᠰᠦᠨᠦᠭᠲᠦ》 ᠵᠢᠨ ᠤᠭ ᠮᠠᠲ᠋ᠧᠷᠢᠶᠠᠯ;
2. ᠰᠤᠷᠤᠯᠭ᠎ᠠ ᠵᠢᠨ ᠨᠠᠮᠲᠠᠷ᠂ ᠡᠷᠳᠡᠮ᠎ᠤᠨ ᠴᠣᠯᠠ ᠵᠢᠨ ᠦᠨᠡᠮᠯᠡᠯ᠎ᠤᠨ ᠤᠭ ᠮᠠᠲ᠋ᠧᠷᠢᠶᠠᠯ ᠪᠠ ᠪᠠᠭᠤᠯᠭ᠋ᠠᠪᠤᠷᠢ᠂ ᠰᠤᠷᠭ᠋ᠠᠨ ᠬᠥᠮᠥᠵᠢᠯ᠎ᠤᠨ ᠶᠠᠮᠤᠨ᠎ᠤ ᠡᠯᠸᠺᠲᠷᠣᠨ ᠰᠤᠷᠤᠯᠭ᠎ᠠ ᠵᠢᠨ ᠨᠠᠮᠲᠠᠷ᠎ᠢ ᠳᠠᠩᠰᠠᠯᠠᠭᠤᠯᠬᠤ ᠬᠦᠰᠦᠨᠦᠭᠲᠦ (ᠡᠯᠸᠺᠲᠷᠣᠨ ᠰᠤᠷᠤᠯᠭ᠎ᠠ ᠵᠢᠨ ᠨᠠᠮᠲᠠᠷ᠎ᠤᠨ ᠭᠡᠷᠡᠴᠢᠯᠡᠭᠡ ᠵᠢᠨ ᠮᠡᠳᠡᠭᠦᠯᠦᠯᠲᠡ);
3. 《ᠠᠯᠪᠠᠲᠠᠨ᠎ᠤ ᠪᠦᠷᠢᠳᠬᠡᠯ᠎ᠤᠨ ᠬᠦᠰᠦᠨᠦᠭᠲᠦ》᠂ 《ᠠᠯᠪᠠᠲᠠᠨ᠎ᠤ ᠬᠠᠤᠯᠢ ᠵᠢᠨ ᠬᠠᠮᠢᠶᠠᠷᠤᠯᠲᠠ ᠵᠢᠨ ᠪᠠᠶ᠋ᠢᠭᠤᠯᠭ᠎ᠠ (ᠨᠢᠭᠡᠴᠢ) ᠵᠢᠨ ᠠᠵᠢᠯᠲᠠᠨ᠎ᠤ ᠪᠦᠷᠢᠳᠬᠡᠯ᠎ᠤᠨ ᠬᠦᠰᠦᠨᠦᠭᠲᠦ》᠂ ᠲᠤᠰᠢᠶᠠᠯ ᠡᠭᠦᠷᠭᠡᠯᠡᠭᠰᠡᠨ ᠪᠢᠴᠢᠭ ᠮᠠᠲ᠋ᠧᠷᠢᠶᠠᠯ ᠵᠢᠴᠢ 《ᠠᠯᠪᠠᠲᠠᠨ ᠡᠯᠰᠡᠨ ᠬᠡᠷᠡᠭᠯᠡᠬᠦ ᠵᠢ ᠬᠢᠨᠠᠨ ᠵᠥᠪᠰᠢᠶᠡᠷᠡᠭᠰᠡᠨ ᠬᠦᠰᠦᠨᠦᠭᠲᠦ》 (ᠥᠪᠡᠷᠲᠡᠭᠡᠨ ᠵᠠᠰᠠᠬᠤ ᠣᠷᠣᠨ᠎ᠤ ᠳᠠᠷᠤᠮᠠᠯᠯᠠᠨ ᠲᠠᠷᠬᠠᠭ᠋ᠠᠭᠰᠠᠨ ᠠᠯᠪᠠᠲᠠᠨ ᠡᠯᠰᠡᠬᠦ ᠪᠢᠴᠢᠭ ᠮᠠᠲ᠋ᠧᠷᠢᠶᠠᠯ) ᠵᠡᠷᠭᠡ ᠠᠯᠪᠠᠲᠠᠨ᠎ᠤ ᠡᠩᠨᠡᠭᠡᠨ᠎ᠳᠤ ᠣᠷᠣᠬᠤ ᠬᠤᠯᠪᠣᠭᠳᠠᠯ ᠪᠥᠬᠦᠶ ᠮᠠᠲ᠋ᠧᠷᠢᠶᠠᠯ᠂ ᠪᠠᠶ᠋ᠢᠭ᠎ᠠ ᠪᠠᠶ᠋ᠢᠭᠤᠯᠭ᠎ᠠ ᠵᠢᠨ ᠪᠠᠶ᠋ᠢᠭᠤᠯᠤᠮᠵᠢ ᠵᠢᠨ ᠣᠷᠣᠨ ᠲᠤᠭ᠎ᠠ ᠵᠢᠨ ᠬᠠᠮᠢᠶᠠᠷᠤᠯᠲᠠ ᠵᠢᠨ ᠦᠨᠡᠮᠯᠡᠯ ᠵᠡᠷᠭᠡ ᠵᠢᠨ ᠪᠠᠭᠤᠯᠭ᠋ᠠᠪᠤᠷᠢ (ᠪᠠᠭᠤᠯᠭ᠋ᠠᠪᠤᠷᠢ᠎ᠨᠢ ᠵᠣᠬᠢᠶᠠᠨ ᠪᠠᠶ᠋ᠢᠭᠤᠯᠤᠯᠲᠠ ᠵᠢᠨ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠨ ᠲᠠᠮᠠᠭ᠎ᠠ ᠳᠠᠷᠤᠬᠤ ᠭᠡᠷᠡᠴᠢ᠎ᠲᠠᠢ ᠪᠠᠶ᠋ᠢᠬᠤ ᠬᠡᠷᠡᠭᠲᠡᠶ);
4. ᠣᠶ᠋ᠢᠷ᠎ᠠ ᠵᠢᠨ ᠬᠤᠭᠤᠴᠠᠭ᠋ᠠᠨ᠎ᠳᠤ ᠬᠥᠬᠡ ᠢᠷᠤᠭ᠋ᠠᠷ᠎ᠲᠠᠢ ᠮᠠᠯᠠᠭ᠋ᠠᠢ ᠦᠭᠡᠢ 2 ᠢᠮᠠᠬᠤ ᠰᠡᠭᠦᠳᠡᠷ 3 ᠨᠢᠭᠤᠷ ;
5. ᠠᠶ᠋ᠢᠮᠠᠭ ᠬᠣᠲᠠ ᠵᠢᠨ ᠨᠠᠮ ᠵᠠᠰᠠᠭ ᠣᠯᠠᠨ ᠲᠦᠮᠡᠨ᠎ᠤ ᠪᠠᠢ᠌ᠭᠤᠯᠭ᠎ᠠ ᠵᠢᠨ ᠠᠯᠪᠠᠲᠠᠨ (ᠠᠵᠢᠯᠲᠠᠨ) ᠬᠣᠶᠠᠷ ᠵᠢᠯ᠎ᠠᠴᠠ ᠳᠡᠭᠡᠭᠰᠢ ᠦᠨᠳᠦᠰᠦᠨ ᠱᠠᠲᠤᠨ᠎ᠳᠤ ᠠᠵᠢᠯᠯᠠᠭᠰᠠᠨ ᠥᠩᠭᠡᠷᠡᠯᠲᠡ ᠵᠢᠨ ᠭᠡᠷᠡᠴᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠃ (ᠦᠨᠳᠦᠰᠦᠨ ᠱᠠᠲᠤᠨ᠎ᠤ ᠨᠢᠭᠡᠴᠢ ᠵᠢᠨ ᠲᠠᠮᠠᠭ᠎ᠠ ᠳᠠᠷᠤᠭᠰᠠᠨ ᠭᠡᠷ᠎ᠡ᠂ ᠡᠯᠰᠡᠨ ᠬᠡᠷᠡᠭᠯᠡᠭᠰᠡᠨ ᠬᠦᠰᠦᠨᠦᠭᠲᠦ᠂ ᠺᠠᠳᠡᠷᠢ ᠲᠣᠮᠢᠯᠠᠬᠤ ᠪᠠ ᠪᠠᠭᠤᠯᠭ᠋ᠠᠬᠤ ᠵᠢᠨ ᠬᠢᠨᠠᠨ ᠵᠥᠪᠰᠢᠶᠡᠷᠡᠬᠦ ᠬᠦᠰᠦᠨᠦᠭᠲᠦ᠂ ᠠᠵᠢᠯ᠎ᠤᠨ ᠭᠡᠷᠡᠴᠢ ᠵᠡᠷᠭᠡ ᠵᠢ ᠲᠣᠭᠲᠠᠭ᠋ᠠᠬᠤ᠎ᠳᠤ᠂ ᠳᠡᠭᠡᠷᠡᠬᠢ ᠮᠠᠲ᠋ᠧᠷᠢᠶᠠᠯ᠎ᠢ ᠡᠷᠬᠡᠪᠰᠢ ᠵᠣᠬᠢᠶᠠᠨ ᠪᠠᠶ᠋ᠢᠭᠤᠯᠬᠤ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ ᠭᠠᠷᠤᠨ ᠦᠰᠦᠭ ᠵᠢᠷᠤᠭᠤᠯᠵᠤ᠂ ᠬᠠᠷᠢᠯᠴᠠᠬᠤ ᠤᠳᠠᠰᠦ ᠵᠢᠴᠢ ᠬᠠᠮᠢᠶ᠎ᠠ ᠪᠦᠬᠦᠢ ᠨᠢᠭᠡᠴᠢ ᠵᠢᠨ ᠲᠠᠮᠠᠭ᠎ᠠ ᠳᠠᠷᠤᠭᠤᠯᠵᠤ ᠨᠤᠲᠠᠯᠠᠭᠤᠯᠤᠨ᠎ᠠ)
※ ᠳᠡᠭᠡᠷᠡᠬᠢ ᠮᠠᠲ᠋ᠧᠷᠢᠶᠠᠯ᠎ᠢ A᠂ B ᠬᠤᠶᠠᠷ ᠢᠵᠢ ᠮᠠᠲ᠋ᠧᠷᠢᠶᠠᠯ᠎ᠤᠨ ᠠᠶ᠋ᠢᠮᠠᠭ ᠵᠶ᠋ᠠᠷ ᠠᠩᠭᠢᠯᠠᠪᠠᠯ᠄ A ᠲᠥᠷᠥᠯ᠎ᠨᠢ ᠤᠭ ᠪᠢᠴᠢᠭ ᠮᠠᠲᠸᠷᠢᠶᠠᠯ᠂ B ᠲᠥᠷᠥᠯ᠎ᠨᠢ ᠪᠠᠭᠤᠯᠭ᠋ᠠᠪᠤᠷᠢ ᠪᠢᠴᠢᠭ ᠮᠠᠲᠸᠷᠢᠶᠠᠯ ᠪᠠᠶ᠋ᠢᠵᠤ᠂ ᠳᠡᠭᠡᠷ᠎ᠡ ᠳᠤᠷᠠᠳᠤᠭᠰᠠᠨ ᠮᠠᠲ᠋ᠧᠷᠢᠶᠠᠯ᠎ᠤᠨ ᠳ᠋ᠤᠭ᠋ᠠᠷ᠎ᠤᠨ ᠳᠠᠷᠠᠭ᠋ᠠᠯᠠᠯ ᠵᠶ᠋ᠠᠷ ᠰᠠᠶ᠋ᠢᠲᠤᠷ ᠵᠢᠭᠰᠠᠭ᠋ᠠᠨ᠎ᠠ᠃
(ᠲᠦᠷᠪᠡ) ᠠᠰᠠᠭᠤᠨ ᠯᠠᠪᠯᠠᠬᠤ ᠤᠲᠠᠰᠤ
0471—52594 39᠂ 0471– 5259607
ᠬᠤᠶᠠᠷ᠂ ᠨᠢᠭᠤᠷᠳᠠᠨ ᠰᠢᠯᠭ᠋ᠠᠯᠲᠠ
ᠨᠢᠭᠤᠷᠳᠠᠨ ᠰᠢᠯᠭ᠋ᠠᠯᠲᠠ᠎ᠨᠢ ᠪᠦᠲᠦᠴᠡ ᠵᠢᠨ ᠨᠢᠭᠤᠷᠳᠠᠨ ᠰᠢᠯᠭ᠋ᠠᠬᠤ ᠬᠡᠯᠪᠡᠷᠢ ᠵᠢ ᠠᠪᠤᠨ᠎ᠠ᠃
(ᠨᠢᠭᠡ) ᠨᠢᠭᠤᠷᠳᠠᠨ ᠰᠢᠯᠭ᠋ᠠᠬᠤ ᠴᠠᠭ ᠵᠢᠴᠢ ᠭᠠᠵᠠᠷ
2024 ᠣᠨ᠎ᠤ 4 ᠳ᠋ᠦ᠍ᠭᠡᠷ ᠰᠠᠷ᠎ᠠ ᠵᠢᠨ 26᠎ᠤ ᠡᠳᠦᠷ᠂ ᠪᠣᠳᠠᠲᠠᠶ ᠴᠠᠭ ᠵᠢᠴᠢ ᠭᠠᠵᠠᠷ ᠣᠷᠣᠨ᠎ᠤ᠎ᠬᠢᠨ 《ᠨᠢᠭᠤᠷᠲᠠᠨ ᠰᠢᠯᠭ᠋ᠠᠬᠤ ᠵᠢᠨ ᠵᠥᠪᠰᠢᠶᠡᠷᠡᠯ᠎ᠤᠨ ᠦᠨᠡᠮᠯᠡᠯ》 (ᠬᠢᠷᠢ ᠬᠡᠮ᠎ᠢ ᠳᠠᠬᠢᠨ ᠬᠢᠨᠠᠬᠤ ᠦᠶ᠎ᠡ᠎ᠳᠤ ᠣᠯᠭᠤᠬᠤ) ᠵᠶ᠋ᠠᠷ ᠪᠠᠷᠢᠮᠵᠢᠶ᠎ᠠ ᠪᠣᠯᠭ᠋ᠠᠨ᠎ᠠ᠃
(ᠬᠤᠶᠠᠷ) ᠪᠤᠰᠤᠳ ᠵᠦᠢ᠍ᠯ
1. ᠨᠢᠭᠤᠷᠳᠠᠬᠤ ᠰᠢᠯᠭ᠋ᠠᠯᠲᠠ ᠵᠢᠨ ᠪᠣᠳᠠᠲᠠᠶ ᠱᠠᠭ᠋ᠠᠷᠳᠠᠯᠭ᠎ᠠ 《ᠨᠢᠭᠤᠷᠳᠠᠬᠤ ᠰᠢᠯᠭ᠋ᠠᠯᠲᠠ ᠵᠢᠨ ᠵᠥᠪᠰᠢᠶᠡᠷᠡᠯ᠎ᠤᠨ ᠦᠨᠡᠮᠯᠡᠯ》 ᠣᠯᠪᠠ᠃
2. ᠨᠢᠭᠤᠷᠲᠠᠨ ᠰᠢᠯᠭ᠋ᠠᠬᠤ ᠭᠤᠭᠴᠤᠭ᠎ᠠ᠎ᠳᠤ᠂ ᠪᠣᠳᠠᠲᠠᠶ ᠲᠤᠬᠠᠶ ᠵᠢᠨ ᠲᠠᠯᠠᠪᠤᠷ᠎ᠲᠤ ᠬᠦᠷᠴᠦ ᠰᠢᠯᠭ᠋ᠠᠯᠲᠠ᠎ᠳᠤ ᠣᠷᠣᠯᠴᠠᠬᠤ ᠬᠥᠮᠦᠨ᠎ᠤ ᠲᠤᠭ᠎ᠠ᠎ᠨᠢ ᠲᠣᠰ ᠲᠤᠰᠢᠶᠠᠯ᠎ᠤᠨ ᠪᠠᠶ᠋ᠢᠷᠢ ᠵᠢᠨ ᠡᠯᠰᠡᠨ ᠬᠡᠷᠡᠭᠯᠡᠬᠦ ᠬᠥᠮᠦᠨ᠎ᠤ ᠲᠤᠭ᠎ᠠ᠎ᠲᠠᠢ ᠲᠡᠩᠴᠡᠭᠦᠦ ᠪᠤᠶᠤ ᠴᠥᠭᠡᠨ ᠪᠠᠶ᠋ᠢᠪᠠᠯ᠂ ᠲᠣᠰ ᠠᠵᠢᠯ᠎ᠤᠨ ᠪᠠᠶ᠋ᠢᠷᠢ ᠵᠢᠨ ᠰᠢᠯᠭ᠋ᠠᠯᠲᠠ᠎ᠳᠤ ᠣᠷᠣᠯᠴᠠᠬᠤ ᠬᠥᠮᠦᠰ᠎ᠤᠨ ᠬᠢᠷᠢ ᠪᠦᠲᠦᠮᠵᠢ ᠵᠢ ᠡᠷᠬᠡᠪᠰᠢ ᠲᠡᠭᠦᠨ᠎ᠤ ᠪᠠᠶ᠋ᠢᠭ᠎ᠠ ᠰᠢᠯᠭ᠋ᠠᠯᠲᠠ ᠵᠢᠨ ᠲᠠᠯᠠᠪᠠᠶ (ᠠᠳᠠᠯᠢ ᠰᠢᠯᠭ᠋ᠠᠭᠴᠢ ᠵᠢᠨ ᠳᠤᠭᠤᠶ᠋ᠢᠯᠠᠩ) ᠵᠢᠨ ᠪᠣᠳᠠᠲᠠᠶ ᠰᠢᠯᠭ᠋ᠠᠯᠲᠠ᠎ᠳᠤ ᠣᠷᠣᠯᠴᠠᠬᠤ ᠬᠥᠮᠦᠰ᠎ᠤᠨ ᠳᠤᠮᠳᠠᠴᠢ ᠬᠢᠷᠢ ᠪᠦᠲᠦᠮᠵᠢ ᠵᠢ ᠰᠠᠶᠢ ᠰᠢᠯᠭ᠋ᠠᠨ ᠪᠠᠶ᠋ᠢᠴᠠᠭ᠋ᠠᠬᠤ ᠭᠤᠭᠴᠤᠭ᠎ᠠ᠎ᠳᠤ ᠣᠷᠣᠭᠤᠯᠵᠤ ᠪᠣᠯᠤᠨ᠎ᠠ᠃
3. ᠨᠢᠭᠤᠷᠳᠠᠨ ᠰᠢᠯᠭ᠋ᠠᠬᠤ ᠦᠶ᠎ᠡ᠎ᠳᠤ ᠠᠵᠢᠯ ᠲᠥᠷᠥᠯ ᠪᠤᠶᠤ ᠣᠨᠴᠠᠭ᠋ᠠᠢ ᠠᠵᠢᠯ ᠮᠡᠷᠭᠡᠵᠢᠯ᠎ᠤᠨ ᠳᠦᠷᠢᠮᠲᠦ ᠬᠤᠪᠴᠠᠰᠤ ᠡᠮᠦᠰᠴᠦ ᠪᠣᠯᠬᠤ ᠦᠭᠡᠢ᠂ ᠢᠯᠡ ᠲᠣᠳᠣ ᠣᠨᠴᠠᠭ᠋ᠠᠢ ᠲᠡᠮᠳᠡᠭ ᠵᠡᠭᠦᠵᠦ ᠪᠣᠯᠬᠤ ᠦᠭᠡᠢ᠃
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠲᠢᠩᠬᠢᠮ
2024 ᠣᠨ᠎ᠤ 4 ᠳ᠋ᠦ᠍ᠭᠡᠷ ᠰᠠᠷ᠎ᠠ ᠵᠢᠨ 17᠎ᠤ ᠡᠳᠦᠷ